ᠳ᠋ᠦᠩ ᠾᠧ ᠲᠣᠭᠤᠷᠢᠭ ᠤᠨ ᠮᠥᠩᠭᠦᠨ ᠭᠦᠶ᠋ᠯᠭᠡᠭᠡᠨ ᠤ ᠠᠯᠪᠠᠨ ᠬᠡᠷ  --- ᠪᠠᠶᠢᠭᠤᠯᠤᠮᠵᠢ ᠶᠢᠨ ᠡᠭᠦᠷᠭᠡ ᠴᠢᠳᠠᠪᠤᠷᠢ᠃
ᠨᠡᠶᠢᠲᠡᠯᠡᠭᠰᠡᠨ ᠴᠠᠭ᠄
2021/11/6
ᠳ᠋ᠦᠩ ᠾᠧ ᠲᠣᠭᠤᠷᠢᠭ ᠤᠨ ᠮᠥᠩᠭᠦᠨ ᠭᠦᠶ᠋ᠯᠭᠡᠭᠡᠨ ᠤ ᠠᠯᠪᠠᠨ ᠭᠡᠷ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ᠃ ᠶᠠᠨ ᠴᠦᠨ ᠯᠸᠢ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ︶᠃ ᠮᠥᠩᠭᠦᠨ ᠭᠦᠢᠯᠭᠡᠭᠡᠨ ᠤ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ ᠭᠦᠸᠧ ᠯᠢ ᠨᠠ ︵ᠳᠡᠳ᠋ ᠡᠷᠬᠢᠯᠡᠭᠴᠢ︶᠃ ᠡᠷᠬᠢᠯᠡᠭᠴᠢ ᠶᠢ ᠬᠠᠪᠰᠤᠷᠤᠨ ᠮᠥᠩᠭᠦᠨ ᠭᠦᠶ᠋ᠯᠭᠡᠭᠡᠨ ᠤ ᠠᠯᠪᠠᠨ ᠭᠡᠷ ᠤᠨ ᠠᠵᠢᠯ ᠢ ᠬᠤᠪᠢᠳᠠᠨ ᠬᠠᠮᠢᠶᠠᠷᠤᠨ᠎ᠠ᠃ ᠯᠢᠶᠠᠩ ᠷᠦᠢ ︵ᠮᠥᠩᠭᠦᠨ ᠭᠦᠶ᠋ᠯᠭᠡᠭᠡᠨ ᠤ ᠦᠶ᠋ᠯᠡᠴᠢᠯᠡᠭᠡ ᠶᠢ ᠠᠬᠢᠭᠤᠯᠬᠤ ᠲᠥᠪ ᠬᠠᠷᠢᠭᠤᠴᠠᠯᠭᠠᠲᠠᠨ︶᠃ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡ ᠶᠢ ᠠᠬᠢᠭᠤᠯᠬᠤ ᠲᠥᠪ ᠤᠨ ᠪᠥᠬᠦ ᠲᠠᠯ᠎ᠠ ᠶᠢᠨ ᠠᠵᠢᠯ ᠢ ᠬᠠᠷᠢᠭᠤᠴᠠᠨ᠎ᠠ᠃ᠠᠵᠢᠯ ᠤᠨ ᠡᠭᠦᠷᠭᠡ ᠬᠠᠷᠢᠭᠤᠴᠠᠯᠭ᠎ᠠ᠄      ︵ᠨᠢᠭᠡ︶ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠳ᠋ᠦᠩ ᠾᠧ ᠲᠣᠭᠤᠷᠢᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ︔ ᠳ᠋ᠦᠩ ᠾᠧ ᠲᠣᠭᠤᠷᠢᠭ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠤᠨ ᠪᠦᠷᠢᠨᠰᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠦᠢᠯᠡᠴᠢᠯᠡᠨ᠎ᠡ᠃      ︵ᠬᠤᠶᠠᠷ︶ ᠭᠠᠵᠠᠷ ᠣᠷᠣᠨ ᠤ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠤᠨ᠎ᠠ︔ ᠮᠥᠩᠭᠦᠨ ᠭᠦᠶ᠋ᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠶ᠋ᠯᠡᠴᠢᠯᠡᠬᠦ ᠴᠢᠳᠠᠮᠵᠢ ᠶᠢ ᠴᠢᠩᠭᠠᠷᠠᠭᠤᠯᠤᠨ᠎ᠠ︔ ᠮᠥᠩᠭᠦᠨ ᠭᠦᠢᠯᠭᠡᠭᠡᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ︔ ᠪᠥᠬᠦ ᠣᠷᠣᠨ ᠤ ᠲᠦᠭᠡᠮᠡᠯ ᠬᠠᠷᠠᠭᠠᠯᠵᠠᠯᠲᠤ ᠮᠥᠩᠭᠦᠨ ᠭᠦᠶ᠋ᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ︔ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ︽ᠵᠢᠵᠢᠭ ᠪᠢᠴᠢᠯ ᠠᠵᠤ ᠠᠬᠤᠶᠢᠯᠠᠯ︾ ᠤᠨ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡᠨ ᠤ ᠰᠢᠰᠲ᠋ᠧᠮᠵᠢ ᠶᠢ ᠪᠤᠶᠢᠵᠢᠭᠤᠯᠤᠨ ᠬᠥᠭᠵᠢᠭᠦᠯᠦᠨ᠎ᠡ᠃      ︵ᠭᠤᠷᠪᠠ︶ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠥᠭᠵᠢᠯᠲᠡ ᠶᠢ ᠠᠬᠢᠭᠤᠯᠤᠨ᠎ᠠ︔ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ︔ ᠪᠦᠬᠦ ᠣᠷᠣᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠵᠢᠯ ᠢ ᠵᠢᠯᠣᠭᠤᠳᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭ ᠢᠶᠠᠷ ᠪᠡᠯᠡ ᠲᠣᠬᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠡᠯᠡ ᠲᠣᠬᠢᠷᠠᠭᠤᠯᠬᠤ ᠠᠵᠢᠯ ᠢ ᠵᠣᠬᠢᠴᠠᠭᠤᠯᠤᠨ ᠬᠠᠪᠰᠤᠷᠤᠨ᠎ᠠ︔ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠵᠢᠷᠤᠮᠵᠢᠭᠤᠨ ᠬᠥᠭᠵᠢᠯᠲᠡ ᠶᠢ ᠲᠦᠯᠬᠢᠨ ᠠᠬᠢᠭᠤᠯᠤᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠮᠥᠩᠭᠦᠨ ᠭᠦᠶ᠋ᠯᠭᠡᠭᠡᠨ ᠤ ᠬᠥᠭᠵᠢᠯᠲᠡ ᠶᠢᠨ ᠲᠤᠰᠬᠠᠶ ᠵᠦᠶ᠋ᠯ ᠤᠨ ᠪᠡᠯᠡ ᠮᠥᠩᠭᠦ ᠶᠢᠨ ᠬᠠᠮᠢᠶᠠᠷᠬᠤ ᠪᠠ ᠬᠡᠷᠡᠭᠯᠡᠬᠦ ᠰᠠᠨᠠᠯ ᠳᠤᠷᠠᠳᠬᠤ ᠶᠢ ᠬᠠᠷᠢᠭᠤᠴᠠᠨ᠎ᠠ︔ ᠡᠷᠬᠡ ᠮᠡᠳᠡᠯ ᠤᠨ ᠶᠣᠰᠣᠭᠠᠷ ᠪᠥᠬᠦ ᠣᠷᠣᠨ ᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠠᠨᠵᠢᠯᠠᠬᠤ ᠭᠠᠵᠠᠷ᠂ ᠪᠠᠯᠠ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠵᠤ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠶ᠋ᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠡᠯ᠎ᠡ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠵᠢᠴᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ᠂ ᠲᠤᠤᠷ ᠰᠦᠯᠵᠢᠶ᠎ᠡ ᠶᠢᠨ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ᠂ ᠪᠠᠯᠠ ᠣᠷᠣᠭᠤᠯᠤᠯᠲᠠ ᠶᠢᠨ ᠺᠣᠮᠫᠠᠨᠢ᠂ ᠢᠲᠡᠭᠡᠮᠵᠢ ᠪᠠᠷ ᠬᠠᠷᠢᠯᠴᠠᠨ ᠬᠠᠪᠰᠤᠷᠤᠯᠴᠠᠬᠤ ᠶᠢ ᠥᠷᠨᠢᠭᠦᠯᠦᠭᠰᠡᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠨᠡᠶᠢᠭᠡᠮ ᠨᠡᠶᠢᠲᠡ ᠶᠢᠨ ᠪᠠᠯᠠ ᠴᠤᠭᠯᠠᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ︔ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃      ︵ᠳᠥᠷᠪᠡ︶ ᠮᠥᠩᠭᠦᠨ ᠭᠦᠶ᠋ᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ︔ ᠭᠠᠵᠠᠷ ᠣᠷᠣᠨ ᠤ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠨ᠎ᠠ︔ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠶ᠋ᠳᠪᠦᠷᠢᠯᠡᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠭᠠᠵᠠᠷ ᠣᠷᠣᠨ ᠤ ᠮᠥᠩᠭᠦᠨ ᠭᠦᠶ᠋ᠯᠭᠡᠭᠡᠨ ᠤ ᠰᠠᠭᠤᠷᠢ ᠲᠤᠭ᠎ᠠ ᠪᠠᠷᠢᠮᠲᠠ ᠶᠢ ᠪᠦᠷᠢᠳᠬᠡᠨ ᠵᠠᠳᠠᠯᠬᠤ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠬᠠᠷᠢᠭᠤᠴᠠᠨ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠯᠲᠠ ᠳᠤ ᠰᠠᠭᠤᠭ᠎ᠠ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠳᠠᠭᠠᠭᠠᠴᠢᠯᠠᠯᠲᠠ ᠳᠤ ᠰᠠᠭᠤᠭ᠎ᠠ ᠬᠤᠪᠢᠶᠠᠷᠢ ᠪᠠᠶᠢᠭᠤᠯᠤᠮᠵᠢ ᠵᠢᠴᠢ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠪᠢᠶᠠᠷᠢ ᠪᠠᠶᠢᠭᠤᠯᠤᠮᠵᠢ ᠶᠢ ᠵᠣᠬᠢᠴᠠᠭᠤᠯᠤᠨ ᠬᠠᠮᠵᠢᠯᠴᠠᠵᠤ᠂ ᠭᠠᠵᠠᠷ ᠣᠷᠣᠨ ᠤ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠶ᠋ᠳᠪᠦᠷᠢᠯᠡᠬᠦ ᠬᠠᠷᠢᠭᠤᠴᠠᠯᠭ᠎ᠠ ᠪᠠ ᠬᠠᠮᠢᠶ᠎ᠠ ᠪᠥᠬᠦᠶ ᠠᠵᠢᠯ ᠢ ᠬᠠᠤᠯᠢ ᠲᠣᠭᠲᠠᠭᠠᠯ ᠶᠣᠰᠣᠭᠠᠷ ᠵᠣᠬᠢᠴᠠᠭᠤᠯᠤᠨ ᠵᠢᠯᠣᠭᠤᠳᠤᠨ᠎ᠠ︔ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠ ᠵᠠᠭᠤᠴᠢ ᠪᠠᠶᠢᠭᠤᠯᠤᠮᠵᠢ ᠶᠢ ᠵᠣᠬᠢᠴᠠᠭᠤᠯᠤᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠬᠥᠭᠵᠢᠭᠦᠯᠦᠨ᠎ᠡ᠃      ︵ᠲᠠᠪᠤ︶ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠳᠣᠲᠣᠭᠠᠳᠤ ᠪᠠᠶᠢᠭᠤᠯᠤᠮᠵᠢ᠄      ︵ᠨᠢᠭᠡ︶ ᠮᠥᠩᠭᠦᠨ ᠭᠦᠶ᠋ᠯᠭᠡᠭᠡᠨ ᠤ ᠦᠶ᠋ᠯᠡᠴᠢᠯᠡᠭᠡ ᠶᠢ ᠠᠬᠢᠭᠤᠯᠬᠤ ᠲᠥᠪ᠃      1 .ᠳ᠋ᠦᠩ ᠾᠧ ᠲᠣᠭᠤᠷᠢᠭ ᠤᠨ ᠮᠥᠩᠭᠦᠨ ᠭᠦᠢᠯᠭᠡᠭᠡᠨ ᠤ ᠬᠥᠭᠵᠢᠯᠲᠡ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠵᠡᠷᠭᠡ ᠵᠠᠰᠠᠭ ᠵᠠᠬᠢᠷᠭᠠᠨ ᠤ ᠬᠠᠪᠰᠤᠷᠤᠮᠵᠢ ᠶᠢᠨ ᠴᠢᠨᠠᠷᠲᠠᠶ ᠪᠠ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠳ᠋᠊ ᠦᠩ ᠾᠧ ᠲᠣᠭᠤᠷᠢᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠡᠷᠭᠦᠭᠡᠬᠦ ᠪᠠ ᠰᠢᠯᠢᠳᠡᠭᠵᠢᠭᠦᠯᠬᠦ ᠰᠠᠭᠤᠷᠢ ᠴᠢᠨᠠᠷᠲᠠᠶ ᠠᠵᠢᠯ ᠢ ᠡᠭᠦᠷᠭᠡᠯᠡᠨ᠎ᠡ᠃      2 . ᠪᠠᠩᠬᠢ ᠪᠣᠯᠤᠨ ᠠᠵᠤ ᠠᠬᠤᠶᠢᠯᠠᠯ ᠢ ᠵᠣᠯᠭᠠᠭᠤᠯᠬᠤ᠂ ᠮᠥᠩᠭᠦᠨ ᠭᠦᠢᠯᠭᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠮᠥᠩᠭᠦᠨ ᠭᠦᠢᠯᠭᠡᠭᠡᠨ ᠤ ᠶᠠᠷᠢᠶᠠᠨ ᠤ ᠲᠠᠪᠴᠠᠩ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠴᠢᠨᠠᠷᠲᠠᠶ ᠠᠵᠢᠯ ᠢ ᠡᠭᠦᠷᠭᠡᠯᠡᠵᠦ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃      3 . ᠪᠦᠬᠦ ᠣᠷᠣᠨ ᠤ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢ ᠴᠤᠭᠯᠠᠭᠤᠯᠬᠤ᠂ ᠪᠦᠷᠢᠳᠬᠡᠬᠦ᠂ ᠵᠠᠳᠠᠯᠬᠤ ᠵᠡᠷᠭᠡ ᠮᠡᠷᠭᠡᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃      4 . ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠵᠢᠴᠢ ᠮᠥᠩᠭᠦᠨ ᠭᠦᠢᠯᠭᠡᠭᠡᠨ ᠤ ᠴᠢᠳᠠᠪᠤᠷᠢᠲᠠᠨ ᠬᠥᠮᠦᠵᠢᠭᠦᠯᠬᠦ᠂ ᠣᠷᠣᠭᠤᠯᠵᠤ ᠢᠷᠡᠬᠦ ᠵᠡᠷᠭᠡ ᠪᠠᠲᠤᠯᠠᠭ᠎ᠠ ᠶᠢᠨ ᠴᠢᠨᠠᠷᠲᠠᠶ ᠠᠵᠢᠯ ᠢ ᠡᠭᠦᠷᠭᠡᠯᠡᠨ᠎ᠡ᠃      5 . ᠪᠠᠶᠢᠭᠤᠯᠤᠯᠭ᠎ᠠ ᠶᠢᠨ ᠠᠵᠢᠯᠯᠠᠭᠠᠨ ᠳᠤ ᠵᠠᠰᠠᠭ ᠵᠠᠬᠢᠷᠭᠠᠨ ᠤ ᠬᠠᠪᠰᠤᠷᠤᠮᠵᠢ᠂ ᠦᠶ᠋ᠯᠡᠴᠢᠯᠡᠭᠡᠨ ᠤ ᠪᠠᠲᠤᠯᠠᠭ᠎ᠠ᠂ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠠᠵᠢᠯ ᠢ ᠬᠠᠷᠢᠭᠤᠴᠠᠨ᠎ᠠ᠃      6 . ᠣᠷᠣᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃︵ᠬᠤᠶᠠᠷ︶ ᠠᠯᠪᠠᠨ ᠭᠡᠷ᠃      ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ ᠪᠠ ᠭᠠᠳᠠᠭᠠᠳᠤ ᠶᠠᠪᠤᠳᠠᠯ᠂ ᠮᠡᠳᠡᠭᠡ ᠵᠠᠩᠭᠢᠵᠢᠯᠲᠠ ᠵᠡᠷᠭᠡ ᠠᠵᠢᠯ ᠢ ᠬᠠᠷᠢᠭᠤᠴᠠᠨ᠎ᠠ᠃ ᠡᠷᠬᠡ ᠶᠢᠨ ᠬᠡᠪᠴᠢᠶ᠎ᠡ ᠶᠣᠰᠣᠭᠠᠷ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠢ ᠲᠤᠭᠤᠷᠪᠢᠨ ᠪᠢᠴᠢᠬᠦ ᠵᠢᠴᠢ ᠮᠡᠳᠡᠭᠦᠯᠦᠨ ᠬᠦᠷᠭᠡᠵᠦ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠣᠯᠤᠨ ᠡᠭᠦᠷᠭᠡ ᠴᠢᠳᠠᠪᠤᠷᠢ ᠶᠢ ᠬᠤᠪᠢᠷᠠᠭᠤᠯᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠣᠷᠣᠨ ᠤ ᠮᠥᠩᠭᠦᠨ ᠭᠦᠶ᠋ᠯᠭᠡᠭᠡᠨ ᠤ ᠥᠭᠡᠷᠡᠴᠢᠯᠡᠯᠲᠡ ᠨᠡᠭᠡᠭᠡᠯᠲᠡ ᠪᠠ ᠰᠢᠨ᠎ᠡ ᠶᠢ ᠡᠭᠦᠳᠦᠨ ᠬᠥᠭᠵᠢᠭᠦᠯᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠲᠦᠯᠬᠢᠨ ᠠᠬᠢᠭᠤᠯᠤᠨ᠎ᠠ᠃ ᠭᠠᠵᠠᠷ ᠣᠷᠣᠨ ᠤ ᠮᠥᠩᠭᠦᠨ ᠭᠦᠶ᠋ᠯᠭᠡᠭᠡᠨ ᠤ ᠲᠤᠭ᠎ᠠ ᠪᠦᠷᠢᠳᠬᠡᠯ᠂ ᠪᠠᠢᠳᠠᠯ ᠤᠨ ᠵᠠᠳᠠᠯᠤᠯᠲᠠ ᠶᠢ ᠡᠭᠦᠷᠭᠡᠯᠡᠵᠦ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ᠎ᠠ᠃︵ᠭᠤᠷᠪᠠ︶ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠲᠠᠰᠤᠭ᠃      ᠡᠷᠬᠡ ᠶᠢᠨ ᠬᠡᠪᠴᠢᠶ᠎ᠡ  ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠦᠢᠯᠡᠰ ᠤᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢ᠊ ᠡᠶ᠎ᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠷᠬᠡ ᠮᠡᠳᠡᠯ ᠤᠨ ᠶᠣᠰᠣᠭᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠮᠥᠩᠭᠦᠨ ᠭᠦᠶ᠋ᠯᠭᠡᠭᠡᠨ ᠢᠶᠠᠷ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠯᠲᠠ ᠳᠤ ᠰᠠᠭᠤᠭ᠎ᠠ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠳᠠᠭᠠᠭᠠᠴᠢᠯᠠᠯᠲᠠ ᠳᠤ ᠰᠠᠭᠤᠭ᠎ᠠ ᠬᠤᠪᠢᠶᠠᠷᠢ ᠪᠠᠶᠢᠭᠤᠯᠤᠮᠵᠢ ᠵᠢᠴᠢ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠪᠢᠶᠠᠷᠢ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠵᠤ᠂ ᠭᠠᠵᠠᠷ ᠣᠷᠣᠨ ᠤ ᠵᠠᠰᠠᠭ ᠤᠨ ᠣᠷᠳᠣᠨ ᠬᠢᠭᠡᠳ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠭᠠᠵᠠᠷ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠢ ᠨᠢᠭᠡᠳᠦᠯᠲᠡᠢ ᠲᠥᠯᠥᠪᠯᠡᠵᠦ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠵᠠᠷ ᠣᠷᠣᠨ ᠤ ᠬᠠᠤᠯᠢ ᠶᠢᠨ ᠡᠷᠬᠡᠲᠡᠨ ᠲᠠᠢ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠵᠦᠶ᠋ᠯᠡᠰ ᠢ ᠵᠣᠬᠢᠴᠠᠭᠤᠯᠤᠨ ᠵᠢᠯᠣᠭᠤᠳᠤᠨ᠎ᠠ᠃ ᠣᠷᠣᠨ ᠨᠤᠲᠤᠭ ᠤᠨ ᠰᠢᠨ᠎ᠡ ᠪᠠᠷ ᠬᠥᠭᠵᠢᠭᠰᠡᠨ ᠮᠥᠩᠭᠦᠨ ᠭᠦᠢᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠪᠴᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠪᠥᠬᠦ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠪᠥᠬᠦ ᠣᠷᠣᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠲᠡᠮᠳᠡᠭᠲᠦ᠂ ᠬᠤᠭᠤᠴᠠᠭᠠᠲᠤ ᠪᠠᠷᠠᠭ᠎ᠠ᠂ ᠰᠠᠭᠤᠷᠢ ᠮᠥᠩᠭᠦ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠪᠠᠶᠢᠭᠤᠯᠤᠮᠵᠢ ᠶᠢ ᠬᠠᠷᠢᠭᠤᠴᠠᠨ ᠵᠣᠬᠢᠴᠠᠭᠤᠯᠤᠨ᠎ᠠ᠃ ᠶᠢᠨ ᠪᠧᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠳᠠᠬᠢᠨ ᠪᠠᠯᠠ ᠳᠣᠭᠢᠷᠠᠭᠤᠯᠬᠤ᠂ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠨ᠎ᠡ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠳᠠᠯ ᠦᠶ᠋ᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠡᠷᠬᠡ ᠠᠰᠢᠭ ᠤᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠢ ᠬᠠᠷᠢᠭᠤᠴᠠᠨ᠂ ᠲᠦᠭᠰᠢᠭᠦᠷᠢ ᠶᠢ ᠰᠡᠷᠭᠡᠶᠢᠯᠡᠬᠦ ᠪᠠ ᠰᠢᠶ᠋ᠳᠪᠦᠷᠢᠯᠡᠬᠦ ᠠᠵᠢᠯ ᠢ ᠰᠠᠶᠢᠲᠤᠷ ᠬᠢᠨ᠎ᠠ᠃ ᠡᠷᠬᠡ ᠮᠡᠳᠡᠯ ᠤᠨ ᠶᠣᠰᠣᠭᠠᠷ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠲᠣᠭᠤᠷᠢᠭ ᠲᠤ ᠰᠠᠭᠤᠭ᠎ᠠ ᠬᠤᠪᠢᠶᠠᠷᠢ ᠪᠠᠶᠢᠭᠤᠯᠤᠮᠵᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠬᠢᠬᠦ ᠺᠣᠮᠫᠠᠨᠢ᠂ ᠳᠠᠨᠵᠢᠯᠠᠬᠤ ᠠᠵᠢᠯ᠂ ᠪᠡᠯᠡ ᠣᠷᠣᠭᠤᠯᠤᠯᠲᠠ ᠶᠢᠨ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠪᠠ ᠬᠤᠳᠠᠯᠳᠤᠨ ᠠᠪᠬᠤ ᠺᠣᠮᠫᠠᠨᠢ᠂ ᠨᠡᠶᠢᠭᠡᠮ ᠤᠨ ᠣᠯᠠᠨ ᠨᠡᠶᠢᠲᠡ ᠶᠢᠨ ᠪᠡᠯᠡ ᠬᠤᠷᠠᠮᠳᠤᠭᠤᠯᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠪᠠ ᠲᠦᠭᠰᠢᠭᠦᠷᠢ ᠶᠢ ᠰᠢᠶ᠋ᠳᠪᠦᠷᠢᠯᠡᠬᠦ ᠠᠵᠢᠯ ᠤᠨ ᠲᠤᠬᠠᠶ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠦᠬᠦ ᠣᠷᠣᠨ ᠳᠤ ᠢᠲᠡᠭᠡᠮᠵᠢ ᠶᠢᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠲᠤᠬᠠᠶᠢᠯᠠᠭᠰᠠᠨ ᠠᠵᠢᠯ ᠥᠷᠨᠢᠭᠦᠯᠬᠦ ᠲᠤᠬᠠᠶ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠥᠬᠦ ᠣᠷᠣᠨ ᠤ ᠮᠥᠩᠭᠦᠨ ᠭᠦᠶ᠋ᠯᠭᠡᠭᠡᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢᠨ ᠪᠠᠶᠢᠭᠤᠯᠤᠯᠲᠠ ᠶᠢ ᠪᠦᠷᠢᠨ ᠪᠣᠯᠭᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠶᠠᠨ ᠪᠠᠶᠢᠭᠤᠯᠵᠤ ᠵᠣᠬᠢᠴᠠᠭᠤᠯᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ︔ ᠪᠦᠬᠦ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠶ᠋ᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠵᠦ᠂ ᠳ᠋᠊ ᠦᠩ ᠾᠧ ᠲᠣᠭᠤᠷᠢᠭ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠶ᠋ᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠡᠷᠬᠡ ᠮᠡᠳᠡᠯ ᠤᠨ ᠶᠣᠰᠣᠭᠠᠷ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠦᠯᠵᠢᠶᠡᠨ ᠤ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠨᠲ᠋ᠤᠷ ᠰᠦᠯᠵᠢᠶᠡᠨ ᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      ᠠᠵᠢᠯᠯᠠᠬᠤ ᠭᠠᠵᠠᠷ᠄ ᠳ᠋ᠦᠩ ᠾᠧ ᠲᠣᠭᠤᠷᠢᠭ ᠤᠨ ᠾᠧ ᠫᠢᠩ ᠵᠠᠮ ᠤᠨ 192 ᠳ᠋ᠤᠭᠠᠷ ᠡᠳ᠋ ᠤᠨ ᠵᠠᠰᠠᠭ ᠤᠨ ᠠᠰᠠᠷ ᠤᠨ 5 ᠳ᠋ᠤᠭᠠᠷ ᠠᠰᠠᠷ᠃      ᠬᠠᠷᠢᠯᠴᠠᠬᠤ ᠤᠲᠠᠰᠤ᠄ 04724110945᠃      ᠬᠠᠷᠢᠭᠤᠴᠠᠯᠭᠠᠲᠠᠨ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠶ᠋ᠯᠭᠡᠭᠡᠨ ᠤ ᠠᠵᠢᠯ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠠᠨ ᠴᠦᠨ ᠯᠸᠢ᠃      ᠠᠵᠢᠯᠯᠠᠬᠤ ᠴᠠᠭ᠄ ᠦᠳᠡ ᠶᠢᠨ ᠡᠮᠦᠨ᠎ᠡ 8᠄ 30---12᠄ 00᠂ ᠦᠳᠡ ᠶᠢᠨ ᠬᠤᠶᠢᠨ᠎ᠠ 2᠄ 30---5᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1