ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ 2021 ᠣᠨ ᠤ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ᠃
ᠨᠡᠶᠢᠲᠡᠯᠡᠭᠰᠡᠨ ᠴᠠᠭ᠄
2021/11/5
ᠪᠦᠦ ᠳ᠋ᠦᠩ ᠵᠠᠰᠠᠭ ᠠᠯᠪᠠᠨ ᠲᠠᠷᠬᠠᠭᠠᠭᠰᠠᠨ 2021 45 ᠳ᠋ᠦ᠋ᠭᠡᠷ  ᠲᠣᠭᠠᠲᠤ᠃ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠃    ᠳ᠋ᠦᠩ ᠾᠧ ᠲᠣᠭᠤᠷᠢᠭ ᠤᠨ 2021 ᠣᠨ ᠤ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ᠃ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ᠄      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠣᠯᠣᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠳ᠋ᠦᠩ ᠾᠧ ᠲᠣᠭᠤᠷᠢᠭ ᠤᠨ 2021 ᠣᠨ ᠤ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠃    2021 ᠣᠨ ᠤ 7 ᠳ᠋ᠤᠭᠠᠷ ᠰᠠᠷ᠎ᠠ ᠶᠢᠨ 20 ᠤ ᠡᠳᠦᠷ᠃       ᠳ᠋ᠦᠩ ᠾᠧ ᠲᠣᠭᠤᠷᠢᠭ ᠤᠨ 2021 ᠣᠨ ᠤ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠦᠯ᠃      ᠤᠯᠤᠰ ᠤᠨ ᠳᠥᠷᠪᠡᠨ ᠶᠠᠮᠤᠨ ᠵᠥᠪᠯᠡᠯ ᠤᠨ ᠬᠠᠮᠲᠤᠷᠠᠨ ᠨᠡᠶᠢᠲᠡᠯᠡᠭᠰᠡᠨ ︽ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠪᠤᠭᠤᠲᠤ ᠬᠤᠲᠠ ᠶᠢᠨ 2021 ᠣᠨ ᠤ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠪᠦᠦ ᠹᠦ᠋ ᠠᠯᠪᠠᠨ ᠲᠠᠷᠬᠠᠭᠠᠭᠰᠠᠨ [ 2021 ] 62 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠳ᠋ᠦᠩ ᠾᠧ ᠲᠣᠭᠤᠷᠢᠭ ᠤᠨ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ︽ᠨᠡᠭᠦᠷᠡᠰᠦᠲᠥ᠋ᠷᠥᠭᠴᠢ ᠣᠷᠭᠢᠯ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ᠃      ︵ᠨᠢᠭᠡ︶ ᠵᠢᠯᠣᠭᠤᠳᠬᠤ ᠦᠵᠡᠯ ᠰᠠᠨᠠᠭ᠎ᠠ᠃      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠶ᠎ᠠ᠂ ᠶᠡᠷᠦᠩᠬᠡᠶ ᠱᠦᠵᠢ ᠰᠢ ᠶᠢᠨ ᠫᠢᠩ ᠤᠨ ᠤᠮᠠᠷᠠᠲᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠤᠨ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠬᠡᠷᠡᠭᠲᠡᠶ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠪᠤᠭᠤᠲᠤ ᠬᠤᠲᠠ ᠶᠢᠨ ᠠᠵᠤ ᠠᠬᠤᠶ ᠨᠡᠶᠢᠭᠡᠮ ᠪᠣᠯᠤᠨ ᠬᠤᠲᠠ ᠶᠢᠨ ᠬᠥᠭᠵᠢᠯᠲᠡ ᠶᠢᠨ ᠣᠳᠣᠬᠢ ᠪᠠᠶᠢᠳᠠᠯ ᠲᠠᠢ ᠨᠢᠭᠲᠠ ᠤᠶᠠᠯᠳᠤᠭᠤᠯᠤᠨ᠎ᠠ᠂ ᠡᠬᠢ ᠪᠠᠶᠠᠯᠢᠭ ᠤᠨ ᠨᠥᠬᠦᠴᠡᠯ ᠪᠠ ᠮᠠᠯᠵᠢᠬᠤ ᠲᠠᠷᠢᠶᠠᠯᠠᠬᠤ ᠣᠷᠣᠨ ᠤ ᠤᠯᠠᠮᠵᠢᠯᠠᠯᠲᠤ ᠳᠤᠯᠠᠭᠠᠯᠠᠭ᠎ᠠ ᠶᠢᠨ ᠳᠠᠳᠬᠠᠯ ᠤᠨ ᠰᠠᠭᠤᠷᠢᠨ ᠳᠡᠭᠡᠷ᠎ᠡ᠂ ︽2 + 26︾ ᠭᠤᠣᠯᠳᠠᠯᠭ᠎ᠠ ᠲᠠᠢ ᠬᠤᠳᠠ ᠪᠣᠯᠤᠨ ᠹᠧᠨ ᠸᠧᠢ ᠲᠠᠯ᠎ᠠ ᠭᠠᠵᠠᠷ ᠤᠨ ᠴᠡᠪᠡᠷ ᠳᠤᠯᠠᠭᠠᠯᠠᠭ᠎ᠠ ᠶᠢᠨ ᠲᠤᠷᠰᠢᠯᠭ᠎ᠠ ᠶᠢ ᠰᠤᠷᠤᠯᠴᠠᠨ ᠲᠤᠯᠢᠳᠠᠪᠠ᠂ ︽ᠵᠠᠰᠠᠭ ᠤᠨ ᠣᠷᠳᠣᠨ ᠠᠴᠠ ᠠᠬᠢᠭᠤᠯᠬᠤ᠂ ᠠᠵᠤ ᠠᠬᠤᠶᠢᠯᠠᠯ ᠢᠶᠠᠷ ᠭᠤᠣᠯ ᠪᠣᠯᠭᠠᠬᠤ᠂ ᠰᠠᠭᠤᠭᠠᠯᠢ ᠠᠷᠠᠳ ᠳᠠᠭᠠᠭᠠᠵᠤ ᠪᠣᠯᠬᠤ︾ ᠴᠢᠭᠯᠡᠯᠲᠡ᠂ ᠢᠯᠴᠢ ᠡᠭᠦᠰᠭᠡᠭᠴᠢ ᠶᠢᠨ ᠬᠠᠵᠠᠭᠤ ᠶᠢᠨ ᠠᠷᠢᠭᠤᠨ ᠴᠡᠪᠡᠷ ᠳᠤᠤᠷ᠎ᠠ ᠨᠡᠭᠦᠷᠡᠰᠦᠲᠥ᠋ᠷᠥᠭᠴᠢᠲᠦ ᠬᠢᠭᠡᠳ ᠬᠡᠷᠡᠭᠯᠡᠭᠴᠢ ᠶᠢᠨ ᠲᠠᠯ᠎ᠠ ᠶᠢᠨ ᠥᠨᠳᠥᠷ ᠪᠦᠲᠦᠮᠵᠢᠲᠡᠶ ᠲᠠᠭᠠᠯᠠᠮᠵᠢᠲᠠᠶ ᠪᠠᠶᠢᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠂ ᠲᠥᠷᠥᠯ ᠵᠦᠶ᠋ᠯ ᠢ ᠴᠢᠨᠠᠷ ᠰᠠᠶᠢᠲᠠᠶ ᠪᠦᠲᠦᠭᠡᠨ ᠪᠠᠶᠢᠭᠤᠯᠬᠤ ᠪᠠ ᠦᠷᠭᠦᠯᠵᠢᠯᠡᠨ ᠠᠵᠢᠯᠯᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠢᠭᠡᠳ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ᠂ ᠬᠤᠲᠠ ᠶᠢᠨ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠂ ︽ᠳᠤᠤᠷ᠎ᠠ ᠨᠡᠭᠦᠷᠡᠰᠦᠲᠥ᠋ᠷᠥᠭᠴᠢᠲᠦ ᠪᠣᠯᠭᠠᠬᠤ᠂ ᠴᠡᠪᠡᠷᠵᠢᠭᠦᠯᠬᠦ᠂ ᠥᠨᠳᠥᠷ ᠠᠰᠢᠭᠯᠠᠮᠵᠢ᠂ ᠤᠯᠡᠠ ᠡᠰᠢᠴᠢᠯᠡᠬᠦ᠂ ᠤᠶᠤᠨᠴᠢᠯᠠᠬᠤ᠂ ︽ᠵᠢᠷᠭᠤᠭᠠᠨ ᠲᠠᠯ᠎ᠠ ᠶᠢ ᠵᠡᠷᠭᠡ ᠪᠠᠷ ᠶᠠᠪᠤᠭᠳᠠᠭᠤᠯᠬᠤ ᠴᠡᠪᠡᠷ ᠳᠤᠯᠠᠭᠠᠯᠠᠭ᠎ᠠ ᠶᠢᠨ ᠵᠢᠱᠢᠶ᠎ᠡ ᠦᠵᠡᠭᠦᠯᠬᠦ ᠬᠤᠲᠠ ᠶᠢᠨ ᠦᠯᠢᠭᠡᠷ ᠳᠠᠭᠤᠷᠢᠶᠠᠯ᠃      ︵ᠬᠤᠶᠠᠷ︶ ᠠᠵᠢᠯ ᠤᠨ ᠵᠠᠷᠴᠢᠮ᠃      1 . ᠬᠠᠷᠢᠶ᠎ᠠ ᠭᠠᠵᠠᠷ ᠢᠶᠠᠷ ᠭᠤᠤᠯ ᠪᠣᠯᠭᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠬᠡᠷᠡᠭᠲᠡᠶ ᠃ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠣᠷᠣᠨ ᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠶ᠋ᠯᠡᠳᠪᠦᠷᠢ ᠶᠢᠨ ᠰᠠᠯᠠᠭ᠎ᠠ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠳᠦᠯᠲᠡᠶ ᠲᠥᠯᠥᠪᠵᠢᠭᠦᠯᠬᠦ ᠪᠠ ᠮᠡᠷᠭᠡᠵᠢᠯ ᠤᠨ ᠵᠢᠯᠣᠭᠤᠳᠣᠯᠭ᠎ᠠ ᠬᠢᠬᠦ ᠶᠢ ᠬᠠᠷᠢᠭᠤᠴᠠᠵᠤ᠂ ᠲᠤᠰᠬᠠᠶ ᠲᠥᠰᠦᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃      2 . ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠷᠠᠳ ᠤᠨ ᠰᠠᠨᠠᠭ᠎ᠠ ᠶᠢ ᠬᠦᠨᠳᠦᠳᠬᠡᠬᠦ ᠬᠡᠷᠡᠭᠲᠡᠶ᠃ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠣᠭ ᠰᠤᠷᠪᠤᠯᠵᠢ᠂ ᠡᠨᠧᠷᠭᠢ ᠶᠢᠨ ᠬᠠᠩᠭᠠᠯᠭ᠎ᠠ᠂ ᠰᠠᠭᠤᠷᠢ ᠪᠡᠯᠡᠳᠬᠡᠮᠵᠢ ᠵᠡᠷᠭᠡ ᠨᠥᠬᠦᠴᠡᠯ ᠳᠤ ᠰᠠᠭᠤᠷᠢᠯᠠᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠭᠦᠶ᠋ᠴᠡᠳ ᠪᠣᠳᠣᠯᠬᠢᠯᠠᠵᠤ᠂ ᠰᠢᠲᠠᠮᠠᠬᠠᠶ ᠬᠡᠶ ᠬᠡᠷᠡᠭᠯᠡᠬᠦ ᠳᠤ ᠳᠣᠭᠢᠷᠠᠪᠠᠯ ᠰᠢᠲᠠᠮᠠᠬᠠᠶ ᠬᠡᠶ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠳᠣᠭᠢᠷᠠᠪᠠᠯ ᠴᠠᠬᠢᠯᠭᠠᠨ ᠬᠡᠷᠡᠭᠯᠡᠵᠦ᠂ ᠢᠯᠴᠢ ᠬᠠᠩᠭᠠᠬᠤ ᠳᠤ ᠳᠣᠭᠢᠷᠠᠪᠠᠯ ᠢᠯᠴᠢ ᠬᠠᠩᠭᠠᠵᠤ ᠂ ᠠᠳᠠᠯᠢ ᠨᠥᠬᠦᠴᠡᠯ ᠤᠨ ᠳᠤᠤᠷ᠎ᠠ ᠥᠪᠡᠷ ᠤᠨ ᠥᠷᠲᠡᠭ ᠢᠶᠠᠷ ᠬᠠᠮᠤᠭ ᠤᠨ ᠳᠤᠤᠷ᠎ᠠ ᠪᠠ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠪᠠᠷ ᠬᠠᠮᠤᠭ ᠤᠨ ᠪᠠᠭ᠎ᠠ ᠪᠠᠶᠢᠬᠤ ᠠᠷᠢᠭᠤᠨ ᠴᠡᠪᠡᠷ ᠳᠤᠯᠠᠭᠠᠯᠠᠭ᠎ᠠ ᠶᠢᠨ ᠬᠠᠮ ᠠᠷᠭ᠎ᠠ ᠮᠠᠶ᠋ᠢᠭ ᠢ ᠰᠣᠩᠭᠤᠨ᠎ᠠ᠃      3 . ᠠᠶᠤᠯ ᠦᠭᠡᠶ ᠪᠠᠷ ᠳᠤᠯᠠᠭᠠᠯᠠᠵᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠡᠷᠬᠡᠪᠰᠢ ᠡᠨᠧᠷᠭᠢ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠶ ᠪᠠᠶᠢᠷᠢᠯᠠᠭᠤᠯᠤᠨ᠂ ᠠᠷᠢᠭᠤᠨ ᠴᠡᠪᠡᠷ ᠳᠤᠯᠠᠭᠠᠯᠠᠯᠭ᠎ᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠶ ᠃ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠨᠢᠭᠡᠳᠦᠯᠲᠡᠢ ᠲᠥᠯᠥᠪᠯᠡᠵᠦ᠂ ᠵᠦᠢ ᠵᠣᠬᠢᠰᠲᠠᠢ᠂ ᠠᠮᠤᠷ ᠲᠦᠪᠰᠢᠨ ᠨᠠᠶᠢᠳᠠᠪᠤᠷᠢᠲᠠᠢ ᠢᠯᠴᠢ ᠶᠢᠨ ᠬᠦᠴᠦᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠵᠤ᠂ ᠰᠠᠭᠤᠭᠠᠯᠢ ᠠᠷᠠᠳ ᠤᠨ ᠬᠡᠢ ᠬᠡᠷᠡᠭᠯᠡᠬᠦ᠂ ᠢᠯᠴᠢ ᠬᠡᠷᠡᠭᠯᠡᠬᠦ ᠶᠢ ᠪᠠᠲᠤᠯᠠᠨ᠎ᠠ᠃ ᠥᠭᠡᠷᠡᠴᠢᠯᠡᠨ ᠪᠠᠶᠢᠭᠤᠯᠬᠤ ᠠᠵᠢᠯ ᠢ ᠲᠤᠬᠢᠷᠠᠭᠤᠯᠬᠤ ᠳᠠᠭᠠᠨ ᠠᠬᠢᠴᠠ ᠶᠢ ᠪᠠᠲᠤᠯᠠᠬᠤ ᠬᠡᠷᠡᠭᠲᠡᠢ ᠮᠥᠷᠲᠡᠭᠡᠨ ᠪᠠᠰᠠ ᠪᠠᠷᠢᠯᠭ᠎ᠠ ᠪᠠᠷᠢᠬᠤ᠂ ᠠᠵᠢᠯᠯᠠᠭᠠᠨ ᠤ ᠠᠶᠤᠯᠭᠦᠢ ᠪᠠᠶᠢᠬᠤ ᠶᠢ ᠪᠠᠲᠤᠯᠠᠬᠤ ᠬᠡᠷᠡᠭᠲᠡᠢ᠃      4 . ᠠᠵᠤ ᠠᠬᠤᠶᠢᠯᠠᠯ ᠢᠶᠠᠷ ᠭᠤᠣᠯ ᠪᠣᠯᠭᠠᠵᠤ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠪᠠ ᠬᠡᠷᠡᠭᠯᠡᠭᠴᠢᠳ ᠤᠨ ᠢᠳᠡᠪᠬᠢᠵᠢᠯ ᠢ ᠭᠦᠶ᠋ᠴᠡᠳ ᠳᠠᠶᠢᠴᠢᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠡᠪᠡᠷ ᠳᠤᠯᠠᠭᠠᠯᠠᠭ᠎ᠠ ᠶᠢᠨ ᠬᠦᠷᠢᠶᠡᠨ ᠳᠤ ᠣᠷᠣᠬᠤ ᠶᠢ ᠵᠣᠷᠢᠭᠵᠢᠭᠤᠯᠵᠤ᠂ ᠴᠡᠪᠡᠷ ᠳᠤᠯᠠᠭᠠᠯᠠᠭ᠎ᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠎ᠠ᠃ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢᠳᠡᠪᠬᠢᠲᠡᠶ ᠬᠠᠮᠵᠢᠯᠴᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃      ᠬᠤᠶᠠᠷ᠂ ᠠᠵᠢᠯ ᠤᠨ ᠬᠠᠷᠠᠯᠲᠠ᠃      ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠤᠯᠪᠣᠭᠳᠠᠯ ᠪᠥᠬᠦᠶ ᠴᠡᠪᠡᠷ ᠳᠤᠯᠠᠭᠠᠯᠠᠭ᠎ᠠ ᠶᠢᠨ ᠲᠥᠯᠥᠪᠵᠢᠭᠦᠯᠭᠡ ᠪᠠ ᠡᠳ᠋ ᠤᠨ ᠵᠠᠰᠠᠭ ᠤᠨ ᠶᠠᠮᠤᠨ ᠵᠡᠷᠭᠡ ᠳᠥᠷᠪᠡᠨ ᠶᠠᠮᠤᠨ ᠵᠥᠪᠯᠡᠯ ᠤᠨ ︽ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ᠤᠨ ᠴᠡᠪᠡᠷ ᠳᠤᠯᠠᠭᠠᠯᠠᠭ᠎ᠠ ᠶᠢᠨ ᠨᠣᠷᠮ᠎ᠠ ᠶᠢᠨ ᠭᠦᠶ᠋ᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2023 ᠤᠨ ᠪᠣᠯᠬᠤ ᠳᠤ᠂ ᠮᠠᠨ ᠤ ᠣᠷᠣᠨ ᠤ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠥᠳᠡᠭᠡ ᠲᠣᠰᠬᠤᠨ ᠤ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢᠨ ᠨᠣᠷᠮ᠎ᠠ ᠶᠢ 100 % ᠳᠤ ᠬᠦᠷᠦᠭᠦᠯᠦᠨ᠎ᠡ᠃ ᠡᠭᠦᠨ ᠳᠤ 2021 ᠣᠨ ᠳᠤ᠂ 90 % ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠡᠭᠦᠷᠭᠡ ᠶᠢ ᠪᠡᠶᠡᠯᠡᠭᠦᠯᠵᠦ᠂ ᠪᠤᠰᠤᠳ ᠲᠥᠷᠥᠯ ᠵᠦᠶ᠋ᠯ ᠤᠨ ᠣᠨ ᠤ ᠲᠥᠯᠥᠪᠯᠡᠭᠡ ᠶᠢ ᠪᠡᠶᠡᠯᠡᠭᠦᠯᠦᠨ᠎ᠡ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠬᠠᠷᠢᠭᠤᠴᠠᠯᠭ᠎ᠠ ᠶᠢᠨ ᠬᠤᠪᠢᠶᠠᠷᠢᠯᠠᠯ᠃      ᠳ᠋ᠦᠩ ᠾᠧ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠥᠷᠥᠯ ᠵᠦᠶ᠋ᠯ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠣᠳᠠᠲᠠᠶ ᠨᠡᠷᠡᠰ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠨᠢ ᠳᠤᠤᠷᠠᠬᠢ ᠮᠡᠲᠦ᠄    ᠳᠤᠭᠤᠶᠢᠯᠠᠩ ᠤᠨ ᠳᠠᠷᠤᠭ᠎ᠠ᠄ ᠵᠠᠩ ᠯᠢ ᠵᠢᠶᠦ᠋ᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ᠃    ᠳᠤᠭᠤᠶᠢᠯᠠᠩ ᠤᠨ ᠳᠡᠳ᠋ ᠳᠠᠷᠤᠭ᠎ᠠ᠄ ᠯᠢ ᠰᠢᠶᠤᠤ ᠬᠤᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ᠃    ᠸᠠᠩ ᠯᠢᠨ ᠹᠦ᠋ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ᠃    ᠵᠠᠩ ᠴᠠᠩ ᠵᠧᠩ ᠳᠡᠳ᠋ ᠲᠣᠭᠤᠷᠢᠭ ᠤᠨ ᠳᠠᠷᠤᠭ᠎ᠠ᠃    ᠭᠤᠤ ᠶᠢᠨ ᠮᠢᠩ᠂ ᠳᠡᠳ᠋ ᠲᠣᠭᠤᠷᠢᠭ ᠤᠨ ᠳᠠᠷᠤᠭ᠎ᠠ᠃    ᠵᠠᠩ ᠬᠤᠩ ᠶᠠᠨ ᠳᠡᠳ᠋ ᠲᠣᠭᠤᠷᠢᠭ ᠤᠨ ᠳᠠᠷᠤᠭ᠎ᠠ᠃  ᠪᠦᠷᠢᠯᠳᠦᠬᠦᠨ᠄ ᠶᠠᠩ ᠬᠠᠢ ᠴᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠃    ᠸᠠᠩ ᠰᠢᠶᠤᠤ ᠬᠤᠢ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠃    ᠪᠠᠶ ᠵᠧᠨ ᠶᠤᠸᠠᠨ ᠲᠣᠭᠤᠷᠢᠭ ᠤᠨ ᠠᠵᠤ ᠦᠶ᠋ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ᠃    ᠲᠢᠶᠠᠨ ᠶᠦᠩ ᠭᠤᠸᠠᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠃    ᠬᠤ ᠭᠦᠸᠧ ᠷᠦᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ᠃    ᠸᠠᠩ ᠰᠢᠤᠢ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ᠃    ᠶᠠᠩ ᠵᠢᠶᠠᠨ ᠵᠢᠶᠦ᠋ᠨ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ᠃    ᠵᠣᠣ ᠯᠢ ᠰᠢᠶᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ᠃    ᠳ᠋ᠦ᠋ ᠶᠢᠨ ᠵᠥᠩ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ᠃    ᠵᠠᠩ ᡁᠢ ᠭᠠᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ︵ᠵᠠᠰᠠᠭ ᠵᠠᠬᠢᠷᠭᠠᠨ ᠤ ᠠᠵᠢᠯ ᠢ ᠡᠷᠭᠢᠯᠡᠨ᠎ᠡ︶᠃    ᠵᠠᠩ ᠶᠢᠨ ᠬᠤ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ᠃     ᠦ᠋ ᡁᠢ ᠶᠦᠩ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ᠃    ᠰᠢᠶᠤᠤ ᠱᠠᠩ ᠴᠢ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ᠃    ᠰᠦᠨ ᠴᠧᠩ ᠳ᠋ᠦᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠃    ᠵᠠᠩ ᠵᠢᠶᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ᠃    ᠵᠣᠤ ᠪᠦᠦ ᠬᠤᠸᠠ᠂ ᠳ᠋ᠦᠩ ᠾᠧ ᠶᠢᠨ ᠵᠠᠮ ᠬᠠᠷᠢᠯᠴᠠᠭᠠᠨ ᠤ ᠶᠡᠭᠡ ᠠᠩᠭᠢ ᠶᠢᠨ ᠳᠠᠷᠤᠭ᠎ᠠ᠃    ᠮᠠ ᠭᠠᠩ ᠴᠧᠩ ᠳ᠋ᠦᠩ ᠰᠢᠩ ᠵᠠᠮ ᠬᠠᠷᠢᠯᠴᠠᠭᠠᠨ ᠤ ᠶᠡᠭᠡ ᠠᠩᠭᠢ ᠶᠢᠨ ᠳᠠᠷᠤᠭ᠎ᠠ᠃     ᠡᠤ ᠵᠢᠶᠧ ᠾᠧ ᠳ᠋ᠦᠩ ᠪᠠᠯᠭᠠᠰᠤᠨ ᠤ ᠳᠠᠷᠤᠭ᠎ᠠ᠃    ᠭᠦᠸᠧ ᠢᠦᠶ ᠰᠠᠷᠠᠴᠢᠨ ᠪᠠᠯᠭᠠᠰᠤᠨ ᠤ ᠳᠠᠷᠤᠭ᠎ᠠ᠃    ᠶᠠᠨ ᠴᠧᠨ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ︵ᠵᠠᠰᠠᠭ ᠵᠠᠬᠢᠷᠭᠠᠨ ᠤ ᠠᠵᠢᠯ ᠢ ᠡᠷᠬᠢᠯᠡᠨ᠎ᠡ︶᠃    ᠴᠧᠨ ᠹᠧᠩ ᠪᠠᠷᠠᠭᠤᠨ ᠤᠪᠤᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃     ᠾᠧ ᠯᠢ ᠸᠧᠶ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠵᠧᠦ ᠵᠢᠩ ᠲᠤᠤ ᠳ᠋ᠦᠩ ᠵᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠯᠢᠦᠶ ᠵᠢᠶᠠᠨ ᠹᠤᠩ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠪᠠᠶ ᠱᠦᠤᠤ ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠯᠢᠦ ᠺᠦᠨ ᠼᠠᠢ ᠱᠤᠨ ᠮᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠭᠦᠸᠧ ᠴᠢᠩ ᠰᠥᠩ ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠭᠦᠸᠧ ᠵᠢᠶᠠᠨ ᠴᠢᠶᠠᠩ ᠲᠢᠶᠠᠨ ᠵᠢᠶᠤᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠶᠠᠨ ᠰᠢᠶᠤᠤ ᠯᠤ᠋ ᠳ᠋ᠦᠩ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠸᠠᠩ ᠵᠢᠶᠦ᠋ᠨ ᠫᠢᠩ ᠶᠠᠩ ᠭᠧ ᠯᠤᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠃    ᠵᠠᠩ ᠰᠢᠶᠠᠩ ᠢᠦᠶ ᠳ᠋ᠦᠩ ᠾᠧ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ᠃    ᠴᠢᠶᠣᠤ ᠢ᠂ ᠵᠢᠦ ᠶᠤᠸᠠᠨ ᠳᠠᠬᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ᠃    ᠶᠠᠩ ᠮᠢᠩ ᠯᠦ ᠪᠤᠭᠤᠲᠤ ᠬᠤᠲᠠ ᠶᠢᠨ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ᠃    ᠭᠦ ᠴᠢᠤᠸᠠᠨ ᠵᠢᠶᠦ᠋ᠨ ᠳ᠋ᠦᠩ ᠬᠤᠸᠠ ᠢᠯᠴᠢ ᠴᠠᠬᠢᠯᠭᠠᠨ ᠤ ᠢᠯᠴᠢ ᠬᠠᠩᠭᠠᠬᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ᠃      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠣᠷᠣᠨ ᠰᠠᠭᠤᠴᠠ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤ ᠭᠦᠸᠧ ᠷᠦᠢ ᠨᠥᠬᠦᠷ ᠬᠠᠪᠰᠤᠷᠭᠠᠨ ᠡᠭᠦᠷᠭᠡᠯᠡᠨ᠎ᠡ᠃ ᠠᠯᠪᠠᠨ ᠭᠡᠷ ᠲᠦᠷᠦᠭᠦᠯᠡᠨ ᠶᠡᠷᠦᠩᠬᠡᠶ ᠳᠤᠨᠢ ᠠᠳᠬᠤᠬᠤ ᠶᠢ ᠬᠠᠷᠢᠭᠤᠴᠠᠵᠤ᠂ ᠲᠥᠷᠥᠯ ᠵᠦᠢᠯ ᠢ ᠰᠢᠮᠳᠠᠭᠤᠯᠬᠤ᠂ ᠪᠠᠶᠢᠴᠠᠭᠠᠬᠤ᠂ ᠵᠣᠬᠢᠴᠠᠭᠤᠯᠤᠨ ᠲᠦᠯᠬᠢᠨ ᠠᠬᠢᠭᠤᠯᠬᠤ ᠶᠢ ᠴᠢᠩᠭᠠᠳᠬᠠᠨ᠂ ᠠᠵᠢᠯ ᠤᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ︽ᠵᠢᠷᠤᠭ ᠡᠯᠭᠦᠵᠦ ᠪᠠᠶᠢᠯᠳᠤᠭᠠᠨ ᠬᠢᠬᠦ᠂ ᠪᠠᠷᠢᠯᠭ᠎ᠠ ᠶᠢᠨ ᠬᠤᠭᠤᠴᠠᠭ᠎ᠠ ᠶᠢ ᠭᠡᠳᠡᠷᠭᠦ ᠵᠢᠭᠰᠠᠭᠠᠬᠤ︾ ᠬᠠᠮᠲᠤᠷᠠᠭᠰᠠᠨ ᠬᠤᠷᠠᠯ ᠤᠨ ᠳᠦᠷᠢᠮ ᠪᠣᠯᠤᠨ ᠬᠤᠯᠪᠣᠭᠠᠴᠢᠨ ᠤ ᠳᠦᠷᠢᠮ ᠢ ᠪᠠᠶᠢᠭᠤᠯᠤᠨ᠂ ᠠᠷᠢᠭᠤᠨ ᠴᠡᠪᠡᠷ ᠳᠤᠯᠠᠭᠠᠯᠠᠭ᠎ᠠ ᠶᠢᠨ ᠠᠵᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠤᠨ ᠡᠵᠡᠮᠰᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠬᠡᠷᠡᠭᠲᠡᠶ᠃      ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ 4 ᠠᠵᠢᠯᠯᠠᠬᠤ ᠳᠤᠭᠤᠶᠢᠯᠠᠩ ᠭᠠᠷᠭᠠᠨ᠎ᠠ᠂ ᠪᠦᠷᠢᠯᠳᠦᠬᠦᠨ ᠨᠢ ᠳᠣᠣᠷᠠᠬᠢ ᠮᠡᠲᠦ᠄      1 . ᠢᠯᠴᠢ ᠴᠠᠬᠢᠯᠭᠠᠨ ᠬᠠᠮᠲᠤᠷᠠᠨ ᠦᠶ᠋ᠯᠡᠳᠪᠦᠷᠢᠯᠡᠬᠦ ᠲᠥᠪᠯᠡᠷᠡᠭᠦᠯᠦᠨ ᠢᠯᠴᠢ ᠬᠠᠩᠭᠠᠬᠤ᠂ ︽ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢᠨ ᠲᠥᠷᠥᠯ ᠵᠦᠶ᠋ᠯ ᠤᠨ ᠳᠤᠭᠤᠶᠢᠯᠠᠩ᠃    ᠳᠤᠭᠤᠶᠢᠯᠠᠩ ᠤᠨ ᠳᠠᠷᠤᠭ᠎ᠠ᠄ ᠬᠤ ᠭᠦᠸᠧ ᠷᠦᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ᠃    ᠪᠦᠷᠢᠯᠳᠦᠬᠦᠨ᠄ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯ ᠤᠳᠤᠷᠢᠳᠤᠯᠭ᠎ᠠ᠃    ᠶᠠᠩ ᠮᠢᠩ ᠯᠦ ᠪᠤᠭᠤᠲᠤ ᠬᠤᠲᠠ ᠶᠢᠨ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ᠃    ᠭᠦ ᠴᠢᠤᠸᠠᠨ ᠵᠢᠶᠦ᠋ᠨ ᠳ᠋ᠦᠩ ᠬᠤᠸᠠ ᠢᠯᠴᠢ ᠴᠠᠬᠢᠯᠭᠠᠨ ᠤ ᠢᠯᠴᠢ ᠬᠠᠩᠭᠠᠬᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ᠃      2 . ᠰᠢᠨ᠎ᠡ ᠡᠨᠧᠷᠭᠢ ᠪᠠᠷ ᠳᠤᠯᠠᠭᠠᠯᠠᠬᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠶ᠋ᠯ ᠤᠨ ᠳᠤᠭᠤᠶᠢᠯᠠᠩ᠃    ᠳᠤᠭᠤᠶᠢᠯᠠᠩ ᠤᠨ ᠳᠠᠷᠤᠭ᠎ᠠ᠄ ᠬᠤ ᠭᠦᠸᠧ ᠷᠦᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ᠃    ᠪᠦᠷᠢᠯᠳᠦᠬᠦᠨ᠄ ᠸᠠᠩ ᠰᠢᠶᠣᠤ ᠬᠤᠢ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠃    ᠴᠢᠶᠣᠤ ᠢ᠂ ᠵᠢᠦ ᠶᠤᠸᠠᠨ ᠳᠠᠬᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ᠃    ᠵᠠᠩ ᠰᠢᠶᠠᠩ ᠢᠦᠶ ᠳ᠋ᠦᠩ ᠾᠧ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ᠃    ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠤᠳᠤᠷᠢᠳᠤᠯᠭ᠎ᠠ᠃      3 . ᠨᠡᠭᠦᠷᠡᠰᠦ ᠬᠤᠷᠢᠬᠤ ᠬᠠᠮᠢᠶᠠᠷᠤᠯᠲᠠ ᠶᠢᠨ ᠳᠤᠭᠤᠶᠢᠯᠠᠩ᠃    ᠳᠤᠭᠤᠶᠢᠯᠠᠩ ᠤᠨ ᠳᠠᠷᠤᠭ᠎ᠠ᠄ ᠵᠠᠩ ᡁᠢ ᠭᠠᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ᠃    ᠪᠦᠷᠢᠯᠳᠦᠬᠦᠨ᠄ ᠵᠣᠣ ᠯᠢ ᠰᠢᠶᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ᠃    ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠤᠳᠤᠷᠢᠳᠤᠯᠭ᠎ᠠ᠃    ᠵᠠᠩ ᠵᠢᠶᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ᠃    ᠵᠣᠤ ᠪᠦᠦ ᠬᠤᠸᠠ᠂ ᠳ᠋ᠦᠩ ᠾᠧ ᠶᠢᠨ ᠵᠠᠮ ᠬᠠᠷᠢᠯᠴᠠᠭᠠᠨ ᠤ ᠶᠡᠭᠡ ᠠᠩᠭᠢ ᠶᠢᠨ ᠳᠠᠷᠤᠭ᠎ᠠ᠃    ᠮᠠ ᠭᠠᠩ ᠴᠧᠩ ᠳ᠋ᠦᠩ ᠰᠢᠩ ᠵᠠᠮ ᠬᠠᠷᠢᠯᠴᠠᠭᠠᠨ ᠤ ᠶᠡᠭᠡ ᠠᠩᠭᠢ ᠶᠢᠨ ᠳᠠᠷᠤᠭ᠎ᠠ᠃      4 . ᠶᠡᠷᠦᠩᠬᠡᠶᠢᠯᠡᠭᠰᠡᠨ ᠳᠤᠭᠤᠶᠢᠯᠠᠩ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠢ ᠵᠣᠬᠢᠶᠠᠨ ᠪᠠᠶᠢᠭᠤᠯᠵᠤ ᠵᠣᠬᠢᠶᠠᠨ ᠪᠠᠶᠢᠭᠤᠯᠤᠨ᠎ᠠ᠃    ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠡᠭᠦᠷᠭᠡ ᠬᠠᠷᠢᠭᠤᠴᠠᠯᠭ᠎ᠠ ᠨᠢ ᠳᠤᠤᠷᠠᠬᠢ ᠮᠡᠲᠦ᠄      ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠴᠡᠪᠡᠷ ᠳᠤᠯᠠᠭᠠᠯᠠᠭ᠎ᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠴᠡᠪᠡᠷ ᠳᠤᠯᠠᠭᠠᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥᠯ ᠵᠦᠶ᠋ᠯ ᠢ ᠠᠬᠢᠭᠤᠯᠬᠤ᠂ ᠪᠠᠷᠢᠯᠭ᠎ᠠ ᠶᠢᠨ ᠶᠠᠰᠤ ᠴᠢᠨᠠᠷ᠂ ᠶᠠᠰᠤ ᠴᠢᠨᠠᠷ ᠤᠨ ᠠᠮᠤᠷ ᠲᠦᠪᠰᠢᠨ ᠵᠡᠷᠭᠡ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ᠃       ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠡᠨᠧᠷᠭᠢ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ ᠰᠠᠶᠢᠲᠤᠷ ᠬᠢᠨ᠎ᠡ᠃ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠶ᠋ᠯ ᠢ ᠬᠢᠨᠠᠨ ᠬᠠᠷᠭᠤᠭᠤᠯᠬᠤ᠂ ᠲᠥᠷᠥᠯ ᠵᠦᠶ᠋ᠯ ᠲᠣᠭᠲᠠᠭᠠᠬᠤ ᠶᠢ ᠬᠠᠮᠵᠢᠯᠴᠠᠨ ᠭᠦᠶ᠋ᠴᠡᠳᠬᠡᠨ᠎ᠡ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠰᠠᠭᠤᠭᠠᠯᠢ ᠠᠷᠠᠳ ᠤᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ᠂ ᠢᠯᠴᠢ ᠬᠠᠩᠭᠠᠬᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ︔ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠥᠪᠯᠡᠷᠡᠭᠦᠯᠦᠨ ᠢᠯᠴᠢ ᠬᠠᠩᠭᠠᠬᠤ ᠶᠢ ᠲᠣᠣᠷ ᠲᠤ ᠣᠷᠣᠭᠤᠯᠬᠤ ᠪᠠ ᠪᠠᠶᠢᠭᠠᠯᠢ ᠶᠢᠨ ᠰᠢᠲᠠᠮᠠᠬᠠᠶ ᠬᠡᠢ ᠶᠢᠨ ᠢᠷᠡᠯᠲᠡ᠂ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠵᠢᠴᠢ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠲᠦᠯᠬᠢᠨ ᠠᠬᠢᠭᠤᠯᠤᠨ᠎ᠠ︔ ᠲᠥᠷᠥᠯ ᠵᠦᠶ᠋ᠯ ᠢ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠎ᠡ︔ ᠢᠯᠴᠢ ᠬᠠᠩᠭᠠᠬᠤ᠂ ᠰᠢᠲᠠᠮᠠᠬᠠᠶ ᠬᠡᠢ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠶᠢᠨ ᠬᠠᠮᠲᠤ ᠪᠡᠯᠡ ᠮᠥᠩᠭᠦ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃      ᠡᠳ ᠤᠨ ᠵᠠᠰᠠᠭ ᠤᠨ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠲᠤᠰᠬᠠᠶ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠣᠷᠣᠨ ᠤ ᠱᠠᠲᠤᠨ ᠤ ᠡᠳ ᠤᠨ ᠵᠠᠰᠠᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠶ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠬᠠᠷᠢᠭᠤᠴᠠᠨ ᠲᠣᠭᠲᠠᠭᠠᠵᠤ᠂ ᠪᠡᠯᠡ ᠮᠥᠩᠭᠦ ᠶᠢᠨ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠪᠡᠯᠡ ᠮᠥᠩᠭᠦ ᠲᠣᠬᠢᠷᠠᠭᠤᠯᠬᠤ ᠶᠢ ᠬᠠᠷᠢᠭᠤᠴᠠᠵᠤ᠂ ᠪᠡᠯᠡ ᠮᠥᠩᠭᠦ ᠰᠠᠯᠭᠠᠨ ᠥᠭᠬᠦ ᠬᠢᠭᠡᠳ ᠬᠡᠷᠡᠭᠯᠡᠬᠦ ᠶᠢ ᠴᠢᠩᠭ᠎ᠠ ᠬᠢᠨᠠᠨ ᠬᠠᠷᠭᠤᠭᠤᠯᠤᠨ᠎ᠠ᠃      ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠴᠡᠪᠡᠷ ᠡᠨᠧᠷᠭᠢ ᠶᠢᠨ ᠢᠯᠴᠢ ᠬᠠᠩᠭᠠᠬᠤ ᠲᠥᠷᠥᠯ ᠵᠦᠶ᠋ᠯ ᠵᠢᠴᠢ ᠲᠥᠬᠦᠷ ᠢᠯᠴᠢ ᠶᠢᠨ ᠬᠦᠴᠦᠨ ᠤ ᠥᠷᠲᠡᠭᠡ᠂ ᠬᠤᠭᠤᠯᠠᠶ ᠤᠲᠠᠰᠤ ᠵᠡᠷᠭᠡ ᠢᠨᠵᠧᠨᠧᠷᠢᠩ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃      ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠴᠡᠪᠡᠷ ᠳᠤᠯᠠᠭᠠᠯᠠᠭ᠎ᠠ ᠶᠢᠨ ᠭᠠᠳᠠᠭᠰᠢᠯᠠᠭᠤᠯᠬᠤ ᠭᠦᠶ᠋ᠴᠡᠳᠬᠡᠯ ᠲᠤᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠵᠦᠶ᠋ᠯ ᠤᠨ ᠨᠥᠬᠦᠪᠥᠷᠢ ᠪᠡᠯᠡ ᠮᠥᠩᠭᠦ ᠣᠯᠬᠤ ᠶᠢ ᠬᠠᠷᠢᠭᠤᠴᠠᠨ᠎ᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠦᠭᠦᠬᠡᠶ ᠨᠡᠭᠦᠷᠡᠰᠦ ᠪᠣᠷᠣᠯᠠᠭᠤᠯᠬᠤ ᠲᠤᠤᠷ ᠴᠢᠬ ᠢ ᠢᠯᠭᠠᠷᠠᠭᠤᠯᠤᠨ ᠴᠡᠭᠴᠡᠯᠡᠬᠦ ᠶᠢ ᠬᠠᠷᠢᠭᠤᠴᠠᠨ᠎ᠠ︔ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠤᠳᠠᠯᠳᠤᠭᠠᠨ ᠤ ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠨ᠎ᠠ᠃      ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠰᠤᠷᠭᠠᠨ ᠬᠥᠮᠦᠵᠢᠯ ᠤᠨ ᠲᠥᠷᠥᠯ ᠤᠨ ᠪᠠᠷᠢᠯᠭ᠎ᠠ ᠶᠢᠨ ᠠᠷᠢᠭᠤᠨ ᠴᠡᠪᠡᠷ ᠲᠤᠯᠠᠭᠠᠯᠠᠯᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃      ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠦᠭᠦᠬᠡᠶ ᠨᠡᠭᠦᠷᠡᠰᠦ ᠶᠢ ᠬᠠᠮᠢᠶᠠᠷᠤᠨ ᠡᠵᠡᠮᠳᠡᠬᠦ ᠲᠤᠰᠬᠠᠶ ᠠᠵᠢᠯ ᠤᠨ ᠲᠥᠰᠦᠯ ᠲᠣᠭᠲᠠᠭᠠᠬᠤ ᠶᠢ ᠬᠠᠷᠢᠭᠤᠴᠠᠵᠤ᠂ ᠨᠡᠭᠦᠳᠡᠯ ᠳᠡᠯᠭᠡᠭᠡ ᠮᠠᠶᠢᠮᠠᠶ ᠵᠢᠴᠢ ᠪᠤᠰᠤᠳ ᠡᠷᠦᠬᠡ ᠶᠢᠨ ᠭᠠᠳᠠᠨᠠᠬᠢ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ ᠢ ᠬᠠᠷᠢᠭᠤᠴᠠᠵᠤ᠂ ᠬᠠᠤᠯᠢ ᠠᠴᠠ ᠵᠥᠷᠢᠴᠡᠨ ᠲᠦᠭᠦᠬᠡᠶ ᠨᠡᠭᠦᠷᠡᠰᠦ ᠪᠣᠷᠣᠯᠠᠭᠤᠯᠤᠭᠰᠠᠨ ᠢ ᠪᠠᠶᠢᠴᠠᠭᠠᠨ ᠰᠢᠶ᠋ᠳᠪᠦᠷᠢᠯᠡᠬᠦ ᠬᠠᠮᠲᠤᠷᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠭᠦᠨ ᠤ ᠬᠠᠮᠲᠤ ᠲᠣᠭᠲᠠᠮᠠᠯ ᠪᠠᠶᠢᠴᠠᠭᠠᠬᠤ ᠴᠡᠭ ᠭᠠᠷᠭᠠᠵᠤ᠂ ᠪᠦᠬᠦᠯᠢ ᠡᠳᠦᠷ ᠤᠨ᠂ ᠪᠦᠬᠦᠨ ᠢ ᠬᠠᠮᠤᠷᠤᠭᠰᠠᠨ ᠲᠦᠭᠦᠬᠡᠶ ᠨᠡᠭᠦᠷᠡᠰᠦ ᠶᠢ ᠴᠡᠪᠡᠷᠯᠡᠨ ᠴᠠᠭᠠᠵᠠᠯᠠᠬᠤ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ︔ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠬᠤᠲᠠ ᠶᠢᠨ ᠵᠠᠰᠠᠭ ᠤᠨ ᠣᠷᠳᠣᠨ ᠤ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠪᠠᠨ ᠴᠢᠩᠭᠠᠳᠬᠠᠬᠤ ᠲᠤᠬᠠᠶ ᠵᠠᠷᠯᠠᠯ︾ ᠤᠨ ᠳᠥᠷᠪᠡᠨ ᠴᠠᠭᠠᠵᠠᠯᠠᠬᠤ ︵ᠰᠢᠲᠠᠭᠠᠬᠤ ᠶᠢ ᠴᠠᠭᠠᠵᠠᠯᠠᠬᠤ᠂ ᠪᠣᠷᠣᠯᠠᠭᠤᠯᠬᠤ ᠶᠢ ᠴᠠᠭᠠᠵᠠᠯᠠᠬᠤ᠂ ᠬᠠᠳᠠᠭᠠᠯᠠᠬᠤ ᠶᠢ ᠴᠠᠭᠠᠵᠠᠯᠠᠬᠤ᠂ ᠲᠡᠭᠡᠭᠡᠪᠦᠷᠢᠯᠡᠬᠦ ᠶᠢ ᠴᠠᠭᠠᠵᠠᠯᠠᠬᠤ︶ ᠱᠠᠭᠠᠷᠳᠠᠯᠭ᠎ᠠ ᠲᠠᠢ ᠤᠶᠠᠯᠳᠤᠭᠤᠯᠤᠨ᠂ ᠠᠮᠢ ᠠᠬᠤᠶ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠠᠷᠢᠶ᠎ᠠ ᠭᠠᠵᠠᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠡᠷᠴᠢᠮ ᠢᠶᠠᠨ ᠨᠡᠮᠡᠭᠳᠡᠭᠦᠯᠵᠦ᠂ ᠲᠦᠭᠦᠬᠡᠶ ᠨᠡᠭᠦᠷᠡᠰᠦ ᠪᠣᠷᠣᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠰᠢᠲᠠᠭᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃          ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠲᠦᠭᠦᠬᠡᠶ ᠨᠡᠭᠦᠷᠡᠰᠦ ᠶᠢᠨ ᠲᠡᠭᠡᠭᠡᠪᠦᠷᠢ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠶᠢ ᠬᠠᠷᠢᠭᠤᠴᠠᠵᠤ᠂ ᠬᠠᠤᠯᠢ ᠠᠴᠠ ᠵᠥᠷᠢᠴᠡᠨ ᠲᠦᠭᠦᠬᠡᠶ ᠨᠡᠭᠦᠷᠡᠰᠦ ᠪᠣᠷᠣᠯᠠᠭᠤᠯᠤᠭᠰᠠᠨ ᠢ ᠪᠠᠶᠢᠴᠠᠭᠠᠨ ᠰᠢᠶ᠋ᠳᠪᠦᠷᠢᠯᠡᠬᠦ ᠬᠠᠮᠲᠤᠷᠠᠭᠰᠠᠨ ᠠᠵᠢᠯᠯᠠᠭ᠎ᠠ ᠳᠤ ᠣᠷᠣᠯᠴᠠᠨ᠎ᠠ᠃      ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠰᠢᠲᠠᠮᠠᠬᠠᠶ ᠬᠡᠶ᠂ ᠢᠯᠴᠢ ᠬᠠᠩᠭᠠᠬᠤ ᠬᠤᠭᠤᠯᠠᠶ ᠱᠤᠭᠤᠮ ᠤᠨ ᠣᠶ ᠶᠢᠨ ᠪᠦᠰᠡ ᠪᠠᠷ ᠥᠩᠭᠡᠷᠡᠬᠦ ᠵᠡᠷᠭᠡ ᠬᠠᠮᠢᠶ᠎ᠠ ᠪᠥᠬᠦᠶ ᠭᠠᠷᠳᠠᠮ ᠢ ᠬᠠᠮᠵᠢᠯᠴᠠᠨ ᠭᠦᠶ᠋ᠴᠡᠳᠬᠡᠬᠦ ᠶᠢ ᠬᠠᠷᠢᠭᠤᠴᠠᠨ᠎ᠠ᠃      ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠢᠨᠵᠧᠨᠧᠷᠢᠩ ᠤᠨ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠪᠠ ᠠᠳᠡᠯ ᠢ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      ᠴᠠᠬᠢᠯᠭᠠᠨ ᠬᠠᠩᠭᠠᠬᠤ ᠰᠠᠯᠠᠭ᠎ᠠ ᠮᠥᠴᠢᠷ ᠨᠢ ᠴᠠᠬᠢᠯᠭᠠᠨ ᠲᠤᠤᠷ ᠤᠨ ᠪᠠᠭᠲᠠᠭᠠᠮᠵᠢ ᠶᠢ ᠨᠡᠮᠡᠭᠳᠡᠭᠦᠯᠬᠦ ᠶᠢ ᠬᠠᠷᠢᠭᠤᠴᠠᠨ ᠬᠡᠷᠡᠭᠵᠢᠭᠦᠯᠵᠦ᠂ ᠴᠠᠬᠢᠯᠭᠠᠨ ᠲᠦᠭᠡᠭᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠤᠲᠠ ᠶᠢᠨ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠨ ᠨᠥᠬᠦᠪᠥᠷᠢ ᠳᠡᠮᠵᠢᠯᠭᠡ ᠶᠢ ᠤᠯᠬᠤ ᠪᠠᠷ ᠴᠢᠷᠮᠠᠶᠢᠨ᠎ᠠ᠃ ᠡᠯ᠎ᠡ ᠭᠠᠵᠠᠷ ᠣᠷᠣᠨ ᠯᠤᠭ᠎ᠠ ᠬᠠᠷᠢᠯᠴᠠᠭ᠎ᠠ ᠪᠠᠨ ᠴᠢᠩᠭᠠᠳᠬᠠᠨ᠂ ᠣᠨ ᠤ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠤᠨ ᠨᠠᠶᠢᠳᠠᠪᠤᠷᠢᠲᠠᠶ ᠴᠠᠬᠢᠯᠭᠠᠨ ᠬᠡᠷᠡᠭᠯᠡᠬᠦ ᠶᠢ ᠪᠠᠲᠤᠯᠠᠨ᠎ᠠ᠃      ᠰᠢᠲᠠᠮᠠᠬᠠᠶ ᠬᠡᠢ᠂ ᠢᠯᠴᠢ ᠬᠠᠩᠭᠠᠬᠤ᠂ ᠴᠠᠬᠢᠯᠭᠠᠨ ᠢᠶᠠᠷ ᠣᠷᠣᠯᠠᠭᠤᠯᠬᠤ ᠵᠡᠷᠭᠡ ᠲᠥᠷᠥᠯ ᠵᠦᠢᠯ ᠤᠨ ᠨᠢᠭᠡᠴᠡ ᠪᠣᠳᠠᠲᠠᠶ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠷᠢᠭᠤᠴᠠᠵᠤ᠂ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠶ ᠶᠢ ᠪᠠᠲᠤᠯᠠᠬᠤ ᠬᠡᠷᠡᠭᠲᠡᠶ᠃ᠳᠥᠷᠪᠡ᠂ ᠡᠭᠦᠷᠭᠡ ᠶᠢᠨ ᠬᠠᠷᠠᠯᠲᠠ᠃    ︵ᠨᠢᠭᠡ︶ ᠰᠤᠯᠠ ᠨᠡᠭᠦᠷᠡᠰᠦ ᠰᠢᠲᠠᠭᠠᠬᠤ ᠶᠢ ᠴᠡᠭᠴᠡᠯᠡᠨ ᠵᠠᠰᠠᠬᠤ᠃    1 . ᠡᠭᠦᠷᠭᠡ ᠶᠢᠨ ᠲᠥᠯᠥᠪᠯᠡᠭᠡ᠃      ᠪᠦᠬᠦ ᠣᠷᠣᠨ ᠳᠤ ᠨᠡᠶᠢᠲᠡ 26441 ᠡᠷᠦᠬᠡ᠂ 212 ᠲᠦᠮᠡᠨ ᠲᠡᠭᠰᠢ ᠳᠥᠷᠪᠡᠯᠵᠢᠨ ᠮᠧᠲ ᠷ᠊ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃ 2021 ᠣᠨ ᠳᠤ ᠪᠥᠬᠦ ᠴᠡᠭᠴᠡᠯᠡᠨ ᠵᠠᠰᠠᠬᠤ ᠡᠭᠦᠷᠭᠡ ᠶᠢᠨ 90 %᠂ ᠲᠤᠬᠠᠶᠢᠯᠠᠪᠠᠯ 23797 ᠡᠷᠦᠬᠡ᠂ 190 . 4 ᠲᠦᠮᠡᠨ ᠲᠡᠭᠰᠢ ᠳᠥᠷᠪᠡᠯᠵᠢᠨ ᠮᠧᠲᠷ ᠢ ᠪᠡᠶᠡᠯᠡᠭᠦᠯᠪᠡ᠃      ᠣᠶᠢᠷ᠎ᠠ ᠶᠢᠨ 3 ᠵᠢᠯ ᠤᠨ ᠨᠤᠷᠠᠭᠠᠵᠤ ᠨᠡᠭᠦᠯᠭᠡᠬᠦ ᠲᠥᠯᠥᠪᠯᠡᠭᠡ ᠳᠤ ᠣᠷᠣᠭᠤᠯᠤᠭᠰᠠᠨ ᠣᠷᠣᠨ ᠨᠢ ᠴᠠᠭ ᠲᠤᠨᠢ ᠲᠣᠬᠢᠷᠠᠭᠤᠯᠤᠨ᠂ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠥᠭᠡᠷᠡᠴᠢᠯᠡᠬᠦ ᠠᠷᠭ᠎ᠠ ᠮᠠᠶ ᠢᠭ ᠢᠶᠠᠨ ᠲᠣᠬᠢᠷᠠᠭᠤᠯᠬᠤ ᠬᠡᠷᠡᠭᠲᠡᠶ᠃    ᠡᠯ᠎ᠡ ᠬᠠᠷᠢᠶ᠎ᠠ ᠭᠠᠵᠠᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠮᠡᠷᠭᠡᠵᠢᠯ ᠤᠨ ᠱᠤᠭᠤᠮ ᠢᠶᠠᠨ ᠰᠢᠯᠢᠳᠡᠭᠵᠢᠭᠦᠯᠵᠦ᠂ ᠥᠭᠡᠷᠡᠴᠢᠯᠡᠬᠦ ᠠᠷᠭ᠎ᠠ ᠮᠠᠶ᠋ᠢᠭ ᠢᠶᠠᠨ ᠲᠣᠬᠢᠷᠠᠭᠤᠯᠵᠤ ᠪᠣᠯᠤᠨ᠎ᠠ᠃ 2 . ᠡᠭᠦᠷᠭᠡ ᠶᠢᠨ ᠬᠤᠪᠢᠶᠠᠷᠢᠯᠠᠯ᠃    ︵1︶ ᠢᠯᠴᠢ ᠴᠠᠬᠢᠯᠭᠠᠨ ᠵᠠᠯᠭᠠᠵᠤ᠂ ᠲᠥᠪᠯᠡᠷᠡᠭᠦᠯᠦᠨ ᠢᠯᠴᠢ ᠬᠠᠩᠭᠠᠨ᠎ᠠ᠃ ᠨᠡᠶᠢᠲᠡ 2196 ᠡᠷᠦᠬᠡ᠂ 17 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠢ ᠥᠭᠡᠷᠡᠴᠢᠯᠡᠪᠡ᠃    ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃    ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠢᠯᠴᠢ ᠬᠠᠩᠭᠠᠬᠤ ᠨᠢᠭᠡᠴᠡ ᠢᠯᠴᠢ ᠡᠭᠦᠰᠭᠡᠭᠴᠢ᠂ ᠢᠯᠴᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃    ︵2︶ ᠰᠢᠨ᠎ᠡ ᠡᠨᠧᠷᠭᠢ ᠶᠢᠨ ᠳᠤᠯᠠᠭᠠᠯᠠᠭ᠎ᠠ ᠶᠢᠨ ᠲᠥᠷᠥᠯ ᠵᠦᠢᠯ᠃ 12717 ᠡᠷᠦᠬᠡ᠂ 102 ᠲᠦᠮᠡᠨ ᠲᠡᠭᠰᠢ ᠳᠥᠷᠪᠡᠯᠵᠢᠨ ᠮᠧᠳ᠋ᠷ ᠢ ᠥᠭᠡᠷᠡᠴᠢᠯᠡᠪᠡ᠃    ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃    ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠴᠠᠬᠢᠯᠭᠠᠨ ᠲᠤᠤᠷ ᠢ ᠳᠡᠰ ᠳᠡᠪᠰᠢᠭᠦᠯᠦᠨ ᠥᠭᠡᠷᠡᠴᠢᠯᠡᠬᠦ ᠶᠢ ᠬᠠᠷᠢᠭᠤᠴᠠᠨ᠎ᠠ᠃    ︵3︶ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠲᠥᠷᠥᠯ ᠵᠦᠢᠯ᠃ ᠨᠡᠶᠢᠲᠡ 11528 ᠡᠷᠦᠬᠡ᠂ 92 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠢ ᠥᠭᠡᠷᠡᠴᠢᠯᠡᠪᠡ᠃    ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃    ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠳᠤᠮᠳᠠᠳᠤ ᠤᠯᠤᠰ ᠤᠨ ᠰᠢᠲᠠᠮᠠᠬᠠᠶ ᠬᠡᠢ ᠶᠢᠨ ᠪᠤᠭᠤᠲᠤ ᠬᠤᠲᠠ ᠶᠢᠨ ᠰᠢᠲᠠᠮᠠᠬᠠᠶ ᠬᠡᠢ ᠶᠢᠨ ᠬᠢᠵᠠᠭᠠᠷᠲᠤ ᠺᠣᠮᠫᠠᠨᠢ ᠨᠢ ᠬᠡᠢ ᠶᠢᠨ ᠢᠷᠡᠯᠲᠡ ᠬᠢᠭᠡᠳ ᠢᠵᠢ ᠪᠦᠷᠢᠳᠦᠭᠦᠯᠬᠦ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃  ︵4︶ ᠰᠢᠲᠠᠬᠤ ᠶᠢ ᠴᠠᠭᠠᠵᠠᠯᠠᠬᠤ ᠣᠷᠣᠨ ᠤ ᠳᠣᠲᠣᠷᠠᠬᠢ ᠨᠡᠭᠦᠷᠡᠰᠦ ᠶᠢᠨ ᠬᠠᠮᠢᠶᠠᠷᠤᠯᠲᠠ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠡᠭᠡᠭᠡᠪᠦᠷᠢ ᠶᠢᠨ ᠭᠤᠭᠴᠤᠭ᠎ᠠ ᠶᠢᠨ ᠰᠤᠯᠠ ᠨᠡᠭᠦᠷᠡᠰᠦ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠂ ᠣᠷᠣᠨ ᠤ ᠳᠣᠲᠣᠷ᠎ᠠ ᠰᠤᠯᠠ ᠨᠡᠭᠦᠷᠡᠰᠦ ᠪᠣᠷᠣᠯᠠᠭᠤᠯᠤᠨ ᠬᠤᠳᠠᠯᠳᠤᠬᠤ᠂ ᠡᠵᠡᠩᠨᠡᠬᠦ ᠪᠠ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃    ᠲᠦᠷᠦᠭᠦᠯᠡᠬᠦ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠃    ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ ︵ᠬᠤᠶᠠᠷ︶ ᠢᠯᠴᠢ ᠬᠠᠩᠭᠠᠬᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ᠃    ᠬᠠᠭᠤᠴᠢᠷᠬᠠᠰᠠᠨ ᠪᠠᠭ᠎ᠠ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠣᠷ ᠵᠡᠷᠭᠡ ᠬᠠᠮᠢᠶ᠎ᠠ ᠪᠦᠬᠦᠢ ᠢᠯᠴᠢ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ᠂ ᠢᠯᠴᠢ ᠬᠠᠩᠭᠠᠬᠤ ᠬᠤᠭᠤᠯᠠᠶ ᠶᠢᠨ ᠱᠤᠭᠤᠮ ᠢ ᠥᠭᠡᠷᠡᠴᠢᠯᠡᠬᠦ 50 ᠺᠢᠯᠣᠮᠧᠲ ᠷ᠊ ᠥᠭᠡᠷᠡᠴᠢᠯᠡᠵᠦ᠂ ᠢᠯᠴᠢ ᠬᠠᠩᠭᠠᠬᠤ ᠳᠤ ᠬᠤᠯᠪᠣᠭᠳᠠᠬᠤ ᠲᠠᠯᠠᠪᠠᠶ ᠨᠢ 126 ᠲᠦᠮᠡᠨ ᠲᠡᠭᠰᠢ ᠳᠥᠷᠪᠡᠯᠵᠢᠨ ᠮᠧᠲ ᠷ᠊ ᠪᠣᠯᠤᠨ᠎ᠠ᠃    ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃    ᠬᠠᠷᠢᠭᠤᠴᠠᠯᠭ᠎ᠠ ᠶᠢᠨ ᠬᠤᠪᠢᠶᠠᠷᠢᠯᠠᠯ᠄ ᠡᠯ᠎ᠡ ᠲᠥᠷᠥᠯ ᠵᠦᠢᠯ ᠤᠨ ᠨᠢᠭᠡᠴᠡ ᠠᠴᠠ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃︵ᠭᠤᠷᠪᠠ︶ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ᠃    ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢ ᠥᠭᠡᠷᠡᠴᠢᠯᠡᠨ ᠵᠠᠰᠠᠭᠰᠠᠨ ᠨᠢ ᠨᠡᠶᠢᠲᠡ 100 . 26 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃    ᠲᠦᠷᠦᠭᠦᠯᠡᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃    ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠲᠡᠮᠲᠡᠷᠢᠨ ᠭᠠᠳᠠᠭᠰᠢᠯᠠᠭᠤᠯᠬᠤ ᠪᠡᠯᠡᠳᠬᠡᠯ᠄ 4 ᠳ᠋ᠦᠭᠡᠷ ᠰᠠᠷ᠎ᠠ ᠶᠢᠨ 20 ᠤ ᠡᠳᠦᠷ ᠠᠴᠠ 5 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠡᠯ᠎ᠡ ᠰᠠᠯᠠᠭ᠎ᠠ ᠮᠥᠴᠢᠷ ᠤᠳ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠡᠪᠡᠷ ᠡᠨᠧᠷᠭᠢ ᠢᠯᠴᠢ ᠬᠠᠩᠭᠠᠬᠤ ᠲᠥᠷᠥᠯ ᠵᠦᠶ᠋ᠯ ᠤᠨ ᠪᠠᠶᠢᠳᠠᠯ ᠳᠤ ᠵᠢᠭᠰᠠᠭᠠᠨ ᠪᠠᠶᠢᠴᠠᠭᠠᠯᠲᠠ ᠬᠢᠵᠦ᠂ ᠬᠠᠮᠢᠶ᠎ᠠ ᠪᠥᠬᠦᠶ ᠮᠠᠲ᠋ᠧᠷᠢᠶᠠᠯ ᠢ ᠴᠤᠭᠯᠠᠭᠤᠯᠤᠨ᠂ ᠲᠥᠰᠦᠭᠡᠯᠡᠨ ᠪᠤᠳᠤᠬᠤ ᠶᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠴᠡᠪᠡᠷ ᠳᠤᠯᠠᠭᠠᠯᠠᠭ᠎ᠠ ᠶᠢᠨ ᠬᠡᠷᠡᠭᠵᠢᠭᠦᠯᠬᠦ ᠲᠥᠷᠥᠯ ᠵᠦᠶ᠋ᠯ ᠢ ᠲᠣᠭᠲᠠᠭᠠᠨ᠎ᠠ᠃     ︵ᠬᠤᠶᠠᠷ︶ ᠲᠥᠷᠥᠯ ᠵᠦᠶ᠋ᠯ ᠤᠨ ᠡᠮᠦᠨᠡᠬᠢ ᠬᠤᠭᠤᠴᠠᠭ᠎ᠠ᠄ 5 ᠳ᠋ᠤᠭᠠᠷ ᠰᠠᠷ᠎ᠠ ᠶᠢᠨ 16 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠡᠯ᠎ᠡ ᠰᠠᠯᠠᠭ᠎ᠠ ᠮᠥᠴᠢᠷ ᠤᠳ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠮᠦᠨᠡᠬᠢ ᠬᠤᠭᠤᠴᠠᠭᠠᠨ ᠤ ᠠᠵᠢᠯ ᠢᠶᠠᠨ ᠥᠷᠨᠢᠭᠦᠯᠦᠨ᠎ᠡ᠂ ᠡᠭᠦᠨ ᠳᠤ ᠪᠣᠯᠪᠠᠰᠤᠷᠠᠭᠤᠯᠬᠤ᠂ ᠰᠤᠳᠤᠯᠵᠤ ᠪᠣᠯᠬᠤ᠂ ᠲᠥᠷᠥᠯ ᠵᠦᠶ᠋ᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠢᠷᠤᠭᠯᠠᠨ ᠲᠥᠯᠥᠪᠯᠡᠬᠦ ᠵᠡᠷᠭᠡ ᠪᠠᠭᠲᠠᠨ᠎ᠠ᠃    ︵ᠭᠤᠷᠪᠠ︶ ᠵᠣᠬᠢᠶᠠᠨ ᠪᠠᠶᠢᠭᠤᠯᠤᠨ ᠬᠡᠷᠡᠭᠵᠢᠭᠦᠯᠬᠦ᠄ 6 ᠳ᠋ᠤᠭᠠᠷ ᠰᠠᠷ᠎ᠠ ᠶᠢᠨ 16 ᠤ ᠡᠳᠦᠷ ᠠᠴᠠ 10 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃    ︵ᠳᠥᠷᠪᠡ︶ ᠵᠣᠬᠢᠶᠠᠨ ᠪᠠᠶᠢᠭᠤᠯᠵᠤ ᠰᠢᠯᠭᠠᠨ ᠠᠪᠬᠤ᠄ 10 ᠳ᠋ᠤᠭᠠᠷ ᠰᠠᠷ᠎ᠠ ᠶᠢᠨ 11 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠡᠯ᠎ᠡ ᠲᠥᠷᠥᠯ ᠵᠦᠶ᠋ᠯ ᠢ ᠲᠤᠷᠰᠢᠨ ᠠᠵᠢᠯᠯᠠᠭᠤᠯᠵᠤ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠶᠠᠨ ᠪᠠᠶᠢᠭᠤᠯᠵᠤ ᠰᠢᠯᠭᠠᠨ ᠠᠪᠬᠤ ᠪᠠ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠤᠨ᠎ᠠ᠃ ᠵᠢᠷᠭᠤᠭ᠎ᠠ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ      ᠲᠤᠰ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠤᠰ ᠲᠥᠰᠦᠯ ᠳᠤ ᠬᠤᠯᠪᠣᠭᠳᠠᠬᠤ ᠲᠥᠷᠥᠯ ᠵᠦᠢᠯ ᠳᠤ ᠬᠡᠷᠡᠭᠯᠡᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠲᠣᠭᠤᠷᠢᠭ ᠬᠤᠶᠠᠷ ᠱᠠᠲᠤ ᠨᠢ 7᠄ 3 ᠶᠢᠨ ᠬᠠᠷᠢᠴᠠᠯ ᠢᠶᠠᠷ ᠨᠥᠬᠦᠪᠥᠷᠢ ᠶᠢᠨ ᠪᠠᠯᠠ ᠮᠥᠩᠭᠦ ᠶᠢ ᠲᠥᠬᠦᠷᠵᠢᠭᠦᠯᠦᠨ᠎ᠡ︔ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠲᠥᠷᠥᠯ ᠵᠦᠢᠯ ᠢ ᠬᠤᠲᠠ ᠶᠢᠨ ᠡᠳ᠋ ᠤᠨ ᠵᠠᠰᠠᠭ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ ᠵᠣᠬᠢᠬᠤ ᠬᠡᠮᠵᠢᠶ᠎ᠡ ᠪᠠᠷ ᠱᠠᠩᠨᠠᠵᠤ ᠨᠥᠬᠦᠪᠥᠷᠢᠯᠡᠨ᠎ᠡ᠃      ︵ᠨᠢᠭᠡ︶ ᠰᠠᠭᠤᠭᠠᠯᠢ ᠠᠷᠠᠳ ᠤᠨ ᠢᠯᠴᠢ ᠴᠠᠬᠢᠯᠭᠠᠨ ᠢ ᠵᠡᠷᠭᠡᠪᠡᠷ ᠦᠶ᠋ᠯᠡᠳᠪᠦᠷᠢᠯᠡᠬᠦ ᠪᠤᠶᠤ ᠠᠵᠤ ᠦᠶ᠋ᠯᠡᠳᠪᠦᠷᠢ ᠶᠢᠨ ᠦᠯᠡᠭᠦᠦ ᠢᠯᠴᠢ ᠶᠢ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ᠃      2020 ᠣᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠥᠭᠡᠷᠡᠴᠢᠯᠡᠯᠲᠡ ᠶᠢᠨ ᠣᠷᠣᠨ ᠤ ᠢᠯᠴᠢ ᠬᠠᠩᠭᠠᠬᠤ ᠪᠣᠳᠠᠲᠠᠶ ᠲᠠᠯᠠᠪᠠᠶ ᠨᠢ 130 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠨᠥᠬᠦᠪᠥᠷᠢ ᠥᠭᠭᠦᠨ᠎ᠡ᠂ ᠡᠭᠦᠨ ᠳᠤ ᠨᠢᠭᠡ ᠤᠳᠠᠭ᠎ᠠ᠂ ᠬᠤᠶᠠᠷ ᠤᠳᠠᠭ᠎ᠠ᠂ ᠬᠦᠷᠢᠶ᠎ᠡ ᠬᠠᠰᠢᠶᠠᠨ ᠤ ᠬᠤᠭᠤᠯᠠᠶ ᠲᠤᠤᠷ ᠪᠠᠭᠲᠠᠨ᠎ᠠ᠃ ᠨᠥᠬᠦᠪᠥᠷᠢ ᠶᠢᠨ ᠶᠡᠷᠦᠩᠬᠡᠶ ᠲᠤᠭ᠎ᠠ ᠶᠢ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠠᠴᠠ ᠳᠠᠪᠠᠭᠤᠯᠬᠤ ᠦᠭᠡᠶ᠃︶᠃      ᠢᠯᠴᠢ ᠡᠭᠦᠰᠭᠡᠭᠴᠢ ᠶᠢᠨ ᠪᠥᠭᠡᠮ ᠪᠣᠷᠣᠯᠠᠭᠤᠯᠭ᠎ᠠ ᠳᠤ 22 ᠲᠥᠭᠦᠷᠢᠭ / ᠵᠢᠶ ᠵᠢᠶᠤᠤ ᠬᠡᠷᠡᠭᠯᠡᠨ᠎ᠡ᠃      ᠳᠤᠯᠠᠭᠠᠯᠠᠭ᠎ᠠ ᠶᠢ ᠨᠢᠭᠡᠨᠲᠡ ᠰᠢᠶ᠋ᠳᠪᠦᠷᠢᠯᠡᠭᠰᠡᠨ᠂ ᠠᠮᠢᠳᠤᠷᠠᠯ ᠳᠤ ᠬᠡᠷᠡᠭᠯᠡᠬᠦ ᠬᠡᠢ ᠪᠠᠨ ᠰᠢᠶ᠋ᠳᠪᠦᠷᠢᠯᠡᠭᠡᠳᠦᠶ ᠬᠡᠷᠡᠭᠯᠡᠬᠦ ᠡᠷᠦᠬᠡ ᠳᠤ ᠬᠤᠭᠤᠯᠠᠶ ᠪᠠᠷ ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠶ ᠬᠡᠢ ᠶᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ ᠡᠷᠦᠬᠡ ᠳᠤ 3000 ᠲᠥᠭᠦᠷᠢᠭ / ᠡᠷᠦᠬᠡ ︵ᠦᠵᠦᠭᠦᠷ ᠤᠨ ᠰᠢᠲᠠᠮᠠᠬᠠᠶ ᠬᠡᠢ ᠶᠢᠨ ᠪᠠᠭᠠᠵᠢ ᠲᠥᠬᠦᠭᠡᠷᠦᠮᠵᠢ᠂ ᠰᠢᠲᠠᠮᠠᠬᠠᠶ ᠬᠡᠢ ᠶᠢᠨ ᠪᠠᠭᠠᠵᠢ ᠲᠥᠬᠦᠭᠡᠷᠦᠮᠵᠢ ᠶᠢ ᠵᠠᠯᠭᠠᠬᠤ ᠪᠠ ᠲᠤᠰᠠᠯᠠᠬᠤ ᠮᠠᠲ᠋ᠧᠷᠢᠶᠠᠯ ᠪᠠᠭᠲᠠᠬᠤ ᠦᠭᠡᠶ︶ ᠤᠨ ᠶᠣᠰᠣᠭᠠᠷ ᠰᠢᠲᠠᠮᠠᠬᠠᠶ ᠬᠡᠢ ᠶᠢᠨ ᠬᠤᠭᠤᠯᠠᠶ ᠶᠢᠨ ᠲᠤᠤᠷ ᠲᠤ ᠨᠥᠬᠦᠪᠥᠷᠢ ᠥᠭᠭᠦᠨ᠎ᠡ᠃︵ᠨᠢᠭᠡ︶ ᠰᠠᠭᠤᠭᠠᠯᠢ ᠠᠷᠠᠳ ᠤᠨ ᠢᠯᠴᠢ ᠴᠠᠬᠢᠯᠭᠠᠨ ᠢ ᠵᠡᠷᠭᠡᠪᠡᠷ ᠦᠶ᠋ᠯᠡᠳᠪᠦᠷᠢᠯᠡᠬᠦ ᠪᠤᠶᠤ ᠠᠵᠤ ᠦᠶ᠋ᠯᠡᠳᠪᠦᠷᠢ ᠶᠢᠨ ᠦᠯᠡᠭᠦᠦ ᠢᠯᠴᠢ ᠶᠢ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ᠃      2020 ᠣᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠥᠭᠡᠷᠡᠴᠢᠯᠡᠯᠲᠡ ᠶᠢᠨ ᠣᠷᠣᠨ ᠤ ᠢᠯᠴᠢ ᠬᠠᠩᠭᠠᠬᠤ ᠪᠣᠳᠠᠲᠠᠶ ᠲᠠᠯᠠᠪᠠᠶ ᠨᠢ 130 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠨᠥᠬᠦᠪᠥᠷᠢ ᠥᠭᠭᠦᠨ᠎ᠡ᠂ ᠡᠭᠦᠨ ᠳᠤ ᠨᠢᠭᠡ ᠤᠳᠠᠭ᠎ᠠ᠂ ᠬᠤᠶᠠᠷ ᠤᠳᠠᠭ᠎ᠠ᠂ ᠬᠦᠷᠢᠶ᠎ᠡ ᠬᠠᠰᠢᠶᠠᠨ ᠤ ᠬᠤᠭᠤᠯᠠᠶ ᠲᠤᠤᠷ ᠪᠠᠭᠲᠠᠨ᠎ᠠ᠃ ᠨᠥᠬᠦᠪᠥᠷᠢ ᠶᠢᠨ ᠶᠡᠷᠦᠩᠬᠡᠶ ᠲᠤᠭ᠎ᠠ ᠶᠢ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠠᠴᠠ ᠳᠠᠪᠠᠭᠤᠯᠬᠤ ᠦᠭᠡᠶ᠃︶᠃     ᠢᠯᠴᠢ ᠡᠭᠦᠰᠭᠡᠭᠴᠢ ᠶᠢᠨ ᠪᠥᠭᠡᠮ ᠪᠣᠷᠣᠯᠠᠭᠤᠯᠭ᠎ᠠ ᠳᠤ 22 ᠲᠥᠭᠦᠷᠢᠭ / ᠵᠢᠶ ᠵᠢᠶᠤᠤ ᠬᠡᠷᠡᠭᠯᠡᠨ᠎ᠡ᠃      ᠳᠤᠯᠠᠭᠠᠯᠠᠭ᠎ᠠ ᠶᠢ ᠨᠢᠭᠡᠨᠲᠡ ᠰᠢᠶ᠋ᠳᠪᠦᠷᠢᠯᠡᠭᠰᠡᠨ᠂ ᠠᠮᠢᠳᠤᠷᠠᠯ ᠳᠤ ᠬᠡᠷᠡᠭᠯᠡᠬᠦ ᠬᠡᠢ ᠪᠠᠨ ᠰᠢᠶ᠋ᠳᠪᠦᠷᠢᠯᠡᠭᠡᠳᠦᠶ ᠬᠡᠷᠡᠭᠯᠡᠬᠦ ᠡᠷᠦᠬᠡ ᠳᠤ ᠬᠤᠭᠤᠯᠠᠶ ᠪᠠᠷ ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠶ ᠬᠡᠢ ᠶᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ ᠡᠷᠦᠬᠡ ᠳᠤ 3000 ᠲᠥᠭᠦᠷᠢᠭ / ᠡᠷᠦᠬᠡ ︵ᠦᠵᠦᠭᠦᠷ ᠤᠨ ᠰᠢᠲᠠᠮᠠᠬᠠᠶ ᠬᠡᠢ ᠶᠢᠨ ᠪᠠᠭᠠᠵᠢ ᠲᠥᠬᠦᠭᠡᠷᠦᠮᠵᠢ᠂ ᠰᠢᠲᠠᠮᠠᠬᠠᠶ ᠬᠡᠢ ᠶᠢᠨ ᠪᠠᠭᠠᠵᠢ ᠲᠥᠬᠦᠭᠡᠷᠦᠮᠵᠢ ᠶᠢ ᠵᠠᠯᠭᠠᠬᠤ ᠪᠠ ᠲᠤᠰᠠᠯᠠᠬᠤ ᠮᠠᠲ᠋ᠧᠷᠢᠶᠠᠯ ᠪᠠᠭᠲᠠᠬᠤ ᠦᠭᠡᠶ︶ ᠤᠨ ᠶᠣᠰᠣᠭᠠᠷ ᠰᠢᠲᠠᠮᠠᠬᠠᠶ ᠬᠡᠢ ᠶᠢᠨ ᠬᠤᠭᠤᠯᠠᠶ ᠶᠢᠨ ᠲᠤᠤᠷ ᠲᠤ ᠨᠥᠬᠦᠪᠥᠷᠢ ᠥᠭᠭᠦᠨ᠎ᠡ᠃︵ᠬᠤᠶᠠᠷ︶ ᠰᠠᠭᠤᠭᠠᠯᠢ ᠠᠷᠠᠳ ᠤᠨ ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ᠃    1 . ᠡᠷᠦᠬᠡ ᠬᠤᠪᠢᠶᠠᠭᠰᠠᠨ ᠮᠠᠶ᠋ᠢᠭ᠂ ᠲᠥᠪᠯᠡᠷᠡᠩᠭᠦᠶ ᠮᠠᠶ᠋ᠢᠭ ᠤᠨ ᠴᠠᠬᠢᠯᠭᠠᠨ ᠢᠶᠠᠷ ᠨᠡᠭᠦᠷᠡᠰᠦ ᠶᠢ ᠣᠷᠣᠯᠠᠭᠤᠯᠬᠤ᠃ ᠠᠭᠠᠷ ᠡᠭᠦᠰᠭᠡᠭᠴᠢ ᠶᠢᠨ ᠢᠯᠴᠢ ᠶᠢᠨ ᠬᠥᠭᠡᠷᠭᠡ᠂ ᠴᠠᠬᠢᠯᠭᠠᠨ ᠢᠯᠴᠢᠨ ᠪᠦᠷᠬᠦᠭᠦᠯ ᠢ ᠥᠭᠡᠷᠡᠴᠢᠯᠡᠬᠦ ᠶᠢ ᠬᠡᠷᠡᠭᠯᠡᠭᠰᠡᠨ ᠢᠵᠢ ᠪᠦᠷᠢᠳᠦᠭᠦᠯᠬᠦ ᠵᠠᠷᠤᠳᠠᠯ ᠳᠤ 180 ᠲᠥᠭᠦᠷᠢᠭ / ᠲᠡᠭᠰᠢ ᠳᠥᠷᠪᠡᠯᠵᠢᠨ ᠮᠧᠲᠷ ᠢᠶᠠᠷ ᠨᠥᠬᠦᠪᠥᠷᠢ ᠥᠭᠭᠦᠨ᠎ᠡ︔ ᠴᠠᠬᠢᠯᠭᠠᠨ ᠭᠦᠸᠧᠯᠦ ᠵᠡᠷᠭᠡ ᠠᠷᠭ᠎ᠠ ᠮᠠᠶ᠋ᠢᠭ ᠢ ᠠᠪᠴᠤ ᠥᠭᠡᠷᠡᠴᠢᠯᠡᠭᠰᠡᠨ ᠪᠠᠶᠢᠪᠠᠯ᠂ ᠳᠤᠯᠠᠭᠠᠯᠠᠬᠤ ᠲᠠᠯᠠᠪᠠᠶ ᠨᠢ 100 ᠲᠥᠭᠦᠷᠢᠭ / ᠲᠡᠭᠰᠢ ᠳᠥᠷᠪᠡᠯᠵᠢᠨ ᠮᠧᠲᠷ ᠤᠨ ᠨᠥᠬᠦᠪᠥᠷᠢ ᠶᠣᠰᠣᠭᠠᠷ᠂ ᠡᠷᠦᠬᠡ ᠪᠦᠷᠢ ᠶᠢᠨ ᠨᠥᠬᠦᠪᠥᠷᠢ ᠥᠭᠬᠦ ᠲᠠᠯᠠᠪᠠᠶ ᠶᠢ 162 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠬᠡᠲᠦᠷᠡᠭᠰᠡᠨ ᠬᠡᠰᠡᠭ ᠢ ᠬᠡᠷᠡᠭᠯᠡᠭᠴᠢ ᠡᠭᠦᠷᠭᠡᠯᠡᠨ᠎ᠡ᠃    2 . ᠴᠠᠬᠢᠯᠭᠠᠨ ᠬᠡᠷᠡᠭᠯᠡᠬᠦ ᠦᠨ᠎ᠡ ᠳᠤ ᠴᠠᠬᠢᠯᠭᠠᠨ ᠬᠡᠷᠡᠭᠯᠡᠬᠦ ᠣᠷᠭᠢᠯ ᠦᠨ᠎ᠡ ᠶᠢ ᠬᠡᠷᠡᠭᠵᠢᠭᠦᠯᠦᠨ᠎ᠡ᠃︵ᠭᠤᠷᠪᠠ︶ ᠨᠡᠷᠡᠨ ᠡᠨᠧᠷᠭᠢ + ᠴᠠᠬᠢᠯᠭᠠᠨ ᠤ ᠲᠤᠰᠠᠯᠠᠮᠵᠢ᠃      ᠨᠡᠷᠡᠨ ᠡᠨᠧᠷᠭᠢ + ᠴᠠᠬᠢᠯᠭᠠᠨ ᠤ ᠲᠤᠰᠠᠯᠠᠬᠤ ᠥᠭᠡᠷᠡᠴᠢᠯᠡᠯᠲᠡ ᠶᠢᠨ ᠵᠠᠷᠤᠳᠠᠯ ᠤᠨ ᠥᠪᠡᠷ ᠤᠨ ᠥᠷᠲᠡᠭ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 280 ᠲᠥᠭᠦᠷᠢᠭ᠂ ᠬᠡᠷᠡᠭᠯᠡᠭᠴᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 240 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃︵ᠳᠥᠷᠪᠡ︶ ᠰᠠᠭᠤᠭᠠᠯᠢ ᠠᠷᠠᠳ ᠤᠨ ᠬᠡᠢ ᠪᠠᠷ ᠨᠡᠭᠦᠷᠡᠰᠦ ᠶᠢ ᠣᠷᠣᠯᠠᠭᠤᠯᠬᠤ ᠥᠭᠡᠷᠡᠴᠢᠯᠡᠯᠲᠡ᠃    1 . ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠨ᠎ᠠ ᠶᠢᠨ ᠡᠯᠭᠦᠭᠡ ᠵᠤᠤᠬ᠎ᠠ ᠶᠢ ᠥᠭᠡᠷᠡᠴᠢᠯᠡᠬᠦ᠃ 2020 ᠣᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠪᠠᠶᠢᠭᠠᠯᠢ ᠶᠢᠨ ᠰᠢᠲᠠᠮᠠᠬᠠᠶ ᠬᠡᠢ ᠶᠢᠨ ᠳᠣᠣᠷ᠎ᠠ ᠳᠠᠷᠤᠯᠲᠠᠲᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠳᠤ ᠡᠷᠦᠬᠡ ᠪᠦᠷᠢ ᠳᠤ 5000 ᠲᠥᠭᠦᠷᠢᠭ ᠤᠨ ᠨᠥᠬᠦᠪᠥᠷᠢ ᠥᠭᠴᠦ᠂ ᠨᠥᠬᠦᠪᠥᠷᠢ ᠶᠢᠨ ᠶᠡᠷᠦᠩᠬᠡᠶ ᠲᠤᠭ᠎ᠠ ᠶᠢ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠠᠴᠠ ᠳᠠᠪᠠᠭᠤᠯᠬᠤ ᠦᠭᠡᠶ᠃ ᠬᠡᠷᠡᠭᠯᠡᠭᠴᠢ ᠶᠢᠨ ᠭᠡᠷ ᠳᠣᠲᠣᠷᠠᠬᠢ ᠲᠥᠬᠦᠭᠡᠷᠦᠮᠵᠢ ᠶᠢᠨ ᠡᠷᠦᠬᠡ ᠪᠦᠷᠢ ᠳᠤ 1800 ᠲᠥᠭᠦᠷᠢᠭ ᠤᠨ ᠨᠥᠬᠦᠪᠥᠷᠢ ᠥᠭᠭᠦᠨ᠎ᠡ᠃︶᠃    2 . ᠰᠠᠭᠤᠭᠠᠯᠢ ᠠᠷᠠᠳ ᠤᠨ ᠬᠦᠷᠢᠶᠡᠨ ᠤ ᠪᠠᠶᠢᠭᠠᠯᠢ ᠶᠢᠨ ᠰᠢᠲᠠᠮᠠᠬᠠᠶ ᠬᠡᠢ ᠶᠢᠨ ᠭᠦᠸᠧᠯᠦ ᠶᠢ ᠥᠭᠡᠷᠡᠴᠢᠯᠡᠬᠦ᠃ ᠳᠤᠯᠠᠭᠠᠯᠠᠬᠤ ᠲᠠᠯᠠᠪᠠᠶ ᠨᠢ 80 ᠲᠡᠭᠰᠢ ᠳᠥᠷᠪᠡᠯᠵᠢᠨ ᠮᠧᠲᠷ / ᠡᠷᠦᠬᠡ ᠪᠠᠷ ᠡᠷᠦᠬᠡ ᠬᠤᠪᠢᠶᠠᠨ᠂ ᠡᠷᠦᠬᠡ ᠬᠤᠪᠢᠶᠠᠭᠰᠠᠨ ᠤ ᠳᠠᠷᠠᠭ᠎ᠠ ᠭᠦᠸᠧᠯᠦ ᠶᠢᠨ ᠲᠥᠬᠦᠭᠡᠷᠦᠮᠵᠢ ᠳᠤ 1800 ᠲᠥᠭᠦᠷᠢᠭ / ᠡᠷᠦᠬᠡ ᠳᠤ ᠨᠥᠬᠦᠪᠥᠷᠢ ᠥᠭᠴᠦ᠂ ᠬᠦᠷᠦᠯᠴᠡᠬᠦ ᠦᠭᠡᠶ ᠬᠡᠰᠡᠭ ᠢ ᠨᠢ ᠬᠡᠷᠡᠭᠯᠡᠭᠴᠢ ᠠᠴᠠ ᠡᠭᠦᠷᠭᠡᠯᠡᠨ᠎ᠡ︔ ᠪᠠᠷᠢᠯᠭ᠎ᠠ ᠶᠢᠨ ᠵᠣᠭᠤᠰ ᠲᠤ ᠡᠷᠦᠬᠡ ᠪᠦᠷᠢ 5000 ᠲᠥᠭᠦᠷᠢᠭ ᠨᠥᠬᠦᠪᠥᠷᠢᠯᠡᠵᠦ᠂ ᠨᠥᠬᠦᠪᠥᠷᠢ ᠶᠢᠨ ᠶᠡᠷᠦᠩᠬᠡᠶ ᠵᠣᠭᠤᠰ ᠤᠨ ᠲᠤᠭ᠎ᠠ ᠶᠢ ᠲᠥᠷᠥᠯ ᠵᠦᠶ᠋ᠯ ᠤᠨ ᠶᠡᠷᠦᠩᠬᠡᠶ ᠪᠡᠯᠡ ᠣᠷᠣᠭᠤᠯᠤᠯᠲᠠ ᠠᠴᠠ ᠳᠠᠪᠠᠭᠤᠯᠬᠤ ᠦᠭᠡᠶ᠃    3 ᠬᠡᠢ ᠶᠢᠨ ᠵᠠᠷᠤᠳᠠᠯ ᠤᠨ ᠨᠥᠬᠦᠪᠥᠷᠢ᠃ 2020 ᠣᠨ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠬᠤᠲᠠ᠂ ᠲᠣᠭᠤᠷᠢᠭ ᠤᠨ ᠡᠳ ᠤᠨ ᠵᠠᠰᠠᠭ᠂ ᠰᠢᠲᠠᠮᠠᠬᠠᠢ ᠬᠡᠢ ᠢᠢᠨ ᠺᠣᠮᠫᠠᠨᠢ 12 ᠲᠥᠭᠦᠷᠢᠭ / ᠲᠡᠭᠰᠢ ᠳᠥᠷᠪᠡᠯᠵᠢᠨ ᠮᠧᠲ ᠷ᠊ ᠤᠨ ᠳᠤᠯᠠᠭᠠᠯᠠᠯᠭ᠎ᠠ ᠢᠢᠨ ᠤᠯᠠᠷᠢᠯ ᠲᠤ᠂ ᠡᠭᠦᠨ ᠲᠤ ᠰᠢᠲᠠᠮᠠᠬᠠᠢ ᠬᠡᠢ ᠢᠢᠨ ᠺᠣᠮᠫᠠᠨᠢ 4 ᠲᠥᠭᠦᠷᠢᠭ / ᠲᠡᠭᠰᠢ ᠳᠥᠷᠪᠡᠯᠵᠢᠨ ᠮᠧᠲ ᠷ᠊ ᠤᠨ ᠳᠤᠯᠠᠭᠠᠯᠠᠯᠭ᠎ᠠ ᠢᠢᠨ ᠤᠯᠠᠷᠢᠯ ᠢ ᠡᠭᠦᠷᠭᠡᠯᠡᠨ᠎ᠡ ᠡ ᠤᠨ ᠵᠠᠰᠠᠭ 8 ᠲᠥᠭᠦᠷᠢᠭ / ᠲᠡᠭᠰᠢ ᠳᠥᠷᠪᠡᠯᠵᠢᠨ ᠮᠧᠲ ᠷ᠊ ᠤᠨ ᠨᠥᠬᠦᠪᠥᠷᠢ ᠥᠭᠭᠦᠨ᠎ᠡ ᠳᠤᠯᠠᠭᠠᠯᠠᠯᠭ᠎ᠠ ᠢᠢᠨ ᠤᠯᠠᠷᠢᠯ ᠲᠤ᠂ ᠡᠷᠦᠬᠡ ᠪᠦᠷᠢ ᠢᠢᠨ ᠨᠥᠬᠦᠪᠥᠷᠢ ᠥᠭᠬᠦ ᠲᠠᠯᠠᠪᠠᠢ ᠢᠢ 162 ᠲᠡᠭᠰᠢ ᠳᠥᠷᠪᠡᠯᠵᠢᠨ ᠮᠧᠲ ᠷ᠊ ᠠᠴᠠ ᠳᠠᠪᠠᠭᠤᠯᠵᠤ ᠪᠣᠯᠬᠤ ᠦᠭᠡᠢ᠂ ᠲᠦᠷ ᠭᠤᠷᠪᠠᠨ ᠵᠢᠯ ᠢᠢᠡᠷ ᠨᠥᠬᠦᠪᠥᠷᠢᠯᠡᠨ᠎ᠡ᠃︶᠃︵ᠲᠠᠪᠤ︶ ᠴᠠᠬᠢᠯᠭᠠᠨ ᠲᠤᠤᠷ ᠤᠨ ᠪᠠᠭᠲᠠᠭᠠᠮᠵᠢ ᠶᠢ ᠨᠡᠮᠡᠭᠳᠡᠭᠦᠯᠬᠦ᠃      ᠴᠠᠬᠢᠯᠭᠠᠨ ᠲᠤᠤᠷ ᠤᠨ ᠪᠠᠭᠲᠠᠭᠠᠮᠵᠢ ᠶᠢ ᠨᠡᠮᠡᠭᠳᠡᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠠᠴᠠ ᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠪᠡᠯᠡ ᠮᠥᠩᠭᠦ ᠶᠢ ᠣᠯᠬᠤ ᠶᠢᠨ ᠬᠠᠮᠲᠤ ᠬᠡᠷᠡᠭᠵᠢᠭᠦᠯᠦᠨ᠎ᠡ᠃︵ᠵᠢᠷᠭᠤᠭ᠎ᠠ︶ ᠢᠯᠴᠢ ᠬᠠᠩᠭᠠᠬᠤ ᠬᠤᠶᠠᠳᠠᠬᠢ ᠤᠳᠠᠭᠠᠨ ᠤ ᠲᠤᠤᠷ ᠢ ᠥᠷᠭᠡᠳᠬᠡᠬᠦ ᠵᠢᠴᠢ ᠥᠭᠡᠷᠡᠴᠢᠯᠡᠬᠦ᠃      ᠣᠲᠣ ᠶᠢᠨ ᠬᠡᠷᠡᠭᠵᠢᠭᠦᠯᠵᠦ ᠪᠠᠶᠢᠭ᠎ᠠ ᠢᠯᠴᠢ ᠬᠠᠩᠭᠠᠬᠤ ᠬᠤᠭᠤᠯᠠᠶ ᠲᠤᠤᠷ ᠢ ᠥᠭᠡᠷᠡᠴᠢᠯᠡᠬᠦ ᠲᠥᠷᠥ ᠶᠢᠨ ᠪᠣᠳᠣᠯᠭ᠎ᠠ ᠶᠣᠰᠣᠭᠠᠷ᠂ ᠲᠣᠰ ᠤᠳᠠᠭᠠᠨ ᠤ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠳᠤ ᠵᠣᠬᠢᠬᠤ ᠬᠡᠮᠵᠢᠶᠡᠨ ᠤ ᠪᠠᠯᠠ ᠮᠥᠩᠭᠦᠨ ᠤ ᠳᠡᠮᠵᠢᠯᠭᠡ ᠦᠵᠡᠭᠦᠯᠦᠨ᠎ᠡ᠃︵ᠳᠣᠯᠤᠭ᠎ᠠ︶ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃      ᠣᠷᠣᠨ ᠰᠠᠭᠤᠴᠠ ᠶᠢᠨ ᠪᠠᠷᠢᠯᠭ᠎ᠠ ᠶᠢᠨ ᠭᠠᠳᠠᠷ ᠬᠡᠷᠡᠮ ᠤᠨ ᠳᠤᠯᠠᠭᠠᠨ ᠢ ᠬᠠᠳᠠᠭᠠᠯᠠᠬᠤ ᠳᠤ ᠲᠡᠭᠰᠢ ᠳᠥᠷᠪᠡᠯᠵᠢᠨ ᠮᠧᠲᠷ ᠪᠦᠷᠢ ᠳᠤ 126 ᠲᠥᠭᠦᠷᠢᠭ ᠤᠨ ᠨᠥᠬᠦᠪᠥᠷᠢ ᠥᠭᠭᠦᠨ᠎ᠡ᠃ᠲᠤᠯᠤᠭ᠎ᠠ᠂ ᠪᠡᠯᠡ ᠣᠷᠣᠭᠤᠯᠤᠯᠲᠠ ᠶᠢᠨ ᠵᠢᠱᠢᠯᠲᠡ᠃      ᠠᠩᠬ᠎ᠠ ᠠᠯᠬᠤᠮ ᠲᠥᠰᠦᠭᠡᠯᠡᠨ ᠪᠤᠳᠤᠭᠰᠠᠨ ᠢᠶᠠᠷ᠂ ᠲᠣᠰ ᠲᠥᠰᠦᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠶᠡᠷᠦᠩᠬᠡᠶ ᠪᠠᠯᠠ ᠣᠷᠣᠭᠤᠯᠤᠯᠲᠠ 5 . 8 ᠳ᠋ᠦᠩᠰᠢᠭᠤᠷ ᠲᠥᠭᠦᠷᠢᠭ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5 . 4 ᠳ᠋ᠦᠩᠰᠢᠭᠤᠷ ᠲᠥᠭᠦᠷᠢᠭ᠂ ᠪᠤᠰᠤᠳ ᠬᠥᠷᠥᠩᠭᠡ 0 . 4 ᠳ᠋ᠦᠩᠰᠢᠭᠤᠷ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ 3 . 1 ᠳ᠋ᠦᠩᠰᠢᠭᠤᠷ ᠲᠥᠭᠦᠷᠢᠭ᠂ ᠣᠷᠣᠨ ᠤ ᠱᠠᠲᠤᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ 2 . 3 ᠳ᠋ᠦᠩᠰᠢᠭᠤᠷ ᠲᠥᠭᠦᠷᠢᠭ ᠪᠣᠯᠤᠨ᠎ᠠ᠃ 2021 ᠣᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ 4 . 3 ᠳ᠋ᠦᠩᠰᠢᠭᠤᠷ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ 2 . 6 ᠳ᠋ᠦᠩᠰᠢᠭᠤᠷ ᠲᠥᠭᠦᠷᠢᠭ᠂ ᠣᠷᠣᠨ ᠤ ᠱᠠᠲᠤᠨ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ 1 . 7 ᠳ᠋ᠦᠩᠰᠢᠭᠤᠷ ᠲᠥᠭᠦᠷᠢᠭ ᠪᠣᠯᠤᠨ᠎ᠠ᠃      ︵1︶ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠬᠦ ᠲᠥᠷᠥᠯ ᠵᠦᠢᠯ᠃ ᠨᠡᠶᠢᠲᠡ 2196 ᠡᠷᠦᠬᠡ ᠂ 17 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠢ ᠥᠭᠡᠷᠡᠴᠢᠯᠡᠪᠡ᠃ ᠶᠡᠷᠦᠩᠬᠡᠢ ᠪᠡᠯᠡ ᠣᠷᠣᠭᠤᠯᠤᠯᠲᠠ 2283 ᠲᠦᠮᠡᠨ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ 1598 ᠲᠦᠮᠡᠨ ᠲᠥᠭᠦᠷᠢᠭ ᠢ ᠡᠭᠦᠷᠭᠡᠯᠡᠵᠦ᠂ ᠣᠷᠣᠨ ᠤ ᠱᠠᠲᠤᠨ ᠤ ᠡᠳ᠋ ᠤᠨ ᠵᠠᠰᠠᠭ 685 ᠲᠦᠮᠡᠨ ᠲᠥᠭᠦᠷᠢᠭ ᠢ ᠡᠭᠦᠷᠭᠡᠯᠡᠨ᠎ᠡ᠃      ︵2︶ ᠰᠢᠨ᠎ᠡ ᠡᠨᠧᠷᠭᠢ ᠶᠢᠨ ᠳᠤᠯᠠᠭᠠᠯᠠᠭ᠎ᠠ ᠶᠢᠨ ᠲᠥᠷᠥᠯ ᠵᠦᠢᠯ᠃ ᠨᠡᠶᠢᠲᠡ 12717 ᠡᠷᠦᠬᠡ᠂ 101 ᠲᠦᠮᠡᠨ ᠲᠡᠭᠰᠢ ᠳᠥᠷᠪᠡᠯᠵᠢᠨ ᠮᠧᠳ᠋ᠷ ᠥᠭᠡᠷᠡᠴᠢᠯᠡᠪᠡ᠃ ᠶᠡᠷᠦᠩᠬᠡᠶ ᠪᠡᠯᠡ ᠣᠷᠣᠭᠤᠯᠤᠯᠲᠠ ᠨᠢ 2 . 8 ᠳ᠋ᠦᠩᠰᠢᠭᠤᠷ ᠲᠥᠭᠦᠷᠢᠭ ᠪᠠᠶ᠋ᠵᠤ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ 1 . 7 ᠳ᠋ᠦᠩᠰᠢᠭᠤᠷ ᠲᠥᠭᠦᠷᠢᠭ ᠢ ᠡᠭᠦᠷᠭᠡᠯᠡᠵᠦ᠂ ᠣᠷᠣᠨ ᠤ ᠱᠠᠲᠤᠨ ᠤ ᠡᠳ᠋ ᠤᠨ ᠵᠠᠰᠠᠭ 0 . 7 ᠳ᠋ᠦᠩᠰᠢᠭᠤᠷ ᠲᠥᠭᠦᠷᠢᠭ ᠢ ᠡᠭᠦᠷᠭᠡᠯᠡᠵᠦ᠂ ᠰᠠᠭᠤᠭᠠᠯᠢ ᠠᠷᠠᠳ 0 . 4 ᠳ᠋ᠦᠩᠰᠢᠭᠤᠷ ᠲᠥᠭᠦᠷᠢᠭ ᠢ ᠡᠭᠦᠷᠭᠡᠯᠡᠨ᠎ᠡ᠃      ︵3︶ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾ ᠲᠥᠷᠥᠯ ᠵᠦᠢᠯ᠃ ᠨᠡᠶᠢᠲᠡ 11528 ᠡᠷᠦᠬᠡ᠂ 92 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠢ ᠥᠭᠡᠷᠡᠴᠢᠯᠡᠪᠡ᠃ ᠶᠡᠷᠦᠩᠬᠡᠢ ᠪᠡᠯᠡ ᠣᠷᠣᠭᠤᠯᠤᠯᠲᠠ 7839 ᠲᠦᠮᠡᠨ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ 5487 ᠲᠦᠮᠡᠨ ᠲᠥᠭᠦᠷᠢᠭ ᠢ ᠡᠭᠦᠷᠭᠡᠯᠡᠵᠦ᠂ ᠣᠷᠣᠨ ᠤ ᠱᠠᠲᠤᠨ ᠤ ᠡᠳ᠋ ᠤᠨ ᠵᠠᠰᠠᠭ 2352 ᠲᠦᠮᠡᠨ ᠲᠥᠭᠦᠷᠢᠭ ᠢ ᠡᠭᠦᠷᠭᠡᠯᠡᠨ᠎ᠡ᠃    ᠬᠡᠢ ᠶᠢᠨ ᠰᠦᠶ᠋ᠳᠬᠡᠯ ᠤᠨ ᠨᠥᠬᠦᠪᠥᠷᠢ ᠨᠡᠶᠢᠲᠡ 2213 ᠲᠦᠮᠡᠨ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ 1549 ᠲᠦᠮᠡᠨ ᠲᠥᠭᠦᠷᠢᠭ ᠢ ᠡᠭᠦᠷᠭᠡᠯᠡᠵᠦ᠂ ᠣᠷᠣᠨ ᠤ ᠱᠠᠲᠤᠨ ᠤ ᠡᠳ᠋ ᠤᠨ ᠵᠠᠰᠠᠭ 664 ᠲᠦᠮᠡᠨ ᠲᠥᠭᠦᠷᠢᠭ ᠢ ᠡᠭᠦᠷᠭᠡᠯᠡᠨ᠎ᠡ᠃      ︵4︶ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠵᠦᠢᠯᠡᠰ᠃ ᠢᠯᠴᠢ ᠬᠠᠩᠭᠠᠬᠤ ᠬᠤᠭᠤᠯᠠᠶ ᠶᠢᠨ ᠱᠤᠭᠤᠮ ᠢ ᠨᠡᠶᠢᠲᠡ 51 ᠺᠢᠯᠣᠮᠧᠲᠷ ᠥᠭᠡᠷᠡᠴᠢᠯᠡᠵᠦ᠂ ᠢᠯᠴᠢ ᠬᠠᠩᠭᠠᠬᠤ ᠳᠤ ᠬᠤᠯᠪᠣᠭᠳᠠᠬᠤ ᠲᠠᠯᠠᠪᠠᠶ ᠨᠢ 127 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠶᠡᠷᠦᠩᠬᠡᠢ ᠪᠡᠯᠡ ᠣᠷᠣᠭᠤᠯᠤᠯᠲᠠ 5378 ᠲᠦᠮᠡᠨ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ 1523 ᠲᠦᠮᠡᠨ ᠲᠥᠭᠦᠷᠢᠭ ᠢ ᠡᠭᠦᠷᠭᠡᠯᠡᠵᠦ᠂ ᠣᠷᠣᠨ ᠤ ᠱᠠᠲᠤᠨ ᠤ ᠡᠳ᠋ ᠤᠨ ᠵᠠᠰᠠᠭ 3554 ᠲᠦᠮᠡᠨ ᠲᠥᠭᠦᠷᠢᠭ᠂ ᠪᠤᠰᠤᠳ ᠪᠡᠯᠡ ᠮᠥᠩᠭᠦ 300 ᠲᠦᠮᠡᠨ ᠲᠥᠭᠦᠷᠢᠭ ᠢ ᠡᠭᠦᠷᠭᠡᠯᠡᠨ᠎ᠡ᠃      ︵5︶ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ᠃ ᠨᠡᠶᠢᠲᠡ 100 . 26 ᠲᠦᠮᠡᠨ ᠲᠡᠭᠰᠢ ᠳᠥᠷᠪᠡᠯᠵᠢᠨ ᠮᠧᠲ ᠷ᠊ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠪᠡ᠃ ᠶᠡᠷᠦᠩᠬᠡᠢ ᠪᠡᠯᠡ ᠣᠷᠣᠭᠤᠯᠤᠯᠲᠠ 1 . 2 ᠳ᠋ᠦᠩᠰᠢᠭᠤᠷ ᠲᠥᠭᠦᠷᠢᠭ᠂ ᠡᠭᠦᠨ ᠳᠤ ᠬᠤᠲᠠ ᠶᠢᠨ ᠱᠠᠲᠤᠨ ᠤ ᠡᠳ᠋ ᠤᠨ ᠵᠠᠰᠠᠭ 4055 ᠲᠦᠮᠡᠨ ᠲᠥᠭᠦᠷᠢᠭ ᠢ ᠡᠭᠦᠷᠭᠡᠯᠡᠵᠦ᠂ ᠣᠷᠣᠨ ᠤ ᠱᠠᠲᠤᠨ ᠤ ᠡᠳ᠋ ᠤᠨ ᠵᠠᠰᠠᠭ 8577 ᠲᠦᠮᠡᠨ ᠲᠥᠭᠦᠷᠢᠭ ᠢ ᠡᠭᠦᠷᠭᠡᠯᠡᠨ᠎ᠡ᠃ᠨᠠᠶ᠋ᠮᠠ᠂ ᠠᠵᠢᠯ ᠤᠨ ᠱᠠᠭᠠᠷᠳᠠᠯᠭ᠎ᠠ      ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠶ᠋ᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠴᠡᠪᠡᠷ ᠳᠤᠯᠠᠭᠠᠯᠠᠭ᠎ᠠ ᠶᠢᠨ ᠡᠯ᠎ᠡ ᠵᠦᠶ᠋ᠯ ᠤᠨ ᠠᠵᠢᠯ ᠢ ᠠᠬᠢᠭᠤᠯᠵᠤ᠂ ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠴᠡᠪᠡᠷ ᠳᠤᠯᠠᠭᠠᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠣᠷᠣᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠦᠨᠳᠦᠰᠦᠯᠡᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃      ︵ᠨᠢᠭᠡ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠬᠠᠷᠠᠯᠲᠠᠲᠤ ᠡᠭᠦᠷᠭᠡ ᠪᠠᠨ ᠲᠣᠳᠣᠷᠬᠠᠶᠢᠯᠠᠵᠤ᠂ ᠬᠡᠷᠡᠭᠵᠢᠭᠦᠯᠬᠦ ᠲᠥᠰᠦᠯ ᠢᠶᠠᠨ ᠨᠠᠷᠢᠯᠢᠬᠵᠢᠭᠤᠯᠤᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠪᠠᠨ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ᠃      ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠠᠵᠤ ᠠᠬᠤᠶᠢᠯᠠᠯ ᠠᠵᠢᠯᠯᠠᠭᠤᠯᠬᠤ ᠵᠠᠷᠴᠢᠮ ᠤᠨ ᠶᠣᠰᠣᠭᠠᠷ᠂ ᠣᠯᠠᠨ ᠡᠰᠢᠵᠢᠭᠰᠡᠨ ᠪᠡᠯᠡ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠵᠢᠭᠦᠯᠦᠨ᠎ᠡ᠃ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠶ᠋ᠯ ᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠵᠦᠶ ᠶᠣᠰᠣᠨ ᠤ ᠢᠲᠡᠭᠡᠮᠵᠢᠲᠦ ᠵᠢᠭᠡᠯᠡᠯᠭᠡ᠂ ᠵᠦᠶ ᠶᠣᠰᠣᠨ ᠤ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠵᠦᠶ ᠶᠣᠰᠣᠨ ᠤ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡ ᠶᠢ ᠬᠡᠷᠡᠭᠵᠢᠭᠦᠯᠦᠨ᠎ᠡ︔ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠥᠭᠡᠷᠡᠴᠢᠯᠡᠯᠲᠡ ᠪᠠ ᠡᠵᠡᠩᠨᠡᠯᠲᠡ ᠳᠤ ᠣᠷᠣᠯᠴᠠᠭᠤᠯᠤᠨ᠎ᠠ︔ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠠᠷᠢᠭᠤᠨ ᠴᠡᠪᠡᠷ ᠳᠤᠯᠠᠭᠠᠯᠠᠭ᠎ᠠ ᠶᠢᠨ ᠳᠡᠭᠡᠳᠦ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠵᠤ᠂ ᠨᠡᠭᠦᠷᠡᠰᠦᠲᠥ᠋ᠷᠥᠭᠴᠢ ᠣᠷᠭᠢᠯ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠵᠡᠷᠭᠡ ᠣᠲᠣ ᠶᠢᠨ ᠪᠠᠶᠢᠭ᠎ᠠ ᠪᠠᠯᠠ ᠮᠥᠩᠭᠦ ᠶᠢᠨ ᠠᠷᠭ᠎ᠠ ᠵᠠᠮ ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠨ᠎ᠠ᠃      ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ᠃ ᠰᠠᠭᠤᠭᠠᠯᠢ ᠠᠷᠠᠳ ᠤᠨ ᠠᠵᠤ ᠠᠬᠤᠶ ᠶᠢᠨ ᠳᠠᠭᠠᠭᠠᠬᠤ ᠴᠢᠳᠠᠪᠤᠷᠢ ᠬᠢᠭᠡᠳ ᠥᠭᠡᠷᠡᠴᠢᠯᠡᠬᠦ ᠪᠠ ᠡᠵᠡᠩᠨᠡᠬᠦ ᠶᠢᠨ ᠥᠪᠡᠷ ᠤᠨ ᠥᠷᠲᠡᠭ ᠢ ᠶᠡᠷᠦᠩᠬᠡᠶᠢᠯᠡᠨ ᠪᠣᠳᠣᠯᠬᠢᠯᠠᠵᠤ᠂ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠰᠠᠭᠤᠭᠠᠯᠢ ᠠᠷᠠᠳ ᠤᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠳᠤ ᠬᠡᠷᠡᠭᠯᠡᠬᠦ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠨ᠎ᠠ᠃      ︵ᠳᠥᠷᠪᠡ︶ ᠬᠠᠩᠭᠠᠯᠭ᠎ᠠ ᠶᠢᠨ ᠪᠠᠲᠤᠯᠠᠭ᠎ᠠ᠃ ᠢᠯᠴᠢ ᠶᠢᠨ ᠢᠷᠡᠯᠲᠡ᠂ ᠬᠡᠢ ᠶᠢᠨ ᠢᠷᠡᠯᠲᠡ᠂ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠯᠥᠪᠯᠡᠭᠡ ᠶᠢᠨ ᠡᠭᠦᠷᠭᠡ ᠪᠣᠯᠤᠨ ᠴᠠᠬᠢᠯᠭᠠᠨ ᠤ ᠲᠣᠣᠷ ᠢ ᠥᠭᠡᠷᠡᠴᠢᠯᠡᠬᠦ ᠲᠥᠯᠥᠪᠯᠡᠭᠡ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠶᠤᠯ ᠦᠭᠡᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠲᠠᠪᠤ︶ ᠲᠥᠷᠥᠯ ᠵᠦᠶ᠋ᠯ ᠤᠨ ᠬᠠᠮᠢᠶᠠᠷᠤᠯᠲᠠ᠃ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠬᠠᠮᠢᠶ᠎ᠠ ᠪᠦᠬᠦᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠭᠦᠢᠴᠡᠳᠬᠡᠬᠦ ᠬᠡᠷᠡᠭᠲᠡᠶ︔ ᠲᠥᠷᠥᠯ ᠵᠦᠶ᠋ᠯ ᠤᠨ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠠᠶᠤᠯ ᠥᠬᠡᠶ ᠦᠶ᠋ᠯᠡᠳᠪᠦᠷᠢᠯᠡᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠤᠳ ᠪᠥᠬᠦ ᠶᠠᠪᠤᠴᠠ ᠳᠤ ᠣᠷᠣᠯᠴᠠᠬᠤ ᠬᠡᠷᠡᠭᠲᠡᠶ᠃ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ ᠰᠢᠯᠭᠠᠨ ᠠᠪᠬᠤ ᠠᠷᠭ᠎ᠠ ᠵᠢᠴᠢ ᠳᠡᠰ ᠳᠠᠷᠠᠭᠠᠯᠠᠯ ᠢ ᠲᠣᠭᠲᠠᠭᠠᠬᠤ ᠶᠢᠨ ᠬᠠᠮᠲᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ︔ ᠰᠢᠯᠭᠠᠨ ᠠᠪᠬᠤ ᠮᠡᠳᠡᠭᠦᠯᠦᠯᠲᠡ ᠶᠢᠨ ᠠᠭᠤᠯᠭ᠎ᠠ ᠳᠤ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠪᠡᠶᠡᠯᠡᠭᠦᠯᠦᠭᠰᠡᠨ ᠪᠠᠶᠢᠳᠠᠯ᠂ ᠣᠷᠴᠢᠨ ᠲᠣᠭᠤᠷᠢᠨ ᠤ ᠦᠷ᠎ᠡ ᠠᠰᠢᠭ ᠵᠡᠷᠭᠡ ᠶᠢ ᠪᠠᠭᠲᠠᠭᠠᠬᠤ ᠬᠡᠷᠡᠭᠲᠡᠶ᠃      ︵ᠵᠢᠷᠭᠤᠭ᠎ᠠ︶ ᠪᠡᠯᠡ ᠮᠥᠩᠭᠦ ᠶᠢᠨ ᠬᠠᠮᠢᠶᠠᠷᠤᠯᠲᠠ᠃ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠨᠥᠬᠦᠪᠥᠷᠢ ᠪᠡᠯᠡ ᠮᠥᠩᠭᠦ ᠶᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠬᠡᠷᠡᠭᠯᠡᠬᠦ ᠶᠢᠨ ᠬᠠᠮᠲᠤ ᠬᠠᠮᠢᠶᠠᠷᠴᠤ᠂ ᠪᠡᠯᠡ ᠮᠥᠩᠭᠦ ᠰᠠᠯᠭᠠᠨ ᠥᠭᠬᠦ ᠶᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠭ᠎ᠠ ᠭᠦᠢᠴᠡᠳᠬᠡᠬᠦ ᠬᠡᠷᠡᠭᠲᠡᠶ᠃ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠪᠠᠷᠢᠯᠭ᠎ᠠ ᠶᠢᠨ ᠠᠬᠢᠴᠠ ᠶᠢᠨ ᠶᠣᠰᠣᠭᠠᠷ ᠨᠥᠬᠦᠪᠥᠷᠢ ᠪᠡᠯᠡ ᠮᠥᠩᠭᠦ ᠶᠢ ᠰᠠᠯᠭᠠᠨ ᠥᠭᠬᠦ ᠬᠡᠷᠡᠭᠲᠡᠶ᠃      ︵ᠳᠣᠯᠤᠭ᠎ᠠ︶ ᠠᠮᠤᠷ ᠲᠦᠪᠰᠢᠨ ᠤ ᠬᠠᠮᠢᠶᠠᠷᠤᠯᠲᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠬᠠᠷᠠᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤᠯᠠᠬᠤ ᠪᠠᠷ ᠪᠠᠷᠠᠬᠤ ᠦᠭᠡᠶ᠂ ᠨᠡᠩ ᠴᠤ ᠪᠠᠷᠢᠯᠭ᠎ᠠ ᠶᠢᠨ ᠠᠮᠤᠷ ᠲᠦᠪᠰᠢᠨ ᠂ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠨᠦᠭᠦᠳ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠵᠢᠯ ᠲᠥᠷᠥᠯ ᠤᠨ ᠮᠡᠷᠭᠡᠵᠢᠯ ᠤᠨ ᠵᠢᠷᠤᠮᠵᠢᠯ᠂ ᠠᠮᠤᠷ ᠲᠦᠪᠰᠢᠨ ᠤ ᠵᠢᠷᠤᠮᠵᠢᠯ ᠢ ᠴᠢᠩᠭ᠎ᠠ ᠵᠢᠷᠤᠮᠯᠠᠨ ᠪᠠᠷᠢᠯᠭ᠎ᠠ ᠪᠠᠷᠢᠬᠤ ᠥᠭᠡᠷᠡᠴᠢᠯᠡᠯᠲᠡ ᠬᠢᠬᠦ ᠬᠡᠷᠡᠭᠲᠡᠶ᠃ ᠡᠯ᠎ᠡ ᠲᠥᠷᠥᠯ ᠵᠦᠢᠯ ᠨᠢ ᠬᠡᠷᠡᠭᠯᠡᠭᠴᠢᠳ ᠤᠨ ᠠᠶᠤᠯ ᠦᠭᠡᠶ ᠬᠡᠷᠡᠭᠯᠡᠬᠦ ᠬᠥᠮᠦᠵᠢᠯ ᠂ ᠲᠥᠷᠥᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠳᠤ ᠲᠤᠤᠱᠯᠠᠭᠤᠯᠬᠤ ᠶᠢ ᠤᠬᠠᠭᠤᠯᠵᠤ᠂ ᠠᠵᠢᠯ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠨ᠂ ᠠᠶᠤᠯ ᠦᠭᠡᠶ ᠶᠢᠨ ᠵᠢᠷᠤᠮᠵᠢᠯ ᠳᠤ ᠨᠡᠶᠢᠴᠡᠬᠦ ᠦᠭᠡᠶ ᠲᠥᠷᠥᠯ ᠵᠦᠢᠯ ᠢ ᠴᠥᠮ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃      ︵ᠨᠠᠶ᠋ᠮᠠ︶ ᠡᠵᠡᠩᠨᠡᠯᠲᠡ ᠬᠠᠮᠢᠶᠠᠷᠤᠯᠲᠠ᠃ ᠭᠠᠵᠠᠷ ᠣᠷᠣᠨ ᠤ ᠬᠡᠷᠡᠭᠵᠢᠭᠦᠯᠬᠦ ᠪᠡᠶᠡᠴᠢ ᠴᠣᠭᠴᠠ ᠪᠣᠯᠬᠤ ᠭᠤᠣᠯᠯᠠᠬᠤ ᠦᠢᠯᠡᠳᠦᠯ ᠢ ᠭᠦᠢᠴᠡᠳ ᠢᠯᠡᠷᠡᠭᠦᠯᠵᠦ᠂ ᠭᠠᠵᠠᠷ ᠣᠷᠣᠨ ᠤ ᠳᠠᠪᠠᠭᠤᠯᠢᠭ ᠲᠠᠯ᠎ᠠ ᠪᠠ ᠡᠵᠡᠨ ᠮᠡᠳᠡᠬᠦ ᠡᠷᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠲᠥᠷᠥᠯ ᠵᠦᠶ᠋ᠯ ᠢ ᠬᠡᠷᠡᠭᠵᠢᠭᠦᠯᠬᠦ ᠨᠢᠭᠡᠴᠡ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠵᠤ᠂ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠤᠷᠢᠲᠠᠯ ᠳᠤᠤᠷ᠎ᠠ᠂ ︽ᠬᠡᠨ ᠥᠭᠡᠷᠡᠴᠢᠯᠡᠪᠡᠯ ᠬᠡᠨ ᠡᠵᠡᠩᠨᠡᠬᠦ︾ ᠠᠷᠭ᠎ᠠ ᠮᠠᠶ᠋ᠢᠭ ᠢᠶᠠᠷ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠭᠡᠷᠡᠲᠦ ᠡᠨᠧᠷᠭᠢ ᠶᠢᠨ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠦᠨ᠎ᠡ᠃ ᠰᠠᠭᠤᠭᠠᠯᠢ ᠠᠷᠠᠳ ᠤᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠳᠤ ᠬᠤᠯᠪᠣᠭᠳᠠᠬᠤ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠥᠪᠯᠡᠷᠡᠭᠦᠯᠦᠨ ᠢᠯᠴᠢ ᠬᠠᠩᠭᠠᠵᠤ ᠪᠥᠭᠡᠮ ᠢᠶᠠᠷ ᠬᠤᠳᠠᠯᠳᠤᠬᠤ ᠢᠯᠴᠢ ᠶᠢᠨ ᠦᠨ᠎ᠡ ᠶᠢ ᠢᠯᠴᠢ ᠬᠠᠩᠭᠠᠵᠤ ᠡᠵᠡᠩᠨᠡᠬᠦ ᠠᠵᠤ ᠠᠬᠤᠶᠢᠯᠠᠯ ᠤᠨ ︽ᠪᠡᠯᠡ ᠪᠠᠨ ᠪᠠᠲᠤᠯᠠᠨ ᠥᠴᠦᠬᠡᠨ ᠠᠰᠢᠭ ᠣᠯᠬᠤ︾ ᠵᠠᠷᠴᠢᠮ ᠤᠨ ᠶᠣᠰᠣᠭᠠᠷ᠂ ᠢᠯᠴᠢ ᠡᠭᠦᠰᠭᠡᠭᠴᠢ ᠶᠢᠨ ᠢᠯᠴᠢ ᠶᠢᠨ ᠦᠨ᠎ᠡ ᠳᠤ ᠬᠠᠷᠠᠭᠠᠯᠵᠠᠯ ᠦᠵᠡᠭᠦᠯᠦᠨ᠎ᠡ᠃      ︵ᠶᠢᠰᠦ︶ ᠤᠬᠠᠭᠤᠯᠤᠨ ᠳᠠᠶᠢᠴᠢᠯᠠᠬᠤ᠃ ᠣᠯᠠᠨ ᠵᠦᠶ᠋ᠯ ᠤᠨ ᠤᠬᠠᠭᠤᠯᠭ᠎ᠠ ᠶᠢᠨ ᠬᠡᠯᠪᠡᠷᠢ ᠶᠢ ᠭᠦᠶ᠋ᠴᠡᠳ ᠠᠰᠢᠭᠯᠠᠨ᠂ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠡᠪᠡᠷ ᠳᠤᠯᠠᠭᠠᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠨᠡᠶᠢᠭᠡᠮ ᠳᠠᠶᠠᠭᠠᠷ ᠢ ᠬᠥᠲᠥᠯᠦᠨ ᠵᠢᠯᠣᠭᠤᠳᠴᠤ ᠪᠠᠶᠢᠭᠠᠳ ᠴᠡᠪᠡᠷ ᠳᠤᠯᠠᠭᠠᠯᠠᠭ᠎ᠠ ᠶᠢᠨ ᠠᠵᠢᠯ ᠢ ᠳᠡᠮᠵᠢᠬᠦ ᠪᠠ ᠣᠷᠣᠯᠴᠠᠭᠤᠯᠵᠤ᠂ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡ ᠪᠠ ᠠᠵᠢᠯ ᠤᠨ ᠠᠭᠤᠷ ᠠᠮᠢᠰᠬᠤᠯ ᠢ ᠪᠣᠶ ᠪᠣᠯᠭᠠᠨ᠂ ᠴᠡᠪᠡᠷ ᠳᠤᠯᠠᠭᠠᠯᠠᠭ᠎ᠠ ᠶᠢᠨ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠪᠥᠬᠦ ᠲᠠᠯ᠎ᠠ ᠪᠠᠷ ᠠᠬᠢᠭᠤᠯᠤᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1