︽ᠵᠠᠭᠤᠨ ᠵᠢᠯ ᠤᠨ ᠲᠡᠮᠡᠴᠡᠯ ᠤᠨ ᠰᠢᠨ᠎ᠡ ᠠᠶᠠᠨ ᠢᠶᠠᠨ ᠡᠬᠢᠯᠡᠭᠦᠯᠪᠡ︾ ᠳ᠋ᠦᠩ ᠾᠧ ᠲᠣᠭᠤᠷᠢᠭ᠄ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠵᠤ ᠪᠡᠶ᠎ᠡ ᠪᠠᠷ ᠢᠶᠠᠨ ᠪᠣᠳᠠᠲᠠᠢ ᠠᠵᠢᠯᠯᠠᠵᠤ ᠴᠠᠭ ᠠᠭᠤᠷ ᠰᠢᠨ᠎ᠡ ᠪᠠᠶᠢᠳᠠᠯ ᠲᠠᠢ ᠪᠣᠯᠪᠠ
ᠨᠡᠶᠢᠲᠡᠯᠡᠭᠰᠡᠨ ᠴᠠᠭ᠄
2021/12/13
  ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ᠂ ᠳ᠋ᠦᠩ ᠾᠧ ᠲᠣᠭᠤᠷᠢᠭ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠬᠤᠲᠠ ᠶᠢᠨ ᠨᠠᠮ ᠤᠨ ᠬᠤᠷᠢᠶ᠎ᠠ ᠶᠢᠨ ︽ᠳᠥᠷᠪᠡᠨ ᠬᠤᠲᠠ︾ ︽ᠳᠥᠷᠪᠡᠨ ᠰᠠᠭᠤᠷᠢᠨ ᠭᠠᠵᠠᠷ ᠬᠤᠶᠠᠷ ᠲᠥᠪ ᠨᠢᠭᠡ ᠥᠨᠳᠥᠷ ᠭᠠᠵᠠᠷ ᠨᠢᠭᠡ ᠰᠢᠰᠲ᠋ᠧᠮ︾ ᠢ ᠪᠠᠶᠢᠭᠤᠯᠬᠤ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠠᠮᠵᠢᠯᠠᠯᠲᠤ ᠠᠵᠤ ᠦᠢᠯᠡᠰ ᠤᠨ ︽ᠰᠢᠨ᠎ᠡ ᠶᠢ ᠡᠭᠦᠳᠬᠦ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠰᠢᠨᠳᠠᠰᠤ ᠶᠢ ᠴᠢᠩᠭᠠᠷᠠᠭᠤᠯᠬᠤ︾᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠪᠣᠬᠢᠷᠲᠤᠯ ᠦᠭᠡᠢ ᠳᠦᠷᠢ ᠲᠥᠷᠬᠦ︾ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠪᠠ᠃ᠤᠯᠠᠮᠵᠢᠯᠠᠯᠲᠤ ᠠᠵᠤ ᠦᠶ᠋ᠯᠡᠰ ᠤᠨ ︽ᠲᠦᠢᠯᠪᠤᠷᠢᠲᠠᠶ ᠬᠤᠪᠢᠷᠠᠯᠲᠠ︾      ᠠᠵᠤ ᠠᠬᠤᠢ ᠶᠢᠨ ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠡᠷᠦᠨᠢ ᠬᠠᠮᠲᠤᠪᠠᠷ ᠣᠷᠣᠰᠢᠵᠤ ᠬᠠᠮᠲᠤᠪᠠᠷ ᠠᠰᠢᠭ ᠬᠦᠷᠳᠡᠳᠡᠭ᠂ ᠤᠯᠠᠮᠵᠢᠯᠠᠯᠲᠤ ᠠᠵᠤ ᠦᠢᠯᠡᠰ ᠢ ᠰᠢᠨ᠎ᠡ ᠠᠮᠢᠯᠠᠯ ᠲᠠᠢ ᠪᠣᠯᠭᠠᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠪᠣᠯᠤᠨ᠎ᠠ᠃ ᠳ᠋ᠦᠩ ᠾᠧ ᠲᠣᠭᠤᠷᠢᠭ ᠤᠨ ᠬᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠲᠤᠪᠤᠶᠢᠯᠭᠠᠵᠦ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰ ᠪᠣᠯᠭᠠᠬᠤ᠂ ᠠᠵᠤ ᠦᠢᠯᠡᠰ ᠤᠨ ᠬᠡᠯᠬᠢ᠊ ᠡᠶ᠎ᠡ ᠶᠢ ᠣᠳᠣᠬᠢᠴᠢᠯᠠᠬᠤ ᠶᠢ ᠠᠬᠢᠭᠤᠯᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲᠧᠮ ᠢ ᠲᠦᠷᠭᠡᠳᠬᠡᠨ ᠪᠠᠶᠢᠭᠤᠯᠤᠨ᠎ᠠ᠃
ᠬᠥᠩᠭᠡᠨ ᠴᠠᠭᠠᠨ ᠬᠦᠷᠳᠦᠨ ᠪᠤᠯᠤ ᠦᠢᠯᠡᠳᠪᠦᠷᠢᠯᠡᠬᠦ ᠲᠠᠰᠤᠭ      ᠬᠥᠩᠭᠡᠨ ᠴᠠᠭᠠᠨ ᠤ ᠦᠶ᠋ᠯᠡᠰ ᠤᠨ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠨᠢ ᠤᠯᠠᠮᠵᠢᠯᠠᠯᠲᠤ ᠠᠵᠤ ᠦᠶ᠋ᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢᠨ ᠭᠤᠤᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠳᠠᠬᠢᠨ ᠪᠠᠶᠢᠭᠤᠯᠬᠤ᠂ ᠰᠢᠯᠵᠢᠭᠦᠯᠦᠨ ᠥᠭᠬᠦ᠂ ᠲᠦᠷᠢᠶᠡᠰᠦᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠲᠦᠷᠭᠡᠳᠬᠡᠨ᠂ ︽ᠦᠬᠦᠰᠢᠷᠡᠮᠡᠯ ᠠᠵᠤ ᠠᠬᠤᠶᠢᠯᠠᠯ︾ ᠤᠨ ᠰᠢᠩᠭᠡᠯᠢᠭ ᠢᠶᠠᠨ ᠰᠤᠯᠠᠯᠠᠨ ᠰᠢᠪᠠᠭᠤ ᠶᠢ ᠰᠣᠯᠢᠬᠤ ᠶᠢ ᠠᠬᠢᠭᠤᠯᠵᠤ᠂ ︽5G + ᠠᠵᠤ ᠦᠶ᠋ᠯᠡᠳᠪᠦᠷᠢ ᠶᠢᠨ ᠢᠨᠲ᠋ᠤᠷ ᠰᠦᠯᠵᠢᠶ᠎ᠡ︾ ᠶᠢᠨ ᠵᠠᠭᠪᠤᠷ ᠢ ᠬᠡᠷᠡᠭᠯᠡᠨ ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ︽ᠡᠭᠦᠯᠡᠨ ᠳᠡᠭᠡᠷ᠎ᠡ ᠬᠡᠷᠡᠭᠯᠡᠵᠦ ᠲᠤᠭ᠎ᠠ ᠬᠡᠮᠵᠢᠶ᠎ᠡ ᠪᠠᠷ ᠣᠶᠤᠨ ᠤᠬᠠᠭᠠᠨ ᠣᠯᠭᠤᠬᠤ︾ ᠬᠡᠷᠡᠭᠲᠡᠶ᠃ ᠳᠠᠪᠠᠭᠤᠯᠢᠭ ᠢᠶᠠᠷ ᠢᠶᠠᠨ ᠬᠠᠮᠲᠤᠷᠠᠯᠴᠠᠬᠤ᠂ ᠬᠡᠯᠡᠯᠴᠡᠭᠡᠷ ᠢᠶᠠᠷ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠦᠶ᠋ᠯᠡᠳᠬᠦᠨ ᠢ ᠳᠣᠤᠷ᠎ᠠ ᠲᠠᠰ ᠠᠴᠠ ᠪᠣᠯᠵᠣ ᠰᠢᠭᠰᠢᠭᠳᠡᠭᠦᠯᠬᠦ ᠪᠠᠶᠢᠳᠠᠯ ᠢ ᠡᠪᠳᠡᠵᠦ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠴᠢᠨᠠᠷ ᠰᠠᠶᠢᠲᠠᠶ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠾᠤᠪᠸᠢ ᠶᠢᠨ ᠯᠢ ᠵᠥᠩ ᠪᠦᠯᠦᠭᠯᠡᠯ ᠢ ᠣᠷᠣᠭᠤᠯᠤᠨ ᠠᠪᠴᠢᠷᠠᠵᠤ᠂ ᠪᠤᠭᠤᠲᠤ ᠶᠢᠨ ᠹᠦ᠋ ᠴᠧᠩ ᠬᠥᠩᠭᠡᠨ ᠴᠠᠭᠠᠨ ᠤ ᠦᠶ᠋ᠯᠡᠰ ᠤᠨ ᠬᠢᠵᠠᠭᠠᠷᠲᠤ ᠺᠣᠮᠫᠠᠨᠢ ᠶᠢ ᠨᠡᠶᠢᠯᠡᠭᠦᠯᠦᠨ ᠬᠤᠳᠠᠯᠳᠤᠨ ᠠᠪᠴᠤ᠂ ᠲᠡᠭᠦᠨ ᠤ ᠤᠤᠯ ᠤᠨ 120 ᠲᠦᠮᠡᠨ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦᠨ ᠤ ᠦᠶ᠋ᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠲᠠᠰ ᠳᠡᠪᠰᠢᠭᠦᠯᠵᠦ᠂ 540 ᠲᠦᠮᠡᠨ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦ᠂ 70 ᠲᠦᠮᠡᠨ ᠺᠠᠪᠠ ᠬᠦᠷᠳᠦᠨ ᠤ ᠦᠶ᠋ᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠶᠢ ᠪᠣᠶ ᠪᠣᠯᠭᠠᠵᠤ᠂ ᠪᠣᠷᠣᠯᠠᠭᠤᠯᠤᠯᠲᠠ ᠶᠢᠨ ᠣᠷᠣᠯᠭ᠎ᠠ ᠨᠢ 9.9 ᠳ᠋ᠦᠩᠰᠢᠭᠤᠷ ᠲᠥᠭᠦᠷᠢᠭ ᠲᠤ ᠬᠦᠷᠴᠦ᠂ 6100 ᠲᠦᠮᠡᠨ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠪᠡ᠃      ᠡᠨᠡᠬᠦ ᠰᠠᠭᠤᠷᠢᠨ ᠳᠡᠭᠡᠷ᠎ᠡ᠂ ᠳ᠋ᠦᠩ ᠾᠧ ᠲᠣᠭᠤᠷᠢᠭ ᠤᠨ ᠬᠢᠨ ᠤᠤᠯ ᠤᠨ ᠬᠦᠩᠭᠡᠨ ᠴᠠᠭᠠᠨ ᠵᠢᠴᠢ ᠬᠤᠪᠣᠷ ᠰᠢᠷᠣᠢ ᠶᠢᠨ ᠬᠠᠶᠢᠯᠤᠰᠢ ᠶᠢᠨ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠵᠦ᠂ ᠬᠤᠪᠣᠷ ᠰᠢᠷᠣᠢ ᠶᠢᠨ ᠬᠦᠩᠭᠡᠨ ᠴᠠᠭᠠᠨ ᠮᠠᠭᠨᠢ ᠶᠢᠨ ᠬᠠᠶᠢᠯᠤᠰᠢ᠂ ᠬᠦᠩᠭᠡᠨ ᠴᠠᠭᠠᠨ ᠵᠡᠰ ᠤᠨ ᠬᠠᠶᠢᠯᠤᠰᠢ ᠵᠡᠷᠭᠡ ᠬᠤᠪᠢᠷᠠᠮᠠᠯ ᠬᠦᠩᠭᠡᠨ ᠴᠠᠭᠠᠨ ᠤ ᠬᠠᠶᠢᠯᠤᠰᠢ ᠵᠢᠴᠢ ᠬᠦᠩᠭᠡᠨ ᠴᠠᠭᠠᠨ ᠴᠠᠶᠢᠷ ᠤᠨ ᠬᠠᠶᠢᠯᠤᠰᠢ ᠵᠡᠷᠭᠡ ᠪᠠᠷ ᠬᠦᠩᠭᠡᠨ ᠴᠠᠭᠠᠨ ᠤ ᠬᠠᠶᠢᠯᠤᠰᠢ ᠶᠢ ᠴᠢᠳᠬᠤᠨ ᠦᠢᠯᠡᠳᠴᠦ᠂ ᠳᠤᠤᠷᠠᠳᠤ ᠤᠷᠤᠰᠬᠠᠯ ᠤᠨ ᠬᠦᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠬᠡᠷᠡᠭᠯᠡᠭᠡᠨ ᠤ ᠠᠵᠤ ᠦᠢᠯᠡᠰ ᠤᠨ ᠬᠡᠪᠴᠢᠶᠡᠵᠢᠨ ᠬᠥᠭᠵᠢᠬᠦ ᠶᠢ ᠭᠦᠢᠴᠡᠳ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠳ᠋ᠦᠩ ᠾᠧ ᠲᠣᠭᠤᠷᠢᠭ ᠤᠨ ᠬᠢᠨ ᠵᠧᠩ ᠸᠧᠢ ︵ᠪᠤᠭᠤᠲᠤ︶ ᠶᠢᠨ ᠵᠡᠰ ᠢᠶᠠᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢᠶᠠᠷ ᠳᠠᠭᠠᠭᠤᠯᠤᠬᠴᠢ ᠪᠣᠯᠭᠠᠵᠤ᠂ ᠵᠡᠰ ᠢᠶᠠᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠵᠡᠰ ᠢᠶᠠᠷ ᠰᠠᠭᠤᠷᠢ ᠪᠣᠯᠭᠠᠭᠰᠠᠨ ᠬᠡᠷᠡᠭᠯᠡᠭᠡᠨ ᠤ ᠮᠠᠲᠧᠷᠢᠶᠠᠯ ᠢ ᠨᠠᠷᠢᠯᠢᠭ ᠪᠥᠭᠡᠳ ᠰᠢᠯᠢᠳᠡᠭᠵᠢᠭᠦᠯᠵᠦ᠂ ︽ᠵᠡᠰ ᠪᠠᠭᠠᠨ᠎ᠠ — ᠵᠡᠰ ᠤᠲᠠᠰᠤ — ᠥᠨᠳᠥᠷ ᠳᠠᠮᠵᠢᠭᠤᠯᠤᠭᠴᠢ︾ ᠶᠢᠨ ᠠᠵᠤ ᠦᠢᠯᠡᠰ ᠤᠨ ᠬᠡᠯᠬᠢ᠊ ᠡᠶ᠎ᠡ ᠶᠢ ᠤᠷᠲᠤᠳᠬᠠᠵᠤ᠂ ᠵᠡᠰ ᠤᠨ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠪᠣᠯᠤᠨ ᠲᠡᠮᠦᠷᠯᠢᠭ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠭᠦᠢᠴᠡᠳ ᠨᠡᠶᠢᠳᠬᠡᠵᠦ᠂ ᠬᠦᠩᠭᠡᠨ ᠴᠠᠭᠠᠨ ᠢᠶᠠᠷ ᠰᠠᠭᠤᠷᠢ ᠪᠣᠯᠭᠠᠭᠰᠠᠨ ᠵᠡᠰ ᠢᠶᠠᠷ ᠰᠠᠭᠤᠷᠢ ᠪᠣᠯᠭᠠᠭᠰᠠᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠢᠱᠢ᠊ ᠡᠶ᠎ᠡᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠰᠢᠷᠪᠥᠰᠥ ᠶᠢ ᠴᠢᠩᠭᠠᠷᠠᠭᠤᠯᠤᠨ      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃      ᠳ᠋ᠦᠩ ᠾᠧ ᠲᠣᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠵᠦ᠂ ᠱᠧᠩ ᠲᠠᠢ᠂ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ ᠵᠡᠷᠭᠡ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ︾ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲᠧᠮ ᠢ ᠪᠠᠶᠢᠭᠤᠯᠵᠤ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠰᠣᠯᠢᠯᠴᠠᠭ᠎ᠠ      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠤᠬᠠᠭᠠᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠢᠯᠡᠰ ᠤᠨ ᠮᠡᠷᠭᠡᠵᠢᠯ ᠤᠨ ᠳᠤᠮᠳᠠᠳᠤ ᠤᠯᠤᠰ ᠤᠨ ᠤᠰᠤᠲᠥ᠋ᠷᠥᠭᠴᠢ ᠶᠢᠨ ᠡᠨᠧᠷᠭᠢ᠂ ᠨᠣᠷᠸᠠᠶ ᠶᠢᠨ ᠮᠡᠷᠭᠡᠵᠢᠯ᠂ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶ ᠶᠦᠩ ᠠᠺᠠᠳᠧᠮᠢᠴᠢ ᠶᠢᠨ ᠪᠦᠯᠬᠦᠮ ᠤᠨ ᠬᠠᠮᠲᠤᠷᠠᠨ ︽ᠤᠰᠤᠲᠥ᠋ᠷᠥᠭᠴᠢ ᠡᠨᠧᠷᠭᠢ ᠶᠢᠨ ᠠᠺᠠᠳᠧᠮᠢᠴᠢ ᠶᠢᠨ ᠠᠵᠢᠯ ᠤᠨ ᠥᠷᠲᠡᠭᠡ︾ ᠶᠢ ᠪᠠᠶᠢᠭᠤᠯᠬᠤ ᠶᠢ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠵᠤ ᠠᠬᠤᠶᠢᠯᠠᠯ ᠤᠨ ᠢᠨᠵᠧᠨᠧᠷᠢᠩ ᠤᠨ ᠮᠡᠷᠭᠡᠵᠢᠯ ᠤᠨ ᠲᠥᠪ ᠤᠨ ᠭᠤᠶᠤᠴᠢᠯᠠᠨ ᠮᠡᠳᠡᠭᠦᠯᠬᠦ ᠲᠤᠰᠬᠠᠶ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠵᠤ᠂ ᠬᠥᠩᠭᠡᠨ ᠴᠠᠭᠠᠨ ᠤ ᠬᠠᠶᠢᠯᠤᠰᠢ ᠶᠢᠨ ᠬᠡᠷᠡᠭᠯᠡᠭᠡᠨ ᠤ ᠮᠡᠷᠭᠡᠵᠢᠯ ᠢ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠱᠧᠩ ᠲᠠᠢ ᠵᠡᠷᠭᠡ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠲᠡ 2 ᠳ᠋ᠦᠩᠰᠢᠭᠤᠷ ᠭᠠᠷᠤᠶ ᠲᠥᠭᠦᠷᠢᠭ ᠤᠨ ᠪᠠᠯᠠ ᠣᠷᠣᠭᠤᠯᠵᠤ᠂ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦᠨ ᠤ ᠤᠶᠤᠨᠲᠤ ᠠᠷᠠᠯᠲᠤ ᠪᠦᠷᠢᠨ ᠠᠦ᠋ᠲ᠋ᠣ᠋ ᠦᠶ᠋ᠯᠡᠳᠪᠦᠷᠢᠯᠡᠯ ᠤᠨ ᠱᠤᠭᠤᠮ᠂ ᠥᠨᠳᠥᠷ ᠴᠢᠩᠭ᠎ᠠ ᠤᠶᠠᠨ ᠬᠠᠲᠠᠨ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦᠨ ᠤ ᠥᠨᠳᠥᠷ ᠦᠷ᠎ᠡ ᠠᠰᠢᠭ ᠲᠠᠢ ᠳᠣᠤᠷ᠎ᠠ ᠥᠪᠡᠷ ᠤᠨ ᠥᠷᠲᠡᠭ ᠢᠶᠠᠷ ᠴᠢᠳᠬᠤᠬᠤ ᠮᠡᠷᠭᠡᠵᠢᠯ ᠵᠡᠷᠭᠡ ᠨᠢᠭᠡ ᠪᠦᠯᠦᠭ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠶ᠋ᠯ ᠢ ᠪᠡᠶᠡᠯᠡᠭᠦᠯᠦᠨ᠎ᠡ᠃ ᠹᠧᠩᠴᠤᠸᠠᠨ ᠡᠯᠧᠺᠲᠷᠣᠨ᠂ ᠱᠧᠩ ᠲᠠᠢ ᠵᠡᠷᠭᠡ 10 ᠠᠵᠤ ᠠᠬᠤᠶᠢᠯᠠᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 13 ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠦᠷᠢᠯᠳᠦᠭᠦᠯᠵᠦ᠂ ᠠᠵᠤ ᠦᠢᠯᠡᠰ ᠤᠨ ᠬᠡᠯᠬᠢ᠊ ᠡᠶ᠎ᠡ ᠪᠣᠯᠤᠨ ᠰᠢᠨ᠎ᠡ ᠶᠢ ᠡᠭᠦᠳᠬᠦ ᠬᠡᠯᠬᠢ᠊ ᠡᠶ᠎ᠡ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠰᠤᠷᠭᠠᠭᠤᠯᠢ ᠣᠷᠣᠨ ᠨᠤᠲᠤᠭ ᠳᠡᠭᠡᠳᠦ ᠰᠤᠷᠭᠠᠭᠤᠯᠢ ᠠᠵᠤ ᠠᠬᠤᠶᠢᠯᠠᠯ ᠤᠨ ᠪᠦᠬᠦ ᠲᠠᠯ᠎ᠠ ᠶᠢᠨ᠂ ᠥᠷᠭᠡᠨ ᠬᠦᠷᠢᠶᠡᠨ ᠤ ᠬᠠᠮᠲᠤᠷᠠᠯᠴᠠᠭᠠᠨ ᠤ ᠪᠠᠶᠢᠷᠢᠰᠢᠯ ᠢ ᠪᠦᠷᠢᠯᠳᠦᠭᠦᠯᠵᠡᠢ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 6᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 12᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠳᠠᠯ ᠦᠶ᠋ᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ 16᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ 2᠂ ︽ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ 3 ᠶᠢ ᠪᠠᠶᠢᠭᠤᠯᠵᠤ ᠳᠠᠭᠤᠰᠬᠠᠪᠠ᠃ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠥᠬᠦ      ᠳ᠋ᠦᠩ ᠾᠧ ᠲᠣᠭᠤᠷᠢᠭ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲᠧᠮ ᠢ ᠲᠦᠷᠭᠡᠨ ᠪᠠᠶᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠦᠳᠦᠯᠦᠨ ᠵᠢᠯᠣᠭᠤᠳᠴᠤ᠂ ᠡᠨᠧᠷᠭᠢ ᠶᠢᠨ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠦᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ︾ ᠤᠨ ᠠᠵᠤ ᠦᠶ᠋ᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠦᠯᠡᠳᠡᠪᠦᠷᠢ ᠢᠯᠴᠢ᠂ ᠦᠯᠡᠳᠡᠪᠦᠷᠢ ᠳᠠᠷᠤᠯᠲᠠ ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠤᠨ᠎ᠠ᠃ ︽ᠪᠤᠭᠤᠲᠤ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠳᠤᠮᠳᠠ ᠪᠠ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠶ᠋ᠯ︾ ᠳᠤ ᠵᠢᠭᠰᠠᠭᠠᠨ ᠣᠷᠣᠭᠤᠯᠤᠭᠰᠠᠨ 11 ᠲᠥᠷᠥᠯ ᠵᠦᠶ᠋ᠯ ᠢ ᠬᠡᠷᠡᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ ᠲᠥᠷᠥᠯ ᠵᠦᠶ᠋ᠯ ᠢ ᠢᠳᠡᠪᠬᠢᠲᠡᠶ ᠴᠤᠭᠯᠠᠭᠤᠯᠤᠨ᠂ ᠴᠠᠬᠢᠯᠭᠠᠨ ᠬᠦᠴᠦᠨ ᠤ ᠠᠵᠤ ᠠᠬᠤᠶᠢᠯᠠᠯ ᠳᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯ ᠢ ᠥᠷᠨᠢᠭᠦᠯᠵᠦ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠪᠥᠬᠦ ᠲᠠᠯ᠎ᠠ ᠪᠠᠷ ᠠᠬᠢᠭᠤᠯᠤᠨ᠂ ︽ᠨᠣᠭᠤᠭᠠᠨ ᠠᠭᠤᠯᠤᠭᠳᠠᠴᠠ ᠶᠢᠨ ᠬᠡᠮᠵᠢᠶ᠎ᠡ︾ ᠶᠢ ︽ᠠᠯᠲᠠᠨ ᠤ ᠠᠭᠤᠯᠤᠭᠳᠠᠴᠠ ᠶᠢᠨ ᠬᠡᠮᠵᠢᠶ᠎ᠡ︾ ᠪᠣᠯᠭᠠᠨ ᠬᠤᠪᠢᠷᠠᠭᠤᠯᠤᠨ᠎ᠠ᠃
ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ ᠰᠡᠷᠭᠦᠭᠡᠯᠲᠡ      ᠴᠠᠭ ᠢ ᠦᠵᠡᠨ ᠪᠠᠶᠢᠳᠠᠯ ᠢ ᠰᠢᠨᠵᠢᠵᠦ᠂ ᠪᠦᠬᠦ ᠣᠷᠣᠨ ᠢᠶᠠᠷ ᠢᠶᠠᠨ ︽ᠪᠣᠬᠢᠷᠲᠤᠯ ᠦᠭᠡᠢ ᠬᠥᠭᠵᠢᠯᠲᠡ ᠶᠢᠨ ᠫᠠᠶᠢᠰᠠ︾ ᠶᠢ ᠦᠷᠭᠦᠯᠵᠢᠯᠡᠨ ᠡᠷᠭᠦᠵᠦ ᠪᠠᠶᠢᠨ᠎ᠠ᠃ ᠬᠤᠳᠠ ᠶᠢᠨ ᠬᠤᠣᠰ ᠵᠠᠰᠠᠯᠲᠠ ᠶᠢᠨ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠵᠦ᠂ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠴᠡᠴᠡᠷᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠪᠦᠳᠦᠭᠡᠨ ᠪᠠᠶᠢᠭᠤᠯᠵᠤ᠂ ᠴᠡᠴᠡᠷᠯᠢᠭ ᠢᠶᠠᠷ ᠵᠤᠭᠠᠴᠠᠬᠤ ᠨᠣᠭᠤᠭᠠᠨ ᠭᠠᠵᠠᠷ ᠲᠤ ᠤᠳᠤᠨ ᠮᠡᠴᠢᠳ ᠲᠦᠭᠡᠵᠦ ᠲᠦᠭᠡᠨ᠎ᠡ᠃ ᠣᠳᠣᠬᠠᠨ ᠪᠣᠯᠲᠠᠯ᠎ᠠ᠂ 2 ᠨᠣᠭᠤᠭᠠᠨ ᠭᠠᠵᠠᠷ ᠤᠨ ᠴᠡᠴᠡᠷᠯᠢᠭ ᠂ 6 ᠵᠢᠵᠢᠭ ᠵᠤᠭᠠᠴᠠᠯ ᠤᠨ ᠬᠦᠷᠢᠶᠡᠯᠡᠩ ᠢ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ 10 ᠭᠠᠷᠤᠢ ᠵᠦᠢᠯ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ 39.66 ᠭᠠᠷᠤᠢ ᠾᠧᠺᠲ᠋ᠠᠷ ᠲᠤ ᠬᠦᠷᠴᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 35.12% ᠲᠤ ᠬᠦᠷᠴᠦ᠂ ᠵᠠᠮ ᠤᠨ ᠨᠣᠭᠤᠭᠠᠷᠠᠭᠤᠯᠤᠯᠲᠠ ᠶᠢᠨ ᠨᠤᠷᠮ᠎ᠠ 97% ᠲᠤ ᠬᠦᠷᠴᠡᠢ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ᠂ ᠬᠠᠲᠤᠨ ᠭᠤᠤᠯ ᠤᠨ ᠬᠤᠶᠢᠲᠤ ᠡᠷᠭᠢ ᠳᠠᠭᠠᠤ ᠶᠢᠨ ︽ᠬᠤᠶᠠᠷ ᠠᠮᠢ ᠠᠬᠤᠶ ᠶᠢᠨ ᠬᠤᠩᠭᠢᠯ︾ ᠢ ᠪᠥᠲᠥᠭᠡᠨ ᠪᠠᠶᠢᠭᠤᠯᠵᠤ᠂ ᠠᠮᠢ ᠠᠬᠤᠶ ᠶᠢ ᠶᠡᠷᠦᠩᠬᠡᠶᠢᠯᠡᠨ ᠵᠠᠰᠠᠬᠤ᠂ ᠭᠤᠤᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠵᠡᠷᠭᠡ ᠢᠨᠵᠧᠨᠧᠷᠢᠩ ᠢ ᠥᠷᠨᠢᠭᠦᠯᠦᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 247% ᠳᠤ ᠬᠦᠷᠭᠡᠨ᠎ᠡ᠃ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ᠂ ᠪᠸᠢ ᠯᠢᠶᠠᠩ ᠤᠨ ᠤᠯᠠᠨ ᠭᠤᠤ ᠶᠢᠨ ᠭᠤᠣᠯ ᠤᠨ ᠵᠠᠮ ᠢ ᠵᠠᠰᠠᠬᠤ᠂ ᠯᠦᠩ ᠽᠠᠩ ᠴᠡᠴᠡᠷᠯᠢᠭ ᠲᠤ ᠰᠢᠯᠵᠢᠭᠦᠯᠬᠦ ᠵᠡᠷᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠰᠤ ᠨᠢ ᠲᠤᠩᠭᠠᠯᠠᠭ ᠡᠷᠭᠢ ᠨᠢ ᠨᠣᠭᠤᠭᠠᠨ ᠬᠤᠳᠠ ᠶᠢᠨ ᠲᠣᠭᠤᠷᠢᠭ ᠤᠨ ᠤᠰᠤᠨ ᠰᠢᠰᠲ᠋ᠧᠮ ᠤᠨ ᠦᠵᠡᠮᠵᠢ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠪᠦᠬᠦ ᠵᠢᠯ ᠤᠨ ᠬᠤᠶᠠᠳᠤᠭᠠᠷ ᠳᠡᠰ ᠤᠨ ᠰᠠᠶᠢᠨ ᠰᠠᠶᠢᠬᠠᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠶᠢ 287 ᠡᠳᠦᠷ ᠲᠤ ᠬᠦᠷᠭᠡᠨ᠎ᠡ᠃ ᠨᠣᠭᠤᠭᠠᠨ ᠥᠩᠭᠡ ᠨᠢ ᠨᠢᠭᠡᠨᠲᠡ ᠡᠨᠡ ᠬᠤᠲᠠ ᠶᠢᠨ ᠭᠤᠣᠯ ᠥᠩᠭᠡ ᠪᠣᠯᠵᠠᠶ᠃      ᠵᠠᠭᠤᠨ ᠣᠩᠭᠤᠴᠠ ᠮᠢᠩᠭᠠᠨ ᠳᠠᠷᠪᠠᠭᠤᠯ ᠢ ᠰᠦᠷᠦᠨ ᠤᠷᠤᠭᠰᠢᠯᠠᠵᠤ᠂ ᠰᠠᠯᠬᠢ ᠳᠠᠪᠠᠯᠭᠠᠨ ᠢ ᠵᠦᠰᠦᠨ ᠠᠯᠤᠰ ᠢ ᠵᠣᠷᠢᠨ ᠠᠶᠠᠯᠠᠨ᠎ᠠ᠃ ᠡᠳᠦᠭᠡ᠂ ᠳ᠋ᠦᠩ ᠾᠧ ᠲᠣᠭᠤᠷᠢᠭ ᠤᠨ ᠬᠢᠨ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠷᠤᠨ᠎ᠠ ᠶᠢᠨ ᠰᠠᠯᠬᠢ ᠶᠢ ᠠᠰᠢᠭᠯᠠᠵᠤ᠂ ᠰᠢᠨ᠎ᠡ ᠬᠥᠳᠡᠯᠭᠡᠬᠦ ᠬᠦᠴᠦᠨ ᠠᠯᠬᠤᠮ ᠠᠯᠬᠤᠮ ᠢᠶᠠᠷ ᠪᠠᠳᠠᠷᠠᠵᠤ᠂ ᠪᠤᠭᠤᠲᠤ ᠶᠢᠨ ᠡᠷᠡᠰ ᠰᠢᠭᠤᠷᠬᠠᠢ ᠪᠠᠷ ᠤᠷᠤᠭᠰᠢᠯᠠᠬᠤ ᠶᠡᠭᠡ ᠬᠠᠨᠳᠤᠰᠢ ᠶᠢ ᠪᠦᠷᠢᠯᠳᠦᠭᠦᠯᠵᠦ᠂ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠰᠢᠪᠲᠤᠯᠤᠯᠲᠠ ᠭᠠᠷᠭᠠᠬᠤ ᠪᠠᠷ ᠬᠦᠴᠦᠯᠡᠨ ᠴᠢᠷᠮᠠᠶᠢᠵᠤ ᠪᠠᠶᠢᠨ᠎ᠠ᠃                
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1