ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠃ | ᠸᠠᠩ ᠲᠤᠤ ︵ᠲᠣᠪᠴᠢᠶᠠᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ︶᠄ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ᠂ ᠦᠷᠡᠵᠢᠯ ᠤᠨ ᠳᠠᠭᠠᠳᠬᠠᠯ ᠤᠨ ᠲᠠᠯ᠎ᠠ ᠶᠢᠨ ᠠᠵᠢᠯ ᠢ ᠬᠠᠷᠢᠭᠤᠴᠠᠵᠤ᠂ ᠳ᠋ᠦᠩ ᠾᠧ ᠲᠣᠭᠤᠷᠢᠭ ᠤᠨ | ᠡᠮ ᠡᠮᠨᠡᠯᠭᠡ ᠶᠢᠨ ᠳᠠᠭᠠᠳᠬᠠᠯ ᠤᠨ ᠲᠥᠪ ᠢ ᠬᠤᠪᠢᠳᠠᠨ ᠬᠠᠮᠢᠶᠠᠷᠤᠨ᠎ᠠ᠃ | ᠴᠠᠶ ᠶᠠ ᠲᠢᠩ ︵ᠳᠡᠳ᠋ ᠲᠣᠪᠴᠢᠶᠠᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ︶᠄ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠠᠵᠢᠯ ᠳᠤ ᠬᠠᠮᠵᠢᠯᠴᠠᠵᠤ᠂ | ᠪᠠᠶᠢᠭᠤᠯᠭ᠎ᠠ ᠶᠢᠨ ᠠᠷᠤ ᠲᠠᠯ᠎ᠠ ᠶᠢᠨ ᠦᠶ᠋ᠯᠡᠴᠢᠯᠡᠭᠡᠨ᠂ ᠡᠳ᠋ ᠤᠨ ᠶᠠᠪᠤᠳᠠᠯ᠂ ᠨᠠᠮ ᠤᠨ ᠪᠠᠶᠢᠭᠤᠯᠤᠯᠲᠠ᠂ ᠰᠠᠬᠢᠯᠭ᠎ᠠ | ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ | ᠬᠥᠮᠦᠵᠢᠯ ᠤᠨ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ᠂ ᠨᠢᠭᠤᠴᠠ ᠶᠢ ᠬᠠᠮᠠᠭᠠᠯᠠᠬᠤ᠂ ᠠᠶᠤᠯ ᠥᠬᠡᠶ | ᠦᠶ᠋ᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠡᠮᠴᠢᠯᠡᠭᠡ ᠪᠠᠷ ᠠᠪᠤᠷᠠᠨ ᠲᠤᠰᠠᠯᠠᠬᠤ᠂ | ᠡᠮ ᠤᠨ ᠵᠦᠶ᠋ᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ᠂ ᠡᠮ ᠤᠨ ᠵᠦᠶ᠋ᠯ ᠪᠠ | ᠡᠮᠴᠢᠯᠡᠭᠡ ᠶᠢᠨ ᠦᠶ᠋ᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠶᠢᠨ ᠠᠵᠢᠯ ᠢ ᠬᠠᠷᠢᠭᠤᠴᠠᠵᠤ᠂ | ᠠᠯᠪᠠᠨ ᠬᠡᠷ᠂ ᠲᠤᠬᠠᠶᠢᠯᠠᠭᠰᠠᠨ ᠠᠵᠢᠯ ᠤᠨ ᠲᠠᠰᠤᠭ ᠢ ᠬᠤᠪᠢᠳᠠᠨ ᠬᠠᠮᠢᠶᠠᠷᠤᠨ᠎ᠠ᠃ | ᠠᠵᠢᠯ ᠤᠨ ᠴᠢᠳᠠᠪᠬᠢ᠃ | ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ | ᠨᠠᠮ ᠤᠨ ᠬᠤᠷᠢᠶ᠎ᠠ᠂ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶ᠋ᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ ᠪᠣᠯ᠄᠃ | 1 . ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠡᠮᠴᠢᠯᠡᠭᠡᠨ ᠤ | ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠵᠢᠯ ᠤᠨ ᠬᠠᠤᠯᠢ | ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠠᠮᠢᠶ᠎ᠠ ᠪᠥᠬᠦᠶ ᠲᠥᠯᠥᠪᠵᠢᠭᠦᠯᠭᠡ᠂ ᠲᠦᠷᠢᠮ ᠢ ᠰᠤᠳᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | 2 . ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ | ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ | 3 . ᠳᠡᠭᠡᠳᠦ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | 4 . ᠳᠡᠭᠡᠳᠦ ᠱᠠᠲᠤᠨ ᠤ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠶ᠋ᠯᠡᠰ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠶ᠋ᠯᠡᠴᠢᠯᠡᠭᠡ ᠶᠢᠨ ᠲᠥᠷᠥᠯ ᠵᠦᠶ᠋ᠯ᠂ ᠡᠮᠴᠢᠯᠡᠭᠡᠨ ᠤ ᠦᠶ᠋ᠯᠡᠴᠢᠯᠡᠭᠡ ᠶᠢᠨ | ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ᠂ ᠰᠦᠶ᠋ᠳᠬᠡᠯ | ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ | ᠲᠠᠯᠪᠢᠵᠤ ᠬᠡᠷᠡᠭᠵᠢᠭᠦᠯᠦᠨ᠎ᠡ᠃ | 5 . ᠴᠢᠭ᠋ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ | ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 6 . ᠡᠮ ᠡᠮᠨᠡᠯᠭᠡ ᠶᠢᠨ ᠪᠠᠲᠤᠯᠠᠭ᠎ᠠ ᠶᠢᠨ ᠡᠷᠬᠢᠯᠡᠨ ᠭᠦᠶ᠋ᠴᠡᠳᠬᠡᠬᠦ ᠬᠠᠮᠢᠶᠠᠷᠤᠯᠲᠠ ᠪᠣᠯᠤᠨ ᠣᠯᠠᠨ | ᠨᠡᠶᠢᠲᠡ ᠶᠢᠨ ᠦᠶ᠋ᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠬᠠᠷᠢᠭᠤᠴᠠᠨ᠎ᠠ︔ | ᠤᠨᠳᠤᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ | ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | 7. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠨᠢᠭᠡᠳᠦᠯᠲᠡᠶ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠣᠯᠤᠨ ᠡᠮ ᠡᠮᠨᠡᠯᠭᠡ ᠶᠢᠨ ᠠᠪᠤᠷᠠᠨ | ᠲᠤᠰᠠᠯᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠲᠠ | ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠪᠦᠬᠦᠢ ᠡᠮ ᠡᠮᠨᠡᠯᠭᠡ ᠶᠢᠨ ᠪᠠᠲᠤᠯᠠᠭ᠎ᠠ ᠶᠢᠨ | ᠰᠢᠰᠲ ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠶᠢ ᠵᠦᠢ ᠵᠣᠬᠢᠰᠲᠠᠶ | ᠬᠡᠷᠡᠭᠯᠡᠬᠦ᠂ ᠠᠮᠤᠷ ᠲᠦᠪᠰᠢᠨ ᠡᠵᠡᠮᠳᠡᠵᠦ ᠪᠣᠯᠬᠤ ᠶᠢ ᠦᠨᠡᠨᠬᠦ ᠪᠠᠲᠤᠯᠠᠨ᠎ᠠ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠃ | ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯ ᠳ᠋ᠦᠩ ᠾᠧ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠪᠠᠶᠢᠭᠤᠯᠤᠮᠵᠢ ᠶᠢᠨ | ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠤ ᠳᠡᠰ ᠪᠣᠯᠤᠨ᠎ᠠ᠃ ᠳᠤᠤᠷ᠎ᠠ ᠨᠢ ᠠᠯᠪᠠᠨ ᠬᠡᠷ᠂ ᠲᠤᠬᠠᠶᠢᠯᠠᠭᠰᠠᠨ ᠠᠵᠢᠯ ᠤᠨ | ᠲᠠᠰᠤᠭ 2 ᠳᠣᠲᠣᠭᠠᠳᠤ ᠪᠠᠶᠢᠭᠤᠯᠤᠮᠵᠢ ᠭᠠᠷᠭᠠᠵᠤ᠂ ᠠᠵᠢᠯ ᠦᠶ᠋ᠯᠡᠰ ᠤᠨ ᠨᠢᠭᠡᠴᠡ ᠶᠢᠨ ᠳ᠋ᠦᠩ ᠾᠧ | ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠪ ᠢ 1 ᠬᠠᠮᠢᠶᠠᠷᠤᠭᠤᠯᠤᠨ᠎ᠠ᠃ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠠᠷᠤ ᠲᠠᠯ᠎ᠠ ᠶᠢᠨ ᠦᠶ᠋ᠯᠡᠴᠢᠯᠡᠭᠡᠨ᠂ ᠡᠳ᠋ ᠤᠨ ᠶᠠᠪᠤᠳᠠᠯ᠂ | ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ᠂ ᠨᠢᠭᠤᠴᠠ ᠶᠢ | ᠬᠠᠮᠠᠭᠠᠯᠠᠬᠤ᠂ ᠠᠶᠤᠯ ᠦᠭᠡᠶ ᠦᠶ᠋ᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ | ᠲᠠᠯ᠎ᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠲᠤᠬᠠᠶᠢᠯᠠᠭᠰᠠᠨ ᠠᠵᠢᠯ ᠤᠨ ᠲᠠᠰᠤᠭ᠃ ᠡᠮᠴᠢᠯᠡᠭᠡ ᠪᠠᠷ ᠠᠪᠤᠷᠠᠨ ᠲᠤᠰᠠᠯᠠᠬᠤ᠂ ᠡᠮ ᠤᠨ | ᠵᠦᠶ᠋ᠯ ᠬᠤᠳᠠᠯᠳᠤᠨ ᠠᠪᠬᠤ ᠲᠠᠪᠴᠠᠩ᠂ ᠡᠮ ᠤᠨ ᠵᠦᠶ᠋ᠯ ᠪᠠ ᠡᠮᠴᠢᠯᠡᠭᠡ ᠶᠢᠨ ᠦᠶ᠋ᠯᠡᠴᠢᠯᠡᠭᠡᠨ ᠤ ᠦᠨ᠎ᠡ | ᠬᠠᠩᠰᠢ ᠶᠢᠨ ᠬᠠᠮᠢᠶᠠᠷᠤᠯᠲᠠ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠪᠠᠶᠢᠴᠠᠭᠠᠨ ᠬᠠᠷᠭᠤᠭᠤᠯᠬᠤ | ᠠᠵᠢᠯ ᠤᠨ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠬᠠᠷᠢᠭᠤᠴᠠᠨ᠎ᠠ᠃ | ︵ᠭᠤᠷᠪᠠ︶ ᠡᠮ ᠡᠮᠨᠡᠯᠭᠡ ᠶᠢᠨ ᠳᠠᠭᠠᠳᠬᠠᠯ ᠤᠨ ᠲᠥᠪ᠃ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯ ᠢ ᠬᠠᠷᠢᠭᠤᠴᠠᠨ᠎ᠠ᠃ | ᠠᠵᠢᠯᠯᠠᠬᠤ ᠬᠠᠶ᠋ᠢᠭ᠃ | ᠳ᠋ᠦᠩ ᠾᠧ ᠲᠣᠭᠤᠷᠢᠭ ᠤᠨ ᠪᠠᠶᠠᠨᠲᠠᠯ᠎ᠠ ᠶᠡᠭᠡ ᠵᠡᠭᠡᠯᠢ ᠶᠢᠨ ᠪᠠᠷᠠᠭᠤᠨ 6 ᠳ᠋ᠤᠭᠠᠷ ᠠᠵᠢᠯ ᠣᠯᠭᠤᠯᠲᠠ | ᠨᠡᠶᠢᠭᠡᠮ ᠤᠨ ᠪᠠᠲᠤᠯᠠᠭ᠎ᠠ ᠶᠢᠨ ᠦᠶ᠋ᠯᠡᠴᠢᠯᠡᠭᠡᠨ ᠤ ᠲᠥᠪ ᠤᠨ 3 ᠳ᠋ᠤᠭᠠᠷ ᠳᠠᠪᠬᠤᠷᠭ᠎ᠠ᠃ | ᠬᠠᠷᠢᠯᠴᠠᠬᠤ ᠤᠲᠠᠰᠤ᠃ | 0472 - 6180132᠃ | ᠬᠠᠷᠢᠭᠤᠴᠠᠯᠭᠠᠲᠠᠨ᠃ | ᠸᠠᠩ ᠲᠤᠤ ᠲᠣᠪᠴᠢᠶᠠᠨ ᠳᠠᠷᠤᠭ᠎ᠠ ᠠ᠃ | ᠠᠵᠢᠯᠯᠠᠬᠤ ᠴᠠᠭ᠃ | ᠦᠳᠡ ᠡᠮᠦᠨ᠎ᠡ 8᠄ 30---12᠄ 00᠂ ᠦᠳᠡ ᠬᠤᠶᠢᠨ᠎ᠠ 2᠄ 30---5᠄ 30 ︵ᠭᠠᠷᠠᠭ ᠤᠨ ᠨᠢᠭᠡᠨ ᠠᠴᠠ | ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃ |