︽ᠲᠠᠯ᠎ᠠ ᠨᠤᠲᠤᠭ ᠤᠨ ᠬᠥᠪᠡᠭᠦᠳ ᠥᠬᠢᠳ ᠡᠬᠡ ᠤᠯᠤᠰ ᠢᠶᠠᠨ ᠬᠠᠶᠢᠷᠠᠯᠠᠨ᠎ᠠ · ᠳᠤᠮᠳᠠᠳᠤ ᠶᠢᠨ ᠦᠨᠳᠦᠰᠦᠲᠡᠨ ᠬᠠᠮᠲᠤ ᠪᠠᠷ ᠠᠭᠤᠯᠵᠠᠶ᠎ᠠ︾ ᠭᠡᠬᠦ ᠲᠤᠰᠬᠠᠢ ᠲᠣᠭᠯᠠᠯᠲᠠ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2021/11/26
ᠣᠶᠢᠷ᠎ᠠ ᠶᠢᠨ ᠡᠳᠦᠷ᠂ ᠳ᠋ᠦᠩ ᠾᠧ ᠲᠣᠭᠤᠷᠢᠭ ᠤᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠤ ᠬᠢᠨ ᠨᠠᠷᠢᠨ ᠨᠢᠮᠪᠠᠢ ᠤᠬᠠᠭᠠᠯᠠᠨ ᠲᠥᠰᠦᠪᠯᠡᠵᠦ᠂ ᠬᠠᠷᠢᠶ᠎ᠠ ᠲᠣᠭᠤᠷᠢᠭ ᠤᠨ ᠤᠷᠠᠨ ᠰᠠᠶᠢᠬᠠᠨ ᠤ ᠪᠦᠯᠬᠦᠮ ᠢ ᠢᠳᠡᠪᠬᠢᠲᠡᠢ ᠵᠣᠬᠢᠶᠠᠨ ᠪᠠᠶᠢᠭᠤᠯᠵᠤ ᠦᠵᠡᠮᠵᠢ ᠶᠢᠨ ᠣᠷᠣᠨ᠂ ᠠᠭᠤᠳᠠᠮ ᠲᠠᠯᠠᠪᠠᠢ᠂ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ ᠪᠦᠬᠦ ᠣᠷᠣᠨ ᠤ ᠬᠡᠪᠴᠢᠶᠡᠨ ᠳᠤ ︽ᠲᠠᠯ᠎ᠠ ᠨᠤᠲᠤᠭ ᠤᠨ ᠬᠥᠪᠡᠭᠦᠳ ᠥᠬᠢᠳ ᠡᠬᠡ ᠤᠯᠤᠰ ᠢᠶᠠᠨ ᠬᠠᠶᠢᠷᠠᠯᠠᠬᠤ · ᠳᠤᠮᠳᠠᠳᠤ ᠶᠢᠨ ᠦᠨᠳᠦᠰᠦᠲᠡᠨ ᠬᠠᠮᠲᠤᠪᠠᠷ ᠠᠭᠤᠯᠵᠠᠬᠤ︾ ᠲᠤᠰᠬᠠᠢ ᠲᠠᠯᠠᠪᠠᠢ ᠶᠢᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠡᠷᠬᠢᠯᠡᠵᠦ᠂ 10 ᠲᠠᠯᠠᠪᠠᠢ ᠤᠳᠠᠭ᠎ᠠ ᠶᠢᠨ ᠲᠣᠭᠯᠠᠯᠲᠠ ᠶᠢ ᠵᠣᠬᠢᠶᠠᠨ ᠪᠠᠶᠢᠭᠤᠯᠵᠤ᠂ ᠥᠷᠭᠡᠨ ᠤᠯᠠᠨ ᠠᠷᠠᠳ ᠲᠦᠮᠡᠨ ᠲᠠᠢ ᠬᠠᠮᠲᠤᠪᠠᠷ ᠳᠠᠭᠤᠯᠠᠨ ᠪᠥᠵᠢᠭᠯᠡᠵᠦ᠂ ᠠᠭᠤᠤ ᠶᠡᠭᠡ ᠡᠬᠡ ᠤᠯᠤᠰ ᠤᠨ ᠢᠶᠠᠨ 72 ᠨᠠᠰᠤᠨ ᠤ ᠲᠦᠷᠦᠭᠰᠡᠨ ᠡᠳᠦᠷ ᠤᠨ ᠪᠠᠶᠠᠷ ᠲᠤ ᠪᠡᠯᠡᠭ ᠬᠦᠷᠭᠡᠨ᠎ᠡ᠃
ᠳ᠋ᠦᠩ ᠾᠧ ᠲᠣᠭᠤᠷᠢᠭ ᠤᠨ 21 ᠤᠳᠬ᠎ᠠ ᠤᠷᠠᠯᠢᠭ ᠤᠨ ᠪᠦᠯᠬᠦᠮ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠵᠣᠬᠢᠶᠠᠨ ᠪᠦᠲᠦᠭᠡᠵᠦ᠂ ᠦᠨᠳᠦᠰᠦᠲᠡᠨ ᠤ ᠪᠦᠯᠬᠦᠮᠳᠡᠯ᠂ ᠤᠯᠤᠰ ᠢᠶᠠᠨ ᠬᠠᠶᠢᠷᠠᠯᠠᠬᠤ ᠦᠵᠡᠯ ᠤᠨ ᠭᠤᠣᠯ ᠰᠡᠳᠦᠪᠲᠦ ᠪᠦᠲᠦᠭᠡᠯ ᠢ ᠨᠠᠶᠢᠷᠠᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠪᠠᠭ᠋ᠠᠷᠬᠠᠳᠠᠭ ᠦᠨᠳᠦᠰᠦᠲᠡᠨ ᠤ ᠳᠠᠭᠤᠤ ᠪᠥᠵᠢᠭ᠂ ᠬᠥᠭᠵᠢᠮ ᠤᠨ ᠬᠥᠭᠵᠢᠮ᠂ ᠮᠣᠳᠧᠯ ᠤᠨ ᠲᠣᠭᠯᠠᠯᠲᠠ ᠵᠡᠷᠭᠡ ᠲᠣᠭᠯᠠᠯᠲᠠ ᠶᠢ ᠰᠣᠩᠭᠤᠵᠤ᠂ ᠭᠤᠶᠢᠳᠠ ᠰᠠᠶᠢᠬᠠᠨ ᠲᠣᠭᠯᠠᠯᠲᠠ ᠶᠢ ᠦᠨᠳᠦᠰᠦᠨ ᠱᠠᠲᠤᠨ ᠤ ᠤᠯᠠᠨ ᠲᠦᠮᠡᠨ ᠤ ᠳᠡᠷᠭᠡᠳᠡ ᠬᠦᠷᠭᠡᠪᠡ᠃ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠬᠡ ᠤᠯᠤᠰ ᠲᠠᠭᠠᠨ ᠬᠠᠨᠳᠤᠭᠤᠯᠤᠭᠰᠠᠨ ᠴᠢᠩ ᠰᠡᠳᠬᠢᠯ ᠤᠨ ᠵᠥᠩᠨᠡᠯ ᠪᠠ ᠰᠠᠶᠢᠨ ᠰᠠᠶᠢᠬᠠᠨ ᠠᠮᠢᠳᠤᠷᠠᠯ ᠤᠨ ᠬᠠᠯᠠᠭᠤᠨ ᠬᠦᠰᠡᠯ ᠡᠷᠡᠮᠡᠯᠵᠡᠯ ᠢ ᠬᠠᠷᠠᠭᠤᠯᠵᠠᠶ᠃ ᠮᠠᠨ ᠤ ᠣᠷᠣᠨ ᠤ ᠦᠨᠳᠦᠰᠦᠨ ᠱᠠᠲᠤᠨ ᠤ ᠠᠷᠠᠳ ᠢᠷᠭᠡᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ ᠪᠠ ᠬᠠᠨᠤᠮᠵᠢᠲᠠᠢ ᠲᠦᠷᠦᠭᠳᠡᠯ ᠢ ᠳᠡᠭᠡᠭᠰᠢᠯᠡᠭᠦᠯᠵᠦ᠂ ᠤᠢᠢᠷ᠎ᠠ ᠵᠠᠢ ᠠᠴᠠ ᠰᠣᠶᠣᠯ ᠤᠨ ᠷᠢᠳᠢ ᠰᠢᠳᠢ ᠶᠢ ᠮᠡᠳᠡᠷᠡᠭᠦᠯᠦᠨ᠎ᠡ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1