ᠳ᠋ᠦᠩ ᠾᠧ ᠲᠣᠭᠤᠷᠢᠭ ᠤᠨ 2021 ᠣᠨ ᠤ ᠬᠤᠶᠠᠳᠤᠭᠠᠷ ᠪᠦᠯᠦᠭ ᠤᠨ ᠶᠠᠳᠠᠭᠤ ᠶᠢ ᠲᠡᠳᠬᠦᠬᠦ ᠪᠠᠷ ᠮᠡᠳᠡᠭᠦᠯᠦᠭᠰᠡᠨ ᠦᠶ᠋ᠯᠡᠳᠬᠦᠨ ᠢ ᠬᠠᠰᠤᠬᠤ ᠶᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2021/12/13
 ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︵ᠥᠪᠥᠷ ᠮᠣᠩᠭᠤᠯ ᠤᠨ ᠷᠦᠨ ᠴᠧᠨ ᠲᠠᠷᠢᠶᠠᠯᠠᠩ ᠤᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ︶ ᠤᠨ ᠵᠠᠬᠢᠳᠠᠯ ᠪᠠ ᠢᠷᠡᠭᠦᠯᠦᠭᠰᠡᠨ ᠤᠲᠠᠰᠤ ᠶᠢ ᠭᠥᠯᠢᠶᠡᠨ ᠠᠪᠴᠤ᠂ ᠳ᠋ᠦᠩ ᠾᠧ ᠲᠣᠭᠤᠷᠢᠭ ᠤᠨ 2021 ᠣᠨ ᠤ ᠬᠤᠶᠠᠳᠤᠭᠠᠷ ᠪᠦᠯᠦᠭ ᠤᠨ ᠭᠤᠶᠤᠴᠢᠯᠠᠨ ᠮᠡᠳᠡᠭᠦᠯᠦᠭᠰᠡᠨ 26 ᠵᠢᠵᠢᠭ ᠵᠦᠶ᠋ᠯ ᠤᠨ ᠶᠠᠳᠠᠭᠤ ᠶᠢ ᠲᠡᠳᠬᠦᠬᠦ ᠦᠶ᠋ᠯᠡᠳᠬᠦᠨ ᠤ ᠳᠣᠲᠣᠷ᠎ᠠ ᠠᠴᠠ ︽ᠲᠠᠷᠢᠶᠠᠴᠢᠨ ᠠᠶᠢᠯ ᠤᠨ ᠪᠡᠯᠡᠨ ᠲᠠᠬᠢᠶ᠎ᠠ︾ 1 ᠵᠢᠵᠢᠭ ᠵᠦᠶ᠋ᠯ ᠤᠨ ᠲᠠᠸᠠᠷ ᠢ ᠬᠠᠰᠤᠵᠤ᠂ ᠭᠤᠶᠤᠴᠢᠯᠠᠨ ᠮᠡᠳᠡᠭᠦᠯᠦᠭᠰᠡᠨ ᠲᠠᠸᠠᠷ ᠤᠨ ᠲᠤᠭ᠎ᠠ ᠶᠢ 25 ᠵᠢᠵᠢᠭ ᠵᠦᠶ᠋ᠯ ᠪᠣᠯᠭᠠᠨ ᠪᠠᠭᠠᠰᠬᠠᠬᠤ ᠶᠢ ᠱᠠᠭᠠᠷᠳᠠᠪᠠ᠃ ᠶᠠᠳᠠᠭᠤ ᠶᠢ ᠲᠡᠳᠬᠦᠬᠦ ᠦᠢᠯᠡᠳᠬᠦᠨ ᠢ ᠮᠠᠭᠠᠳᠯᠠᠨ ᠲᠣᠭᠲᠠᠭᠠᠬᠤ ᠯᠣᠭᠢᠭ ᠢ ᠦᠨᠳᠦᠰᠦᠯᠡᠨ᠂ ᠦᠢᠯᠡᠳᠬᠦᠨ ᠢ ᠨᠡᠮᠡᠭᠳᠡᠭᠦᠯᠬᠦ ᠶᠢ ᠴᠢᠩᠭ᠎ᠠ ᠬᠢᠨᠠᠨ ᠬᠠᠷᠭᠤᠭᠤᠯᠬᠤ᠂ ᠦᠢᠯᠡᠳᠬᠦᠨ ᠢ ᠳᠥᠭᠦᠮᠴᠢᠯᠡᠬᠦ ᠵᠢᠷᠤᠮ ᠢ ᠪᠠᠭᠠᠰᠬᠠᠬᠤ ᠵᠠᠷᠴᠢᠮ ᠤᠨ ᠶᠣᠰᠣᠭᠠᠷ᠂ ᠠᠵᠢᠯ ᠢᠶᠠᠨ ᠥᠷᠨᠢᠭᠦᠯᠬᠦ ᠳᠤ ᠲᠦᠬᠦᠮ ᠪᠣᠯᠭᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠳᠤ ᠴᠢᠬᠤᠯᠠ ᠪᠤᠰᠤ ᠳᠠᠪᠬᠤᠷᠳᠠᠭᠤᠯᠤᠨ ᠠᠵᠢᠯᠯᠠᠬᠤ ᠠᠴᠠ ᠵᠠᠶᠢᠯᠠᠰᠬᠢᠬᠦ ᠶᠢᠨ ᠲᠥᠯᠥᠭᠡ᠂ ᠨᠡᠶᠢᠭᠡᠮ ᠤᠨ ᠬᠢᠨᠠᠯᠲᠠ ᠶᠢ ᠥᠷᠭᠡᠨ ᠢᠶᠠᠷ ᠬᠦᠯᠢᠶᠡᠬᠦ ᠵᠣᠷᠢᠯᠭ᠎ᠠ ᠪᠠᠷ᠂ ᠤᠳᠤ ᠡᠨᠡ ᠬᠦ ᠪᠠᠶᠢᠳᠠᠯ ᠢ ᠵᠠᠷᠯᠠᠨ ᠨᠡᠶᠢᠲᠡᠯᠡᠶ᠎ᠡ᠂ ᠳᠡᠭᠡᠷ᠎ᠡ ᠳᠤᠷᠠᠳᠤᠭᠰᠠᠨ ᠺᠣᠮᠫᠠᠨᠢ ᠲᠠᠬᠢᠵᠤ ᠭᠤᠶᠤᠴᠢᠯᠠᠨ ᠮᠡᠳᠡᠭᠦᠯᠬᠦ ᠴᠢᠬᠤᠯᠠ ᠦᠭᠡᠢ᠂ ᠮᠠᠨ ᠤ ᠲᠣᠪᠴᠢᠶ᠎ᠠ ᠲᠡᠮᠳᠡᠭ ᠢᠶᠠᠷ ᠰᠢᠶ᠋ᠳᠪᠦᠷᠢᠯᠡᠨ᠎ᠡ᠃ᠢᠯᠡ ᠨᠡᠶᠢᠲᠡᠯᠡᠬᠦ ᠴᠠᠭ᠄ 2021 ᠣᠨ ᠤ 11 ᠰᠠᠷ᠎ᠠ ᠶᠢᠨ 1 ᠤ ᠡᠳᠦᠷ ︵ᠬᠠᠷᠢᠭᠤ ᠲᠤᠰᠬᠠᠯ ᠢ ᠣᠷᠳᠣ ᠬᠤᠭᠤᠴᠠᠭ᠎ᠠ ᠪᠠᠷ ᠢᠯᠡ ᠪᠠᠷ ᠭᠥᠯᠢᠶᠡᠨ ᠠᠪᠤᠨ᠎ᠠ︶ᠢᠯᠡᠴᠢᠯᠡᠨ ᠮᠡᠳᠡᠭᠦᠯᠬᠦ ᠤᠲᠠᠰᠤ᠄ 0472 — 4388696 ︵ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶Aaa 12317 ︵ᠪᠥᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠬᠦ ᠦᠶ᠋ᠯᠡᠴᠢᠯᠡᠭᠡᠨ ᠤ ︵ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ︶ ᠬᠠᠯᠠᠮᠰᠢᠯ ᠤᠲᠠᠰᠤ︶ᠬᠠᠷᠢᠯᠴᠠᠬᠤ ᠬᠠᠶ᠋ᠢᠭ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ 811 ︵ᠳᠤᠮᠳᠠᠬᠢ︶ᠬᠠᠷᠢᠯᠴᠠᠬᠤ ᠰᠢᠦᠳᠠᠨ ᠬᠠᠶᠢᠷᠴᠠᠭ᠄ dhqfpb@126.com    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ    2021 ᠣᠨ ᠤ 10 ᠰᠠᠷ᠎ᠠ ᠶᠢᠨ 31    
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1