ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠦᠨᠳᠦᠰᠦᠨ ᠱᠠᠲᠤᠨ ᠳᠤ ᠡᠮᠦᠨ᠎ᠡ ᠨᠢ ᠰᠤᠷᠤᠯᠴᠠᠵᠤ ᠡᠮᠦᠨ᠎ᠡ ᠨᠢ ᠠᠵᠢᠯᠯᠠᠨ᠎ᠠ᠃
ᠨᠡᠶᠢᠲᠡᠯᠡᠭᠰᠡᠨ ᠴᠠᠭ᠄
2021/11/23
   11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭ᠎ᠠ᠃    ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ᠃    ᠪᠡᠭᠡᠵᠢᠩ ᠳᠤ ᠶᠠᠪᠤᠭᠳᠠᠨ᠎ᠠ᠃    ᠳ᠋ᠦᠩ ᠾᠧ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠢ᠃    ᠲᠦᠷᠭᠡᠨ ᠥᠷᠨᠢᠬᠦ᠃    ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠬᠠᠯᠠᠭᠤᠨ ᠥᠷᠨᠢᠯᠲᠡ᠃
 11 ᠰᠠᠷ᠎ᠠ ᠶᠢᠨ 15 ᠤ ᠡᠳᠦᠷ᠂ ᠣᠷᠣᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠥᠬᠦ ᠪᠠᠭᠰᠢ ᠠᠵᠢᠯᠲᠠᠨ ᠢ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠲᠥᠰᠦᠯ ᠪᠠ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠤᠯᠠᠨ ᠢᠶᠠᠷ ᠢᠶᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠰᠤᠷᠭᠠᠭᠤᠯᠢ ᠨᠠᠮ ᠤᠨ ᠬᠢ ᠳᠤ ᠰᠠᠭᠤᠷᠢᠯᠠᠵᠤ᠂ ᠨᠠᠮ ᠤᠨ ᠰᠤᠷᠭᠠᠭᠤᠯᠢ ᠶᠢᠨ ᠳᠠᠪᠠᠭᠤᠯᠢᠭ ᠢ ᠪᠠᠳᠠᠷᠠᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠦᠬᠦ ᠣᠷᠣᠨ ᠤ ᠨᠠᠮ ᠤᠨ ᠭᠡᠰᠢᠭᠦᠨ ᠺᠠᠳ᠋ᠷ ᠲᠤ ᠤᠯᠤᠰ ᠲᠦᠷᠦ ᠶᠢᠨ ᠤᠨᠤᠯ ᠤᠨ ᠰᠠᠭᠤᠷᠢ ᠶᠢ ᠪᠠᠬᠢᠵᠢᠭᠦᠯᠵᠦ ᠥᠭᠭᠦᠨ᠎ᠡ ᠭᠡᠵᠦ ᠢᠯᠡᠳᠬᠡᠵᠡᠭᠡᠪᠡ᠃
   11 ᠰᠠᠷ᠎ᠠ ᠶᠢᠨ 15 ᠤ ᠡᠳᠦᠷ᠂ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠣᠨᠣᠯ ᠰᠤᠷᠤᠯᠴᠠᠬᠤ ᠭᠤᠤᠯ ᠳᠤᠭᠤᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ᠂ ᠪᠦᠬᠦ ᠨᠠᠮ ᠤᠨ ᠭᠡᠰᠢᠭᠦᠨ ᠺᠠᠳ᠋ᠷ ᠢ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠶᠠᠯᠳᠤᠭᠤᠯᠬᠤ ᠬᠡᠷᠡᠭᠲᠡᠢ ᠭᠡᠵᠦ ᠱᠠᠭᠠᠷᠳᠠᠪᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠣᠨᠣᠪᠴᠢᠲᠠᠶ ᠡᠵᠡᠮᠰᠢᠬᠦ ᠬᠡᠷᠡᠭᠲᠡᠶ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠦᠨ᠎ᠡ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠂ ᠪᠥᠬᠦ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠃
11 ᠰᠠᠷ᠎ᠠ ᠶᠢᠨ 15 ᠤ ᠡᠳᠦᠷ᠂ ᠶᠠᠩ ᠭᠧ ᠯᠤᠩ ᠵᠡᠭᠡᠯᠢ ᠭᠤᠳᠤᠮᠵᠢ ᠶᠢᠨ ᠳ᠋ᠦᠩ ᠣᠪᠣᠭ᠎ᠠ ᠨᠡᠶᠢᠭᠡᠮ ᠲᠣᠭᠤᠷᠢᠭ ᠪᠥᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ᠂ LED ᠲᠣᠮᠣ ᠳᠡᠯᠭᠡᠴᠡ᠂ ᠵᠢᠵᠢᠭ ᠷᠠᠳᠢᠣ᠋ ᠨᠡᠪᠲᠡᠷᠡᠭᠦᠯᠭᠡ᠂ ᠸᠢᠴᠠᠲ ᠤᠨ ᠴᠤᠭᠯᠠᠷᠠᠯ ᠵᠡᠷᠭᠡ ᠶᠢ ᠭᠦᠶ᠋ᠴᠡᠳ ᠠᠰᠢᠭᠯᠠᠨ ᠣᠯᠠᠨ ᠠᠷᠭ᠎ᠠ ᠵᠠᠮ ᠢᠶᠠᠷ ᠤᠬᠠᠭᠤᠯᠭ᠎ᠠ ᠬᠥᠮᠦᠵᠢᠯ ᠥᠷᠨᠢᠭᠦᠯᠵᠦ᠂ ᠬᠠᠷᠢᠶ᠎ᠠ ᠣᠷᠣᠨ ᠳᠤ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1