ᠤᠳᠤᠷᠢᠳᠬᠤ ᠪᠠᠭ᠃ | ᠯᠢ ᠶᠦᠩ ︵ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ︶᠄ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠥᠬᠦ | ᠲᠠᠯ᠎ᠠ ᠶᠢᠨ ᠠᠵᠢᠯ ᠢ ᠡᠷᠭᠢᠯᠡᠨ᠎ᠡ᠃ | ᠵᠠᠩ ᡁᠢ ᠭᠠᠩ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ | ᠲᠣᠪᠴᠢᠶ᠎ᠠ ᠶᠢᠨ ᠳᠡᠳ᠋ ᠳᠠᠷᠤᠭ᠎ᠠ︶᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ ᠠᠵᠢᠯ ᠢ ᠡᠷᠭᠢᠯᠡᠨ᠎ᠡ᠃ | ᠵᠠᠩ ᠱᠧᠩ ᠭᠠᠩ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ︶᠄ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ᠂ ᠣᠯᠠᠨ | ᠲᠦᠮᠡᠨ ᠤ ᠪᠦᠯᠬᠦᠮ᠂ ᠵᠠᠰᠠᠭ ᠤᠨ ᠶᠠᠪᠤᠳᠠᠯ ᠤᠨ ᠨᠡᠷ᠎ᠡ᠂ ᠵᠠᠬᠢᠳᠠᠯ ᠰᠤᠷᠪᠤᠯᠵᠢᠯᠠᠯ ᠤᠨ ᠶᠡᠷᠦᠩᠬᠡᠶᠢᠯᠡᠨ ᠵᠠᠰᠠᠬᠤ᠂ | ᠬᠠᠤᠯᠢ ᠲᠦᠷᠢᠮ ᠤᠨ ᠪᠠᠶᠢᠭᠤᠯᠤᠯᠲᠠ᠂ ᠠᠶᠤᠯ ᠥᠬᠡᠶ ᠦᠶ᠋ᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠣᠯᠭ᠎ᠠ᠂ ᠺᠠᠳ᠋ᠷ ᠤᠨ ᠡᠩᠨᠡᠭᠡᠨ ᠤ ᠬᠠᠮᠢᠶᠠᠷᠤᠯᠲᠠ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠢᠨᠠᠯᠲᠠ | ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠠᠯᠪᠠᠨ ᠬᠡᠷ᠂ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠲᠠᠰᠤᠭ ︵ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶᠂ ᠾᠧ ᠳ᠋ᠦᠩ ᠪᠠᠯᠭᠠᠰᠤᠨ ᠤ ᠬᠠᠤᠯᠢ ᠬᠡᠷᠡᠭᠵᠢᠭᠦᠯᠬᠦ ᠳᠤᠮᠳᠠ ᠠᠩᠭᠢ᠂ | ᠲᠢᠶᠤ ᠰᠢ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠲᠢᠶᠠᠨ ᠵᠢᠶᠤᠤ ᠵᠡᠭᠡᠯᠢ | ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠃ | ᠸᠠᠩ ᠴᠢᠶᠠᠩ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ︶᠄ ᠬᠤᠲᠠ ᠶᠢᠨ ᠶᠠᠪᠤᠳᠠᠯ ᠤᠨ ᠬᠠᠮᠢᠶᠠᠷᠤᠯᠲᠠ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ︵ | ᠬᠡᠷᠡᠮ ᠡᠪᠳᠡᠨ ᠳᠡᠯᠭᠡᠭᠦᠷ ᠨᠡᠭᠡᠭᠡᠬᠦ︶᠂ ᠬᠠᠤᠯᠢ ᠠᠴᠠ ᠵᠥᠷᠢᠴᠡᠨ ᠪᠥᠲᠥᠭᠡᠨ ᠪᠠᠶᠢᠭᠤᠯᠬᠤ᠂ ᠣᠷᠴᠢᠨ ᠲᠣᠭᠤᠷᠢᠨ ᠤ | ᠠᠷᠢᠭᠤᠨ ᠴᠡᠪᠡᠷ ᠤᠨ ᠪᠡᠯᠡᠳᠬᠡᠮᠵᠢ ︵ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ ᠨᠡᠶᠢᠲᠡ ᠶᠢᠨ | ᠵᠣᠷᠯᠣᠩ︶ ᠶᠢᠨ ᠬᠠᠮᠢᠶᠠᠷᠤᠯᠲᠠ᠂ ᠴᠢᠬᠤᠯᠠ ᠶᠡᠭᠡ ᠲᠥᠷᠥᠯ ᠵᠦᠶ᠋ᠯ᠂ ᠬᠤᠲᠠ ᠶᠢᠨ ᠦᠵᠡᠮᠵᠢ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠲᠥᠯᠥᠪᠵᠢᠭᠦᠯᠭᠡ ᠪᠠ ᠬᠤᠲᠠ ᠶᠢᠨ ᠶᠠᠪᠤᠳᠠᠯ ᠤᠨ ᠲᠠᠰᠤᠭ᠂ ᠣᠨᠴᠠ | ᠦᠶ᠋ᠯᠡᠴᠢᠯᠡᠭᠡᠨ ᠤ ᠳᠤᠮᠳᠠ ᠠᠩᠭᠢ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ | ᠠᠩᠭᠢ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠡᠮᠦᠨ᠎ᠡ ᠡᠭᠦᠳᠡᠨ ᠤ | ᠭᠠᠳᠠᠨᠠᠬᠢ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠾᠧ ᠳ᠋ᠦᠩ ᠵᠡᠭᠡᠯᠢ ᠭᠤᠳᠤᠮᠵᠢ ᠶᠢᠨ | ᠬᠠᠤᠯᠢ ᠬᠡᠷᠡᠭᠵᠢᠭᠦᠯᠬᠦ ᠳᠤᠮᠳᠠ ᠠᠩᠭᠢ᠃ | ᠸᠠᠨ ᡁᠢ ᠰᠢᠩ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ︶᠄ ᠣᠷᠴᠢᠨ ᠲᠣᠭᠤᠷᠢᠨ ᠤ ᠬᠠᠮᠠᠭᠠᠯᠠᠯᠲᠠ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ | ᠰᠢᠲᠠᠭᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠪᠠᠷᠢᠯᠭ᠎ᠠ ᠶᠢᠨ ᠬᠤᠭ ᠨᠣᠪᠰᠢ ᠶᠢ ᠬᠠᠮᠢᠶᠠᠷᠬᠤ᠂ ᠰᠢᠮᠳᠠᠭᠤᠯᠤᠨ | ᠪᠠᠶᠢᠴᠠᠭᠠᠵᠤ ᠰᠢᠯᠭᠠᠨ ᠬᠢᠨᠠᠬᠤ᠂ ᠵᠠᠮ ᠤᠨ ᠲᠣᠭᠤᠰᠣ ᠳᠡᠭᠳᠡᠬᠦ ᠶᠢ ᠵᠠᠰᠠᠬᠤ ︵ᠨᠤᠷᠠᠭᠠᠵᠤ ᠨᠡᠭᠦᠯᠭᠡᠬᠦ ᠪᠠᠷᠢᠯᠭ᠎ᠠ ᠶᠢᠨ | ᠭᠠᠵᠠᠷ᠂ ᠰᠢᠭᠠᠷᠤ ᠰᠢᠷᠣᠶ ᠣᠪᠣᠭᠠᠯᠠᠬᠤ ᠭᠠᠵᠠᠷ᠂ ᠲᠡᠭᠡᠭᠡᠪᠦᠷᠢᠯᠡᠬᠦ ᠲᠡᠷᠭᠡ ᠬᠥᠰᠬᠡ︶᠂ ᠬᠤᠲᠠ ᠶᠢᠨ ᠦᠵᠡᠮᠵᠢ | ᠣᠷᠴᠢᠨ ᠲᠣᠭᠤᠷᠢᠨ ᠢ ᠬᠢᠨᠠᠨ ᠬᠠᠮᠢᠶᠠᠷᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠰᠤᠭ᠂ ᠬᠢᠨᠠᠨ ᠪᠠᠶᠢᠴᠠᠭᠠᠵᠤ ᠬᠢᠨᠠᠨ | ᠰᠢᠯᠭᠠᠬᠤ ᠲᠠᠰᠤᠭ᠂ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠳᠤᠮᠳᠠ ᠠᠩᠭᠢ᠂ ᠰᠠᠷᠠᠴᠢᠨ ᠪᠠᠯᠭᠠᠰᠤᠨ ᠤ | ᠬᠠᠤᠯᠢ ᠬᠡᠷᠡᠭᠵᠢᠭᠦᠯᠬᠦ ᠳᠤᠮᠳᠠ ᠠᠩᠭᠢ᠂ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ | ᠠᠩᠭᠢ᠂ ᠼᠠᠢ ᠱᠤᠨ ᠮᠢᠶᠣᠣ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠬᠤᠲᠣᠩ | ᠠᠷᠠᠳ ᠤᠨ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠃ | ᠵᠤ ᠵᠢᠶ ᠡᠤ ︵ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠣᠪᠴᠢᠶᠠᠨ ᠳᠠᠷᠤᠭ᠎ᠠ︶᠄ ᠬᠤᠲᠠ ᠶᠢᠨ ᠦᠵᠡᠮᠵᠢ᠂ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠢ | ᠪᠠᠶᠢᠷᠢᠯᠠᠭᠤᠯᠬᠤ ᠶᠢ ᠬᠠᠷᠢᠭᠤᠴᠠᠵᠤ᠂ ᠵᠡᠭᠡᠯᠢ ᠳᠠᠭᠠᠤ ᠪᠠᠶᠢᠭ᠎ᠠ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ᠂ | ᠵᠠᠰᠠᠨ ᠴᠢᠮᠡᠵᠦ ᠥᠭᠡᠷᠡᠴᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠭ ᠨᠣᠪᠰᠢ ᠶᠢ ᠲᠥᠷᠥᠯ | ᠬᠤᠪᠢᠶᠠᠬᠤ᠂ ᠵᠠᠮ ᠤᠨ ᠲᠣᠭᠤᠰᠣ ᠳᠡᠭᠳᠡᠬᠦ ᠶᠢ ᠵᠠᠰᠠᠬᠤ ︵ᠮᠠᠰᠢᠨᠴᠢᠯᠠᠭᠰᠠᠨ ᠵᠠᠮ ᠤᠨ ᠲᠣᠭᠤᠰᠣ ᠳᠡᠭᠳᠡᠬᠦ ᠶᠢ | ᠴᠡᠪᠡᠷᠯᠡᠬᠦ ᠵᠠᠰᠠᠯᠲᠠ︶᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ | ᠲᠠᠪᠴᠠᠩ ︵ᠬᠤᠲᠠ ᠶᠢᠨ ᠬᠠᠮᠢᠶᠠᠷᠤᠯᠲᠠ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠭᠠᠯᠳᠤᠯᠭ᠎ᠠ | ᠬᠢᠵᠦ ᠢᠯᠡᠴᠢᠯᠡᠨ ᠮᠡᠳᠡᠭᠦᠯᠬᠦ︶᠂ ᠠᠵᠤ ᠦᠶ᠋ᠯᠡᠳᠪᠦᠷᠢ ᠬᠤᠳᠠᠯᠳᠤᠭᠠᠨ ᠤ ᠬᠠᠮᠢᠶᠠᠷᠤᠯᠲᠠ ︵ᠬᠡᠷ ᠤᠨ ᠭᠠᠳᠠᠨᠠᠬᠢ | ᠣᠯᠠᠨ ᠨᠡᠶᠢᠲᠡ ᠶᠢᠨ ᠲᠠᠯᠠᠪᠤᠷ ᠤᠨ ᠨᠡᠭᠦᠳᠡᠯ ᠦᠨᠡᠮᠯᠡᠯ ᠥᠬᠡᠶ ᠪᠠᠷ ᠡᠵᠡᠩᠨᠡᠬᠦ︶᠂ ᠢᠳᠡᠭᠡᠨ ᠪᠠ ᠡᠮ ᠤᠨ ᠵᠦᠶ᠋ᠯ ᠤᠨ | ᠬᠢᠨᠠᠯᠲᠠ ᠬᠠᠮᠢᠶᠠᠷᠤᠯᠲᠠ ︵ᠬᠡᠷ ᠤᠨ ᠭᠠᠳᠠᠨᠠᠬᠢ ᠲᠠᠯᠠᠪᠤᠷ ᠤᠨ ᠢᠳᠡᠭᠡᠨ ᠤ ᠨᠡᠭᠦᠳᠡᠯ ᠡᠵᠡᠩᠨᠡᠯᠲᠡ ᠶᠢᠨ ᠳᠡᠯᠭᠡᠭᠡ ᠴᠢᠬ | ᠵᠢᠴᠢ ᠬᠠᠤᠯᠢ ᠠᠴᠠ ᠵᠥᠷᠢᠴᠡᠨ᠃ | ᠬᠤᠪᠢᠳᠠᠨ ᠬᠠᠮᠢᠶᠠᠷᠬᠤ᠄ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠠᠰᠤᠭ᠂ | ᠳ᠋ᠦᠩ ᠵᠠᠨ ᠵᠡᠭᠡᠯᠢ ᠭᠤᠳᠤᠮᠵᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠳ᠋ᠦᠩ ᠰᠢᠩ ᠵᠡᠭᠡᠯᠢ ᠭᠤᠳᠤᠮᠵᠢ ᠶᠢᠨ | ᠬᠠᠤᠯᠢ ᠬᠡᠷᠡᠭᠵᠢᠭᠦᠯᠬᠦ ᠳᠤᠮᠳᠠ ᠠᠩᠭᠢ᠂ ᠶᠠᠩ ᠭᠧ ᠯᠤᠩ ᠵᠡᠭᠡᠯᠢ ᠭᠤᠳᠤᠮᠵᠢ ︵ᠪᠧᠶ ᠯᠢᠶᠠᠩ ᠰᠢᠨ᠎ᠡ ᠲᠣᠭᠤᠷᠢᠭ︶ | ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠨᠢᠭᠡᠳᠦᠭᠡᠷ ᠠᠴᠠ | ᠳᠣᠯᠣᠳᠤᠭᠠᠷ ᠭᠠᠵᠠᠷ᠂ ᠮᠧᠬᠠᠨᠢᠭᠵᠢᠭᠤᠯᠤᠨ ᠠᠵᠢᠯᠯᠠᠬᠤ ᠲᠡᠷᠭᠡᠨ ᠠᠩᠭᠢ᠂ ᠰᠡᠯᠪᠢᠨ ᠵᠠᠰᠠᠬᠤ ᠲᠥᠪ᠃ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ | ᠲᠤᠭ᠎ᠠ ᠶᠢᠨ ᠲᠣᠭᠲᠠᠭᠠᠯ᠃ | ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ᠂ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠳ᠋ᠦᠩ ᠾᠧ ᠲᠣᠭᠤᠷᠢᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠳ᠋ᠦᠩ ᠾᠧ ᠲᠣᠭᠤᠷᠢᠭ ᠤᠨ ᠳᠠᠷᠤᠮᠠᠯᠯᠠᠨ | ᠲᠠᠷᠬᠠᠭᠠᠭᠰᠠᠨ ︽ᠳ᠋ᠦᠩ ᠾᠧ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶ᠋ᠯ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠤ ᠳᠡᠰ ᠪᠣᠯᠤᠨ᠎ᠠ᠃ | ᠭᠤᠷᠪᠠᠳᠤᠭᠠᠷ ᠵᠦᠶ᠋ᠯ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠨᠢ ᠬᠤᠲᠠ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠲᠤᠬᠠᠶ ᠨᠠᠮ ᠤᠨ | ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠳ᠋ᠦᠩ ᠾᠧ ᠲᠣᠭᠤᠷᠢᠭ ᠤᠨ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠬᠡᠷᠡᠭᠲᠡᠶ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ ᠤᠨ᠂ ᠥᠪᠡᠷᠲᠡᠭᠡᠨ ᠵᠠᠰᠠᠬᠤ ᠣᠷᠣᠨ ᠤ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ | ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠬᠠᠤᠯᠢ ᠴᠠᠭᠠᠵᠠ ᠬᠠᠤᠯᠢ | ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠡᠷᠭᠡ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ | ᠣᠷᠣᠨ ᠤ ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠶᠢᠨ ᠵᠢᠷᠤᠮᠵᠢᠯ ᠤᠨ | ᠴᠢᠨᠠᠷᠲᠠᠶ ᠪᠢᠴᠢᠭ ᠮᠠᠲ ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ | ᠃ ᠪᠦᠬᠦ ᠣᠷᠣᠨ ᠤ ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠥᠭᠵᠢᠯᠲᠡ ᠶᠢᠨ | ᠲᠥᠯᠥᠪᠵᠢᠭᠦᠯᠭᠡ᠂ ᠠᠵᠢᠯ ᠤᠨ ᠲᠥᠯᠥᠪᠯᠡᠭᠡ ᠵᠢᠴᠢ ᠬᠠᠮᠢᠶ᠎ᠠ ᠪᠦᠬᠦᠢ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | ︵ᠬᠤᠶᠠᠷ︶ ᠪᠦᠬᠦ ᠣᠷᠣᠨ ᠤ ᠬᠤᠲᠠ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯ ᠤᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠵᠤ | ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠬᠦ ᠶᠢ ᠬᠠᠷᠢᠭᠤᠴᠠᠨ᠎ᠠ᠃ ᠪᠦᠬᠦ ᠣᠷᠣᠨ ᠤ ᠴᠢᠨᠠᠷᠲᠠᠶ ᠬᠤᠲᠠ ᠶᠢᠨ | ᠬᠠᠮᠢᠶᠠᠷᠤᠯᠲᠠ ᠶᠢᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ︵ᠭᠤᠷᠪᠠ︶ ᠪᠦᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠪᠠᠶᠢᠭᠤᠯᠤᠮᠵᠢ ᠪᠣᠯᠤᠨ ᠬᠠᠷᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯᠲᠠᠨ ᠤ ᠠᠵᠢᠯ ᠤᠨ ᠰᠤᠷᠲᠠᠯ᠂ ᠠᠵᠢᠯ ᠤᠨ | ᠰᠠᠬᠢᠯᠭ᠎ᠠ ᠪᠠᠲᠤ᠂ ᠬᠠᠤᠯᠢ ᠶᠣᠰᠣᠭᠠᠷ ᠵᠠᠰᠠᠭ ᠶᠠᠪᠤᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ | ᠠᠵᠢᠯᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ | ︵ᠳᠥᠷᠪᠡ︶ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠪᠠᠷ ᠬᠢ | ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠢ ᠲᠥᠯᠥᠪᠵᠢᠭᠦᠯᠬᠦ᠂ ᠪᠥᠲᠥᠭᠡᠨ ᠪᠠᠶᠢᠭᠤᠯᠬᠤ᠂ ᠬᠡᠷᠡᠭᠯᠡᠬᠦ ᠪᠠ | ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠲᠠᠪᠤ︶ ᠪᠦᠬᠦ ᠣᠷᠣᠨ ᠤ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠦᠬᠦ ᠣᠷᠣᠨ ᠤ ᠳᠡᠯᠭᠡᠭᠦᠷ ᠤᠨ ᠫᠠᠶᠢᠰᠠ ᠢᠯᠡᠷᠬᠡᠶᠢᠯᠡᠯ ᠲᠣᠬᠢᠷᠠᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠲᠠ ᠶᠢᠨ ᠦᠵᠡᠮᠵᠢ ᠶᠢᠨ ᠬᠠᠮᠢᠶᠠᠷᠤᠯᠲᠠ ︵ᠬᠡᠷ ᠤᠨ ᠭᠠᠳᠠᠨᠠᠬᠢ ᠵᠠᠷ ᠮᠡᠳᠡᠭᠡ ᠶᠢᠨ ᠪᠠᠶᠢᠷᠢᠯᠠᠭᠤᠯᠤᠯᠲᠠ ᠶᠢᠨ | ᠬᠠᠮᠢᠶᠠᠷᠤᠯᠲᠠ ᠠᠴᠠ ᠪᠤᠰᠤᠳ︶ ᠲᠠᠯ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ | ᠲᠣᠭᠲᠠᠭᠠᠭᠰᠠᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ | ︵ᠵᠢᠷᠭᠤᠭ᠎ᠠ︶ ᠣᠷᠣᠨ ᠤ ᠬᠠᠮᠢᠶᠠᠷᠤᠯᠲᠠ ᠶᠢᠨ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠠᠮᠢᠳᠤᠷᠠᠯ ᠤᠨ ᠬᠤᠭ | ᠨᠣᠪᠰᠢ᠂ ᠬᠤᠭᠤᠯᠠᠨ ᠭᠡᠷ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠬᠢᠭᠡᠳ ᠬᠤᠭ ᠨᠣᠪᠰᠢ | ᠰᠢᠶ᠋ᠳᠪᠦᠷᠢᠯᠡᠬᠦ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠪᠠᠯᠭᠠᠰᠤ᠂ | ᠲᠣᠰᠬᠤᠨ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ | ᠠᠵᠢᠯ ᠢ ᠬᠠᠷᠢᠭᠤᠴᠠᠨ᠎ᠠ᠃ | ︵ᠳᠣᠯᠤᠭ᠎ᠠ︶ ᠬᠤᠲᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ | ᠬᠠᠷᠢᠭᠤᠴᠠᠨ ᠬᠡᠷᠡᠭᠵᠢᠭᠦᠯᠦᠨ᠎ᠡ᠃ | ︵ᠨᠠᠶ᠋ᠮᠠ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ | ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠃ | ︵ᠶᠢᠰᠦ︶ ᠪᠠᠯᠭᠠᠰᠤ ᠶᠢᠨ ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠠᠴᠠ ᠵᠥᠷᠢᠴᠡᠭᠰᠡᠨ | ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠶᠢ ᠬᠠᠷᠢᠭᠤᠴᠠᠨ᠎ᠠ︔ ᠬᠤᠲᠠ | ᠬᠥᠳᠡᠭᠡ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠲᠠᠯ᠎ᠠ ᠪᠠᠷ ︽ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠠᠳᠤᠶ ᠪᠠᠷ ᠪᠦᠲᠦᠭᠡᠨ ᠪᠠᠶᠢᠭᠤᠯᠤᠯᠲᠠ | ᠬᠢᠬᠦ ᠳᠤ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ︔ ᠪᠦᠬᠦ ᠣᠷᠣᠨ ᠤ | ᠵᠡᠭᠡᠯᠢ ᠳᠠᠭᠠᠤ ᠶᠢᠨ ᠪᠠᠶᠢᠭ᠎ᠠ ᠪᠠᠷᠢᠯᠭ᠎ᠠ ᠶᠢᠨ ᠭᠠᠳᠠᠷ ᠲᠠᠯ᠎ᠠ ᠶᠢᠨ ᠴᠢᠮᠡᠭᠯᠡᠯ᠂ ᠵᠠᠰᠠᠵᠤ ᠥᠭᠡᠷᠡᠴᠢᠯᠡᠬᠦ ᠶᠢᠨ | ᠲᠥᠯᠥᠪᠵᠢᠭᠦᠯᠦᠨ ᠬᠠᠮᠢᠶᠠᠷᠬᠤ ᠪᠠ ᠣᠯᠠᠨ ᠨᠡᠶᠢᠲᠡ ᠶᠢᠨ ᠣᠷᠣᠨ ᠵᠠᠶ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠠᠷᠪᠠ︶ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ᠂ ᠬᠠᠤᠯᠢ ᠲᠣᠭᠲᠠᠭᠠᠯ | ᠂ ᠳᠦᠷᠢᠮ ᠲᠣᠭᠲᠠᠭᠠᠯ ᠳᠤ ᠲᠣᠭᠲᠠᠭᠠᠭᠰᠠᠨ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ | ᠣᠷᠣᠨ ᠤ ᠳᠣᠲᠣᠷ᠎ᠠ ᠳᠤᠷ᠎ᠠ ᠪᠠᠷ ᠢᠶᠠᠨ ᠭᠡᠷ ᠪᠠᠷᠢᠯᠭ᠎ᠠ ᠪᠠᠷᠢᠵᠤ᠂ ᠣᠷᠣᠨ ᠰᠠᠭᠤᠴᠠ ᠶᠢᠨ ᠭᠠᠳᠠᠷ ᠪᠣᠰᠤᠭ᠎ᠠ ᠲᠠᠯ᠎ᠠ | ᠪᠤᠶᠤ ᠭᠠᠳᠠᠷ ᠬᠡᠷᠡᠮ ᠳᠡᠭᠡᠷ᠎ᠡ ᠡᠭᠦᠳᠡ ᠴᠣᠩᠬᠤ ᠪᠠᠨ ᠨᠡᠭᠡᠭᠡᠭᠰᠡᠨ ᠪᠠᠶᠢᠪᠠᠯ ᠵᠠᠰᠠᠭ ᠵᠠᠬᠢᠷᠭᠠᠨ ᠢᠶᠠᠷ ᠰᠢᠳᠬᠡᠨ | ᠲᠣᠷᠭᠠᠬᠤ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠃ | ︵ᠠᠷᠪᠠᠨ ᠨᠢᠭᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ | ᠴᠠᠭᠠᠵᠠ᠂ ᠬᠠᠤᠯᠢ ᠲᠣᠭᠲᠠᠭᠠᠯ᠂ ᠲᠣᠭᠲᠠᠭᠠᠭᠰᠠᠨ ᠪᠦᠬᠦ ᠣᠷᠣᠨ ᠤ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ | ᠪᠣᠬᠢᠷᠲᠤᠯ ︵ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠡᠭᠦᠷᠭᠡᠯᠡᠵᠦ ᠪᠦᠬᠦᠢ ᠨᠡᠶᠢᠭᠡᠮ ᠤᠨ ᠠᠮᠢᠳᠤᠷᠠᠯ ᠤᠨ | ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠷᠢᠭᠤᠴᠠᠯᠭ᠎ᠠ ᠠᠴᠠ ᠭᠠᠳᠠᠨ᠎ᠠ︶᠂ ᠪᠠᠷᠢᠯᠭ᠎ᠠ ᠶᠢᠨ | ᠠᠵᠢᠯ ᠤᠨ ᠱᠤᠤᠭᠢᠶᠠᠨ ᠤ ᠪᠣᠬᠢᠷᠲᠤᠯ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠲᠣᠭᠤᠰᠣ ᠳᠡᠭᠳᠡᠭᠡᠬᠦ | ᠪᠣᠬᠢᠷᠲᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠣᠰᠣ ᠤᠲᠤᠭ᠎ᠠ ᠶᠢᠨ ᠪᠣᠬᠢᠷᠲᠤᠯ᠂ ᠵᠠᠳᠠᠭᠠᠶ | ᠰᠢᠷᠠᠵᠤ ᠬᠠᠭᠰᠠᠭᠠᠬᠤ ᠪᠣᠬᠢᠷᠲᠤᠯ᠂ ᠬᠤᠲᠠ ᠶᠢᠨ ᠴᠠᠷᠳᠠᠮᠠᠯ ᠰᠢᠶᠠᠩᠵᠢᠶᠤᠤ ᠰᠦᠯᠢᠶᠣᠣ ᠠᠷᠠᠰᠤ ᠰᠢᠷᠢ ᠶᠢᠨ ᠬᠤᠭ | ᠨᠣᠪᠰᠢ ᠵᠡᠷᠭᠡ ᠤᠲᠤᠭ᠎ᠠ ᠲᠣᠭᠤᠰᠣ ᠪᠠ ᠦᠮᠡᠬᠡᠶ ᠦᠨᠦᠷ ᠤᠨ ᠪᠣᠬᠢᠷᠲᠤᠯ᠂ ᠵᠠᠳᠠᠭᠠᠶ ᠰᠢᠲᠠᠭᠠᠭᠰᠠᠨ ᠡᠰᠢ ᠰᠦᠷᠡᠯ | ᠨᠠᠪᠴᠢ ᠵᠡᠷᠭᠡ ᠤᠲᠤᠭ᠎ᠠ ᠲᠣᠭᠤᠰᠣᠨ ᠤ ᠪᠣᠬᠢᠷᠲᠤᠯ᠂ ᠬᠤᠸᠠᠷ ᠫᠤᠤᠵᠢᠩ ᠤᠨ ᠪᠣᠬᠢᠷᠲᠤᠯ ᠵᠡᠷᠭᠡ ᠲᠠᠯ᠎ᠠ ᠪᠠᠷ ᠬᠢ | ᠵᠠᠰᠠᠭ ᠵᠠᠬᠢᠷᠭᠠᠨ ᠤ ᠰᠢᠳᠬᠡᠨ ᠲᠣᠷᠭᠠᠬᠤ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠃ | ︵ᠠᠷᠪᠠᠨ ᠬᠤᠶᠠᠷ︶ ᠠᠵᠤ ᠦᠢᠯᠡᠳᠪᠦᠷᠢ ᠬᠤᠳᠠᠯᠳᠤᠭ᠎ᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠭᠡᠷ ᠤᠨ ᠭᠠᠳᠠᠨᠠᠬᠢ ᠣᠯᠠᠨ | ᠨᠡᠶᠢᠲᠡ ᠶᠢᠨ ᠭᠠᠵᠠᠷ ᠲᠠᠯᠠᠪᠤᠷ ᠤᠨ ᠰᠢᠯᠵᠢᠯᠲᠡ ᠳᠤ ᠦᠨᠡᠮᠯᠡᠯ ᠦᠭᠡᠶ ᠪᠠᠷ ᠡᠵᠡᠩᠨᠡᠬᠦ ᠵᠠᠰᠠᠭ ᠵᠠᠬᠢᠷᠭᠠᠨ ᠤ ᠰᠢᠳᠬᠡᠨ | ᠲᠣᠷᠭᠠᠬᠤ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠶᠢᠨ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠭᠡᠷ ᠤᠨ ᠭᠠᠳᠠᠨᠠᠬᠢ ᠣᠯᠠᠨ | ᠨᠡᠶᠢᠲᠡ ᠶᠢᠨ ᠭᠠᠵᠠᠷ ᠲᠠᠯᠠᠪᠤᠷ ᠤᠨ ᠨᠡᠭᠦᠳᠡᠯ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠦᠷ ᠴᠢᠭ ᠢ | ᠦᠨᠡᠮᠯᠡᠯ ᠦᠭᠡᠶ ᠪᠠᠷ ᠡᠵᠡᠩᠨᠡᠬᠦ᠂ ᠵᠢᠴᠢ ᠵᠡᠭᠡᠯᠢ ᠭᠤᠳᠤᠮᠵᠢ ᠶᠢᠨ ᠬᠠᠤᠯᠢ ᠠᠴᠠ ᠵᠥᠷᠢᠴᠡᠨ ᠡᠮ ᠤᠨ ᠵᠦᠢᠯ ᠢ | ᠡᠭᠡᠭᠦᠯᠦᠨ ᠬᠤᠷᠢᠶᠠᠵᠤ ᠫᠠᠨᠽᠠᠯᠠᠬᠤ ᠳᠤ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠠᠷᠢᠭᠤᠴᠠᠨ | ᠬᠡᠷᠡᠭᠵᠢᠭᠦᠯᠦᠨ᠎ᠡ᠃ | ︵ᠠᠷᠪᠠᠨ ᠳᠥᠷᠪᠡ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠶᠢᠨ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠬᠤᠲᠠ ᠶᠢᠨ ᠵᠠᠮ ᠢ | ᠡᠵᠡᠯᠡᠭᠰᠡᠨ᠂ ᠬᠠᠤᠯᠢ ᠠᠴᠠ ᠵᠥᠷᠢᠴᠡᠨ ᠲᠡᠷᠭᠡ ᠬᠥᠰᠬᠡ ᠲᠠᠯᠪᠢᠭᠰᠠᠨ ᠵᠡᠷᠭᠡ ᠳᠤ ᠵᠠᠰᠠᠭ ᠵᠠᠬᠢᠷᠭᠠᠨ ᠢᠶᠠᠷ ᠰᠢᠳᠬᠡᠨ | ᠲᠣᠷᠭᠠᠬᠤ ᠡᠷᠬᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠬᠡᠷᠡᠭᠵᠢᠭᠦᠯᠬᠦ ᠬᠡᠷᠡᠭᠲᠡᠶ᠃ | ︵ᠠᠷᠪᠠᠨ ᠲᠠᠪᠤ︶ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠳᠤ ᠲᠣᠭᠲᠠᠭᠠᠭᠰᠠᠨ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠭᠤᠣᠯ ᠤᠨ ᠵᠠᠮ ᠳᠤ | ᠬᠠᠶᠠᠭᠳᠠᠮᠠᠯ ᠡᠳ ᠪᠠ ᠬᠤᠭ ᠨᠣᠪᠰᠢ ᠬᠠᠶᠠᠬᠤ ᠵᠢᠴᠢ ᠲᠣᠭᠲᠠᠭᠠᠯ ᠠᠴᠠ ᠵᠥᠷᠢᠴᠡᠨ ᠰᠢᠷᠣᠶ ᠠᠪᠬᠤ᠂ ᠬᠤᠲᠠ ᠶᠢᠨ | ᠭᠤᠣᠯ ᠤᠨ ᠵᠠᠮ ᠤᠨ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠵᠡᠷᠭᠡ ᠳᠤ ᠵᠠᠰᠠᠭ | ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠠᠷᠢᠭᠤᠴᠠᠨ ᠬᠡᠷᠡᠭᠵᠢᠭᠦᠯᠦᠨ᠎ᠡ᠃ | ︵ᠠᠷᠪᠠᠨ ᠵᠢᠷᠭᠤᠭ᠎ᠠ︶ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠳᠤᠮᠳᠠᠬᠢ ᠵᠠᠭᠠᠯᠳᠤᠬᠤ᠂ ᠵᠠᠷᠭᠤ ᠬᠦᠯᠢᠶᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ | ᠬᠠᠮᠢᠶ᠎ᠠ ᠪᠦᠬᠦᠢ ᠴᠢᠬᠤᠯᠠ ᠶᠡᠭᠡ ᠬᠡᠷᠡᠭ ᠪᠠ ᠳᠡᠭᠡᠰᠦ ᠱᠠᠲᠤᠨ ᠤ ᠲᠤᠰᠢᠶᠠᠨ ᠰᠢᠶ᠋ᠳᠪᠦᠷᠢᠯᠡᠭᠦᠯᠦᠭᠰᠡᠨ ᠬᠡᠷᠡᠭ ᠢ | ᠳᠠᠭᠠᠭᠠᠨ ᠰᠢᠶ᠋ᠳᠪᠦᠷᠢᠯᠡᠨ᠎ᠡ᠃ | ︵ᠠᠷᠪᠠᠨ ᠳᠣᠯᠤᠭ᠎ᠠ︶ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠨᠠᠶ᠋ᠮᠠ︶ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄᠃ | ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠯᠦᠭᠡ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ | ᠬᠤᠲᠠ ᠲᠣᠭᠤᠷᠢᠭ ᠬᠤᠶᠠᠷ ᠱᠠᠲᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠨᠢ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠡᠷᠬᠡ ᠬᠠᠷᠢᠭᠤᠴᠠᠯᠭ᠎ᠠ ᠶᠢ | ᠨᠢᠭᠡᠳᠦᠯᠲᠡᠶ ᠪᠠᠶᠢᠯᠭᠠᠬᠤ᠂ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ︾ ᠵᠠᠷᠴᠢᠮ ᠪᠠ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠳᠡᠰ ᠤᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ | ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠦᠯᠲᠡ ᠪᠠ ᠬᠠᠮᠢᠶᠠᠷᠤᠯᠲᠠ ᠳᠤ ᠳᠣᠭᠢᠷᠠᠬᠤ ᠡᠭᠦᠷᠭᠡ ᠬᠠᠷᠢᠭᠤᠴᠠᠯᠭ᠎ᠠ ᠶᠢ | ᠳᠣᠷᠣᠭᠰᠢ ᠪᠠᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ | ᠪᠠᠭᠤᠯᠭᠠᠵᠤ ᠭᠦᠶ᠋ᠴᠡᠳᠬᠡᠭᠦᠯᠵᠦ᠂ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠲᠤᠰᠬᠠᠶ ᠮᠡᠷᠭᠡᠵᠢᠯ ᠤᠨ | ᠴᠢᠨᠠᠷ ᠢᠶᠠᠷ ᠴᠢᠩᠭ᠎ᠠ᠂ ᠬᠤᠲᠠ ᠶᠢᠨ ᠱᠠᠲᠤᠨ ᠠᠴᠠ ᠨᠢᠭᠡᠳᠦᠯᠲᠡᠶ ᠬᠠᠮᠢᠶᠠᠷᠬᠤ ᠳᠤ ᠲᠥᠬᠦᠮ᠂ ᠣᠷᠣᠨ ᠪᠦᠰᠡ | ᠠᠯᠤᠰᠯᠠᠭᠰᠠᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ | ᠲᠠᠯ᠎ᠠ ᠪᠠᠷ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ | ᠲᠥᠪᠯᠡᠷᠡᠭᠦᠯᠦᠨ ᠬᠡᠷᠡᠭᠵᠢᠭᠦᠯᠦᠨ᠎ᠡ᠃ | ᠳᠥᠷᠪᠡᠳᠦᠭᠡᠷ ᠵᠦᠶ᠋ᠯ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠨᠢ ᠳᠤᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠵᠠᠰᠠᠭ ᠤᠨ ᠶᠠᠪᠤᠳᠠᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠠᠶᠢᠭᠤᠯᠤᠯᠭ᠎ᠠ ᠶᠢᠨ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ ᠧᠷᠢᠶᠠᠯ | ᠲᠤᠭᠤᠷᠪᠢᠬᠤ᠂ ᠪᠢᠴᠢᠭ ᠮᠠᠲ ᠧᠷᠢᠶᠠᠯ ᠴᠠᠬᠢᠯᠭᠠᠨ ᠮᠡᠳᠡᠭᠡ ᠪᠠᠷ ᠰᠢᠶ᠋ᠳᠪᠦᠷᠢᠯᠡᠬᠦ᠂ ᠨᠠᠷᠢᠨ ᠪᠢᠴᠢᠭ᠂ ᠬᠤᠷᠠᠯ ᠤᠨ | ᠶᠠᠪᠤᠳᠠᠯ᠂ ᠡᠳ ᠤᠨ ᠶᠠᠪᠤᠳᠠᠯ᠂ ᠲᠣᠭᠲᠠᠮᠠᠯ ᠡᠳ ᠬᠥᠷᠥᠩᠭᠡ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ | ᠴᠢᠬᠤᠯᠠ ᠨᠢᠭᠤᠴᠠ ᠶᠢ ᠬᠠᠮᠠᠭᠠᠯᠠᠬᠤ᠂ ᠪᠢᠴᠢᠭ ᠬᠠᠷ᠎ᠠ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ | ᠪᠣᠳᠠᠲᠠᠶ ᠬᠠᠷᠢᠭᠤᠴᠠᠨ᠎ᠠ᠃ ᠬᠠᠮᠢᠶ᠎ᠠ ᠪᠥᠬᠦᠶ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ | ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ | ᠭᠦᠶ᠋ᠴᠡᠳᠬᠡᠨ᠎ᠡ᠃ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠵᠠᠬᠢᠳᠠᠯ ᠰᠤᠷᠪᠤᠯᠵᠢᠯᠠᠯ᠂ | ᠶᠡᠷᠦᠩᠬᠡᠶᠢᠯᠡᠨ ᠵᠠᠰᠠᠵᠤ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠶᠠᠪᠤᠳᠠᠯ ᠤᠨ ᠬᠦᠯᠢᠶᠡᠨ ᠠᠪᠬᠤ ᠵᠡᠷᠭᠡ ᠠᠵᠢᠯ ᠢ ᠬᠠᠷᠢᠭᠤᠴᠠᠨ᠎ᠠ᠃ ᠠᠷᠠᠳ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠦᠷᠦᠭᠦᠯᠡᠨ ᠭᠦᠢᠴᠡᠳᠬᠡᠨ᠎ᠡ | ᠃ ᠠᠯᠪᠠᠨ ᠭᠡᠷ᠂ ᠠᠷᠤ ᠲᠠᠯ᠎ᠠ ᠶᠢᠨ ᠪᠠᠲᠤᠯᠠᠭ᠎ᠠ᠂ ᠲᠡᠷᠭᠡ ᠬᠥᠰᠬᠡ ᠶᠢᠨ ᠬᠠᠮᠢᠶᠠᠷᠤᠯᠲᠠ᠂ ᠠᠮᠤᠷ ᠲᠦᠪᠰᠢᠨ ᠢ | ᠬᠠᠮᠠᠭᠠᠯᠠᠬᠤ ᠵᠡᠷᠭᠡ ᠠᠵᠢᠯ ᠶᠠᠪᠤᠳᠠᠯ ᠢ ᠬᠠᠷᠢᠭᠤᠴᠠᠨ᠎ᠠ᠃ ᠲᠡᠷᠭᠡ ᠬᠥᠰᠬᠡ᠂ ᠲᠡᠮᠳᠡᠭ᠂ ᠬᠤᠪᠴᠠᠰᠤ ᠬᠤᠨᠠᠷ ᠵᠡᠷᠭᠡ | ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ᠂ ᠲᠡᠮᠳᠡᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠠᠶᠢᠭᠤᠯᠭ᠎ᠠ ᠶᠢᠨ ᠠᠯᠪᠠᠨ ᠠᠵᠢᠯ ᠤᠨ ᠠᠦ᠋ᠲ᠋ᠣᠴᠢᠯᠠᠯᠲᠠ ᠶᠢᠨ ᠠᠵᠢᠯ ᠢ ᠵᠣᠬᠢᠴᠠᠭᠤᠯᠤᠨ ᠰᠢᠶ᠋ᠳᠪᠦᠷᠢᠯᠡᠨ᠎ᠡ᠃ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠰᠠᠬᠢᠯᠭ᠎ᠠ ᠪᠠᠲᠤ ᠣᠪᠣᠷ ᠰᠤᠷᠲᠠᠯ ᠢ | ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠤᠨ | ᠲᠣᠬᠢᠷᠠᠭᠤᠯᠬᠤ᠂ ᠰᠢᠶ᠋ᠳᠪᠦᠷᠢᠯᠡᠬᠦ ᠪᠠ ᠡᠷᠦᠬᠡ ᠶᠢᠨ ᠴᠡᠷᠢᠭ ᠵᠡᠷᠭᠡ ᠠᠵᠢᠯ ᠢ ᠬᠠᠷᠢᠭᠤᠴᠠᠨ᠎ᠠ᠃ ᠺᠠᠳ᠋ᠷ ᠠᠵᠢᠯᠲᠠᠨ ᠤ | ᠶᠠᠪᠤᠳᠠᠯ ᠤᠨ ᠳᠦᠷᠢᠮ ᠤᠨ ᠥᠭᠡᠷᠡᠴᠢᠯᠡᠯᠲᠡ᠂ ᠺᠠᠳ᠋ᠷ ᠤᠨ ᠡᠩᠨᠡᠭᠡᠨ ᠤ ᠬᠠᠮᠢᠶᠠᠷᠤᠯᠲᠠ ᠵᠢᠴᠢ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠪᠠᠶᠢᠭᠤᠯᠤᠯᠭ᠎ᠠ ᠪᠣᠯᠤᠨ ᠬᠠᠷᠢᠶ᠎ᠠ ᠪᠦᠬᠦᠢ ᠠᠵᠢᠯ | ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠤᠨ ᠬᠠᠮᠢᠶᠠᠷᠤᠯᠲᠠ᠂ ᠠᠵᠢᠯᠲᠠᠨ ᠤ | ᠬᠠᠮᠢᠶᠠᠷᠤᠯᠲᠠ᠂ ᠪᠣᠯᠪᠠᠰᠤᠷᠠᠭᠤᠯᠤᠯ ᠬᠢᠵᠦ ᠬᠢᠨᠠᠨ ᠰᠢᠯᠭᠠᠬᠤ᠂ ᠶᠠᠳᠠᠭᠤ ᠶᠢ ᠲᠡᠳᠬᠦᠨ ᠬᠠᠪᠰᠤᠷᠤᠨ ᠪᠠᠶᠢᠭᠤᠯᠬᠤ | ᠵᠢᠴᠢ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶ᠋ᠯ ᠤᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠶᠢᠯᠡᠨ ᠪᠦᠷᠢᠳᠬᠡᠬᠦ ᠠᠵᠢᠯ ᠢ ᠬᠠᠷᠢᠭᠤᠴᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ︵ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠰᠤᠭ︶᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ | ᠪᠦᠬᠦᠢ ᠬᠤᠲᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠵᠡᠷᠭᠡ ᠶᠢ | ᠬᠠᠷᠢᠭᠤᠴᠠᠨ ᠤᠬᠠᠭᠤᠯᠤᠨ ᠲᠤᠤᠱᠯᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠳᠦᠷᠢᠮ ᠤᠨ ᠬᠥᠮᠦᠵᠢᠯ᠂ | ᠬᠠᠤᠯᠢ ᠳᠦᠷᠢᠮ ᠤᠨ ᠪᠣᠯᠪᠠᠰᠤᠷᠠᠭᠤᠯᠤᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠪᠣᠯᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ ᠠᠯᠪᠠᠨ ᠪᠢᠴᠢᠭ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ | ᠡᠩ ᠤᠨ ᠳᠡᠰ ᠳᠠᠷᠠᠭᠠᠯᠠᠯ ᠤᠨ ᠬᠡᠷᠡᠭ ᠢ ᠬᠢᠨᠠᠨ ᠬᠠᠷᠭᠤᠭᠤᠯᠬᠤ ᠪᠠ ᠴᠢᠬᠤᠯᠠ ᠶᠡᠭᠡ ᠬᠡᠷᠡᠭ ᠢ ᠳᠡᠭᠡᠭᠰᠢ ᠮᠡᠳᠡᠭᠦᠯᠬᠦ᠂ | ᠳᠠᠩᠰᠠᠯᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠳᠤ ᠬᠤᠯᠪᠣᠭᠳᠠᠭᠰᠠᠨ | ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠶ᠋ᠳᠪᠦᠷᠢᠯᠡᠨ᠎ᠡ᠃ ᠡᠷᠬᠡ ᠶᠢᠨ ᠬᠡᠪᠴᠢᠶ᠎ᠡ | ᠶᠣᠰᠣᠭᠠᠷ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠠᠷᠭᠤ ᠪᠠ ᠭᠡᠷᠡᠴᠢᠯᠡᠭᠡ ᠰᠣᠨᠣᠰᠬᠤ ᠵᠡᠷᠭᠡ ᠠᠵᠢᠯ ᠢ ᠳᠠᠭᠠᠭᠠᠨ | ᠬᠢᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠢᠷᠢ ᠬᠡᠮ ᠢ ᠭᠡᠷᠡᠴᠢᠯᠡᠬᠦ᠂ ᠦᠨᠡᠮᠯᠡᠯ ᠣᠯᠭᠤᠬᠤ | ᠪᠠ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢ ᠵᠢᠷᠤᠮᠵᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠴᠢᠬᠤᠯᠠ | ᠶᠡᠭᠡ ᠵᠢᠴᠢ ᠪᠤᠳᠤᠯᠢᠶᠠᠨᠲᠠᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠢ ᠰᠢᠭᠦᠬᠦ ᠪᠠ ᠰᠢᠮᠳᠠᠭᠤᠯᠤᠨ | ᠰᠢᠶ᠋ᠳᠪᠦᠷᠢᠯᠡᠬᠦ ᠶᠢ ᠬᠠᠷᠢᠭᠤᠴᠠᠨ᠎ᠠ᠃ ᠬᠤᠲᠠ ᠶᠢᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠵᠢᠴᠢ ᠲᠡᠷᠢᠭᠦᠨ ᠤ | ᠨᠡᠶᠢᠲᠡᠯᠢᠭ ᠵᠢᠱᠢᠶ᠎ᠡ ᠶᠢ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠤᠬᠠᠭᠠᠯᠠᠨ᠎ᠠ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠲᠠᠰᠤᠭ᠃ ᠬᠤᠲᠠ ᠶᠢᠨ ᠬᠠᠮᠢᠶᠠᠷᠤᠯᠲᠠ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠷᠢᠮᠵᠢᠶ᠎ᠠ᠂ ᠬᠢᠨᠠᠨ ᠰᠢᠯᠭᠠᠵᠤ ᠦᠨᠡᠯᠡᠬᠦ ᠠᠷᠭ᠎ᠠ ᠪᠣᠯᠤᠨ ᠬᠡᠷᠡᠭᠵᠢᠭᠦᠯᠬᠦ | ᠨᠠᠷᠢᠨ ᠳᠦᠷᠢᠮ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠢ ᠨᠠᠶᠢᠳᠠᠪᠤᠷᠢᠵᠢᠭᠤᠯᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ | ᠬᠢᠨᠠᠨ ᠰᠢᠯᠭᠠᠵᠤ ᠬᠢᠨᠠᠨ ᠡᠵᠡᠮᠳᠡᠬᠦ ᠭᠦᠶ᠋ᠴᠡᠳᠬᠡᠬᠦ ᠲᠤᠭ᠎ᠠ ᠶᠢ ᠦᠨᠡᠯᠡᠬᠦ ᠠᠵᠢᠯ ᠢ ᠲᠦᠷᠦᠭᠦᠯᠡᠨ ᠬᠠᠷᠢᠭᠤᠴᠠᠨ᠎ᠠ᠃ | ᠭᠤᠣᠯᠳᠠᠯᠭ᠎ᠠ ᠲᠠᠢ ᠠᠵᠢᠯ᠂ ᠴᠢᠬᠤᠯᠠ ᠠᠵᠢᠯᠯᠠᠭ᠎ᠠ ᠪᠣᠯᠤᠨ ᠴᠢᠬᠤᠯᠠ ᠶᠡᠭᠡ ᠲᠥᠷᠥᠯ ᠵᠦᠢᠯ ᠤᠨ ᠲᠤᠰᠬᠠᠶ | ᠵᠦᠢᠯ ᠢᠶᠠᠷ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠬᠠᠤᠯᠢ ᠶᠣᠰᠣᠭᠠᠷ ᠥᠯᠥ ᠰᠢᠶ᠋ᠳᠬᠡᠭᠰᠡᠨ ᠵᠢᠴᠢ ᠳᠡᠭᠡᠰᠦ | ᠱᠠᠲᠤᠨ ᠤ ᠰᠢᠶ᠋ᠳᠪᠦᠷᠢᠯᠡᠭᠦᠯᠬᠦ ᠪᠠᠷ ᠲᠤᠰᠢᠶᠠᠭᠰᠠᠨ ᠬᠡᠷᠡᠭ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠪᠦᠬᠦ | ᠣᠷᠣᠨ ᠤ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ | ᠵᠣᠬᠢᠴᠠᠭᠤᠯᠬᠤ ᠶᠢ ᠬᠠᠷᠢᠭᠤᠴᠠᠨ᠎ᠠ᠃ ᠬᠠᠤᠯᠢ ᠬᠡᠷᠡᠭᠵᠢᠭᠦᠯᠦᠯᠲᠡ ᠶᠢ ᠦᠨᠡᠯᠡᠨ ᠶᠠᠷᠢᠯᠴᠠᠬᠤ ᠠᠵᠢᠯ ᠥᠷᠨᠢᠭᠦᠯᠬᠦ ᠶᠢ | ᠬᠠᠷᠢᠭᠤᠴᠠᠨ᠎ᠠ᠃ | ︵ᠳᠥᠷᠪᠡ︶ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠠᠰᠤᠭ᠃ ᠤᠯᠤᠰ᠂ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠠᠵᠤ ᠦᠢᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ᠂ ᠴᠡᠴᠡᠷᠯᠢᠭ ᠤᠨ | ᠨᠣᠭᠤᠭᠠᠷᠠᠭᠤᠯᠤᠯᠲᠠ ᠪᠣᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠶᠢᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠷᠬᠡ | ᠮᠡᠳᠡᠯ ᠤᠨ ᠶᠣᠰᠣᠭᠠᠷ ᠪᠦᠬᠦ ᠣᠷᠣᠨ ᠤ ᠬᠤᠲᠠ ᠶᠢᠨ ᠦᠵᠡᠮᠵᠢ ᠶᠢᠨ ᠬᠠᠮᠢᠶᠠᠷᠤᠯᠲᠠ᠂ ᠠᠵᠤ ᠦᠢᠯᠡᠳᠪᠦᠷᠢ | ᠬᠤᠳᠠᠯᠳᠤᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠭᠡᠷ ᠤᠨ ᠭᠠᠳᠠᠨᠠᠬᠢ ᠣᠯᠠᠨ ᠨᠡᠶᠢᠲᠡ ᠶᠢᠨ ᠭᠠᠵᠠᠷ ᠲᠠᠯᠠᠪᠠᠶ ᠶᠢᠨ | ᠨᠡᠭᠦᠳᠡᠯ ᠪᠥᠭᠡᠳ ᠦᠨᠡᠮᠯᠡᠯ ᠦᠭᠡᠶ ᠪᠠᠷ ᠡᠵᠡᠩᠨᠡᠬᠦ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠭᠡᠷ ᠤᠨ ᠭᠠᠳᠠᠨᠠᠬᠢ ᠣᠯᠠᠨ ᠨᠡᠶᠢᠲᠡ ᠶᠢᠨ ᠭᠠᠵᠠᠷ ᠲᠠᠯᠠᠪᠠᠶ ᠶᠢᠨ ᠨᠡᠭᠦᠳᠡᠯ ᠢᠳᠡᠭᠡᠨ ᠪᠣᠷᠣᠯᠠᠭᠤᠯᠬᠤ ᠪᠠ | ᠢᠳᠡᠭᠡᠨ ᠤᠮᠳᠠᠭᠠᠨ ᠤ ᠳᠡᠯᠭᠡᠭᠦᠷ ᠴᠢᠭ ᠢ ᠦᠨᠡᠮᠯᠡᠯ ᠦᠭᠡᠶ ᠪᠠᠷ ᠡᠵᠡᠩᠨᠡᠬᠦ᠂ ᠵᠢᠴᠢ ᠡᠮ ᠤᠨ ᠵᠦᠢᠯ ᠢ ᠬᠠᠤᠯᠢ ᠠᠴᠠ | ᠵᠥᠷᠢᠴᠡᠨ ᠡᠭᠡᠭᠦᠯᠦᠨ ᠬᠤᠷᠢᠶᠠᠵᠤ ᠫᠠᠨᠽᠠᠯᠠᠬᠤ᠂ ᠴᠡᠴᠡᠷᠯᠢᠭᠵᠢᠭᠦᠯᠦᠨ ᠨᠣᠭᠤᠭᠠᠷᠠᠭᠤᠯᠬᠤ ︵ᠬᠤᠲᠠ ᠶᠢᠨ | ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠢ ᠲᠦᠷ ᠴᠠᠭ ᠡᠵᠡᠯᠡᠨ ᠬᠡᠷᠡᠭᠯᠡᠬᠦ᠂ ᠬᠤᠲᠠ ᠶᠢᠨ ᠮᠣᠳᠣ ᠶᠢ | ᠣᠭᠲᠣᠯᠬᠤ ᠶᠢ ᠭᠠᠷᠭᠠᠪᠠᠯ︶᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠵᠠᠮ ᠢ ᠡᠵᠡᠯᠡᠬᠦ᠂ | ᠬᠠᠤᠯᠢ ᠠᠴᠠ ᠵᠥᠷᠢᠴᠡᠨ ᠲᠡᠷᠭᠡ ᠬᠥᠰᠬᠡ ᠲᠠᠯᠪᠢᠬᠤ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠬᠤ ᠬᠡᠷᠡᠭᠲᠡᠶ᠃ ᠳᠡᠯᠭᠡᠭᠦᠷ ᠤᠨ ᠫᠠᠶᠢᠰᠠ ᠢᠯᠡᠷᠬᠡᠶᠢᠯᠡᠯ ᠪᠠᠶᠢᠷᠢᠯᠠᠭᠤᠯᠬᠤ ᠬᠠᠮᠢᠶᠠᠷᠤᠯᠲᠠ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠵᠡᠭᠡᠯᠢ ᠳᠠᠭᠠᠤ ᠶᠢᠨ ᠪᠠᠶᠢᠭ᠎ᠠ ᠪᠠᠷᠢᠯᠭ᠎ᠠ ᠶᠢᠨ ᠭᠠᠳᠠᠷ | ᠲᠠᠯ᠎ᠠ ᠶᠢᠨ ᠴᠢᠮᠡᠭᠯᠡᠯ᠂ ᠵᠠᠰᠠᠵᠤ ᠥᠭᠡᠷᠡᠴᠢᠯᠡᠬᠦ ᠶᠢᠨ ᠲᠥᠯᠥᠪᠵᠢᠭᠦᠯᠦᠨ ᠬᠠᠮᠢᠶᠠᠷᠬᠤ ᠪᠠ ᠣᠯᠠᠨ ᠨᠡᠶᠢᠲᠡ ᠶᠢᠨ | ᠣᠷᠣᠨ ᠵᠠᠶ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠠᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠤᠨ | ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠡᠷᠡᠭᠯᠡᠯᠲᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠠᠮᠢᠶ᠎ᠠ ᠪᠦᠬᠦᠢ ᠳᠦᠷᠢᠮ᠂ ᠲᠤᠬᠠᠶᠢᠯᠠᠭᠰᠠᠨ ᠠᠵᠢᠯ ᠤᠨ ᠲᠥᠯᠥᠪᠵᠢᠭᠦᠯᠭᠡ᠂ ᠬᠠᠮᠢᠶᠠᠷᠤᠯᠲᠠ ᠶᠢᠨ ᠪᠠᠷᠢᠮᠵᠢᠶ᠎ᠠ ᠵᠢᠴᠢ | ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠢ ᠵᠣᠬᠢᠶᠠᠨ | ᠪᠠᠶᠢᠭᠤᠯᠤᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠶ᠃ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ ᠪᠡᠯᠡᠳᠬᠡᠯ ᠲᠥᠰᠦᠯ ᠲᠣᠭᠲᠠᠭᠠᠵᠤ᠂ ᠵᠣᠬᠢᠴᠠᠭᠤᠯᠤᠨ ᠰᠢᠶ᠋ᠳᠪᠦᠷᠢᠯᠡᠬᠦ ᠳᠤ | ᠣᠷᠣᠯᠴᠠᠬᠤ ᠬᠡᠷᠡᠭᠲᠡᠶ᠃ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠪᠦᠷᠢᠳᠬᠡᠬᠦ ᠠᠵᠢᠯ ᠢ ᠬᠠᠷᠢᠭᠤᠴᠠᠨ᠎ᠠ᠃ | ︵ᠲᠠᠪᠤ︶ ᠲᠥᠯᠥᠪᠵᠢᠭᠦᠯᠭᠡ ᠪᠠ ᠬᠤᠲᠠ ᠶᠢᠨ ᠶᠠᠪᠤᠳᠠᠯ ᠤᠨ ᠲᠠᠰᠤᠭ᠃ ᠬᠤᠲᠠ ᠶᠢᠨ ᠶᠠᠪᠤᠳᠠᠯ ᠤᠨ | ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ ᠪᠣᠯᠤᠨ ᠬᠤᠲᠠ ᠶᠢᠨ ᠲᠥᠯᠥᠪᠵᠢᠭᠦᠯᠭᠡ ᠶᠢᠨ ᠲᠠᠯ᠎ᠠ ᠪᠠᠷ ᠬᠢ | ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠣᠯᠤᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠷᠬᠡ ᠮᠡᠳᠡᠯ ᠤᠨ ᠬᠡᠪᠴᠢᠶ᠎ᠡ | ᠶᠣᠰᠣᠭᠠᠷ ᠪᠦᠬᠦ ᠣᠷᠣᠨ ᠤ ᠬᠤᠲᠠ ᠶᠢᠨ ᠶᠠᠪᠤᠳᠠᠯ ᠤᠨ ᠬᠠᠮᠢᠶᠠᠷᠤᠯᠲᠠ ︵ᠬᠤᠲᠠ ᠶᠢᠨ ᠵᠠᠮ ᠢ ᠮᠠᠯᠲᠠᠬᠤ ᠪᠠ | ᠨᠡᠪᠲᠡᠯᠬᠦ ᠠᠴᠠ ᠭᠠᠳᠠᠨ᠎ᠠ︶ ᠶᠢ ᠬᠠᠷᠢᠭᠤᠴᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠪᠠᠷ ᠪᠠᠭ᠎ᠠ | ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠤ ᠳᠣᠲᠣᠷ᠎ᠠ ᠳᠤᠷ᠎ᠠ ᠪᠠᠷ ᠢᠶᠠᠨ ᠪᠠᠷᠢᠯᠭ᠎ᠠ ᠪᠠᠷᠢᠵᠤ | ᠪᠠᠶᠢᠭᠤᠯᠬᠤ᠂ ᠣᠷᠣᠨ ᠰᠠᠭᠤᠴᠠ ᠶᠢᠨ ᠭᠠᠳᠠᠷ ᠲᠠᠯ᠎ᠠ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠭᠠᠳᠠᠷ ᠬᠡᠷᠡᠮ | ᠳᠡᠭᠡᠷ᠎ᠡ ᠡᠭᠦᠳᠡ ᠴᠣᠩᠬᠤ ᠨᠡᠭᠡᠭᠡᠵᠦ᠂ ᠬᠤᠲᠠ ᠶᠢᠨ ᠲᠥᠯᠥᠪᠵᠢᠭᠦᠯᠭᠡ ᠶᠢᠨ ᠲᠠᠯ᠎ᠠ ᠪᠠᠷ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠦᠭᠡᠶ ᠪᠠᠷ | ᠪᠦᠲᠦᠭᠡᠨ ᠪᠠᠶᠢᠭᠤᠯᠤᠯᠲᠠ ᠬᠢᠭᠰᠡᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠪᠠ ᠪᠠᠯᠭᠠᠰᠤᠨ ᠤ ᠲᠥᠯᠥᠪᠵᠢᠭᠦᠯᠭᠡ | ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠶ᠋ᠳᠪᠦᠷᠢᠯᠡᠬᠦ | ᠲᠠᠯ᠎ᠠ ᠪᠠᠷ ᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠣᠷᠴᠢᠨ ᠲᠣᠭᠤᠷᠢᠨ ᠤ | ᠠᠷᠢᠭᠤᠨ ᠴᠡᠪᠡᠷ ᠤᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠲᠥᠯᠥᠪᠵᠢᠭᠦᠯᠭᠡ | ᠪᠣᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠵᠢ ᠪᠦᠷᠢᠳᠦᠭᠦᠯᠬᠦ | ᠵᠠᠷᠤᠳᠠᠯ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠳᠦᠷᠢᠮ᠂ ᠲᠤᠬᠠᠶᠢᠯᠠᠭᠰᠠᠨ | ᠠᠵᠢᠯ ᠤᠨ ᠲᠥᠯᠥᠪᠵᠢᠭᠦᠯᠭᠡ᠂ ᠬᠠᠮᠢᠶᠠᠷᠤᠯᠲᠠ ᠶᠢᠨ ᠪᠠᠷᠢᠮᠵᠢᠶ᠎ᠠ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ | ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠬᠦ ᠬᠡᠷᠡᠭᠲᠡᠶ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ | ᠪᠡᠯᠡᠳᠬᠡᠯ ᠲᠥᠰᠦᠯ ᠲᠣᠭᠲᠠᠭᠠᠵᠤ᠂ ᠵᠣᠬᠢᠴᠠᠭᠤᠯᠤᠨ ᠰᠢᠶ᠋ᠳᠪᠦᠷᠢᠯᠡᠬᠦ ᠳᠤ ᠣᠷᠣᠯᠴᠠᠬᠤ ᠬᠡᠷᠡᠭᠲᠡᠶ᠃ ᠬᠠᠮᠢᠶ᠎ᠠ ᠪᠦᠬᠦᠢ | ᠲᠤᠭ᠎ᠠ ᠪᠠᠷᠢᠮᠲᠠ ᠶᠢᠨ ᠪᠦᠷᠢᠳᠬᠡᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠣᠷᠴᠢᠨ ᠲᠣᠭᠤᠷᠢᠨ ᠢ ᠬᠠᠮᠠᠭᠠᠯᠠᠬᠤ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ᠂ ᠤᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠲᠠᠯ᠎ᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠷᠬᠡ ᠮᠡᠳᠡᠯ ᠤᠨ ᠶᠣᠰᠣᠭᠠᠷ ᠣᠷᠴᠢᠨ ᠠᠬᠤᠢ ᠶᠢᠨ | ᠬᠠᠮᠠᠭᠠᠯᠠᠯᠲᠠ ᠶᠢᠨ ᠲᠠᠯ᠎ᠠ ᠪᠠᠷ ᠨᠡᠶᠢᠭᠡᠮ ᠤᠨ ᠠᠮᠢᠳᠤᠷᠠᠯ ᠤᠨ ᠲᠠᠭᠤ ᠱᠤᠤᠭᠢᠶᠠᠨ ᠤ ᠪᠣᠬᠢᠷᠲᠤᠯ ᠢ ᠬᠠᠷᠢᠭᠤᠴᠠᠨ᠎ᠠ ︵ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡᠯᠡᠵᠦ ᠪᠠᠶᠢᠭ᠎ᠠ ᠨᠡᠶᠢᠭᠡᠮ ᠤᠨ ᠠᠮᠢᠳᠤᠷᠠᠯ ᠤᠨ ᠲᠠᠭᠤ | ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠢᠶᠠᠯ ᠬᠠᠷᠢᠭᠤᠴᠠᠯᠭ᠎ᠠ ᠠᠴᠠ ᠭᠠᠳᠠᠨ᠎ᠠ︶᠂ ᠪᠠᠷᠢᠯᠭ᠎ᠠ ᠶᠢᠨ | ᠠᠵᠢᠯ ᠤᠨ ᠱᠤᠤᠭᠢᠶᠠᠨ ᠤ ᠪᠣᠬᠢᠷᠲᠤᠯ᠂ ᠨᠤᠷᠠᠭᠠᠨ ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠲᠣᠭᠤᠰᠣᠨ ᠤ ᠪᠣᠬᠢᠷᠲᠤᠯ᠂ | ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ ᠲᠣᠰᠣᠨ ᠤᠲᠤᠭ᠎ᠠ ᠶᠢᠨ ᠪᠣᠬᠢᠷᠲᠤᠯ᠂ ᠵᠠᠳᠠᠭᠠᠶ ᠰᠢᠷᠠᠮᠠᠯ ᠤᠨ | ᠪᠣᠬᠢᠷᠲᠤᠯ᠂ ᠬᠤᠲᠠ ᠳᠤ ᠴᠠᠷᠠᠰᠤᠨ ᠭᠤᠮ ᠰᠦᠯᠢᠶᠣᠣ ᠠᠷᠠᠰᠤᠨ ᠬᠤᠭ ᠨᠣᠪᠰᠢ ᠵᠡᠷᠭᠡ ᠤᠲᠤᠭ᠎ᠠ ᠲᠣᠭᠤᠰᠣ ᠪᠠ | ᠦᠮᠡᠬᠡᠶ ᠦᠨᠦᠷ ᠤᠨ ᠪᠣᠬᠢᠷᠲᠤᠯ ᠰᠢᠲᠠᠭᠠᠨ᠎ᠠ᠂ ᠵᠠᠳᠠᠭᠠᠶ ᠰᠢᠲᠠᠭᠠᠬᠤ ᠡᠰᠢ ᠰᠦᠷᠡᠯ ᠤᠨ ᠨᠠᠪᠴᠢ ᠵᠤᠯᠭᠠᠷᠠᠬᠤ ᠵᠡᠷᠭᠡ | ᠤᠲᠤᠭ᠎ᠠ ᠲᠣᠭᠤᠰᠣᠨ ᠤ ᠪᠣᠬᠢᠷᠲᠤᠯ᠂ ᠫᠤᠤᠵᠢᠩ ᠲᠠᠯᠪᠢᠵᠤ ᠪᠣᠬᠢᠷᠲᠤᠭᠤᠯᠬᠤ᠂ ᠤᠰᠤᠨ ᠤ ᠶᠠᠪᠤᠳᠠᠯ ᠤᠨ | ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠭᠤᠤᠯ ᠤᠨ ᠵᠠᠮ ᠳᠤ ᠬᠠᠶᠠᠭᠳᠠᠮᠠᠯ | ᠪᠣᠳᠠᠰ ᠪᠠ ᠬᠤᠭ ᠨᠣᠪᠰᠢ ᠬᠠᠶᠠᠬᠤ ᠵᠢᠴᠢ ᠲᠣᠭᠲᠠᠭᠠᠯ ᠠᠴᠠ ᠵᠥᠷᠢᠴᠡᠨ ᠰᠢᠷᠣᠶ ᠠᠪᠬᠤ᠂ ᠬᠤᠲᠠ ᠶᠢᠨ ᠭᠤᠤᠯ ᠤᠨ | ᠵᠠᠮ ᠤᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠵᠡᠷᠭᠡ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠤᠯᠪᠣᠭᠳᠠᠯ | ᠪᠦᠬᠦᠢ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠲᠠᠯ᠎ᠠ ᠶᠢᠨ ᠡᠯ᠎ᠡ ᠵᠦᠢᠯ ᠤᠨ ᠬᠠᠤᠯᠢ | ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ︔ ᠪᠦᠬᠦ | ᠣᠷᠣᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠵᠢᠷᠤᠮᠵᠢᠯ ᠤᠨ | ᠴᠢᠨᠠᠷᠲᠠᠶ ᠪᠢᠴᠢᠭ ᠮᠠᠲ ᠧᠷᠢᠶᠠᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ︔ ᠡᠷᠬᠡ ᠶᠢᠨ ᠬᠡᠪᠴᠢᠶ᠎ᠡ ᠶᠣᠰᠣᠭᠠᠷ᠂ ᠬᠤᠲᠠ ᠶᠢᠨ ᠪᠠᠷᠢᠯᠭ᠎ᠠ ᠶᠢᠨ ᠬᠤᠭ | ᠨᠣᠪᠰᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠶ᠃ ᠬᠠᠮᠢᠶ᠎ᠠ ᠪᠦᠬᠦᠢ | ᠳᠦᠷᠢᠮ᠂ ᠲᠤᠬᠠᠶᠢᠯᠠᠭᠰᠠᠨ ᠠᠵᠢᠯ ᠤᠨ ᠲᠥᠯᠥᠪᠵᠢᠭᠦᠯᠭᠡ᠂ ᠬᠠᠮᠢᠶᠠᠷᠤᠯᠲᠠ ᠶᠢᠨ ᠪᠠᠷᠢᠮᠵᠢᠶ᠎ᠠ ᠵᠢᠴᠢ ᠬᠢᠨᠠᠯᠲᠠ | ᠲᠠᠯᠪᠢᠵᠤ ᠪᠠᠶᠢᠴᠠᠭᠠᠬᠤ ᠠᠷᠭ᠎ᠠ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ ᠧᠷᠢᠶᠠᠯ ᠢ ᠵᠣᠬᠢᠶᠠᠨ ᠪᠠᠶᠢᠭᠤᠯᠤᠨ | ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠶ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶ᠎ᠠ ᠪᠦᠬᠦᠢ ᠪᠡᠯᠡᠳᠬᠡᠯ ᠲᠥᠰᠦᠯ ᠲᠣᠭᠲᠠᠭᠠᠵᠤ᠂ ᠵᠣᠬᠢᠴᠠᠭᠤᠯᠤᠨ ᠰᠢᠶ᠋ᠳᠪᠦᠷᠢᠯᠡᠬᠦ ᠳᠤ ᠣᠷᠣᠯᠴᠠᠬᠤ | ᠬᠡᠷᠡᠭᠲᠡᠶ᠃ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠪᠦᠷᠢᠳᠬᠡᠬᠦ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 8 ᠨᠡᠷᠡᠰ᠃ ᠲᠣᠪᠴᠢᠶᠠᠨ ᠳᠠᠷᠤᠭ᠎ᠠ 1 | ᠬᠥᠮᠦᠨ᠂ ᠳᠡᠳ᠋ ᠲᠣᠪᠴᠢᠶᠠᠨ ᠳᠠᠷᠤᠭ᠎ᠠ 3 ᠬᠥᠮᠦᠨ ᠭᠠᠷᠭᠠᠨ᠎ᠠ᠃ | ᠵᠢᠷᠭᠤᠳᠤᠭᠠᠷ ᠵᠦᠢᠯ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ | ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰᠲᠠᠭᠠᠨ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠲᠣᠭᠤᠷᠢᠭ ᠤᠨ | ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠬᠠᠷᠢᠭᠤᠴᠠᠵᠤ᠂ | ᠲᠡᠭᠦᠨ ᠤ ᠲᠣᠬᠢᠷᠠᠭᠤᠯᠤᠯᠲᠠ ᠶᠢ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠣᠭᠲᠠᠭᠰᠠᠨ | ᠳᠡᠰ ᠳᠠᠷᠠᠭᠠᠯᠠᠯ ᠢᠶᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 30 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠬᠠᠶ᠋ᠢᠭ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠯ ᠯᠢ ᠬᠠᠭᠠᠰ ᠵᠠᠮ ᠤᠨ ᠠᠷᠠᠯ | ᠲᠣᠭᠤᠷᠢᠭᠰᠠᠨ ᠵᠠᠮ ᠠᠴᠠ ᠪᠠᠷᠠᠭᠤᠨᠰᠢ 100 ᠮᠧᠲᠷ᠃ | ᠬᠠᠷᠢᠯᠴᠠᠬᠤ ᠤᠲᠠᠰᠤ᠄ 0472 - 4106002 | ᠬᠠᠷᠢᠭᠤᠴᠠᠯᠭᠠᠲᠠᠨ᠄ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ᠵᠠᠩ ᡁᠢ ᠭᠠᠩ᠃ | ᠠᠵᠢᠯᠯᠠᠬᠤ ᠴᠠᠭ᠄ ᠦᠳᠡ ᠶᠢᠨ ᠡᠮᠦᠨ᠎ᠡ 8᠄ 30---12᠄ 00᠂ ᠦᠳᠡ ᠶᠢᠨ ᠬᠤᠶᠢᠨ᠎ᠠ 2᠄ | 30---5᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︶᠃ |