︽ᠥᠩᠭᠡᠷᠡᠭᠰᠡᠨ ᠳᠤ ᠠᠳᠡ ᠪᠡᠶ᠎ᠡ ᠪᠠᠨ ᠪᠣᠯᠪᠠᠰᠤᠷᠠᠭᠤᠯᠬᠤ ᠳᠤ ᠬᠠᠮᠤᠭ ᠤᠨ ᠵᠣᠪᠠᠳᠠᠭ ᠨᠢ ᠵᠣᠷᠯᠣᠩ ᠪᠠᠶᠢᠬᠤ | ᠥᠬᠡᠶ ᠶᠠᠪᠤᠳᠠᠯ ᠪᠣᠯᠤᠨ᠎ᠠ᠂ ᠣᠲᠣ ᠰᠠᠶᠢᠨ ᠪᠣᠯᠵᠠᠶ᠂ ᠰᠢᠨ᠎ᠡ ᠪᠠᠷ ᠪᠠᠶᠢᠭᠤᠯᠤᠭᠰᠠᠨ ᠨᠡᠶᠢᠲᠡ ᠶᠢᠨ ᠵᠣᠷᠯᠣᠩ ᠳᠤ | ᠤᠶᠤᠨᠲᠤ ᠠᠪᠢᠶ᠎ᠠ ᠶᠢᠨ ᠰᠠᠨᠠᠭᠤᠯᠤᠮᠵᠢ᠂ ᠤᠰᠤ ᠰᠦᠷᠴᠢᠬᠦ ᠠᠦ᠋ᠲ᠋ᠣ᠋ ᠲᠥᠬᠦᠭᠡᠷᠦᠮᠵᠢ᠂ ᠠᠩᠬᠢᠯᠤᠮ᠎ᠠ ᠦᠨᠦᠷ | ᠠᠷᠢᠯᠭᠠᠬᠤ ᠲᠥᠬᠦᠭᠡᠷᠦᠮᠵᠢ ᠵᠡᠷᠭᠡ ᠪᠠᠶᠢᠬᠤ ᠪᠠᠷ ᠪᠠᠷᠠᠬᠤ ᠥᠬᠡᠶ᠂ ᠡᠪᠦᠯ ᠪᠠᠰᠠ ᠴᠠᠬᠢᠯᠭᠠᠨ ᠳᠤᠯᠠᠭᠠᠮᠵᠢ ᠪᠠᠶᠢᠳᠠᠭ᠂ | ᠥᠷᠯᠥᠭᠡ ᠶᠢᠨ 7 ᠴᠠᠭ ᠠᠴᠠ ᠣᠷᠣᠶ ᠶᠢᠨ 10 ᠴᠠᠭ ᠪᠣᠯᠲᠠᠯ᠎ᠠ ᠬᠡᠷᠡᠭᠯᠡᠵᠦ ᠪᠣᠯᠤᠨ᠎ᠠ᠂ ᠡᠨᠡ ᠨᠢ ᠦᠨᠡᠬᠡᠷ ᠲᠥᠬᠦᠮ | ᠮᠥᠷᠲᠡᠭᠡᠨ ᠲᠠᠭᠠᠯᠠᠮᠵᠢᠲᠠᠶ ᠶᠤᠮ᠃︾ ᠯᠦᠩ ᠽᠧ ᠲᠠᠯᠠᠪᠠᠢ ᠳᠤ ᠥᠷᠯᠥᠭᠡ ᠭᠦᠶᠦᠵᠦ ᠪᠠᠢᠭ᠎ᠠ ᠰᠠᠭᠤᠭᠠᠯᠢ ᠠᠷᠠᠳ | ᠳ᠋ᠤᠸᠠᠨ ᠠᠪᠤᠭᠠᠢ ᠪᠠᠶᠠᠷᠲᠠᠶ ᠪᠠᠷ ᠬᠡᠯᠡᠪᠡ᠃ | | | | | ᠪᠣᠬᠢᠷᠲᠤᠯ ᠦᠭᠡᠢ ᠤᠭᠰᠠᠷᠠᠮᠠᠯ ᠨᠡᠶᠢᠲᠡ ᠶᠢᠨ ᠵᠣᠷᠯᠣᠩ ᠤᠭᠰᠠᠷᠠᠬᠤ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ᠂ ᠳ᠋ᠦᠩ ᠾᠧ ᠲᠣᠭᠤᠷᠢᠭ ᠪᠤᠭᠤᠲᠤ ᠬᠤᠳᠠ ᠶᠢᠨ | ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠰᠡᠯ ᠪᠤᠳᠤᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ | ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠪᠠᠷ ᠳᠠᠮᠵᠢᠨ ᠯᠦᠩ ᠽᠧ ᠠᠭᠤᠳᠠᠮ ᠲᠠᠯᠠᠪᠠᠢ᠂ ᠠᠯᠤᠰ | ᠬᠤᠯᠠ ᠶᠢᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠭᠠᠯ ᠳᠠᠭᠠᠭᠠᠮᠠᠭᠠᠢ ᠦᠢᠯᠡᠳᠪᠦᠷᠢ ᠶᠢᠨ ᠵᠠᠮ ᠵᠡᠷᠭᠡ | ᠭᠠᠵᠠᠷ ᠲᠤ ᠨᠡᠶᠢᠲᠡ ᠶᠢᠨ ᠵᠣᠷᠯᠣᠩ ᠳᠤᠲᠠᠭᠳᠠᠵᠤ᠂ ︽ᠨᠡᠶᠢᠲᠡ ᠶᠢᠨ ᠵᠣᠷᠯᠣᠩ ᠤᠨ ᠲᠤᠬᠢᠷᠠᠭᠤᠯᠤᠯᠳᠠ ᠪᠠᠭ᠎ᠠ᠂ | ᠵᠣᠷᠯᠣᠩ ᠳᠤ ᠣᠷᠣᠬᠤ ᠳᠤ ᠬᠦᠴᠢᠷ︾᠂ ︽ᠬᠠᠭᠤᠷᠠᠢ ᠵᠣᠷᠯᠣᠩ ᠤᠨ ᠨᠥᠬᠦᠴᠡᠯ ᠮᠠᠭᠤ᠂ ᠵᠣᠷᠯᠣᠩ ᠬᠦᠴᠢᠷ ᠵᠡᠷᠭᠡ | ᠠᠰᠠᠭᠤᠳᠠᠯ ᠨᠢ ᠰᠠᠭᠤᠭᠠᠯᠢ ᠠᠷᠠᠳ ᠤᠨ ︽ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ︾ ᠪᠣᠯᠤᠭᠰᠠᠨ ᠢ ᠣᠯᠵᠤ | ᠮᠡᠳᠡᠪᠡ᠃ ᠣᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠦᠩ ᠾᠧ ᠲᠣᠭᠤᠷᠢᠭ ︽ | ᠵᠣᠷᠯᠣᠩ ᠤᠨ ᠬᠤᠪᠢᠰᠬᠠᠯ︾ ᠢ ᠭᠦᠨᠵᠡᠭᠡᠶ ᠠᠬᠢᠭᠤᠯᠵᠤ᠂ ᠵᠦᠶ ᠵᠣᠬᠢᠰᠲᠠᠶ ᠣᠷᠣᠨ ᠪᠦᠰᠡ ᠳᠤ ᠰᠢᠯᠵᠢᠮᠡᠯ | ᠤᠭᠰᠠᠷᠠᠮᠠᠯ ᠨᠡᠶᠢᠲᠡ ᠶᠢᠨ ᠵᠣᠷᠯᠣᠩ ᠤᠭᠰᠠᠷᠠᠬᠤ ᠶᠢᠨ ᠬᠠᠮᠲᠤ᠂ ᠨᠢᠭᠡᠨᠲᠡ ᠪᠠᠶᠢᠭ᠎ᠠ ᠨᠡᠶᠢᠲᠡ ᠶᠢᠨ ᠵᠣᠷᠯᠣᠩ ᠢ ᠲᠠᠰ | ᠳᠡᠪᠰᠢᠭᠦᠯᠦᠨ ᠥᠭᠡᠷᠡᠴᠢᠯᠡᠵᠦ᠂ ᠨᠠᠷᠢᠨ ᠨᠢᠮᠪᠠᠶ ᠲᠥᠯᠥᠪᠵᠢᠭᠦᠯᠬᠦ ᠪᠠ ᠶᠡᠭᠡ ᠪᠠᠷ ᠠᠬᠢᠭᠤᠯᠬᠤ ᠪᠠᠷ ᠳᠡᠮᠵᠢᠨ᠂ | ᠥᠩᠭᠡᠷᠡᠭᠰᠡᠨ ᠤ ᠳᠥᠭᠦᠮ ᠪᠦᠳᠦᠭᠦᠯᠢᠭ ᠨᠡᠶᠢᠲᠡ ᠶᠢᠨ ᠵᠣᠷᠯᠣᠩ ᠤᠳ ᠢ ︽ᠥᠩᠭᠡ ᠵᠢᠰᠦ ᠨᠢ ᠥᠨᠳᠥᠷ︾᠂ | ᠴᠢᠳᠠᠮᠵᠢ ᠨᠢ ᠪᠦᠷᠢᠨ᠂ ᠣᠷᠴᠢᠨ ᠲᠣᠭᠤᠷᠢᠨ ᠨᠢ ᠲᠠᠭᠠᠯᠠᠮᠵᠢᠲᠠᠶ ᠠᠷᠠᠳ ᠲᠤ ᠲᠥᠬᠦᠮ ᠦᠵᠡᠭᠦᠯᠬᠦ ᠲᠥᠬᠦᠭᠡᠷᠦᠮᠵᠢ | ᠪᠣᠯᠭᠠᠨ ᠬᠤᠪᠢᠷᠠᠭᠤᠯᠪᠠ᠃ ᠣᠳᠣᠬᠠᠨ ᠪᠣᠯᠲᠠᠯ᠎ᠠ᠂ ᠭᠤᠤᠯ ᠬᠤᠲᠠ ᠶᠢᠨ ᠲᠣᠭᠤᠷᠢᠭ ᠤᠨ 44 ᠰᠠᠭᠤᠷᠢ ᠬᠠᠭᠤᠷᠠᠶ | ᠵᠣᠷᠯᠣᠩ ᠢ ᠪᠦᠬᠦᠨ ᠢ ᠨᠤᠷᠠᠭᠠᠵᠤ᠂ 2 ᠰᠠᠭᠤᠷᠢ ᠲᠣᠭᠲᠠᠮᠠᠯ ᠨᠡᠶᠢᠲᠡ ᠶᠢᠨ ᠵᠣᠷᠯᠣᠩ ᠢ ᠰᠢᠨ᠎ᠡ ᠪᠠᠷ ᠨᠡᠮᠡᠭᠳᠡᠭᠦᠯᠵᠦ᠂ | 47 ᠰᠠᠭᠤᠷᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠵᠢ ᠪᠦᠷᠢᠳᠦᠭᠦᠯᠬᠦ ᠨᠡᠶᠢᠲᠡ ᠶᠢᠨ ᠵᠣᠷᠯᠣᠩ ᠲᠠᠯᠪᠢᠵᠤ᠂ | ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠲᠥᠬᠦᠮ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ | ᠬᠤᠲᠠ ᠶᠢᠨ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠪᠠ ᠪᠣᠯᠪᠠᠰᠤᠨ ᠤ ᠬᠡᠮᠵᠢᠶ᠎ᠡ ᠶᠢ | ᠳᠡᠭᠡᠭᠰᠢᠯᠡᠭᠦᠯᠪᠡ᠃ | | | | | ᠳ᠋ᠦᠩ ᠾᠧ ᠦᠵᠡᠮᠵᠢ ᠶᠢᠨ ᠣᠷᠣᠨ ᠢ ᠨᠣᠭᠤᠭᠠᠷᠠᠭᠤᠯᠬᠤ᠃ | ︽ᠬᠤᠲᠠ ᠶᠢᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠢᠨᠵᠧᠨᠧᠷᠢᠩ ᠪᠣᠯ ᠳ᠋ᠦᠩ ᠾᠧ ᠲᠣᠭᠤᠷᠢᠭ ᠤᠨ | ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠬᠦ ᠪᠠᠰᠠ ᠨᠢᠭᠡ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠲᠣᠯᠣᠭᠠᠢ | ᠥᠨᠳᠡᠶᠢᠨ ᠨᠣᠭᠤᠭᠠᠨ ᠥᠩᠭᠡ ᠶᠢ ᠣᠯᠵᠤ ᠬᠠᠷᠠᠨ᠂ ᠭᠠᠳᠠᠭᠰᠢ ᠭᠠᠷᠴᠤ ᠦᠵᠡᠰᠬᠦᠯᠡᠩ ᠢ ᠣᠯᠵᠤ ᠬᠠᠷᠠᠬᠤ ᠪᠣᠯ | ᠮᠠᠰᠢ ᠤᠯᠠᠨ ᠬᠤᠲᠠ ᠶᠢᠨ ᠠᠷᠠᠳ ᠤᠨ ᠬᠦᠰᠡᠨ ᠡᠷᠡᠮᠡᠯᠵᠡᠵᠦ ᠪᠠᠶᠢᠭ᠎ᠠ ᠬᠤᠲᠠ ᠶᠢᠨ ᠣᠷᠴᠢᠨ ᠲᠣᠭᠤᠷᠢᠨ ᠪᠣᠯᠤᠨ᠎ᠠ᠂ | ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠨᠠᠮ ᠤᠨ ᠬᠤᠷᠢ᠊ ᠡᠶ᠎ᠡ᠂ | ᠵᠠᠰᠠᠭ ᠤᠨ ᠣᠷᠳᠣᠨ ᠤ ᠠᠵᠢᠯ ᠤᠨ ᠬᠦᠴᠦᠯᠡᠬᠦ ᠴᠡᠭ ᠪᠣᠯᠤᠨ᠎ᠠ᠃ ᠳ᠋ᠣᠩ ᠾᠧ ᠲᠣᠭᠤᠷᠢᠭ ᠠᠮᠢ ᠠᠬᠤᠶ ᠶᠢᠨ | ᠣᠷᠴᠢᠨ ᠲᠣᠭᠤᠷᠢᠨ ᠢ ᠰᠡᠷᠭᠦᠭᠡᠬᠦ᠂ ᠣᠵᠡᠮᠵᠢ ᠶᠢ ᠰᠢᠨ᠎ᠡ ᠪᠠᠷ ᠨᠡᠮᠡᠭᠳᠡᠭᠦᠯᠬᠦ᠂ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠨ᠂ ᠪᠦᠬᠦ ᠣᠷᠣᠨ ᠤ ᠨᠣᠭᠤᠭᠠᠷᠠᠭᠤᠯᠤᠯᠲᠠ ᠶᠢᠨ | ᠪᠦᠷᠬᠦᠴᠡ ᠶᠢ ᠲᠠᠰᠤᠷᠠᠯᠲᠠᠦᠭᠡᠢ ᠳᠡᠭᠡᠭᠰᠢᠯᠡᠭᠦᠯᠵᠦ᠂ ᠨᠣᠭᠤᠭᠠᠨ ᠥᠩᠭᠡ ᠪᠠᠷ ᠬᠤᠲᠠ ᠶᠢᠨ ︽ᠵᠢᠰᠦ ᠴᠢᠷᠠᠶ︾ ᠶᠢ | ᠴᠢᠮᠡᠪᠡ᠃ ᠡᠨᠡ ᠵᠢᠯ ᠠᠴᠠ ᠨᠠᠰᠢ᠂ ᠬᠠᠷᠮᠠᠨ ᠴᠡᠴᠡᠷᠯᠢᠭ ᠢ 2 ᠪᠠᠶᠢᠭᠤᠯᠵᠤ᠂ ᠵᠢᠵᠢᠭ ᠴᠡᠴᠡᠷᠯᠢᠭ ᠢ 6 ᠥᠭᠡᠷᠡᠴᠢᠯᠡᠨ | ᠪᠠᠶᠢᠭᠤᠯᠪᠠ᠃ ᠬᠤᠲᠠ ᠶᠢᠨ ᠲᠣᠭᠤᠷᠢᠭ ᠤᠨ ᠳᠣᠲᠣᠷᠠᠬᠢ ᠬᠡᠰᠡᠭ ᠵᠠᠮ ᠵᠢᠴᠢ ᠠᠭᠤᠳᠠᠮ ᠲᠠᠯᠠᠪᠠᠢ ᠶᠢᠨ ᠨᠥᠬᠦᠵᠦ | ᠲᠠᠷᠢᠬᠤ ᠨᠥᠬᠦᠵᠦ ᠲᠠᠷᠢᠬᠤ ᠠᠵᠢᠯ ᠢ ᠬᠡᠷᠡᠭᠵᠢᠭᠦᠯᠵᠦ᠂ ᠣᠳᠣᠬᠠᠨ ᠳᠤ ᠬᠤᠲᠠ ᠶᠢᠨ ᠲᠣᠭᠤᠷᠢᠭ ᠤᠨ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 35 . 12 % ᠲᠤ ᠬᠦᠷᠴᠦ᠂ ᠬᠥᠮᠦᠨ ᠳᠤᠮᠳᠠᠴᠢ ᠶᠢᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 13 . 06 ᠲᠡᠭᠰᠢ ᠳᠥᠷᠪᠡᠯᠵᠢᠨ ᠮᠧᠳ᠋ᠷ ᠪᠣᠯᠵᠤ᠂ ᠵᠠᠮ ᠤᠨ | ᠨᠣᠭᠤᠭᠠᠷᠠᠭᠤᠯᠤᠯᠲᠠ ᠶᠢᠨ ᠨᠣᠷᠮ᠎ᠠ 97 % ᠳᠤ ᠬᠦᠷᠴᠡᠢ᠃ | ︽ᠡᠪᠦᠯ ᠤᠨ ᠤᠯᠠᠷᠢᠯ ᠤᠨ ᠰᠢᠨ᠎ᠡ ᠰᠣᠷᠭᠤᠭ ᠢᠳᠡᠰᠢᠨ ᠨᠣᠭᠤᠭ᠎ᠠ ᠬᠤᠳᠠᠯᠳᠤᠨ ᠠᠪᠬᠤ ᠰᠠᠨᠠᠭ᠎ᠠ ᠲᠠᠢ᠂ ︿ | ᠥᠨᠥᠳᠦᠷ ᠤᠨ ᠳ᠋ᠦᠩ ᠾᠧ﹀ ᠵᠢᠷᠭᠢ᠊ ᠡᠶ᠎ᠡ ᠶᠢᠨ ᠤᠯᠠᠨ ᠨᠡᠶᠢᠲᠡ ᠶᠢᠨ ᠳ᠋ᠤᠭᠠᠷ ᠠᠴᠠ ᠡᠨᠡ ᠬᠦ ᠨᠠᠮᠤᠷ ᠤᠨ ᠲᠦᠷ | ᠴᠠᠭ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠪᠠᠶᠢᠷᠢ ᠶᠢ ᠣᠯᠵᠤ ᠬᠠᠷᠠᠯ᠎ᠠ᠂ ᠭᠡᠲᠡᠯ᠎ᠡ ᠠᠳᠡᠬᠢ ᠶᠢᠨ | ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠵᠢᠷᠤᠮᠵᠢᠯ ᠲᠠᠢ᠂ ᠨᠠᠮᠤᠷ ᠤᠨ ᠢᠳᠡᠰᠢᠨ ᠨᠣᠭᠤᠭ᠎ᠠ ᠶᠢᠨ ᠲᠦᠷᠦᠯ ᠵᠦᠢᠯ ᠨᠢ | ᠪᠦᠷᠢᠨ ᠭᠦᠢᠴᠡᠳ᠂ ᠦᠨ᠎ᠡ ᠬᠠᠩᠰᠢ ᠨᠢ ᠪᠠᠰᠠ ᠬᠢᠮᠳᠠ ᠪᠠᠶᠢᠵᠤ᠂ ᠲᠠ ᠨᠠᠷ ᠤᠨ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡ ᠶᠢ ᠮᠠᠭᠲᠠᠨ ᠰᠠᠶᠢᠰᠢᠶᠠᠵᠤ ᠪᠠᠶᠢᠨ᠎ᠠ︕︾ ᠭᠡᠵᠦ ᠡᠦ ᠠᠪᠠᠭ᠋ᠠᠶ ᠯᠤᠤᠪᠠᠩ ᠰᠣᠩᠭᠤᠬᠤ ᠶᠢᠨ ᠳᠠᠭᠠᠤ | ᠰᠤᠷᠪᠤᠯᠵᠢᠯᠠᠭᠴᠢ ᠳᠤ ᠬᠡᠯᠡᠪᠡ᠃ | | | ᠠᠷᠠᠳ ᠲᠤ ᠲᠥᠬᠦᠮ ᠦᠵᠡᠭᠦᠯᠬᠦ ᠨᠠᠮᠤᠷ ᠤᠨ ᠨᠣᠭᠤᠭ᠎ᠠ ᠶᠢᠨ ᠵᠠᠬ᠎ᠠ ᠳᠡᠯᠭᠡᠭᠦᠷ᠃ | ᠠᠷᠠᠳ ᠤᠨ ᠠᠮᠢᠳᠤᠷᠠᠯ ᠤᠨ ᠲᠥᠷᠥᠯ ᠵᠦᠶ᠋ᠯ ᠨᠢᠭᠡᠪᠦᠷᠢ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢᠨ ᠬᠠᠮᠲᠤ | ᠂ ᠳ᠋ᠦᠩ ᠾᠧ ᠲᠣᠭᠤᠷᠢᠭ ᠤᠨ ᠬᠢᠨ ᠪᠠᠰᠠ ᠠᠷᠠᠳ ᠤᠨ ᠠᠮᠢᠳᠤᠷᠠᠯ ᠤᠨ ︽ᠪᠢᠴᠢᠯ ᠶᠠᠪᠤᠳᠠᠯ︾ ᠳᠤ | ᠠᠩᠬᠠᠷᠤᠯ ᠢᠶᠠᠨ ᠲᠥᠪᠯᠡᠷᠡᠭᠦᠯᠵᠦ᠂ ︽ᠪᠢᠴᠢᠯ ᠬᠡᠷᠡᠯ︾ ᠢᠶᠠᠷ ︽ᠨᠠᠷᠢᠨ ᠵᠦᠶ᠋ᠯᠡᠰ︾ ᠨᠢᠭᠡᠪᠦᠷᠢ ᠶᠢ ᠭᠡᠶᠢᠭᠦᠯᠵᠦ | ᠪᠠᠶᠢᠨ᠎ᠠ᠃ ᠨᠠᠮᠤᠷ ᠤᠨ ᠰᠡᠭᠦᠯᠴᠢ ᠶᠢᠨ ᠬᠦᠷᠴᠦ ᠢᠷᠡᠬᠦ ᠶᠢ ᠳᠠᠭᠠᠯᠳᠤᠨ᠂ ᠨᠠᠮᠤᠷ ᠤᠨ ᠨᠣᠭᠤᠭ᠎ᠠ ᠶᠢᠨ ᠠᠷᠠᠯᠵᠢᠶ᠎ᠠ ᠨᠢ | ᠮᠠᠰᠢ ᠣᠯᠠᠨ ᠬᠤᠲᠠ ᠶᠢᠨ ᠠᠷᠠᠳ ᠤᠨ ᠠᠩᠬᠠᠷᠴᠤ ᠪᠠᠢᠭ᠎ᠠ ᠠᠰᠠᠭᠤᠳᠠᠯ ᠪᠣᠯᠵᠠᠶ᠃ ᠲᠠᠷᠢᠶᠠᠴᠢᠳ ᠢ ᠬᠡᠷᠬᠢᠨ | ᠨᠣᠭᠤᠭ᠎ᠠ ᠬᠤᠳᠠᠯᠳᠤᠬᠤ ᠳᠤ ᠲᠥᠬᠦᠮ᠂ ᠬᠤᠲᠠ ᠶᠢᠨ ᠠᠷᠠᠳ ᠤᠨ ᠨᠣᠭᠤᠭ᠎ᠠ ᠬᠤᠳᠠᠯᠳᠤᠨ ᠠᠪᠬᠤ ᠳᠤ ᠠᠮᠠᠷᠬᠠᠨ | ᠪᠣᠯᠭᠠᠬᠤ ᠶᠢᠨ ᠬᠠᠮᠲᠤ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢᠨ ᠡᠮᠬᠢ ᠵᠢᠷᠤᠮ ᠢ ᠪᠦᠲᠦᠮᠵᠢᠲᠡᠶ | ᠬᠠᠮᠠᠭᠠᠯᠠᠬᠤ ᠪᠣᠶ︖ ᠳ᠋ᠦᠩ ᠾᠧ ᠲᠣᠭᠤᠷᠢᠭ ᠤᠨ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠤᠷᠢᠳᠴᠢᠯᠠᠨ ᠪᠠᠶᠢᠷᠢᠯᠠᠭᠤᠯᠵᠤ᠂ ᠰᠢ ᠾᠧ ᠵᠡᠭᠦᠨ ᠵᠠᠮ ᠤᠨ ᠡᠮᠦᠨ᠎ᠡ ᠬᠡᠰᠡᠭ᠂ ᠲᠡᠮᠦᠷ ᠵᠠᠮ ᠤᠨ ᠪᠠᠷᠠᠭᠤᠨ ᠣᠪᠣᠭ᠎ᠠ | ᠵᠠᠮ᠂ ᠪᠠᠶ ᠶᠢᠨ ᠵᠠᠮ ᠤᠨ ᠡᠮᠦᠨ᠎ᠡ ᠬᠡᠰᠡᠭ ᠵᠡᠷᠭᠡ 8 ᠣᠷᠣᠨ ᠪᠦᠰᠡ ᠳᠤ ᠲᠦᠷ ᠴᠠᠭ ᠤᠨ ᠨᠠᠮᠤᠷ ᠤᠨ ᠨᠣᠭᠤᠭ᠎ᠠ ᠶᠢᠨ | ᠵᠠᠬ᠎ᠠ ᠳᠡᠯᠭᠡᠭᠦᠷ ᠭᠠᠷᠭᠠᠵᠤ᠂ ᠬᠠᠤᠯᠢ ᠬᠡᠷᠡᠭᠵᠢᠭᠦᠯᠬᠦ ᠠᠵᠢᠯᠲᠠᠨ᠂ ᠨᠡᠶᠢᠭᠡᠮ ᠲᠣᠭᠤᠷᠢᠭ ᠤᠨ ᠲᠤᠤᠷᠵᠢᠭᠰᠠᠨ | ᠠᠵᠢᠯᠲᠠᠨ ᠢ ᠲᠣᠬᠢᠷᠠᠭᠤᠯᠤᠨ ᠲᠠᠰᠤᠷᠠᠯᠲᠠ ᠥᠬᠡᠶ ᠲᠣᠭᠤᠷᠢᠨ ᠪᠠᠶᠢᠴᠠᠭᠠᠵᠤ᠂ ᠵᠠᠮ ᠡᠵᠡᠯᠡᠨ ᠡᠵᠡᠩᠨᠡᠬᠦ᠂ ᠬᠤᠭ | ᠨᠣᠪᠰᠢ ᠣᠪᠣᠭᠠᠯᠠᠬᠤ᠂ ᠥᠨᠳᠥᠷ ᠲᠠᠭᠤᠨ ᠢᠶᠠᠷ ᠠᠷᠠᠳ ᠢ ᠦᠶ᠋ᠮᠡᠭᠦᠯᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ | ᠰᠢᠶ᠋ᠳᠪᠦᠷᠢᠯᠡᠨ ᠰᠢᠶ᠋ᠳᠪᠦᠷᠢᠯᠡᠵᠦ᠂ ᠰᠡᠳᠬᠢᠯ ᠳᠡᠯᠪᠢᠨ ᠡᠲᠡᠭᠡᠷ ︽ᠪᠠᠭ᠎ᠠ ᠶᠠᠪᠤᠳᠠᠯ︾ ᠢ ᠪᠣᠳᠠᠲᠠᠶ ᠳᠤ | ᠨᠠᠶᠢᠳᠠᠪᠤᠷᠢᠵᠢᠭᠤᠯᠪᠠ᠃ | ᠦᠨᠡᠨ ᠶᠠᠪᠤᠳᠠᠯ ᠬᠤᠶᠢᠨ᠎ᠠ ᠬᠤᠶᠢᠨ᠎ᠠ ᠠᠴᠠ ᠪᠠᠨ᠃ ᠳ᠋ᠦᠩ ᠮᠤᠨ ᠵᠡᠭᠡᠯᠢ ᠶᠢᠨ ᠬᠤᠶᠢᠲᠤ ᠬᠤᠷᠢᠶᠠᠯᠠᠯ ᠳᠤ | ᠰᠠᠭᠤᠳᠠᠭ ᠵᠠᠩ ᠠᠪᠤᠭᠠᠢ ᠤᠢᠢᠷ᠎ᠠ ᠳᠤ ᠪᠠᠰᠠ ᠨᠢᠭᠡᠨ ︽ᠰᠡᠳᠬᠢᠯ ᠢ ᠳᠤᠯᠠᠭᠠᠴᠠᠭᠤᠯᠬᠤ ᠶᠠᠪᠤᠳᠠᠯ︾ ᠳᠤ | ᠲᠤᠯᠭᠠᠷᠠᠭᠰᠠᠨ ᠪᠠᠶᠢᠨ᠎ᠠ᠃ ᠥᠩᠭᠡᠷᠡᠭᠰᠡᠨ ᠳᠤ ᠵᠠᠩ ᠠᠪᠤᠭᠠᠶ ᠶᠢᠨ ᠬᠠᠮᠤᠭ ᠠᠴᠠ ︽ᠲᠣᠯᠣᠭᠠᠶ ᠡᠪᠡᠳᠳᠡᠭ︾ | ᠤᠴᠢᠷ ᠭᠡᠪᠡᠯ ᠰᠠᠭᠤᠭᠠᠯᠢ ᠲᠣᠭᠤᠷᠢᠭ ᠤᠨ ᠣᠶᠢᠷ᠎ᠠ ᠬᠠᠪᠢ ᠳᠤ ᠲᠡᠷᠭᠡ ᠵᠣᠭᠰᠣᠬᠤ ᠭᠠᠵᠠᠷ ᠴᠥᠭᠡᠨ᠂ ᠮᠠᠰᠢ ᠣᠯᠠᠨ | ᠰᠠᠭᠤᠭᠠᠯᠢ ᠠᠷᠠᠳ ᠲᠡᠷᠭᠡ ᠪᠠᠨ ᠵᠠᠮ ᠤᠨ ᠬᠠᠵᠠᠭᠤ ᠳᠤ ᠳᠤᠷ᠎ᠠ ᠪᠠᠷ ᠢᠶᠠᠨ ᠵᠣᠭᠰᠣᠭᠠᠪᠠᠯ ᠣᠶᠢᠷ᠎ᠠ ᠬᠠᠪᠢ ᠶᠢᠨ | ᠰᠠᠭᠤᠭᠠᠯᠢ ᠠᠷᠠᠳ ᠲᠡᠷᠭᠡ ᠵᠣᠭᠰᠣᠭᠠᠬᠤ ᠳᠤ ᠬᠦᠴᠢᠷᠲᠡᠶ ᠪᠣᠯᠬᠤ ᠪᠠᠷ ᠪᠠᠷᠠᠬᠤ ᠥᠬᠡᠶ᠂ ᠵᠠᠮ ᠬᠠᠷᠢᠯᠴᠠᠭ᠎ᠠ ᠠᠮᠠᠷᠬᠠᠨ | ᠲᠦᠭᠵᠢᠷᠡᠵᠦ᠂ ᠬᠤᠲᠠ ᠶᠢᠨ ᠭᠤᠶᠣ ᠰᠠᠶᠢᠬᠠᠨ ᠢ ᠨᠥᠯᠥᠭᠡᠯᠡᠳᠡᠭ᠃ | ︽ᠣᠯᠠᠨ ᠲᠦᠮᠡᠨ ᠤ ᠲᠤᠰᠬᠠᠭᠰᠠᠨ ᠪᠠᠶᠢᠳᠠᠯ ᠢ ᠣᠯᠤᠭᠰᠠᠨ ᠤ ᠳᠠᠷᠠᠭ᠎ᠠ᠂ ᠪᠢᠳᠡ ᠲᠡᠷᠡ ᠳᠠᠷᠤᠶ ᠳᠤᠨᠢ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠰᠥᠨᠢ ᠶᠢᠨ ᠤᠷᠤᠰᠬᠠᠯ ᠴᠥᠭᠡᠨ᠂ | ᠰᠠᠭᠤᠭᠠᠯᠢ ᠠᠷᠠᠳ ᠤᠨ ᠶᠠᠪᠤᠵᠤ ᠰᠠᠭᠤᠬᠤ ᠣᠨᠴᠠᠯᠢᠭ ᠢ ᠨᠥᠯᠥᠭᠡᠯᠡᠬᠦ ᠥᠬᠡᠶ ᠪᠠᠶᠢᠬᠤ ᠣᠨᠴᠠᠯᠢᠭ ᠢ ᠠᠰᠢᠭᠯᠠᠨ᠂ | ᠰᠥᠨᠢ ᠪᠠᠷ ᠳ᠋ᠦᠩ ᠮᠧᠨ ᠶᠡᠭᠡ ᠵᠡᠭᠡᠯᠢ ᠶᠢᠨ ᠬᠤᠶᠢᠲᠤ ᠰᠠᠭᠤᠭᠠᠯᠢ ᠲᠣᠭᠤᠷᠢᠭ᠂ ᠾᠧ ᠹᠧᠩ ᠶᠤᠸᠠᠨ᠂ ᠹᠦ᠋ ᠷᠦᠢ | ᠬᠤᠸᠠ ᠶᠤᠸᠠᠨ ᠪᠠᠷᠠᠭᠤᠨ ᠲᠣᠭᠤᠷᠢᠭ ᠵᠡᠷᠭᠡ ᠰᠠᠭᠤᠭᠠᠯᠢ ᠠᠷᠠᠳ ᠤᠨ ᠲᠣᠭᠤᠷᠢᠭ ᠲᠤ ᠲᠡᠷᠭᠡ ᠵᠣᠭᠰᠣᠬᠤ ᠭᠠᠵᠠᠷ | ᠵᠢᠷᠤᠵᠤ᠂ ᠨᠡᠶᠢᠲᠡ 188 ᠲᠡᠷᠭᠡ ᠵᠣᠭᠰᠣᠬᠤ ᠭᠠᠵᠠᠷ ᠭᠠᠷᠭᠠᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ | ᠲᠥᠬᠦᠮ ᠦᠵᠡᠭᠦᠯᠪᠡ᠃︾ ᠭᠡᠵᠦ ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ | ᠢᠯᠡᠷᠬᠡᠶᠢᠯᠡᠪᠡ᠃ | | . | | ᠣᠷᠣᠨ ᠪᠠᠶᠢᠷᠢ ᠵᠢᠷᠤᠵᠤ ᠥᠭᠬᠦ᠃ | ᠪᠠᠭ᠎ᠠ ᠠᠴᠠ ᠵᠡᠭᠡᠯᠢ ᠭᠤᠳᠤᠮᠵᠢ᠂ ᠵᠢᠵᠢᠭ ᠪᠢᠴᠢᠯ ᠴᠡᠴᠡᠷᠯᠢᠭ ᠬᠦᠷᠲᠡᠯ᠎ᠡ ᠨᠠᠷᠢᠯᠢᠭ ᠰᠡᠶᠢᠯᠵᠦ᠂ ᠶᠡᠭᠡ ᠠᠴᠠ | ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠥᠭᠡᠷᠡᠴᠢᠯᠡᠵᠦ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ︽ᠬᠠᠷᠢᠭᠤᠴᠠᠯᠭ᠎ᠠ ᠶᠢᠨ ᠨᠠᠷᠢᠨ ᠲᠠᠩᠰᠠ︾ ᠠᠭᠠᠵᠢᠮ ᠢᠶᠠᠷ | ᠰᠠᠭᠤᠭᠠᠯᠢ ᠠᠷᠠᠳ ᠤᠨ ︽ᠵᠣᠯ ᠵᠢᠷᠭᠠᠯ ᠤᠨ ᠳᠠᠩᠰᠠ︾ ᠪᠣᠯᠵᠠᠢ᠃ | ᠢᠮᠦ ᠣᠯᠠᠨ ᠠᠷᠠᠳ ᠤᠨ ᠠᠮᠢᠳᠤᠷᠠᠯ ᠤᠨ ᠲᠥᠰᠦᠯ ᠢ ᠬᠡᠷᠬᠢᠨ ᠲᠣᠭᠲᠠᠭᠠᠭᠰᠠᠨ ᠪᠤᠢ ᠭᠡᠵᠦ ᠠᠰᠠᠭᠤᠭᠳᠠᠬᠤ | ᠦᠶᠡᠰ᠂ ᠲᠦᠷᠭᠡᠨ ᠭᠠᠵᠠᠷ ᠪᠠᠭᠤᠬᠤ ᠦᠶᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠳ᠋ᠦᠩ ᠾᠧ | ᠲᠣᠭᠤᠷᠢᠭ ᠤᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠶ᠋ᠯ ᠤᠨ ᠠᠬᠢᠴᠠ ᠶᠢᠨ ᠨᠠᠷᠢᠨ ᠲᠠᠩᠰᠠ︾ | ᠶᠢ ᠠᠪᠴᠤ ᠰᠤᠷᠪᠤᠯᠵᠢᠯᠠᠭᠴᠢ ᠳᠤ ᠲᠠᠨᠢᠯᠴᠠᠭᠤᠯᠪᠠ᠂ ︽ᠪᠢᠳᠡ ᠡᠯ᠎ᠡ ᠵᠡᠭᠡᠯᠢ ᠭᠤᠳᠤᠮᠵᠢ ᠶᠢ ᠵᠣᠬᠢᠶᠠᠨ | ᠪᠠᠶᠢᠭᠤᠯᠤᠨ᠎ᠠ᠂ ᠰᠠᠯᠠᠭ᠎ᠠ ᠮᠥᠴᠢᠷ ᠤᠨ ᠠᠵᠢᠯᠲᠠᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ | ᠭᠦᠨᠵᠡᠭᠡᠶᠢᠷᠡᠪᠡ᠂ ︿ᠭᠤᠷᠪᠠ ᠶᠢ ᠠᠰᠠᠭᠤᠬᠤ﹀ ᠠᠵᠢᠯᠯᠠᠭ᠎ᠠ ᠥᠷᠨᠢᠭᠦᠯᠬᠦ᠂ ᠣᠯᠠᠨ ᠲᠦᠮᠡᠨ ᠤ ᠠᠩᠬᠠᠷᠴᠤ ᠪᠠᠢᠭ᠎ᠠ | ᠬᠠᠭᠤᠴᠢᠨ ᠬᠦᠯᠡᠮᠵᠢ ᠶᠢᠨ ᠥᠭᠡᠷᠡᠴᠢᠯᠡᠯᠲᠡ ᠶᠢ ᠡᠮᠬᠢᠯᠡᠨ ᠭᠠᠷᠭᠠᠪᠠ᠂ ︿ᠵᠣᠷᠯᠣᠩ ᠤᠨ ᠬᠤᠪᠢᠰᠬᠠᠯ﹀ ᠤᠨ ᠢᠵᠢ | ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ | ᠣᠷᠣᠨ ᠤ ᠲᠠᠰ ᠤᠨ ᠠᠷᠠᠳ ᠤᠨ ᠠᠮᠢᠳᠤᠷᠠᠯ ᠤᠨ 23 ᠶᠡᠭᠡ ᠲᠥᠷᠥᠯ ᠵᠦᠶ᠋ᠯ ᠤᠨ ᠨᠠᠷᠢᠨ ᠲᠠᠩᠰᠠ᠂ | ᠬᠠᠷᠢᠭᠤᠴᠠᠯᠭᠠᠲᠤ ᠨᠢᠭᠡᠴᠢ᠂ ᠠᠶᠢᠲ᠋ᠤᠮ ᠤᠨ ᠨᠡᠷᠡᠶᠢᠳᠦᠯ᠂ ᠠᠵᠢᠯ ᠤᠨ ᠠᠬᠢᠴᠠ᠂ ᠬᠠᠷᠢᠭᠤᠴᠠᠬᠤ ᠤᠳᠤᠷᠢᠳᠤᠯᠭ᠎ᠠ᠂ | ᠪᠡᠶᠡᠯᠡᠭᠦᠯᠬᠦ ᠴᠠᠭ ᠬᠤᠭᠤᠴᠠᠭ᠎ᠠ ᠵᠡᠷᠭᠡ ᠵᠦᠶ᠋ᠯᠡᠰ ᠢ ᠲᠣᠳᠣᠷᠬᠠᠶᠢᠯᠠᠨ᠎ᠠ᠂ ᠡᠯᠭᠦᠮᠡᠯ ᠵᠢᠷᠤᠭ ᠢᠶᠠᠷ ᠪᠠᠶᠢᠯᠳᠤᠭᠠᠨ ᠬᠢᠬᠦ | ᠪᠠ ᠬᠥᠳᠡᠯᠦᠩᠭᠦᠶ ᠬᠢᠨᠠᠨ ᠵᠢᠯᠣᠭᠤᠳᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠨᠢᠭᠡᠪᠦᠷᠢ ᠶᠢ ᠴᠥᠮ ᠬᠠᠮᠤᠭ ᠤᠨ ᠲᠦᠷᠭᠡᠨ ᠬᠤᠷᠳᠤᠴᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃︾᠃ |