ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/10
  11 ᠰᠠᠷ᠎ᠠ ᠶᠢᠨ 21 ᠤ ᠡᠳᠦᠷ᠂ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠶ᠋ᠳᠪᠦᠷᠢ︾ ᠶᠢᠨ ᠲᠤᠬᠠᠶ ᠲᠣᠳᠣᠷᠬᠠᠶᠢᠯᠠᠯᠲᠠ ᠪᠠ ︽ᠰᠢᠶ᠋ᠳᠪᠦᠷᠢ︾ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠽᠢᠶ᠎ᠠ ᠲᠢᠪ ᠨᠣᠮᠣᠬᠠᠨ ᠳᠠᠯᠠᠶ ᠶᠢᠨ ᠣᠷᠣᠨ ᠤ ᠵᠣᠬᠢᠶᠠᠨ ᠪᠠᠶᠢᠭᠤᠯᠤᠯᠲᠠ ᠶᠢᠨ ᠬᠤᠷᠢᠨ ᠨᠠᠢᠮᠠᠳᠤᠭᠠᠷ ᠤᠳᠠᠭᠠᠨ ᠤ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠢ ᠠᠽᠢᠶ᠎ᠠ ᠨᠣᠮᠣᠬᠠᠨ ᠳᠠᠯᠠᠶ ᠶᠢᠨ ᠣᠷᠣᠨ ᠤ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢ ᠬᠤᠳᠠᠯᠳᠤᠭᠠᠨ ᠤ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠪᠠ ᠭᠤᠣᠯ ᠵᠣᠷᠢᠯᠲᠠ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ︽ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠣᠷᠣ ᠲᠥᠰᠦᠪ ᠤᠨ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ ᠳᠡᠯᠡᠬᠡᠶ ᠶᠢᠨ ᠤᠳᠤᠷᠢᠳᠬᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ︽ᠤᠯᠤᠰ ᠲᠥᠷᠥ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠡᠪᠡᠷᠰᠢᠭᠦᠯᠵᠦ ᠰᠤᠷᠲᠠᠯ ᠴᠢᠬᠡᠴᠢ ᠣᠪᠣᠷ ᠲᠥᠪ ᠪᠤᠭᠤᠲᠤ ᠳᠤ ᠬᠡᠷᠡᠭᠵᠢᠭᠦᠯᠬᠦ ᠰᠠᠨᠠᠯ︾ ︽ᠰᠢᠨ᠎ᠡ ᠨᠢᠭᠡ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠲᠤ ᠴᠢᠩᠭ᠎ᠠ ᠤᠳᠤᠷᠢᠳᠬᠤ ᠬᠠᠮᠲᠤ ᠶᠢ ᠪᠠᠶᠢᠭᠤᠯᠬᠤ ᠠᠷᠭ᠎ᠠ ᠬᠡᠮᠵᠢᠶ᠎ᠡ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠠᠶᠢᠩᠭᠤ ᠶᠢᠨ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠵᠤ ᠵᠠᠬᠢᠳᠠᠯ ᠰᠤᠷᠪᠤᠯᠵᠢᠯᠠᠭ᠎ᠠ ᠶᠢᠨ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠵᠦ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︽ᠳ᠋ᠦᠩ ᠾᠧ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠲᠥᠷᠥᠯ ᠵᠦᠶ᠋ᠯ ᠤᠨ ᠪᠠᠯᠠ ᠮᠥᠩᠭᠦ ᠶᠢ ᠲᠡᠮᠡᠴᠡᠨ ᠤᠯᠬᠤ ᠠᠵᠢᠯ ᠤᠨ ᠰᠢᠯᠭᠠᠨ ᠬᠢᠨᠠᠵᠤ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠤᠨ ᠬᠢᠨᠠᠨ ᠵᠥᠪᠯᠡᠵᠦ᠂ ᠪᠥᠬᠦ ᠣᠷᠣᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠤᠨ᠎ᠠ᠃ ᠣᠷᠣᠨ ᠤ ᠨᠠᠮ ᠤᠨ ᠬᠤᠷᠢᠶᠠᠨ ᠤ ᠱᠦᠵᠢ ᠶᠠᠩ ᠡᠯ ᠰᠢ ᠬᠤᠷᠠᠯ ᠢ ᠡᠷᠭᠢᠯᠡᠪᠡ᠃
ᠬᠤᠷᠠᠯ ᠤᠨ ᠲᠠᠯᠠᠪᠠᠢ      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠭᠡ ᠦᠰᠦᠭ ᠳᠠᠷᠠᠭᠠᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠰᠢᠶ᠋ᠳᠪᠦᠷᠢ︾ ᠶᠢᠨ ᠲᠤᠬᠠᠶ ᠲᠣᠳᠣᠷᠬᠠᠶᠢᠯᠠᠯᠲᠠ ᠪᠠ ︽ᠰᠢᠶ᠋ᠳᠪᠦᠷᠢ︾ ᠶᠢᠨ ᠪᠦᠬᠦ ᠠᠭᠤᠯᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ ᠢᠶᠠᠨ ᠦᠨᠡᠨᠬᠦ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠪᠢᠰᠢᠷᠡᠯ ᠢᠶᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠪᠦᠬᠦ ᠣᠷᠣᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠵᠡᠭᠡᠯᠢ ᠪᠠᠯᠭᠠᠰᠤ᠂ ᠰᠠᠯᠠᠭ᠎ᠠ ᠮᠥᠴᠢᠷ᠂ ᠨᠢᠭᠡᠴᠡ ᠨᠦᠭᠦᠳ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠤᠷᠠᠯ᠂ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠨᠠᠮ ᠤᠨ ᠡᠭᠦᠷ ᠤᠨ ᠨᠠᠮ ᠤᠨ ᠭᠡᠰᠢᠭᠦᠳ ᠤᠨ ᠶᠡᠭᠡ ᠬᠤᠷᠠᠯ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠤᠷᠤᠯᠴᠠᠭᠤᠯᠵᠤ᠂ ᠦᠨᠡᠨᠬᠦ ᠰᠤᠷᠤᠯᠴᠠᠨ ᠣᠶᠢᠯᠠᠭᠠᠵᠤ ᠨᠡᠪᠳᠡᠷᠡᠳᠡᠯ᠎ᠠ ᠡᠵᠡᠮᠰᠢᠵᠦ᠂ ᠤᠶᠤᠨ ᠲᠠᠷᠢᠬᠢᠨ ᠳᠠᠭᠠᠨ ᠬᠠᠳᠠᠩᠰᠢᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠠᠵᠢᠯ ᠤᠨ ᠰᠡᠳᠬᠢᠴᠡ ᠠᠷᠭ᠎ᠠ ᠬᠡᠮᠵᠢ᠊ ᠡᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠠᠮ ᠪᠣᠯᠤᠨ ᠠᠷᠠᠳ ᠲᠦᠮᠡᠨ ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠭᠤᠣᠯ ᠵᠤᠷᠢᠯᠳᠠᠳᠤ ᠶᠠᠷᠢᠶ᠎ᠠ ᠢᠯᠡᠳᠬᠡᠯ ᠵᠢᠴᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠳᠡ ᠶᠢ ᠲᠦᠯᠬᠢᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠤᠬᠠᠮᠰᠠᠷ ᠠᠴᠠ ᠪᠠᠨ ᠦᠢᠯᠡᠴᠢᠯᠡᠬᠦ ᠪᠠ ᠲᠡᠭᠦᠨ ᠳᠤ ᠠᠭᠤᠰᠤᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠮᠤ ᠵᠠᠬ᠎ᠠ ᠳᠡᠯᠭᠡᠭᠦᠷ ᠪᠠ ᠬᠤᠣᠰ ᠣᠷᠴᠢᠯ ᠳᠤ ᠠᠭᠤᠰᠤᠯᠴᠠᠨ᠎ᠠ᠃      ᠬᠤᠷᠠᠯ ᠠᠴᠠ᠂ ᠬᠤᠳᠠ ᠶᠢᠨ ᠨᠠᠮ ᠤᠨ ᠬᠤᠷᠢ᠊ ᠡᠶ᠎ᠡ ᠶᠢᠨ ᠬᠤᠯᠪᠣᠭᠳᠠᠯ ᠪᠦᠬᠦᠢ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠨᠢ ᠪᠦᠬᠦ ᠣᠷᠣᠨ ᠤ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠴᠡᠪᠡᠷᠰᠢᠭᠦᠯᠬᠦ᠂ ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠬᠥᠭᠵᠢᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠨᠡ ᠪᠣᠯ ᠮᠠᠨ ᠤ ᠣᠷᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠶᠢᠭᠤᠯᠬᠤ ᠡᠭᠦᠷᠭᠡ ᠶᠢᠨ ᠪᠢᠴᠢᠭ ᠪᠣᠯᠤᠨ ᠵᠠᠮ ᠱᠤᠭᠤᠮ ᠤᠨ ᠵᠢᠷᠤᠭ ᠪᠣᠯᠤᠨ᠎ᠠ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠤᠨ ᠵᠠᠯᠬᠠᠭᠤ ᠵᠠᠰᠠᠭ ᠤᠨ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠬᠡᠢ᠂ ᠢᠯᠵᠢᠷᠡᠬᠦ ᠶᠢ ᠪᠤᠳᠤᠬᠤ ᠦᠬᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠨᠠᠮ ᠢ ᠴᠢᠩᠭ᠎ᠠ ᠬᠠᠮᠢᠶᠠᠷᠴᠤ ᠨᠠᠮ ᠢ ᠵᠠᠰᠠᠬᠤ᠂ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠭᠦᠯᠦᠭᠰᠡᠨ ᠦᠷ᠎ᠡ ᠪᠦᠲᠦᠮᠵᠢ ᠶᠢ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠳᠤ ᠦᠨᠡᠨᠬᠦ ᠢᠯᠡᠷᠡᠭᠦᠯᠬᠦ ᠬᠡᠷᠡᠭᠲᠡᠢ᠃      ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠤᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ︽ᠠᠮᠢᠨ ᠰᠤᠳᠠᠰᠤ︾ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢ᠊ ᠡᠶ᠎ᠡ ᠶᠢᠨ ᠲᠣᠭᠤᠷᠢᠨ ᠳᠤ ᠪᠦᠬᠦ ᠠᠵᠢᠯᠳᠠᠨ ᠤ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠢᠷᠡᠬᠦ ᠵᠢᠯ ᠤᠨ ᠲᠦᠷᠦᠯ ᠵᠦᠢᠯ ᠤᠨ ᠨᠥᠭᠡᠴᠡ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠲᠦᠷᠦ ᠶᠢᠨ ᠪᠤᠳᠤᠯᠭ᠎ᠠ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠪᠦᠬᠦ ᠵᠢᠯ ᠤᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠬᠠᠮᠤᠭ ᠤᠨ ᠰᠠᠶᠢᠨ ᠦᠷ᠎ᠡ ᠳ᠋ᠦᠩ ᠢ ᠤᠯᠬᠤ ᠪᠠᠷ ᠴᠢᠷᠮᠠᠶᠢᠬᠤ ᠬᠡᠷᠡᠭᠲᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠳᠠ ᠶᠢ ᠰᠢᠨᠡᠳᠬᠡᠬᠦ᠂ ᠬᠤᠳᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠢᠶᠠᠷ ᠰᠢᠢᠳᠪᠦᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃      ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠴᠣᠮᠬᠠᠳᠬᠠᠨ ᠠᠯᠪᠠᠨ ᠪᠢᠴᠢᠭ ᠲᠠᠷᠬᠠᠭᠠᠵᠤ ᠬᠤᠷᠠᠯ ᠡᠷᠭᠢᠯᠡᠬᠦ ᠠᠷᠭ᠎ᠠ ᠬᠡᠮᠵᠢᠶ᠎ᠡ ᠪᠠ ᠪᠢᠴᠢᠭ ᠮᠠᠲ᠋ᠧᠷᠢᠶᠠᠯ ᠲᠣᠭᠲᠠᠭᠠᠨ ᠲᠠᠷᠬᠠᠭᠠᠬᠤ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠬᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠶᠢᠩᠭᠤ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠳᠡᠷᠭᠡᠳᠡᠬᠢ ᠦᠯᠢᠭᠡᠷ ᠳᠠᠭᠤᠷᠢᠶᠠᠯ᠂ ᠢᠳᠡᠪᠬᠢ ᠬᠦᠴᠦᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠢ ᠶᠠᠪᠤᠳᠠᠯ ᠬᠢᠬᠦ᠂ ᠰᠢᠨ᠎ᠡ ᠪᠠᠶᠢᠳᠠᠯ ᠭᠠᠷᠭᠠᠬᠤ ᠶᠢ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠪᠣᠯᠭᠠᠨ ᠬᠤᠪᠢᠷᠠᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠡᠷᠭᠡᠶᠢᠯᠡᠨ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠤᠳᠤᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠬᠤᠯᠠᠴᠢᠯᠠᠵᠤ᠂ ᠵᠢᠭᠤᠷᠠᠯᠳᠤᠭᠠᠨ ᠵᠥᠷᠢᠴᠡᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨ ᠤ ᠢᠳᠡᠪᠬᠢᠵᠢᠯ ᠢ ᠴᠢᠷᠮᠠᠶᠢᠨ ᠤᠯᠬᠤ ᠶᠢ ᠭᠦᠢᠴᠡᠳ ᠲᠠᠶᠢᠴᠢᠯᠠᠵᠦ᠂ ᠤᠯᠠᠨ ᠠᠷᠭ᠎ᠠ ᠵᠠᠮ᠂ ᠤᠯᠠᠨ ᠲᠡᠰ ᠳᠠᠪᠬᠤᠷᠭ᠎ᠠ ᠪᠠᠷ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠲᠦᠷᠦᠯ ᠵᠦᠢᠯ ᠤᠨ ᠪᠡᠯᠡ ᠮᠥᠩᠭᠦ ᠶᠢ ᠴᠢᠷᠮᠠᠶᠢᠨ ᠤᠯᠬᠤ ᠪᠠᠷ ᠴᠢᠷᠮᠠᠶᠢᠵᠤ᠂ ᠬᠠᠷᠠᠯᠲᠠ ᠪᠠᠨ ᠲᠣᠳᠣᠷᠬᠠᠶᠢᠯᠠᠵᠤ᠂ ᠴᠢᠩᠭ᠎ᠠ ᠬᠢᠨᠠᠨ ᠬᠠᠮᠢᠶᠠᠷᠴᠤ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠥᠨᠥᠳᠦᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1