ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 2020 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ᠃
ᠨᠡᠶᠢᠲᠡᠯᠡᠭᠰᠡᠨ ᠴᠠᠭ᠄
2021/11/15
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠭᠠᠵᠠᠷ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2020 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠮᠡᠳᠡᠭᠦᠯᠦᠯᠲᠡ ᠳᠣᠤᠷᠠᠬᠢ ᠮᠡᠲᠦ᠄ᠨᠢᠭᠡ᠂ ᠶᠡᠷᠦᠩᠬᠡᠶ ᠪᠠᠶᠢᠳᠠᠯ      2020 ᠣᠨ ᠤ ᠲᠣᠰ ᠭᠠᠵᠠᠷ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ 2020 ᠣᠨ ᠳᠤ᠂ ᠮᠠᠨ ᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠠᠴᠠ 1259 ᠰᠦᠯᠵᠢᠶᠡᠨ ᠤ ᠮᠡᠳᠡᠭᠡ ᠵᠠᠩᠭᠢ ᠶᠢ ᠨᠡᠶᠢᠲᠡᠯᠡᠪᠡ ︵ᠡᠭᠦᠨ ᠳᠤ ︽ᠳ᠋ᠦᠩ ᠾᠧ ᠰᠣᠨᠢᠨ ᠮᠡᠳᠡᠭᠡ︾ ᠪᠤᠯᠤᠩ ᠢ 556 ᠨᠡᠶᠢᠲᠡᠯᠡᠵᠦ᠂ ︽ᠵᠠᠷᠯᠠᠨ ᠨᠡᠶᠢᠲᠡᠯᠡᠬᠦ︾ ᠪᠤᠯᠤᠩ ᠢ 146 ᠨᠡᠶᠢᠲᠡᠯᠡᠵᠦ᠂ ︽ᠲᠡᠷᠢᠭᠦᠨ ᠵᠤᠷᠪᠤᠰ ᠰᠣᠨᠢᠨ ᠮᠡᠳᠡᠭᠡ︾ ᠪᠤᠯᠤᠩ ᠢ 197 ᠨᠡᠶᠢᠲᠡᠯᠡᠵᠦ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠪᠤᠯᠤᠩ ᠢ 158 ᠨᠡᠶᠢᠲᠡᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠪᠤᠯᠤᠩ ᠢ 78 ᠨᠡᠶᠢᠲᠡᠯᠡᠵᠦ᠂ ᠲᠣᠭᠤᠷᠢᠭ ᠤᠨ ᠳᠠᠷᠤᠭ᠎ᠠ ᠶᠢᠨ 124 ᠵᠠᠬᠢᠳᠠᠯ ᠤᠨ ᠬᠠᠶᠢᠷᠴᠠᠭ ᠲᠤ ᠬᠠᠷᠢᠭᠤ ᠥᠭᠪᠡ︶᠃ᠬᠤᠶᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ      ︵ᠨᠢᠭᠡ︶ ᠣᠷᠣᠰᠢᠵᠤ ᠪᠠᠶᠢᠭ᠎ᠠ ᠠᠰᠠᠭᠤᠳᠠᠯ᠄ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠬᠡᠳᠦ᠋ᠢᠪᠡᠷ ᠡᠳᠦᠶ ᠲᠡᠳᠦᠶ ᠲᠠᠪᠰᠢᠯᠳᠠ ᠲᠠᠢ ᠪᠣᠯᠤᠭᠰᠠᠨ ᠪᠣᠯᠪᠠᠴᠤ ᠪᠢᠴᠢᠭ ᠮᠠᠲ᠋ᠧᠷᠢᠶᠠᠯ ᠤᠨ ᠲᠣᠭᠲᠠᠭᠠᠯ ᠪᠠ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠪᠠᠯ᠂ ᠨᠡᠶᠢᠭᠡᠮ ᠨᠡᠶᠢᠲᠡ ᠶᠢᠨ ᠬᠦᠰᠡᠯ ᠡᠷᠡᠮᠡᠯᠵᠡᠯ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃      ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ ᠣᠨᠴᠠ ᠵᠠᠷᠢᠮ ᠨᠢᠭᠡᠴᠡ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠴᠢᠬᠤᠯᠠᠴᠢᠯᠠᠬᠤ ᠪᠠᠷ ᠬᠦᠷᠦᠯᠴᠡᠬᠦ ᠥᠬᠡᠶ ᠪᠠᠶᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠤᠬᠠᠶ ᠴᠢᠬᠤᠯᠠ ᠪᠥᠬᠦᠶ ᠲᠠᠨᠢᠯᠲᠠ ᠪᠠ ᠣᠶᠢᠯᠠᠭᠠᠯᠲᠠ ᠪᠠᠷ ᠳᠤᠲᠠᠮᠠᠭ ᠪᠠᠶᠢᠵᠤ᠂ ᠦᠵᠡᠯ ᠤᠬᠠᠮᠰᠠᠷ ᠢᠶᠠᠷ ᠴᠢᠩᠭ᠎ᠠ ᠪᠢᠰᠢ᠂ ᠠᠵᠢᠯ ᠳᠠᠭᠠᠨ ᠰᠠᠨᠠᠭᠠᠴᠢᠯᠠᠭ᠎ᠠ ᠲᠠᠢ ᠪᠢᠰᠢ ᠪᠠᠶᠢᠨ᠎ᠠ᠃      ᠬᠤᠶᠠᠷ ᠲᠤ ᠲᠦᠷᠢᠮ ᠢ ᠪᠣᠳᠠᠲᠠᠶ ᠪᠠᠷ ᠬᠡᠷᠡᠭᠵᠢᠭᠦᠯᠦᠭᠰᠡᠨ ᠦᠭᠡᠢ᠃ ᠣᠨᠴᠠ ᠵᠠᠷᠢᠮ ᠨᠢᠭᠡᠴᠡ ᠳᠤ ᠲᠦᠷᠢᠮ ᠢ ᠪᠣᠳᠠᠲᠠᠶ ᠬᠡᠷᠡᠭᠵᠢᠭᠦᠯᠦᠭᠰᠡᠨ ᠥᠬᠡᠶ ᠠᠰᠠᠭᠤᠳᠠᠯ ᠣᠷᠣᠰᠢᠵᠤ ᠪᠠᠶᠢᠨ᠎ᠠ᠂ ᠡᠨᠡ ᠨᠢ ᠭᠤᠤᠯᠳᠠᠭᠤ ᠣᠷᠣᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠶᠢᠨ ᠠᠭᠤᠯᠭ᠎ᠠ ᠳᠤ ᠣᠷᠣᠰᠢᠵᠤ ᠪᠠᠶᠢᠭ᠎ᠠ ᠬᠡᠰᠡᠭ ᠴᠢᠬᠤᠯᠠ ᠪᠤᠯᠤᠩ ᠤᠨ ᠰᠢᠨᠡᠴᠢᠯᠡᠯᠲᠡ ᠶᠢᠨ ︽ᠴᠥᠭᠡᠨ᠂ ᠤᠳᠠᠭᠠᠨ︾ ᠪᠠᠶᠢᠬᠤ ᠳᠡᠭᠡᠷ᠎ᠡ ᠢᠯᠡᠷᠡᠵᠦ ᠪᠠᠶᠢᠨ᠎ᠠ᠃      ᠭᠤᠷᠪᠠ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ᠃ ᠡᠨᠡ ᠨᠢ ᠭᠤᠤᠯᠳᠠᠭᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠬᠡᠲᠦ ᠲᠥᠬᠦᠮ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠶᠡᠬᠡᠩᠬᠢ ᠬᠡᠰᠡᠭ ᠨᠢ ᠡᠬᠡ ᠪᠢᠴᠢᠭ ᠤᠨ ᠬᠡᠯᠪᠡᠷᠢ ᠪᠠᠶᠢᠵᠤ᠂ ᠠᠭᠤᠯᠭ᠎ᠠ ᠬᠦᠴᠦᠨ ᠵᠦᠶ᠋ᠯ ᠪᠦᠷᠢᠨ ᠪᠤᠰᠤ᠂ ᠭᠤᠤᠯᠳᠠᠯᠭ᠎ᠠ ᠨᠢ ᠲᠣᠳᠣᠷᠬᠠᠶ ᠥᠬᠡᠶ᠂ ︽ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠲᠠᠶᠢᠯᠪᠤᠷᠢᠯᠠᠬᠤ ︾ ᠦᠵᠡᠭᠳᠡᠯ ᠣᠷᠣᠰᠢᠵᠤ᠂ ᠲᠠᠶᠢᠯᠤᠮᠵᠢ ᠶᠢᠨ ᠦᠷ᠎ᠡ ᠳ᠋ᠦᠩ ᠭᠠᠷᠭᠠᠭᠰᠠᠨ ᠥᠬᠡᠶ ᠠᠴᠠ ᠪᠣᠯᠵᠣ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠪᠣᠳᠠᠲᠠᠶᠢᠵᠢᠭᠤᠯᠤᠭᠰᠠᠨ ᠥᠬᠡᠶ ᠠᠴᠠ ᠪᠣᠯᠤᠭᠰᠠᠨ ᠶᠤᠮ᠃      ︵ᠬᠤᠶᠠᠷ︶ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ      ᠨᠢᠭᠡ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ︽ᠢᠯᠡ ᠪᠣᠯᠭᠠᠬᠤ ᠪᠠᠷ ᠵᠠᠷᠴᠢᠮ ᠪᠣᠯᠭᠠᠵᠤ᠂ ᠥᠯᠥ ᠢᠯᠡ ᠪᠣᠯᠭᠠᠬᠤ ᠶᠢ ᠣᠨᠴᠠᠭᠠᠶ ᠵᠦᠶ᠋ᠯ ᠪᠣᠯᠭᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠦᠷᠢᠶ᠎ᠡ ᠬᠡᠪᠴᠢᠶ᠎ᠡ ᠪᠠ ᠵᠦᠶ᠋ᠯᠡᠰ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠪᠠ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠭᠦᠨᠵᠡᠭᠡᠶᠢᠷᠡᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ᠃      ᠬᠤᠶᠠᠷ ᠲᠤ᠂ ︽ᠬᠡᠨ ᠲᠤᠭᠤᠷᠪᠢᠪᠠᠯ ᠬᠡᠨ ᠲᠠᠶᠢᠯᠪᠤᠷᠢᠯᠠᠬᠤ︾ ᠵᠠᠷᠴᠢᠮ ᠶᠣᠰᠣᠭᠠᠷ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠢᠷᠤᠭ ᠬᠦᠰᠦᠨᠦᠭᠵᠢᠭᠦᠯᠬᠦ᠂ ᠦᠵᠡᠭᠳᠡᠬᠦ᠋ᠢᠴᠡ ᠪᠣᠯᠭᠠᠬᠤ᠂ ᠲᠣᠭᠠᠵᠢᠭᠤᠯᠬᠤ ᠵᠡᠷᠭᠡ ᠵᠢᠷᠤᠭ ᠲᠥᠯᠥᠪᠯᠡᠭᠡ ᠶᠢᠨ ᠡᠯᠧᠮᠧᠨ᠋ᠲ ᠢ ᠠᠭᠤᠰᠤᠯᠴᠠᠭᠤᠯᠬᠤ ᠲᠥᠷᠥ ᠶᠢᠨ ᠪᠣᠳᠣᠯᠭ᠎ᠠ ᠪᠠᠷ ᠲᠠᠶᠢᠯᠤᠮᠵᠢ ᠬᠢᠵᠦ᠂ ᠲᠠᠶᠢᠯᠤᠮᠵᠢ ᠶᠢ ᠨᠠᠩ ᠢᠯᠡᠭᠦᠤ ᠣᠯᠠᠨ ᠲᠦᠮᠡᠨ ᠲᠠᠢ ᠣᠶᠢᠷᠠᠲᠤᠭᠤᠯᠤᠨ᠎ᠠ᠃      ᠭᠤᠷᠪᠠ ᠳᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠯᠭᠠᠨ ᠬᠢᠨᠠᠬᠤ ᠭᠦᠶ᠋ᠴᠡᠳᠬᠡᠯ ᠲᠤᠭ᠎ᠠ ᠳᠤ ᠣᠷᠣᠭᠤᠯᠵᠤ᠂ ᠮᠡᠳᠡᠭᠡᠯᠡᠬᠦ ᠲᠦᠷᠢᠮ ᠢ ᠪᠠᠶᠢᠭᠤᠯᠤᠨ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠦᠷᠢᠮᠵᠢᠯᠲᠡ᠂ ᠵᠢᠷᠤᠮᠵᠢᠯᠲᠠ ᠲᠠᠢ ᠬᠥᠭᠵᠢᠯᠲᠡ ᠶᠢ ᠠᠬᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠦᠨᠵᠡᠭᠡᠶ᠂ ᠦᠷᠭᠦᠯᠵᠢᠯᠡᠨ᠂ ᠥᠨᠳᠥᠷ ᠪᠦᠲᠦᠮᠵᠢᠲᠡᠶ ᠪᠠᠷ ᠥᠷᠨᠢᠭᠦᠯᠦᠨ᠎ᠡ᠃ᠭᠤᠷᠪᠠ  ᠂ ᠪᠤᠰᠤᠳ ᠮᠡᠳᠡᠭᠦᠯᠬᠦ ᠴᠢᠬᠤᠯᠠᠲᠠᠢ ᠵᠦᠢᠯ      ᠦᠭᠡᠢ᠃    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ    2021 ᠣᠨ ᠤ 1 ᠰᠠᠷ᠎ᠠ ᠶᠢᠨ 28 ᠤ  ᠡᠳᠦᠷ    
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1