ᠳ᠋ᠦᠩ ᠾᠧ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ︽ᠠᠮᠢᠵᠢᠷᠠᠯ ᠤᠨ ᠬᠦᠴᠦᠨ ᠲᠠᠢ ᠪᠤᠭᠤᠲᠤ︾᠂ ︽ᠪᠣᠬᠢᠷᠲᠤᠯ ᠥᠬᠡᠶ ᠪᠤᠭᠤᠲᠤ︾ ᠶᠢ ᠴᠢᠨᠠᠷ ᠰᠠᠶᠢᠲᠠᠶ | ᠪᠥᠲᠥᠭᠡᠨ ᠪᠠᠶᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠭᠦᠨᠵᠡᠭᠡᠶ ᠠᠬᠢᠭᠤᠯᠵᠤ᠂ | ᠬᠥᠩᠭᠡᠨ ᠴᠠᠭᠠᠨ ᠤ ᠰᠢᠨ᠎ᠡ ᠮᠠᠲ᠋ᠧᠷᠢᠶᠠᠯ᠂ ᠵᠡᠰ ᠤᠨ ᠰᠢᠨ᠎ᠡ ᠮᠠᠲ᠋ᠧᠷᠢᠶᠠᠯ᠂ ᠵᠠᠪᠰᠠᠷ ᠤᠨ ᠬᠠᠶᠢᠯᠤᠰᠢ ᠮᠠᠲ᠋ᠧᠷᠢᠶᠠᠯ | ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠦᠶ᠋ᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠶ᠋ᠯᠡᠴᠢᠯᠡᠭᠡᠨ ᠤ | ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠮᠤᠭ ᠤᠨ ᠶᠡᠭᠡ ᠡᠷᠴᠢᠮ᠂ ᠬᠠᠮᠤᠭ ᠤᠨ ᠪᠣᠳᠠᠲᠠᠶ ᠠᠷᠭ᠎ᠠ | ᠬᠡᠮᠵᠢᠶ᠎ᠡ ᠪᠠᠷ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ︽ᠨᠠᠷᠢᠯᠢᠭ ᠵᠢᠷᠤᠭ︾ ᠢ᠃ | ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠣᠷᠣᠪᠠᠯ᠂ | ᠲᠩᠷᠢ ᠨᠢ ᠴᠡᠯᠮᠡᠭ ᠤᠰᠤ ᠨᠢ ᠲᠤᠩᠭᠠᠯᠠᠭ᠂ ᠵᠠᠮ ᠨᠢ ᠥᠷᠭᠡᠨ ᠠᠭᠤᠳᠠᠮ᠃ ᠲᠡᠮᠦᠷ ᠵᠠᠮ ᠤᠨ ᠲᠤᠰᠬᠠᠶ ᠱᠤᠭᠤᠮ | ᠪᠣᠯᠤᠨ ᠨᠡᠭᠦᠷᠡᠰᠦ ᠳᠠᠮᠵᠢᠭᠤᠯᠬᠤ ᠰᠢᠰᠲ᠋ᠧᠮ ᠨᠢ ᠡᠳᠦᠷ ᠪᠦᠷᠢ 5000 ᠲᠣᠨ ᠨᠡᠭᠦᠷᠡᠰᠦ ᠲᠤᠰᠴᠤ ᠲᠠᠷᠬᠠᠭᠠᠬᠤ | ᠬᠤᠷᠳᠤᠴᠠ ᠪᠠᠷ ︽ᠬᠡᠲᠦ ᠲᠠᠭᠤ ᠥᠬᠡᠶ︾᠂ ︽ᠪᠣᠬᠢᠷᠲᠤᠯ ᠥᠬᠡᠶ︾ ᠭᠠᠵᠠᠷ ᠢᠶᠠᠷ ᠬᠥᠩᠭᠡᠨ ᠴᠠᠭᠠᠨ ᠪᠣᠯᠭᠠᠵᠤ᠂ | ᠬᠤᠸᠠ ᠶᠦᠨ ᠴᠠᠬᠢᠯᠭᠠᠨ ᠦᠶ᠋ᠯᠡᠳᠪᠦᠷᠢ ᠨᠢ ᠲᠠᠰᠤᠷᠠᠯᠲᠠ ᠥᠬᠡᠶ ᠨᠡᠭᠦᠷᠡᠰᠦ ᠬᠠᠩᠭᠠᠵᠤ ᠪᠠᠶᠢᠨ᠎ᠠ︔ ᠷᠦᠨ ᠲᠦᠩ | ᠪᠣᠬᠢᠷ ᠤᠰᠤ ᠰᠢᠢᠳᠪᠦᠷᠢᠯᠡᠬᠦ ᠦᠶ᠋ᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠲᠥᠷᠥᠯ | ᠵᠦᠢᠯ ᠢ ᠪᠦᠬᠦ ᠲᠠᠯ᠎ᠠ ᠪᠠᠷ ᠳᠠᠭᠤᠰᠬᠠᠵᠤ᠂ ᠡᠳᠦᠷ ᠲᠤ 2 ᠲᠦᠮᠡᠨ ᠲᠣᠨ ᠪᠣᠬᠢᠷ ᠤᠰᠤ ᠰᠢᠢᠳᠪᠦᠷᠢᠯᠡᠬᠦ ᠪᠠᠷ ᠳᠠᠮᠵᠢᠨ | ᠂ ᠰᠧᠨ ᠳ᠋ᠦ᠋ ᠨᠡᠭᠦᠷᠡᠰᠦᠲᠥ᠋ᠷᠥᠭᠴᠢ ᠡᠯᠧᠮᠧᠨ᠋ᠲ᠂ ᠺᠠᠢ ᠫᠦ ᠰᠦᠩ ᠵᠡᠷᠭᠡ ᠠᠵᠤ ᠠᠬᠤᠶᠢᠯᠠᠯ ᠤᠨ ᠤᠰᠤᠨ ᠤ ᠴᠢᠨᠠᠷ ᠢ | ᠪᠦᠬᠦᠨ ᠢ ᠪᠠᠷᠢᠮᠵᠢᠶᠠᠨ ᠳᠤ ᠬᠦᠷᠭᠡᠵᠦ᠂ ᠳᠤᠮᠳᠠᠬᠢ ᠤᠰᠤ ᠶᠢ ᠭᠠᠳᠠᠭᠰᠢᠯᠠᠭᠤᠯᠬᠤ ᠦᠭᠡᠢ ᠪᠣᠯᠭᠠᠨ᠎ᠠ︔ 60 | ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠶ ᠶᠢ ᠪᠥᠬᠦ | ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ ᠶᠠᠭ ᠠᠵᠤ ᠦᠶ᠋ᠯᠡᠳᠪᠦᠷᠢ ᠶᠢᠨ ᠦᠶ᠋ᠯᠡᠳᠪᠦᠷᠢᠯᠡᠯ ᠳᠤᠮᠳᠠᠬᠢ ᠨᠠᠩ | ᠣᠯᠠᠨ ᠬᠠᠶᠠᠭᠳᠠᠮᠠᠯ ᠪᠣᠳᠠᠰ ᠢ ᠪᠣᠯᠪᠠᠰᠤᠷᠠᠭᠤᠯᠵᠤ᠂ ᠬᠤᠷᠢᠶᠠᠨ ᠠᠪᠴᠤ᠂ ᠠᠰᠢᠭᠯᠠᠵᠤ᠂ ᠠᠵᠤ ᠠᠬᠤᠶᠢᠯᠠᠯ ᠢ | ᠬᠠᠪᠰᠤᠷᠤᠨ ︽ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ︾ ᠪᠣᠯᠭᠠᠵᠤ ᠪᠠᠶᠢᠨ᠎ᠠ᠃ | | | ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠶᠢᠨ ᠴᠡᠪᠡᠷ ᠤᠰᠤᠨ ᠤ ᠲᠠᠰᠤᠯᠭ᠎ᠠ ᠶᠢᠨ ᠣᠷᠣᠢ᠃ | ᠠᠮᠢ ᠠᠬᠤᠢ ᠪᠣᠬᠢᠷᠲᠤᠯ ᠦᠭᠡᠢ᠂ ᠣᠶᠤᠨᠴᠢᠯᠠᠭᠰᠠᠨ ᠠᠯᠢ ᠤᠯᠠᠨ ︽ᠠᠵᠢᠯᠯᠠᠭ᠎ᠠ︾ ᠨᠢ ᠤᠯᠠᠮ ᠠᠴᠠ ᠤᠯᠠᠨ | ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠤᠰᠬᠠᠬᠤ ᠶᠢ ᠲᠠᠲᠠᠵᠤ᠂ ᠬᠦᠷᠢᠶᠡᠯᠡᠩ ᠲᠣᠭᠤᠷᠢᠭ ᠨᠢ ᠠᠵᠤ | ᠠᠬᠤᠶᠢᠯᠠᠯ ᠤᠨ ᠲᠦᠷᠭᠡᠨ ᠬᠥᠭᠵᠢᠨ ᠪᠤᠵᠠᠭᠠᠢᠢᠷᠠᠬᠤ ︽ᠨᠡᠪᠴᠢᠭᠦᠯᠦᠭᠦᠷ︾ ᠪᠤᠯᠵᠤ ᠬᠤᠪᠢᠷᠠᠪᠠ᠃ 10 ᠰᠠᠷ᠎ᠠ ᠶᠢᠨ | ᠡᠴᠦᠰ ᠪᠣᠯᠲᠠᠯ᠎ᠠ᠂ ᠠᠵᠤ ᠦᠶ᠋ᠯᠡᠳᠪᠦᠷᠢ ᠶᠢᠨ ᠦᠶ᠋ᠯᠡᠳᠬᠦᠨ ᠤ ᠪᠥᠬᠦ ᠥᠷᠲᠡᠭ ᠢ 340 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 46 . 2 % ᠢᠶᠠᠷ ᠨᠡᠮᠡᠭᠳᠡᠪᠡ︔ ᠲᠣᠭᠲᠠᠮᠠᠯ ᠪᠠᠯᠠ | ᠣᠷᠣᠭᠤᠯᠤᠯᠲᠠ 13 . 2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37 . 5 | % ᠪᠠᠷ ᠨᠡᠮᠡᠭᠳᠡᠪᠡ︔ ᠳᠡᠭᠡᠭᠰᠢ ᠲᠤᠰᠢᠶᠠᠭᠰᠠᠨ ᠭᠠᠶᠢᠯᠢ ᠶᠢᠨ ᠮᠥᠩᠭᠦ 10 . 3 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 58 . 5 % ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠠᠬᠤᠶᠢᠯᠠᠯ 27 ᠪᠣᠯᠪᠠ᠃ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠬᠢᠴᠠ ᠳᠤ᠂ ᠤᠯᠠᠮᠵᠢᠯᠠᠯᠲᠤ ᠠᠵᠤ ᠦᠢᠯᠡᠰ ᠢ ᠬᠡᠷᠬᠢᠨ ︽ | ᠬᠠᠭᠤᠴᠢᠨ ᠳᠠᠭᠤᠤ︾ ᠳᠠᠭᠤᠯᠠᠬᠤ ᠪᠤᠢ︖ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠬᠡᠷᠬᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠤᠢ︖ ᠳ᠋ᠦᠩ ᠾᠧ ᠲᠣᠭᠤᠷᠢᠭ ᠤᠨ ᠬᠢᠨ ᠤᠳᠤ ᠦᠶ᠎ᠡ ᠶᠢᠨ | ᠠᠵᠤ ᠦᠢᠯᠡᠰ ᠤᠨ ᠰᠢᠰᠲᠧᠮ ᠢ ᠲᠦᠷᠭᠡᠳᠬᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠰᠢᠨ᠎ᠡ ᠠᠵᠤ | ᠦᠢᠯᠡᠰ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠵᠦ ᠬᠡᠷᠡᠭᠯᠡᠬᠦ ᠪᠠ ᠦᠢᠯᠡᠴᠢᠯᠡᠭᠡ ᠬᠠᠩᠭᠠᠬᠤ ᠶᠢ ᠴᠢᠩᠭᠠᠳᠬᠠᠵᠤ᠂ ᠠᠵᠤ | ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠴᠢᠳᠠᠪᠤᠷᠢ ᠶᠢ ᠦᠨᠡᠨ ᠬᠦ ᠬᠥᠭᠵᠢᠭᠡᠪᠡ᠃ | ᠰᠢᠨ᠎ᠡ ᠠᠵᠤ ᠦᠶ᠋ᠯᠡᠰ ᠰᠢᠨ᠎ᠡ ᠲᠥᠷᠥᠯ ᠵᠦᠶ᠋ᠯ ᠢ ᠣᠷᠣᠭᠤᠯᠤᠨ ᠠᠪᠴᠢᠷᠠᠬᠤ ᠲᠤᠬᠠᠶ ᠶᠠᠷᠢᠬᠤ ᠳᠠᠭᠠᠨ᠂ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯᠲᠠᠨ ᠰᠤᠷᠪᠤᠯᠵᠢᠯᠠᠭᠴᠢ ᠶᠢ ᠳᠠᠭᠠᠭᠤᠯᠤᠨ | ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ︵ᠥᠪᠥᠷ ᠮᠣᠩᠭᠤᠯ︶ ᠬᠢᠵᠠᠭᠠᠷᠲᠤ ᠺᠣᠮᠫᠠᠨᠢ ᠶᠢᠨ ᠭᠤᠷᠪᠠᠨ ᠢᠰᠦᠯ ᠬᠤᠶᠠᠷ ᠬᠥᠩᠭᠡᠨ ᠴᠠᠭᠠᠨ ᠤ ᠳᠠᠪᠬᠤᠷ ᠢᠰᠦᠯ ᠢ | ᠲᠤᠷᠰᠢᠨ ᠦᠶ᠋ᠯᠡᠳᠪᠦᠷᠢᠯᠡᠬᠦ ᠲᠥᠷᠥᠯ ᠵᠦᠶ᠋ᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠢᠷᠡᠪᠡ᠃ ︽ᠡᠨᠡ ᠬᠦ | ᠲᠥᠷᠥᠯ ᠵᠦᠶ᠋ᠯ ᠤᠨ ᠶᠡᠷᠦᠩᠬᠡᠶ ᠪᠠᠯᠠ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠲᠤ ᠬᠦᠷᠴᠦ᠂ | ᠤᠯᠠᠮᠵᠢᠯᠠᠯᠲᠤ ᠦᠶ᠋ᠯᠡᠳᠪᠦᠷᠢ ᠶᠢᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠠᠴᠠ ᠭᠠᠳᠠᠨ᠎ᠠ᠂ ᠪᠠᠰᠠ | ᠰᠤᠳᠤᠯᠤᠨ ᠨᠡᠭᠡᠭᠡᠬᠦ ᠠᠰᠠᠷ ᠢ ᠢᠵᠢ ᠪᠦᠷᠢᠳᠦᠭᠦᠯᠦᠨ ᠪᠥᠲᠥᠭᠡᠨ ᠪᠠᠶᠢᠭᠤᠯᠵᠤ᠂ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠮᠠᠨ ᠤ ᠤᠯᠤᠰ ᠤᠨ ᠠᠩᠬᠠᠳᠠᠭᠴᠢ ᠮᠢᠩᠭᠠᠨ ᠲᠣᠨ ᠤ ᠲᠠᠰ ᠤᠨ ︿ | ᠵᠠᠭᠤᠴᠢ ᠺᠦᠩ ᠨᠠᠨᠤᠮᠤᠲᠷ ᠤᠨ ᠭᠤᠷᠪᠠᠴᠢ ᠬᠥᠩᠭᠡᠨ ᠴᠠᠭᠠᠨ ᠤ ᠢᠰᠦᠯ﹀ ᠢ ᠲᠤᠷᠰᠢᠨ ᠦᠶ᠋ᠯᠡᠳᠪᠦᠷᠢᠯᠡᠬᠦ ᠱᠤᠭᠤᠮ | ᠪᠣᠯᠵᠣ᠂ ᠣᠯᠠᠨ ᠤᠯᠤᠰ ᠤᠨ ᠵᠠᠬ᠎ᠠ ᠳᠡᠯᠭᠡᠭᠦᠷ ᠤᠨ ᠬᠤᠭᠤᠰᠣᠨ ᠢ ᠨᠥᠬᠦᠪᠥᠷᠢᠯᠡᠵᠦ᠂ ᠣᠳᠣᠬᠠᠨ ᠤ ︿ | ᠤᠰᠤᠲᠥ᠋ᠷᠥᠭᠴᠢ ᠬᠠᠳᠠᠭᠠᠯᠠᠬᠤ﹀ ᠵᠢᠴᠢ ︿ᠲᠡᠭᠡᠭᠡᠪᠦᠷᠢᠯᠡᠬᠦ﹀ ᠬᠤᠶᠠᠷ ᠶᠡᠭᠡ ᠳᠡᠯᠡᠬᠡᠶ ᠶᠢᠨ ᠴᠢᠨᠠᠷᠲᠠᠶ ᠬᠦᠴᠢᠷ | ᠠᠰᠠᠭᠤᠳᠠᠯ ᠢ ᠰᠢᠶ᠋ᠳᠪᠦᠷᠢᠯᠡᠵᠦ᠂ ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯᠤᠨ᠎ᠠ᠃︾ ᠭᠡᠵᠦ ᠵᠥᠩ ᠤᠰᠤᠲᠥ᠋ᠷᠥᠭᠴᠢ ᠡᠨᠧᠷᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ︵ᠥᠪᠥᠷ ᠮᠣᠩᠭᠤᠯ︶ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠯᠢ ᠰᠢᠤ ᠭᠠᠩ ᠬᠡᠯᠡᠵᠡᠶ᠃ | | | ᠬᠤᠶᠠᠷ ᠬᠥᠩᠭᠡᠨ ᠴᠠᠭᠠᠨ ᠤ ᠭᠤᠷᠪᠠᠴᠢ ᠢᠰᠦᠯ ᠢ ᠲᠤᠷᠰᠢᠨ ᠦᠶ᠋ᠯᠡᠳᠪᠦᠷᠢᠯᠡᠬᠦ ᠲᠥᠷᠥᠯ ᠵᠦᠶ᠋ᠯ ᠤᠨ ᠪᠠᠷᠢᠯᠭ᠎ᠠ ᠶᠢᠨ | ᠲᠤᠬᠠᠶ ᠶᠢᠨ ᠲᠠᠯᠠᠪᠠᠢ᠃ | ᠬᠥᠩᠭᠡᠨᠴᠠᠭᠠᠨ ᠤ ᠭᠤᠷᠪᠠᠴᠢ ᠢᠰᠦᠯ ᠤᠨ ᠳᠤᠮᠳᠠ ᠲᠤᠷᠰᠢᠨ ᠦᠢᠯᠡᠳᠪᠦᠷᠢᠯᠡᠬᠦ ᠲᠥᠷᠥᠯ ᠵᠦᠢᠯ ᠮᠡᠲᠦ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠬᠦᠷᠢᠶᠡᠯᠡᠩ ᠲᠣᠭᠤᠷᠢᠭ ᠪᠠᠰᠠ ᠮᠠᠰᠢ ᠣᠯᠠᠨ ᠪᠠᠶᠢᠨ᠎ᠠ᠃ ᠡᠨᠡ | ᠵᠢᠯ ᠠᠴᠠ ᠨᠠᠭᠠᠰᠢ᠂ ᠳ᠋ᠦᠩ ᠾᠧ ᠲᠣᠭᠤᠷᠢᠭ ᠪᠥᠬᠦ ᠬᠤᠲᠠ ᠶᠢᠨ ︽ᠳᠥᠷᠪᠡᠨ ᠰᠠᠭᠤᠷᠢᠨ ᠭᠠᠵᠠᠷ ᠬᠤᠶᠠᠷ ᠲᠥᠪ | ᠨᠢᠭᠡ ᠥᠨᠳᠦᠷᠯᠢᠭ ᠭᠠᠵᠠᠷ ᠨᠢᠭᠡ ᠰᠢᠰᠲ᠋ᠧᠮ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ | ᠤᠶᠠᠯᠳᠤᠭᠤᠯᠤᠨ᠂ ︽ᠬᠥᠩᠭᠡᠨ ᠴᠠᠭᠠᠨ ᠤ ᠦᠶ᠋ᠯᠡᠰ ᠤᠨ ᠬᠦᠷᠢᠶᠡᠯᠡᠩ ᠲᠣᠭᠤᠷᠢᠭ ᠢᠶᠠᠷ ᠪᠦᠯᠬᠦᠮ ᠪᠠᠶᠢᠭᠤᠯᠬᠤ︾ | ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠶ᠋ᠯ ᠳᠤ ᠲᠦᠰᠢᠭᠯᠡᠨ | ᠮᠠᠰᠢᠨ ᠲᠡᠷᠭᠡᠨ ᠤ ᠰᠡᠯᠪᠢᠭ ᠲᠣᠨᠤᠭ᠂ ᠬᠥᠩᠭᠡᠨ ᠴᠠᠭᠠᠨ ᠤ ᠰᠠᠭᠤᠷᠢ ᠵᠢᠴᠢ ᠵᠡᠰ ᠤᠨ ᠰᠠᠭᠤᠷᠢ ᠰᠢᠨ᠎ᠡ | ᠮᠠᠲ᠋ᠧᠷᠢᠶᠠᠯ ᠤᠨ ᠠᠵᠤ ᠦᠶ᠋ᠯᠡᠰ᠂ ᠬᠥᠩᠭᠡᠨ ᠴᠠᠭᠠᠨ ᠤ ᠬᠡᠯᠪᠡᠷᠢ ᠶᠢᠨ ᠮᠠᠲ᠋ᠧᠷᠢᠶᠠᠯ ᠤᠨ ᠬᠠᠪᠲᠠᠰᠤ ᠢᠯᠲᠠᠰᠤ ᠶᠢᠨ | ᠠᠵᠤ ᠦᠶ᠋ᠯᠡᠰ᠂ ᠳᠠᠬᠢᠯᠲᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠶ᠋ᠯᠡᠰ᠂ ᠰᠢᠨ᠎ᠡ ᠡᠨᠧᠷᠭᠢ ᠶᠢᠨ | ᠠᠵᠤ ᠦᠶ᠋ᠯᠡᠰ᠂ ᠲᠣᠨᠣᠭᠯᠠᠯ ᠦᠶ᠋ᠯᠡᠳᠬᠦ ᠠᠵᠤ ᠦᠶ᠋ᠯᠡᠰ ᠵᠡᠷᠭᠡ ᠲᠤᠯᠤᠭᠠᠨ ᠶᠡᠭᠡ ᠠᠵᠤ ᠦᠶ᠋ᠯᠡᠰ ᠤᠨ ᠬᠡᠰᠡᠭ ᠢ | ᠪᠤᠶᠢᠵᠢᠭᠤᠯᠤᠨ ᠪᠠᠶᠢᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠪᠠᠷ ᠳᠠᠮᠵᠢᠭᠤᠯᠤᠨ᠂ ᠬᠠᠮᠵᠢᠯᠴᠠᠨ ᠬᠥᠭᠵᠢᠬᠦ ᠶᠢ ᠪᠡᠶᠡᠯᠡᠭᠦᠯᠪᠡ᠃ | ︽ᠳᠥᠷᠪᠡ ᠶᠢ ᠨᠡᠪᠲᠡᠷᠡᠭᠦᠯᠬᠦ ᠰᠢᠨ᠎ᠡ ᠮᠠᠲ᠋ᠧᠷᠢᠶᠠᠯ ᠬᠥᠩᠭᠡᠨ ᠴᠠᠭᠠᠨ ᠤ ᠰᠠᠭᠤᠷᠢᠲᠤ ᠬᠤᠪᠣᠷ ᠰᠢᠷᠣᠶ ᠶᠢᠨ | ᠵᠠᠪᠰᠠᠷ ᠤᠨ ᠬᠠᠶᠢᠯᠤᠰᠢ ᠶᠢᠨ ᠲᠥᠷᠥᠯ ᠵᠦᠶ᠋ᠯ᠂ ᠪᠢᠴᠢᠯ ᠰᠠᠯᠠᠭᠠᠨ ᠤ ᠵᠢᠯ ᠳᠤ 20 ᠲᠦᠮᠡᠨ ᠲᠣᠨ ᠬᠥᠩᠭᠡᠨ ᠴᠠᠭᠠᠨ | ᠦᠶ᠋ᠯᠡᠳᠪᠦᠷᠢᠯᠡᠬᠦ ᠳᠡᠭᠡᠳᠦ ᠲᠠᠰ ᠤᠨ ᠬᠠᠶᠢᠯᠤᠰᠢ ᠬᠥᠩᠭᠡᠨ ᠴᠠᠭᠠᠨ ᠤ ᠲᠥᠷᠥᠯ ᠵᠦᠶ᠋ᠯ᠂ ᠬᠤᠩ ᠴᠢ ᠠᠭᠤᠷᠬᠠᠶ ᠶᠢᠨ | ᠵᠢᠯ ᠳᠤ 2 ᠲᠦᠮᠡᠨ ᠲᠣᠨ ᠣᠯᠠᠨ ᠲᠡᠮᠦᠷᠯᠢᠭ ᠦᠶ᠋ᠯᠡᠳᠪᠦᠷᠢᠯᠡᠬᠦ ᠨᠡᠶᠢᠯᠡᠮᠡᠯ ᠥᠷᠥᠯᠲᠡ ᠳᠤ ᠳᠠᠭᠠᠭᠠᠮᠠᠭᠠᠶ ᠰᠡᠯᠪᠢᠭ | ᠲᠣᠨᠤᠭ ᠢ ᠨᠠᠷᠢᠯᠢᠭ ᠦᠶ᠋ᠯᠡᠳᠬᠦ ᠲᠥᠷᠥᠯ ᠵᠦᠶ᠋ᠯ︾ ᠶᠠᠭ ᠠᠬᠢᠭᠤᠯᠵᠤ ᠪᠠᠶᠢᠭ᠎ᠠ ᠲᠥᠷᠥᠯ ᠵᠦᠶ᠋ᠯ ᠢ ᠬᠡᠯᠡᠪᠡᠯ᠂ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠴᠥᠮ | ᠵᠢᠶᠠ ᠵᠧᠨ ᠳᠤ ᠲᠤᠭ᠎ᠠ ᠶᠣᠰᠣᠭᠠᠷ ᠬᠡᠯᠡᠭᠰᠡᠨ ᠪᠠᠶᠢᠨ᠎ᠠ᠃ 2022 ᠣᠨ ᠳᠤ᠂ ᠪᠤᠭᠤᠲᠤ ᠶᠢᠨ ᠬᠥᠩᠭᠡᠨ ᠴᠠᠭᠠᠨ ᠤ | ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠨᠥᠭᠡᠴᠡᠯᠡᠬᠦ ᠲᠥᠷᠥᠯ ᠵᠦᠶ᠋ᠯ ᠢ 26 ᠬᠥᠮᠥᠷᠭᠡ ᠳᠤ ᠣᠷᠣᠭᠤᠯᠵᠤ | ᠂ ᠶᠡᠷᠦᠩᠬᠡᠶ ᠪᠠᠯᠠ ᠣᠷᠣᠭᠤᠯᠤᠯᠲᠠ ᠨᠢ 128 ᠳ᠋ᠦᠩᠰᠢᠭᠤᠷ ᠲᠥᠭᠦᠷᠢᠭ ᠲᠤ ᠬᠦᠷᠴᠦ᠂ ᠶᠠᠭ 15 ᠲᠥᠷᠥᠯ | ᠵᠦᠶ᠋ᠯ ᠢ ᠠᠬᠢᠭᠤᠯᠬᠤ ᠪᠠᠷ ᠵᠥᠪᠳᠡᠵᠦ ᠪᠠᠶᠢᠨ᠎ᠠ᠃ | | | 60 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠤᠷ᠃ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠳᠡᠯᠭᠡᠬᠦ ᠨᠢᠭᠡᠳᠦᠭᠡᠷ ᠬᠥᠳᠡᠯᠭᠡᠬᠦ ᠬᠦᠴᠦᠨ ᠮᠥᠨ᠃ ᠬᠡᠷᠬᠢᠨ | ᠤᠯᠠᠮᠵᠢᠯᠠᠯᠲᠤ ᠠᠵᠤ ᠦᠶ᠋ᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠬᠥᠳᠡᠯᠭᠡᠭᠦᠷ︾ ᠢ ᠠᠴᠢᠶᠠᠯᠠᠬᠤ ᠶᠢ | ᠠᠬᠢᠭᠤᠯᠬᠤ ᠪᠣᠶ︖ ᠳ᠋ᠦᠩ ᠾᠧ ᠲᠣᠭᠤᠷᠢᠭ ᠤᠨ ᠣᠷᠣᠭᠤᠯᠤᠨ ᠠᠪᠴᠢᠷᠠᠭᠰᠠᠨ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠬᠤ ᠠᠵᠤ ᠦᠶ᠋ᠯᠡᠰ ᠤᠨ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ᠂ ᠳᠤᠮᠳᠠ ᠤᠰᠤᠲᠥ᠋ᠷᠥᠭᠴᠢᠲᠦ ᠡᠨᠧᠷᠭᠢ ᠶᠢ ᠲᠦᠯᠬᠢᠨ ᠠᠬᠢᠭᠤᠯᠬᠤ᠂ ᠨᠣᠷᠸᠠᠶ ᠶᠢᠨ | ᠮᠡᠷᠭᠡᠵᠢᠯ᠂ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠠᠶ ᠶᠦᠩ ᠤᠨ ᠪᠦᠯᠬᠦᠮ ᠬᠠᠮᠲᠤᠷᠠᠨ ︽ | ᠤᠰᠤᠲᠥ᠋ᠷᠥᠭᠴᠢ ᠡᠨᠧᠷᠭᠢ ᠶᠢᠨ ᠠᠺᠠᠳᠧᠮᠢᠴᠢ ᠶᠢᠨ ᠠᠵᠢᠯᠯᠠᠬᠤ ᠥᠷᠲᠡᠭᠡ︾ ᠶᠢ ᠪᠠᠶᠢᠭᠤᠯᠪᠠ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠵᠤ ᠠᠬᠤᠶᠢᠯᠠᠯ ᠤᠨ ᠢᠨᠵᠧᠨᠧᠷᠢᠩ ᠤᠨ | ᠮᠡᠷᠭᠡᠵᠢᠯ ᠤᠨ ᠲᠥᠪ ᠭᠤᠶᠤᠴᠢᠯᠠᠨ ᠮᠡᠳᠡᠭᠦᠯᠬᠦ ᠲᠤᠰᠬᠠᠶ ᠪᠣᠯᠪᠠᠰᠤᠷᠠᠯ ᠤᠨ ᠬᠤᠷᠠᠯ᠂ ᠬᠥᠩᠭᠡᠨ ᠴᠠᠭᠠᠨ ᠤ | ᠬᠠᠶᠢᠯᠤᠰᠢ ᠶᠢᠨ ᠬᠡᠷᠡᠭᠯᠡᠭᠡᠨ ᠤ ᠮᠡᠷᠭᠡᠵᠢᠯ ᠢ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠂ ᠪᠠᠭᠯᠠᠭᠠᠲᠤ ᠬᠥᠩᠭᠡᠨᠴᠠᠭᠠᠨ᠂ ᠬᠤᠶ ᠽᠤ᠋ ᠵᠡᠷᠭᠡ ᠠᠵᠤ ᠠᠬᠤᠶᠢᠯᠠᠯ ᠤᠨ ᠥᠪᠡᠷ ᠤᠨ | ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠪᠡ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ | ᠰᠣᠯᠢᠯᠴᠠᠭᠠᠨ ᠤ ᠲᠠᠪᠴᠠᠩ ᠬᠠᠩᠭᠠᠨ᠎ᠠ᠂ ᠱᠧᠩ ᠲᠠᠢ ᠵᠡᠷᠭᠡ ᠠᠵᠤ ᠠᠬᠤᠶᠢᠯᠠᠯ ᠢ ᠬᠦᠳᠦᠯᠦᠨ ᠵᠢᠯᠣᠭᠤᠳᠴᠤ | ᠪᠠᠶᠢᠭᠠᠳ ᠨᠡᠶᠢᠳᠡ ᠪᠠᠷᠤᠭ 2 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠵᠠᠢ᠂ ᠬᠥᠩᠭᠡᠨ ᠴᠠᠭᠠᠨ ᠤ | ᠬᠠᠶᠢᠯᠤᠰᠢ ᠶᠢᠨ ᠲᠡᠷᠭᠡᠨ ᠬᠦᠷᠳᠦ ᠶᠢᠨ ᠤᠶᠤᠨᠲᠤ ᠠᠷᠠᠯ ᠮᠠᠶ᠋ᠢᠭ ᠤᠨ ᠪᠦᠷᠢᠨ ᠠᠦ᠋ᠲ᠋ᠣ᠋ ᠦᠶ᠋ᠯᠡᠳᠪᠦᠷᠢᠯᠡᠯ ᠤᠨ | ᠱᠤᠭᠤᠮ ᠢ ᠪᠡᠶᠡᠯᠡᠭᠦᠯᠦᠨ᠎ᠡ᠂ ᠳᠡᠭᠡᠰᠦ ᠴᠢᠩᠭᠠᠯᠢᠭ ᠬᠥᠩᠭᠡᠨ ᠴᠠᠭᠠᠨ ᠤ ᠬᠠᠶᠢᠯᠤᠰᠢ ᠶᠢᠨ ᠬᠦᠷᠳᠦ ᠶᠢᠨ ᠥᠨᠳᠥᠷ | ᠪᠦᠲᠦᠮᠵᠢᠲᠡᠶ ᠳᠤᠤᠷ᠎ᠠ ᠥᠪᠡᠷ ᠤᠨ ᠥᠷᠲᠡᠭ ᠲᠠᠢ ᠴᠢᠳᠬᠤᠨ ᠡᠷᠭᠢᠯᠳᠦᠬᠦ ᠮᠡᠷᠭᠡᠵᠢᠯ ᠵᠡᠷᠭᠡ ᠨᠢᠭᠡ ᠪᠦᠯᠦᠭ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠶ᠋ᠯ᠃ ᠣᠳᠣᠬᠠᠨ ᠪᠣᠯᠲᠠᠯ᠎ᠠ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠳᠤ 200 ᠭᠠᠷᠤᠶ ᠵᠦᠶ᠋ᠯ ᠤᠨ ᠪᠦᠲᠦᠮᠵᠢᠲᠡᠶ ᠲᠤᠰᠬᠠᠶ ᠠᠰᠢᠭ ᠪᠠᠶᠢᠵᠤ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ 2᠂ ᠥᠪᠡᠷᠲᠡᠭᠡᠨ ᠵᠠᠰᠠᠬᠤ ᠣᠷᠣᠨ ᠤ | ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ 3᠂ ︽ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ | ᠥᠷᠲᠡᠭᠡ︾ 1᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 6᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 10 ᠶᠢ ᠪᠠᠶᠢᠭᠤᠯᠪᠠ᠃ | ᠲᠠᠪᠴᠠᠩ ᠢ ᠨᠢᠭᠡᠨᠲᠡ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ︽ᠵᠢᠩᠬᠢᠨᠢ | ᠠᠯᠳᠠ ᠮᠥᠩᠭᠦ︾ ᠶᠢᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠳ᠋ᠦᠩ ᠾᠧ ᠲᠣᠭᠤᠷᠢᠭ ᠨᠢ ᠳᠡᠭᠡᠳᠦ | ᠱᠠᠲᠤᠨ ᠤ ᠰᠠᠯᠠᠭ᠎ᠠ ᠮᠥᠴᠢᠷ ᠪᠣᠯᠤᠨ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠶ ᠵᠣᠯᠭᠠᠵᠤ᠂ ᠺᠠᠶ ᠫᠦ | ᠰᠥᠩ ᠡᠯᠧᠺᠲᠷᠣᠨ ᠪᠠ ᠪᠧᠶ ᠴᠧᠨ ᠵᠡᠷᠭᠡ ᠠᠵᠤ ᠠᠬᠤᠶᠢᠯᠠᠯ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ ︽ | ᠲᠤᠰᠬᠠᠶ ᠨᠠᠷᠢᠯᠢᠭ ᠣᠨᠴᠠᠭᠠᠶ ᠰᠢᠨ᠎ᠡ︾ ᠵᠢᠱᠢᠶ᠎ᠡ ᠦᠵᠡᠭᠦᠯᠬᠦ ᠲᠥᠷᠥᠯ ᠵᠦᠶ᠋ᠯ ᠤᠨ ᠲᠤᠰᠬᠠᠶ ᠪᠠᠯᠠ ᠮᠥᠩᠭᠦ ᠨᠡᠶᠢᠲᠡ | 479 ᠲᠦᠮᠡᠨ ᠲᠥᠭᠦᠷᠢᠭ ᠬᠦᠷᠴᠡᠶ᠃ | | | | | ᠰᠤᠷᠭᠠᠭᠤᠯᠢ ᠠᠵᠤ ᠠᠬᠤᠢᠯᠠᠯ ᠬᠠᠮᠲᠤᠷᠠᠨ ᠠᠵᠢᠯᠯᠠᠬᠤ ᠰᠣᠯᠢᠯᠴᠠᠭᠠᠨ ᠤ ᠬᠤᠷᠠᠯ ᠥᠷᠨᠢᠭᠦᠯᠪᠡ᠃ | ︽ᠪᠢᠳᠡ ︿ᠠᠵᠤ ᠦᠶ᠋ᠯᠡᠳᠪᠦᠷᠢ ᠪᠠᠷ ᠣᠷᠣᠨ ᠢᠶᠠᠨ ᠪᠠᠶᠢᠭᠤᠯᠬᠤ᠂ ᠠᠵᠤ ᠦᠶ᠋ᠯᠡᠰ ᠢᠶᠠᠷ ᠣᠷᠣᠨ ᠢᠶᠠᠨ | ᠬᠦᠴᠦᠷᠬᠡᠭᠵᠢᠭᠦᠯᠬᠦ﹀ ᠶᠢ ᠦᠷᠭᠦᠯᠵᠢᠯᠡᠨ ᠪᠠᠷᠢᠮᠲᠠᠯᠠᠵᠤ᠂ ︿ᠬᠥᠩᠭᠡᠨ ᠴᠠᠭᠠᠨ ᠤ ᠦᠶ᠋ᠯᠡᠰ ᠤᠨ ᠬᠦᠷᠢᠶᠡᠯᠡᠩ | ᠲᠣᠭᠤᠷᠢᠭ ᠢᠶᠠᠷ ᠪᠦᠯᠬᠦᠮ ᠪᠠᠶᠢᠭᠤᠯᠬᠤ﹀ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠣᠪᠤᠶᠢᠯᠭᠠᠨ᠂ ᠬᠥᠩᠭᠡᠨ ᠴᠠᠭᠠᠨ ᠢ ᠨᠠᠷᠢᠯᠢᠭ ᠡᠳ᠋ᠰᠢᠭᠦᠯᠬᠦ᠂ ᠳᠠᠬᠢᠯᠲᠠ ᠡᠬᠢ | ᠪᠠᠶᠠᠯᠢᠭ ᠢ ᠡᠷᠭᠢᠯᠳᠦᠭᠦᠯᠦᠨ ᠠᠰᠢᠭᠯᠠᠬᠤ ᠬᠤᠶᠠᠷ ᠲᠣᠮᠣ ᠠᠵᠤ ᠦᠶ᠋ᠯᠡᠰ ᠢ ᠬᠥᠭᠵᠢᠭᠦᠯᠬᠦ ᠪᠠᠷ ᠭᠤᠤᠯ ᠪᠣᠯᠭᠠᠬᠤ ᠶᠢ | ᠪᠠᠷᠢᠮᠲᠠᠯᠠᠵᠤ᠂ ᠳᠡᠭᠡᠳᠦ ᠰᠢᠨ᠎ᠡ ᠮᠡᠷᠭᠡᠵᠢᠯ᠂ ᠳᠡᠭᠡᠳᠦ ᠨᠡᠮᠡᠯᠲᠡ ᠥᠷᠲᠡᠭ᠂ ᠳᠡᠭᠡᠳᠦ ᠰᠢᠨ᠎ᠡ ᠮᠠᠲ᠋ᠧᠷᠢᠶᠠᠯ ᠤᠨ | ᠬᠡᠷᠡᠭᠯᠡᠯᠲᠡ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ | ᠴᠢᠨᠠᠷ ᠰᠠᠶᠢᠲᠠᠶ ᠠᠵᠤ ᠦᠶ᠋ᠯᠡᠰ ᠤᠨ ᠲᠥᠷᠥᠯ ᠵᠦᠶ᠋ᠯ ᠢ ᠲᠦᠷᠭᠡᠳᠬᠡᠨ ᠪᠤᠶᠢᠵᠢᠭᠤᠯᠬᠤ ᠪᠠ ᠣᠷᠣᠭᠤᠯᠤᠨ | ᠠᠪᠴᠢᠷᠠᠵᠤ᠂ ᠲᠣᠨᠣᠭᠯᠠᠯ ᠦᠶ᠋ᠯᠡᠳᠬᠦ᠂ ᠦᠶ᠋ᠯᠡᠳᠪᠦᠷᠢᠯᠡᠯ ᠤᠨ ᠴᠢᠨᠠᠷᠲᠠᠶ ᠪᠠᠷᠠᠭᠠᠨ ᠤ ᠭᠦᠶ᠋ᠯᠭᠡᠭᠡᠨ ᠵᠡᠷᠭᠡ ᠣᠯᠠᠨ | ᠠᠵᠤ ᠦᠶ᠋ᠯᠡᠰ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠶ᠋ᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃︾ ᠭᠡᠵᠦ | ᠬᠥᠩᠭᠡᠨ ᠴᠠᠭᠠᠨ ᠤ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠢᠯᠡᠷᠬᠡᠶᠢᠯᠡᠪᠡ᠃ |