ᠰᠤᠷᠪᠤᠯᠵᠢᠯᠠᠭ᠎ᠠ ᠶᠢᠨ ᠭᠤᠤᠯ ᠰᠡᠳᠦᠪ᠄ ︽ᠠᠳᠠᠯ ᠠᠬᠤᠶ ᠶᠢᠨ ᠬᠠᠮᠢᠶᠠᠷᠤᠯᠲᠠ ᠶᠢ ᠬᠡᠷᠬᠢᠨ ᠡᠷᠡᠭᠦᠯ ᠢᠶᠠᠷ ᠬᠥᠭᠵᠢᠭᠦᠯᠬᠦ ᠪᠣᠶ︖︾
ᠨᠡᠶᠢᠲᠡᠯᠡᠭᠰᠡᠨ ᠴᠠᠭ᠄
2021/12/15
     ᠰᠤᠷᠪᠤᠯᠵᠢᠯᠠᠭ᠎ᠠ ᠶᠢᠨ ᠭᠤᠤᠯ ᠰᠡᠳᠦᠪ᠄ ︽ᠠᠳᠠᠯ ᠠᠬᠤᠶ ᠶᠢᠨ ᠬᠠᠮᠢᠶᠠᠷᠤᠯᠲᠠ ᠶᠢ ᠬᠡᠷᠬᠢᠨ ᠡᠷᠡᠭᠦᠯ ᠢᠶᠠᠷ ᠬᠥᠭᠵᠢᠭᠦᠯᠬᠦ ᠪᠣᠶ︖︾      ᠰᠤᠷᠪᠤᠯᠵᠢᠯᠠᠭᠰᠠᠨ ᠴᠠᠭ᠄ 2021 ᠣᠨ ᠤ 6 ᠰᠠᠷ᠎ᠠ ᠶᠢᠨ 17 ᠤ ᠡᠳᠦᠷ      ᠰᠤᠷᠪᠤᠯᠵᠢᠯᠠᠭᠰᠠᠨ ᠵᠣᠴᠢᠨ᠄ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠪᠠᠶᠢᠩᠭᠤ ᠶᠢᠨ ᠳᠡᠳ᠋ ᠳᠠᠷᠤᠭ᠎ᠠ ᠯᠢ ᠰᠢᠶᠤᠤ ᠬᠤᠩ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ 6 ᠰᠠᠷ᠎ᠠ ᠶᠢᠨ 17 ᠤ ᠡᠳᠦᠷ ᠳ᠋ᠦᠩ ᠾᠧ ᠲᠣᠭᠤᠷᠢᠭ ᠤᠨ ᠠᠶᠠᠯᠠᠯ ᠤᠨ ᠰᠠᠯᠬᠢᠨ ᠤ ᠬᠠᠯᠠᠭᠤᠨ ᠤᠲᠠᠰᠤ ︽ᠲᠣᠭᠤᠷᠢᠭ ᠤᠨ ᠳᠠᠷᠤᠭ᠎ᠠ ᠶᠢ ᠰᠦᠯᠵᠢᠶᠡᠨ ᠳᠤ ᠭᠠᠷᠭᠠᠵᠤ︾ ᠠᠵᠢᠯᠯᠠᠪᠠ᠃ ︽ᠠᠵᠢᠯ ᠲᠥᠷᠥᠯ ᠤᠨ ᠰᠠᠯᠬᠢᠨ ᠤ ᠬᠠᠯᠠᠭᠤᠨ ᠤᠲᠠᠰᠤ︾ ᠶᠢᠨ ᠲᠣᠭᠤᠷᠢᠭ ᠤᠨ ᠳᠠᠷᠤᠭ᠎ᠠ ᠶᠢᠨ ︽ᠠᠵᠢᠯ ᠤᠨ ᠲᠥᠰᠦᠯ︾ ᠢ ᠰᠤᠳᠤᠯᠤᠨ ᠲᠣᠭᠲᠠᠭᠠᠵᠤ᠂ ᠲᠣᠭᠤᠷᠢᠭ ᠤᠨ ᠳᠠᠷᠤᠭ᠎ᠠ ᠶᠢᠨ ᠰᠦᠯᠵᠢᠶᠡᠨ ᠳᠤ ᠭᠠᠷᠬᠤ ᠠᠵᠢᠯ ᠤᠨ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠳᠤ ᠨᠠᠷᠢᠨ ᠨᠢᠭᠲᠠ ᠪᠠᠶᠢᠷᠢᠯᠠᠭᠤᠯᠤᠯᠲᠠ ᠪᠠ ᠪᠡᠯᠡᠳᠬᠡᠯ ᠬᠢᠵᠦ᠂ ᠪᠥᠬᠦ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ ᠶᠢᠨ ᠫᠷᠤᠭ᠍ᠷᠠᠮ ᠢ ᠰᠦᠯᠵᠢᠶᠡᠨ ᠳᠤ ᠣᠷᠣᠭᠤᠯᠬᠤ ᠠᠵᠢᠯ ᠳᠤ ᠣᠷᠣᠯᠴᠠᠬᠤ ᠳᠤ ᠱᠠᠭᠠᠷᠳᠠᠯᠭ᠎ᠠ ᠳᠤᠷᠠᠳᠴᠤ᠂ ᠫᠷᠤᠭ᠍ᠷᠠᠮ ᠢ ᠰᠦᠯᠵᠢᠶᠡᠨ ᠳᠤ ᠣᠷᠣᠭᠤᠯᠬᠤ ᠬᠤᠭᠤᠴᠠᠭᠠᠨ ᠳᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠶᠢ ᠦᠨᠡᠨ ᠬᠦ ᠪᠠᠲᠤᠯᠠᠵᠤ᠂ ᠥᠷᠭᠡᠨ ᠣᠯᠠᠨ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠠᠳᠠᠯ ᠠᠬᠤᠶ ᠶᠢᠨ ᠬᠠᠮᠢᠶᠠᠷᠤᠯᠲᠠ ᠶᠢᠨ ᠬᠠᠯᠠᠮᠰᠢᠯ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠢᠶ᠋ᠳᠪᠦᠷᠢᠯᠡᠵᠦ᠂ ᠣᠯᠠᠨ ᠲᠦᠮᠡᠨ ᠳᠤ ᠬᠠᠨᠤᠮᠵᠢᠲᠠᠶ ᠬᠠᠷᠢᠭᠤᠯᠲᠠ ᠥᠭᠪᠡ᠃      ᠬᠥᠲᠥᠯᠥᠭᠴᠢ᠄ ᠯᠢ ᠲᠣᠭᠤᠷᠢᠭ ᠤᠨ ᠳᠠᠷᠤᠭ᠎ᠠ᠂ ᠲᠠ ᠰᠠᠶᠢᠨ ᠤᠤ︖ ︽ᠠᠵᠢᠯ ᠲᠥᠷᠥᠯ ᠤᠨ ᠰᠤᠷᠲᠠᠯ ᠤᠨ ᠬᠠᠯᠠᠭᠤᠨ ᠤᠲᠠᠰᠤ︾ ᠶᠢᠨ ᠰᠢᠭᠤᠳ ᠨᠡᠪᠲᠡᠷᠡᠭᠦᠯᠭᠡ ᠶᠢᠨ ᠲᠠᠰᠤᠯᠭ᠎ᠠ ᠳᠤ ᠢᠷᠡᠬᠦ ᠶᠢ ᠪᠠᠶᠠᠷᠯᠠᠨ ᠤᠭᠲᠤᠵᠤ ᠪᠠᠢᠨ᠎ᠠ᠃      ᠯᠢ ᠲᠣᠭᠤᠷᠢᠭ ᠤᠨ ᠳᠠᠷᠤᠭ᠎ᠠ᠄ ᠬᠥᠲᠥᠯᠥᠭᠴᠢ ᠰᠠᠶᠢᠨ ᠤᠤ︖ ᠰᠤᠨᠤᠰᠤᠬᠴᠢᠳ ᠨᠠᠶᠢᠵᠠ ᠨᠠᠷ ᠮᠢᠨᠢ ᠰᠠᠶᠢᠨ ᠪᠠᠶᠢᠵᠠᠭᠠᠨ᠎ᠠ ᠪᠢ ᠪᠣᠯ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠰᠢᠶᠤᠤ ᠬᠤᠩ ᠪᠣᠯᠤᠨ᠎ᠠ᠂ ᠥᠨᠥᠳᠦᠷ ︽ᠠᠵᠢᠯ ᠲᠥᠷᠥᠯ ᠤᠨ ᠰᠠᠯᠬᠢᠨ ᠤ ᠬᠠᠯᠠᠭᠤᠨ ᠤᠲᠠᠰᠤ︾ ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠣᠨᠣᠰᠤᠭᠴᠢᠳ ᠲᠠᠢ ᠰᠢᠭᠤᠳ ᠨᠡᠪᠲᠡᠷᠡᠯᠴᠡᠵᠦ᠂ ᠨᠡᠶᠢᠭᠡᠮ ᠨᠡᠶᠢᠲᠡ ᠳᠤ ᠳ᠋ᠦᠩ ᠾᠧ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠭᠤᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ ᠡᠨᠡ ᠲᠠᠰᠢᠷᠠᠮ ᠢᠶᠠᠷ ᠪᠢᠳᠡ ᠪᠠᠰᠠ ᠥᠷᠭᠡᠨ ᠤᠯᠠᠨ ᠰᠤᠨᠤᠰᠤᠭᠴᠢᠳ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠢ ᠣᠶᠢᠯᠠᠭᠠᠵᠤ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕      ᠬᠥᠲᠥᠯᠥᠭᠴᠢ᠄ ᠯᠢ ᠲᠣᠭᠤᠷᠢᠭ ᠤᠨ ᠳᠠᠷᠤᠭ᠎ᠠ ᠡᠨᠡ ᠵᠢᠯ ᠤᠨ ᠳ᠋ᠦᠩ ᠾᠧ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠤᠨ᠎ᠠ ᠤᠣ︖      ᠯᠢ ᠲᠣᠭᠤᠷᠢᠭ ᠤᠨ ᠳᠠᠷᠤᠭ᠎ᠠ᠄ ᠵᠠ᠂ ᠬᠥᠲᠥᠯᠥᠭᠴᠢ ᠡ᠃ ᠠᠳᠠᠯ ᠠᠬᠤᠶ ᠶᠢᠨ ᠬᠠᠮᠢᠶᠠᠷᠤᠯᠲᠠ ᠪᠣᠯ ᠬᠤᠲᠠ ᠶᠢᠨ ᠬᠠᠮᠢᠶᠠᠷᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠣᠳᠣᠬᠠᠨ ᠳᠤ᠂ ᠰᠠᠭᠤᠭᠠᠯᠢ ᠠᠷᠠᠳ ᠤᠨ ᠲᠣᠭᠤᠷᠢᠭ ᠨᠢ ᠪᠢᠳᠡᠨ ᠤ ᠪᠣᠯᠪᠠᠰᠤᠨ ᠬᠤᠲᠠ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠭᠤᠤᠯ ᠲᠡᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠦᠶ᠋ᠯᠡᠳᠦᠯ ᠦᠵᠡᠭᠦᠯᠵᠦ ᠪᠠᠶᠢᠨ᠎ᠠ᠃      ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠲᠡᠷᠢᠭᠦᠨ ᠵᠡᠷᠭᠡ ᠶᠢᠨ ᠬᠤᠲᠠ ᠶᠢᠨ ᠠᠵᠢᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠣᠭᠤᠷᠢᠨ ᠳᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠠᠪᠤᠳᠠᠯ ᠢ ᠠᠳᠠᠯ ᠠᠬᠤᠶ ᠶᠢᠨ ᠬᠠᠮᠢᠶᠠᠷᠤᠯᠲᠠ ᠶᠢᠨ ᠨᠢᠭᠡᠨ ᠴᠢᠬᠤᠯᠠ ᠲᠠᠯ᠎ᠠ ᠪᠣᠯᠭᠠᠵᠤ᠂ ︽ᠠᠳᠠᠯ ᠠᠬᠤᠶ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ︵ᠪᠦᠦ ᠳᠤᠭᠤᠶᠢᠯᠠᠩ ᠤᠨ ᠨᠡᠪᠲᠡᠷᠬᠡᠶ ᠥᠰᠥᠭ ︹ 2020 ︺ 39 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠸᠠ ᠰᠢᠶᠠ ᠠᠳᠠᠯ ᠠᠬᠤᠶ᠂ ᠰᠢᠨ ᠾᠧᠩ ᠰᠢᠨ ᠠᠳᠠᠯ ᠠᠬᠤᠶ᠂ ᠰᠢᠨ᠎ᠡ ᠵᠡᠭᠦᠨ ᠠᠽᠢᠶ᠎ᠠ ᠶᠢᠨ ᠠᠳᠠᠯ ᠠᠬᠤᠶ ᠵᠡᠷᠭᠡ ᠭᠤᠷᠪᠠᠨ ᠠᠵᠤ ᠠᠬᠤᠶᠢᠯᠠᠯ ᠢ ᠪᠤᠭᠤᠲᠤ ᠬᠤᠲᠠ ᠶᠢᠨ ᠠᠩᠬᠠᠨ ᠤ ᠪᠦᠯᠦᠭ ᠤᠨ ︽ᠬᠤᠪᠢᠰᠬᠠᠯ ᠤᠨ ᠠᠳᠠᠯ ᠠᠬᠤᠶ︾ ᠶᠢᠨ ᠲᠤᠷᠰᠢᠯᠲᠠ ᠶᠢᠨ ᠴᠢᠬ ᠪᠣᠯᠭᠠᠨ ᠪᠥᠲᠥᠭᠡᠨ ᠪᠠᠶᠢᠭᠤᠯᠵᠤ᠂ ︽ᠬᠤᠤᠰ ᠴᠢᠭᠯᠡᠯ ᠢᠶᠠᠷ ᠣᠷᠣᠬᠤ᠂ ᠰᠣᠯᠪᠢᠴᠠᠨ ᠲᠤᠰᠢᠶᠠᠯ ᠬᠠᠷᠢᠭᠤᠴᠠᠬᠤ︾ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠪᠠᠷ ᠳᠡᠮᠵᠢᠨ᠂ ᠠᠳᠠᠯ ᠠᠬᠤᠶ ᠶᠢᠨ ᠦᠶ᠋ᠯᠡᠴᠢᠯᠡᠭᠡᠨ ᠤ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠶᠢ ᠪᠡᠶᠡᠯᠡᠭᠦᠯᠪᠡ᠃ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠠᠳᠤᠶ ᠠᠳᠠᠯ ᠠᠬᠤᠶ ᠶᠢᠨ ᠦᠶ᠋ᠯᠡᠴᠢᠯᠡᠭᠡᠨ ᠤ ᠠᠵᠤ ᠠᠬᠤᠶᠢᠯᠠᠯ ᠳᠤ 118 ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ᠂ 102 ᠠᠳᠠᠯ ᠠᠬᠤᠶ ᠶᠢᠨ ᠶᠠᠰᠤ ᠴᠢᠨᠠᠷ ᠲᠤ ᠬᠢᠨᠠᠯᠲᠠ ᠲᠠᠯᠪᠢᠭᠴᠢ ᠲᠣᠮᠢᠯᠠᠨ ᠰᠠᠭᠤᠯᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃      ︽ᠳ᠋ᠦᠩ ᠾᠧ ᠲᠣᠭᠤᠷᠢᠭ ᠤᠨ ︿ᠵᠡᠭᠡᠯᠢ ᠶᠢᠨ ᠳᠠᠷᠤᠭ᠎ᠠ ᠶᠢᠨ ᠲᠦᠷᠢᠮ﹀ ᠢ ᠬᠡᠷᠡᠭᠵᠢᠭᠦᠯᠵᠦ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ︽ᠳ᠋ᠦᠩ ᠾᠧ ᠲᠣᠭᠤᠷᠢᠭ ᠤᠨ ᠠᠳᠠᠯ ᠠᠬᠤᠶ ᠶᠢᠨ ᠦᠶ᠋ᠯᠡᠴᠢᠯᠡᠭᠡ ᠶᠢ ᠪᠠᠶᠢᠴᠠᠭᠠᠵᠤ ᠬᠢᠨᠠᠨ ᠰᠢᠯᠭᠠᠵᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠢ ᠨᠡᠶᠢᠲᠡ 153 ᠬᠤᠪᠢ ᠪᠠᠭᠤᠯᠭᠠᠪᠠ︔ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠤᠯᠠᠨ ᠨᠡᠶᠢᠲᠡ ᠶᠢᠨ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ 3.4 ᠲᠦᠮᠡᠨ ᠭᠠᠵᠠᠷ ᠢ ᠴᠡᠭᠴᠡᠯᠡᠨ ᠵᠠᠰᠠᠵᠤ᠂ ᠠᠰᠠᠷ ᠤᠨ ᠬᠤᠨᠭ᠍ᠬᠢᠯ ᠤᠨ ᠳᠣᠲᠣᠷ᠎ᠠ ᠳᠤᠷ᠎ᠠ ᠪᠠᠷ ᠢᠶᠠᠨ ᠨᠠᠭᠠᠭᠰᠠᠨ ᠵᠡᠷᠭᠡ 5 ᠲᠦᠮᠡ ᠰᠢᠬᠠᠮ ᠭᠠᠵᠠᠷ ᠢ ᠴᠡᠪᠡᠷᠯᠡᠵᠦ᠂ 2.4 ᠲᠦᠮᠡᠨ ᠠᠰᠠᠷ ᠢ ᠳᠤᠷ᠎ᠠ ᠪᠠᠷ ᠢᠶᠠᠨ ᠣᠪᠣᠭᠠᠯᠠᠨ ᠲᠠᠯᠪᠢᠭᠰᠠᠨ ᠢ ᠴᠡᠭᠴᠡᠯᠡᠨ ᠵᠠᠰᠠᠵᠤ᠂ 2 ᠲᠦᠮᠡ ᠰᠢᠬᠠᠮ ᠲᠡᠷᠭᠡᠨ ᠵᠣᠭᠰᠣᠭᠠᠯ ᠢ ᠵᠠᠭᠠᠭᠯᠠᠨ ᠲᠣᠭᠲᠠᠭᠠᠪᠠ᠃      ᠬᠥᠲᠥᠯᠥᠭᠴᠢ᠄ ᠯᠢ ᠲᠣᠭᠤᠷᠢᠭ ᠤᠨ ᠳᠠᠷᠤᠭ᠎ᠠ ᠪᠢᠳᠡᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠳᠡᠭᠡᠭᠰᠢᠯᠡᠭᠦᠯᠬᠦ ᠳᠤ ᠶᠠᠮᠠᠷ ᠶᠠᠮᠠᠷ ᠨᠡᠯᠢᠶᠡᠳ ᠢᠯᠡᠷᠬᠡᠶ ᠠᠰᠠᠭᠤᠳᠠᠯ ᠣᠷᠣᠰᠢᠵᠤ ᠪᠠᠶᠢᠬᠤ ᠪᠣᠶ︖      ᠯᠢ ᠲᠣᠭᠤᠷᠢᠭ ᠤᠨ ᠳᠠᠷᠤᠭ᠎ᠠ᠄ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠳᠡᠭᠡᠭᠰᠢᠯᠡᠭᠦᠯᠬᠦ ᠦᠶ᠎ᠡ ᠳᠤ ᠪᠠᠰᠠ ᠡᠳᠦᠶ ᠲᠡᠳᠦᠶ ᠠᠰᠠᠭᠤᠳᠠᠯ ᠲᠤᠯᠭᠠᠷᠠᠵᠠᠶ᠃ ᠵᠢᠱᠢᠶᠡᠯᠡᠪᠡᠯ᠂ ᠣᠯᠠᠨ ᠨᠡᠶᠢᠲᠡ ᠶᠢᠨ ᠣᠷᠣᠨ ᠪᠠᠶᠢᠷᠢ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠳᠤ ᠬᠦᠴᠢᠷ ᠪᠠᠶᠢᠳᠠᠭ᠃ ᠬᠠᠭᠤᠴᠢᠨ ᠬᠤᠲᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠤᠭᠰᠠᠨ ᠣᠨ ᠵᠢᠯ ᠨᠢ ᠡᠷᠲᠡ ᠪᠠᠶᠢᠵᠤ᠂ ᠣᠯᠠᠩᠬᠢ ᠰᠠᠭᠤᠭᠠᠯᠢ ᠠᠷᠠᠳ ᠤᠨ ᠲᠣᠭᠤᠷᠢᠭ ᠲᠤ ᠰᠡᠯᠪᠢᠨ ᠵᠠᠰᠠᠬᠤ ᠰᠠᠭᠤᠷᠢ ᠮᠥᠩᠭᠦ ᠥᠬᠡᠶ ᠪᠤᠶᠤ ᠰᠡᠯᠪᠢᠨ ᠵᠠᠰᠠᠬᠤ ᠰᠠᠭᠤᠷᠢ ᠮᠥᠩᠭᠦ ᠶᠢ ᠨᠢᠭᠡᠨᠲᠡ ᠬᠡᠷᠡᠭᠯᠡᠵᠦ ᠳᠠᠭᠤᠰᠤᠭᠰᠠᠨ ᠪᠥᠭᠡᠳ ᠥᠮᠴᠢᠲᠡᠨ ᠨᠢ ᠪᠠᠰᠠ ᠵᠠᠷᠤᠳᠠᠯ ᠢ ᠴᠠᠭ ᠲᠤᠬᠠᠶ ᠳᠤᠨᠢ ᠬᠤᠪᠢᠶᠠᠨ ᠳᠠᠭᠠᠭᠠᠬᠤ ᠳᠤᠷ᠎ᠠ ᠥᠬᠡᠶ ᠠᠴᠠ ᠪᠣᠯᠵᠣ᠂ ᠣᠯᠠᠨ ᠨᠡᠶᠢᠲᠡ ᠶᠢᠨ ᠣᠷᠣᠨ ᠪᠠᠶᠢᠷᠢ᠂ ᠬᠠᠮᠲᠤ ᠶᠢᠨ ᠬᠡᠷᠡᠭᠯᠡᠭᠡᠨ ᠤ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ ᠳᠤ ᠬᠦᠴᠢᠷᠲᠡᠶ ᠪᠣᠯᠵᠣ᠂ ᠠᠳᠠᠯ ᠠᠬᠤᠶ ᠶᠢᠨ ᠦᠶ᠋ᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠨᠥᠯᠥᠭᠡᠯᠡᠭᠰᠡᠨ ᠪᠠᠶᠢᠨ᠎ᠠ᠃      ᠬᠤᠶᠠᠷ ᠲᠤ ᠠᠳᠠᠯ ᠠᠬᠤᠶ ᠶᠢᠨ ᠵᠠᠷᠤᠳᠠᠯ ᠢ ᠬᠤᠷᠢᠶᠠᠬᠤ ᠳᠤ ᠬᠦᠴᠢᠷᠲᠡᠶ ᠪᠠᠶᠢᠨ᠎ᠠ᠃ ᠥᠮᠴᠢᠲᠡᠨ ᠠᠴᠠ ᠠᠳᠠᠯ ᠠᠬᠤᠶ ᠶᠢᠨ ᠦᠶ᠋ᠯᠡᠴᠢᠯᠡᠭᠡᠨ ᠤ ᠱᠠᠭᠠᠷᠳᠠᠯᠭ᠎ᠠ ᠶᠢ ᠣᠯᠠᠨ ᠡᠰᠢᠵᠢᠬᠦᠯᠬᠦ ᠵᠢᠴᠢ ᠣᠯᠠᠩᠬᠢ ᠰᠠᠭᠤᠭᠠᠯᠢ ᠠᠷᠠᠳ ᠨᠢᠭᠡᠨᠲᠡ ᠲᠥᠯᠥᠪᠯᠡᠭᠡᠲᠦ ᠠᠵᠤ ᠠᠬᠤᠶ ᠶᠢᠨ ᠴᠠᠭ ᠦᠶ᠎ᠡ ᠶᠢᠨ ᠵᠠᠰᠠᠭ ᠤᠨ ᠣᠷᠳᠣᠨ ᠪᠠ ᠨᠢᠭᠡᠴᠡ ᠶᠢᠨ ᠪᠦᠬᠦᠨ ᠢ ᠳᠠᠭᠠᠭᠠᠨ ᠬᠢᠬᠦ ᠳᠤ ᠳᠠᠳᠴᠤ᠂ ᠠᠳᠠᠯ ᠠᠬᠤᠶ ᠶᠢᠨ ᠰᠦᠶ᠋ᠳᠬᠡᠯ ᠬᠤᠷᠢᠶᠠᠬᠤ ᠨᠣᠷᠮ᠎ᠠ ᠶᠢ ᠳᠣᠤᠷ᠎ᠠ ᠪᠣᠯᠭᠠᠵᠤ᠂ ᠡᠭᠦᠨ ᠤ ᠤᠯᠠᠮ ᠢᠶᠠᠷ ᠠᠳᠠᠯ ᠠᠬᠤᠶ ᠶᠢᠨ ᠦᠶ᠋ᠯᠡᠴᠢᠯᠡᠭᠡᠨ ᠤ ᠶᠠᠰᠤ ᠴᠢᠨᠠᠷ ᠢ ᠨᠥᠯᠥᠭᠡᠯᠡᠵᠦ᠂ ᠡᠴᠦᠰ ᠲᠡᠭᠡᠨ ᠠᠳᠠᠯ ᠠᠬᠤᠶ ᠶᠢᠨ ᠠᠵᠢᠯ ᠲᠥᠷᠥᠯ ᠤᠨ ᠰᠠᠶᠢᠨ ᠬᠥᠭᠵᠢᠯᠲᠡ ᠶᠢ ᠨᠥᠯᠥᠭᠡᠯᠡᠨ᠎ᠡ᠃      ᠭᠤᠷᠪᠠ ᠳᠤ᠂ ᠳᠤᠷ᠎ᠠ ᠪᠠᠷ ᠢᠶᠠᠨ ᠪᠠᠶᠢᠭᠤᠯᠵᠤ ᠵᠠᠰᠠᠬᠤ ᠳᠤ ᠬᠦᠴᠢᠷ ᠪᠠᠶᠢᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠲᠥᠯᠥᠪᠵᠢᠭᠦᠯᠦᠨ ᠪᠠᠶᠢᠭᠤᠯᠤᠭᠰᠠᠨ ᠣᠨ ᠵᠢᠯ ᠡᠷᠲᠡ ᠪᠣᠯᠬᠤᠷ᠂ ᠣᠯᠠᠩᠬᠢ ᠰᠠᠭᠤᠭᠠᠯᠢ ᠠᠷᠠᠳ ᠤᠨ ᠲᠣᠭᠤᠷᠢᠭ ᠲᠤ ᠳᠤᠷ᠎ᠠ ᠪᠠᠷ ᠢᠶᠠᠨ ᠪᠠᠶᠢᠭᠤᠯᠤᠭᠰᠠᠨ ᠪᠠᠶᠢᠳᠠᠯ ᠣᠷᠣᠰᠢᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠳᠤ ᠨᠠᠵᠠᠭᠠᠶ ᠨᠥᠯᠥᠭᠡ ᠦᠵᠡᠭᠦᠯᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠬᠤᠲᠠ ᠪᠠᠶᠢᠭᠤᠯᠬᠤ᠂ ᠡᠷᠡᠭᠦᠯ ᠬᠠᠮᠠᠭᠠᠯᠠᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠨᠥᠯᠥᠭᠡᠯᠡᠵᠦ ᠪᠠᠶᠢᠨ᠎ᠠ᠃      ᠲᠦᠷᠪᠡ ᠳᠤ᠂ ᠭᠤᠣᠯ ᠴᠣᠭᠴᠠ ᠶᠢᠨ ᠳᠦᠷᠢ ᠶᠢᠨ ᠪᠠᠶᠢᠷᠢ ᠰᠣᠯᠢᠭᠳᠠᠬᠤ᠃ ᠠᠳᠠᠯ ᠠᠬᠤᠶ ᠶᠢᠨ ᠬᠠᠮᠢᠶᠠᠷᠤᠯᠲᠠ ᠨᠢ ᠥᠮᠴᠢᠲᠡᠨ᠂ ᠠᠵᠢᠯ ᠦᠶ᠋ᠯᠡᠰ ᠤᠨ ᠵᠥᠪᠯᠡᠯ᠂ ᠠᠳᠠᠯ ᠠᠬᠤᠶ ᠶᠢᠨ ᠦᠶ᠋ᠯᠡᠴᠢᠯᠡᠭᠡᠨ ᠤ ᠠᠵᠤ ᠠᠬᠤᠶᠢᠯᠠᠯ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠵᠡᠷᠭᠡ ᠨᠡᠶᠢᠭᠡᠮ ᠤᠨ ᠭᠤᠤᠯ ᠴᠣᠭᠴᠠ ᠶᠢᠨ ᠬᠠᠮᠲᠤ ᠪᠠᠷ ᠵᠠᠰᠠᠬᠤ ᠪᠠ ᠦᠵᠡᠯᠴᠡᠭᠡᠨ ᠳᠤ ᠬᠤᠯᠪᠣᠭᠳᠠᠵᠤ᠂ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠨᠢ ᠡᠭᠡᠳᠡᠷᠡᠭᠡᠨ ᠪᠤᠳᠤᠯᠢᠶᠠᠨᠲᠠᠶ᠂ ᠨᠢᠭᠡᠳᠬᠡᠬᠦ ᠳᠤ ᠬᠦᠴᠢᠷ ᠪᠠᠶᠢᠵᠤ᠂ ︽ᠬᠥᠮᠦᠨ ᠪᠣᠯᠭᠠᠨ ᠮᠢᠨᠦ ᠲᠥᠯᠥᠭᠡ︾ ᠭᠡᠬᠦ ᠠᠮᠢᠨᠴᠢᠷ ᠦᠵᠡᠯᠲᠡ ᠶᠢ ᠶᠡᠬᠡᠪᠡᠷ ᠬᠡᠷᠡᠭᠵᠢᠭᠦᠯᠦᠨ᠎ᠡ᠃      ᠲᠠᠪᠤ ᠳᠤ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢ ᠪᠠᠰᠠ ᠪᠣᠳᠠᠲᠠᠶᠢᠵᠢᠭᠤᠯᠤᠭᠠᠳᠤᠶ ᠪᠠᠶᠢᠨ᠎ᠠ᠃ ᠣᠷᠣᠨ ᠤ ᠱᠠᠲᠤᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠳᠤᠲᠠᠮᠠᠭ ᠪᠠᠶᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠠᠤᠯᠢ ᠬᠡᠷᠡᠭᠵᠢᠭᠦᠯᠬᠦ᠂ ᠬᠤᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠦᠶᠡᠰ᠂ ︽ᠬᠡᠯᠪᠡᠷᠢ ᠨᠢ ᠬᠠᠷᠢᠯᠴᠠᠨ ᠬᠤᠯᠪᠣᠯᠳᠤᠵᠤ ᠪᠣᠳᠠᠲᠠᠶ ᠨᠢ ᠬᠠᠷᠢᠯᠴᠠᠨ ᠬᠤᠯᠪᠣᠯᠳᠤᠬᠤ ᠥᠬᠡᠶ ︾ ᠪᠠᠶᠢᠳᠠᠯ ᠢᠯᠡᠷᠡᠪᠡ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠤ ᠴᠢᠬᠤᠯᠠ ᠪᠥᠬᠦᠶ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯᠲᠠᠨ ᠪᠠ ᠬᠠᠤᠯᠢ ᠬᠡᠷᠡᠭᠵᠢᠭᠦᠯᠬᠦ ᠠᠷᠭ᠎ᠠ ᠪᠠᠷᠢᠯ ᠳᠤᠲᠠᠭᠳᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠦᠴᠢᠷᠲᠡᠶ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠠᠳᠠᠯ ᠠᠬᠤᠢ ᠶᠢᠨ ᠬᠠᠮᠢᠶᠠᠷᠤᠯᠲᠠ᠂ ᠨᠡᠶᠢᠭᠡᠮ ᠤᠨ ᠵᠠᠰᠠᠯᠲᠠ ᠶᠢᠨ ᠳᠤᠮᠳᠠᠬᠢ ᠳᠤᠪᠤᠶᠢᠮ᠎ᠠ ᠠᠰᠠᠭᠤᠳᠠᠯ ᠢ ᠡᠵᠡᠮᠳᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠵᠦ᠂ ᠲᠤᠰᠬᠠᠢ ᠲᠦᠷᠦᠯ ᠤᠨ ᠬᠠᠮᠢᠶᠠᠷᠤᠯᠲᠠ᠂ ᠵᠠᠰᠠᠯᠲᠠ ᠶᠢ ᠲᠥᠪᠯᠡᠷᠡᠭᠦᠯᠦᠨ ᠥᠷᠨᠢᠭᠦᠯᠦᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠲᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠷᠬᠡ᠂ ᠬᠠᠷᠢᠭᠤᠴᠠᠯᠭ᠎ᠠ᠂ ᠠᠰᠢᠭ ᠢ ᠵᠢᠷᠤᠮᠵᠢᠭᠤᠯᠤᠨ ᠣᠷᠣᠭᠤᠯᠬᠤ ᠶᠢᠨ ᠬᠠᠮᠲᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠰᠠᠶᠢᠨ ᠰᠠᠶᠢᠬᠠᠨ ᠬᠠᠮᠢᠶᠠᠷᠤᠯᠲᠠ ᠪᠠᠷ ᠣᠯᠠᠨ ᠲᠦᠮᠡᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠡᠭᠦᠳᠴᠦ ᠥᠭᠬᠦ ᠶᠢ ᠦᠨᠡᠨᠬᠦ ᠪᠠᠲᠤᠯᠠᠬᠤ ᠬᠡᠷᠡᠭᠲᠡᠶ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠡᠯ᠎ᠡ ᠲᠠᠯ᠎ᠠ ᠶᠢᠨ ᠬᠠᠮᠢᠶᠠᠷᠤᠯᠲᠠ ᠶᠢ ᠥᠷᠭᠡᠳᠬᠡᠵᠦ᠂ ᠠᠳᠠᠯ ᠠᠬᠤᠶ ᠶᠢᠨ ᠨᠠᠮ ᠤᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠂ ᠣᠯᠠᠨ ᠲᠠᠯ᠎ᠠ ᠶᠢᠨ ᠬᠠᠮᠲᠤ ᠶᠢᠨ ᠵᠠᠰᠠᠯᠲᠠ ᠪᠠᠷ ᠳᠡᠮᠵᠢᠨ ᠵᠥᠷᠢᠴᠡᠯ ᠠᠰᠠᠭᠤᠳᠠᠯ ᠢ ᠦᠨᠳᠦᠰᠦᠨ ᠱᠠᠲᠤᠨ ᠳᠤ ᠰᠢᠶ᠋ᠳᠪᠦᠷᠢᠯᠡᠨ᠎ᠡ᠃ ᠬᠥᠲᠥᠯᠥᠭᠴᠢ ᠡ᠂ ᠪᠢ ᠠᠳᠡ ᠲᠠᠨᠢᠯᠴᠠᠭᠤᠯᠤᠶ᠎ᠠ᠃      ᠬᠥᠲᠥᠯᠥᠭᠴᠢ᠄ ᠯᠢ ᠲᠣᠭᠤᠷᠢᠭ ᠤᠨ ᠳᠠᠷᠤᠭ᠎ᠠ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠥᠷᠭᠡᠨ ᠣᠯᠠᠨ ᠰᠤᠨᠤᠰᠤᠭᠴᠢᠳ ᠨᠠᠳᠠ ᠲᠠᠢ ᠠᠳᠠᠯᠢ ᠪᠠᠷ ᠮᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠡᠲᠡᠭᠡᠷ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠲᠤᠬᠠᠶ ᠵᠣᠬᠢᠬᠤ ᠬᠡᠮᠵᠢᠶᠡᠨ ᠤ ᠣᠶᠢᠯᠠᠭᠠᠯᠲᠠ ᠲᠠᠢ ᠪᠣᠯᠤᠭᠰᠠᠨ ᠢ ᠢᠲᠡᠭᠡᠵᠦ ᠪᠠᠶᠢᠨ᠎ᠠ᠂ ᠳ᠋ᠦᠩ ᠾᠧ ᠲᠣᠭᠤᠷᠢᠭ ᠤᠨ ᠡᠯ᠎ᠡ ᠤᠳᠤᠷᠢᠳᠤᠯᠭ᠎ᠠ ᠨᠠᠷ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠵᠦ᠂ ᠪᠢᠳᠡᠨ ᠲᠠᠢ ᠬᠠᠮᠲᠤ ᠪᠠᠷ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ ᠤ ᠡᠨᠡ ᠵᠢᠯ ᠤᠨ ᠨᠡᠶᠢᠭᠡᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠬᠢᠭᠰᠡᠨ ᠡᠯ᠎ᠡ ᠵᠦᠶ᠋ᠯ ᠤᠨ ᠠᠵᠢᠯ ᠢᠶᠠᠨ ᠰᠣᠯᠢᠯᠴᠠᠭᠰᠠᠨ ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠣᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠨ ᠤ ᠬᠦᠯᠢᠶᠡᠨ ᠠᠪᠴᠤ ᠰᠣᠨᠣᠰᠤᠭᠰᠠᠨ ᠳᠤ ᠳᠠᠬᠢᠨᠲᠠ ᠲᠠᠯᠠᠷᠬᠠᠵᠤ ᠪᠠᠶᠢᠨ᠎ᠠ᠃      ᠯᠢ ᠲᠣᠭᠤᠷᠢᠭ ᠤᠨ ᠳᠠᠷᠤᠭ᠎ᠠ᠄ ᠲᠠ ᠪᠦᠬᠦᠨ ᠤ ᠮᠠᠨ ᠤ ᠠᠵᠢᠯ ᠳᠤ ᠬᠢᠨᠠᠯᠲᠠ ᠲᠠᠯᠪᠢᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠂ ᠲᠠ ᠶᠠᠮᠠᠷ ᠰᠠᠨᠠᠯ ᠰᠠᠨᠠᠭᠤᠯᠭ᠎ᠠ ᠪᠠᠶᠢᠪᠠᠯ᠂ ᠫᠷᠤᠭ᠍ᠷᠠᠮ ᠤᠨ ᠳᠠᠷᠠᠭ᠎ᠠ ᠠᠳᠠᠯ ᠠᠬᠤᠶ ᠶᠢᠨ ᠬᠢᠨᠠᠯᠲᠠ ᠶᠢᠨ ᠤᠲᠠᠰᠤ ᠪᠠᠷ 4169977 ᠶᠢ ᠤᠲᠠᠰᠤᠳᠠᠵᠤ ᠪᠣᠯᠤᠨ᠎ᠠ᠃ ᠤᠯᠠᠨ ᠳᠤ ᠪᠠᠶᠠᠷᠯᠠᠯ᠎ᠠ︕
 
ᠢᠷᠡᠯᠲᠡ᠄ ᠳ᠋ᠦᠩ ᠾᠧ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1