ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ᠃ ᠪᠣᠭᠤᠲᠣ ᠬᠤᠲᠠ ᠶᠢᠨ ᠳ᠋ᠦᠩ ᠾᠧ ᠲᠣᠭᠤᠷᠢᠭ ᠤᠨ  ᠵᠠᠰᠠᠭ ᠠᠯᠪᠠᠨ ᠲᠠᠷᠬᠠᠭᠠᠭᠰᠠᠨ [ 2021 ] 48 ᠳ᠋ᠤᠭᠠᠷ ᠲᠣᠭᠠᠲᠤ᠃
ᠨᠡᠶᠢᠲᠡᠯᠡᠭᠰᠡᠨ ᠴᠠᠭ᠄
2021/10/22
     ᠳ᠋ᠦᠩ ᠾᠧ ᠲᠣᠭᠤᠷᠢᠭ ᠤᠨ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ᠃      ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠷᠢᠳ ᠢᠶᠠᠷ ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠂ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠯᠪᠠᠨ ᠬᠡᠷ ᠤᠨ ︽ᠬᠤᠲᠠ ᠰᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠦᠶ᠋ᠴᠡᠳᠬᠡᠯ ᠲᠤᠭ᠎ᠠ ᠶᠢᠨ ᠰᠢᠰᠲ᠋ᠧᠮᠵᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ︽ᠪᠤᠭᠤᠲᠤ ᠬᠤᠲᠠ ᠶᠢᠨ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢᠨ ᠵᠣᠷᠢᠭ ᠰᠠᠨᠠᠭ᠎ᠠ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠨ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠶ ᠲᠠᠯ᠎ᠠ ᠪᠠ ᠭᠤᠤᠯᠳᠠᠯᠭ᠎ᠠ ᠲᠠᠢ ᠬᠦᠴᠢᠷᠳᠡᠯ ᠢ ᠰᠢᠶ᠋ᠳᠪᠦᠷᠢᠯᠡᠬᠦ ᠪᠠᠷ ᠠᠬᠢᠭᠤᠯᠤᠯ ᠪᠣᠯᠭᠠᠨ᠎ᠠ᠂ ᠳᠤᠲᠠᠭᠳᠠᠯ ᠢᠶᠠᠨ ᠨᠥᠬᠦᠵᠦ ᠬᠦᠴᠢᠷ ᠢ ᠲᠤᠭᠤᠯᠬᠤ᠂ ᠭᠤᠣᠯᠳᠠᠯᠭ᠎ᠠ ᠲᠠᠢ ᠠᠬᠢᠭᠤᠯᠬᠤ᠂ ᠵᠢᠷᠤᠮᠵᠢᠭᠤᠯᠤᠨ ᠪᠠᠶᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠤᠨ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠤᠨ᠎ᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨ᠎ᠡ ᠡᠬᠢᠯᠡᠯᠲᠡ ᠶᠢ ᠴᠢᠷᠮᠠᠶᠢᠨ ᠪᠡᠶᠡᠯᠡᠭᠦᠯᠦᠶ᠎ᠡ᠃      ᠨᠢᠭᠡ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃      1 . ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠬᠤᠷᠢᠭ᠎ᠠ ᠴᠠᠭᠠᠵᠠ ᠲᠠᠢ ᠵᠦᠶ᠋ᠯᠡᠰ ᠤᠨ ᠨᠠᠷᠢᠨ ᠬᠠᠭᠤᠳᠠᠰᠤ ᠶᠢᠨ ᠨᠢᠭᠡᠳᠦᠯᠲᠡᠶ ᠲᠦᠷᠢᠮ ᠢ ᠬᠡᠷᠡᠭᠵᠢᠭᠦᠯᠦᠨ᠎ᠡ᠃ ᠣᠷᠣᠨ ᠤ ᠲᠠᠰ ᠤᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠬᠤᠷᠢᠭ᠎ᠠ ᠴᠠᠭᠠᠵᠠ ᠲᠠᠢ ᠵᠦᠶ᠋ᠯᠡᠰ ᠤᠨ ᠨᠠᠷᠢᠨ ᠲᠠᠩᠰᠠ ᠶᠢᠨ ᠲᠦᠷᠢᠮ ᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠥᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠭᠠᠯ ᠳᠤ ᠨᠡᠶᠢᠴᠡᠬᠦ ᠦᠭᠡᠶ ᠵᠥᠪᠰᠢᠶᠡᠷᠡᠨ ᠣᠷᠣᠭᠤᠯᠬᠤ ᠠᠷᠭ᠎ᠠ ᠬᠡᠮᠵᠢᠶ᠎ᠡ ᠳᠤ ︽ᠭᠤᠷᠪᠠ ᠶᠢ ᠪᠦᠬᠦ ᠲᠠᠯ᠎ᠠ ᠪᠠᠷ ᠢᠯᠭᠠᠷᠠᠭᠤᠯᠬᠤ ︾ ᠠᠵᠢᠯ ᠥᠷᠨᠢᠭᠦᠯᠵᠦ᠂ ᠨᠠᠷᠢᠨ ᠬᠠᠭᠤᠳᠠᠰᠤ ᠠᠴᠠ ᠪᠤᠰᠤᠳ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠥᠪᠰᠢᠶᠡᠷᠡᠨ ᠣᠷᠣᠭᠤᠯᠬᠤ ᠵᠥᠪᠰᠢᠶᠡᠷᠡᠯ᠂ ᠵᠥᠪᠰᠢᠶᠡᠷᠡᠨ ᠣᠷᠣᠭᠤᠯᠬᠤ ᠭᠤᠭᠴᠤᠭ᠎ᠠ ᠳᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠳᠠᠯᠳᠠ ᠬᠤᠷᠢᠭ᠎ᠠ᠂ ᠨᠠᠷᠢᠨ ᠬᠠᠭᠤᠳᠠᠰᠤ ᠠᠴᠠ ᠪᠤᠰᠤᠳ ᠲᠣᠭᠲᠠᠭᠠᠯ ᠠᠴᠠ ᠵᠥᠷᠢᠴᠡᠨ ᠲᠣᠭᠲᠠᠭᠠᠭᠰᠠᠨ ᠪᠤᠰᠤᠳ ᠬᠡᠯᠪᠡᠷᠢ ᠶᠢᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠪᠦᠬᠦ ᠲᠠᠯ᠎ᠠ ᠪᠠᠷ ᠢᠯᠭᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      2 . ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠵᠦᠶ᠋ᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠤᠨ ᠨᠠᠷᠢᠨ ᠬᠠᠭᠤᠳᠠᠰᠤ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠶ᠋ᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠤ ᠪᠦᠷᠢᠳᠬᠡᠨ ᠳᠠᠩᠰᠠᠯᠠᠬᠤ ᠵᠦᠶ᠋ᠯᠡᠰ ᠤᠨ ᠨᠠᠷᠢᠨ ᠬᠠᠭᠤᠳᠠᠰᠤ᠂ ᠭᠡᠷᠡᠴᠢᠯᠡᠬᠦ ᠵᠦᠶ᠋ᠯᠡᠰ ᠤᠨ ᠨᠠᠷᠢᠨ ᠬᠠᠭᠤᠳᠠᠰᠤ᠂ ᠳᠤᠲᠠᠭᠳᠠᠯ ᠢ ᠨᠢ ᠭᠥᠯᠢᠶᠡᠨ ᠠᠪᠴᠤ ᠰᠢᠶ᠋ᠳᠪᠦᠷᠢᠯᠡᠬᠦ ᠵᠦᠶ᠋ᠯᠡᠰ ᠤᠨ ᠨᠠᠷᠢᠨ ᠬᠠᠭᠤᠳᠠᠰᠤ᠂ ᠥᠪᠡᠰᠦᠪᠡᠨ ᠦᠶ᠋ᠯᠡᠴᠢᠯᠡᠬᠦ ᠵᠦᠶ᠋ᠯᠡᠰ ᠤᠨ ᠨᠠᠷᠢᠨ ᠬᠠᠭᠤᠳᠠᠰᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶ᠋ᠳᠪᠦᠷᠢᠯᠡᠬᠦ︾ ᠵᠦᠶ᠋ᠯᠡᠰ ᠤᠨ ᠨᠠᠷᠢᠨ ᠬᠠᠭᠤᠳᠠᠰᠤ᠂ ︽ᠥᠯᠥ ᠭᠦᠶᠦᠬᠦ︾ ᠵᠦᠶ᠋ᠯᠡᠰ ᠤᠨ ᠨᠠᠷᠢᠨ ᠬᠠᠭᠤᠳᠠᠰᠤ᠂ ︽ᠳᠠᠷᠦ᠋ᠢᠬᠠᠨ ᠭᠦᠶ᠋ᠴᠡᠳᠬᠡᠬᠦ᠂ ᠰᠦᠯᠵᠢᠶᠡᠨ ᠳᠡᠭᠡᠷ᠎ᠡ ᠭᠦᠶ᠋ᠴᠡᠳᠬᠡᠬᠦ᠂ ᠨᠢᠭᠡ ᠤᠳᠠᠭ᠎ᠠ ᠳᠤ ᠭᠦᠶ᠋ᠴᠡᠳᠬᠡᠬᠦ᠂ ᠣᠶᠢᠷ᠎ᠠ ᠬᠠᠪᠢ ᠳᠤ ᠪᠠᠨ ᠭᠦᠶ᠋ᠴᠡᠳᠬᠡᠬᠦ︾ ᠵᠦᠶ᠋ᠯᠡᠰ ᠤᠨ ᠨᠠᠷᠢᠨ ᠬᠠᠭᠤᠳᠠᠰᠤ ᠪᠠ ᠣᠷᠣᠯᠠᠨ ᠭᠦᠶ᠋ᠴᠡᠳᠬᠡᠵᠦ ᠬᠠᠪᠰᠤᠷᠤᠨ ᠭᠦᠶ᠋ᠴᠡᠳᠬᠡᠬᠦ ᠵᠦᠶ᠋ᠯᠡᠰ ᠤᠨ ᠨᠠᠷᠢᠨ ᠬᠠᠭᠤᠳᠠᠰᠤ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠨᠠᠷᠢᠨ ᠬᠠᠭᠤᠳᠠᠰᠤ ᠶᠢᠨ ᠬᠠᠮᠤᠭ ᠤᠨ ᠲᠥᠬᠦᠮ ᠬᠠᠮᠤᠭ ᠤᠨ ᠰᠢᠯᠢᠳᠡᠭ ᠪᠠᠶᠢᠬᠤ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠳᠠᠪᠬᠤᠷᠳᠠᠭᠰᠠᠨ᠂ ᠬᠠᠤᠯᠢ ᠴᠠᠭᠠᠵᠠ ᠶᠢᠨ ᠦᠨᠳᠦᠰᠦᠯᠡᠯ ᠦᠭᠡᠶ᠂ ᠡᠷᠬᠡ ᠲᠤᠰᠢᠶᠠᠯ ᠠᠴᠠ ᠪᠠᠨ ᠬᠡᠲᠦᠷᠡᠭᠦᠯᠦᠨ ᠲᠣᠬᠢᠷᠠᠭᠤᠯᠤᠭᠰᠠᠨ ᠵᠢᠴᠢ ᠬᠡᠯᠪᠡᠷᠢ ᠶᠢ ᠨᠢ ᠥᠭᠡᠷᠡᠲᠦᠭᠦᠯᠦᠨ ᠲᠣᠬᠢᠷᠠᠭᠤᠯᠤᠭᠰᠠᠨ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠵᠦᠢᠯᠡᠰ ᠢ ᠪᠦᠬᠦ ᠲᠠᠯ᠎ᠠ ᠪᠠᠷ ᠢᠯᠭᠠᠷᠠᠭᠤᠯᠤᠨ᠎ᠠ᠃ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      3 . ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ᠵᠠᠭᠤᠴᠢ ᠦᠢᠯᠡᠴᠢᠯᠡᠭᠡᠨ ᠢ ᠵᠢᠷᠤᠮᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠭᠡᠷᠡᠴᠢᠯᠡᠬᠦ᠂ ᠦᠨᠡᠯᠡᠨ ᠵᠢᠱᠢᠬᠦ᠂ ᠰᠢᠯᠭᠠᠨ ᠪᠠᠶᠢᠴᠠᠭᠠᠬᠤ᠂ ᠪᠠᠶᠢᠴᠠᠭᠠᠨ ᠰᠢᠨᠵᠢᠬᠦ ᠵᠡᠷᠭᠡ ᠵᠠᠭᠤᠴᠢ ᠦᠶ᠋ᠯᠡᠴᠢᠯᠡᠭᠡᠨ ᠢ ᠦᠷᠭᠦᠯᠵᠢᠯᠡᠨ ᠢᠯᠭᠠᠷᠠᠭᠤᠯᠤᠨ ᠵᠢᠷᠤᠮᠵᠢᠭᠤᠯᠵᠤ᠂ ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠶ᠋ᠯᠡᠴᠢᠯᠡᠭᠡᠨ ᠤ ᠵᠦᠶ᠋ᠯᠡᠰ ᠲᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠢᠯᠡ ᠪᠠᠷ ᠠᠮᠠᠯᠳᠠᠬᠤ᠂ ᠠᠵᠢᠯ ᠡᠷᠬᠢᠯᠡᠬᠦ ᠶᠢ ᠢᠯᠡ ᠨᠡᠶᠢᠲᠡᠯᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ᠂ ᠭᠡᠷ᠎ᠡ ᠶᠢᠨ ᠬᠠᠮᠢᠶᠠᠷᠤᠯᠲᠠ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ᠂ ᠠᠵᠢᠯ ᠡᠷᠬᠢᠯᠡᠭᠰᠡᠨ ᠲᠡᠮᠳᠡᠭᠯᠡᠯ ᠪᠠ ᠢᠯᠭᠠᠷᠠᠭᠤᠯᠤᠨ ᠪᠤᠴᠠᠭᠠᠵᠤ ᠰᠢᠭᠰᠢᠭᠳᠡᠭᠦᠯᠬᠦ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠮᠦᠨ᠂ ᠡᠳ᠂ ᠪᠣᠳᠠᠰ ᠢ ᠵᠠᠰᠠᠭ ᠤᠨ ᠣᠷᠳᠣᠨ ᠠᠴᠠ ᠰᠠᠯᠭᠠᠬᠤ ᠠᠵᠢᠯ ᠢ ᠪᠡᠶᠡᠯᠡᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      4 . ᠠᠵᠤ ᠠᠬᠤᠶᠢᠯᠠᠯ ᠳᠤ ᠬᠤᠯᠪᠣᠭᠳᠠᠭᠰᠠᠨ ᠰᠦᠶ᠋ᠳᠬᠡᠯ ᠬᠤᠷᠢᠶᠠᠬᠤ ᠦᠶ᠋ᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠠᠪᠤᠳᠠᠯ ᠢ ᠰᠢᠯᠤᠭᠤᠳᠬᠠᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠦᠨ᠎ᠡ ᠶᠢᠨ ᠭᠠᠷᠴᠠᠭ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠶᠢᠯᠢ ᠬᠠᠰᠤᠵᠤ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠦᠢᠯᠡᠰ ᠤᠨ ᠨᠢᠭᠡᠴᠡ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠶ᠋ᠳᠬᠡᠯ ᠬᠤᠷᠢᠶᠠᠬᠤ ᠦᠶ᠋ᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠨᠠᠷᠢᠨ ᠬᠠᠭᠤᠳᠠᠰᠤ ᠪᠠ ᠳᠤᠷ᠎ᠠ ᠪᠠᠷ ᠢᠶᠠᠨ ᠰᠦᠶ᠋ᠳᠬᠡᠯ ᠬᠤᠷᠢᠶᠠᠬᠤ ᠶᠢᠨ ᠢᠯᠡᠴᠢᠯᠡᠨ ᠮᠡᠳᠡᠭᠦᠯᠵᠦ ᠵᠠᠭᠠᠯᠳᠤᠬᠤ ᠰᠢᠶ᠋ᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠶ᠋ᠯᠡᠳᠪᠦᠷᠢ ᠶᠢᠨ ᠰᠠᠯᠠᠭ᠎ᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      5 . ᠭᠤᠣᠯᠴᠢ ᠪᠠᠷ ᠦᠷᠢᠰᠦᠯᠳᠦᠬᠦ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠦᠯᠡᠳᠡᠭᠡᠯ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠮᠬᠢ ᠵᠢᠷᠤᠮ ᠲᠠᠢ ᠪᠠᠷ ᠬᠦᠴᠦᠨ ᠥᠬᠡᠶ ᠪᠣᠯᠭᠠᠨ᠎ᠠ᠃ ᠵᠠᠰᠠᠭ ᠠᠵᠤ ᠠᠬᠤᠶᠢᠯᠠᠯ ᠨᠡᠪᠲᠡᠷᠡᠯᠴᠡᠵᠦ ᠬᠠᠷᠢᠯᠴᠠᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢ ᠶᠣᠰᠣᠴᠢ ᠴᠢᠨᠠᠷ ᠪᠠ ᠭᠤᠤᠯᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠷᠢᠰᠥᠯᠳᠦᠭᠡᠨ ᠳᠤ ᠣᠷᠣᠯᠴᠠᠬᠤ ᠶᠢ ᠠᠷᠢᠯᠭᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ ᠪᠣᠯᠬᠤ ᠥᠬᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      6 . ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠ ᠳᠤ ᠬᠤᠯᠪᠣᠭᠳᠠᠬᠤ ᠡᠳᠦᠷ ᠲᠤᠲᠤᠮ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠣᠳᠣ ᠶᠢᠨ ᠪᠠᠢᠭ᠎ᠠ ᠠᠵᠤ ᠠᠬᠤᠶᠢᠯᠠ ᠳᠤ ᠬᠤᠯᠪᠣᠭᠳᠠᠬᠤ ᠲᠤᠬᠠᠶ ᠶᠢᠨ ᠲᠠᠯᠠᠪᠠᠢ ᠶᠢᠨ ᠪᠠᠶᠢᠴᠠᠭᠠᠯᠲᠠ ᠶᠢᠨ ᠵᠦᠶ᠋ᠯᠡᠰ ᠢ ᠪᠥᠬᠦ ᠲᠠᠯ᠎ᠠ ᠪᠠᠷ ᠡᠮᠬᠢᠯᠡᠵᠦ᠂ ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠵᠦ ᠪᠠᠶᠢᠴᠠᠭᠠᠬᠤ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠪᠣᠯᠭᠤᠮᠵᠢᠲᠠᠶ ᠬᠢᠨᠠᠨ ᠬᠠᠮᠢᠶᠠᠷᠴᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢ ᠪᠣᠯᠭᠤᠮᠵᠢᠲᠠᠶ ᠬᠡᠷᠡᠭᠵᠢᠭᠦᠯᠦᠨ᠎ᠡ᠃ ᠤᠶᠠᠨ ᠴᠢᠨᠠᠷᠲᠠᠶ ᠪᠠᠷ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠵᠥᠷᠢᠴᠡᠭᠰᠡᠨ ᠬᠥᠩᠭᠡᠪᠲᠦᠷ ᠦᠶ᠋ᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠶ᠋ᠳᠬᠡᠯ ᠥᠭᠬᠦ ᠥᠬᠡᠶ᠂ ᠡᠩ ᠤᠨ ᠬᠠᠤᠯᠢ ᠵᠥᠷᠢᠴᠡᠭᠰᠡᠨ ᠦᠶ᠋ᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠶ᠋ᠳᠬᠡᠯ ᠤᠨ ᠨᠠᠷᠢᠨ ᠬᠠᠭᠤᠳᠠᠰᠤ ᠶᠢ ᠬᠥᠩᠭᠡᠨ ᠢᠶᠠᠷ ᠬᠥᠩᠭᠡᠷᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      7 . ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠥᠪᠡᠰᠦᠪᠡᠨ ᠭᠦᠢᠴᠡᠳᠬᠡᠬᠦ︾ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢᠨ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠪᠠ ᠭᠦᠢᠴᠡᠳᠬᠡᠵᠦ ᠪᠣᠯᠬᠤ ᠵᠦᠢᠯᠡᠰ ᠤᠨ ᠬᠠᠮᠤᠷᠬᠤ ᠨᠣᠷᠮ᠎ᠠ ᠶᠢ ᠲᠠᠰᠤᠷᠠᠯᠲᠠ ᠤᠢᠭᠡᠢ ᠥᠷᠭᠡᠳᠬᠡᠬᠦ ᠬᠡᠷᠡᠭᠲᠡᠶ ᠃ 100 ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠰᠢᠶ᠋ᠳᠪᠦᠷᠢᠯᠡᠬᠦ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠶ᠋ᠯᠡᠴᠢᠯᠡᠭᠡ ᠬᠢᠵᠦ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠥᠨᠳᠥᠷ ᠳᠠᠪᠲᠠᠮᠵᠢᠲᠤ ᠵᠦᠶ᠋ᠯᠡᠰ ᠤᠨ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢ ᠦᠨᠳᠦᠰᠦᠨ ᠳᠡᠭᠡᠨ ᠪᠡᠶᠡᠯᠡᠭᠦᠯᠪᠡ᠃ ᠬᠢᠨᠠᠨ ᠵᠥᠪᠰᠢᠶᠡᠷᠡᠬᠦ ᠦᠶ᠋ᠯᠡᠴᠢᠯᠡᠭᠡ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ ᠶᠢ ᠭᠦᠨᠵᠡᠭᠡᠶ ᠠᠬᠢᠭᠤᠯᠵᠤ᠂ 24 ᠴᠠᠭ ᠤᠨ ᠥᠪᠡᠰᠦᠪᠡᠨ ᠦᠶ᠋ᠯᠡᠴᠢᠯᠡᠬᠦ ᠴᠢᠳᠠᠮᠵᠢ ᠶᠢ ᠥᠷᠭᠡᠳᠬᠡᠨ᠎ᠡ᠃ ᠠᠩᠬ᠎ᠠ ᠠᠰᠠᠭᠤᠭᠰᠠᠨ ᠨᠢ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶ᠋ᠳᠪᠦᠷᠢᠯᠡᠬᠦ᠂ ᠥᠪᠡᠰᠦᠪᠡᠨ ᠭᠦᠶ᠋ᠴᠡᠳᠬᠡᠬᠦ᠂ ᠨᠡᠶᠢᠯᠡᠭᠦᠯᠦᠨ ᠬᠠᠮᠲᠤᠷᠠᠭᠤᠯᠵᠤ ᠬᠢᠨᠠᠨ ᠵᠥᠪᠰᠢᠶᠡᠷᠡᠬᠦ ᠵᠡᠷᠭᠡ ᠲᠦᠷᠢᠮ ᠢ ᠲᠡᠭᠦᠯᠳᠡᠷᠵᠢᠭᠦᠯᠵᠦ᠂ ᠳᠤᠲᠠᠭᠳᠠᠯ ᠢ ᠨᠢ ᠠᠭᠤᠴᠢᠯᠠᠨ ᠭᠥᠯᠢᠶᠡᠨ ᠠᠪᠴᠤ ᠰᠢᠶ᠋ᠳᠪᠦᠷᠢᠯᠡᠬᠦ ᠶᠢ ᠲᠦᠷᠭᠡᠳᠬᠡᠨ ᠬᠡᠷᠡᠭᠵᠢᠭᠦᠯᠦᠨ᠎ᠡ᠃ ︽ᠰᠠᠶᠢᠨ ᠮᠠᠭᠤ ᠦᠨᠡᠯᠡᠯᠲᠡ︾ ᠶᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠨᠠᠶ ᠦᠨᠡᠯᠡᠯᠲᠡ ᠶᠢ ᠳᠠᠬᠢᠨ ᠬᠢᠨᠠᠬᠤ ᠪᠠ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠭᠦᠶ᠋ᠴᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      8 . ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠢᠨᠠᠨ ᠰᠢᠨᠵᠢᠵᠦ ᠵᠠᠰᠠᠬᠤ ᠰᠢᠰᠲ᠋ᠧᠮᠵᠢ ᠪᠠ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ ᠲᠠᠯᠪᠢᠯᠲᠠ + ᠢᠲᠡᠭᠡᠮᠵᠢ ᠠᠯᠳᠠᠭᠰᠠᠨ ᠬᠠᠷᠢᠭᠤᠴᠠᠯᠭ᠎ᠠ ᠬᠡᠯᠡᠯᠴᠡᠬᠦ︾ ᠲᠣᠭᠲᠠᠴᠠ ᠶᠢ ᠪᠦᠷᠢᠨᠰᠢᠭᠦᠯᠦᠨ᠎ᠡ᠃ ︽ᠲᠥᠷᠥ ᠶᠢᠨ ᠪᠣᠳᠣᠯᠭ᠎ᠠ ᠶᠢᠨ ᠤᠬᠠᠭᠤᠯᠤᠯ ᠤᠨ ᠪᠠᠶᠢᠴᠠᠭᠠᠨ ᠯᠠᠪᠯᠠᠵᠤ ᠪᠣᠳᠠᠲᠠᠶᠢᠵᠢᠭᠤᠯᠬᠤ︾ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠬᠡᠪᠰᠢᠭᠰᠡᠨ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠥᠷᠢᠲᠦᠬᠦ ᠦᠶ᠋ᠯᠡ ᠠᠵᠢᠯᠯᠠᠭ᠎ᠠ ᠶᠢ ᠬᠢᠵᠠᠭᠠᠷᠯᠠᠵᠤ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠣᠷᠣᠭᠤᠯᠵᠤ ᠢᠷᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠤᠷᠰᠢᠯᠴᠠᠭ᠎ᠠ ᠳᠤ ᠬᠠᠤᠯᠢ ᠶᠣᠰᠣᠴᠢ ᠴᠢᠨᠠᠷ ᠤᠨ ᠤᠷᠢᠳᠠᠴᠢ ᠬᠢᠨᠠᠨ ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠲᠣᠭᠲᠠᠭᠠᠯ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ ᠴᠢᠩᠭ᠎ᠠ ᠭᠦᠢᠴᠡᠳᠬᠡᠵᠦ᠂ ᠭᠡᠷ᠎ᠡ ᠶᠢᠨ ᠡᠭᠦᠷᠭᠡ ᠶᠢ ᠦᠨᠡᠨᠬᠦ ᠭᠦᠢᠴᠡᠳᠬᠡᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      ᠬᠤᠶᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ       9 . ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠢ ᠴᠢᠩᠳᠠᠯᠠᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠳᠤ ᠣᠷᠣᠯᠴᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠲᠤᠰᠬᠠᠶ ᠮᠡᠷᠭᠡᠵᠢᠯᠲᠡᠨ ᠤ ᠦᠨᠡᠯᠡᠨ ᠵᠢᠱᠢᠵᠦ ᠨᠤᠲᠠᠯᠠᠬᠤ᠂ ᠢᠯᠡ ᠪᠠᠷ ᠰᠠᠨᠠᠯ ᠬᠤᠷᠢᠶᠠᠬᠤ ᠪᠠ ᠣᠯᠠᠨ ᠨᠡᠶᠢᠲᠡ ᠶᠢᠨ ᠰᠠᠨᠠᠯ ᠢ ᠭᠥᠯᠢᠶᠡᠨ ᠠᠪᠤᠭᠰᠠᠨ ᠪᠠᠶᠢᠳᠠᠯ ᠢ ᠬᠠᠷᠢᠭᠤ ᠲᠤᠰᠬᠠᠬᠤ ᠵᠡᠷᠭᠡ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠳᠠᠷᠠᠭᠠᠬᠢ ᠦᠨᠡᠯᠡᠨ ᠵᠢᠱᠢᠬᠦ ᠲᠦᠷᠢᠮ ᠢ ᠨᠠᠶᠢᠳᠠᠪᠤᠷᠢᠵᠢᠭᠤᠯᠵᠤ᠂ ᠲᠣᠭᠲᠠᠭᠠᠬᠤ ᠪᠠᠶᠢᠭᠤᠯᠤᠯᠭ᠎ᠠ ᠪᠤᠶᠤ ᠬᠡᠷᠡᠭᠵᠢᠭᠦᠯᠬᠦ ᠰᠠᠯᠠᠭ᠎ᠠ ᠮᠥᠴᠢᠷ ᠨᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠳᠠᠭᠤᠰᠬᠤ ᠠᠴᠠ 6 ᠰᠠᠷ᠎ᠠ ᠶᠢᠨ ᠡᠮᠦᠨ᠎ᠡ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠰᠠᠨᠠᠯ ᠢ ᠵᠠᠰᠠᠪᠤᠷᠢ ᠣᠷᠣᠭᠤᠯᠬᠤ ᠪᠤᠶᠤ ᠬᠦᠴᠦᠨ ᠥᠬᠡᠶ ᠪᠣᠯᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶᠃      10 . ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠰᠠᠨᠠᠭᠤᠯᠭ᠎ᠠ ᠳᠤᠷᠠᠳᠬᠤ ᠲᠦᠷᠢᠮ ᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠥᠳᠡᠯᠦᠩᠭᠦᠶ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠢᠯᠭᠠᠷᠠᠭᠤᠯᠤᠨ ᠳᠢᠭᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠦᠨ᠂ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠡᠶᠢᠭᠡᠮ ᠨᠡᠶᠢᠲᠡ ᠳᠤ ᠨᠡᠶᠢᠲᠡᠯᠡᠨ᠎ᠡ᠃ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠳᠡᠭᠡᠷ᠎ᠡ ᠨᠢᠭᠡᠳᠦᠯᠲᠡᠶ ᠢᠯᠡ ᠨᠡᠶᠢᠲᠡᠯᠡᠬᠦ ᠶᠢ ᠢᠳᠡᠪᠬᠢᠲᠡᠶ ᠠᠬᠢᠭᠤᠯᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠦᠬᠦᠨ ᠢ ᠨᠢᠭᠡᠳᠦᠯᠲᠡᠶ ᠢᠯᠡ ᠪᠣᠯᠭᠠᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      ᠭᠤᠷᠪᠠ᠂ ᠰᠢᠨᠵᠢᠯᠡᠬᠦ ᠤᠬᠠᠭᠠᠨᠴᠢ ᠠᠷᠠᠳᠴᠢᠯᠠᠯ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠴᠢᠩᠭᠠᠳᠬᠠᠨ᠎ᠠ᠃      11 . ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢ ᠢᠯᠡ ᠪᠣᠯᠭᠠᠬᠤ᠂ ᠢᠯᠡ ᠪᠠᠷ ᠰᠠᠨᠠᠯ ᠬᠤᠷᠢᠶᠠᠬᠤ ᠪᠠ ᠣᠯᠠᠨ ᠨᠡᠶᠢᠲᠡ ᠶᠢᠨ ᠰᠠᠨᠠᠯ ᠢ ᠬᠦᠯᠢᠶᠡᠨ ᠠᠪᠤᠭᠰᠠᠨ ᠪᠠᠶᠢᠳᠠᠯ ᠢ ᠬᠠᠷᠢᠭᠤ ᠲᠤᠰᠬᠠᠬᠤ᠂ ᠲᠤᠰᠬᠠᠶ ᠮᠡᠷᠭᠡᠵᠢᠯᠲᠡᠨ ᠠᠴᠠ ᠨᠤᠲᠠᠯᠠᠯᠲᠠ ᠬᠢᠵᠦ ᠯᠠᠪᠯᠠᠯᠭ᠎ᠠ ᠥᠭᠬᠦ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ ᠪᠦᠬᠦ ᠶᠠᠪᠤᠴᠠ ᠶᠢ ᠲᠡᠮᠳᠡᠭᠯᠡᠬᠦ ᠪᠠ ᠳᠠᠩᠰᠠ ᠡᠪᠬᠡᠮᠡᠯ ᠢ ᠬᠠᠮᠢᠶᠠᠷᠬᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠠᠴᠠ ᠮᠥᠷᠳᠡᠨ ᠬᠠᠷᠢᠭᠤ ᠲᠤᠰᠬᠠᠬᠤ ᠵᠢᠴᠢ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠶᠢ ᠲᠣᠩᠭᠤᠷᠠᠭᠤᠯᠬᠤ ᠵᠡᠷᠭᠡ ᠲᠥᠬᠦᠷ ᠳᠦᠷᠢᠮ ᠪᠠ ᠠᠵᠢᠯ ᠤᠨ ᠴᠤᠪᠤᠷᠠᠯ ᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠵᠦᠶ᠋ᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ 2021 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠵᠦᠶ᠋ᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢ᠊ ᠡᠶ᠎ᠡ ᠳᠤ ᠮᠡᠳᠡᠭᠦᠯᠬᠦ ᠲᠦᠷᠢᠮ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠬᠠᠤᠯᠢ ᠶᠣᠰᠣᠭᠠᠷ ᠤᠬᠠᠮᠰᠠᠷ ᠠᠴᠠ ᠪᠠᠨ ᠬᠦᠯᠢᠶᠡᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢ ᠪᠦᠷᠢᠳᠬᠡᠨ ᠳᠠᠩᠰᠠᠯᠠᠬᠤ ᠳᠦᠷᠢᠮ ᠢ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢᠶᠠᠷ ᠳᠠᠮᠵᠢᠭᠤᠯᠤᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      12 . ᠰᠢᠨᠵᠢᠯᠡᠬᠦ ᠤᠬᠠᠭᠠᠨᠴᠢ ᠠᠷᠠᠳᠴᠢᠯᠠᠯ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠪᠰᠢᠨ ᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠶᠢᠲᠡ ᠣᠯᠠᠨ ᠢᠶᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠬᠤ᠂ ᠬᠠᠮᠲᠤ ᠪᠠᠷ ᠬᠢᠨᠠᠨ ᠵᠥᠪᠯᠡᠬᠦ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠵᠦ᠂ ᠬᠠᠲᠠᠭᠤ ᠬᠢᠵᠠᠭᠠᠷᠯᠠᠯ ᠢ ᠴᠢᠩᠭᠠᠷᠠᠭᠤᠯᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢ ᠢᠯᠡ ᠪᠣᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠰᠢᠶ᠋ᠳᠪᠦᠷᠢᠲᠦ ᠪᠣᠳᠣᠯᠭ᠎ᠠ ᠶᠢᠨ ᠵᠦᠶ᠋ᠯᠡᠰ᠂ ᠦᠨᠳᠦᠰᠦ ᠪᠠᠷᠢᠮᠲᠠ᠂ ᠦᠷ᠎ᠡ ᠳ᠋ᠦᠩ ᠤᠨ ︽ᠭᠤᠷᠪᠠ ᠶᠢ ᠢᠯᠡ ᠪᠣᠯᠭᠠᠬᠤ︾ ᠶᠢ ᠪᠡᠶᠡᠯᠡᠭᠦᠯᠬᠦ ᠬᠡᠷᠡᠭᠲᠡᠶ᠃ ᠰᠣᠶᠣᠯ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠡᠬᠢ ᠪᠠᠶᠠᠯᠢᠭ ᠤᠨ ᠨᠡᠭᠡᠭᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ ᠬᠡᠷᠡᠭᠯᠡᠭᠡᠨ ᠤ ᠦᠶ᠋ᠯᠡᠰ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠰᠢᠶ᠋ᠳᠪᠦᠷᠢᠲᠦ ᠪᠣᠳᠣᠯᠭ᠎ᠠ ᠶᠢᠨ ᠵᠦᠶ᠋ᠯᠡᠰ ᠠᠷᠠᠳ ᠤᠨ ᠰᠠᠨᠠᠭ᠎ᠠ ᠶᠢᠨ ᠲᠣᠬᠢᠷᠠᠭᠤᠯᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠪᠠ ︽ᠲᠤᠰᠬᠠᠢ ᠮᠡᠷᠭᠡᠵᠢᠯᠲᠡᠨ ᠤ ᠤᠶᠤᠨ ᠤ ᠬᠥᠮᠥᠷᠭᠡ︾ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      ᠳᠥᠷᠪᠡ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠦᠨ᠎ᠡ᠃      13 . ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠪᠤᠰᠤᠳ ᠠᠷᠠᠳ ᠤᠨ ᠠᠮᠢᠳᠤᠷᠠᠯ ᠤᠨ ᠥᠨᠳᠥᠷ ᠳᠠᠪᠲᠠᠮᠵᠢᠲᠤ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠮᠤ ᠵᠡᠭᠡᠯᠢ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠪᠠ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠰᠤᠮᠤ ᠵᠡᠭᠡᠯᠢ ᠪᠠᠯᠭᠠᠰᠤ ᠬᠢᠭᠡᠳ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠮᠤ ᠵᠡᠭᠡᠯᠢ ᠪᠠᠯᠭᠠᠰᠤ ᠬᠢᠭᠡᠳ ᠬᠤᠰᠢᠭᠤ ᠰᠢᠶᠠᠨ ᠲᠣᠭᠤᠷᠢᠭ ᠤᠨ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠲᠠᠯ᠎ᠠ ᠪᠠᠷ ᠬᠠᠮᠲᠤᠷᠠᠨ ᠬᠥᠳᠡᠯᠦᠯᠴᠡᠬᠦ ᠶᠢ ᠨᠠᠶᠢᠳᠠᠪᠤᠷᠢᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ︶᠃      14 . ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠨ᠎ᠠ᠃ ᠢᠳᠡᠭᠡᠨ ᠤ ᠵᠦᠢᠯ ᠡᠮ ᠤᠨ ᠵᠦᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠨᠥᠬᠦᠴᠡᠯ᠂ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ ᠬᠤᠳᠠ ᠶᠢᠨ ᠬᠠᠮᠢᠶᠠᠷᠤᠯᠲᠠ᠂ ᠵᠠᠮ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠥᠮᠦᠵᠢᠯ ᠪᠣᠯᠪᠠᠰᠤᠷᠠᠭᠤᠯᠤᠯ ᠵᠢᠴᠢ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠤᠯᠠᠨ ᠲᠦᠮᠡᠨ ᠤ ᠲᠤᠰᠬᠠᠯ ᠶᠡᠬᠡᠲᠡᠢ ᠲᠤᠪᠤᠶᠢᠮ᠎ᠠ ᠠᠰᠠᠭᠤᠳᠠᠯ ᠢ ᠬᠦᠷᠢᠶ᠎ᠡ ᠬᠤᠪᠢᠶᠠᠨ ᠡᠮᠬᠢᠯᠡᠵᠦ᠂ ᠲᠥᠪᠯᠡᠷᠡᠩᠭᠦᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠢᠳᠬᠠᠨ ᠰᠤᠷᠭᠠᠬᠤ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ᠂ ᠰᠡᠷᠡᠮᠵᠢᠯᠡᠭᠦᠯᠦᠨ ᠰᠡᠷᠡᠮᠵᠢᠯᠡᠭᠦᠯᠬᠦ᠂ ᠪᠣᠯᠵᠣᠨ ᠶᠠᠷᠢᠯᠴᠠᠬᠤ ᠵᠡᠷᠭᠡ ᠠᠯᠪᠠᠳᠠᠯᠭ᠎ᠠ ᠶᠢᠨ ᠪᠤᠰᠤ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠪᠠᠷᠢᠯ ᠢ ᠥᠷᠭᠡᠨ ᠢᠶᠠᠷ ᠬᠡᠷᠡᠭᠯᠡᠨ᠎ᠡ᠃ ︵ᠲᠦᠷᠦᠭᠦᠯᠡᠬᠦ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ︶᠃      15 . ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠶ᠋ᠯ ᠤᠨ ᠲᠦᠷᠢᠮ︾ ᠢ ᠬᠡᠷᠡᠭᠵᠢᠭᠦᠯᠬᠦ ᠶᠢ ᠭᠦᠨᠵᠡᠭᠡᠶ ᠠᠬᠢᠭᠤᠯᠤᠨ᠎ᠠ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠵᠦ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠶᠢᠨ ᠲᠦᠷᠢᠮ ᠢ ᠲᠡᠮᠳᠡᠭᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠢᠯᠡ ᠨᠡᠶᠢᠲᠡᠯᠡᠬᠦ ᠠᠭᠤᠯᠭ᠎ᠠ ᠶᠢ ᠨᠠᠶᠢᠳᠠᠪᠤᠷᠢᠵᠢᠭᠤᠯᠤᠨ᠂ ᠢᠯᠡ ᠨᠡᠶᠢᠲᠡᠯᠡᠬᠦ ᠨᠣᠷᠮ᠎ᠠ ᠶᠢ ᠳᠡᠭᠡᠭᠰᠢᠯᠡᠭᠦᠯᠵᠦ᠂ ᠵᠣᠬᠢᠬᠤ ᠨᠡᠶᠢᠭᠡᠮ ᠤᠨ ᠨᠥᠯᠥᠭᠡ ᠲᠠᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠣᠭᠲᠠᠭᠠᠯ ᠢ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠶ᠃ ︽ᠲᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠬᠦ ᠵᠦᠶ᠋ᠯᠡᠰ ᠤᠨ ᠲᠣᠳᠣᠷᠬᠠᠶ︾ ᠶᠢ ᠨᠠᠶᠢᠷᠠᠭᠤᠯᠤᠨ ᠵᠣᠬᠢᠶᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠲᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠬᠦ ᠪᠥᠬᠦ ᠶᠠᠪᠤᠴᠠ ᠶᠢ ᠲᠡᠮᠳᠡᠭᠯᠡᠬᠦ ᠬᠠᠷᠢᠴᠠᠯ ᠢ ᠳᠡᠭᠡᠭᠰᠢᠯᠡᠭᠦᠯᠵᠦ᠂ ᠡᠳ᠋ ᠬᠥᠷᠥᠩᠭᠡ ᠶᠢ ᠪᠢᠲᠡᠭᠦᠮᠵᠢᠯᠡᠨ ᠳᠠᠷᠤᠵᠤ ᠠᠪᠬᠤ᠂ ᠠᠯᠪᠠᠳᠠᠯᠭ᠎ᠠ ᠪᠠᠷ ᠨᠤᠷᠠᠭᠠᠵᠤ ᠬᠠᠶᠠᠬᠤ ᠵᠡᠷᠭᠡ ᠬᠥᠮᠦᠨ ᠤ ᠪᠡᠶ᠎ᠡ ᠶᠢᠨ ᠡᠷᠬᠡ ᠴᠢᠯᠥᠭᠡ᠂ ᠠᠮᠢ ᠨᠠᠰᠤᠨ ᠤ ᠡᠷᠡᠭᠦᠯ ᠮᠡᠨᠳᠦ᠂ ᠴᠢᠬᠤᠯᠠ ᠶᠡᠭᠡ ᠡᠳ᠋ ᠬᠥᠷᠥᠩᠭᠡ ᠶᠢᠨ ᠡᠷᠬᠡ ᠠᠰᠢᠭ ᠵᠡᠷᠭᠡ ᠪᠠᠶᠢᠳᠠᠯ ᠳᠤ ᠰᠢᠭᠤᠳ ᠬᠤᠯᠪᠣᠭᠳᠠᠬᠤ ᠲᠤᠬᠠᠶ ᠶᠢᠨ ᠲᠠᠯᠠᠪᠠᠶ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠭᠦᠯᠵᠦ ᠬᠡᠷᠡᠭ ᠰᠢᠶ᠋ᠳᠪᠦᠷᠢᠯᠡᠬᠦ ᠲᠠᠯᠠᠪᠤᠷ ᠭᠠᠵᠠᠷ ᠲᠤ ᠪᠥᠬᠦ ᠶᠠᠪᠤᠴᠠ ᠶᠢᠨ ᠲᠠᠭᠤ ᠳᠦᠷᠰᠦ ᠰᠢᠩᠭᠡᠭᠡᠯᠲᠡ ᠪᠠᠷ ᠰᠢᠩᠭᠡᠭᠡᠨ ᠲᠡᠮᠳᠡᠭᠯᠡᠬᠦ ᠶᠢ ᠬᠡᠷᠡᠭᠵᠢᠭᠦᠯᠦᠨ᠎ᠡ᠃ ︽ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠭᠠᠷᠴᠠᠭ ᠤᠨ ᠨᠠᠷᠢᠨ ᠲᠠᠩᠰᠠ︾ ᠶᠢ ᠨᠠᠶᠢᠷᠠᠭᠤᠯᠤᠨ ᠵᠣᠬᠢᠶᠠᠵᠤ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠬᠠᠷᠢᠴᠠᠯ ᠢ 100 % ᠳᠤ ᠬᠦᠷᠦᠭᠦᠯᠦᠨ᠎ᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠥᠭᠡᠲᠦ ᠲᠠᠰᠤᠯᠤᠯᠲᠠ ᠶᠢᠨ ᠪᠠᠷᠢᠮᠵᠢᠶ᠎ᠠ ᠳᠤ ᠳᠠᠭᠢᠵᠤ ᠵᠠᠰᠠᠪᠤᠷᠢ ᠣᠷᠣᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠦᠵᠦᠭᠦᠷ ᠤᠨ ᠬᠡᠷᠡᠭᠯᠡᠯᠲᠡ ᠶᠢ ᠴᠢᠩᠭᠠᠳᠬᠠᠵᠤ᠂ ᠣᠷᠣᠭᠤᠯᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠬᠡᠷᠡᠭ ᠣᠷᠣᠭᠤᠯᠬᠤ ᠨᠣᠷᠮ᠎ᠠ ᠶᠢᠨ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ︶᠃      16 . ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠠᠬᠢ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠡᠷᠬᠡ ᠬᠠᠷᠢᠭᠤᠴᠠᠯᠭ᠎ᠠ ᠶᠢᠨ ᠵᠦᠶ᠋ᠯᠡᠰ ᠤᠨ ᠨᠠᠷᠢᠨ ᠬᠠᠭᠤᠳᠠᠰᠤ ᠶᠣᠰᠣᠭᠠᠷ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠲᠣᠭᠲᠠᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠢ ᠴᠢᠩᠭ᠎ᠠ ᠨᠠᠢᠳᠠᠪᠤᠷᠢᠵᠢᠭᠤᠯᠬᠤ᠂ ᠳᠠᠩᠰᠠ ᠡᠪᠬᠡᠮᠡᠯ ᠤᠨ ᠦᠨᠡᠯᠡᠯᠲᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠂ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ᠂ ᠪᠠᠶᠢᠳᠠᠯ ᠢᠶᠠᠨ ᠨᠡᠪᠲᠡᠷᠡᠭᠦᠯᠬᠦ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯᠭ᠎ᠠ ᠶᠢᠨ ᠳᠣᠲᠣᠭᠠᠳᠤ ᠠᠵᠢᠯᠲᠠᠨ ᠤ ᠭᠠᠷ ᠲᠦᠷᠦᠭᠦ᠂ ᠬᠡᠷᠡᠭ ᠲᠤ ᠭᠠᠷ ᠲᠦᠷᠦᠭᠦ ᠶᠢ ᠲᠡᠮᠳᠡᠭᠯᠡᠬᠦ᠂ ᠨᠡᠪᠲᠡᠷᠡᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠭᠰᠡᠨ ᠤ ᠪᠤᠷᠤᠭᠤ ᠶᠢ ᠵᠠᠯᠠᠷᠠᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠳᠡᠰ ᠳᠠᠷᠠᠭᠠᠯᠠᠯ ᠢ ᠪᠦᠷᠢᠨᠰᠢᠭᠦᠯᠵᠦ᠂ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠵᠤ ᠬᠠᠷᠢᠭᠤᠴᠠᠯᠭ᠎ᠠ ᠬᠡᠯᠡᠯᠴᠡᠬᠦ ᠳᠦᠷᠢᠮ ᠢ ᠬᠡᠷᠡᠭᠵᠢᠭᠦᠯᠬᠦ ᠬᠡᠷᠡᠭᠲᠡᠶ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠲᠠᠢ ᠵᠣᠯᠭᠠᠯᠳᠤᠭᠤᠯᠬᠤ ᠲᠦᠷᠢᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠡᠷᠡᠭ ᠤᠨ ᠪᠠᠶᠢᠳᠠᠯ ᠢ ᠮᠡᠳᠡᠭᠳᠡᠬᠦ᠂ ᠬᠡᠷᠡᠭ ᠢ ᠰᠢᠯᠵᠢᠭᠦᠯᠦᠨ ᠬᠦᠷᠭᠡᠬᠦ ᠲᠦᠷᠢᠮ ᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ︶᠃      17 . ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ ᠬᠡᠮ ᠤᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠵᠢᠯ ᠤᠨ ᠳᠣᠲᠣᠷ᠎ᠠ 60 ᠬᠢᠴᠢᠶᠡᠯ ᠤᠨ ᠴᠠᠭ ᠠᠴᠠ ᠳᠤᠲᠠᠭᠤ ᠦᠭᠡᠶ ᠲᠤᠬᠠᠶᠢᠯᠠᠭᠰᠠᠨ ᠠᠵᠢᠯ ᠤᠨ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠢ ᠬᠦᠷᠲᠡᠭᠡᠬᠦ ᠬᠡᠷᠡᠭᠲᠡᠶ᠃ ︽ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮᠲᠦ ᠬᠤᠪᠴᠠᠰᠤ ᠪᠠ ᠲᠡᠮᠳᠡᠭ ᠬᠠᠮᠢᠶᠠᠷᠤᠯᠲᠠ ᠶᠢᠨ ᠠᠷᠭ᠎ᠠ︾ ᠶᠢ ᠨᠠᠶᠢᠳᠠᠪᠤᠷᠢᠵᠢᠭᠤᠯᠵᠤ᠂ ᠲᠥᠬᠦᠷ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠬᠠᠤᠯᠢ ᠬᠡᠷᠡᠭᠵᠢᠭᠦᠯᠬᠦ ᠲᠤᠰᠠᠯᠠᠭᠴᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠲᠤᠰᠠᠯᠠᠬᠤ ᠠᠵᠢᠯᠲᠠᠨ ᠤᠷᠢᠬᠤ ᠲᠥᠯᠥᠪᠯᠡᠭᠡ ᠪᠣᠯᠤᠨ ᠣᠷᠣᠨ ᠲᠤᠭ᠎ᠠ ᠶᠢ ᠠᠳᠠᠯᠢ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ︶᠃      ᠲᠠᠪᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠨ᠎ᠠ᠃      18 . ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠠᠤᠯᠢ ᠴᠠᠭᠠᠵᠠ ᠶᠢᠨ ᠬᠢᠨᠠᠯᠲᠠ᠂ ᠣᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠥᠷᠥᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠰᠢᠭᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠤᠷᠠᠳᠤᠭᠰᠠᠨ ᠰᠠᠨᠠᠯ ᠪᠠ ᠰᠠᠨᠠᠭᠤᠯᠭ᠎ᠠ ᠶᠢ ᠬᠢᠨᠠᠮᠠᠭᠠᠢ ᠰᠤᠳᠤᠯᠤᠨ ᠰᠢᠢᠳᠪᠦᠷᠢᠯᠡᠪᠡ᠃ ︽ᠪᠤᠭᠤᠲᠤ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠵᠠᠰᠠᠭ ᠵᠠᠬᠢᠷᠭᠠᠨ ᠤ ᠵᠠᠷᠭᠤ ᠶᠢᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠤᠨ ᠰᠠᠨᠠᠯ︾ ᠪᠠ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠤᠨ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠷ᠎ᠠ ᠪᠦᠷᠢ ᠮᠡᠳᠡᠭᠡᠯᠡᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ ᠶᠢ 100 % ᠳᠤ ᠬᠦᠷᠦᠭᠦᠯᠦᠨ᠎ᠡ᠃ ᠬᠠᠤᠯᠢ ᠠᠴᠠ ᠵᠥᠷᠢᠴᠡᠭᠰᠡᠨ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠬᠦ ᠲᠠᠯ᠎ᠠ ᠪᠠᠷ ᠬᠢ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      19 . ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠢᠨᠠᠨ ᠪᠣᠳᠣᠵᠤ ᠬᠢᠨᠠᠯᠲᠠ ᠲᠠᠯᠪᠢᠬᠤ ᠂ ᠪᠦᠷᠢᠳᠬᠡᠵᠦ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠨᠢᠭᠲᠠᠯᠠᠨ ᠪᠣᠳᠣᠵᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠬᠢᠨᠠᠯᠲᠠ ᠲᠠᠯᠪᠢᠬᠤ ᠲᠣᠭᠲᠠᠴᠠ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠳᠦᠷᠢᠮ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠳᠣᠲᠣᠭᠠᠳᠤ ᠶᠢᠨ ᠡᠷᠬᠡ ᠶᠢᠨ ᠬᠢᠵᠠᠭᠠᠷᠯᠠᠯ ᠢ ᠴᠢᠩᠭᠠᠳᠬᠠᠨ᠎ᠠ᠃ ︽ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠡᠵᠡᠮᠳᠡᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︔ ᠬᠠᠷᠢᠭᠤᠴᠠᠯᠭ᠎ᠠ ᠶᠢᠨ ᠳᠠᠩ ᠰᠠᠭᠤᠬᠤ ᠭᠠᠵᠠᠷ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃       ᠵᠢᠷᠭᠤᠭ᠎ᠠ᠂ ᠬᠦᠨᠳᠦ ᠶᠡᠭᠡ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠶ᠋ᠳᠪᠦᠷᠢᠯᠡᠬᠦ ᠶᠢ ᠴᠢᠩᠭᠠᠷᠠᠭᠤᠯᠤᠨ᠎ᠠ᠃      20 . ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠶ᠋ᠳᠪᠦᠷᠢᠯᠡᠬᠦ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ ᠧᠮᠵᠢ ᠶᠢ ᠪᠦᠷᠢᠨᠰᠢᠭᠦᠯᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠢ ᠶᠡᠷᠦᠩᠬᠡᠶ ᠳᠤᠨᠢ ᠠᠷᠭᠠᠴᠠᠬᠤ ᠲᠤᠰᠬᠠᠶ ᠵᠦᠢᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ ᠬᠡᠷᠡᠭᠲᠡᠶ᠃ ᠬᠤᠯᠪᠣᠭᠳᠠᠯ ᠪᠦᠬᠦᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ᠂ ᠪᠠᠶᠢᠴᠠᠭᠠᠨ ᠦᠨᠡᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠲᠤ ᠬᠠᠤᠯᠢ ᠶᠣᠰᠣᠭᠠᠷ ᠲᠠᠰ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠴᠢᠩᠭᠠᠷᠠᠭᠤᠯᠵᠤ ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ᠂ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠲᠣᠭᠲᠠᠴᠠ ᠲᠦᠷᠢᠮ ᠢ ᠪᠦᠷᠢᠨᠰᠢᠬᠦᠯᠥᠨ᠂ ᠬᠠᠤᠯᠢ ᠴᠠᠭᠠᠵᠠ ᠶᠢᠨ ᠲᠣᠭᠲᠠᠭᠠᠯ ᠪᠠ ᠬᠠᠷᠢᠴᠠᠯ ᠤᠨ ᠵᠠᠷᠴᠢᠮ ᠶᠣᠰᠣᠭᠠᠷ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠢᠷᠭᠡᠳ ᠤᠨ ᠬᠤᠪᠢ ᠶᠢᠨ ᠨᠢᠭᠤᠴᠠ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠨ᠎ᠠ ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      21 . ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠲᠣᠰ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠪᠠ ᠭᠡᠨᠡᠳᠲᠡ ᠶᠢᠨ ᠬᠡᠷᠡᠭ ᠢ ᠠᠷᠭᠠᠴᠠᠬᠤ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠨ᠎ᠠ᠃ ᠭᠡᠨᠡᠳᠲᠡ ᠡᠭᠦᠰᠦᠭᠰᠡᠨ ᠬᠡᠷᠡᠭ ᠤᠨ ᠨᠡᠶᠢᠭᠡᠮ ᠤᠨ ᠳᠠᠶᠢᠴᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠥᠪᠡᠰᠦᠪᠡᠨ ᠰᠡᠷᠭᠡᠶᠢᠯᠡᠵᠦ ᠥᠪᠡᠰᠦᠪᠡᠨ ᠵᠠᠰᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      ᠳᠣᠯᠤᠭ᠎ᠠ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠠᠷᠢᠯᠭᠠᠬᠤ ᠬᠡᠷᠡᠭᠲᠡᠶ᠃      22 . ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠵᠢᠯ ᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠵᠦ ᠬᠡᠷᠡᠭ ᠰᠢᠶ᠋ᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠭᠡᠷᠡᠴᠢᠯᠡᠭᠡ ᠰᠣᠨᠣᠰᠬᠤ᠂ ᠲᠤᠰᠬᠠᠶ ᠮᠡᠷᠭᠡᠵᠢᠯᠲᠡᠨ ᠨᠤᠲᠠᠯᠠᠬᠤ᠂ ᠡᠶᠡᠳᠡᠭᠦᠯᠬᠦ ᠵᠡᠷᠭᠡ ᠬᠡᠯᠪᠡᠷᠢ ᠮᠠᠶ᠋ᠢᠭ ᠢ ᠴᠢᠩᠭᠠᠳᠬᠠᠬᠤ ᠪᠠᠷ ᠳᠠᠮᠵᠢᠭᠤᠯᠤᠨ᠂ ᠳᠠᠬᠢᠨ ᠵᠥᠪᠯᠡᠬᠦ ᠶᠢᠨ ᠮᠥᠨ ᠴᠢᠨᠠᠷ ᠪᠦᠬᠦᠢ ᠠᠯᠳᠠᠭ᠎ᠠ ᠪᠤᠷᠤᠭᠤ ᠶᠢ ᠵᠠᠯᠠᠷᠠᠭᠤᠯᠬᠤ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ︽ᠭᠤᠣᠯ ᠠᠷᠭ᠎ᠠ ᠵᠠᠮ︾ ᠤᠨ ᠴᠢᠳᠠᠮᠵᠢ ᠶᠢ ᠴᠢᠷᠮᠠᠶᠢᠨ ᠪᠡᠶᠡᠯᠡᠭᠦᠯᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢᠨ ᠣᠯᠠᠨ ᠨᠡᠶᠢᠲᠡ ᠳᠤ ᠢᠲᠡᠭᠡᠭᠦᠯᠬᠦ ᠬᠦᠴᠦᠨ ᠢ ᠨᠡᠮᠡᠭᠳᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠥᠭᠦᠮᠴᠢᠯᠡᠬᠦ ᠦᠢᠯᠡᠴᠢᠯᠡᠭᠡᠨ ᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠲᠤ ᠳᠠᠬᠢᠨ ᠵᠥᠪᠯᠡᠬᠦ ᠬᠡᠷᠡᠭ ᠢ ᠬᠦᠯᠢᠶᠡᠨ ᠠᠪᠴᠤ ᠰᠢᠶ᠋ᠳᠪᠦᠷᠢᠯᠡᠬᠦ ᠬᠡᠪᠴᠢᠶ᠎ᠡ᠂ ᠨᠥᠬᠦᠴᠡᠯ᠂ ᠳᠡᠰ ᠳᠠᠷᠠᠭᠠᠯᠠᠯ ᠵᠡᠷᠭᠡ ᠵᠦᠢᠯᠡᠰ ᠢ ᠢᠯᠡ ᠪᠣᠯᠭᠠᠵᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠤᠨ ᠬᠡᠯᠪᠡᠷᠢ ᠶᠠᠩᠵᠤ ᠶᠢᠨ ᠵᠠᠭᠪᠤᠷ ᠢ ᠬᠠᠩᠭᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ ᠢ ᠰᠦᠯᠵᠢᠶᠡᠨ ᠳᠡᠭᠡᠷ᠎ᠡ ᠢᠯᠡ ᠪᠣᠯᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      23 . ᠵᠢᠭᠤᠷᠠᠯᠳᠤᠭᠠᠨ ᠢ ᠣᠯᠠᠨ ᠡᠰᠢᠵᠢᠬᠦᠯᠦᠨ ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ︽ᠭᠤᠷᠪᠠ ᠶᠢ ᠡᠶᠡᠳᠡᠭᠦᠯᠬᠦ︾ ᠶᠢ ᠬᠤᠯᠪᠣᠯᠳᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠠᠵᠢᠯ ᠲᠦᠷᠦᠯ ᠤᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠭᠡ᠂ ᠬᠠᠤᠯᠢ ᠪᠠᠷᠢᠬᠤ ᠡᠶᠡᠳᠡᠭᠦᠯᠭᠡ ᠶᠢ ᠪᠦᠲᠦᠮᠵᠢᠲᠡᠢ ᠪᠠᠷ ᠵᠠᠯᠭᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠡᠶᠡᠳᠡᠭᠦᠯᠬᠦ ᠠᠵᠢᠯ ᠤᠨ ᠲᠤᠰᠬᠠᠢ ᠵᠠᠷᠤᠳᠠᠯ ᠢ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠡᠶᠡᠳᠡᠭᠦᠯᠭᠡ ᠶᠢ ᠭᠦᠨᠵᠡᠭᠡᠶ ᠲᠦᠯᠬᠢᠨ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠤᠬᠢᠷᠠᠯ ᠢ ᠲᠥᠯᠥᠬᠦ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠡᠮᠴᠢᠯᠡᠭᠡᠨ ᠤ ᠵᠢᠭᠤᠷᠠᠯᠳᠤᠭᠠᠨ ᠂ ᠣᠷᠴᠢᠨ ᠲᠣᠭᠤᠷᠢᠨ ᠤ ᠪᠣᠬᠢᠷᠲᠤᠯ᠂ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ ᠭᠠᠵᠠᠷ ᠰᠢᠷᠣᠶ ᠲᠠᠲᠠᠪᠤᠷᠢᠯᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠲᠠᠯ᠎ᠠ ᠶᠢᠨ ᠵᠠᠰᠠᠭ ᠵᠠᠬᠢᠷᠭᠠᠨ ᠤ ᠡᠶᠡᠳᠡᠭᠦᠯᠭᠡ ᠶᠢ ᠲᠣᠪᠤᠶᠢᠯᠭᠠᠵᠤ᠂ ᠠᠩᠬ᠎ᠠ ᠤᠳᠠᠭ᠎ᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠶᠠᠪᠤᠭᠤᠯᠬᠤ ᠬᠡᠷᠡᠭᠲᠡᠶ᠃ ᠵᠠᠬᠢᠳᠠᠯ᠂ ᠰᠤᠷᠪᠤᠯᠵᠢᠯᠠᠭ᠎ᠠ᠂ ᠰᠦᠯᠵᠢᠶ᠎ᠡ᠂ ᠴᠠᠬᠢᠯᠭᠠᠨ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠶ᠋ᠳᠪᠦᠷᠢᠯᠡᠵᠦ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠶ᠋ᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      ᠨᠠᠶ᠋ᠮᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠲᠤᠯᠠᠭ᠎ᠠ ᠶᠢ ᠪᠠᠬᠢᠵᠢᠭᠦᠯᠦᠨ᠎ᠡ᠃      24 . ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠨ᠎ᠠ᠃ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠭᠦᠷᠭᠡ ᠶᠢ ᠲᠤᠰᠬᠠᠢ ᠰᠡᠳᠦᠪ ᠢᠶᠠᠷ ᠪᠠᠶᠢᠷᠢᠯᠠᠭᠤᠯᠤᠨ ᠲᠤᠬᠢᠷᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠠᠶᠢᠳᠠᠯ ᠤᠨ ᠪᠠᠶᠢᠴᠠᠭᠠᠯᠲᠠ᠂ ᠲᠤᠰᠬᠠᠢ ᠰᠢᠪᠠᠳᠠᠨ ᠪᠠᠶᠢᠴᠠᠭᠠᠯᠲᠠ ᠶᠢ ᠥᠷᠨᠢᠭᠦᠯᠦᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠲᠤᠰ ᠱᠠᠲᠤᠨ ᠤ ᠨᠠᠮ ᠤᠨ ᠬᠤᠷᠢ᠊ ᠡᠶ᠎ᠡ ᠪᠠ ᠵᠠᠰᠠᠭ ᠤᠨ ᠣᠷᠳᠣᠨ ᠳᠤ ᠵᠢᠭᠠᠪᠤᠷᠢ ᠠᠪᠴᠤ ᠬᠠᠷᠢᠭᠤ ᠮᠡᠳᠡᠭᠦᠯᠦᠨ᠎ᠡ᠃ ᠲᠤᠭᠠᠴᠠᠯᠲᠠ ᠬᠠᠤᠯᠢ ᠶᠢᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠤᠳᠤᠷᠢᠳᠬᠤ ᠺᠠᠳ᠋ᠷ ᠤᠨ ᠬᠤᠪᠢ ᠬᠥᠮᠦᠨ ᠤ ᠣᠨ ᠤ ᠲᠤᠰᠢᠶᠠᠯ ᠤᠨ ᠮᠡᠳᠡᠭᠦᠯᠦᠯᠲᠡ ᠬᠢᠬᠦ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠨ ᠮᠡᠳᠡᠭᠦᠯᠦᠯᠲᠡ ᠶᠢ ᠨᠠᠶᠢᠳᠠᠪᠤᠷᠢᠵᠢᠭᠤᠯᠬᠤ ᠪᠠ ᠳᠦᠷᠢᠮ ᠢ ᠨᠡᠶᠢᠭᠡᠮ ᠳᠤ ᠨᠡᠶᠢᠲᠡᠯᠡᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠤᠨ ᠬᠡᠷᠡᠭᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠦᠨᠡᠯᠡᠬᠦ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠠᠭ ᠲᠤᠬᠠᠶ ᠳᠤᠨᠢ ᠳᠡᠭᠡᠭᠰᠢ ᠳᠠᠮᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      25 . ᠵᠠᠰᠠᠭ ᠤᠨ ᠣᠷᠳᠣᠨ ᠤ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠶ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠪᠥᠬᠦ ᠵᠢᠯ ᠳᠤ 2 ᠤᠳᠠᠭ᠎ᠠ ᠠᠴᠠ ᠳᠤᠲᠠᠭᠤ ᠥᠬᠡᠶ ᠪᠠᠶᠢᠯᠭᠠᠨ᠎ᠠ᠃ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠲᠦᠷᠦᠭᠦᠯᠡᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ ᠶᠢ ᠠᠬᠢᠭᠤᠯᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠠ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠰᠤᠷᠬᠤ ᠳᠦᠷᠢᠮ ᠢ ᠨᠠᠢᠳᠠᠪᠤᠷᠢᠵᠢᠭᠤᠯᠬᠤ᠂ ᠵᠢᠯ ᠤᠨ ᠳᠣᠲᠣᠷ᠎ᠠ ᠬᠠᠤᠯᠢ ᠪᠠᠷ ᠵᠠᠰᠠᠬᠤ ᠲᠤᠰᠬᠠᠢ ᠰᠡᠳᠦᠪᠲᠦ ᠲᠠᠶᠢᠯᠤᠮᠵᠢ ᠶᠢ 2 ᠤᠳᠠᠭ᠎ᠠ ᠠᠴᠠ ᠳᠡᠭᠡᠭᠰᠢ ᠡᠷᠬᠢᠯᠡᠨᠡᠮ᠃ ᠤᠳᠤᠷᠢᠳᠬᠤ ᠺᠠᠳ᠋ᠷ ᠤᠨ ᠬᠠᠤᠯᠢ ᠰᠤᠷᠬᠤ ᠨᠠᠷᠢᠨ ᠲᠠᠩᠰᠠ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠤᠳᠤᠷᠢᠳᠬᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠳᠤ ᠮᠡᠳᠡᠪᠡᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠭᠠᠷᠴᠠᠭ ᠢ ᠲᠠᠰ ᠲᠥᠷᠥᠯ ᠬᠤᠪᠢᠶᠠᠨ ᠲᠣᠳᠣᠷᠬᠠᠶᠢᠯᠠᠨ᠎ᠠ᠃ ᠰᠠᠯᠠᠭ᠎ᠠ ᠮᠥᠴᠢᠷ ᠤᠨ ᠠᠵᠢᠯᠲᠠᠨ ᠤ ᠬᠠᠤᠯᠢ ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠪᠠ ᠬᠠᠤᠯᠢ ᠪᠠᠷ ᠵᠠᠰᠠᠬᠤ ᠴᠢᠳᠠᠪᠤᠷᠢ ᠶᠢᠨ ᠰᠢᠯᠭᠠᠯᠲᠠ ᠬᠢᠬᠦ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠮᠡᠳᠡᠪᠡᠯ ᠵᠣᠬᠢᠬᠤ ᠮᠡᠳᠡᠪᠡᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠪᠠ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠮᠡᠳᠡᠯᠭᠡ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠬᠠᠮᠢᠶ᠎ᠠ ᠪᠥᠬᠦᠶ ᠲᠦᠷᠢᠮ ᠢ ᠣᠨ ᠤ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠦᠷᠭᠦᠯᠵᠢᠯᠡᠨ ᠠᠬᠢᠭᠤᠯᠵᠤ᠂ ᠬᠠᠤᠯᠢ ᠬᠡᠷᠡᠭᠵᠢᠭᠦᠯᠵᠦ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠴᠢᠳᠠᠪᠤᠷᠢ ᠶᠢ ᠴᠢᠩᠭᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      26 . ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠡᠯ᠎ᠡ ᠰᠠᠯᠠᠭ᠎ᠠ ᠮᠥᠴᠢᠷ ︽ᠬᠤᠲᠠ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠦᠶ᠋ᠴᠡᠳᠬᠡᠯ ᠲᠤᠭ᠎ᠠ ᠶᠢᠨ ᠰᠢᠰᠲ᠋ᠧᠮ︾ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠳᠤᠲᠠᠭᠤᠳᠠᠯ ᠢᠶᠠᠨ ᠡᠷᠢᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠢᠯᠠᠩᠭᠤᠶ᠎ᠠ 2019 ᠣᠨ ᠳᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠤᠭᠰᠠᠨ ᠪᠣᠳᠠᠲᠤ ᠭᠠᠵᠠᠷ ᠢ ᠦᠨᠡᠯᠡᠨ ᠵᠢᠱᠢᠬᠦ ᠪᠠ 2020 ᠣᠨ ᠤ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠬᠡᠷ ᠠᠴᠠ ᠪᠣᠳᠠᠲᠠᠶ ᠭᠠᠵᠠᠷ ᠲᠤᠨᠢ ᠱᠠᠯᠠᠪᠳᠠᠭᠤᠯᠤᠨ ᠱᠠᠭᠠᠷᠳᠠᠪᠠ ᠨᠡᠶᠢᠲᠡᠴᠢ ᠴᠢᠨᠠᠷᠲᠠᠶ ᠠᠭᠤᠯᠭ᠎ᠠ ᠪᠠ ᠢᠯᠡᠷᠡᠭᠦᠯᠦᠭᠰᠡᠨ ᠬᠦᠴᠢᠷᠳᠡᠯ᠂ ᠳᠤᠲᠠᠭᠤᠳᠠᠯ᠂ ᠪᠠᠭᠤᠷᠠᠶ ᠲᠠᠯ᠎ᠠ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ᠡᠷᠲᠡᠬᠡᠨ ᠰᠢᠶ᠋ᠳᠪᠦᠷᠢᠯᠡᠬᠦ ᠬᠡᠷᠡᠭᠲᠡᠶ︔ ᠣᠶᠢᠷ᠎ᠠ ᠶᠢᠨ ᠵᠢᠯ ᠤᠨ ᠲᠤᠷᠰᠢᠬᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠵᠦᠶ᠋ᠯᠡᠰ ᠪᠠ ᠭᠤᠤᠯᠳᠠᠯᠭ᠎ᠠ ᠲᠠᠢ ᠴᠢᠭᠯᠡᠯ ᠭᠤᠤᠯᠳᠠᠯᠭ᠎ᠠ ᠲᠠᠢ ᠠᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠲᠠᠩᠰᠠ ᠡᠪᠬᠡᠮᠡᠯ ᠢ ᠪᠥᠬᠦ ᠲᠠᠯ᠎ᠠ ᠪᠠᠷ ︽ᠡᠷᠭᠢᠵᠦ ᠬᠠᠷᠠᠵᠤ︾᠂ ᠡᠯ᠎ᠡ ᠭᠤᠭᠴᠤᠭ᠎ᠠ ᠶᠢ ᠦᠨᠡᠨᠬᠦ ᠪᠣᠳᠠᠲᠠᠶ ᠨᠠᠷᠢᠯᠢᠭ ᠬᠢᠬᠦ ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠬᠠᠭᠤᠯᠭ᠎ᠠ ᠶᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠬᠠᠮᠤᠷᠬᠤ ᠬᠡᠪᠴᠢ᠊ ᠡᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡᠨ ᠤ ᠵᠠᠭᠤᠴᠢᠯᠠᠭᠤᠷ᠂ ᠬᠠᠮ ᠵᠠᠭᠤᠴᠢᠯᠠᠭᠤᠷ᠂ ᠰᠦᠯᠵᠢᠶᠡᠨ ᠥᠷᠲᠡᠭᠡ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠢᠩᠬᠢᠮ ᠵᠡᠷᠭᠡ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠴᠢᠬᠤᠯᠠ ᠶᠡᠭᠡ ᠠᠷᠭ᠎ᠠ ᠬᠡᠮᠵᠢᠶ᠎ᠡ᠂ ᠲᠤᠷᠰᠢᠯᠭ᠎ᠠ ᠠᠷᠭ᠎ᠠ ᠪᠠᠷᠢᠯ ᠢ ᠤᠬᠠᠭᠤᠯᠬᠤ ᠡᠷᠴᠢᠮ ᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠶᠡᠷᠦᠩᠬᠡᠶᠢᠯᠡᠨ ᠡᠭᠦᠳᠦᠨ ᠪᠠᠶᠢᠭᠤᠯᠬᠤ ᠪᠠ ᠰᠠᠯᠠᠭ᠎ᠠ ᠮᠥᠴᠢᠷ ᠤᠨ ᠭᠠᠭᠴᠠ ᠵᠦᠶ᠋ᠯ ᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠤᠶᠢᠵᠢᠭᠤᠯᠤᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ︔ ᠬᠠᠷᠢᠭᠤᠴᠠᠯᠭᠠᠲᠤ ᠨᠢᠭᠡᠴᠡ᠄ ᠣᠷᠣᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ︶᠃      ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠤᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ  
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1