ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠴᠢᠶᠠᠩ᠄ | ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠥᠬᠦ ᠲᠠᠯ᠎ᠠ ᠶᠢᠨ ᠠᠵᠢᠯ ᠢ | ᠡᠷᠭᠢᠯᠡᠨ᠎ᠡ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ | ᠬᠤᠤ ᠯᠢ᠄ ᠠᠯᠪᠠᠨ ᠬᠡᠷ ᠢ ᠬᠤᠪᠢᠳᠠᠨ ᠬᠠᠮᠢᠶᠠᠷᠴᠤ᠂ ᠳᠣᠲᠣᠭᠠᠳᠤ ᠠᠷᠠᠯᠵᠢᠶᠠᠨ ᠤ ᠪᠠᠯᠠ ᠮᠥᠩᠭᠦ ᠶᠢ ᠭᠤᠶᠤᠴᠢᠯᠠᠨ | ᠮᠡᠳᠡᠭᠦᠯᠵᠦ ᠬᠢᠨᠠᠨ ᠬᠠᠷᠭᠤᠭᠤᠯᠬᠤ ᠪᠠ ᠲᠣᠮᠣ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ | ᠨᠢᠭᠡᠳᠦᠯᠲᠡᠶ ᠲᠣᠬᠢᠷᠠᠭᠤᠯᠬᠤ ᠶᠢ ᠬᠠᠷᠢᠭᠤᠴᠠᠨ᠎ᠠ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠣᠲᠣ | ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠦᠶ᠋ᠯᠡᠴᠢᠯᠡᠭᠡᠨ ᠤ ᠲᠥᠪ ᠤᠨ ᠡᠷᠬᠢᠯᠡᠭᠴᠢ ᠵᠠᠩ ᠶᠣᠣ᠄ ᠲᠥᠷᠥᠯ ᠵᠦᠶ᠋ᠯ ᠤᠨ | ᠭᠠᠳᠠᠭᠰᠢ ᠬᠤᠯᠪᠣᠭᠠᠯᠠᠨ ᠬᠤᠪᠢ ᠣᠷᠣᠭᠤᠯᠬᠤ ᠶᠢ ᠬᠤᠪᠢᠳᠠᠨ ᠬᠠᠮᠢᠶᠠᠷᠴᠤ᠂ ᠲᠥᠷᠥᠯ ᠵᠦᠶ᠋ᠯ ᠢ ᠪᠤᠶᠢᠵᠢᠭᠤᠯᠬᠤ ᠪᠠ | ᠲᠥᠷᠥᠯ ᠵᠦᠶ᠋ᠯ ᠢ ᠵᠣᠯᠭᠠᠭᠤᠯᠬᠤ ᠠᠵᠢᠯ ᠢ ᠬᠠᠷᠢᠭᠤᠴᠠᠨ᠎ᠠ᠃ | ᠣᠷᠣᠨ ᠤ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠦᠶ᠋ᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ | ᠯᠢ ᠶᠤᠸᠠᠨ ᠶᠢᠩ᠄ ᠠᠷᠠᠯᠵᠢᠶ᠎ᠠ ᠬᠤᠳᠠᠯᠳᠤᠭᠠᠨ ᠤ ᠭᠦᠶ᠋ᠯᠭᠡᠭᠡᠨ ᠤ ᠲᠠᠰᠤᠭ ᠤᠨ ᠠᠵᠢᠯ ᠢ ᠬᠤᠪᠢᠳᠠᠨ ᠬᠠᠮᠢᠶᠠᠷᠤᠨ᠎ᠠ᠃ | ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ︵ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠵᠢᠭᠡᠯᠡᠨ ᠠᠵᠢᠯᠯᠠᠭᠤᠯᠤᠭᠰᠠᠨ︶ ᠵᠠᠩ ᠰᠢᠤᠸᠠᠢ ᠹᠸᠢ | ᠄ ᠥᠪᠥᠷ ᠮᠣᠩᠭᠤᠯ ᠤᠨ ᠵᠥᠩ ᠬᠥᠭᠵᠢᠭᠦᠯᠦᠯᠲᠡ ᠪᠥᠲᠥᠭᠡᠨ ᠪᠠᠶᠢᠭᠤᠯᠤᠯᠲᠠ ᠶᠢᠨ ᠨᠡᠭᠡᠭᠡᠯᠲᠡ ᠶᠢᠨ ᠬᠢᠵᠠᠭᠠᠷᠲᠤ | ᠺᠣᠮᠫᠠᠨᠢ ᠶᠢ ᠬᠤᠪᠢᠳᠠᠨ ᠬᠠᠮᠢᠶᠠᠷᠴᠤ᠂ ᠵᠥᠩ ᠬᠥᠭᠵᠢᠭᠦᠯᠦᠯᠲᠡ ᠶᠢᠨ ᠺᠣᠮᠫᠠᠨᠢ ᠶᠢᠨ ᠠᠵᠢᠯᠯᠠᠭᠠᠨ ᠪᠠ ᠳ᠋ᠦᠩ ᠾᠧ | ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠶ᠋ᠯᠭᠡᠭᠡᠨ ᠤ ᠬᠦᠶ᠋ᠰᠦ ᠬᠦᠷᠢᠶᠡᠯᠡᠩ ᠲᠣᠭᠤᠷᠢᠭ ᠤᠨ ᠲᠥᠷᠥᠯ ᠵᠦᠶ᠋ᠯ | ᠂ ᠳ᠋ᠦᠩ ᠾᠧ ᠲᠣᠭᠤᠷᠢᠭ ᠤᠨ ᠦᠶ᠋ᠯᠡᠴᠢᠯᠡᠭᠡᠨ ᠤ ᠦᠶ᠋ᠯᠡᠰ ᠤᠨ ᠠᠳᠠᠯ ᠦᠶ᠋ᠯᠡᠰ ᠴᠣᠭᠴᠠᠯᠠᠬᠤ ᠠᠵᠤ ᠦᠶ᠋ᠯᠡᠰ ᠤᠨ | ᠬᠦᠷᠢᠶᠡᠯᠡᠩ ︵ᠲᠣᠭᠠᠴᠢᠯᠠᠭᠰᠠᠨ ᠠᠵᠤ ᠠᠬᠤᠶ ᠶᠢᠨ ᠠᠵᠤ ᠦᠶ᠋ᠯᠡᠰ ᠤᠨ ᠬᠦᠷᠢᠶᠡᠯᠡᠩ︶ ᠤᠨ ᠲᠥᠷᠥᠯ ᠵᠦᠶ᠋ᠯ ᠤᠨ | ᠠᠬᠢᠭᠤᠯᠤᠨ ᠪᠥᠲᠥᠭᠡᠨ ᠪᠠᠶᠢᠭᠤᠯᠬᠤ ᠵᠢᠴᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ᠃ | | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ | ᠸᠠᠩ ᠬᠤᠩ ᠢᠦᠶ᠄ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠠᠵᠢᠯ ᠠᠴᠠ ᠪᠠᠨ | ᠰᠠᠯᠵᠤ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠠᠵᠢᠯ ᠳᠤ ᠣᠷᠣᠯᠴᠠᠭᠰᠠᠨ ᠠᠴᠠ | ᠪᠣᠯᠵᠣ᠂ ᠲᠦᠷ ᠠᠵᠢᠯ ᠬᠤᠪᠢᠶᠠᠷᠢᠯᠠᠨ ᠲᠣᠬᠢᠷᠠᠭᠤᠯᠬᠤ ᠥᠬᠡᠶ᠃ | ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ᠂ | ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠳ᠋ᠦᠩ ᠾᠧ ᠲᠣᠭᠤᠷᠢᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠳ᠋ᠦᠩ ᠾᠧ ᠲᠣᠭᠤᠷᠢᠭ ᠤᠨ ᠳᠠᠷᠤᠮᠠᠯᠯᠠᠨ | ᠲᠠᠷᠬᠠᠭᠠᠭᠰᠠᠨ ︽ᠳ᠋ᠦᠩ ᠾᠧ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶ᠋ᠯ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠪᠣᠯ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠬᠤ ᠪᠥᠭᠡᠳ | ᠵᠢᠩᠬᠢᠨᠢ ᠰᠠᠯᠠᠭᠠᠨ ᠤ ᠳᠡᠰ ᠪᠣᠯᠤᠨ᠎ᠠ᠃ | ᠬᠤᠶᠠᠳᠤᠭᠠᠷ ᠵᠦᠶ᠋ᠯ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠤᠯᠤᠰ ᠤᠨ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠤᠯᠲᠠ ᠪᠠ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ | ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠳ᠋ᠦᠩ ᠾᠧ ᠲᠣᠭᠤᠷᠢᠭ ᠤᠨ ᠨᠠᠮ ᠤᠨ | ᠬᠤᠷᠢᠶ᠎ᠠ ᠶᠢᠨ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠤᠯᠤᠰ ᠤᠨ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠤᠷᠰᠢᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ᠂ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠳ᠋ᠦᠩ ᠾᠧ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠭᠦᠶ᠋ᠯᠭᠡᠭᠡᠨ ᠤ ᠠᠵᠤ ᠦᠶ᠋ᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠵᠤ᠂ ᠬᠤᠳᠠᠯᠳᠤᠭ᠎ᠠ ᠠᠷᠠᠯᠵᠢᠶᠠᠨ ᠤ ᠦᠶ᠋ᠯᠡᠴᠢᠯᠡᠭᠡᠨ ᠤ ᠦᠶ᠋ᠯᠡᠰ ᠪᠣᠯᠤᠨ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠬᠤᠳᠠᠯᠳᠤᠭ᠎ᠠ ᠠᠷᠠᠯᠵᠢᠶᠠᠨ ᠤ | ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ | ᠭᠦᠶ᠋ᠯᠭᠡᠭᠡᠨ ᠤ ᠪᠠᠷᠢᠮᠵᠢᠶᠠᠵᠢᠭᠤᠯᠤᠭᠰᠠᠨ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ | ᠡᠵᠡᠩᠨᠡᠯᠲᠡ᠂ ᠪᠠᠷᠠᠭᠠᠨ ᠤ ᠭᠦᠶ᠋ᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ | ᠵᠡᠷᠭᠡ ᠣᠳᠣ ᠦᠶ᠎ᠡ ᠶᠢᠨ ᠭᠦᠶ᠋ᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ ᠭᠤᠷᠪᠠ ︶ ᠵᠠᠬ᠎ᠠ ᠳᠡᠯᠭᠡᠭᠦᠷ ᠤᠨ ᠰᠢᠰᠲ ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠴᠤ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ | ᠬᠡᠷᠡᠭᠲᠡᠶ᠃ ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ | ᠪᠣᠯᠤᠨ ᠬᠤᠲᠠ ᠶᠢᠨ ᠬᠤᠳᠠᠯᠳᠤᠭᠠᠨ ᠤ ᠲᠣᠣᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠰᠢᠰᠲ ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠳᠤ | ᠦᠶ᠎ᠡ ᠶᠢᠨ ᠭᠦᠢᠯᠭᠡᠭᠡᠨ ᠤ ᠲᠣᠣᠷ ᠤᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠲᠦᠯᠬᠢᠨ ᠠᠬᠢᠭᠤᠯᠤᠨ᠎ᠠ᠃ | ︵ᠳᠥᠷᠪᠡ︶ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠲᠦᠷᠦᠭᠦᠯᠡᠵᠦ ᠵᠣᠬᠢᠴᠠᠭᠤᠯᠤᠨ | ᠴᠡᠭᠴᠡᠯᠡᠵᠦ ᠵᠢᠷᠤᠮᠵᠢᠭᠤᠯᠤᠨ᠂ ᠬᠤᠳᠠᠯᠳᠤᠭᠠᠨ ᠤ ᠢᠲᠡᠭᠡᠮᠵᠢᠲᠦ ᠪᠣᠷᠣᠯᠠᠭᠤᠯᠭ᠎ᠠ ᠶᠢ ᠵᠢᠯᠣᠭᠤᠳᠴᠤ᠂ ᠵᠠᠬ᠎ᠠ | ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠢᠯᠭᠡᠭᠡᠨ ᠤ ᠠᠵᠢᠯ ᠲᠥᠷᠥᠯ ᠳᠤ | ᠬᠢᠨᠠᠯᠲᠠ ᠲᠠᠯᠪᠢᠵᠤ ᠬᠠᠮᠢᠶᠠᠷᠤᠨ᠎ᠠ᠃ ᠬᠠᠮᠢᠶ᠎ᠠ ᠪᠥᠬᠦᠶ ᠠᠵᠢᠯ ᠲᠥᠷᠥᠯ ᠤᠨ ᠬᠦᠷᠢᠶᠡᠨ ᠳᠠᠬᠢ ᠠᠶᠤᠯ ᠥᠬᠡᠶ | ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ | ᠭᠦᠶ᠋ᠴᠡᠳᠬᠡᠨ᠎ᠡ᠃ | ︵ᠲᠠᠪᠤ︶ ᠪᠦᠬᠦ ᠣᠷᠣᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠦᠬᠦ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ | ᠃ ᠪᠦᠬᠦ ᠣᠷᠣᠨ ᠤ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ | ᠬᠡᠮᠵᠢᠵᠦ ᠵᠠᠳᠠᠯᠤᠨ᠎ᠠ᠃ ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ | ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠬᠡᠷᠡᠭᠲᠡᠶ᠃ ᠮᠢᠬᠠᠨ ᠤ ᠵᠦᠶ᠋ᠯ | ᠵᠡᠷᠭᠡ ᠴᠢᠬᠤᠯᠠ ᠬᠡᠷᠡᠭᠯᠡᠭᠡᠨ ᠤ ᠵᠦᠶ᠋ᠯ ᠢ ᠨᠥᠭᠡᠴᠡᠯᠡᠬᠦ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠢ ᠬᠠᠷᠢᠭᠤᠴᠠᠨ᠎ᠠ᠃ ᠡᠷᠬᠡ ᠮᠡᠳᠡᠯ ᠤᠨ ᠶᠣᠰᠣᠭᠠᠷ ᠪᠣᠯᠪᠠᠰᠤᠷᠠᠭᠤᠯᠤᠭᠰᠠᠨ ᠲᠣᠰᠣᠨ ᠤ ᠭᠦᠢᠯᠭᠡᠭᠡᠨ ᠳᠤ | ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃ | ︵ᠵᠢᠷᠭᠤᠭ᠎ᠠ︶ ᠪᠦᠬᠦ ᠣᠷᠣᠨ ᠤ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠠᠷᠭ᠎ᠠ ᠮᠠᠶ ᠢᠭ ᠤᠨ | ᠬᠤᠪᠢᠷᠠᠭᠤᠯᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠪᠦᠬᠦ | ᠣᠷᠣᠨ ᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ | ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠭᠠᠳᠠᠭᠠᠳᠤ ᠠᠷᠠᠯᠵᠢᠶ᠎ᠠ ᠯᠤᠭ᠎ᠠ ᠬᠤᠯᠪᠣᠭᠳᠠᠬᠤ ᠲᠠᠸᠠᠷ᠂ | ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ | ᠵᠣᠬᠢᠶᠠᠨ ᠪᠠᠶᠢᠭᠤᠯᠬᠤ ᠯᠤᠭ᠎ᠠ ᠬᠤᠯᠪᠣᠭᠳᠠᠬᠤ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃ ᠤᠯᠤᠰ ᠤᠨ | ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠵᠢᠴᠢ ᠮᠡᠷᠭᠡᠵᠢᠯ᠂ | ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ | ᠵᠣᠷᠢᠭᠵᠢᠭᠤᠯᠬᠤ ᠠᠷᠠᠯᠵᠢᠶᠠᠨ ᠤ ᠲᠦᠷᠦ ᠶᠢᠨ ᠪᠤᠳᠤᠯᠭ᠎ᠠ ᠪᠠ ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ | ᠠᠷᠭ᠎ᠠ ᠶᠢ ᠬᠡᠷᠡᠭᠵᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ | ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠲᠧᠭᠨᠢᠭ ᠮᠡᠷᠭᠡᠵᠢᠯ ᠢ ᠣᠷᠣᠭᠤᠯᠬᠤ᠂ ᠲᠤᠨᠤᠭ | ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ ᠭᠠᠳᠠᠭᠠᠳᠤ ᠳᠤ ᠭᠠᠷᠭᠠᠬᠤ ᠶᠢ ᠤᠯᠤᠰ ᠠᠴᠠ ᠬᠢᠵᠠᠭᠠᠷᠯᠠᠬᠤ | ᠲᠧᠭᠨᠢᠭ ᠮᠡᠷᠭᠡᠵᠢᠯ ᠲᠠᠢ ᠬᠤᠯᠪᠣᠭᠳᠠᠬᠤ ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠬᠠᠮᠢᠶᠠᠷᠤᠯᠲᠠ ᠶᠢᠨ | ᠡᠷᠬᠡ ᠶᠢᠨ ᠬᠡᠪᠴᠢ᠊ ᠡᠶ᠎ᠡ ᠶᠣᠰᠣᠭᠠᠷ ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠳᠤ | ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠳ᠋᠊ ᠦᠩ ᠾᠧ | ᠲᠣᠭᠤᠷᠢᠭ ᠤᠨ ᠦᠢᠯᠡᠴᠢᠯᠡᠭᠡᠨ ᠢ ᠭᠠᠳᠠᠭᠠᠳᠤ ᠳᠤ ᠭᠠᠷᠭᠠᠬᠤ ᠶᠢ ᠠᠬᠢᠭᠤᠯᠬᠤ ᠪᠠ ᠦᠢᠯᠡᠴᠢᠯᠡᠭᠡᠨ ᠢ ᠭᠠᠳᠠᠭᠰᠢ | ᠳᠠᠭᠠᠭᠠᠴᠢᠯᠠᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠢ | ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠣᠷᠣᠨ ᠤ | ᠬᠤᠷᠠᠯ ᠦᠵᠡᠰᠬᠦᠯᠡᠩ ᠤᠨ ᠦᠶ᠋ᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ | ᠪᠠᠶᠢᠭᠤᠯᠭ᠎ᠠ ᠶᠢᠨ ᠬᠢᠯᠢ ᠳᠣᠲᠣᠷ᠎ᠠ ᠦᠵᠡᠰᠬᠦᠯᠡᠩ ᠤᠨ ᠠᠵᠢᠯᠯᠠᠭ᠎ᠠ ᠡᠷᠭᠢᠯᠡᠬᠦ ᠶᠢ ᠬᠠᠮᠢᠶᠠᠷᠤᠨ᠎ᠠ᠃ | ︵ᠨᠠᠢᠮᠠ︶ ᠡᠷᠬᠡ ᠣᠯᠭᠤᠯᠲᠠ ᠶᠢ ᠦᠨᠳᠦᠰᠦᠯᠡᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ ᠭᠠᠳᠠᠭᠠᠳᠤ ᠤᠯᠤᠰ ᠲᠠᠢ ᠠᠵᠤ ᠠᠬᠤᠢ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ︵ᠭᠠᠵᠠᠷ ᠣᠷᠣᠨ︶ ᠤᠨ | ᠣᠷᠣᠨ ᠨᠤᠲᠤᠭ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠬᠠᠷᠢᠴᠠᠭᠠᠨ ᠤ ᠳᠤᠮᠳᠠᠬᠢ ᠴᠢᠬᠤᠯᠠ ᠬᠡᠷᠡᠭ | ᠶᠠᠪᠤᠳᠠᠯ ᠢ ᠰᠢᠢᠳᠪᠦᠷᠢᠯᠡᠨ᠎ᠡ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠤᠮᠳᠠᠳᠤ ᠤᠯᠤᠰ ᠲᠤ ᠰᠠᠭᠤᠭ᠎ᠠ | ᠭᠠᠳᠠᠭᠠᠳᠤ ᠶᠢᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ᠂ ᠪᠤᠭᠤᠲᠤ ᠬᠤᠲᠠ ᠪᠣᠯᠤᠨ ᠳ᠋ᠦᠩ | ᠾᠧ ᠲᠣᠭᠤᠷᠢᠭ ᠲᠤ ᠰᠠᠭᠤᠭ᠎ᠠ ᠭᠠᠳᠠᠭᠠᠳᠤ ᠶᠢᠨ ᠬᠤᠳᠠᠯᠳᠤᠭᠠᠴᠢᠨ ᠤ ᠲᠥᠯᠥᠭᠡᠯᠡᠬᠦ ᠪᠠᠶᠢᠭᠤᠯᠤᠮᠵᠢ ᠪᠣᠯᠤᠨ ᠮᠠᠨ ᠤ | ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ︵ᠺᠤᠨᠰᠦ᠋ᠯ︶ ᠤ ᠬᠤᠳᠠᠯᠳᠤᠭ᠎ᠠ ᠡᠷᠬᠢᠯᠡᠬᠦ | ᠭᠠᠵᠠᠷ ᠲᠠᠢ ᠬᠠᠷᠢᠯᠴᠠᠨ᠎ᠠ᠃ | ︵ᠶᠢᠰᠦ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠤᠳᠠᠯᠳᠤᠭᠠᠨ ᠤ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ | ᠬᠠᠪᠰᠤᠷᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠭᠤᠣᠯᠴᠢ ᠠᠷᠠᠯᠵᠢᠶ᠎ᠠ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠳᠠᠯᠳᠤᠭᠠᠨ ᠤ | ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠣᠯᠤᠨ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠮᠠᠨ ᠤ ᠣᠷᠣᠨ ᠳᠤ ᠬᠤᠯᠪᠣᠭᠳᠠᠬᠤ ᠠᠵᠤ ᠠᠬᠤᠶ | ᠠᠷᠠᠯᠵᠢᠶᠠᠨ ᠤ ᠬᠡᠯᠡᠯᠴᠡᠭᠡ ᠳᠤ ᠣᠷᠣᠯᠴᠠᠨ᠎ᠠ᠃ | ︵ᠠᠷᠪᠠ︶ ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ ᠶᠢᠨ ᠠᠵᠢᠯ ᠢ ᠬᠠᠷᠢᠭᠤᠴᠠᠵᠤ᠂ ᠣᠷᠣᠰ᠂ | ᠮᠣᠩᠭᠤᠯ ᠤᠯᠤᠰ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ | ᠬᠤᠷᠰᠢᠯᠴᠠᠭ᠎ᠠ ᠶᠢ ᠴᠢᠩᠭᠠᠳᠬᠠᠨ᠎ᠠ᠃ ᠤᠯᠤᠰ ᠤᠨ ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠰᠢ ᠬᠥᠳᠡᠯᠮᠦᠷᠢ ᠬᠦᠴᠦ | ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠤᠷᠰᠢᠯᠴᠠᠭ᠎ᠠ ᠬᠢᠬᠦ᠂ ᠭᠠᠳᠠᠭᠠᠳᠤ ᠳᠤ ᠪᠡᠯᠡ ᠣᠷᠣᠭᠤᠯᠤᠨ | ᠠᠵᠤ ᠠᠬᠤᠶᠢᠯᠠᠯ ᠡᠷᠬᠢᠯᠡᠬᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠪᠠᠭᠲᠠᠬᠤ ᠦᠭᠡᠶ ᠶᠢ ᠬᠠᠤᠯᠢ ᠶᠣᠰᠣᠭᠠᠷ | ᠬᠠᠮᠢᠶᠠᠷᠤᠨ᠎ᠠ᠃ ᠳ᠋ᠦᠩ ᠾᠧ ᠲᠣᠭᠤᠷᠢᠭ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠲᠤᠰᠢᠶᠠᠯ | ᠬᠠᠷᠢᠭᠤᠴᠠᠯᠭ᠎ᠠ ᠪᠠ ᠤᠯᠤᠰ ᠠᠴᠠ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠶ᠋ᠯ ᠢ ᠡᠭᠦᠷᠭᠡᠯᠡᠨ᠎ᠡ᠃ | ︵ᠠᠷᠪᠠᠨ ᠨᠢᠭᠡ︶ ᠪᠦᠬᠦ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ | ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳ᠋ᠦᠩ ᠾᠧ | ᠲᠣᠭᠤᠷᠢᠭ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠰᠢᠭᠯᠠᠬᠤ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠡᠷᠬᠡ ᠶᠢᠨ ᠬᠡᠪᠴᠢᠶ᠎ᠡ | ᠶᠣᠰᠣᠭᠠᠷ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠶᠢᠭᠤᠯᠬᠤ᠂ | ᠬᠤᠪᠢᠷᠠᠭᠤᠯᠬᠤ ᠵᠡᠷᠭᠡ ᠵᠦᠢᠯᠡᠰ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ | ᠡᠭᠦᠷᠭᠡᠯᠡᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ᠂ ᠭᠡᠷ᠎ᠡ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ | ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠢᠯᠢ ︵ | ᠬᠢᠯᠢ ᠠᠯᠤᠰᠯᠠᠭᠰᠠᠨ︶ ᠶᠢᠨ ᠠᠵᠤ ᠠᠬᠤᠶ ᠶᠢᠨ ᠬᠤᠷᠰᠢᠯᠴᠠᠭᠠᠨ ᠤ ᠣᠷᠣᠨ ᠤ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ᠎ᠠ᠃ ᠭᠠᠳᠠᠭᠠᠳᠤ ᠶᠢᠨ ᠬᠤᠳᠠᠯᠳᠤᠭᠠᠴᠢᠨ᠂ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠣᠭᠤᠮᠲᠠ ᠶᠢᠨ ᠨᠡᠭᠡᠭᠡᠯᠲᠡ ᠬᠢᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ | ᠬᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠣᠭᠤᠮᠲᠠ ᠶᠢᠨ ︽ᠪᠣᠭᠤᠮᠲᠠ ᠪᠠᠷ ᠲᠦᠷᠭᠡᠨ | ᠥᠩᠭᠡᠷᠡᠭᠦᠯᠬᠦ︾ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ᠡᠯᠧᠺᠲ ᠷᠣᠨ ᠪᠣᠭᠤᠮᠲᠠ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠬᠠᠷᠢᠭᠤᠴᠠᠵᠤ᠂ ᠮᠠᠨ ᠤ ᠣᠷᠣᠨ ᠤ ᠪᠣᠭᠤᠮᠲᠠ ᠶᠢᠨ ᠮᠡᠳᠡᠭᠡ ᠵᠠᠩᠭᠢᠴᠢᠯᠠᠬᠤ᠂ ᠡᠯᠧᠺᠲ | ᠷᠣᠨᠴᠢᠯᠠᠬᠤ ᠪᠠ ᠤᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ | ᠪᠣᠭᠤᠮᠲᠠ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠶ᠋ᠳᠪᠦᠷᠢᠯᠡᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠪᠣᠭᠤᠮᠲᠠ ᠶᠢᠨ ᠠᠵᠢᠯᠯᠠᠭᠠᠨ ᠢ ᠬᠢᠨᠠᠨ | ᠡᠵᠡᠮᠳᠡᠬᠦ ᠪᠠ ᠬᠥᠳᠡᠯᠦᠩᠭᠦᠶ ᠦᠨᠡᠯᠡᠨ ᠵᠢᠱᠢᠬᠦ ᠶᠢ ᠬᠠᠷᠢᠭᠤᠴᠠᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ | ᠪᠠᠶᠢᠭᠤᠯᠤᠯᠲᠠ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠤᠨ ᠳᠤᠮᠳᠠ ᠵᠠᠮ ᠳᠠᠭᠠᠤ ᠶᠢᠨ ᠤᠯᠤᠰ ᠪᠠ ᠭᠠᠵᠠᠷ | ᠣᠷᠣᠨ ᠯᠤᠭ᠎ᠠ ᠶᠢᠨ ᠪᠣᠭᠤᠮᠲᠠ ᠶᠢᠨ ᠬᠠᠮᠲᠤᠷᠠᠯᠴᠠᠭ᠎ᠠ ᠶᠢᠨ ᠤᠴᠢᠷ ᠢ ᠬᠠᠷᠢᠭᠤᠴᠠᠨ᠎ᠠ᠃ ᠳ᠋ᠦᠩ ᠾᠧ | ᠲᠣᠭᠤᠷᠢᠭ ᠤᠨ ᠤᠮᠠᠷᠠᠰᠢ ᠨᠡᠭᠡᠭᠡᠯᠲᠡ ᠬᠢᠬᠦ ᠶᠢ ᠲᠦᠷᠦᠭᠦᠯᠡᠨ ᠠᠬᠢᠭᠤᠯᠵᠤ᠂ ᠣᠷᠣᠰ ᠮᠣᠩᠭᠤᠯ ᠤᠨ ᠬᠠᠮᠲᠤᠷᠠᠨ | ᠠᠵᠢᠯᠯᠠᠬᠤ ᠲᠣᠭᠲᠠᠴᠠ ᠶᠢᠨ ᠰᠢᠨ᠎ᠡ ᠶᠢ ᠡᠭᠦᠳᠬᠦ ᠬᠠᠮᠢᠶ᠎ᠠ ᠪᠦᠬᠦᠢ ᠠᠵᠢᠯ᠃ | ︵ᠠᠷᠪᠠᠨ ᠭᠤᠷᠪᠠ︶ ᠪᠦᠬᠦ ᠣᠷᠣᠨ ᠤ ᠦᠢᠯᠡᠴᠢᠯᠡᠭᠡᠨ ᠤ ᠦᠢᠯᠡᠰ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠠᠵᠢᠯ ᠢ ᠡᠭᠦᠷᠭᠡᠯᠡᠨ᠎ᠡ᠃ | ︵ᠠᠷᠪᠠᠨ ᠳᠥᠷᠪᠡ︶ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1 . ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ | ᠠᠵᠤ ᠠᠬᠤᠶ ᠶᠢᠨ ᠡᠮᠬᠢ ᠳᠢᠭᠯᠢᠮ᠂ ᠠᠷᠢᠬᠢᠨ ᠤ ᠵᠦᠶ᠋ᠯ ᠤᠨ ᠭᠦᠶ᠋ᠯᠭᠡᠭᠡᠨ ᠵᠡᠷᠭᠡ ᠲᠠᠯ᠎ᠠ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠦᠨᠡᠨᠴᠢ | ᠢᠲᠡᠭᠡᠮᠵᠢ ᠶᠢᠨ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ | ᠠᠵᠤ ᠠᠬᠤᠶ ᠶᠢᠨ ᠡᠮᠬᠢ ᠳᠢᠭᠯᠢᠮ ᠢ ᠠᠬᠢᠭᠤᠯᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠬᠠᠷᠢᠭᠤᠴᠠᠨ᠎ᠠ᠃ | ᠠᠷᠢᠬᠢᠨ ᠤ ᠵᠦᠶ᠋ᠯ ᠤᠨ ᠭᠦᠶ᠋ᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ | ᠬᠠᠷᠢᠭᠤᠴᠠᠨ ᠲᠣᠭᠲᠠᠭᠠᠨ᠎ᠠ᠃ | ︵2︶ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠳ᠋ᠦᠩ ᠾᠧ | ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ ᠪᠠ ᠬᠠᠭᠤᠷᠮᠠᠭ ᠮᠠᠭᠤ ᠲᠠᠸᠠᠷ | ᠦᠢᠯᠡᠳᠴᠦ ᠪᠣᠷᠣᠯᠠᠭᠤᠯᠬᠤ ᠳᠤ ᠴᠣᠬᠢᠯᠲᠠ ᠥᠭᠬᠦ ᠵᠡᠷᠭᠡ ᠠᠵᠢᠯ ᠢ ᠡᠭᠦᠷᠭᠡᠯᠡᠨ᠎ᠡ᠃ ᠠᠷᠢᠬᠢᠨ ᠤ ᠵᠦᠶ᠋ᠯ ᠤᠨ | ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠶ᠋ᠯ ᠤᠨ ᠢᠳᠡᠭᠡᠨ ᠤ ᠠᠶᠤᠯ ᠦᠭᠡᠶ ᠶᠢ | ᠬᠠᠷᠢᠭᠤᠴᠠᠨ᠎ᠠ᠃ | 2. ᠡᠮ ᠤᠨ ᠵᠦᠢᠯ ᠤᠨ ᠭᠦᠢᠯᠭᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠡᠮ ᠤᠨ ᠵᠦᠢᠯ ᠤᠨ ᠭᠦᠢᠯᠭᠡᠭᠡᠨ ᠤ | ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠣᠭᠲᠠᠭᠠᠬᠤ ᠶᠢ ᠬᠠᠷᠢᠭᠤᠴᠠᠨ᠎ᠠ᠃ | ︵2︶ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠡᠮ ᠤᠨ ᠵᠦᠢᠯ ᠤᠨ | ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠬᠠᠮᠵᠢᠯᠴᠠᠨ | ᠬᠡᠷᠡᠭᠵᠢᠭᠦᠯᠵᠦ᠂ ᠡᠮ ᠤᠨ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | 3 . ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠤ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠯᠤᠭ᠎ᠠ ᠴᠢᠬᠤᠯᠠ ᠬᠡᠷᠡᠭᠯᠡᠭᠡᠨ ᠤ ᠵᠦᠶ᠋ᠯ ᠢ ᠨᠥᠭᠡᠴᠡᠯᠡᠬᠦ ᠬᠠᠮᠢᠶᠠᠷᠤᠯᠲᠠ ᠶᠢᠨ | ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠮᠢᠬᠠᠨ ᠤ ᠵᠦᠢᠯ᠂ ᠢᠳᠡᠰᠢᠨ ᠨᠣᠭᠤᠭ᠎ᠠ | ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ︵2︶ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠵᠠᠬ᠎ᠠ | ᠬᠢᠵᠠᠭᠠᠷ ᠲᠤ ᠪᠣᠷᠣᠯᠠᠭᠤᠯᠬᠤ ᠴᠠᠶ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ︵3︶ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠪᠥᠩ᠂ ᠰᠢᠬᠢᠷ᠂ ᠬᠢᠮᠢ ᠶᠢᠨ | ᠪᠣᠷᠳᠣᠭᠤᠷ᠂ ᠡᠮ ᠤᠨ ᠵᠦᠢᠯ ᠵᠡᠷᠭᠡ ᠴᠢᠬᠤᠯᠠ ᠡᠳ ᠪᠠᠷᠠᠭ᠎ᠠ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ᠳᠥᠷᠪᠡᠳᠦᠭᠡᠷ ᠵᠦᠢᠯ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠭᠠᠷᠭᠠᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ | ᠵᠠᠩᠭᠢ᠂ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ᠂ ᠰᠣᠨᠢᠨ ᠮᠡᠳᠡᠭᠡᠨ ᠤ ᠤᠬᠠᠭᠤᠯᠭ᠎ᠠ᠂ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠴᠢᠨᠠᠷᠲᠠᠶ ᠮᠠᠲ᠋ᠧᠷᠢᠶᠠᠯ ᠢ ᠲᠤᠭᠤᠷᠪᠢᠬᠤ ᠵᠡᠷᠭᠡ ᠠᠵᠢᠯ ᠢ | ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠳ᠋᠊ ᠦᠩ ᠾᠧ | ᠲᠣᠭᠤᠷᠢᠭ ᠤᠨ ᠰᠢᠰᠲ ᠧᠮᠵᠢᠭᠦᠯᠦᠨ ᠬᠠᠮᠢᠶᠠᠷᠬᠤ ᠡᠯ᠎ᠡ ᠲᠥᠷᠥᠯ ᠤᠨ ᠲᠤᠰᠬᠠᠶ ᠵᠦᠢᠯ ᠤᠨ ᠪᠡᠯᠡ ᠮᠥᠩᠭᠦ ᠶᠢᠨ | ᠬᠡᠷᠡᠭᠯᠡᠯᠲᠡ ᠬᠢᠭᠡᠳ ᠡᠳ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠵᠢᠴᠢ | ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ | ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ | ᠬᠠᠮᠢᠶᠠᠷᠤᠯᠲᠠ᠂ ᠺᠠᠳ ᠷ᠊ ᠤᠨ ᠪᠣᠯᠪᠠᠰᠤᠷᠠᠭᠤᠯᠤᠯ ᠪᠣᠯᠤᠨ ᠬᠠᠷᠠᠯᠲᠠᠲᠤ ᠬᠢᠨᠠᠨ ᠰᠢᠯᠭᠠᠯᠲᠠ ᠵᠡᠷᠭᠡ ᠠᠵᠢᠯ ᠢ | ᠬᠠᠷᠢᠭᠤᠴᠠᠨ᠎ᠠ᠃ ᠪᠠᠶᠢᠭᠤᠯᠭ᠎ᠠ ᠶᠢᠨ ᠫᠤᠷᠲ᠋ᠧᠯ ᠰᠦᠯᠵᠢᠶ᠎ᠡ᠂ ᠡᠯᠧᠺᠲᠷᠣᠨ ᠵᠠᠰᠠᠭ ᠤᠨ ᠶᠠᠪᠤᠳᠠᠯ ᠪᠠ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠣᠪᠴᠢᠶᠠᠨ ᠤ ᠳᠣᠲᠣᠷᠠᠬᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠬᠠᠷᠢᠭᠤᠯᠲᠠ | ᠥᠭᠬᠦ ᠪᠠ ᠭᠡᠷᠡᠴᠢ ᠳᠤᠷᠠᠳᠬᠤ ᠵᠢᠴᠢ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠰᠠᠶᠢᠲᠤᠷ ᠬᠢᠨ᠎ᠡ᠃ | ︵ᠬᠤᠶᠠᠷ︶ ᠠᠷᠠᠯᠵᠢᠶ᠎ᠠ ᠬᠤᠳᠠᠯᠳᠤᠭᠠᠨ ᠤ ᠭᠦᠶ᠋ᠯᠭᠡᠭᠡᠨ ᠤ ᠲᠠᠰᠤᠭ᠃ ᠪᠦᠬᠦ ᠣᠷᠣᠨ ᠤ ᠬᠤᠳᠠᠯᠳᠤᠭᠠᠨ ᠤ | ᠶᠠᠪᠤᠳᠠᠯ ᠤᠨ ᠬᠦᠷᠢᠶ᠎ᠡ᠂ ᠪᠣᠭᠤᠮᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠪᠠ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠬᠤ ᠶᠢᠨ ᠬᠠᠮᠲᠤ ᠴᠢᠬᠤᠯᠠ | ᠶᠡᠭᠡ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ ᠤ ᠬᠤᠳᠠᠯᠳᠤᠭᠠᠨ ᠤ ᠶᠠᠪᠤᠳᠠᠯ᠂ | ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ | ᠭᠠᠳᠠᠭᠠᠳᠤ ᠠᠵᠤ ᠠᠬᠤᠶ ᠶᠢᠨ ᠬᠤᠷᠰᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ | ᠠᠵᠢᠯᠯᠠᠭᠠᠨ ᠤ ᠪᠠᠶᠢᠳᠠᠯ ᠢ ᠬᠤᠷᠢᠶᠠᠩᠭᠤᠶᠢᠯᠠᠨ ᠵᠠᠳᠠᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠲᠠ ᠶᠢᠨ ᠭᠠᠳᠠᠭᠠᠳᠤ ᠨᠡᠭᠡᠭᠡᠯᠲᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠷᠠᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠦᠬᠦ ᠣᠷᠣᠨ ᠤ ᠭᠠᠳᠠᠭᠠᠳᠤ ᠨᠡᠭᠡᠭᠡᠯᠲᠡ ᠶᠢᠨ ᠠᠵᠢᠯ ᠤᠨ ᠲᠥᠷᠥ ᠶᠢᠨ | ᠪᠣᠳᠣᠯᠭ᠎ᠠ᠂ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢᠨ | ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠬᠤ᠂ ᠵᠣᠬᠢᠴᠠᠭᠤᠯᠬᠤ ᠪᠠ ᠲᠡᠭᠦᠨ ᠳᠤ | ᠦᠶ᠋ᠯᠡᠴᠢᠯᠡᠨᠡ᠃ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠤᠨ ᠳᠤᠮᠳᠠ ᠵᠠᠮ ᠳᠠᠭᠠᠤ ᠶᠢᠨ ᠤᠯᠤᠰ | ᠪᠠ ᠭᠠᠵᠠᠷ ᠣᠷᠣᠨ ᠯᠤᠭ᠎ᠠ ᠶᠢᠨ ᠪᠣᠭᠤᠮᠲᠠ ᠶᠢᠨ ᠬᠠᠮᠲᠤᠷᠠᠯᠴᠠᠭ᠎ᠠ ᠶᠢᠨ ᠤᠴᠢᠷ ᠢ ᠬᠠᠷᠢᠭᠤᠴᠠᠨ᠎ᠠ᠃ ᠪᠣᠭᠤᠮᠲᠠ ᠶᠢᠨ | ︽ᠶᠡᠬᠡᠪᠡᠷ ᠥᠩᠭᠡᠷᠡᠭᠦᠯᠬᠦ︾ ᠶᠢ ᠵᠣᠬᠢᠶᠠᠨ ᠪᠠᠶᠢᠭᠤᠯᠤᠨ ᠠᠬᠢᠭᠤᠯᠵᠤ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠪᠣᠭᠤᠮᠲᠠ ᠶᠢᠨ ︽ᠭᠠᠭᠴᠠ ᠴᠣᠩᠬᠤᠪᠴᠢ︾ ᠶᠢᠨ ᠪᠦᠲᠦᠭᠡᠨ | ᠪᠠᠶᠢᠭᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠰᠢᠰᠲ ᠧᠮᠵᠢ ᠶᠢᠨ | ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠤᠨ᠎ᠠ᠃ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠬᠥᠭᠵᠢᠯᠲᠡ ᠶᠢ ᠵᠢᠯᠣᠭᠤᠳᠴᠤ᠂ ᠬᠤᠳᠠᠯᠳᠤᠭᠠᠨ ᠤ ᠲᠣᠣᠷ ᠴᠢᠭ ᠤᠨ ᠲᠥᠯᠥᠪᠵᠢᠭᠦᠯᠭᠡ ᠶᠢᠨ | ᠰᠠᠨᠠᠭᠤᠯᠭ᠎ᠠ ᠶᠢ ᠳᠤᠷᠠᠳᠬᠤ ᠬᠡᠷᠡᠭᠲᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠶ᠋ᠯᠭᠡᠭᠡ᠂ | ᠬᠦᠶ᠋ᠲᠡᠨ ᠬᠡᠯᠬᠢᠶᠡᠲᠦ ᠪᠠᠷᠠᠭᠠᠨ ᠤ ᠭᠦᠶ᠋ᠯᠭᠡᠭᠡ ᠵᠡᠷᠭᠡ ᠰᠠᠭᠤᠷᠢ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ | ᠦᠶ᠋ᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠ ᠲᠠᠷᠢᠶᠠᠯᠠᠩ ᠪᠠ ᠬᠡᠲᠦ ᠳᠡᠯᠭᠡᠭᠦᠷ ᠢ ᠵᠣᠯᠭᠠᠭᠤᠯᠬᠤ ᠶᠢ | ᠠᠬᠢᠭᠤᠯᠤᠨ᠎ᠠ᠃ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠪᠦᠬᠦ ᠣᠷᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ | ᠃ ᠳᠣᠲᠣᠭᠠᠳᠤ ᠠᠷᠠᠯᠵᠢᠶᠠᠨ ᠤ ᠭᠦᠢᠯᠭᠡᠭᠡᠨ ᠢ ᠠᠬᠢᠭᠤᠯᠬᠤ ᠰᠢᠰᠲ ᠧᠮᠵᠢ ᠶᠢᠨ ᠪᠠᠶᠢᠭᠤᠯᠤᠯᠲᠠ ᠪᠣᠯᠤᠨ | ᠪᠠᠷᠢᠮᠵᠢᠶᠠᠵᠢᠭᠤᠯᠬᠤ ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠬᠤ ᠪᠠ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠵᠢᠯ ᠢ ᠵᠢᠯᠣᠭᠤᠳᠤᠨ᠎ᠠ᠃ ᠬᠡᠯᠬᠢᠶ᠎ᠡ ᠡᠵᠡᠩᠨᠡᠯᠲᠡ᠂ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠡᠷᠬᠡ ᠶᠢᠨ ᠬᠡᠪᠴᠢ᠊ ᠡᠶ᠎ᠡ ᠶᠣᠰᠣᠭᠠᠷ ᠦᠨ᠎ᠡ ᠬᠠᠶᠠᠵᠤ ᠬᠤᠳᠠᠯᠳᠤᠬᠤ᠂ | ᠬᠤᠳᠠᠯᠳᠤᠭᠠᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠵᠡᠷᠭᠡ ᠶᠢ ᠬᠠᠤᠯᠢ ᠶᠣᠰᠣᠭᠠᠷ ᠬᠠᠮᠢᠶᠠᠷᠤᠨ᠎ᠠ᠃ ᠪᠥᠬᠦ | ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠵᠤ | ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢᠨ | ᠪᠦᠷᠢᠳᠬᠡᠬᠦ ᠪᠠ ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠰᠢᠰᠲ ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠤᠷᠠᠮᠠᠯ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ | ᠪᠥᠬᠦ ᠣᠷᠣᠨ ᠤ ᠪᠣᠭᠤᠮᠲᠠ ᠶᠢᠨ ᠮᠡᠳᠡᠭᠡ ᠵᠠᠩᠭᠢᠵᠢᠯᠲᠠ᠂ ᠡᠯᠤᠺᠲᠷᠤᠨᠵᠢᠯᠳᠡ ᠪᠠ ᠣᠶᠤᠨᠴᠢ ᠪᠣᠭᠤᠮᠲᠠ ᠶᠢᠨ | ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠠᠵᠢᠯ ᠢ ᠠᠬᠢᠭᠤᠯᠤᠨ᠎ᠠ᠃ ᠪᠦᠬᠦ ᠣᠷᠣᠨ ᠤ ᠵᠠᠬ᠎ᠠ ᠳᠡᠯᠭᠡᠭᠦᠷ ᠤᠨ ᠠᠵᠢᠯᠯᠠᠭᠠᠨ ᠢ | ᠲᠣᠬᠢᠷᠠᠭᠤᠯᠤᠨ ᠡᠵᠡᠮᠳᠡᠬᠦ ᠪᠠ ᠬᠡᠷᠡᠭᠯᠡᠭᠡ ᠶᠢ ᠠᠬᠢᠭᠤᠯᠬᠤ ᠲᠠᠯ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ | ᠬᠡᠮᠵᠢᠬᠦ ᠪᠠ ᠳᠣᠲᠣᠭᠠᠳᠤ ᠠᠷᠠᠯᠵᠢᠶᠠᠨ ᠤ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠴᠢᠬᠤᠯᠠ | ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠮᠢᠬᠠᠨ ᠤ ᠵᠦᠢᠯ᠂ ᠢᠳᠡᠰᠢᠨ | ᠨᠣᠭᠤᠭ᠎ᠠ ᠵᠡᠷᠭᠡ ᠴᠢᠬᠤᠯᠠ ᠲᠠᠸᠠᠷ ᠤᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠷᠬᠡ ᠮᠡᠳᠡᠯ ᠤᠨ | ᠬᠡᠪᠴᠢᠶ᠎ᠡ ᠶᠣᠰᠣᠭᠠᠷ ᠴᠢᠬᠤᠯᠠ ᠲᠠᠸᠠᠷ ︵ᠪᠣᠯᠪᠠᠰᠤᠷᠠᠭᠤᠯᠤᠭᠰᠠᠨ ᠲᠣᠰᠣ᠂ ᠬᠦᠷᠢ ᠶᠢᠨ ᠡᠭᠦᠷ ᠤᠨ ᠲᠣᠷᠭ᠎ᠠ | ᠳᠤᠷᠳᠤᠩ︶ ᠪᠣᠯᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠵᠢᠴᠢ ᠠᠵᠢᠯ ᠲᠥᠷᠥᠯ ᠢ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠷᠢᠬᠢᠨ ᠤ ᠵᠦᠶ᠋ᠯ ᠤᠨ ᠭᠦᠶ᠋ᠯᠭᠡᠭᠡᠨ ᠤ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠠᠬᠢᠭᠤᠯᠬᠤ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠬᠡᠷᠡᠭᠯᠡᠭᠡ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠭᠠᠳᠠᠭᠠᠳᠤ | ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠢ | ᠮᠠᠲ᠋ᠧᠷᠢᠶᠠᠯ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠡᠷᠦᠩᠬᠡᠢ ᠬᠡᠮᠵᠢ᠊ ᠡᠶ᠎ᠡ ᠪᠠ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠲᠤ ᠲᠤᠭ᠎ᠠ᠂ ᠪᠣᠭᠤᠮᠲᠠ ᠶᠢᠨ | ᠭᠠᠶᠢᠯᠢ ᠶᠢᠨ ᠬᠢᠵᠠᠭᠠᠷᠲᠤ ᠲᠤᠭ᠎ᠠ ᠶᠢᠨ ᠣᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠤᠯᠤᠰ ᠤᠨ ᠮᠠᠰᠢᠨ | ᠴᠠᠬᠢᠯᠭᠠᠨ ᠤ ᠦᠶ᠋ᠯᠡᠳᠬᠦᠨ ︵ᠣᠯᠠᠨ ᠤᠯᠤᠰ ᠤᠨ ᠳᠠᠭᠠᠭᠠᠴᠢᠯᠠᠯᠲᠠ ᠵᠠᠷᠯᠠᠬᠤ ᠪᠠᠭᠲᠠᠨ᠎ᠠ︶ ᠪᠣᠯᠤᠨ ᠳᠡᠭᠡᠳᠦ ᠰᠢᠨ᠎ᠡ | ᠮᠡᠷᠭᠡᠵᠢᠯ ᠤᠨ ᠦᠶ᠋ᠯᠡᠳᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠢᠵᠢ ᠪᠥᠷᠢᠳᠦᠭᠰᠡᠨ | ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ᠂ ᠳᠡᠷᠬᠠᠨ ᠳᠡᠯᠭᠡᠷᠡᠬᠦ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ | ᠲᠦᠪᠰᠢᠨ ᠳᠤ ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠥᠬᠦᠶ | ᠭᠠᠷᠴᠠᠭ ᠢ ᠬᠡᠷᠡᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ | ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠪᠰᠤᠷᠤᠮᠵᠢ ᠠᠵᠢᠯ ᠢ ᠬᠠᠷᠢᠭᠤᠴᠠᠨ᠎ᠠ᠃ | ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢᠨ ᠠᠵᠢᠯ ᠢ | ᠲᠦᠷᠦᠭᠦᠯᠡᠨ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠲᠠᠢ ᠬᠤᠯᠪᠣᠭᠳᠠᠬᠤ ᠠᠵᠢᠯ ᠢ | ᠬᠠᠷᠢᠭᠤᠴᠠᠨ᠎ᠠ᠃ ᠪᠦᠬᠦ ᠣᠷᠣᠨ ᠤ ᠦᠶ᠋ᠯᠡᠴᠢᠯᠡᠭᠡᠨ ᠤ ᠠᠷᠠᠯᠵᠢᠶ᠎ᠠ᠂ ᠮᠡᠷᠭᠡᠵᠢᠯ ᠤᠨ ᠠᠷᠠᠯᠵᠢᠶ᠎ᠠ᠂ ᠦᠶ᠋ᠯᠡᠴᠢᠯᠡᠭᠡᠨ ᠢ | ᠭᠠᠳᠠᠭᠰᠢ ᠳᠠᠭᠠᠭᠠᠴᠢᠯᠠᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠥᠬᠦ ᠣᠷᠣᠨ ᠤ ᠬᠤᠷᠠᠯ ᠦᠵᠡᠰᠬᠦᠯᠡᠩ ᠤᠨ ᠦᠶ᠋ᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ | ᠬᠠᠷᠢᠭᠤᠴᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠬᠢᠯᠢ ᠳᠣᠲᠣᠷ᠎ᠠ ᠦᠵᠡᠰᠬᠦᠯᠡᠩ ᠤᠨ ᠠᠵᠢᠯᠯᠠᠭ᠎ᠠ ᠡᠷᠭᠢᠯᠡᠬᠦ ᠶᠢ | ᠬᠠᠮᠢᠶᠠᠷᠤᠨ᠎ᠠ᠃ ᠨᠠᠶᠢᠳᠠᠯᠭ᠎ᠠ ᠪᠠᠷ ᠤᠯᠠᠨ ᠤᠯᠤᠰ ᠤᠨ ᠪᠠᠷᠠᠭᠠᠨ ᠤ ᠣᠷᠣᠯᠠᠭᠴᠢ ᠠᠵᠤ ᠠᠬᠤᠶᠢᠯᠠᠯ ᠳᠤ | ᠳᠠᠩᠰᠠᠯᠠᠭᠤᠯᠬᠤ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ᠂ ᠬᠤᠨᠤᠭ | ᠪᠠᠭᠤᠳᠠᠯ ᠤᠨ ᠦᠢᠯᠡᠰ ᠪᠠᠭᠲᠠᠨ᠎ᠠ︶ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠭᠠᠳᠠᠭᠠᠳᠤ ᠪᠡᠯᠡ ᠶᠢ ᠠᠰᠢᠭᠯᠠᠬᠤ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠢᠯᠢ ︵ᠬᠢᠯᠢ ᠠᠯᠤᠰᠯᠠᠭᠰᠠᠨ︶ ᠶᠢᠨ ᠠᠵᠤ ᠠᠬᠤᠶ ᠶᠢᠨ ᠬᠤᠷᠰᠢᠯᠴᠠᠭᠠᠨ ᠤ ᠣᠷᠣᠨ ᠤ | ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠡᠷᠬᠡ ᠮᠡᠳᠡᠯ ᠤᠨ ᠢᠶᠠᠨ ᠬᠡᠪᠴᠢᠶ᠎ᠡ ᠶᠣᠰᠣᠭᠠᠷ ᠭᠠᠳᠠᠭᠠᠳᠤ ᠳᠤ ᠪᠡᠯᠡ | ᠣᠷᠣᠭᠤᠯᠬᠤ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠬᠥᠳᠡᠯᠮᠦᠷᠢ ᠦᠶ᠋ᠯᠡᠴᠢᠯᠡᠭᠡᠨ ᠤ ᠬᠤᠷᠰᠢᠯᠴᠠᠭ᠎ᠠ ᠬᠢᠬᠦ᠂ | ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠤᠷᠰᠢᠯᠴᠠᠭ᠎ᠠ ᠬᠢᠭᠡᠳ ᠲᠤᠭ᠎ᠠ ᠪᠦᠷᠢᠳᠬᠡᠯ ᠤᠨ ᠠᠵᠢᠯ ᠢ ᠬᠠᠤᠯᠢ | ᠶᠣᠰᠣᠭᠠᠷ ᠬᠠᠮᠢᠶᠠᠷᠴᠤ᠂ ᠬᠢᠨᠠᠯᠲᠠ ᠲᠠᠯᠪᠢᠨ᠎ᠠ᠃ ᠡᠷᠬᠡ ᠮᠡᠳᠡᠯ ᠤᠨ ᠶᠣᠰᠣᠭᠠᠷ ᠮᠠᠨ ᠤ ᠣᠷᠣᠨ ᠤ ᠠᠵᠤ | ᠠᠬᠤᠶᠢᠯᠠᠯ ᠤᠨ ᠭᠠᠳᠠᠭᠠᠳᠤ ᠳᠤ ᠪᠠᠯᠠ ᠣᠷᠣᠭᠤᠯᠵᠤ ᠠᠵᠤ ᠠᠬᠤᠶᠢᠯᠠᠯ ︵ᠮᠥᠩᠭᠦᠨ ᠭᠦᠶ᠋ᠯᠭᠡᠭᠡᠨ ᠤ ᠠᠵᠤ | ᠠᠬᠤᠶᠢᠯᠠᠯ ᠪᠠᠭᠲᠠᠬᠤ ᠥᠬᠡᠶ︶ ᠨᠡᠭᠡᠭᠡᠨ ᠡᠷᠭᠢᠯᠡᠬᠦ ᠶᠢᠨ ᠠᠩᠬᠠᠨ ᠤ ᠬᠢᠨᠠᠯᠲᠠ ᠬᠢᠬᠦ ᠪᠠ ᠳᠡᠭᠡᠭᠰᠢ ᠮᠡᠳᠡᠭᠦᠯᠬᠦ ᠶᠢᠨ | ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃ ᠬᠥᠳᠡᠯᠮᠦᠷᠢ ᠦᠶ᠋ᠯᠡᠴᠢᠯᠡᠭᠡ ᠪᠠ ᠬᠢᠯᠢ ᠶᠢᠨ ᠭᠠᠳᠠᠨ᠎ᠠ | ᠠᠵᠢᠯ ᠣᠯᠤᠭᠰᠠᠳ ᠤᠨ ᠡᠷᠬᠡ ᠠᠰᠢᠭ ᠢ ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠭᠠᠳᠠᠭᠠᠳᠤ ᠠᠵᠤ | ᠠᠬᠤᠶ ᠠᠷᠠᠯᠵᠢᠶᠠᠨ ᠤ ᠬᠡᠯᠡᠯᠴᠡᠭᠡ ᠬᠢᠬᠦ ᠪᠠ ᠵᠥᠪᠳᠡᠯᠴᠡᠬᠦ ᠶᠢ ᠬᠠᠷᠢᠭᠤᠴᠠᠵᠤ᠂ ᠬᠢᠯᠢ ᠶᠢᠨ ᠭᠠᠳᠠᠨᠠᠬᠢ ᠠᠵᠤ ᠠᠬᠤᠶ | ᠠᠷᠠᠯᠵᠢᠶᠠᠨ ᠤ ᠬᠤᠷᠰᠢᠯᠴᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ᠃ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ᠂ ᠤᠷᠲᠤᠪᠲᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ | ᠪᠣᠯᠤᠨ ᠣᠨ ᠤ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ︔ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ᠂ | ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠤᠨ ᠠᠷᠭᠠᠴᠠᠬᠤ ᠪᠣᠳᠣᠯᠭ᠎ᠠ ᠪᠣᠯᠤᠨ ᠰᠠᠨᠠᠭᠤᠯᠭ᠎ᠠ ᠶᠢ ᠰᠤᠳᠤᠯᠤᠨ | ᠳᠤᠷᠠᠳᠤᠨ᠎ᠠ︔ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠰᠡᠳᠦᠪ ᠤᠨ ᠰᠤᠳᠤᠯᠤᠯ ᠢ ᠡᠭᠦᠷᠭᠡᠯᠡᠨ᠎ᠡ︔ | ᠦᠶ᠋ᠯᠡᠴᠢᠯᠡᠭᠡᠨ ᠤ ᠦᠶ᠋ᠯᠡᠰ ᠤᠨ ᠠᠵᠢᠯᠯᠠᠭᠠᠨ ᠢ ᠵᠠᠳᠠᠯᠬᠤ᠂ ᠬᠢᠨᠠᠨ ᠬᠡᠮᠵᠢᠬᠦ ᠶᠢ ᠡᠭᠦᠷᠭᠡᠯᠡᠵᠦ᠂ ᠬᠥᠭᠵᠢᠯᠲᠡ ᠶᠢᠨ | ᠪᠠᠶᠢᠳᠠᠯ ᠵᠢᠴᠢ ᠬᠠᠨᠳᠤᠰᠢ ᠶᠢ ᠲᠥᠰᠦᠭᠡᠯᠡᠵᠦ᠂ ᠠᠵᠢᠯᠯᠠᠭᠠᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ | ︔ ᠬᠠᠮᠢᠶ᠎ᠠ ᠪᠦᠬᠦᠢ ᠭᠦᠶ᠋ᠴᠡᠳᠬᠡᠯ ᠲᠤᠭ᠎ᠠ ᠵᠢᠴᠢ ᠠᠵᠢᠯᠯᠠᠭᠠᠨ ᠤ ᠪᠠᠢᠳᠠᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ | ᠬᠡᠷᠡᠭᠲᠡᠶ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ | ᠲᠣᠭᠲᠠᠭᠠᠵᠤ᠂ ᠪᠦᠬᠦ ᠣᠷᠣᠨ ᠤ ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ ᠪᠠ ᠦᠢᠯᠡᠴᠢᠯᠡᠭᠡᠨ ᠤ ᠠᠷᠠᠯᠵᠢᠶ᠎ᠠ ᠶᠢ | ᠪᠦᠷᠢᠳᠬᠡᠬᠦ ᠠᠵᠢᠯ ᠢ ᠡᠭᠦᠷᠭᠡᠯᠡᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠯᠬᠢᠨ ᠠᠬᠢᠭᠤᠯᠵᠤ | ᠬᠥᠲᠥᠯᠥᠨ ᠵᠢᠯᠣᠭᠤᠳᠤᠨ᠎ᠠ᠃ ᠪᠣᠭᠤᠮᠲᠠ ᠥᠩᠭᠡᠷᠡᠬᠦ ᠶᠠᠪᠤᠴᠠ ᠳᠠᠬᠢ ᠡᠯ᠎ᠡ ᠰᠠᠯᠠᠭ᠎ᠠ ᠮᠥᠴᠢᠷ ᠤᠨ ᠠᠵᠢᠯ ᠤᠨ | ᠬᠠᠷᠢᠴᠠᠭ᠎ᠠ ᠶᠢ ᠵᠣᠬᠢᠴᠠᠭᠤᠯᠵᠤ᠂ ᠬᠠᠮᠲᠤᠷᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠪᠣᠭᠤᠮᠲᠠ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠶ᠋ᠳᠪᠦᠷᠢᠯᠡᠬᠦ ᠬᠠᠮᠢᠶ᠎ᠠ ᠪᠦᠬᠦᠢ ᠠᠵᠢᠯ ᠢ ᠵᠢᠯᠣᠭᠤᠳᠴᠤ᠂ ᠪᠣᠭᠤᠮᠲᠠ ᠶᠢᠨ ᠣᠷᠣᠨ ᠪᠦᠰᠡ ᠶᠢᠨ ᠠᠮᠤᠷ | ᠲᠦᠪᠰᠢᠨ ᠢ ᠬᠠᠮᠲᠤᠷᠠᠨ ᠰᠡᠷᠭᠡᠶᠢᠯᠡᠨ ᠡᠵᠡᠮᠳᠡᠬᠦ ᠠᠵᠢᠯ ᠤᠨ ᠳᠦᠷᠢᠮ ᠢ ᠲᠦᠷᠦᠭᠦᠯᠡᠨ ᠲᠣᠭᠲᠠᠭᠠᠨ᠎ᠠ᠃ ᠡᠷᠬᠡ | ᠮᠡᠳᠡᠯ ᠤᠨ ᠶᠣᠰᠣᠭᠠᠷ ᠮᠠᠰᠢᠨ ᠲᠡᠷᠭᠡᠨ ᠤ ᠭᠦᠶ᠋ᠯᠭᠡᠭᠡᠨ ᠤ ᠠᠵᠢᠯ ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠬᠤ ᠠᠵᠢᠯ ᠢ ᠲᠦᠷᠦᠭᠦᠯᠡᠨ ᠬᠢᠵᠦ | ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠢᠲᠡᠭᠡᠮᠵᠢ ᠶᠢᠨ ᠪᠣᠷᠣᠯᠠᠭᠤᠯᠭ᠎ᠠ ᠶᠢ ᠠᠬᠢᠭᠤᠯᠤᠨ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠢᠲᠡᠭᠡᠮᠵᠢ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠷᠢᠭᠤᠴᠠᠨ᠎ᠠ᠃ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠷᠠᠯᠵᠢᠶᠠᠯᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ | ᠰᠢᠭᠤᠳ ᠪᠣᠷᠣᠯᠠᠭᠤᠯᠬᠤ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠲᠥᠷᠥᠯ ᠵᠦᠶ᠋ᠯ ᠤᠨ ᠭᠠᠳᠠᠭᠰᠢ ᠬᠤᠯᠪᠣᠭᠠᠯᠠᠭᠰᠠᠨ ᠬᠤᠪᠢ᠃ ᠣᠷᠣᠨ ᠤ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠶᠢᠨ ᠪᠡᠯᠡ ᠮᠥᠩᠭᠦ ᠲᠥᠷᠥᠯ ᠵᠦᠢᠯ ᠯᠦᠭᠡ ᠬᠤᠯᠪᠣᠭᠳᠠᠬᠤ ᠰᠢᠯᠢᠨ ᠰᠣᠩᠭᠤᠵᠤ | ᠨᠥᠭᠡᠴᠡᠯᠡᠬᠦ᠂ ᠲᠥᠷᠥ ᠶᠢᠨ ᠪᠣᠳᠣᠯᠭ᠎ᠠ ᠨᠡᠶᠢᠲᠡᠯᠡᠬᠦ᠂ ᠪᠦᠷᠢᠳᠬᠡᠨ ᠵᠠᠳᠠᠯᠬᠤ᠂ ᠪᠡᠯᠡ ᠣᠷᠣᠭᠤᠯᠤᠯᠲᠠ ᠶᠢ ᠠᠬᠢᠭᠤᠯᠬᠤ | ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ ᠳ᠋ᠦᠩ ᠾᠧ ᠲᠣᠭᠤᠷᠢᠭ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ | ᠬᠠᠤᠯᠢ ᠶᠣᠰᠣᠭᠠᠷ ᠬᠠᠮᠢᠶᠠᠷᠤᠨ᠎ᠠ᠃ ᠡᠷᠬᠡ ᠶᠢᠨ ᠬᠡᠪᠴᠢᠶ᠎ᠡ ᠶᠣᠰᠣᠭᠠᠷ ᠳ᠋ᠦᠩ ᠾᠧ ᠲᠣᠭᠤᠷᠢᠭ ᠤᠨ ᠭᠠᠳᠠᠭᠠᠳᠤ ᠳᠤ | ᠲᠤᠰᠠᠯᠠᠮᠵᠢ ᠦᠵᠡᠭᠦᠯᠬᠦ ᠠᠵᠢᠯ ᠪᠠ ᠤᠯᠤᠰ ᠠᠴᠠ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠶ᠋ᠯ ᠤᠨ | ᠬᠠᠮᠢᠶ᠎ᠠ ᠪᠦᠬᠦᠢ ᠠᠵᠢᠯ ᠢ ᠬᠠᠷᠢᠭᠤᠴᠠᠵᠤ᠂ ᠡᠷᠬᠡ ᠶᠢᠨ ᠬᠡᠪᠴᠢᠶ᠎ᠡ ᠶᠣᠰᠣᠭᠠᠷ ᠠᠵᠤ ᠠᠬᠤᠶᠢᠯᠠᠯ ᠤᠨ ᠭᠠᠳᠠᠭᠠᠳᠤ ᠳᠤ | ᠲᠤᠰᠠᠯᠠᠮᠵᠢ ᠦᠵᠡᠭᠦᠯᠬᠦ ᠬᠢᠷᠢ ᠬᠡᠮ ᠢ ᠬᠦᠯᠢᠶᠡᠨ ᠠᠪᠬᠤ ᠪᠠ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ | ᠲᠠᠪᠤᠳᠤᠭᠠᠷ ᠵᠦᠢᠯ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ | ᠣᠷᠣᠨ ᠲᠤᠭ᠎ᠠ 5 ᠨᠡᠷᠡᠰ᠃ ᠲᠣᠪᠴᠢᠶᠠᠨ ᠳᠠᠷᠤᠭ᠎ᠠ 1 ᠬᠥᠮᠦᠨ᠂ ᠳᠡᠳ᠋ ᠲᠣᠪᠴᠢᠶᠠᠨ ᠳᠠᠷᠤᠭ᠎ᠠ 2 ᠬᠥᠮᠦᠨ | ᠭᠠᠷᠭᠠᠨ᠎ᠠ᠃ | ᠵᠢᠷᠭᠤᠳᠤᠭᠠᠷ ᠵᠦᠶ᠋ᠯ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠷᠢᠶ᠎ᠠ ᠠᠵᠢᠯ | ᠦᠶ᠋ᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶ᠋ᠯᠡᠰ ᠢ | ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠲᠣᠭᠤᠷᠢᠭ ᠤᠨ | ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠬᠠᠷᠢᠭᠤᠴᠠᠨ᠎ᠠ᠂ ᠲᠡᠭᠦᠨ ᠤ | ᠲᠣᠬᠢᠷᠠᠭᠤᠯᠤᠯᠲᠠ ᠶᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ | ᠠᠯᠪᠠᠨ ᠭᠡᠷ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 3 ᠰᠠᠷ᠎ᠠ ᠶᠢᠨ 30 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠬᠠᠶ᠋ᠢᠭ᠄ ᠳ᠋ᠦᠩ ᠾᠧ ᠲᠣᠭᠤᠷᠢᠭ ᠤᠨ ᠳ᠋ᠦᠩ ᠾᠧ ᠲᠣᠭᠤᠷᠢᠭ ᠤᠨ ᠳ᠋ᠦᠩ ᠮᠧᠨ ᠶᠡᠭᠡ ᠵᠡᠭᠡᠯᠢ ᠶᠢᠨ | ᠬᠠᠭᠤᠴᠢᠨ ᠬᠤᠲᠣᠩ ᠠᠷᠠᠳ ᠤᠨ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠤᠨ 4 ᠳ᠋ᠦ᠋ᠭᠡᠷ ᠳᠠᠪᠬᠤᠷᠭ᠎ᠠ᠃ | ᠬᠠᠷᠢᠯᠴᠠᠬᠤ ᠤᠲᠠᠰᠤ ᠄ 04722627008 | ᠬᠠᠷᠢᠭᠤᠴᠠᠯᠭᠠᠲᠠᠨ᠄ ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠴᠢᠶᠠᠩ᠃ | ᠠᠵᠢᠯᠯᠠᠬᠤ ᠴᠠᠭ᠄ ᠦᠳᠡ ᠶᠢᠨ ᠡᠮᠦᠨ᠎ᠡ 8᠄ 30---12᠄ 00᠂ ᠦᠳᠡ ᠶᠢᠨ ᠬᠤᠶᠢᠨ᠎ᠠ 2᠄ | 30---5᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶᠃ |