ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾᠎ ᠶᠢᠨ ᠰᠤᠷᠪᠤᠯᠵᠢᠯᠠᠭ᠎ᠠ ᠶᠢᠨ ᠠᠭᠤᠯᠭ᠎ᠠ
ᠨᠡᠶᠢᠲᠡᠯᠡᠭᠰᠡᠨ ᠴᠠᠭ᠄
2021/12/15
ᠰᠤᠷᠪᠤᠯᠵᠢᠯᠠᠭ᠎ᠠ ᠶᠢᠨ ᠭᠤᠣᠯ ᠰᠡᠳᠦᠪ᠄  2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠠᠵᠢᠯᠯᠠᠨ᠎ᠠᠰᠤᠷᠪᠤᠯᠵᠢᠯᠠᠭᠰᠠᠨ ᠴᠠᠭ᠄   2021 ᠣᠨ ᠤ 9 ᠰᠠᠷ᠎ᠠ ᠶᠢᠨ 7᠎ ᠤ ᠡᠳᠦᠷᠰᠤᠷᠪᠤᠯᠵᠢᠯᠠᠭᠰᠠᠨ ᠵᠣᠴᠢᠨ᠄  ᠾᠧ ᠳ᠋ᠦᠩ ᠪᠢᠩᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠬᠥᠲᠥᠯᠥᠭᠴᠢ᠄ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠨᠢᠭᠡᠨᠲᠡ ᠡᠬᠢᠯᠡᠵᠦ᠂ ᠳ᠋ᠦᠩ ᠾᠧ ᠲᠣᠭᠤᠷᠢᠭ ᠤᠨ ᠬᠢᠨ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠶᠠᠮᠠᠷ ᠶᠠᠮᠠᠷ ᠭᠦᠶ᠋ᠴᠡᠳ ᠪᠡᠯᠡᠳᠬᠡᠯ ᠬᠢᠭᠰᠡᠨ ᠪᠣᠶ︖      ᠵᠣᠴᠢᠨ ᠾᠧ ᠳ᠋ᠦᠩ ᠪᠢᠩ᠄ ᠬᠤᠲᠠ ᠶᠢᠨ ᠲᠣᠭᠤᠷᠢᠭ ᠬᠤᠶᠠᠷ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠢᠯᠣᠭᠤᠳᠣᠯᠭ᠎ᠠ ᠳᠣᠤᠷ᠎ᠠ᠂ ᠪᠢᠳᠡ ᠤᠷᠢᠳᠴᠢᠯᠠᠨ ᠠᠷᠭ᠎ᠠ ᠰᠦᠪᠡᠭᠴᠢᠯᠡᠵᠦ᠂ 8 ᠰᠠᠷ᠎ᠠ ᠶᠢᠨ ᠡᠬᠢ ᠪᠠᠷ᠂ ᠳᠡᠭᠡᠳᠦ ᠱᠠᠲᠤᠨ ᠤ ᠰᠢᠨ᠎ᠡ ᠱᠠᠭᠠᠷᠳᠠᠯᠭ᠎ᠠ ᠶᠢ ᠦᠨᠳᠦᠰᠦᠯᠡᠨ ᠡᠯ᠎ᠡ ᠵᠦᠶ᠋ᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠥᠰᠦᠯ ᠢ ᠲᠡᠭᠦᠯᠳᠡᠷᠵᠢᠭᠦᠯᠪᠡ᠃ ᠡᠯ᠎ᠡ ᠰᠤᠷᠭᠠᠭᠤᠯᠢ ᠨᠤᠭᠤᠳ ᠤᠷᠢᠳᠠᠪᠠᠷ ᠥᠪᠡᠷ ᠤᠨ ᠪᠠᠶᠢᠴᠠᠭᠠᠯᠲᠠ ᠪᠠᠨ ᠥᠷᠨᠢᠭᠦᠯᠵᠦ᠂ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠴᠡᠭᠴᠡᠯᠡᠨ ᠰᠠᠶᠢᠵᠢᠷᠠᠭᠤᠯᠤᠨ᠎ᠠ᠃ ᠡᠭᠦᠨ ᠤ ᠵᠡᠷᠭᠡ ᠳᠤ ᠪᠠᠰᠠ ᠴᠡᠭᠡᠷᠯᠡᠬᠦ ᠡᠪᠡᠳᠴᠢᠨ ᠠᠴᠠ ᠪᠤᠰᠤᠳ ᠪᠣᠶ ᠪᠥᠬᠦᠶ ᠪᠠᠭᠰᠢ᠂ ᠠᠮᠤᠷ ᠢ ᠬᠠᠮᠠᠭᠠᠯᠠᠬᠤ ᠠᠵᠢᠯᠲᠠᠨ᠂ ᠠᠵᠢᠯᠲᠠᠨ ᠪᠦᠬᠦᠨ ᠢ 8 ᠰᠠᠷ᠎ᠠ ᠶᠢᠨ ᠰᠡᠭᠦᠯᠴᠢ ᠠᠴᠠ ᠡᠮᠦᠨ᠎ᠡ ᠸᠠᠺᠼᠢᠨ ᠤ ᠲᠠᠷᠢᠯᠭ᠎ᠠ ᠶᠢ ᠬᠢᠵᠦ ᠳᠠᠭᠤᠰᠬᠠᠬᠤ ᠬᠡᠷᠡᠭᠲᠡᠶ ᠭᠡᠵᠦ ᠱᠠᠭᠠᠷᠳᠠᠵᠠᠶ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠲᠠᠪᠤᠨ ᠠᠵᠢᠯ ᠤᠨ ᠳᠤᠭᠤᠶᠢᠯᠠᠩ ᠵᠣᠬᠢᠶᠠᠨ ᠪᠠᠶᠢᠭᠤᠯᠵᠤ ᠰᠤᠷᠭᠠᠭᠤᠯᠢ ᠨᠢᠭᠡᠪᠦᠷᠢ ᠳᠤ ᠭᠦᠨᠵᠡᠭᠡᠶᠢᠷᠡᠨ ᠪᠥᠬᠦ ᠲᠠᠯ᠎ᠠ ᠶᠢᠨ ᠦᠨᠡᠯᠡᠯᠲᠡ ᠬᠢᠭᠰᠡᠨ ᠪᠠᠶᠢᠨ᠎ᠠ᠃ ᠴᠡᠭᠴᠡᠯᠡᠨ ᠥᠭᠡᠷᠡᠴᠢᠯᠡᠵᠦ ᠰᠢᠯᠭᠠᠨ ᠠᠪᠬᠤ ᠪᠠᠷ ᠳᠡᠮᠵᠢᠨ᠂ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠭᠤᠯᠤᠮᠵᠢ ᠨᠤᠭᠤᠳ ᠴᠥᠮ ᠰᠤᠷᠭᠠᠭᠤᠯᠢ ᠡᠬᠢᠯᠡᠬᠦ ᠪᠠ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠬᠦᠷᠴᠦ᠂ ᠰᠤᠷᠤᠭᠴᠢᠳ ︽ᠨᠣᠭᠤᠭᠠᠨ ᠲᠡᠮᠳᠡᠭ︾᠎ ᠢᠶᠠᠷ ᠨᠡᠷ᠎ᠡ ᠮᠡᠳᠡᠭᠦᠯᠵᠦ᠂ ᠳ᠋ᠦᠩ ᠾᠧ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠴᠥᠮ ᠠᠮᠵᠢᠯᠲᠠ ᠲᠠᠢ ᠪᠠᠷ ᠰᠤᠷᠭᠠᠭᠤᠯᠢ ᠡᠬᠢᠯᠡᠭᠰᠡᠨ ᠪᠠᠶᠢᠨ᠎ᠠ᠃      ᠬᠥᠲᠥᠯᠥᠭᠴᠢ᠄ ᠣᠶᠢᠷ᠎ᠠ ᠶᠢᠨ ᠬᠤᠭᠤᠴᠠᠭᠠᠨ ᠳᠤ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠬᠦ ᠰᠠᠨᠠᠯ︾᠎ ᠢ ᠬᠡᠷᠡᠭᠵᠢᠭᠦᠯᠪᠡ᠂ ᠳᠥᠭᠦᠮᠴᠢᠯᠡᠭᠡᠳ ᠱᠤᠸᠠᠩ ᠬᠥᠩᠭᠡᠯᠡᠯᠲᠡ ᠭᠡᠳᠡᠭ᠂ ᠳ᠋ᠦᠩ ᠾᠧ ᠲᠣᠭᠤᠷᠢᠭ ᠤᠨ ᠬᠢᠨ ᠶᠠᠮᠠᠷ ᠶᠠᠮᠠᠷ ᠨᠠᠶᠢᠳᠠᠪᠤᠷᠢᠵᠢᠭᠤᠯᠬᠤ ᠠᠵᠢᠯ ᠬᠢᠭᠰᠡᠨ ᠪᠣᠶ︖      ᠡᠷᠬᠢᠮ ᠵᠣᠴᠢᠨ ᠾᠧ ᠳ᠋ᠦᠩ ᠪᠢᠩ᠄ ᠮᠠᠨ ᠤ ᠣᠷᠣᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ ᠪᠠᠶᠢᠨ᠎ᠠ᠃ ᠰᠤᠷᠭᠠᠭᠤᠯᠢ ᠶᠢᠨ ᠬᠢᠨ ︽ᠲᠠᠪᠤᠨ ᠵᠦᠶ᠋ᠯ ᠤᠨ ᠬᠠᠮᠢᠶᠠᠷᠤᠯᠲᠠ︾᠎ ᠶᠢᠨ ᠡᠯ᠎ᠡ ᠵᠦᠶ᠋ᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠢᠳᠡ ᠳᠠᠰᠬᠠᠯ᠂ ᠤᠨᠲᠠᠬᠤ᠂ ᠭᠠᠷ ᠤᠲᠠᠰᠤ᠂ ᠤᠩᠰᠢᠬᠤ ᠪᠢᠴᠢᠭ᠂ ᠪᠡᠶ᠎ᠡ ᠮᠠᠬᠠᠪᠣᠳ ᠵᠡᠷᠭᠡ ᠲᠠᠪᠤᠨ ᠲᠠᠯ᠎ᠠ ᠪᠠᠷ ᠨᠠᠩ ᠨᠠᠷᠢᠯᠢᠭ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠴᠤ᠂ ᠡᠯ᠎ᠡ ᠰᠤᠷᠭᠠᠭᠤᠯᠢ ᠠᠳᠠᠯᠢ ᠣᠨ᠂ ᠠᠳᠠᠯᠢ ᠬᠢᠴᠢᠶᠡᠯ ᠲᠥᠷᠥᠯ ᠳᠡᠭᠡᠨ ᠴᠢᠨᠠᠷ ᠰᠠᠶᠢᠲᠠᠶ ᠲᠠᠰ ᠬᠤᠪᠢᠶᠠᠨ ᠳᠠᠰᠬᠠᠯ ᠬᠢᠵᠦ᠂ ᠬᠡᠤᠬᠡᠳ ᠤᠨ ᠭᠦᠶ᠋ᠴᠡᠳ ᠠᠮᠠᠷᠠᠬᠤ ᠪᠠ ᠤᠨᠲᠠᠬᠤ ᠴᠠᠭ ᠢ ᠪᠠᠲᠤᠯᠠᠭᠰᠠᠨ ᠪᠠᠶᠢᠨ᠎ᠠ ᠃ ᠱᠠᠭᠠᠷᠳᠠᠯᠭ᠎ᠠ ᠶᠣᠰᠣᠭᠠᠷ ᠰᠣᠷᠣᠭᠴᠢ ᠶᠢᠨ ᠭᠠᠷ ᠤᠲᠠᠰᠤᠨ ᠤ ᠬᠠᠮᠢᠶᠠᠷᠤᠯᠲᠠ ᠶᠢ ᠴᠢᠩᠭᠠᠳᠬᠠᠬᠤ ᠳᠤ᠂ ᠵᠠᠷᠴᠢᠮ ᠳᠡᠭᠡᠷ᠎ᠡ ᠪᠠᠨ ᠭᠠᠷ ᠤᠲᠠᠰᠤ ᠪᠠᠨ ᠰᠤᠷᠭᠠᠭᠤᠯᠢ ᠳᠤ ᠠᠪᠴᠤ ᠣᠷᠣᠵᠤ ᠪᠣᠯᠬᠤ ᠥᠬᠡᠶ᠂ ᠦᠨᠡᠬᠡᠷ ᠣᠨᠴᠠᠭᠠᠶ ᠰᠢᠯᠲᠠᠭᠠᠨ ᠲᠠᠢ ᠪᠣᠯ ᠰᠤᠷᠭᠠᠭᠤᠯᠢ ᠳᠤ ᠤᠷᠤᠭᠰᠠᠨ ᠤ ᠳᠠᠷᠠᠭ᠎ᠠ ᠠᠩᠭᠢ ᠶᠢᠨ ᠡᠷᠬᠢᠯᠡᠭᠴᠢ ᠳᠤ ᠲᠤᠰᠢᠶᠠᠵᠤ ᠨᠢᠭᠡᠳᠦᠯᠲᠡᠶ ᠬᠠᠮᠢᠶᠠᠷᠤᠭᠤᠯᠤᠨ᠎ᠠ᠃ ᠬᠢᠴᠢᠶᠡᠯ ᠤᠨ ᠳᠠᠷᠠᠭᠠᠬᠢ ᠦᠶ᠋ᠯᠡᠴᠢᠯᠡᠭᠡ ᠬᠢᠭᠡᠳ ᠵᠢᠭᠠᠨ ᠰᠤᠷᠭᠠᠯᠲᠠ ᠶᠢᠨ ᠬᠢᠴᠢᠶᠡᠯ ᠤᠨ ᠲᠠᠩᠬᠢᠮ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠣᠷᠣᠭᠴᠢ ᠶᠢᠨ ᠰᠤᠷᠭᠠᠭᠤᠯᠢ ᠶᠢᠨ ᠳᠣᠲᠣᠭᠠᠳᠤ ᠳᠤ ᠳᠠᠰᠬᠠᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠪᠡᠶ᠎ᠡ ᠪᠠᠨ ᠳᠠᠭᠠᠭᠠᠨ ᠤᠩᠰᠢᠬᠤ᠂ ᠪᠡᠶ᠎ᠡ ᠶᠢᠨ ᠲᠠᠮᠢᠷ ᠂ ᠤᠷᠠᠯᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠳᠤ ᠣᠷᠣᠯᠴᠠᠵᠤ᠂ ᠰᠣᠷᠣᠭᠴᠢ ᠪᠠ ᠬᠡᠷ ᠤᠨ ᠠᠬᠠᠮᠠᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠲᠤᠭ᠎ᠠ ᠪᠠᠨ ᠨᠡᠮᠡᠭᠳᠡᠭᠦᠯᠵᠦ᠂ ᠰᠤᠷᠤᠭᠴᠢᠳ ᠤᠨ ᠭᠡᠷ ᠤᠨ ᠭᠠᠳᠠᠨᠠᠬᠢ ᠪᠣᠯᠪᠠᠰᠤᠷᠠᠯ ᠢ ᠭᠦᠢᠴᠡᠳ ᠭᠥᠷᠳᠡᠬᠦ ᠶᠢ ᠪᠠᠲᠤᠯᠠᠭᠰᠠᠨ ᠪᠠᠶᠢᠨ᠎ᠠ᠃      ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠬᠠᠨᠳᠤᠭᠤᠯᠤᠭᠰᠠᠨ ᠰᠢᠨ᠎ᠡ ᠪᠠᠷ ᠪᠠᠶᠢᠭᠤᠯᠤᠭᠰᠠᠨ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠶᠢ ᠨᠢᠭᠡᠨᠲᠡ ᠵᠣᠭᠰᠣᠭᠠᠵᠤ᠂ ᠣᠲᠣ ᠶᠢᠨ ᠪᠠᠶᠢᠭ᠎ᠠ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠪᠠᠶᠢᠭᠤᠯᠤᠮᠵᠢ ᠪᠠᠷ ᠨᠢᠭᠡᠳᠦᠯᠲᠡᠶ ᠳᠡᠩᠰᠡᠯᠡᠨ ᠲᠡᠮᠳᠡᠭᠯᠡᠬᠦ ᠶᠢᠨ ᠬᠠᠮᠲᠤ ᠣᠶᠢᠷ᠎ᠠ ᠳᠤ ᠂ ᠮᠠᠨ ᠤ ᠲᠣᠪᠴᠢᠶ᠎ᠠ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠠᠷᠠᠳ ᠤᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠳᠤᠭᠤᠶᠢᠯᠠᠩ ᠪᠠᠶᠢᠭᠤᠯᠵᠤ ᠬᠠᠮᠲᠤᠷᠠᠨ ᠬᠠᠤᠯᠢ ᠬᠡᠷᠡᠭᠵᠢᠭᠦᠯᠵᠦ᠂ ᠰᠤᠷᠭᠠᠭᠤᠯᠢ ᠶᠢᠨ ᠭᠠᠳᠠᠨᠠᠬᠢ 36 ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ︽ᠰᠤᠷᠭᠠᠭᠤᠯᠢ ᠡᠷᠭᠢᠯᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠴᠡᠭᠴᠡᠯᠡᠨ ᠵᠠᠰᠠᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃      ᠬᠥᠲᠥᠯᠥᠭᠴᠢ᠄ ᠳ᠋ᠦᠩ ᠾᠧ ᠪᠣᠯ ᠬᠠᠭᠤᠴᠢᠨ ᠬᠤᠲᠠ ᠶᠢᠨ ᠲᠣᠭᠤᠷᠢᠭ ᠮᠥᠨ᠂ ᠮᠥᠨ ᠴᠦ ᠰᠤᠷᠭᠠᠨ ᠬᠥᠮᠦᠵᠢᠯ ᠤᠨ ᠲᠣᠮᠣ ᠲᠣᠭᠤᠷᠢᠭ ᠮᠥᠨ᠂ ᠠᠯᠤᠰ ᠬᠡᠲᠦ ᠶᠢᠨ ᠬᠥᠭᠵᠢᠯᠲᠡ ᠶᠢᠨ ᠲᠥᠯᠥᠭᠡ᠂ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠲᠥᠯᠥᠪᠵᠢᠭᠦᠯᠭᠡ ᠲᠠᠢ ᠪᠣᠶ︖      ᠵᠣᠴᠢᠨ ᠾᠧ ᠳ᠋ᠦᠩ ᠪᠢᠩ᠄ ᠳ᠋ᠦᠩ ᠾᠧ ᠲᠣᠭᠤᠷᠢᠭ ᠤᠨ ᠬᠤᠲᠠ ᠶᠢᠨ ᠬᠥᠭᠵᠢᠯᠲᠡ ᠪᠠ ᠬᠥᠮᠦᠨ ᠠᠮᠠ ᠶᠢᠨ ᠲᠠᠷᠬᠠᠯᠲᠠ ᠪᠠᠷ᠂ ᠳ᠋ᠦᠩ ᠾᠧ ᠰᠤᠷᠭᠠᠨ ᠬᠥᠮᠦᠵᠢᠯ ᠤᠨ ᠣᠲᠣ ᠶᠢᠨ ᠪᠠᠶᠢᠷᠢᠯᠠᠭᠤᠯᠤᠯᠲᠠ ᠶᠢ ᠪᠠᠷᠠᠭᠤᠨ ᠬᠡᠰᠡᠭ᠂ ᠵᠡᠭᠦᠨ ᠬᠡᠰᠡᠭ᠂ ᠳᠤᠮᠳᠠ ᠬᠡᠰᠡᠭ᠂ ᠳ᠋ᠦᠩ ᠰᠢᠩ᠂ ᠰᠢᠷᠴᠢᠨ ᠵᠡᠷᠭᠡ ᠳᠥᠷᠪᠡᠨ ᠶᠡᠭᠡ ᠬᠡᠰᠡᠭ ᠰᠤᠷᠭᠠᠨ ᠬᠥᠮᠦᠵᠢᠯ ᠤᠨ ᠣᠷᠣᠨ ᠪᠦᠰᠡ ᠪᠣᠯᠭᠠᠨ ᠬᠤᠪᠢᠶᠠᠨ᠎ᠠ᠃ ᠥᠩᠭᠡᠷᠡᠭᠰᠡᠨ ᠬᠡᠳᠦᠨ ᠵᠢᠯ ᠤᠨ ᠲᠤᠷᠰᠢ᠂ ᠮᠠᠨ ᠤ ᠣᠷᠣᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠪᠠᠷᠢᠮᠵᠢᠶᠠᠵᠢᠭᠤᠯᠤᠭᠰᠠᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠡᠷᠭᠡ ᠠᠷᠭ᠎ᠠ ᠪᠠᠷᠢᠯ ᠢᠶᠠᠷ ᠳᠡᠮᠵᠢᠨ᠂ ᠵᠡᠭᠦᠨ ᠬᠡᠰᠡᠭ ᠤᠨ ᠬᠥᠳᠡᠭᠡ ᠲᠣᠰᠬᠤᠨ᠂ ᠪᠸᠢ ᠯᠢᠶᠠᠩ ᠤᠨ ᠲᠥᠪᠬᠢᠨᠡᠭᠦᠯᠬᠦ ᠲᠣᠭᠤᠷᠢᠭ ᠤᠨ ᠾᠧ ᠭᠤᠤᠯ ᠬᠤᠲᠠ ᠶᠢᠨ ᠲᠣᠭᠤᠷᠢᠭ ᠤᠨ ᠰᠤᠷᠭᠠᠭᠤᠯᠢ ᠡᠷᠭᠢᠯᠡᠬᠦ ᠨᠥᠬᠦᠴᠡᠯ ᠢ ᠴᠥᠮ ᠲᠠᠰᠤᠷᠠᠯᠲᠠ ᠥᠬᠡᠶ ᠳᠡᠭᠡᠭᠰᠢᠯᠡᠭᠦᠯᠪᠡ᠃ ᠭᠡᠪᠡᠴᠦ ᠨᠡᠶᠢᠭᠡᠮ ᠤᠨ ᠬᠥᠭᠵᠢᠯᠲᠡ ᠪᠠ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠢᠨᠵᠧᠨᠧᠷᠢᠩ ᠤᠨ ᠬᠡᠷᠡᠭᠵᠢᠭᠦᠯᠦᠭᠳᠡᠬᠦ ᠶᠢ ᠳᠠᠭᠠᠯᠳᠤᠨ᠂ ᠣᠲᠣ ᠪᠠᠶᠢᠭ᠎ᠠ ᠰᠤᠷᠭᠠᠨ ᠬᠥᠮᠦᠵᠢᠯ ᠤᠨ ᠪᠠᠶᠢᠷᠢᠰᠢᠭᠤᠯᠤᠯ ᠨᠢ ᠨᠢᠭᠡᠨᠲᠡ ᠨᠡᠶᠢᠭᠡᠮ ᠪᠠ ᠥᠷᠭᠡᠨ ᠣᠯᠠᠨ ᠬᠡᠷ ᠤᠨ ᠠᠬᠠᠮᠠᠳ ᠤᠨ ᠬᠡᠷᠡᠭᠴᠡᠭᠡ ᠳᠤ ᠵᠣᠬᠢᠴᠠᠬᠤ ᠥᠬᠡᠶ ᠪᠣᠯᠵᠣ᠂ ᠣᠷᠣᠨ ᠪᠦᠰᠡ ᠶᠢᠨ ᠴᠢᠨᠠᠷᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠳᠤᠲᠠᠭᠳᠠᠬᠤ ᠠᠰᠠᠭᠤᠳᠠᠯ ᠤᠯᠠᠮ ᠨᠢᠭᠡ ᠠᠯᠬᠤᠮ ᠲᠣᠪᠤᠶᠢᠮ᠎ᠠ ᠪᠣᠯᠵᠣ ᠪᠠᠶᠢᠨ᠎ᠠ᠃ ᠡᠭᠦᠨ ᠤ ᠲᠤᠯᠠᠳᠠ᠂ ᠪᠢᠳᠡ ᠭᠦᠶ᠋ᠴᠡᠳ ᠪᠠᠶᠢᠴᠠᠭᠠᠨ ᠰᠤᠳᠤᠯᠤᠯᠲᠠ ᠪᠠ ᠣᠯᠠᠨ ᠲᠠᠯ᠎ᠠ ᠶᠢᠨ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ ᠨᠢᠭᠡᠨᠲᠡ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠰᠢᠯᠢᠳᠡᠭᠵᠢᠭᠦᠯᠦᠨ ᠳᠣᠭᠢᠷᠠᠭᠤᠯᠪᠠ᠃ ᠰᠢᠨ᠎ᠡ ᠲᠥᠯᠥᠪᠵᠢᠭᠦᠯᠭᠡ ᠶᠢᠨ ᠶᠣᠰᠣᠭᠠᠷ᠂ ᠲᠠᠷᠠᠭᠠᠴᠢ ᠶᠢᠨ ᠠᠯᠬᠤᠮ ᠳᠤ ᠳ᠋ᠦᠩ ᠾᠧ ᠲᠣᠭᠤᠷᠢᠭ ᠤᠨ ᠬᠢᠨ ᠨᠢᠭᠡ ᠪᠦᠯᠦᠭ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠲᠥᠷᠥᠯ ᠵᠦᠶ᠋ᠯ ᠢ ᠭᠤᠤᠯᠳᠠᠯᠭ᠎ᠠ ᠲᠠᠢ ᠳᠥᠯᠭᠢᠨ ᠠᠬᠢᠭᠤᠯᠬᠤ ᠪᠠ ᠬᠡᠷᠡᠭᠵᠢᠭᠦᠯᠬᠦ ᠪᠠᠷ ᠪᠣᠶ᠂ ᠡᠭᠦᠨ ᠳᠤ ᠪᠸᠢ ᠯᠢᠶᠠᠩ ᠤᠨ ᠲᠥᠪᠬᠢᠨᠡᠭᠦᠯᠬᠦ ᠣᠷᠣᠨ ᠤ ᠡᠮᠦᠨ᠎ᠡ ᠬᠡᠰᠡᠭ ᠲᠤ ᠰᠢᠨ᠎ᠡ ᠪᠠᠷ ᠪᠠᠶᠢᠭᠤᠯᠤᠭᠰᠠᠨ ᠳᠤᠮᠳᠠᠳᠤ ᠰᠤᠷᠭᠠᠭᠤᠯᠢ᠂ ᠰᠢᠨ᠎ᠡ ᠪᠠᠷ ᠪᠠᠶᠢᠭᠤᠯᠤᠭᠰᠠᠨ ᠪᠠᠭ᠎ᠠ ᠰᠤᠷᠭᠠᠭᠤᠯᠢ ᠪᠠᠭᠲᠠᠨ᠎ᠠ︔ ᠪᠸᠢ ᠯᠢᠶᠠᠩ ᠤᠨ ᠲᠤᠩᠺᠦ᠋ᠩ ᠲᠣᠭᠤᠷᠢᠭ ᠲᠤ ᠬᠤᠲᠣᠩᠴᠤᠳ ᠤᠨ ᠪᠠᠭ᠎ᠠ ᠰᠤᠷᠭᠠᠭᠤᠯᠢ ᠶᠢ ᠲᠠᠬᠢᠨ ᠪᠠᠶᠢᠭᠤᠯᠵᠤ᠂ ᠴᠡᠴᠡᠷᠯᠢᠭ ᠵᠠᠮ ᠤᠨ ᠪᠠᠭ᠎ᠠ ᠰᠤᠷᠭᠠᠭᠤᠯᠢ ᠶᠢᠨ ᠵᠢᠩ ᠫᠢᠩ ᠰᠤᠷᠭᠠᠭᠤᠯᠢ ᠶᠢᠨ ᠲᠣᠭᠤᠷᠢᠭ ᠢ ᠰᠢᠨ᠎ᠡ ᠪᠠᠷ ᠪᠠᠶᠢᠭᠤᠯᠵᠤ᠂ ᠪᠤᠭᠤᠲᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ︶᠎ ᠶᠢ ᠰᠢᠨ᠎ᠡ ᠪᠠᠷ ᠪᠠᠶᠢᠭᠤᠯᠵᠤ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠨᠣᠭᠤᠭᠠᠨ ᠭᠠᠵᠠᠷ ᠤᠨ ᠬᠤᠪᠢᠶᠠᠷᠢ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠪᠠᠰᠠ ᠨᠢᠭᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ᠎ᠠ︔ ᠭᠤᠣᠯ ᠬᠤᠳᠠ ᠶᠢᠨ ᠲᠣᠭᠤᠷᠢᠭ ᠲᠤ ᠪᠤᠭᠤᠲᠤ ᠶᠢᠨ ᠲᠡᠮᠤᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠲᠡᠮᠤᠷ ᠵᠠᠮ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢ ᠲᠠᠬᠢᠨ ᠪᠠᠶᠢᠭᠤᠯᠵᠤ᠂ ᠪᠤᠭᠤᠲᠤ ᠶᠢᠨ ᠲᠡᠮᠤᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠤ ᠶᠢᠨ ᠲᠡᠮᠤᠷ ᠵᠠᠮ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢ ᠲᠦᠷ ᠴᠠᠭ ᠪᠤᠭᠤᠲᠤ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠭᠤᠴᠢᠨ ᠰᠤᠷᠭᠠᠭᠤᠯᠢ ᠶᠢᠨ ᠪᠠᠶᠢᠷᠢ ︵ᠣᠳᠣᠬᠠᠨ ᠳᠤ ᠨᠢᠭᠡᠨᠲᠡ ᠳᠠᠭᠤᠰᠬᠠᠪᠠ︶᠎ ᠳᠤ ᠨᠡᠭᠦᠯᠭᠡᠵᠦ᠂ ᠪᠠᠰᠠ ᠡᠮᠦᠨᠡᠲᠦ ᠲᠠᠯᠠᠢ ᠶᠢᠨ ᠪᠠᠭ᠎ᠠ ᠰᠤᠷᠭᠠᠭᠤᠯᠢ᠂ ᠪᠠᠷᠠᠭᠤᠨ ᠨᠤᠤᠪᠤᠤ ᠬᠤᠶᠠᠳᠤᠭᠠᠷ ᠪᠠᠭ᠎ᠠ ᠰᠤᠷᠭᠠᠭᠤᠯᠢ᠂ ᠪᠠᠷᠠᠭᠤᠨ ᠨᠤᠤᠪᠤᠤ ᠨᠢᠭᠡᠳᠦᠭᠡᠷ ᠪᠠᠭ᠎ᠠ ᠰᠤᠷᠭᠠᠭᠤᠯᠢ ᠶᠢ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠤᠨ᠎ᠠ᠃ ᠡᠲᠡᠭᠡᠷ ᠵᠦᠶ᠋ᠯᠡᠰ ᠢ ᠵᠠᠯᠭᠠᠭ᠎ᠠ ᠪᠠᠷ ᠪᠠᠶᠢᠭᠤᠯᠵᠤ ᠬᠡᠷᠡᠭᠯᠡᠬᠦ ᠨᠢ ᠰᠤᠷᠭᠠᠨ ᠬᠥᠮᠦᠵᠢᠯ ᠤᠨ ᠡᠬᠢ ᠪᠠᠶᠠᠯᠢᠭ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠲᠦᠢᠯ ᠤᠨ ᠶᠡᠭᠡ ᠪᠠᠷ ᠨᠠᠮᠳᠠᠭᠤᠯᠵᠤ᠂ ᠳ᠋ᠦᠩ ᠾᠧ ᠲᠣᠭᠤᠷᠢᠭ ᠤᠨ ᠪᠦᠬᠦ᠋ᠢᠯᠡ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠳ᠋ᠦᠩ ᠾᠧ ᠲᠣᠭᠤᠷᠢᠭ ᠤᠨ ᠠᠷᠠᠳ ᠢᠷᠭᠡᠳ ᠤᠨ ᠰᠤᠷᠭᠠᠨ ᠬᠥᠮᠦᠵᠢᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠢᠯᠡᠳᠲᠡ ᠨᠡᠮᠡᠭᠳᠡᠭᠦᠯᠬᠦ ᠪᠣᠯᠤᠨ᠎ᠠ᠃    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ    2021 ᠣᠨ ᠤ 11 ᠰᠠᠷ᠎ᠠ ᠶᠢᠨ 5
 
ᠢᠷᠡᠯᠲᠡ᠄ ᠳ᠋ᠦᠩ ᠾᠧ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1