ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠤᠲᠠ ᠶᠢᠨ ᠱᠠᠲᠤᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠳᠠᠩᠰᠠᠨ ᠳᠤ ᠣᠷᠣᠭᠤᠯᠤᠭᠰᠠᠨ ᠪᠠ ᠬᠤᠪᠢᠶᠠᠷᠢᠯᠠᠭᠰᠠᠨ ᠪᠠᠶᠢᠳᠠᠯ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2021/12/13
    ᠳ᠋ᠦᠩ ᠾᠧ ᠲᠣᠭᠤᠷᠢᠭ ᠤᠨ ᠬᠢᠨ 2021 ᠣᠨ ᠤ 11 ᠰᠠᠷ᠎ᠠ ᠶᠢᠨ 23 ᠤ ᠡᠳᠦᠷ ᠪᠤᠭᠤᠲᠤ ᠬᠤᠳᠠ ᠶᠢᠨ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ 64 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ ᠶᠢ ᠬᠦᠯᠢᠶᠡᠨ ᠠᠪᠤᠪᠠ᠂ ᠡᠭᠦᠨ ᠳᠤ ᠠᠵᠢᠯ ᠤᠨ ᠵᠠᠷᠤᠳᠠᠯ 11 ᠲᠦᠮᠡᠨ ᠲᠥᠭᠦᠷᠢᠭ ︵ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠵᠠᠷᠤᠳᠠᠯ 10 ᠲᠦᠮᠡᠨ ᠲᠥᠭᠦᠷᠢᠭ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠠᠷᠤᠳᠠᠯ 1 ᠲᠦᠮᠡᠨ ᠲᠥᠭᠦᠷᠢᠭ︶᠂ ᠪᠤᠰᠤᠳ ᠵᠣᠯᠭᠠᠭᠤᠯᠬᠤ ᠪᠡᠯᠡ ᠮᠥᠩᠭᠦ ︵ᠠᠵᠢᠯ ᠤᠨ ᠪᠤᠰᠤ ᠵᠠᠷᠤᠳᠠᠯ︶ 53 ᠲᠦᠮᠡᠨ ᠲᠥᠭᠦᠷᠢᠭ ᠪᠤᠢ᠃ ᠭᠦᠶ᠋ᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠨᠢ ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ 2021 ᠣᠨ ᠤ ᠬᠤᠲᠠ ᠶᠢᠨ ᠲᠣᠰ ᠱᠠᠲᠤᠨ ᠤ ᠬᠤᠶᠠᠳᠤᠭᠠᠷ ᠪᠦᠯᠦᠭ ᠤᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠮᠡᠳᠡᠭᠳᠡᠯ︾ ︵ᠪᠦᠦ ᠼᠠᠢ ᠨᠦᠩ ︹ 2021 ︺ 744 ᠳ᠋ᠦᠭᠡᠷ ᠲᠣᠭᠠᠲᠤ︶ ᠪᠣᠯᠤᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠳ᠋ᠦᠩ ᠾᠧ ᠲᠣᠭᠤᠷᠢᠭ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 6 ᠳ᠋ᠤᠭᠠᠷ ᠤᠳᠠᠭ᠎ᠠ ᠶᠢᠨ ᠬᠤᠷᠠᠯ ᠢᠶᠠᠷ ᠰᠤᠳᠤᠯᠤᠨ ᠲᠣᠭᠲᠠᠭᠠᠭᠰᠠᠨ ᠢᠶᠠᠷ᠂ ᠳᠡᠭᠡᠷ᠎ᠡ ᠳᠤᠷᠠᠳᠤᠭᠰᠠᠨ 11 ᠲᠦᠮᠡᠨ ᠲᠥᠭᠦᠷᠢᠭ ᠤᠨ ᠠᠵᠢᠯ ᠤᠨ ᠵᠠᠷᠤᠳᠠᠯ ᠤᠨ ᠳᠣᠲᠣᠷᠠᠬᠢ ᠪᠤᠴᠠᠵᠤ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠢᠨᠠᠨ ᠬᠡᠮᠵᠢᠬᠦ ᠵᠠᠷᠤᠳᠠᠯ ᠢ ᠾᠧ ᠳ᠋ᠦᠩ ᠪᠠᠯᠭᠠᠰᠤᠨ ᠳᠤ 2 ᠲᠦᠮᠡᠨ ᠲᠥᠭᠦᠷᠢᠭ ᠰᠠᠯᠭᠠᠨ ᠥᠭᠴᠦ᠂ ᠰᠢᠷᠴᠢᠨ ᠪᠠᠯᠭᠠᠰᠤᠨ ᠳᠤ 3 ᠲᠦᠮᠡᠨ ᠲᠥᠭᠦᠷᠢᠭ ᠰᠠᠯᠭᠠᠨ ᠥᠭᠴᠦ᠂ ᠪᠤᠴᠠᠵᠤ ᠶᠠᠳᠠᠭᠤᠷᠠᠬᠤ ᠶᠢ ᠰᠡᠷᠭᠡᠶᠢᠯᠡᠵᠦ ᠶᠠᠳᠠᠭᠤᠷᠠᠬᠤ ᠶᠢ ᠬᠢᠨᠠᠨ ᠬᠡᠮᠵᠢᠬᠦ ᠠᠵᠢᠯ ᠥᠷᠨᠢᠭᠦᠯᠬᠦ ᠳᠤ ᠬᠡᠷᠡᠭᠯᠡᠵᠦ᠂ ᠦᠯᠡᠳᠡᠭᠰᠡᠨ 6 ᠲᠦᠮᠡᠨ ᠲᠥᠭᠦᠷᠢᠭ ᠢ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠰᠢᠯᠵᠢᠭᠦᠯᠦᠨ ᠥᠭᠴᠦ ᠳᠣᠭᠢᠷᠠᠭᠤᠯᠤᠨ ᠬᠡᠷᠡᠭᠯᠡᠭᠦᠯᠦᠨ᠎ᠡ᠃ ᠪᠤᠰᠤᠳ ᠵᠣᠯᠭᠠᠭᠤᠯᠬᠤ ᠪᠠᠯᠠ ᠮᠥᠩᠭᠦ ︵ᠠᠵᠢᠯ ᠤᠨ ᠪᠤᠰᠤ ᠵᠠᠷᠤᠳᠠᠯ︶ ᠶᠢᠨ 53 ᠲᠦᠮᠡᠨ ᠲᠥᠭᠦᠷᠢᠭ ᠢ ᠰᠢᠷᠴᠢᠨ ᠪᠠᠯᠭᠠᠰᠤᠨ ᠳᠤ ᠰᠠᠯᠭᠠᠨ ᠥᠭᠴᠦ᠂ ᠰᠢᠷᠴᠢᠨ ᠪᠠᠯᠭᠠᠰᠤᠨ ᠤ ᠣᠷᠳᠣᠰᠣᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠶ᠋ᠯ — — ᠣᠷᠳᠣᠰᠣᠨ ᠲᠣᠰᠬᠤᠨ ᠤ ᠭᠤᠭᠤᠳ ᠵᠢᠴᠢ ᠪᠤᠰᠤᠳ ᠵᠢᠮᠢᠰ ᠨᠣᠭᠤᠭ᠎ᠠ ᠶᠢ ᠨᠠᠷᠢᠯᠢᠭ ᠡᠳ᠋ᠰᠢᠭᠦᠯᠬᠦ ᠲᠥᠷᠥᠯ ᠵᠦᠶ᠋ᠯ ︵ᠬᠤᠶᠠᠳᠤᠭᠠᠷ ᠬᠤᠭᠤᠴᠠᠭ᠎ᠠ︶ ᠢ ᠬᠡᠷᠡᠭᠵᠢᠭᠦᠯᠬᠦ ᠳᠤ ᠬᠡᠷᠡᠭᠯᠡᠨ᠎ᠡ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ ᠵᠦᠶ᠋ᠯ ᠢ ᠵᠠᠷᠯᠠᠨ ᠨᠡᠶᠢᠲᠡᠯᠡᠬᠦ ᠶᠢᠨ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ︶︾ ︵ᠥᠪᠥᠷ ᠲᠡᠳᠬᠦᠮᠵᠢ ᠠᠯᠪᠠᠨ ᠲᠠᠷᠬᠠᠭᠠᠭᠰᠠᠨ ︹ 2018 ︺ 75 ᠳ᠋ᠤᠭᠠᠷ ᠲᠣᠭᠠᠲᠤ︶ ᠶᠣᠰᠣᠭᠠᠷ᠂ ᠡᠳᠦᠭᠡ ᠳᠡᠭᠡᠷ᠎ᠡ ᠳᠤᠷᠠᠳᠤᠭᠰᠠᠨ ᠪᠠᠯᠠ ᠮᠥᠩᠭᠦ ᠶᠢ ᠲᠠᠩᠰᠠᠨ ᠳᠤ ᠣᠷᠣᠭᠤᠯᠤᠭᠰᠠᠨ ᠪᠠ ᠬᠤᠪᠢᠶᠠᠷᠢᠯᠠᠭᠰᠠᠨ ᠪᠠᠶᠢᠳᠠᠯ ᠢ ᠵᠠᠷᠯᠠᠨ ᠨᠡᠶᠢᠲᠡᠯᠡᠨ᠎ᠡ᠃ᠵᠠᠷᠯᠠᠨ ᠨᠡᠶᠢᠲᠡᠯᠡᠬᠦ ᠴᠠᠭ᠄ 2021 ᠣᠨ ᠤ 11 ᠰᠠᠷ᠎ᠠ ᠶᠢᠨ 23 ᠤ ᠡᠳᠦᠷ — 2021 ᠣᠨ ᠤ 12 ᠰᠠᠷ᠎ᠠ ᠶᠢᠨ 2 ᠤᠨ ᠡᠳᠦᠷᠬᠢᠨᠠᠯᠲᠠ ᠲᠠᠯᠪᠢᠬᠤ ᠤᠲᠠᠰᠤ᠄ 12317 ︵ᠪᠥᠬᠦ ᠤᠯᠤᠰ ᠤᠨ ᠶᠠᠳᠠᠭᠤ ᠶᠢ ᠲᠡᠳᠬᠦᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠥᠪᠯᠡᠯᠭᠡ ᠥᠭᠴᠦ ᠮᠡᠳᠡᠭᠦᠯᠬᠦ ᠪᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ︶04724388696 ︵ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠠᠰᠠᠭᠤᠨ ᠯᠠᠪᠯᠠᠬᠤ ᠪᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ︶ᠬᠠᠷᠢᠯᠴᠠᠬᠤ ᠬᠥᠮᠦᠨ᠄ ᠪᠦᠦ ᠱᠤᠸᠠᠩ ᠰᠢᠨᠢᠭᠡᠴᠡ ᠶᠢᠨ ᠬᠠᠶ᠋ᠢᠭ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 811 ᠲᠠᠰᠤᠭ ︵ᠳᠤᠮᠳᠠᠬᠢ︶ᠢᠮᠧᠯ᠄ dhqfpb@126.com      ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ          2021 ᠣᠨ ᠤ 11 ᠰᠠᠷ᠎ᠠ ᠶᠢᠨ 23    
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1