11 ᠰᠠᠷ᠎ᠠ ᠶᠢᠨ 9 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠰᠡᠳᠦᠪᠲᠦ ᠵᠥᠪᠯᠡᠬᠦ ᠬᠤᠷᠠᠯ | ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢᠪᠠᠲᠤ᠂ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠰᠢᠨ ᠯᠤ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠪᠠ ᠱᠠᠰᠢᠨ | ᠰᠤᠷᠲᠠᠬᠤᠨ ᠤ ᠵᠥᠪᠯᠡᠯ ᠤᠨ ᠪᠠᠶᠢᠴᠠᠭᠠᠨ ᠰᠤᠳᠤᠯᠤᠭᠰᠠᠨ ᠪᠠᠶᠢᠳᠠᠯ ᠪᠠ ᠠᠩᠬ᠎ᠠ ᠠᠯᠬᠤᠮ ᠤᠨ ᠰᠠᠨᠠᠭᠤᠯᠭ᠎ᠠ ᠶᠢᠨ | ᠲᠤᠬᠠᠶ ᠵᠠᠷᠯᠠᠯ ᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ᠂ ᠰᠤᠷᠭᠠᠨ ᠬᠥᠮᠦᠵᠢᠯ ᠤᠨ ᠲᠢᠩᠬᠢᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ | ᠲᠢᠩᠬᠢᠮ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠦᠨᠳᠦᠰᠦᠲᠡᠨ ᠤ | ᠠᠵᠢᠯ ᠤᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠤ᠂ ᠬᠤᠷᠠᠯ ᠳᠤ | ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠰᠬᠠᠶ ᠮᠡᠷᠭᠡᠵᠢᠯᠲᠡᠨ ᠡᠷᠳᠡᠮᠲᠡᠨ ᠭᠤᠤᠯ | ᠰᠡᠳᠦᠪᠲᠦ ᠶᠠᠷᠢᠶ᠎ᠠ ᠲᠠᠯᠪᠢᠵᠠᠶ᠃ | ᠬᠤᠷᠠᠯ ᠠᠴᠠ᠂ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠣᠯ ᠨᠢᠭᠡᠨ ᠤᠷᠲᠤ | ᠬᠤᠭᠤᠴᠠᠭᠠᠨ ᠤ ᠰᠡᠳᠦᠪ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠦᠨᠳᠦᠰᠦᠲᠡᠨ ᠪᠠ ᠱᠠᠰᠢᠨ ᠰᠤᠷᠲᠠᠬᠤᠨ ᠤ ᠵᠥᠪᠯᠡᠯ ᠦᠷᠭᠦᠯᠵᠢᠯᠡᠨ ᠰᠤᠳᠤᠯᠵᠤ᠂ ᠤᠷᠲᠤ ᠬᠤᠭᠤᠴᠠᠭ᠎ᠠ ᠪᠠᠷ | ᠮᠥᠷᠳᠡᠨ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠤᠯᠤᠰ | ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ | ᠲᠤᠰᠬᠠᠢ ᠵᠥᠪᠯᠡᠬᠦ ᠪᠠᠶᠢᠭᠤᠯᠤᠮᠵᠢ ᠶᠢᠨ ᠲᠠᠪᠴᠠᠩ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠨᠢᠭᠡᠨ ᠴᠢᠬᠤᠯᠠ ᠠᠵᠢᠯ ᠪᠣᠯᠭᠠᠨ ᠭᠡᠰᠢᠭᠦᠳ ᠤᠨ | ᠰᠤᠷᠤᠯᠴᠠᠯᠭ᠎ᠠ ᠪᠣᠯᠪᠠᠰᠤᠷᠠᠯ᠂ ᠲᠦᠷᠦ ᠶᠢᠨ ᠶᠠᠪᠤᠳᠠᠯ ᠢ ᠵᠥᠪᠯᠡᠬᠦ᠂ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠬᠤ | ᠵᠡᠷᠭᠡ ᠠᠵᠢᠯᠯᠠᠭ᠎ᠠ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ | ᠭᠡᠵᠦ ᠴᠢᠬᠤᠯᠠᠴᠢᠯᠠᠪᠠ᠃ |