ᠳ᠋ᠦᠩ ᠾᠧ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠃
ᠨᠡᠶᠢᠲᠡᠯᠡᠭᠰᠡᠨ ᠴᠠᠭ᠄
2021/11/7
ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠄      ᠪᠠᠶ ᠵᠢᠶᠠᠩ ᠶᠤᠸᠠᠨ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ︶ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠪᠡᠭᠡᠵᠢᠩ ᠳᠤ ᠰᠠᠭᠤᠭ᠎ᠠ ᠢᠳᠬᠠᠨ ᠪᠤᠴᠠᠭᠠᠬᠤ ᠠᠵᠢᠯ ᠢ ᠬᠠᠷᠢᠭᠤᠴᠠᠨ᠎ᠠ︔      ᠭᠤᠤ ᠶᠦᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ︶ ᠲᠣᠪᠴᠢᠶᠠᠨ ᠳᠠᠷᠤᠭ᠎ᠠ ᠶᠢ ᠬᠠᠮᠵᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠢ ᠶᠢ ᠵᠣᠬᠢᠴᠠᠭᠤᠯᠤᠨ ᠲᠤᠰ ᠱᠠᠲᠤᠨ ᠤ ᠬᠠᠮᠲᠤᠯᠢᠭ ᠤᠨ ᠴᠢᠨᠠᠷᠲᠠᠢ ᠳᠡᠭᠡᠭᠰᠢ ᠰᠤᠷᠪᠤᠯᠵᠢᠯᠠᠬᠤ ᠶᠠᠪᠤᠳᠠᠯ ᠢ ᠲᠣᠬᠢᠲᠠᠢ ᠰᠢᠢᠳᠪᠦᠷᠢᠯᠡᠨ᠎ᠡ︔ ᠲᠣᠪᠴᠢᠶᠠᠨ ᠤ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ᠂ ᠨᠠᠮ ᠤᠨ ᠠᠵᠢᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔      ᠬᠤᠪᠢᠳᠠᠨ ᠬᠠᠮᠢᠶᠠᠷᠬᠤ ᠰᠠᠯᠠᠭ᠎ᠠ ᠮᠥᠴᠢᠷ᠄ ᠳ᠋ᠦᠩ ᠾᠧ ᠲᠣᠭᠤᠷᠢᠭ ᠤᠨ ᠠᠷᠠᠳ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠬᠤ ᠲᠥᠪ ︵ᠲᠤᠰ ᠱᠠᠲᠤᠨ ᠤ ᠨᠢᠭᠡᠴᠢ︶᠃      ᠯᠢ ᠶᠣᠣ ᠳ᠋ᠦᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ︶ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠲᠣᠪᠴᠢᠶᠠᠨ ᠳᠠᠷᠤᠭ᠎ᠠ ᠶᠢ ᠬᠠᠮᠵᠢᠨ ᠪᠢᠴᠢᠭ ᠮᠠᠲ᠋ᠧᠷᠢᠶᠠᠯ ᠰᠢᠶ᠋ᠳᠪᠦᠷᠢᠯᠡᠬᠦ᠂ ᠬᠤᠷᠠᠯ ᠤᠨ ᠵᠣᠬᠢᠶᠠᠨ ᠪᠠᠶᠢᠭᠤᠯᠤᠯᠲᠠ᠂ ᠪᠠᠶᠢᠭᠤᠯᠭ᠎ᠠ ᠶᠢᠨ ᠳᠦᠷᠢᠮ ᠤᠨ ᠪᠠᠶᠢᠭᠤᠯᠤᠯᠲᠠ᠂ ᠬᠠᠷᠠᠯᠲᠠᠲᠤ ᠬᠠᠮᠢᠶᠠᠷᠤᠯᠲᠠ᠂ ᠡᠳ᠋ ᠤᠨ ᠶᠠᠪᠤᠳᠠᠯ᠂ ᠮᠡᠳᠡᠭᠡ ᠵᠠᠩᠭᠢ ᠵᠡᠷᠭᠡ ᠶᠢ ᠬᠠᠷᠢᠭᠤᠴᠠᠨ᠎ᠠ︔ ᠪᠦᠬᠦ ᠲᠠᠯ᠎ᠠ ᠶᠢᠨ ᠵᠠᠬᠢᠳᠠᠯ ᠰᠤᠷᠪᠤᠯᠵᠢᠯᠠᠯ ᠤᠨ ᠲᠤᠭ᠎ᠠ ᠪᠠᠷᠢᠮᠲᠠ ᠶᠢ ᠪᠦᠷᠢᠳᠬᠡᠵᠦ ᠳᠡᠭᠡᠭᠰᠢ ᠮᠡᠳᠡᠭᠦᠯᠬᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠺᠠᠳ᠋ᠷ ᠤᠨ ᠰᠤᠷᠤᠯᠴᠠᠯᠭ᠎ᠠ᠂ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ︔ ᠲᠣᠪᠴᠢᠶᠠᠨ ᠤ ᠵᠢᠩᠬᠢᠨᠢ ᠪᠢᠴᠢᠭ ᠮᠠᠲ᠋ᠧᠷᠢᠶᠠᠯ ᠤᠨ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠣᠨ ᠤ ᠠᠵᠢᠯ ᠤᠨ ᠬᠠᠷᠠᠯᠲᠠ᠂ ᠠᠵᠢᠯ ᠤᠨ ᠳ᠋ᠦᠩᠨᠡᠯᠲᠡ᠂ ᠲᠣᠮᠣ ᠬᠡᠯᠪᠡᠷᠢ ᠶᠢᠨ ᠬᠤᠷᠠᠯ ᠤᠨ ᠮᠠᠲ᠋ᠧᠷᠢᠶᠠᠯ ᠵᠡᠷᠭᠡ ᠶᠡᠷᠦᠩᠬᠡᠶᠢᠯᠡᠭᠰᠡᠨ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠶᠢ ᠬᠠᠷᠢᠭᠤᠴᠠᠨ᠎ᠠ︔ ᠪᠡᠭᠡᠵᠢᠩ ᠳᠤ ᠣᠷᠣᠬᠤ ᠬᠦᠯᠢᠶᠡᠨ ᠠᠪᠬᠤ ᠪᠤᠰᠤ ᠲᠠᠯᠠᠪᠤᠷ ᠭᠠᠵᠠᠷ ︵ᠭᠤᠣᠯᠳᠠᠯᠭ᠎ᠠ ᠲᠠᠢ ᠭᠠᠵᠠᠷ ᠣᠷᠣᠨ︶ ᠪᠣᠯᠤᠨ ᠨᠡᠶᠢᠭᠡᠮ ᠤᠨ ᠰᠤᠷᠪᠤᠯᠵᠢᠯᠠᠯ ᠳᠤ ᠬᠤᠯᠪᠣᠭᠳᠠᠬᠤ ᠶᠢ ᠳᠡᠭᠡᠭᠰᠢ ᠮᠡᠳᠡᠭᠦᠯᠬᠦ᠂ ᠲᠤᠭ᠎ᠠ ᠪᠦᠷᠢᠳᠬᠡᠬᠦ ᠠᠵᠢᠯ ᠢ ᠬᠠᠷᠢᠭᠤᠴᠠᠨ᠎ᠠ︔ ᠪᠡᠭᠡᠵᠢᠩ ᠳᠤ ᠣᠷᠣᠵᠤ ᠱᠠᠲᠤ ᠠᠯᠤᠰᠯᠠᠨ ᠰᠤᠷᠪᠤᠯᠵᠢᠯᠠᠬᠤ ᠶᠢ ᠳᠠᠭᠠᠭᠠᠨ ᠭᠦᠶ᠋ᠴᠡᠳᠬᠡᠬᠦ᠂ ᠭᠥᠯᠢᠶᠡᠨ ᠠᠪᠴᠤ ᠰᠢᠶ᠋ᠳᠪᠦᠷᠢᠯᠡᠬᠦ᠂ ᠰᠢᠮᠳᠠᠭᠤᠯᠤᠨ ᠰᠢᠶ᠋ᠳᠪᠦᠷᠢᠯᠡᠭᠦᠯᠬᠦ᠂ ᠳᠡᠭᠡᠭᠰᠢ ᠮᠡᠳᠡᠭᠦᠯᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠭᠤᠴᠠᠯᠭᠠᠲᠤ ᠨᠢᠭᠡᠴᠡ ᠶᠢᠨ ᠲᠣᠭᠲᠠᠭᠤᠨ ᠡᠵᠡᠮᠳᠡᠬᠦ ᠬᠠᠷᠢᠭᠤᠴᠠᠯᠭ᠎ᠠ ᠶᠢᠨ ᠳᠦᠷᠢᠮ ᠪᠠ ᠲᠣᠭᠲᠠᠭᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ︔ ᠭᠠᠳᠠᠨ᠎ᠠ ᠶᠢᠨ ᠠᠵᠢᠯ ᠢ ᠬᠠᠷᠢᠭᠤᠴᠠᠬᠤ ᠵᠢᠴᠢ ᠬᠤᠲᠠ᠂ ᠥᠪᠡᠷᠲᠡᠭᠡᠨ ᠵᠠᠰᠠᠬᠤ ᠣᠷᠣᠨ ᠤ ᠪᠦᠯᠦᠭᠯᠡᠯ ᠳᠤ ᠬᠦᠷᠴᠦ ᠳᠡᠭᠡᠭᠰᠢ ᠰᠤᠷᠪᠤᠯᠵᠢᠯᠠᠬᠤ᠂ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠶᠢ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠠᠯᠪᠠᠨ ᠭᠡᠷ᠃      ᠭᠦᠸᠧ ᠢᠦᠶ ᠲᠢᠶᠠᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ︶ ᠬᠦᠯᠢᠶᠡᠨ ᠠᠪᠬᠤ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠣᠯᠠᠨ ᠲᠦᠮᠡᠨ ᠤ ᠰᠤᠷᠪᠤᠯᠵᠢᠯᠠᠯ ᠢ ᠬᠦᠯᠢᠶᠡᠨ ᠠᠪᠬᠤ ᠡᠳᠦᠷ ᠲᠤᠲᠤᠮ ᠤᠨ ᠲᠣᠬᠢᠷᠠᠭᠤᠯᠤᠯᠲᠠ ᠵᠢᠴᠢ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠬᠤᠲᠠ ᠶᠢᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠲᠤᠰᠢᠶᠠᠨ ᠭᠦᠢᠴᠡᠳᠬᠡᠯᠭᠡᠬᠦ᠂ ᠰᠢᠯᠵᠢᠭᠦᠯᠦᠨ ᠭᠦᠢᠴᠡᠳᠬᠡᠯᠭᠡᠬᠦ ᠳ᠋᠊ ᠦᠩᠾᠧ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠬᠡᠷᠡᠭ ᠢ ᠭᠦᠢᠴᠡᠳᠬᠡᠬᠦ᠂ ᠰᠢᠮᠳᠠᠭᠤᠯᠤᠨ ᠪᠠᠶᠢᠴᠠᠭᠠᠬᠤ᠂ ᠰᠢᠮᠳᠠᠭᠤᠯᠤᠨ ᠭᠦᠢᠴᠡᠳᠬᠡᠯᠭᠡᠬᠦ ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠢᠷᠡᠭᠦᠯᠦᠭᠰᠡᠨ ᠵᠠᠬᠢᠳᠠᠯ ᠢ ᠬᠦᠯᠢᠶᠡᠨ ᠠᠪᠴᠤ ᠰᠢᠶ᠋ᠳᠪᠦᠷᠢᠯᠡᠬᠦ᠂ ᠰᠢᠯᠵᠢᠭᠦᠯᠦᠨ ᠰᠢᠶ᠋ᠳᠪᠦᠷᠢᠯᠡᠭᠦᠯᠬᠦ᠂ ᠲᠤᠰᠢᠶᠠᠨ ᠰᠢᠶ᠋ᠳᠪᠦᠷᠢᠯᠡᠭᠦᠯᠬᠦ ᠠᠵᠢᠯ ᠢ ᠬᠠᠷᠢᠭᠤᠴᠠᠨ᠎ᠠ︔ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠳ᠋ᠦᠩ ᠾᠧ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠬᠢᠨ ᠪᠠᠶᠢᠴᠠᠭᠠᠵᠤ ᠬᠢᠨᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠭᠥᠯᠢᠶᠡᠨ ᠠᠪᠬᠤ ᠲᠠᠰᠤᠭ᠃ᠠᠵᠢᠯ ᠤᠨ ᠡᠭᠦᠷᠭᠡ ᠴᠢᠳᠠᠪᠤᠷᠢ᠄      ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠠᠮ ᠤᠨ ᠲᠥᠪ ᠬᠤᠷᠢᠶᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠵᠠᠬᠢᠳᠠᠯ ᠰᠤᠷᠪᠤᠯᠵᠢᠯᠠᠯ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ᠃ ᠭᠤᠣᠯ ᠡᠭᠦᠷᠭᠡ ᠬᠠᠷᠢᠭᠤᠴᠠᠯᠭ᠎ᠠ ᠨᠢ ᠄᠃      ︵ᠨᠢᠭᠡ︶ ᠳ᠋ᠦᠩ ᠾᠧ ᠲᠣᠭᠤᠷᠢᠭ ᠤᠨ ᠡᠯ᠎ᠡ ᠪᠠᠯᠭᠠᠰᠤ ︵ᠵᠡᠭᠡᠯᠢ ᠭᠤᠳᠤᠮᠵᠢ︶᠂ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠬᠤᠶᠠᠷ︶ ᠳᠡᠭᠡᠳᠦ ᠱᠠᠲᠤᠨ ᠤ ᠪᠠ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ ᠰᠢᠶ᠋ᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠤᠨ ᠵᠦᠢᠯ ᠢ ᠳᠠᠭᠠᠭᠠᠨ ᠭᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠶ᠋ᠳᠪᠦᠷᠢᠯᠡᠬᠦ ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠬᠤᠷᠢᠶᠠᠬᠤ᠃      ︵ᠭᠤᠷᠪᠠ  ︶ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠣᠬᠢᠴᠠᠭᠤᠯᠤᠨ ᠰᠢᠶ᠋ᠳᠪᠦᠷᠢᠯᠡᠬᠦ ᠶᠢ ᠬᠠᠷᠢᠭᠤᠴᠠᠨ᠎ᠠ᠃      ︵ᠳᠥᠷᠪᠡ︶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠵᠠᠳᠠᠯᠬᠤ ᠶᠢ ᠬᠠᠷᠢᠭᠤᠴᠠᠵᠤ᠂ ᠲᠤᠷᠰᠢᠯᠭ᠎ᠠ ᠬᠢᠳᠡᠯ ᠢᠶᠠᠨ ᠳ᠋᠊ ᠥᠩᠨᠡᠵᠦ᠂ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠣᠯᠤᠨ ᠰᠠᠨᠠᠭᠤᠯᠭ᠎ᠠ ᠳᠤᠷᠠᠳᠬᠤ ᠬᠡᠷᠡᠭᠲᠡᠶ᠃      ︵ᠲᠠᠪᠤ︶ ᠵᠠᠬᠢᠳᠠᠯ ᠰᠤᠷᠪᠤᠯᠵᠢᠯᠠᠯ ᠤᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ ᠧᠮ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠵᠢᠷᠭᠤᠭ᠎ᠠ︶ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠳᠣᠯᠤᠭ᠎ᠠ︶ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠭᠠᠭᠰᠠᠨ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃      ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠲᠠᠢ ᠰᠣᠯᠢᠯᠴᠠᠬᠤ ᠶᠢ ᠵᠣᠬᠢᠴᠠᠭᠤᠯᠤᠨ᠎ᠠ᠃      ︵ᠶᠢᠰᠦ︶ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄      ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠣᠣᠷ᠎ᠠ ᠵᠢᠭᠰᠠᠭᠠᠭᠰᠠᠨ ᠳᠣᠲᠣᠭᠠᠳᠤ ᠶᠢᠨ ᠪᠠᠶᠢᠭᠤᠯᠤᠮᠵᠢ ᠶᠢ ᠪᠠᠶᠢᠭᠤᠯᠤᠨ᠎ᠠ᠄᠃      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠠᠶᠢᠭᠤᠯᠭ᠎ᠠ ᠵᠢᠴᠢ ᠬᠠᠷᠢᠶ᠎ᠠ ᠠᠵᠢᠯ ᠦᠶ᠋ᠯᠡᠰ ᠤᠨ ᠨᠢᠭᠡᠴᠡ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠠᠵᠢᠯᠲᠠᠨ ᠤ ᠶᠠᠪᠤᠳᠠᠯ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠲᠠᠩᠰᠠ ᠡᠪᠬᠡᠮᠡᠯ ᠵᠡᠷᠭᠡ ᠠᠵᠢᠯ ᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ ᠳᠤᠷᠠᠳᠤᠨ᠎ᠠ᠃      ᠬᠤᠶᠠᠷ ᠬᠦᠯᠢᠶᠡᠨ ᠠᠪᠬᠤ ᠭᠡᠷ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ ᠰᠤᠷᠪᠤᠯᠵᠢᠯᠠᠭ᠎ᠠ ᠶᠢ ᠬᠠᠷᠢᠭᠤᠴᠠᠨ ᠬᠦᠯᠢᠶᠡᠨ ᠠᠪᠴᠤ ᠰᠢᠢᠳᠪᠦᠷᠢᠯᠡᠨ᠎ᠡ᠃ ᠳᠡᠭᠡᠳᠦ ᠱᠠᠲᠤ ᠪᠠ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠴᠤᠬᠤᠯᠠᠪᠤᠷᠢᠯᠠᠨ ᠭᠦᠶ᠋ᠴᠡᠳᠬᠡᠭᠰᠡᠨ ᠢᠷᠡᠭᠦᠯᠦᠭᠰᠡᠨ ᠵᠠᠬᠢᠳᠠᠯ ᠤᠨ ᠵᠦᠶ᠋ᠯᠡᠰ ᠢ ᠳᠠᠭᠠᠭᠠᠨ ᠭᠦᠶ᠋ᠴᠡᠳᠬᠡᠨ᠎ᠡ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠶ᠋ᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠨ ᠰᠢᠶ᠋ᠳᠪᠦᠷᠢᠯᠡᠨ᠎ᠡ᠃ᠠᠵᠢᠯᠯᠠᠬᠤ ᠬᠠᠶ᠋ᠢᠭ᠄      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠪᠠᠶᠠᠨᠲᠠᠯ᠎ᠠ ᠶᠡᠭᠡ ᠵᠡᠭᠡᠯᠢ ᠶᠢᠨ ᠨᠠᠮ ᠵᠠᠰᠠᠭ ᠤᠨ ᠠᠰᠠᠷ ᠤᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠨ ᠠᠪᠬᠤ ᠲᠥᠪ᠃ᠠᠵᠢᠯᠯᠠᠬᠤ ᠴᠠᠭ᠄      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃      ᠦᠳᠡ ᠶᠢᠨ ᠡᠮᠦᠨ᠎ᠡ 8᠄ 30---12᠄ 00᠃      ᠦᠳᠡ ᠶᠢᠨ ᠬᠤᠶᠢᠨ᠎ᠠ 14᠄ 30---17᠄ 30᠃ᠬᠠᠷᠢᠯᠴᠠᠬᠤ ᠠᠷᠭ᠎ᠠ ᠮᠠᠶ᠋ᠢᠭ᠄      0472 - 4388006ᠬᠠᠷᠢᠭᠤᠴᠠᠯᠭᠠᠲᠠᠨ᠄        ᠪᠠᠶ ᠵᠢᠶᠠᠩ ᠶᠤᠸᠠᠨ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ︶᠃    
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1