︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠶ᠎ᠡ︾ ᠳ᠋ᠦᠩ ᠾᠧ ᠲᠣᠭᠤᠷᠢᠭ᠄ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠪᠠᠷ ᠤᠯᠠᠨ ᠲᠦᠮᠡᠨ ᠤ ︽ᠨᠡᠭᠦᠷᠡᠰᠦ︾ ᠰᠢᠲᠠᠭᠠᠬᠤ ᠪᠠᠴᠢᠮ ᠪᠠᠶᠢᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2021/11/24
   ︽ᠨᠠᠮ ᠪᠣᠯᠤᠨ ᠵᠠᠰᠠᠭ ᠤᠨ ᠣᠷᠳᠣᠨ ᠦᠨᠡᠬᠡᠷ ᠨᠠᠷᠢᠨ ᠨᠢᠮᠪᠠᠶ ᠪᠣᠳᠣᠯᠬᠢᠯᠠᠵᠤ ᠪᠠᠶᠢᠨ᠎ᠠ᠂ ᠡᠪᠦᠯ ᠤᠨ ᠴᠠᠭ ᠲᠤ ᠡᠩ ᠤᠨ ᠦᠨ᠎ᠡ ᠲᠠᠢ ᠨᠡᠭᠦᠷᠡᠰᠦ ᠶᠢ ᠮᠠᠨ ᠤ ᠭᠡᠷ ᠤᠨ ᠡᠭᠦᠳᠡᠨ ᠳᠤ ᠬᠦᠷᠭᠡᠵᠦ ᠥᠭᠬᠦ ᠨᠢ ᠦᠨᠡᠬᠡᠷ ᠳᠠᠭᠠᠷᠠᠭᠰᠠᠨ ᠬᠥᠮᠦᠨ ᠳᠤ ᠳᠠᠬᠤ ᠬᠦᠷᠭᠡᠵᠦ ᠪᠠᠶᠢᠭ᠎ᠠ ᠬᠡᠷᠡᠭ ᠰᠢᠤ ᡽︾ ᠭᠡᠵᠦ ᠬᠡᠯᠡᠪᠡ᠃ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠡᠭᠡᠭᠡᠭᠰᠡᠨ ᠮᠠᠰᠢᠨ ᠲᠡᠷᠭᠡ ᠪᠠᠷ ᠲᠣᠰᠬᠤᠨ ᠤ ᠬᠠᠩᠭᠠᠯᠭ᠎ᠠ ᠶᠢᠨ ᠭᠠᠵᠠᠷ ᠲᠤ ᠣᠷᠣᠵᠤ ᠢᠷᠡᠭᠰᠡᠨ ᠢ ᠦᠵᠡᠭᠡᠳ᠂ ᠰᠢᠷᠴᠢᠨ ᠪᠠᠯᠭᠠᠰᠤᠨ ᠤ ᠬᠦᠩ ᠵᠢᠢ ᠪᠠᠨ ᠲᠣᠰᠬᠤᠨ ᠤ ᠠᠷᠠᠳ ᠸᠠᠩ ᠨᠠᠰᠤᠲᠠᠨ ᠮᠠᠰᠢ ᠪᠠᠶᠠᠷᠲᠠᠢ ᠪᠠᠷ ᠡᠷᠡᠬᠡᠢ ᠬᠤᠷᠤᠭᠤ ᠪᠠᠨ ᠭᠤᠵᠦ᠋ᠢᠯᠭᠠᠬᠤ ᠶᠢ ᠣᠯᠵᠤ ᠬᠠᠷᠠᠵᠠᠢ᠃
ᠲᠡᠭᠡᠭᠡᠪᠦᠷᠢ ᠶᠢᠨ ᠨᠡᠭᠦᠷᠡᠰᠦ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠤᠭᠤᠲᠤ ᠬᠤᠲᠠ ᠶᠢᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳ᠋ᠦᠩ ᠾᠧ ᠲᠣᠭᠤᠷᠢᠭ ᠤᠨ ᠬᠢᠨ ᠣᠯᠠᠨ ᠲᠦᠮᠡᠨ ᠳᠤ ᠠᠰᠢᠭ ᠬᠦᠷᠲᠡᠭᠡᠬᠦ᠂ ᠰᠠᠶᠢᠨ ᠶᠠᠪᠤᠳᠠᠯ ᠢ ᠰᠠᠶᠢᠲᠤᠷ ᠬᠢᠬᠦ ᠵᠠᠷᠴᠢᠮ ᠢ ᠪᠠᠷᠢᠮᠲᠠᠯᠠᠨ᠂ ᠬᠤᠳᠠᠯᠳᠤᠨ ᠠᠪᠴᠤ ᠬᠠᠩᠭᠠᠬᠤ᠂ ᠲᠡᠭᠡᠭᠡᠪᠦᠷᠢᠯᠡᠵᠦ ᠲᠠᠷᠬᠠᠭᠠᠬᠤ᠂ ᠦᠨ᠎ᠡ ᠬᠠᠩᠰᠢ ᠶᠢ ᠬᠢᠨᠠᠨ ᠬᠠᠮᠢᠶᠠᠷᠬᠤ ᠵᠡᠷᠭᠡ ᠪᠠᠶᠢᠳᠠᠯ ᠢ ᠬᠠᠮᠤᠭ ᠤᠨ ᠲᠡᠷᠢᠭᠦᠨ ᠳᠤ ᠣᠨᠣᠪᠴᠢᠲᠠᠶ ᠡᠵᠡᠮᠰᠢᠵᠦ᠂ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠰᠡᠳᠬᠢᠯ ᠳᠤᠯᠠᠭᠠᠴᠠᠭᠤᠯᠬᠤ ᠨᠡᠭᠦᠷᠡᠰᠦ︾ ᠶᠢᠨ ᠲᠦᠷᠭᠡᠨ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠪᠦᠲᠦᠮᠵᠢᠲᠡᠶ ᠠᠬᠢᠭᠤᠯᠤᠨ᠎ᠠ᠃
ᠲᠠᠷᠢᠶᠠᠴᠢᠳ ᠤᠨ ᠡᠪᠦᠯᠵᠢᠬᠦ ᠳᠤ ᠬᠡᠷᠡᠭᠯᠡᠬᠦ ᠳᠤᠯᠠᠭᠠᠯᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠶᠢᠨ ᠬᠤᠷᠠᠯ    ᠥᠷᠭᠡᠨ ᠤᠯᠠᠨ ᠲᠠᠷᠢᠶᠠᠴᠢᠳ ᠤᠨ ᠡᠨᠡ ᠡᠪᠦᠯ ᠨᠡᠭᠦᠷᠡᠰᠦ ᠬᠤᠳᠠᠯᠳᠤᠨ ᠠᠪᠴᠤ ᠳᠡᠶᠢᠯᠬᠦ᠂ ᠳᠤᠯᠠᠭᠠᠬᠠᠨ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠳ᠋ᠦᠩ ᠡᡁᠧ ᠲᠣᠭᠤᠷᠢᠭ ᠤᠨ ᠬᠢᠨ ᠲᠠᠷᠢᠶᠠᠴᠢᠳ ᠤᠨ ᠡᠪᠦᠯᠵᠢᠬᠦ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠤᠨ ᠪᠠᠶᠢᠷᠢᠯᠠᠭᠤᠯᠤᠯᠲᠠ᠂ ᠳᠤᠬᠢᠷᠠᠭᠤᠯᠤᠯᠳᠠ ᠶᠢᠨ ᠬᠤᠷᠠᠯ ᠢ ᠵᠠᠯᠭᠠᠪᠡᠷ ᠬᠤᠷᠠᠯᠳᠤᠭᠤᠯᠵᠠᠢ᠃ 11 ᠰᠠᠷ᠎ᠠ ᠶᠢᠨ 11 ᠤ ᠡᠳᠦᠷ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠵᠧᠩ ᠪᠦᠯᠬᠦᠮ ᠳᠠᠭᠠᠭᠤᠯᠤᠨ ᠣᠷᠳᠣᠰ ᠬᠤᠲᠠ ᠳᠤ ᠬᠦᠷᠴᠦ ᠨᠡᠭᠦᠷᠡᠰᠦᠨ ᠤ ᠢᠷᠡᠯᠲᠡ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠲᠠᠷᠢᠶᠠᠴᠢᠳ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠬᠠᠮᠤᠭ ᠤᠨ ᠲᠡᠷᠢᠭᠦᠨ ᠳᠤ ᠨᠠᠶᠢᠳᠠᠪᠤᠷᠢᠵᠢᠭᠤᠯᠪᠠ᠃ 11 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠠᠩᠬᠠᠨ ᠤ ᠪᠦᠯᠦᠭ ︽ᠵᠢᠷᠦᠬᠡ ᠳᠤᠯᠠᠭᠠᠯᠠᠬᠤ ᠨᠡᠭᠦᠷᠡᠰᠦ︾ ᠶᠢ ᠨᠢᠭᠡᠨᠲᠡ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ᠂ ᠾᠧ ᠳ᠋ᠦᠩ ᠪᠠᠯᠭᠠᠰᠤᠨ ᠤ ᠨᠡᠭᠦᠷᠡᠰᠦ ᠬᠠᠩᠭᠠᠬᠤ ᠭᠠᠵᠠᠷ ᠲᠤ ᠲᠡᠭᠡᠭᠡᠪᠦᠷᠢᠯᠡᠨ ᠬᠦᠷᠭᠡᠵᠦ᠂ ᠱᠠᠭᠠᠷᠳᠠᠯᠭ᠎ᠠ ᠶᠣᠰᠣᠭᠠᠷ᠂ 6.75 ᠲᠦᠮᠡᠨ ᠲᠣᠨ ︽ᠵᠢᠷᠦᠬᠡ ᠳᠤᠯᠠᠭᠠᠯᠠᠬᠤ ᠨᠡᠭᠦᠷᠡᠰᠦ︾ ᠶᠢ 10 ᠡᠳᠦᠷ ᠤᠨ ᠳᠣᠲᠣᠷ᠎ᠠ ᠪᠦᠬᠦᠨ ᠢ ᠲᠡᠭᠡᠭᠡᠪᠦᠷᠢᠯᠡᠨ ᠬᠦᠷᠭᠡᠬᠦ ᠪᠣᠯᠤᠨ᠎ᠠ᠃    ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠲᠤᠬᠠᠶ ᠶᠢᠨ ᠲᠠᠯᠠᠪᠠᠢ    ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠦᠭᠡᠭᠡᠬᠦ ᠲᠤᠬᠠᠢ ᠶᠢᠨ ᠲᠠᠯᠠᠪᠠᠢ ᠳᠤ᠂ ᠨᠡᠭᠦᠷᠡᠰᠦ ᠲᠡᠭᠡᠭᠡᠵᠦ ᠪᠠᠶᠢᠭᠰᠠᠨ ᠲᠣᠰᠬᠤᠨ ᠤ ᠠᠷᠠᠳ ︽ᠵᠠᠰᠠᠭ ᠤᠨ ᠣᠷᠳᠣᠨ ᠠᠴᠠ ᠪᠢᠳᠡᠨ ᠳᠤ ᠡᠩ ᠤᠨ ᠦᠨ᠎ᠡ ᠶᠢᠨ ᠨᠡᠭᠦᠷᠡᠰᠦ ᠵᠥᠭᠡᠭᠡᠪᠦᠷᠢᠯᠡᠨ ᠠᠪᠴᠢᠷᠠᠵᠤ᠂ ᠪᠠᠭ᠎ᠠ ᠪᠤᠰᠤ ᠳᠤᠯᠠᠭᠠᠯᠠᠭ᠎ᠠ ᠶᠢᠨ ᠵᠠᠷᠤᠳᠠᠯ ᠢ ᠠᠷᠪᠢᠯᠠᠪᠠ᠂ ᠮᠠᠨ ᠤ ᠭᠡᠷ ᠳᠤᠯᠠᠭᠠᠴᠠᠵᠤ ᠂ ᠰᠡᠳᠬᠢᠯ ᠨᠡᠩ ᠳᠤᠯᠠᠭᠠᠴᠠᠵᠠᠢ︾ ᠁ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠦᠭᠡᠭᠡᠬᠦ ᠨᠢ ᠤᠯᠠᠨ ᠲᠦᠮᠡᠨ ᠤ ︽ᠨᠡᠭᠦᠷᠡᠰᠦ︾ ᠰᠢᠲᠠᠭᠠᠬᠤ ᠪᠠᠴᠢᠮ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠤᠯᠠᠨ ᠲᠦᠮᠡᠨ ᠢ ᠨᠠᠮ ᠪᠠ ᠵᠠᠰᠠᠭ ᠤᠨ ᠣᠷᠳᠣᠨ ᠲᠠᠢ ᠨᠡᠩ ᠣᠶᠢᠷᠠᠲᠤᠭᠤᠯᠵᠠᠢ︕    ︽ᠳᠤᠯᠠᠭᠠᠴᠠᠭᠤᠯᠬᠤ︾ ᠰᠡᠳᠬᠢᠯ ᠤᠨ ᠲᠤᠬᠢᠷᠠᠭᠤᠯᠤᠯᠳᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠷᠠᠳ ᠤᠯᠠᠨ ᠤ ᠰᠡᠳᠬᠢᠯ ᠳᠤ ᠦᠨᠡᠨᠬᠦ ᠳᠤᠯᠠᠭᠠᠴᠠᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠡᠯ᠎ᠡ ᠵᠦᠢᠯ ᠤᠨ ᠠᠵᠢᠯ ᠢ ᠪᠦᠬᠦ ᠶᠠᠪᠤᠴᠠ ᠪᠠᠷ ᠬᠠᠷᠢᠭᠤᠴᠠᠵᠤ᠂ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ ᠰᠢᠲᠠᠭᠠᠵᠤ᠂ ᠬᠤᠳᠠᠯᠳᠤᠨ ᠠᠪᠴᠤ ᠳᠡᠶᠢᠯᠬᠦ ᠶᠢ ᠪᠠᠲᠤᠯᠠᠨ᠎ᠠ᠃    
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1