ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠳ᠋ᠦᠩ ᠾᠧ ᠲᠣᠭᠤᠷᠢᠭ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ︽ᠠᠷᠠᠳ ᠤᠨ ᠳᠠᠭᠤᠨ︾᠎ ᠢ ᠴᠢᠩᠭ᠎ᠠ ᠳᠠᠭᠠᠵᠤ ︽ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ︾᠎ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ᠃
ᠨᠡᠶᠢᠲᠡᠯᠡᠭᠰᠡᠨ ᠴᠠᠭ᠄
2021/11/10
     ︽ᠥᠩᠭᠡᠷᠡᠭᠰᠡᠨ ᠳᠤ ᠠᠳᠡ ᠪᠡᠶ᠎ᠡ ᠪᠠᠨ ᠪᠣᠯᠪᠠᠰᠤᠷᠠᠭᠤᠯᠬᠤ ᠳᠤ ᠬᠠᠮᠤᠭ ᠤᠨ ᠵᠣᠪᠠᠳᠠᠭ ᠨᠢ ᠵᠣᠷᠯᠣᠩ ᠪᠠᠶᠢᠬᠤ ᠥᠬᠡᠶ ᠶᠠᠪᠤᠳᠠᠯ ᠪᠣᠯᠤᠨ᠎ᠠ᠂ ᠣᠲᠣ ᠰᠠᠶᠢᠨ ᠪᠣᠯᠵᠠᠶ᠂ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠵᠣᠷᠯᠣᠩ ᠳᠤ ᠤᠶᠤᠨᠲᠤ ᠠᠪᠢᠶ᠎ᠠ ᠶᠢᠨ ᠰᠠᠨᠠᠭᠤᠯᠤᠮᠵᠢ᠂ ᠤᠰᠤ ᠰᠦᠷᠴᠢᠬᠦ ᠠᠦ᠋ᠲ᠋ᠣ᠋ ᠲᠥᠬᠦᠭᠡᠷᠦᠮᠵᠢ᠂ ᠠᠩᠬᠢᠯᠤᠮ᠎ᠠ ᠦᠨᠦᠷ ᠠᠷᠢᠯᠭᠠᠬᠤ ᠲᠥᠬᠦᠭᠡᠷᠦᠮᠵᠢ ᠵᠡᠷᠭᠡ ᠪᠠᠶᠢᠬᠤ ᠪᠠᠷ ᠪᠠᠷᠠᠬᠤ ᠥᠬᠡᠶ᠂ ᠡᠪᠦᠯ ᠪᠠᠰᠠ ᠴᠠᠬᠢᠯᠭᠠᠨ ᠳᠤᠯᠠᠭᠠᠮᠵᠢ ᠪᠠᠶᠢᠳᠠᠭ᠂ ᠥᠷᠯᠥᠭᠡ ᠶᠢᠨ 7 ᠴᠠᠭ ᠠᠴᠠ ᠣᠷᠣᠶ ᠶᠢᠨ 10 ᠴᠠᠭ ᠪᠣᠯᠲᠠᠯ᠎ᠠ ᠬᠡᠷᠡᠭᠯᠡᠵᠦ ᠪᠣᠯᠤᠨ᠎ᠠ᠂ ᠡᠨᠡ ᠨᠢ ᠦᠨᠡᠬᠡᠷ ᠲᠥᠬᠦᠮ ᠮᠥᠷᠲᠡᠭᠡᠨ ᠲᠠᠭᠠᠯᠠᠮᠵᠢᠲᠠᠶ ᠶᠤᠮ᠃︾   ᠯᠦᠩ ᠽᠧ ᠲᠠᠯᠠᠪᠠᠢ ᠳᠤ ᠥᠷᠯᠥᠭᠡ ᠭᠦᠶᠦᠵᠦ ᠪᠠᠢᠭ᠎ᠠ ᠰᠠᠭᠤᠭᠠᠯᠢ ᠠᠷᠠᠳ ᠳ᠋ᠤᠸᠠᠨ ᠠᠪᠤᠭᠠᠢ ᠪᠠᠶᠠᠷᠲᠠᠶ ᠪᠠᠷ ᠬᠡᠯᠡᠪᠡ᠃
ᠪᠣᠬᠢᠷᠲᠤᠯ ᠦᠭᠡᠢ ᠤᠭᠰᠠᠷᠠᠮᠠᠯ ᠨᠡᠶᠢᠲᠡ ᠶᠢᠨ ᠵᠣᠷᠯᠣᠩ ᠤᠭᠰᠠᠷᠠᠬᠤ᠃      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ᠂ ᠳ᠋ᠦᠩ ᠾᠧ ᠲᠣᠭᠤᠷᠢᠭ ᠪᠤᠭᠤᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠰᠡᠯ ᠪᠤᠳᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠪᠠᠷ ᠳᠠᠮᠵᠢᠨ ᠯᠦᠩ ᠽᠧ ᠠᠭᠤᠳᠠᠮ ᠲᠠᠯᠠᠪᠠᠢ᠂ ᠠᠯᠤᠰ ᠬᠤᠯᠠ ᠶᠢᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠭᠠᠯ ᠳᠠᠭᠠᠭᠠᠮᠠᠭᠠᠢ ᠦᠢᠯᠡᠳᠪᠦᠷᠢ ᠶᠢᠨ ᠵᠠᠮ ᠵᠡᠷᠭᠡ ᠭᠠᠵᠠᠷ ᠲᠤ ᠨᠡᠶᠢᠲᠡ ᠶᠢᠨ ᠵᠣᠷᠯᠣᠩ ᠳᠤᠲᠠᠭᠳᠠᠵᠤ᠂ ︽ᠨᠡᠶᠢᠲᠡ ᠶᠢᠨ ᠵᠣᠷᠯᠣᠩ ᠤᠨ ᠲᠤᠬᠢᠷᠠᠭᠤᠯᠤᠯᠳᠠ ᠪᠠᠭ᠎ᠠ᠂ ᠵᠣᠷᠯᠣᠩ ᠳᠤ ᠣᠷᠣᠬᠤ ᠳᠤ ᠬᠦᠴᠢᠷ︾᠂ ︽ᠬᠠᠭᠤᠷᠠᠢ ᠵᠣᠷᠯᠣᠩ ᠤᠨ ᠨᠥᠬᠦᠴᠡᠯ ᠮᠠᠭᠤ᠂ ᠵᠣᠷᠯᠣᠩ ᠬᠦᠴᠢᠷ ᠵᠡᠷᠭᠡ ᠠᠰᠠᠭᠤᠳᠠᠯ ᠨᠢ ᠰᠠᠭᠤᠭᠠᠯᠢ ᠠᠷᠠᠳ ᠤᠨ ︽ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ︾ ᠪᠣᠯᠤᠭᠰᠠᠨ ᠢ ᠣᠯᠵᠤ ᠮᠡᠳᠡᠪᠡ᠃ ᠣᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩ ᠾᠧ ᠲᠣᠭᠤᠷᠢᠭ ︽ᠵᠣᠷᠯᠣᠩ ᠤᠨ ᠬᠤᠪᠢᠰᠬᠠᠯ︾᠎ ᠢ ᠭᠦᠨᠵᠡᠭᠡᠶ ᠠᠬᠢᠭᠤᠯᠵᠤ᠂ ᠵᠦᠶ ᠵᠣᠬᠢᠰᠲᠠᠶ ᠣᠷᠣᠨ ᠪᠦᠰᠡ ᠳᠤ ᠰᠢᠯᠵᠢᠮᠡᠯ ᠤᠭᠰᠠᠷᠠᠮᠠᠯ ᠨᠡᠶᠢᠲᠡ ᠶᠢᠨ ᠵᠣᠷᠯᠣᠩ ᠤᠭᠰᠠᠷᠠᠬᠤ ᠶᠢᠨ ᠬᠠᠮᠲᠤ᠂ ᠨᠢᠭᠡᠨᠲᠡ ᠪᠠᠶᠢᠭ᠎ᠠ ᠨᠡᠶᠢᠲᠡ ᠶᠢᠨ ᠵᠣᠷᠯᠣᠩ ᠢ ᠲᠠᠰ ᠳᠡᠪᠰᠢᠭᠦᠯᠦᠨ ᠥᠭᠡᠷᠡᠴᠢᠯᠡᠵᠦ᠂ ᠨᠠᠷᠢᠨ ᠨᠢᠮᠪᠠᠶ ᠲᠥᠯᠥᠪᠵᠢᠭᠦᠯᠬᠦ ᠪᠠ ᠶᠡᠭᠡ ᠪᠠᠷ ᠠᠬᠢᠭᠤᠯᠬᠤ ᠪᠠᠷ ᠳᠡᠮᠵᠢᠨ᠂ ᠥᠩᠭᠡᠷᠡᠭᠰᠡᠨ ᠤ ᠳᠥᠭᠦᠮ ᠪᠦᠳᠦᠭᠦᠯᠢᠭ ᠨᠡᠶᠢᠲᠡ ᠶᠢᠨ ᠵᠣᠷᠯᠣᠩ ᠤᠳ ᠢ ︽ᠥᠩᠭᠡ ᠵᠢᠰᠦ ᠨᠢ ᠥᠨᠳᠥᠷ︾᠂ ᠴᠢᠳᠠᠮᠵᠢ ᠨᠢ ᠪᠦᠷᠢᠨ᠂ ᠣᠷᠴᠢᠨ ᠲᠣᠭᠤᠷᠢᠨ ᠨᠢ ᠲᠠᠭᠠᠯᠠᠮᠵᠢᠲᠠᠶ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ ᠪᠣᠯᠭᠠᠨ ᠬᠤᠪᠢᠷᠠᠭᠤᠯᠪᠠ᠃ ᠣᠳᠣᠬᠠᠨ ᠪᠣᠯᠲᠠᠯ᠎ᠠ᠂ ᠭᠤᠤᠯ ᠬᠤᠲᠠ ᠶᠢᠨ ᠲᠣᠭᠤᠷᠢᠭ ᠤᠨ 44 ᠰᠠᠭᠤᠷᠢ ᠬᠠᠭᠤᠷᠠᠶ ᠵᠣᠷᠯᠣᠩ ᠢ ᠪᠦᠬᠦᠨ ᠢ ᠨᠤᠷᠠᠭᠠᠵᠤ᠂ 2 ᠰᠠᠭᠤᠷᠢ ᠲᠣᠭᠲᠠᠮᠠᠯ ᠨᠡᠶᠢᠲᠡ ᠶᠢᠨ ᠵᠣᠷᠯᠣᠩ ᠢ ᠰᠢᠨ᠎ᠡ ᠪᠠᠷ ᠨᠡᠮᠡᠭᠳᠡᠭᠦᠯᠵᠦ᠂ 47 ᠰᠠᠭᠤᠷᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠵᠢ ᠪᠦᠷᠢᠳᠦᠭᠦᠯᠬᠦ ᠨᠡᠶᠢᠲᠡ ᠶᠢᠨ ᠵᠣᠷᠯᠣᠩ ᠲᠠᠯᠪᠢᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠤᠲᠠ ᠶᠢᠨ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠪᠠ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠪᠡ᠃
ᠳ᠋ᠦᠩ ᠾᠧ ᠦᠵᠡᠮᠵᠢ ᠶᠢᠨ ᠣᠷᠣᠨ ᠢ ᠨᠣᠭᠤᠭᠠᠷᠠᠭᠤᠯᠬᠤ᠃      ︽ᠬᠤᠲᠠ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠢᠨᠵᠧᠨᠧᠷᠢᠩ ᠪᠣᠯ ᠳ᠋ᠦᠩ ᠾᠧ ᠲᠣᠭᠤᠷᠢᠭ ᠤᠨ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠪᠠᠰᠠ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠲᠣᠯᠣᠭᠠᠢ ᠥᠨᠳᠡᠶᠢᠨ ᠨᠣᠭᠤᠭᠠᠨ ᠥᠩᠭᠡ ᠶᠢ ᠣᠯᠵᠤ ᠬᠠᠷᠠᠨ᠂ ᠭᠠᠳᠠᠭᠰᠢ ᠭᠠᠷᠴᠤ ᠦᠵᠡᠰᠬᠦᠯᠡᠩ ᠢ ᠣᠯᠵᠤ ᠬᠠᠷᠠᠬᠤ ᠪᠣᠯ ᠮᠠᠰᠢ ᠤᠯᠠᠨ ᠬᠤᠲᠠ ᠶᠢᠨ ᠠᠷᠠᠳ ᠤᠨ ᠬᠦᠰᠡᠨ ᠡᠷᠡᠮᠡᠯᠵᠡᠵᠦ ᠪᠠᠶᠢᠭ᠎ᠠ ᠬᠤᠲᠠ ᠶᠢᠨ ᠣᠷᠴᠢᠨ ᠲᠣᠭᠤᠷᠢᠨ ᠪᠣᠯᠤᠨ᠎ᠠ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠠᠵᠢᠯ ᠤᠨ ᠬᠦᠴᠦᠯᠡᠬᠦ ᠴᠡᠭ ᠪᠣᠯᠤᠨ᠎ᠠ᠃ ᠳ᠋ᠣᠩ ᠾᠧ ᠲᠣᠭᠤᠷᠢᠭ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ᠂ ᠣᠵᠡᠮᠵᠢ ᠶᠢ ᠰᠢᠨ᠎ᠡ ᠪᠠᠷ ᠨᠡᠮᠡᠭᠳᠡᠭᠦᠯᠬᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠨ᠂ ᠪᠦᠬᠦ ᠣᠷᠣᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢ ᠲᠠᠰᠤᠷᠠᠯᠲᠠᠦᠭᠡᠢ ᠳᠡᠭᠡᠭᠰᠢᠯᠡᠭᠦᠯᠵᠦ᠂ ᠨᠣᠭᠤᠭᠠᠨ ᠥᠩᠭᠡ ᠪᠠᠷ ᠬᠤᠲᠠ ᠶᠢᠨ ︽ᠵᠢᠰᠦ ᠴᠢᠷᠠᠶ︾᠎ ᠶᠢ ᠴᠢᠮᠡᠪᠡ᠃ ᠡᠨᠡ ᠵᠢᠯ ᠠᠴᠠ ᠨᠠᠰᠢ᠂ ᠬᠠᠷᠮᠠᠨ ᠴᠡᠴᠡᠷᠯᠢᠭ ᠢ 2 ᠪᠠᠶᠢᠭᠤᠯᠵᠤ᠂ ᠵᠢᠵᠢᠭ ᠴᠡᠴᠡᠷᠯᠢᠭ ᠢ 6 ᠥᠭᠡᠷᠡᠴᠢᠯᠡᠨ ᠪᠠᠶᠢᠭᠤᠯᠪᠠ᠃ ᠬᠤᠲᠠ ᠶᠢᠨ ᠲᠣᠭᠤᠷᠢᠭ ᠤᠨ ᠳᠣᠲᠣᠷᠠᠬᠢ ᠬᠡᠰᠡᠭ ᠵᠠᠮ ᠵᠢᠴᠢ ᠠᠭᠤᠳᠠᠮ ᠲᠠᠯᠠᠪᠠᠢ ᠶᠢᠨ ᠨᠥᠬᠦᠵᠦ ᠲᠠᠷᠢᠬᠤ ᠨᠥᠬᠦᠵᠦ ᠲᠠᠷᠢᠬᠤ ᠠᠵᠢᠯ ᠢ ᠬᠡᠷᠡᠭᠵᠢᠭᠦᠯᠵᠦ᠂ ᠣᠳᠣᠬᠠᠨ ᠳᠤ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35 . 12 %᠎ ᠲᠤ ᠬᠦᠷᠴᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 13 . 06 ᠲᠡᠭᠰᠢ ᠳᠥᠷᠪᠡᠯᠵᠢᠨ ᠮᠧᠳ᠋ᠷ ᠪᠣᠯᠵᠤ᠂ ᠵᠠᠮ ᠤᠨ ᠨᠣᠭᠤᠭᠠᠷᠠᠭᠤᠯᠤᠯᠲᠠ ᠶᠢᠨ ᠨᠣᠷᠮ᠎ᠠ 97 %᠎ ᠳᠤ ᠬᠦᠷᠴᠡᠢ᠃      ︽ᠡᠪᠦᠯ ᠤᠨ ᠤᠯᠠᠷᠢᠯ ᠤᠨ ᠰᠢᠨ᠎ᠡ ᠰᠣᠷᠭᠤᠭ ᠢᠳᠡᠰᠢᠨ ᠨᠣᠭᠤᠭ᠎ᠠ ᠬᠤᠳᠠᠯᠳᠤᠨ ᠠᠪᠬᠤ ᠰᠠᠨᠠᠭ᠎ᠠ ᠲᠠᠢ᠂ ︿ᠥᠨᠥᠳᠦᠷ ᠤᠨ ᠳ᠋ᠦᠩ ᠾᠧ﹀ ᠵᠢᠷᠭᠢ᠊ ᠡᠶ᠎ᠡ ᠶᠢᠨ ᠤᠯᠠᠨ ᠨᠡᠶᠢᠲᠡ ᠶᠢᠨ ᠳ᠋ᠤᠭᠠᠷ ᠠᠴᠠ ᠡᠨᠡ ᠬᠦ ᠨᠠᠮᠤᠷ ᠤᠨ ᠲᠦᠷ ᠴᠠᠭ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠪᠠᠶᠢᠷᠢ ᠶᠢ ᠣᠯᠵᠤ ᠬᠠᠷᠠᠯ᠎ᠠ᠂ ᠭᠡᠲᠡᠯ᠎ᠡ ᠠᠳᠡᠬᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠵᠢᠷᠤᠮᠵᠢᠯ ᠲᠠᠢ᠂ ᠨᠠᠮᠤᠷ ᠤᠨ ᠢᠳᠡᠰᠢᠨ ᠨᠣᠭᠤᠭ᠎ᠠ ᠶᠢᠨ ᠲᠦᠷᠦᠯ ᠵᠦᠢᠯ ᠨᠢ ᠪᠦᠷᠢᠨ ᠭᠦᠢᠴᠡᠳ᠂ ᠦᠨ᠎ᠡ ᠬᠠᠩᠰᠢ ᠨᠢ ᠪᠠᠰᠠ ᠬᠢᠮᠳᠠ ᠪᠠᠶᠢᠵᠤ᠂ ᠲᠠ ᠨᠠᠷ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠮᠠᠭᠲᠠᠨ ᠰᠠᠶᠢᠰᠢᠶᠠᠵᠤ ᠪᠠᠶᠢᠨ᠎ᠠ︕︾ ᠭᠡᠵᠦ ᠡᠦ ᠠᠪᠠᠭ᠋ᠠᠶ ᠯᠤᠤᠪᠠᠩ ᠰᠣᠩᠭᠤᠬᠤ ᠶᠢᠨ ᠳᠠᠭᠠᠤ ᠰᠤᠷᠪᠤᠯᠵᠢᠯᠠᠭᠴᠢ ᠳᠤ ᠬᠡᠯᠡᠪᠡ᠃
ᠠᠷᠠᠳ ᠲᠤ ᠲᠥᠬᠦᠮ ᠦᠵᠡᠭᠦᠯᠬᠦ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ᠃      ᠠᠷᠠᠳ ᠤᠨ ᠠᠮᠢᠳᠤᠷᠠᠯ ᠤᠨ ᠲᠥᠷᠥᠯ ᠵᠦᠶ᠋ᠯ ᠨᠢᠭᠡᠪᠦᠷᠢ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢᠨ ᠬᠠᠮᠲᠤ ᠂ ᠳ᠋ᠦᠩ ᠾᠧ ᠲᠣᠭᠤᠷᠢᠭ ᠤᠨ ᠬᠢᠨ ᠪᠠᠰᠠ ᠠᠷᠠᠳ ᠤᠨ ᠠᠮᠢᠳᠤᠷᠠᠯ ᠤᠨ ︽ᠪᠢᠴᠢᠯ ᠶᠠᠪᠤᠳᠠᠯ︾᠎ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠢᠴᠢᠯ ᠬᠡᠷᠡᠯ︾᠎ ᠢᠶᠠᠷ ︽ᠨᠠᠷᠢᠨ ᠵᠦᠶ᠋ᠯᠡᠰ︾ ᠨᠢᠭᠡᠪᠦᠷᠢ ᠶᠢ ᠭᠡᠶᠢᠭᠦᠯᠵᠦ ᠪᠠᠶᠢᠨ᠎ᠠ᠃ ᠨᠠᠮᠤᠷ ᠤᠨ ᠰᠡᠭᠦᠯᠴᠢ ᠶᠢᠨ ᠬᠦᠷᠴᠦ ᠢᠷᠡᠬᠦ ᠶᠢ ᠳᠠᠭᠠᠯᠳᠤᠨ᠂ ᠨᠠᠮᠤᠷ ᠤᠨ ᠨᠣᠭᠤᠭ᠎ᠠ ᠶᠢᠨ ᠠᠷᠠᠯᠵᠢᠶ᠎ᠠ ᠨᠢ ᠮᠠᠰᠢ ᠣᠯᠠᠨ ᠬᠤᠲᠠ ᠶᠢᠨ ᠠᠷᠠᠳ ᠤᠨ ᠠᠩᠬᠠᠷᠴᠤ ᠪᠠᠢᠭ᠎ᠠ ᠠᠰᠠᠭᠤᠳᠠᠯ ᠪᠣᠯᠵᠠᠶ᠃ ᠲᠠᠷᠢᠶᠠᠴᠢᠳ ᠢ ᠬᠡᠷᠬᠢᠨ ᠨᠣᠭᠤᠭ᠎ᠠ ᠬᠤᠳᠠᠯᠳᠤᠬᠤ ᠳᠤ ᠲᠥᠬᠦᠮ᠂ ᠬᠤᠲᠠ ᠶᠢᠨ ᠠᠷᠠᠳ ᠤᠨ ᠨᠣᠭᠤᠭ᠎ᠠ ᠬᠤᠳᠠᠯᠳᠤᠨ ᠠᠪᠬᠤ ᠳᠤ ᠠᠮᠠᠷᠬᠠᠨ ᠪᠣᠯᠭᠠᠬᠤ ᠶᠢᠨ ᠬᠠᠮᠲᠤ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢᠨ ᠡᠮᠬᠢ ᠵᠢᠷᠤᠮ ᠢ ᠪᠦᠲᠦᠮᠵᠢᠲᠡᠶ ᠬᠠᠮᠠᠭᠠᠯᠠᠬᠤ ᠪᠣᠶ︖ ᠳ᠋ᠦᠩ ᠾᠧ ᠲᠣᠭᠤᠷᠢᠭ ᠤᠨ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠰᠢ ᠾᠧ ᠵᠡᠭᠦᠨ ᠵᠠᠮ ᠤᠨ ᠡᠮᠦᠨ᠎ᠡ ᠬᠡᠰᠡᠭ᠂ ᠲᠡᠮᠦᠷ ᠵᠠᠮ ᠤᠨ ᠪᠠᠷᠠᠭᠤᠨ ᠣᠪᠣᠭ᠎ᠠ ᠵᠠᠮ᠂ ᠪᠠᠶ ᠶᠢᠨ ᠵᠠᠮ ᠤᠨ ᠡᠮᠦᠨ᠎ᠡ ᠬᠡᠰᠡᠭ ᠵᠡᠷᠭᠡ 8 ᠣᠷᠣᠨ ᠪᠦᠰᠡ ᠳᠤ ᠲᠦᠷ ᠴᠠᠭ ᠤᠨ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ ᠭᠠᠷᠭᠠᠵᠤ᠂ ᠬᠠᠤᠯᠢ ᠬᠡᠷᠡᠭᠵᠢᠭᠦᠯᠬᠦ ᠠᠵᠢᠯᠲᠠᠨ᠂ ᠨᠡᠶᠢᠭᠡᠮ ᠲᠣᠭᠤᠷᠢᠭ ᠤᠨ ᠲᠤᠤᠷᠵᠢᠭᠰᠠᠨ ᠠᠵᠢᠯᠲᠠᠨ ᠢ ᠲᠣᠬᠢᠷᠠᠭᠤᠯᠤᠨ ᠲᠠᠰᠤᠷᠠᠯᠲᠠ ᠥᠬᠡᠶ ᠲᠣᠭᠤᠷᠢᠨ ᠪᠠᠶᠢᠴᠠᠭᠠᠵᠤ᠂ ᠵᠠᠮ ᠡᠵᠡᠯᠡᠨ ᠡᠵᠡᠩᠨᠡᠬᠦ᠂ ᠬᠤᠭ ᠨᠣᠪᠰᠢ ᠣᠪᠣᠭᠠᠯᠠᠬᠤ᠂ ᠥᠨᠳᠥᠷ ᠲᠠᠭᠤᠨ ᠢᠶᠠᠷ ᠠᠷᠠᠳ ᠢ ᠦᠶ᠋ᠮᠡᠭᠦᠯᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠢᠶ᠋ᠳᠪᠦᠷᠢᠯᠡᠨ ᠰᠢᠶ᠋ᠳᠪᠦᠷᠢᠯᠡᠵᠦ᠂ ᠰᠡᠳᠬᠢᠯ ᠳᠡᠯᠪᠢᠨ ᠡᠲᠡᠭᠡᠷ ︽ᠪᠠᠭ᠎ᠠ ᠶᠠᠪᠤᠳᠠᠯ︾᠎ ᠢ ᠪᠣᠳᠠᠲᠠᠶ ᠳᠤ ᠨᠠᠶᠢᠳᠠᠪᠤᠷᠢᠵᠢᠭᠤᠯᠪᠠ᠃      ᠦᠨᠡᠨ ᠶᠠᠪᠤᠳᠠᠯ ᠬᠤᠶᠢᠨ᠎ᠠ ᠬᠤᠶᠢᠨ᠎ᠠ ᠠᠴᠠ ᠪᠠᠨ᠃ ᠳ᠋ᠦᠩ ᠮᠤᠨ ᠵᠡᠭᠡᠯᠢ ᠶᠢᠨ ᠬᠤᠶᠢᠲᠤ ᠬᠤᠷᠢᠶᠠᠯᠠᠯ ᠳᠤ ᠰᠠᠭᠤᠳᠠᠭ ᠵᠠᠩ ᠠᠪᠤᠭᠠᠢ ᠤᠢᠢᠷ᠎ᠠ ᠳᠤ ᠪᠠᠰᠠ ᠨᠢᠭᠡᠨ ︽ᠰᠡᠳᠬᠢᠯ ᠢ ᠳᠤᠯᠠᠭᠠᠴᠠᠭᠤᠯᠬᠤ ᠶᠠᠪᠤᠳᠠᠯ︾᠎ ᠳᠤ ᠲᠤᠯᠭᠠᠷᠠᠭᠰᠠᠨ ᠪᠠᠶᠢᠨ᠎ᠠ᠃ ᠥᠩᠭᠡᠷᠡᠭᠰᠡᠨ ᠳᠤ ᠵᠠᠩ ᠠᠪᠤᠭᠠᠶ ᠶᠢᠨ ᠬᠠᠮᠤᠭ ᠠᠴᠠ ︽ᠲᠣᠯᠣᠭᠠᠶ ᠡᠪᠡᠳᠳᠡᠭ︾ ᠤᠴᠢᠷ ᠭᠡᠪᠡᠯ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠲᠡᠷᠭᠡ ᠵᠣᠭᠰᠣᠬᠤ ᠭᠠᠵᠠᠷ ᠴᠥᠭᠡᠨ᠂ ᠮᠠᠰᠢ ᠣᠯᠠᠨ ᠰᠠᠭᠤᠭᠠᠯᠢ ᠠᠷᠠᠳ ᠲᠡᠷᠭᠡ ᠪᠠᠨ ᠵᠠᠮ ᠤᠨ ᠬᠠᠵᠠᠭᠤ ᠳᠤ ᠳᠤᠷ᠎ᠠ ᠪᠠᠷ ᠢᠶᠠᠨ ᠵᠣᠭᠰᠣᠭᠠᠪᠠᠯ ᠣᠶᠢᠷ᠎ᠠ ᠬᠠᠪᠢ ᠶᠢᠨ ᠰᠠᠭᠤᠭᠠᠯᠢ ᠠᠷᠠᠳ ᠲᠡᠷᠭᠡ ᠵᠣᠭᠰᠣᠭᠠᠬᠤ ᠳᠤ ᠬᠦᠴᠢᠷᠲᠡᠶ ᠪᠣᠯᠬᠤ ᠪᠠᠷ ᠪᠠᠷᠠᠬᠤ ᠥᠬᠡᠶ᠂ ᠵᠠᠮ ᠬᠠᠷᠢᠯᠴᠠᠭ᠎ᠠ ᠠᠮᠠᠷᠬᠠᠨ ᠲᠦᠭᠵᠢᠷᠡᠵᠦ᠂ ᠬᠤᠲᠠ ᠶᠢᠨ ᠭᠤᠶᠣ ᠰᠠᠶᠢᠬᠠᠨ ᠢ ᠨᠥᠯᠥᠭᠡᠯᠡᠳᠡᠭ᠃      ︽ᠣᠯᠠᠨ ᠲᠦᠮᠡᠨ ᠤ ᠲᠤᠰᠬᠠᠭᠰᠠᠨ ᠪᠠᠶᠢᠳᠠᠯ ᠢ ᠣᠯᠤᠭᠰᠠᠨ ᠤ ᠳᠠᠷᠠᠭ᠎ᠠ᠂ ᠪᠢᠳᠡ ᠲᠡᠷᠡ ᠳᠠᠷᠤᠶ ᠳᠤᠨᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠰᠥᠨᠢ ᠶᠢᠨ ᠤᠷᠤᠰᠬᠠᠯ ᠴᠥᠭᠡᠨ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠣᠨᠴᠠᠯᠢᠭ ᠢ ᠨᠥᠯᠥᠭᠡᠯᠡᠬᠦ ᠥᠬᠡᠶ ᠪᠠᠶᠢᠬᠤ ᠣᠨᠴᠠᠯᠢᠭ ᠢ ᠠᠰᠢᠭᠯᠠᠨ᠂ ᠰᠥᠨᠢ ᠪᠠᠷ ᠳ᠋ᠦᠩ ᠮᠧᠨ ᠶᠡᠭᠡ ᠵᠡᠭᠡᠯᠢ ᠶᠢᠨ ᠬᠤᠶᠢᠲᠤ ᠰᠠᠭᠤᠭᠠᠯᠢ ᠲᠣᠭᠤᠷᠢᠭ᠂ ᠾᠧ ᠹᠧᠩ ᠶᠤᠸᠠᠨ᠂ ᠹᠦ᠋ ᠷᠦᠢ ᠬᠤᠸᠠ ᠶᠤᠸᠠᠨ ᠪᠠᠷᠠᠭᠤᠨ ᠲᠣᠭᠤᠷᠢᠭ ᠵᠡᠷᠭᠡ ᠰᠠᠭᠤᠭᠠᠯᠢ ᠠᠷᠠᠳ ᠤᠨ ᠲᠣᠭᠤᠷᠢᠭ ᠲᠤ ᠲᠡᠷᠭᠡ ᠵᠣᠭᠰᠣᠬᠤ ᠭᠠᠵᠠᠷ ᠵᠢᠷᠤᠵᠤ᠂ ᠨᠡᠶᠢᠲᠡ 188 ᠲᠡᠷᠭᠡ ᠵᠣᠭᠰᠣᠬᠤ ᠭᠠᠵᠠᠷ ᠭᠠᠷᠭᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠪᠡ᠃︾ ᠭᠡᠵᠦ ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠢᠯᠡᠷᠬᠡᠶᠢᠯᠡᠪᠡ᠃
.ᠣᠷᠣᠨ ᠪᠠᠶᠢᠷᠢ ᠵᠢᠷᠤᠵᠤ ᠥᠭᠬᠦ᠃      ᠪᠠᠭ᠎ᠠ ᠠᠴᠠ ᠵᠡᠭᠡᠯᠢ ᠭᠤᠳᠤᠮᠵᠢ᠂ ᠵᠢᠵᠢᠭ ᠪᠢᠴᠢᠯ ᠴᠡᠴᠡᠷᠯᠢᠭ ᠬᠦᠷᠲᠡᠯ᠎ᠡ ᠨᠠᠷᠢᠯᠢᠭ ᠰᠡᠶᠢᠯᠵᠦ᠂ ᠶᠡᠭᠡ ᠠᠴᠠ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠥᠭᠡᠷᠡᠴᠢᠯᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠬᠠᠷᠢᠭᠤᠴᠠᠯᠭ᠎ᠠ ᠶᠢᠨ ᠨᠠᠷᠢᠨ ᠲᠠᠩᠰᠠ︾ ᠠᠭᠠᠵᠢᠮ ᠢᠶᠠᠷ ᠰᠠᠭᠤᠭᠠᠯᠢ ᠠᠷᠠᠳ ᠤᠨ ︽ᠵᠣᠯ ᠵᠢᠷᠭᠠᠯ ᠤᠨ ᠳᠠᠩᠰᠠ︾ ᠪᠣᠯᠵᠠᠢ᠃      ᠢᠮᠦ ᠣᠯᠠᠨ ᠠᠷᠠᠳ ᠤᠨ ᠠᠮᠢᠳᠤᠷᠠᠯ ᠤᠨ ᠲᠥᠰᠦᠯ ᠢ ᠬᠡᠷᠬᠢᠨ ᠲᠣᠭᠲᠠᠭᠠᠭᠰᠠᠨ ᠪᠤᠢ ᠭᠡᠵᠦ ᠠᠰᠠᠭᠤᠭᠳᠠᠬᠤ ᠦᠶᠡᠰ᠂ ᠲᠦᠷᠭᠡᠨ ᠭᠠᠵᠠᠷ ᠪᠠᠭᠤᠬᠤ ᠦᠶᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠳ᠋ᠦᠩ ᠾᠧ ᠲᠣᠭᠤᠷᠢᠭ ᠤᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠶ᠋ᠯ ᠤᠨ ᠠᠬᠢᠴᠠ ᠶᠢᠨ ᠨᠠᠷᠢᠨ ᠲᠠᠩᠰᠠ︾᠎ ᠶᠢ ᠠᠪᠴᠤ ᠰᠤᠷᠪᠤᠯᠵᠢᠯᠠᠭᠴᠢ ᠳᠤ ᠲᠠᠨᠢᠯᠴᠠᠭᠤᠯᠪᠠ᠂ ︽ᠪᠢᠳᠡ ᠡᠯ᠎ᠡ ᠵᠡᠭᠡᠯᠢ ᠭᠤᠳᠤᠮᠵᠢ ᠶᠢ ᠵᠣᠬᠢᠶᠠᠨ ᠪᠠᠶᠢᠭᠤᠯᠤᠨ᠎ᠠ᠂ ᠰᠠᠯᠠᠭ᠎ᠠ ᠮᠥᠴᠢᠷ ᠤᠨ ᠠᠵᠢᠯᠲᠠᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠪᠡ᠂ ︿ᠭᠤᠷᠪᠠ ᠶᠢ ᠠᠰᠠᠭᠤᠬᠤ﹀ ᠠᠵᠢᠯᠯᠠᠭ᠎ᠠ ᠥᠷᠨᠢᠭᠦᠯᠬᠦ᠂ ᠣᠯᠠᠨ ᠲᠦᠮᠡᠨ ᠤ ᠠᠩᠬᠠᠷᠴᠤ ᠪᠠᠢᠭ᠎ᠠ ᠬᠠᠭᠤᠴᠢᠨ ᠬᠦᠯᠡᠮᠵᠢ ᠶᠢᠨ ᠥᠭᠡᠷᠡᠴᠢᠯᠡᠯᠲᠡ ᠶᠢ ᠡᠮᠬᠢᠯᠡᠨ ᠭᠠᠷᠭᠠᠪᠠ᠂ ︿ᠵᠣᠷᠯᠣᠩ ᠤᠨ ᠬᠤᠪᠢᠰᠬᠠᠯ﹀᠎ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠣᠷᠣᠨ ᠤ ᠲᠠᠰ ᠤᠨ ᠠᠷᠠᠳ ᠤᠨ ᠠᠮᠢᠳᠤᠷᠠᠯ ᠤᠨ 23 ᠶᠡᠭᠡ ᠲᠥᠷᠥᠯ ᠵᠦᠶ᠋ᠯ ᠤᠨ ᠨᠠᠷᠢᠨ ᠲᠠᠩᠰᠠ᠂ ᠬᠠᠷᠢᠭᠤᠴᠠᠯᠭᠠᠲᠤ ᠨᠢᠭᠡᠴᠢ᠂ ᠠᠶᠢᠲ᠋ᠤᠮ ᠤᠨ ᠨᠡᠷᠡᠶᠢᠳᠦᠯ᠂ ᠠᠵᠢᠯ ᠤᠨ ᠠᠬᠢᠴᠠ᠂ ᠬᠠᠷᠢᠭᠤᠴᠠᠬᠤ ᠤᠳᠤᠷᠢᠳᠤᠯᠭ᠎ᠠ᠂ ᠪᠡᠶᠡᠯᠡᠭᠦᠯᠬᠦ ᠴᠠᠭ ᠬᠤᠭᠤᠴᠠᠭ᠎ᠠ ᠵᠡᠷᠭᠡ ᠵᠦᠶ᠋ᠯᠡᠰ ᠢ ᠲᠣᠳᠣᠷᠬᠠᠶᠢᠯᠠᠨ᠎ᠠ᠂ ᠡᠯᠭᠦᠮᠡᠯ ᠵᠢᠷᠤᠭ ᠢᠶᠠᠷ ᠪᠠᠶᠢᠯᠳᠤᠭᠠᠨ ᠬᠢᠬᠦ ᠪᠠ ᠬᠥᠳᠡᠯᠦᠩᠭᠦᠶ ᠬᠢᠨᠠᠨ ᠵᠢᠯᠣᠭᠤᠳᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠴᠥᠮ ᠬᠠᠮᠤᠭ ᠤᠨ ᠲᠦᠷᠭᠡᠨ ᠬᠤᠷᠳᠤᠴᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃︾᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1