ᠪᠤᠭᠤᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠤᠯᠪᠠ᠃
ᠨᠡᠶᠢᠲᠡᠯᠡᠭᠰᠡᠨ ᠴᠠᠭ᠄
2021/11/10
     ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠤᠯᠠᠭᠠᠨ ᠲᠤᠭ ᠶᠡᠭᠡ ᠵᠠᠮ ᠤᠨ ᠬᠠᠵᠠᠭᠤ ᠳᠤ᠂ ᠶᠡᠷᠦᠩᠬᠡᠶ ᠪᠠᠯᠠ ᠣᠷᠣᠭᠤᠯᠤᠯᠲᠠ ᠨᠢ 140 ᠳ᠋ᠦᠩᠰᠢᠭᠤᠷ ᠲᠥᠭᠦᠷᠢᠭ ᠤᠨ ᠱᠤᠸᠠᠩ ᠯᠢᠶᠠᠩ ᠤᠨ 40 GW ᠲᠠᠩ ᠲᠠᠯᠠᠰᠲᠤ ᠴᠠᠬᠢᠭᠤᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠶ᠋ᠯ 5 ᠰᠠᠷ᠎ᠠ ᠶᠢᠨ ᠪᠥᠲᠥᠭᠡᠨ ᠪᠠᠶᠢᠭᠤᠯᠤᠯᠲᠠ ᠶᠢ ᠥᠩᠭᠡᠷᠡᠭᠡᠭᠡᠳ᠂ ᠣᠲᠣ ᠨᠢᠭᠡᠨᠲᠡ ᠵᠢᠩᠬᠢᠨᠢ ᠪᠠᠷ ᠠᠰᠢᠭᠯᠠᠯᠲᠠ ᠳᠤ ᠣᠷᠣᠪᠠ᠃      ᠨᠠᠮᠤᠷ ᠤᠨ ᠰᠡᠭᠦᠯᠴᠢ ᠶᠢᠨ ᠬᠦᠶ᠋ᠲᠡᠨ ᠰᠠᠯᠬᠢᠨ ᠳᠤ᠂ ᠰᠤᠷᠪᠤᠯᠵᠢᠯᠠᠭᠴᠢ ᠲᠥᠷᠥᠯ ᠵᠦᠶ᠋ᠯ ᠮᠥᠨ ᠯᠡ ᠬᠥᠷ ᠬᠥᠭᠵᠢᠶᠡᠨ ᠲᠠᠢ ᠪᠥᠲᠥᠭᠡᠨ ᠪᠠᠶᠢᠭᠤᠯᠤᠯᠲᠠ ᠶᠢᠨ ᠠᠬᠤᠶ ᠲᠠᠯᠠᠪᠠᠶ ᠳᠤ ᠬᠦᠷᠴᠦ᠂ ᠠᠵᠤ ᠠᠬᠤᠶᠢᠯᠠᠯ ᠤᠨ ᠥᠷᠨᠢᠩᠭᠦᠶ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠄ ᠲᠠᠩ ᠲᠠᠯᠠᠰᠲᠤ ᠨᠢᠭᠡᠳᠦᠭᠡᠷ ᠦᠶ᠋ᠯᠡᠳᠪᠦᠷᠢ ᠶᠢᠨ 80 ᠲᠠᠩ ᠲᠠᠯᠠᠰᠲᠤ ᠵᠤᠤᠬ᠎ᠠ ᠡᠬᠢᠯᠡᠨ ᠠᠵᠢᠯᠯᠠᠵᠤ᠂ ᠬᠡᠷᠴᠢᠬᠦ ᠲᠥᠬᠦᠭᠡᠷᠦᠮᠵᠢ ᠶᠢ ᠶᠠᠭ ᠠᠦ᠋ᠲ᠋ᠣᠴᠢᠯᠠᠨ ᠲᠣᠬᠢᠷᠠᠭᠤᠯᠵᠤ ᠪᠠᠶᠢᠨ᠎ᠠ︔ ᠠᠯᠪᠠᠨ ᠠᠰᠠᠷ᠂ ᠬᠤᠭᠤᠯᠠᠨ ᠭᠡᠷ᠂ ᠰᠠᠩ ᠬᠥᠮᠥᠷᠭᠡ ᠵᠡᠷᠭᠡ ᠶᠢ ᠶᠠᠭ ᠱᠠᠯᠠᠪᠳᠠᠨ ᠪᠠᠶᠢᠭᠤᠯᠵᠤ᠂ ᠣᠳᠣᠬᠠᠨ ᠳᠤ ᠨᠢᠭᠡᠨᠲᠡ ᠪᠠᠷᠢᠯᠭ᠎ᠠ ᠶᠢᠨ ᠶᠡᠷᠦᠩᠬᠡᠶ ᠬᠡᠮᠵᠢᠶ᠎ᠡ ᠶᠢᠨ 95 % ᠶᠢ ᠨᠢ ᠪᠡᠶᠡᠯᠡᠭᠦᠯᠦᠭᠰᠡᠨ ᠪᠠᠶᠢᠨ᠎ᠠ︔ ᠬᠤᠶᠠᠳᠤᠭᠠᠷ ᠬᠤᠭᠤᠴᠠᠭᠠᠨ ᠤ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠲᠠᠩ ᠲᠠᠯᠠᠰᠲᠤ ᠬᠤᠶᠠᠳᠤᠭᠠᠷ ᠦᠶ᠋ᠯᠡᠳᠪᠦᠷᠢ ᠂ ᠲᠠᠩ ᠲᠠᠯᠠᠰᠲᠤ ᠭᠤᠷᠪᠠᠳᠤᠭᠠᠷ ᠦᠶ᠋ᠯᠡᠳᠪᠦᠷᠢ᠂ ᠬᠡᠷᠴᠢᠮᠡᠯ ᠤᠨ ᠦᠶ᠋ᠯᠡᠳᠪᠦᠷᠢ ᠶᠢᠨ ᠲᠠᠰᠤᠭ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠶᠡᠬᠡᠩᠬᠢ ᠬᠡᠰᠡᠭ ᠨᠢ ᠨᠢᠭᠡᠨᠲᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠠᠵᠢᠯ ᠢᠶᠠᠨ ᠳᠠᠭᠤᠰᠬᠠᠵᠠᠶ᠃      ᠨᠢᠭᠡ ᠲᠠᠯ᠎ᠠ ᠪᠠᠷ ᠪᠦᠲᠦᠭᠡᠨ ᠪᠠᠶᠢᠭᠤᠯᠵᠤ᠂ ᠨᠢᠭᠡ ᠲᠠᠯ᠎ᠠ ᠪᠠᠷ ᠦᠢᠯᠡᠳᠪᠦᠷᠢᠯᠡᠵᠦ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠵᠤ᠂ ᠱᠤᠸᠠᠩ ᠯᠢᠶᠠᠩ ᠤᠨ 40 GW ᠶᠢᠨ ᠳᠠᠩ ᠲᠠᠯᠠᠰᠲᠤ ᠴᠠᠬᠢᠭᠤᠷ ᠤᠨ ᠨᠢᠭᠡᠳᠦᠭᠡᠷ ᠬᠤᠭᠤᠴᠠᠭᠠᠨ ᠤ ᠲᠥᠷᠦᠯ ᠵᠦᠢᠯ ᠨᠢ ᠠᠰᠢᠭᠯᠠᠯᠲᠠ ᠳᠤ ᠣᠷᠣᠭᠰᠠᠨ ᠨᠢ᠂ ᠮᠠᠨ ᠤ ᠬᠤᠲᠠ ᠶᠢᠨ ᠴᠢᠬᠤᠯᠠ ᠶᠡᠭᠡ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠭᠰᠠᠨ ᠤ ᠬᠤᠷᠢᠶᠠᠩᠭᠤᠢ ᠳᠦᠷᠰᠦ ᠪᠣᠯᠤᠨ᠎ᠠ᠃      2021 ᠣᠨ ᠳᠤ ᠪᠤᠭᠤᠲᠤ ᠬᠤᠲᠠ 715 ᠴᠢᠬᠤᠯᠠ ᠶᠡᠭᠡ ᠲᠥᠷᠥᠯ ᠵᠦᠶ᠋ᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 3977 ᠳ᠋ᠦᠩᠰᠢᠭᠤᠷ ᠲᠥᠭᠦᠷᠢᠭ ᠲᠤ ᠬᠥᠷᠪᠡ᠃ ᠣᠳᠣᠬᠠᠨ ᠪᠣᠯᠲᠠᠯ᠎ᠠ ᠡᠲᠡᠭᠡᠷ ᠲᠥᠷᠥᠯ ᠵᠦᠶ᠋ᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠦᠨ ᠰᠡᠷᠭᠦᠭᠡᠵᠦ᠂ ᠳᠥᠷᠪᠡᠨ ᠵᠦᠶ᠋ᠯ ᠤᠨ ᠭᠤᠤᠯ ᠪᠣᠯᠬᠤ ᠭᠠᠷᠳᠠᠮ ᠢ ᠭᠦᠶ᠋ᠴᠡᠳᠬᠡᠭᠰᠡᠨ ᠨᠣᠷᠮ᠎ᠠ ᠨᠢ 100 % ᠳᠤ ᠬᠦᠷᠴᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠲᠤᠯᠭᠠᠭᠤᠷᠢᠯᠠᠬᠤ ᠬᠡᠮᠵᠢᠶ᠎ᠡ ᠨᠢ ᠵᠢᠱᠢᠯᠲᠡ ᠪᠠᠷ 27 . 8 % ᠪᠠᠷ ᠨᠡᠮᠡᠭᠳᠡᠵᠦ᠂ ᠪᠥᠬᠦ ᠣᠷᠣᠨ ᠳᠤ ᠨᠢᠭᠡᠳᠦᠭᠡᠷ ᠲᠤ ᠣᠷᠣᠪᠠ᠃      ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠡᠷᠡᠰ ᠨᠠᠶᠢᠳᠠᠪᠤᠷᠢᠵᠢᠭᠤᠯᠵᠤ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠵᠦᠶ᠋ᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠯᠢᠭ ᠠᠳᠬᠤᠪᠠ᠃ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠮᠠᠨ ᠤ ᠬᠤᠲᠠ ᠠᠵᠤ ᠠᠬᠤᠶ ᠶᠢᠨ ᠡᠷᠭᠢᠯᠲᠡ ᠪᠠ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ︽ᠰᠦᠯᠵᠢᠶᠡᠨ ᠭᠠᠳᠠᠨ᠎ᠠ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ︾ ᠶᠢ ᠵᠡᠷᠭᠡ ᠪᠠᠷ ᠠᠬᠢᠭᠤᠯᠵᠤ᠂ ︽ᠲᠥᠷᠥᠯ ᠵᠦᠶ᠋ᠯ ᠢ ᠬᠢᠨᠠᠨ ᠵᠥᠪᠰᠢᠶᠡᠷᠡᠬᠦ᠂ ᠴᠢᠬᠤᠯᠠ ᠡᠯᠧᠮᠧᠨ᠋ᠲ ᠢ ᠪᠠᠲᠤᠯᠠᠬᠤ᠂ ᠬᠢᠵᠢᠭ ᠢ ᠰᠡᠷᠭᠡᠶᠢᠯᠡᠬᠦ ᠵᠢᠯᠣᠭᠤᠳᠣᠯᠭ᠎ᠠ ᠵᠡᠷᠭᠡ ᠦᠶ᠋ᠯᠡᠴᠢᠯᠡᠭᠡ ᠶᠢ ᠵᠡᠷᠭᠡ ᠪᠠᠷ ᠠᠬᠢᠭᠤᠯᠵᠤ᠂ ︽ᠨᠢᠭᠡ ᠪᠦᠯᠦᠭ ᠢ ᠲᠥᠰᠦᠪᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠲᠥᠷᠥᠯ ᠵᠦᠶ᠋ᠯ ᠢ ᠱᠠᠲᠤ ᠳᠠᠷᠠᠭᠠᠯᠠᠨ ᠠᠬᠢᠭᠤᠯᠬᠤ ᠪᠠᠶᠢᠷᠢᠰᠢᠯ ᠪᠠ ︽ᠢᠲᠡᠭᠡᠵᠦ ᠨᠠᠶᠢᠳᠠᠵᠤ ᠪᠣᠯᠬᠤ ᠂ ᠵᠢᠱᠢᠵᠦ ᠪᠣᠯᠬᠤ︾ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠲᠡᠮᠡᠴᠡᠨ ᠤᠯᠪᠠ᠃ᠲᠥᠷᠥᠯ ᠵᠦᠢᠯ ᠢᠶᠠᠷ ᠬᠥᠭᠵᠢᠯᠲᠡ ᠶᠢ ᠠᠬᠢᠭᠤᠯᠬᠤ᠃      ᠴᠢᠩ ᠱᠠᠨ ᠲᠣᠭᠤᠷᠢᠭ ᠤᠨ ᠬᠤᠩ ᠶᠤᠸᠠᠨ ᠰᠢᠨ᠎ᠡ ᠮᠠᠲ᠋ᠧᠷᠢᠶᠠᠯ ᠤᠨ ᠭᠤᠷᠪᠠᠳᠤᠭᠠᠷ ᠬᠤᠭᠤᠴᠠᠭᠠᠨ ᠤ ᠲᠠᠩ ᠲᠠᠯᠠᠰᠲᠤ ᠶᠢᠨ ᠲᠦᠷᠦᠯ ᠵᠦᠢᠯ 3 ᠰᠠᠷ᠎ᠠ ᠳᠤ ᠪᠠᠷᠢᠯᠭ᠎ᠠ ᠡᠬᠢᠯᠡᠵᠦ᠂ 6 ᠰᠠᠷ᠎ᠠ ᠳᠤ ᠠᠰᠢᠭᠯᠠᠯᠲᠠ ᠳᠤ ᠣᠷᠣᠵᠤ᠂ ᠬᠡᠷᠴᠢᠮᠡᠯ ᠲᠦᠷᠦᠯ ᠵᠦᠢᠯ 7 ᠰᠠᠷ᠎ᠠ ᠳᠤ ᠪᠠᠷᠢᠯᠭ᠎ᠠ ᠡᠬᠢᠯᠡᠵᠦ᠂ 10 ᠰᠠᠷ᠎ᠠ ᠳᠤ ᠠᠰᠢᠭᠯᠠᠯᠲᠠ ᠳᠤ ᠣᠷᠣᠵᠤ᠂ ᠤᠯᠤᠰ ᠤᠨ ᠳᠣᠲᠣᠭᠠᠳᠤ ᠶᠢᠨ ᠲᠠᠩ ᠲᠠᠯᠠᠰᠲᠤ ᠴᠠᠬᠢᠭᠤᠷ ᠤᠨ ᠠᠵᠢᠯ ᠲᠦᠷᠦᠯ ᠤᠨ ᠪᠦᠲᠦᠭᠡᠨ ᠪᠠᠶᠢᠭᠤᠯᠤᠯᠲᠠ ᠠᠰᠢᠭᠯᠠᠯᠲᠠ ᠳᠤ ᠤᠷᠤᠭᠰᠠᠨ ᠲᠡᠮᠳᠡᠭᠯᠡᠯ ᠢ ᠰᠢᠨᠡᠳᠬᠡᠪᠡ᠃ ᠥᠪᠥᠷ ᠮᠣᠩᠭᠤᠯ ᠤᠨ ᠣᠨᠴᠠ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠥᠨᠳᠥᠷ ᠴᠢᠳᠠᠪᠬᠢᠲᠤ ᠨᠡᠭᠦᠷᠡᠰᠦᠲᠥ᠋ᠷᠥᠭᠴᠢ / ᠨᠡᠭᠦᠷᠡᠰᠦᠲᠥ᠋ᠷᠥᠭᠴᠢ ᠶᠢᠨ ᠨᠡᠶᠢᠯᠡᠮᠡᠯ ᠮᠠᠲ᠋ᠧᠷᠢᠶᠠᠯ ᠤᠨ ᠲᠥᠷᠥᠯ ᠵᠦᠶ᠋ᠯ ᠵᠡᠷᠭᠡ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠬᠥᠷ ᠬᠥᠭᠵᠢᠶᠡᠨᠲᠡᠶ ᠶᠠᠪᠤᠭᠳᠠᠵᠤ ᠪᠠᠶᠢᠨ᠎ᠠ᠃      ᠭᠦᠶᠡᠩ ᠰᠢᠶᠠᠨ ︽2 × 350 MW ᠢᠯᠴᠢ ᠴᠠᠬᠢᠯᠭᠠᠨ ᠢ ᠬᠤᠯᠪᠣᠭᠠᠯᠠᠨ ᠦᠶ᠋ᠯᠡᠳᠪᠦᠷᠢᠯᠡᠬᠦ ᠵᠢᠴᠢ ᠵᠢᠯ ᠳᠤ 100 ᠲᠦᠮᠡᠨ ᠲᠣᠨ ᠬᠥᠩᠭᠡᠨ ᠲᠡᠮᠦᠷᠯᠢᠭ ᠦᠶ᠋ᠯᠡᠳᠪᠦᠷᠢᠯᠡᠬᠦ︾ ᠲᠥᠷᠥᠯ ᠵᠦᠶ᠋ᠯ ᠢ ᠲᠥᠬᠦᠷᠵᠢᠭᠦᠯᠦᠭᠰᠡᠨ ᠤ ᠳᠠᠷᠠᠭ᠎ᠠ᠂ ᠳ᠋ᠦᠩ ᠹᠠᠩ ᠰᠢ ᠸᠠᠩ ᠪᠦᠯᠦᠭᠯᠡᠯ ᠲᠠᠢ ᠬᠠᠮᠲᠤ ᠪᠠᠷ ︽20 ᠲᠦᠮᠡᠨ ᠲᠣᠨ ᠠᠷᠠᠳ ᠤᠨ ᠬᠡᠷᠡᠭᠯᠡᠭᠡᠨ ᠤ ᠬᠥᠩᠭᠡᠨ ᠴᠠᠭᠠᠨ ᠤ ᠬᠠᠶᠢᠯᠤᠰᠢ ᠵᠢᠴᠢ 6 ᠲᠦᠮᠡᠨ ᠲᠣᠨ ᠠᠵᠤ ᠦᠶ᠋ᠯᠡᠳᠪᠦᠷᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠲᠣᠭᠤᠷᠢᠭ ᠲᠡᠪᠬᠡ ᠴᠢᠳᠬᠤᠬᠤ︾ ᠲᠥᠷᠥᠯ ᠵᠦᠶ᠋ᠯ ᠢ ᠨᠠᠶᠢᠳᠠᠪᠤᠷᠢᠵᠢᠭᠤᠯᠵᠤ᠂ 50 % ᠶᠢᠨ ᠬᠥᠩᠭᠡᠨ ᠴᠠᠭᠠᠨ ᠤ ᠤᠰᠤ ᠶᠢ ᠲᠤᠬᠠᠶ ᠶᠢᠨ ᠭᠠᠵᠠᠷ ᠲᠤᠨᠢ ᠤᠯᠠᠷᠢᠭᠤᠯᠵᠤ᠂ ᠬᠥᠩᠭᠡᠨ ᠴᠠᠭᠠᠨ ᠤ ᠦᠶ᠋ᠯᠡᠰ ᠤᠨ ᠬᠡᠯᠬᠢᠶ᠎ᠡ ᠶᠢ ᠭᠦᠶᠡᠩ ᠤᠨ ᠲᠤᠬᠠᠶ ᠶᠢᠨ ᠭᠠᠵᠠᠷ ᠲᠤ ᠭᠤᠯᠳᠤ ᠴᠢᠭᠯᠡᠯ ᠢᠶᠠᠷ ᠤᠷᠲᠤᠳᠬᠠᠬᠤ ᠶᠢ ᠪᠡᠶᠡᠯᠡᠭᠦᠯᠪᠡ᠃ᠲᠥᠷᠥᠯ ᠵᠦᠢᠯ ᠢᠶᠠᠷ ᠪᠦᠲᠦᠴᠡ ᠶᠢ ᠲᠣᠬᠢᠷᠠᠭᠤᠯᠬᠤ᠃      ᠲᠣᠨᠤᠭ ᠲᠥᠬᠦᠭᠡᠷᠦᠮᠵᠢ ᠦᠶ᠋ᠯᠡᠳᠬᠦ ᠦᠶ᠋ᠯᠡᠰ᠂ ᠣᠲᠣ ᠦᠶ᠎ᠡ ᠶᠢᠨ ᠦᠶ᠋ᠯᠡᠴᠢᠯᠡᠭᠡᠨ ᠤ ᠦᠶ᠋ᠯᠡᠰ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠢ ᠬᠠᠮᠤᠷᠤᠭᠰᠠᠨ ᠣᠯᠠᠨ ︽ᠲᠤᠯᠬᠤ ᠴᠡᠭ︾ ᠢ ᠬᠥᠳᠡᠯᠭᠡᠵᠦ᠂ ᠭᠠᠵᠠᠷ ᠣᠷᠣᠨ ᠤ ᠠᠵᠤ ᠠᠬᠤᠶ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃      ᠠᠵᠢᠯ ᠲᠥᠷᠥᠯ ᠤᠨ ᠬᠦᠷᠢᠶ᠎ᠡ ᠴᠠᠷᠠᠭ᠎ᠠ ᠠᠴᠠ ᠦᠵᠡᠪᠡᠯ᠂ ᠪᠦᠬᠦ ᠬᠤᠲᠠ ᠶᠢᠨ 715 ᠴᠢᠬᠤᠯᠠ ᠶᠡᠭᠡ ᠲᠥᠷᠦᠯ ᠵᠦᠢᠯ ᠤᠨ ᠳᠣᠲᠣᠷ᠎ᠠ ᠠᠵᠤ ᠦᠢᠯᠡᠰ ᠢ ᠬᠥᠭᠵᠢᠭᠦᠯᠬᠦ ᠲᠥᠷᠦᠯ ᠵᠦᠢᠯ 246᠂ ᠲᠠᠷᠢᠶᠠᠯᠠᠩ ᠮᠠᠯᠵᠢᠯ ᠣᠢ ᠰᠢᠭᠤᠢ ᠡᠪᠡᠰᠦ ᠤᠰᠤ ᠶᠢᠨ ᠲᠥᠷᠦᠯ ᠵᠦᠢᠯ 47᠂ ᠵᠠᠮ ᠬᠠᠷᠢᠯᠴᠠᠭᠠᠨ ᠤ ᠲᠥᠷᠦᠯ ᠵᠦᠢᠯ 14᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠥᠷᠦᠯ ᠵᠦᠢᠯ 35᠂ ᠡᠨᠧᠷᠭᠢ ᠶᠢᠨ ᠲᠥᠷᠦᠯ ᠵᠦᠢᠯ 30᠂ ᠨᠡᠢᠭᠡᠮ ᠤᠨ ᠠᠵᠢᠯ ᠦᠢᠯᠡᠰ ᠤᠨ ᠲᠥᠷᠦᠯ ᠵᠦᠢᠯ 87᠂ ᠬᠤᠲᠠ ᠪᠠᠯᠭᠠᠰᠤ ︵ᠬᠦᠷᠢᠶᠡᠯᠡᠩ ᠲᠣᠭᠤᠷᠢᠭ ᠢ ᠪᠠᠭᠲᠠᠭᠠᠨ᠎ᠠ︶ ᠶᠢᠨ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ 114᠂ ᠪᠣᠳᠠᠰ ᠤᠨ ᠭᠦᠢᠯᠭᠡᠭᠡᠨ ᠤ ᠲᠥᠷᠦᠯ ᠵᠦᠢᠯ 11 ᠪᠤᠢ᠃      ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ ᠪᠦᠬᠦ ᠬᠤᠲᠠ ᠶᠢᠨ 303 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠭᠤᠣᠯᠳᠠᠯᠭ᠎ᠠ ᠲᠠᠢ ᠲᠥᠷᠦᠯ ᠵᠦᠢᠯ ᠳᠠᠬᠢ ᠪᠠᠶ᠋ᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠦᠯ ᠵᠦᠢᠯ 165 ᠪᠠᠶ᠋ᠵᠤ᠂ ᠶᠡᠷᠦᠩᠬᠡᠢ ᠪᠡᠯᠡ ᠣᠷᠣᠭᠤᠯᠤᠯᠲᠠ ᠨᠢ 1408 ᠳ᠋ᠦᠩᠰᠢᠭᠤᠷ ᠲᠥᠭᠦᠷᠢᠭ ᠪᠠᠶ᠋ᠵᠤ᠂ ᠤᠯᠠᠮᠵᠢᠯᠠᠯᠲᠤ ᠠᠵᠤ ᠦᠢᠯᠡᠰ ᠤᠨ ᠲᠥᠷᠦᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠠᠴᠠ ᠬᠤᠯᠠ ᠥᠨᠳᠥᠷ ᠪᠠᠢᠨ᠎ᠠ᠃ᠲᠥᠷᠥᠯ ᠵᠦᠶ᠋ᠯ ᠢᠶᠠᠷ ᠵᠣᠷᠢᠭ ᠰᠠᠨᠠᠭ᠎ᠠ ᠶᠢ ᠳᠡᠭᠡᠭᠰᠢᠯᠡᠭᠦᠯᠬᠦ᠃      ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠨᠢ ᠪᠤᠭᠤᠲᠤ ᠶᠢᠨ ᠠᠵᠤ ᠦᠶ᠋ᠯᠡᠰ ᠤᠨ ᠣᠷᠴᠢᠨ ᠲᠣᠭᠤᠷᠢᠨ ᠢ ᠬᠤᠪᠢᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠪᠥᠬᠦ ᠪᠤᠭᠤᠲᠤ ᠶᠢᠨ ᠬᠥᠮᠦᠰ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠨᠥᠯᠥᠭᠡᠯᠡᠵᠦ ᠪᠠᠶᠢᠨ᠎ᠠ᠃ ︽ᠭᠦᠶᠦᠵᠦ᠂ ᠴᠠᠭ ᠢ ᠠᠮᠵᠢᠨ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ︾ ᠨᠢ ᠺᠠᠳ᠋ᠷ ᠣᠯᠠᠨ ᠲᠦᠮᠡᠨ ᠤ ᠠᠵᠢᠯᠯᠠᠭᠠᠨ ᠤ ᠵᠦᠭᠯᠡᠭᠦᠷ ᠪᠣᠯᠵᠣ᠂ ᠪᠥᠬᠦ ᠬᠤᠲᠠ ᠳᠠᠶᠠᠭᠠᠷ ᠢᠶᠠᠨ ᠠᠵᠠ ᠲᠣᠬᠢᠶᠠᠯ ᠢ ᠠᠮᠵᠢᠨ᠂ ᠡᠷᠡᠯᠬᠡᠭᠯᠡᠨ ᠤᠷᠤᠭᠰᠢᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠯ ᠢ ᠲᠠᠰᠤᠷᠠᠯᠲᠠ ᠥᠬᠡᠶ ᠪᠠᠬᠢᠵᠢᠭᠦᠯᠪᠡ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠪᠤᠭᠤᠲᠤ ᠶᠢᠨ ᠶᠦᠨ ᠱᠧᠩ ᠴᠢᠶᠠᠩ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ 6000 ᠲᠣᠨ ᠨᠧᠦᠳᠢᠮ ᠲᠡᠮᠦᠷ ᠪᠣᠷ ᠤᠨ ᠲᠥᠷᠥᠯ ᠵᠦᠶ᠋ᠯ ᠤᠨ ᠲᠥᠬᠦᠭᠡᠷᠦᠮᠵᠢ ᠶᠢ ᠪᠦᠬᠦᠨ ᠢ ᠲᠤᠷᠰᠢᠨ ᠲᠣᠬᠢᠷᠠᠭᠤᠯᠵᠤ ᠳᠠᠭᠤᠰᠤᠭᠠᠳ ᠵᠥᠪᠬᠡᠨ ᠴᠠᠬᠢᠯᠭᠠᠨ ᠬᠦᠷᠭᠡᠮᠡᠭᠴᠡ ᠠᠰᠢᠭᠯᠠᠯᠲᠠ ᠳᠤ ᠣᠷᠣᠭᠤᠯᠵᠤ ᠪᠣᠯᠬᠤ ᠶᠢ ᠰᠣᠨᠣᠰᠤᠭᠠᠳ᠂ ᠭᠤᠤᠯᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠡᠷᠡ ᠳᠠᠷᠤᠶ ᠳᠤᠨᠢ ᠪᠤᠭᠤᠲᠤ ᠶᠢᠨ ᠴᠠᠬᠢᠯᠭᠠᠨ ᠬᠠᠩᠭᠠᠬᠤ ᠲᠣᠪᠴᠢᠶ᠎ᠠ᠂ ᠬᠤᠲᠠ ᠶᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠢᠭᠡᠳᠦᠭᠡᠷ ᠭᠠᠷ ᠢ ᠳᠠᠭᠠᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠠᠰᠠᠭᠤᠳᠠᠯ ᠢ ᠰᠢᠶ᠋ᠳᠪᠦᠷᠢᠯᠡᠪᠡ᠃ ᠠᠵᠤ ᠠᠬᠤᠶᠢᠯᠠᠯ ᠪᠠ ᠲᠥᠷᠥᠯ ᠵᠦᠶ᠋ᠯ ᠢ ᠣᠯᠠᠨ ᠲᠠᠯ᠎ᠠ ᠠᠴᠠ ᠠᠰᠠᠭᠤᠨ ᠯᠠᠪᠯᠠᠬᠤ᠂ ᠭᠦᠶ᠋ᠴᠡᠳᠬᠡᠬᠦ ᠲᠠᠰ ᠳᠠᠷᠠᠭᠠᠯᠠᠯ ᠢ ᠣᠶᠢᠯᠠᠭᠠᠬᠤ ᠥᠬᠡᠶ ᠵᠡᠷᠭᠡ ᠠᠰᠠᠭᠤᠳᠠᠯ ᠢ ᠲᠥᠪᠯᠡᠷᠡᠭᠦᠯᠦᠨ ᠰᠢᠶ᠋ᠳᠪᠦᠷᠢᠯᠡᠬᠦ ᠶᠢᠨ ᠲᠥᠯᠥᠭᠡ᠂ ᠪᠤᠭᠤᠲᠤ ᠬᠤᠲᠠ ᠳᠥᠷᠪᠡᠨ ᠤᠳᠠᠭᠠᠨ ᠤ ᠴᠢᠬᠤᠯᠠ ᠶᠡᠭᠡ ᠲᠥᠷᠥᠯ ᠵᠦᠶ᠋ᠯ ᠤᠨ ︽ᠲᠥᠪᠯᠡᠷᠡᠩᠭᠦᠶ ᠡᠳᠦᠷ ᠤᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠮᠠᠭᠲᠠᠭᠠᠯ ᠰᠠᠶᠢᠰᠢᠶᠠᠯ ᠢ ᠤᠯᠪᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ ᠪᠥᠬᠦ ᠬᠤᠲᠠ ᠶᠢᠨ 20 ᠠᠵᠤ ᠦᠶ᠋ᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠠᠵᠢᠯ ᠤᠨ ᠳᠤᠭᠤᠶᠢᠯᠠᠩ ᠵᠣᠭᠰᠣᠯ ᠥᠬᠡᠶ ᠤᠷᠤᠭᠰᠢᠯᠠᠵᠤ ᠂ ᠣᠲᠣ ᠪᠣᠯᠲᠠᠯ᠎ᠠ ᠨᠡᠶᠢᠲᠡ 4565 ᠠᠵᠤ ᠠᠬᠤᠶᠢᠯᠠᠯ ᠲᠠᠢ ᠵᠠᠯᠭᠠᠯᠳᠤᠵᠤ᠂ 687 ᠲᠥᠷᠥᠯ ᠵᠦᠶ᠋ᠯ ᠲᠠᠢ ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ 1 . 04 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠨᠲᠡ 403 ᠲᠥᠷᠥᠯ ᠵᠦᠶ᠋ᠯ ᠢ ᠳᠠᠩᠰᠠᠯᠠᠭᠤᠯᠵᠤ᠂ ᠨᠠᠶᠢᠳᠠᠪᠤᠷᠢᠵᠢᠭᠤᠯᠤᠭᠰᠠᠨ ᠨᠣᠷᠮ᠎ᠠ 59 % ᠳᠤ ᠬᠦᠷᠴᠡᠶ᠃      ᠭᠤᠤᠯᠳᠠᠯᠭ᠎ᠠ ᠲᠠᠢ ᠬᠦᠷᠢᠶ᠎ᠡ ᠶᠢ ᠣᠨᠢᠯᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠬᠤ ᠳᠤ᠂ ᠪᠤᠭᠤᠲᠤ ᠶᠢᠨ ᠡᠬᠡ ᠭᠠᠵᠠᠷ ᠲᠤ ᠴᠢᠨᠠᠷ ᠰᠠᠶᠢᠲᠠᠶ ᠬᠥᠭᠵᠢᠯᠲᠡ ᠶᠢᠨ ᠤᠷᠤᠭᠰᠢᠯᠠᠨ ᠳᠠᠪᠰᠢᠬᠤ ᠲᠠᠭᠤᠨ ᠰᠣᠨᠣᠰᠳᠠᠨ᠎ᠠ ᠃ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠰᠠᠶᠢᠲᠤᠷ ᠦᠢᠯᠡᠴᠢᠯᠡᠬᠦ ᠪᠣᠯ ᠳᠠᠷᠤᠢ ᠣᠷᠣᠨ ᠨᠤᠲᠤᠭ ᠤᠨ ᠬᠥᠭᠵᠢᠯᠲᠡ ᠶᠢᠨ ᠮᠠᠷᠭᠠᠰᠢ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠪᠤᠭᠤᠲᠤ ᠯᠠᠪᠲᠠᠢ ᠴᠢᠬᠤᠯᠠ ᠶᠡᠭᠡ ᠲᠦᠷᠦᠯ ᠵᠦᠢᠯ ᠤᠨ ᠳᠡᠮᠵᠢᠯᠭᠡ ᠳᠣᠣᠷ᠎ᠠ᠂ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠳᠠᠪᠠᠯᠲᠠ ᠲᠠᠢ ᠪᠣᠯᠬᠤ ᠶᠤᠮ︕
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠃
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1