ᠪᠤᠭᠤᠲᠤ ᠬᠤᠲᠠ ᠶᠢᠨ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠤ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠨᠡᠷ᠎ᠡ ᠠᠯᠳᠠᠷᠲᠠᠶ ᠪᠠᠷ ᠪᠤᠴᠠᠵᠤ ᠢᠷᠡᠪᠡ
ᠨᠡᠶᠢᠲᠡᠯᠡᠭᠰᠡᠨ ᠴᠠᠭ᠄
2021/11/26
   ︽ᠨᠠᠮ ᠢᠶᠠᠨ ᠡᠭᠦᠷᠢᠳᠡ ᠳᠠᠭᠠᠨ᠎ᠠ︾ ᠪᠤᠭᠤᠲᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ 2021 ᠣᠨ ᠤ 7 ᠰᠠᠷ᠎ᠠ ᠶᠢᠨ 23 ᠤ ᠡᠳᠦᠷ ᠤᠨ ᠣᠷᠣᠶ ᠶᠢᠨ 8 ᠴᠠᠭ ᠲᠤ ᠠᠷᠳᠢᠨ ᠲᠠᠯᠠᠪᠠᠶ ᠳᠤ ᠶᠠᠪᠤᠭᠳᠠᠪᠠ᠃ ᠪᠤᠭᠤᠲᠤ ᠬᠤᠳᠠ ᠶᠢᠨ 9 ᠬᠤᠰᠢᠭᠤ ᠰᠢᠶᠠᠨ ᠲᠣᠭᠤᠷᠢᠭ ᠠᠴᠠ ᠢᠷᠡᠭᠰᠡᠨ 14 ᠤᠷᠤᠯᠳᠤᠭᠠᠨ ᠳᠤ ᠣᠷᠣᠯᠴᠠᠬᠤ ᠠᠩᠬᠢ ᠤᠷᠤᠯᠳᠤᠭᠠᠨ ᠳᠤ ᠣᠷᠣᠯᠴᠠᠵᠤ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠠᠴᠠ 2 ᠰᠢᠯᠢᠳᠡᠭ ᠡᠩᠨᠡᠭᠡ᠂ 80 ᠭᠠᠷᠤᠢ ᠲᠠᠮᠢᠷᠴᠢᠨ ᠢ ᠰᠣᠩᠭᠤᠨ ᠲᠣᠮᠢᠯᠠᠵᠤ ᠤᠷᠤᠯᠳᠤᠭᠠᠨ ᠳᠤ ᠣᠷᠣᠯᠴᠠᠭᠤᠯᠪᠠ᠂ ᠡᠭᠦᠨ ᠳᠤ ᠦᠳᠡᠰᠢ ᠶᠢᠨ ᠨᠡᠷᠡᠨ ᠬᠠᠶᠢᠷ᠎ᠠ ᠪᠥᠵᠢᠭ ᠤᠨ ᠪᠦᠯᠬᠦᠮ ᠬᠤᠶᠠᠳᠤᠭᠠᠷ ᠳᠡᠰ ᠤᠨ ᠱᠠᠩᠨᠠᠯ ᠬᠦᠷᠳᠡᠵᠤ᠂ ᠿᠢ ᠱᠧᠩ ᠱᠢ ᠬᠤᠤ ᠤᠷᠠᠯᠢᠭ ᠤᠨ ᠪᠦᠯᠬᠦᠮ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠳᠡᠵᠤ᠂ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠬᠦᠷᠳᠡᠵᠡᠢ᠃    ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠡᠬᠢᠨ ᠳᠤ ᠰᠡᠳᠬᠢᠯ ᠤᠯᠠᠮ ᠪᠠᠲᠤᠵᠢᠵᠤ᠂ ᠵᠢᠷᠭᠠᠬᠤ ᠨᠡᠷᠡᠨ ᠤ ᠬᠠᠶᠢᠷ᠎ᠠ ᠰᠡᠳᠬᠢᠯᠭᠡ ᠶᠢᠨ ᠪᠥᠵᠢᠭ ᠤᠨ ᠪᠦᠯᠬᠦᠮ ᠤᠨ ᠬᠢᠨ ︽ᠨᠤᠲᠤᠭ ᠤᠨ ᠳᠠᠭᠤᠤ ᠶᠢ ᠨᠠᠮ ᠳᠠᠭᠠᠨ ᠳᠠᠭᠤᠯᠠᠶ᠎ᠠ︾ ᠭᠡᠬᠦ ᠪᠥᠵᠢᠭ ᠢ ᠵᠣᠬᠢᠶᠠᠨ ᠨᠠᠶᠢᠷᠠᠭᠤᠯᠵᠤ᠂ ᠳ᠋ᠦᠩ ᠾᠧ ᠲᠣᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠷᠡᠰ ᠪᠠᠲᠤ ᠢᠲᠡᠭᠡᠯ ᠵᠣᠷᠢᠭ ᠢ ᠢᠯᠡᠷᠡᠭᠦᠯᠵᠦ᠂ ᠤᠶᠠᠨ ᠵᠥᠭᠡᠯᠡᠨ ᠪᠥᠵᠢᠭ ᠤᠨ ᠳᠦᠷᠢ ᠪᠠᠷ᠂ ᠭᠦᠨ ᠰᠡᠳᠬᠢᠯᠭᠡ ᠲᠠᠢ ᠪᠠᠷ ᠵᠥᠪᠳᠡᠯᠴᠡᠵᠦ ᠰᠠᠭᠤᠬᠤ ᠳᠤ ᠲᠣᠬᠢᠷᠠᠮᠵᠢᠲᠠᠢ ᠬᠠᠭᠤᠴᠢᠨ ᠬᠤᠳᠠ ᠳ᠋ᠦᠩ ᠾᠧ ᠭᠤᠣᠯ ᠤᠨ ᠨᠠᠮ ᠳᠠᠭᠠᠨ ᠬᠠᠨᠳᠤᠭᠰᠠᠨ ᠴᠢᠩ ᠰᠡᠳᠬᠢᠯ ᠢ ᠢᠯᠡᠳᠬᠡᠵᠡᠢ᠃
   ᠢᠷᠡᠭᠡᠳᠦᠶ ᠶᠢᠨ ᠭᠡᠷᠡᠯ ᠰᠠᠴᠤᠷᠠᠩᠭᠤᠶ ᠲᠡᠦᠬᠡ ᠶᠢ ᠭᠡᠶᠢᠭᠦᠯᠵᠦ᠂ ᠲᠡᠮᠡᠴᠡᠯ ᠤᠨ ᠠᠤᠭ᠎ᠠ ᠲᠥᠰᠦᠪ ᠬᠥᠮᠦᠰ ᠤᠨ ᠤᠷᠮ᠎ᠠ ᠵᠣᠷᠢᠭ ᠢ ᠬᠥᠭᠵᠢᠭᠡᠵᠦ᠂ ᠿᠢ ᠱᠧᠩ ᠱᠢ ᠬᠤᠤ ᠨᠡᠷᠡᠮᠵᠢᠲᠦ ᠤᠷᠠᠯᠢᠭ ᠤᠨ ᠪᠦᠯᠬᠦᠮ ᠤᠨ ᠡᠭᠦᠳᠦᠨ ᠨᠠᠶᠢᠷᠠᠭᠤᠯᠤᠭᠰᠠᠨ ᠪᠥᠵᠢᠭ ︽ᠳᠤᠮᠳᠠᠳᠤ ᠶᠢᠨ ᠤᠯᠠᠭᠠᠨ ᠦᠩᠭᠡ︾ ᠨᠢ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠦᠶ᠎ᠡ ᠶᠢᠨ ᠦᠶ᠎ᠡ ᠶᠢ ᠲᠥᠯᠥᠭᠡᠯᠡᠭᠰᠡᠨ ᠤᠯᠠᠭᠠᠨ ᠦᠩᠭᠡ ᠪᠠᠷ ᠭᠤᠣᠯ ᠦᠩᠭᠡ ᠪᠠᠨ ᠪᠣᠯᠭᠠᠵᠤ᠂ ᠤᠢᠢᠷ᠎ᠠ ᠦᠶ᠎ᠡ ᠠᠴᠠ ᠨᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠶᠢ ᠪᠥᠵᠢᠭ ᠤᠨ ᠪᠦᠲᠦᠭᠡᠯ ᠳᠤ ᠠᠭᠤᠰᠬᠠᠵᠤ᠂ ᠤᠯᠤᠰ ᠤᠨ ᠪᠠᠶᠠᠨ ᠬᠦᠴᠦᠷᠬᠡᠭ ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ ︽ᠳᠤᠮᠳᠠᠳᠤ ᠶᠢᠨ ᠵᠡᠭᠦᠳᠦ︾ ᠶᠢ ᠲᠡᠷᠭᠡᠯᠰᠢᠭᠦᠯᠵᠡᠢ︕    ᠤᠷᠤᠯᠳᠤᠭᠠᠨ ᠳᠤ ᠣᠷᠣᠯᠴᠠᠭᠰᠠᠨ ᠬᠤᠶᠠᠷ ᠪᠦᠲᠦᠭᠡᠯ ᠨᠢ ᠴᠥᠮ ᠠᠩᠬᠠᠨ ᠤ ᠪᠦᠲᠦᠭᠡᠯ ᠪᠠᠶᠢᠵᠤ᠂ ᠥᠷᠭᠡᠨ ᠤᠯᠠᠨ ᠲᠦᠮᠡᠨ ᠤ ᠪᠠᠭ᠋ᠠᠷᠬᠠᠯ ᠢ ᠲᠠᠲᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ ︕ ᠣᠶᠢᠷ᠎ᠠ ᠶᠢᠨ ᠵᠢᠯ ᠤᠳ ᠲᠤ ᠳ᠋ᠦᠩ ᠾᠧ ᠲᠣᠭᠤᠷᠢᠭ ᠤᠨ ᠰᠣᠶᠣᠯ ᠤᠨ ᠣᠷᠳᠣᠨ ᠨᠢ ᠰᠣᠶᠣᠯ ᠢ ᠬᠥᠭᠵᠢᠭᠦᠯᠦᠨ ᠮᠠᠨᠳᠤᠭᠤᠯᠬᠤ᠂ ᠰᠣᠶᠣᠯ ᠢᠶᠠᠷ ᠠᠷᠠᠳ ᠢ ᠪᠠᠶᠠᠵᠢᠭᠤᠯᠬᠤ ︽ᠬᠤᠤᠰ ᠬᠥᠳᠡᠯᠭᠡᠭᠦᠷ︾ ᠢ ᠪᠥᠬᠦ ᠲᠠᠯ᠎ᠠ ᠪᠠᠷ ᠡᠬᠢᠯᠡᠭᠦᠯᠵᠦ᠂ ᠤᠯᠠᠭᠠᠨᠮᠥ᠋ᠴᠢᠷ ᠤᠨ ᠲᠤᠭ ᠢ ᠬᠤᠷᠦ᠋ᠢᠯᠠᠵᠤ᠂ ᠨᠠᠮ ᠤᠨ ᠲᠠᠭᠤᠨ ᠢ ᠤᠯᠠᠮᠵᠢᠯᠠᠨ᠂ ᠠᠷᠠᠳ ᠣᠯᠠᠨ ᠳᠤ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ ᠥᠭᠭᠦᠭᠰᠡᠨ ᠪᠠᠶᠢᠨ᠎ᠠ᠃ ᠰᠢᠨ᠎ᠡ ᠴᠠᠭ ᠦᠶ᠎ᠡ ᠶᠢᠨ ᠠᠶᠠᠨ ᠵᠠᠮ ᠳᠤ᠂ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠮᠵᠢᠯᠠᠭᠳᠠᠨ ᠨᠡᠭᠡᠭᠡᠭᠳᠡᠭᠰᠡᠨ᠂ ᠦᠯᠡᠳᠡᠨ ᠰᠠᠭᠤᠭᠳᠠᠭᠰᠠᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠳ᠋ᠦᠩ ᠾᠧ ᠲᠣᠭᠤᠷᠢᠭ ᠤᠨ ᠡᠯ᠎ᠡ ᠲᠦᠷᠦᠯ ᠤᠨ ᠦᠢᠯᠡᠰ ᠲᠤ ᠬᠦᠴᠦᠨ ᠴᠢᠳᠠᠯ ᠢᠶᠠᠨ ᠨᠡᠮᠡᠷᠢᠯᠡᠶ᠎ᠡ︕  
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1