ᠭᠤᠤᠯ ᠰᠡᠳᠦᠪ᠄ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ 2021 ᠣᠨ ᠤ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ ᠰᠦᠯᠵᠢᠶᠡᠨ ᠳᠡᠭᠡᠷ᠎ᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ
ᠨᠡᠶᠢᠲᠡᠯᠡᠭᠰᠡᠨ ᠴᠠᠭ᠄
2021/12/15
   
     ᠭᠤᠤᠯ ᠰᠡᠳᠦᠪ᠄ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ 2021 ᠣᠨ ᠤ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ ᠰᠦᠯᠵᠢᠶᠡᠨ ᠳᠡᠭᠡᠷ᠎ᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ      ᠰᠤᠷᠪᠤᠯᠵᠢᠯᠠᠭᠰᠠᠨ ᠴᠠᠭ᠄ 2021 ᠣᠨ ᠤ 4 ᠰᠠᠷ᠎ᠠ ᠶᠢᠨ 8 ᠤ ᠡᠳᠦᠷ      ᠰᠤᠷᠪᠤᠯᠵᠢᠯᠠᠭᠰᠠᠨ ᠵᠣᠴᠢᠨ᠄ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠴᠧᠨ ᠶᠦᠨ ᠭᠤᠸᠠᠩ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠰᠢᠤ ᠹᠤᠩ᠂ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠺᠠᠶ᠂ ᠳ᠋ᠦᠩ ᠾᠧ ᠲᠣᠭᠤᠷᠢᠭ ᠤᠨ ᠳᠡᠳ᠋ ᠳᠠᠷᠤᠭ᠎ᠠ ᠲᠦᠩ ᠵᠢᠶᠠ᠂ ᠳ᠋ᠦᠩ ᠾᠧ ᠲᠣᠭᠤᠷᠢᠭ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠯᠢ ᠰᠢᠶᠠ᠂ ᠡᠷᠬᠢᠯᠡᠭᠴᠢ ᠭᠡᠰᠢᠭᠦᠴᠢ ᠯᠢ ᠽᠠᠢ ᠺᠤ᠃      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ 4 ᠰᠠᠷ᠎ᠠ ᠶᠢᠨ 8 ᠤ ᠡᠳᠦᠷ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠴᠧᠨ ᠶᠦᠨ ᠭᠤᠸᠠᠩ ᠵᠢᠴᠢ ᠬᠤᠯᠪᠣᠭᠳᠠᠯ ᠪᠥᠬᠦᠶ ᠠᠵᠢᠯᠲᠠᠳ ᠪᠤᠭᠤᠲᠤ ᠶᠢᠨ ᠷᠠᠳᠢᠣ᠋ ᠲᠧᠯᠸᠢᠰ ᠬᠤᠷᠢᠶ᠎ᠠ ᠶᠢᠨ ︽ᠠᠵᠢᠯ ᠲᠥᠷᠥᠯ ᠤᠨ ᠰᠤᠷᠲᠠᠯ ᠤᠨ ᠬᠠᠯᠠᠭᠤᠨ ᠤᠲᠠᠰᠤ︾ ᠫᠷᠤᠭ᠍ᠷᠠᠮ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠬᠦᠷᠴᠦ᠂ ᠥᠷᠭᠡᠨ ᠣᠯᠠᠨ ᠰᠣᠨᠣᠰᠤᠭᠴᠢᠳ ᠲᠤ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠣᠯᠤᠨ ᠦᠨᠳᠦᠰᠦᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠲᠠᠨᠢᠯᠴᠠᠭᠤᠯᠪᠠ᠃ ᠰᠣᠨᠣᠰᠤᠭᠴᠢᠳ ᠲᠠᠢ ᠬᠠᠯᠠᠭᠤᠨ ᠤᠲᠠᠰᠤ ᠪᠠᠷ ᠶᠠᠷᠢᠯᠴᠠᠬᠤ ᠦᠶ᠎ᠡ ᠳᠤ ᠰᠦᠯᠵᠢᠶᠡᠨ ᠳᠤ ᠭᠠᠷᠤᠭᠰᠠᠨ ᠠᠵᠢᠯᠲᠠᠳ ᠰᠣᠨᠣᠰᠤᠭᠴᠢᠳ ᠤᠨ ᠳᠤᠷᠠᠳᠤᠭᠰᠠᠨ ᠠᠰᠠᠭᠤᠯᠲᠠ ᠳᠤ ᠨᠢᠭᠡᠳ ᠨᠢᠭᠡ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠨ ᠬᠠᠷᠢᠭᠤᠴᠠᠬᠤ ᠣᠪᠣᠷ ᠢ ᠬᠠᠷᠠᠭᠤᠯᠤᠭᠰᠠᠨ ᠪᠠᠶᠢᠨ᠎ᠠ᠃      ᠬᠥᠲᠥᠯᠥᠭᠴᠢ᠄ ᠣᠲᠣ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ ᠬᠡᠳᠦᠶ ᠪᠣᠶ︖      ᠵᠣᠴᠢᠨ᠄ ︽ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠮᠡᠳᠡᠭᠳᠡᠯ︾ ︵ᠪᠦᠦ ᠮᠢᠨ ᠲᠠᠷᠬᠠᠭᠠᠭᠰᠠᠨ ︽2020︾ 34 ᠳ᠋ᠦᠭᠡᠷ ᠲᠣᠭᠠᠲᠤ︶ ᠢ ᠦᠨᠳᠦᠰᠦᠯᠡᠪᠡᠯ᠂ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 40 ᠲᠥᠭᠦᠷᠢᠭ ᠳᠡᠭᠡᠭᠰᠢᠯᠡᠭᠦᠯᠵᠦ᠂ 750 ᠲᠥᠭᠦᠷᠢᠭ ᠲᠤ ᠬᠦᠷᠦᠭᠦᠯᠵᠦ᠂ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠪᠠᠷ ᠨᠢᠭᠡᠨᠲᠡ ᠨᠥᠬᠦᠪᠥᠷᠢᠯᠡᠨ ᠣᠯᠭᠤᠭᠰᠠᠨ ᠪᠠᠶᠢᠨ᠎ᠠ᠃      ᠬᠥᠲᠥᠯᠥᠭᠴᠢ᠄ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠢ ᠦᠨᠡᠮᠰᠢᠬᠦ ᠦᠨᠳᠦᠰᠦᠯᠡᠯ      ᠵᠣᠴᠢᠨ᠄ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠡᠷᠦᠬᠡ ᠠᠮᠠ ᠶᠢᠨ ᠲᠠᠩᠰᠠ᠂ ᠨᠠᠰᠤ ᠵᠢᠯ᠂ ᠵᠡᠮᠳᠡᠭ᠂ ᠡᠪᠡᠳᠴᠢᠨ ᠡᠮᠭᠡᠭ᠂ ᠠᠰᠠᠷᠠᠨ ᠲᠡᠵᠢᠭᠡᠭᠴᠢ ᠶᠢᠨ ᠪᠠᠶᠢᠳᠠᠯ᠂ ᠬᠡᠷ ᠪᠦᠯᠢ ᠶᠢᠨ ᠣᠷᠣᠯᠭ᠎ᠠ ᠶᠢᠨ ᠪᠠᠶᠢᠳᠠᠯ᠂ ᠡᠳ᠋ ᠬᠥᠷᠥᠩᠭᠡ ᠶᠢᠨ ᠪᠠᠶᠢᠳᠠᠯ᠂ ᠡᠮ ᠡᠮᠨᠡᠯᠭᠡ ᠶᠢᠨ ᠵᠠᠷᠤᠳᠠᠯ ᠤᠨ ᠵᠠᠷᠤᠯᠭ᠎ᠠ ᠵᠢᠴᠢ ᠠᠷᠠᠳᠴᠢᠯᠠᠯ ᠢᠶᠠᠷ ᠦᠨᠡᠯᠡᠭᠰᠡᠨ ᠪᠠᠶᠢᠳᠠᠯ ᠵᠡᠷᠭᠡ ᠶᠡᠷᠦᠩᠬᠡᠶᠢᠯᠡᠭᠰᠡᠨ ᠬᠦᠴᠦᠨ ᠵᠦᠶ᠋ᠯ ᠢ ᠦᠨᠳᠦᠰᠦᠯᠡᠨ ᠮᠠᠭᠠᠳᠯᠠᠨ ᠲᠣᠭᠲᠠᠭᠠᠨ᠎ᠠ᠃      ᠬᠥᠲᠥᠯᠥᠭᠴᠢ᠄ ᠡᠮᠡᠭᠲᠡᠶ ᠡᠲᠡᠭᠡᠳ ᠨᠢ ᠵᠢᠷᠮᠦᠰᠦᠨ ᠪᠠᠶᠢᠬᠤ ᠬᠤᠭᠤᠴᠠᠭᠠᠨ ᠳᠠᠭᠠᠨ ᠬᠡᠯᠡᠯᠴᠡᠭᠡᠷ ᠢᠶᠠᠷ ᠣᠷᠤᠭ ᠰᠠᠯᠬᠤ ᠪᠦᠷᠢᠳᠬᠡᠭᠦᠯᠦᠯᠲᠡ ᠬᠢᠵᠦ ᠪᠣᠯᠤᠨ᠎ᠠ ᠤᠣ︖      ᠬᠦᠨᠳᠦᠲᠦ ᠵᠣᠴᠢᠨ᠄ ᠡᠮᠡᠭᠲᠡᠶ ᠡᠲᠡᠭᠡᠳ ᠨᠢ ᠵᠢᠷᠮᠦᠰᠦᠨ ᠪᠠᠶᠢᠬᠤ ᠬᠤᠭᠤᠴᠠᠭᠠᠨ ᠳᠤ᠂ ᠬᠥᠩᠭᠡᠵᠢᠭᠰᠡᠨ ᠤ ᠳᠠᠷᠠᠭᠠᠬᠢ ᠨᠢᠭᠡ ᠵᠢᠯ ᠤᠨ ᠳᠣᠲᠣᠷ᠎ᠠ ᠪᠤᠶᠤ ᠵᠢᠷᠮᠦᠰᠦᠯᠡᠯᠲᠡ ᠶᠢ ᠵᠣᠭᠰᠣᠭᠠᠭᠰᠠᠨ ᠤ ᠳᠠᠷᠠᠭᠠᠬᠢ ᠵᠢᠷᠭᠤᠭᠠᠨ ᠰᠠᠷ᠎ᠠ ᠶᠢᠨ ᠳᠣᠲᠣᠷ᠎ᠠ᠂ ᠡᠷᠡᠭᠲᠡᠶ ᠡᠲᠡᠭᠡᠳ ᠨᠢ ᠤᠷᠤᠬ ᠰᠠᠯᠬᠤ ᠪᠠᠷ ᠳᠤᠷᠠᠳᠴᠤ ᠪᠣᠯᠬᠤ ᠤᠢᠭᠡᠢ︔ ᠭᠡᠪᠡᠴᠦ ᠡᠮᠡᠭᠲᠡᠶ ᠡᠲᠡᠭᠡᠳ ᠨᠢ ᠤᠷᠤᠬ ᠰᠠᠯᠬᠤ ᠪᠠᠷ ᠳᠤᠷᠠᠳᠤᠭᠰᠠᠨ ᠪᠤᠶᠤ ᠠᠷᠠᠳ ᠤᠨ ᠰᠢᠭᠦᠬᠦ ᠬᠤᠷᠢᠶ᠎ᠠ ᠠᠴᠠ ᠡᠷᠡᠭᠲᠡᠶ ᠡᠲᠡᠭᠡᠳ ᠤᠨ ᠤᠷᠤᠬ ᠰᠠᠯᠬᠤ ᠭᠤᠶᠤᠴᠢᠯᠠᠯ ᠢ ᠬᠦᠯᠢᠶᠡᠠ ᠠᠪᠴᠤ ᠰᠢᠶ᠋ᠳᠪᠦᠷᠢᠯᠡᠬᠦ ᠴᠢᠬᠤᠯᠠ ᠲᠠᠢ ᠭᠡᠵᠦ ᠦᠵᠡᠭᠰᠡᠨ ᠪᠠᠶᠢᠪᠠᠯ ᠡᠭᠦᠨ ᠳᠤ ᠪᠠᠭᠲᠠᠬᠤ ᠤᠢᠭᠡᠢ᠃      ᠬᠥᠲᠥᠯᠥᠭᠴᠢ᠄ ᠥᠨᠳᠥᠷ ᠨᠠᠰᠤᠨ ᠤ ᠨᠡᠮᠡᠭᠦᠷᠢ ᠶᠢ ᠮᠡᠳᠡᠭᠦᠯᠬᠦ ᠨᠥᠬᠦᠴᠡᠯ︖      ᠵᠣᠴᠢᠨ᠄ ᠪᠤᠭᠤᠲᠤ ᠨᠠᠰᠤᠲᠠᠨ ᠠᠯᠪᠠᠨ ᠲᠠᠷᠬᠠᠭᠠᠭᠰᠠᠨ ︹ 2017 ︺ 20 ᠳ᠋ᠤᠭᠠᠷ ᠲᠣᠭᠠᠲᠤ ︽ᠪᠤᠭᠤᠲᠤ ᠬᠤᠲᠠ ᠶᠢᠨ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢᠨ ᠲᠦᠭᠡᠮᠡᠯ ᠬᠠᠷᠠᠭᠠᠯᠵᠠᠯ ᠤᠨ ᠲᠦᠷᠢᠮ ᠢ ᠬᠡᠷᠡᠭᠵᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2017 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠤ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠳᠤ ᠲᠦᠭᠡᠮᠡᠯ ᠬᠠᠷᠠᠭᠠᠯᠵᠠᠯ ᠤᠨ ᠲᠦᠷᠢᠮ ᠢᠶᠠᠷ ᠣᠯᠭᠤᠬᠤ ᠶᠢ ᠬᠡᠷᠡᠭᠵᠢᠭᠦᠯᠦᠨ᠎ᠡ᠂ ᠡᠨᠡ ᠨᠢ ᠪᠤᠭᠤᠲᠤ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ᠂ ᠪᠦᠬᠦᠯᠢ 80 ᠨᠠᠰᠤᠨ ᠠᠴᠠ ᠳᠡᠭᠡᠭᠰᠢᠬᠢ ︵ᠪᠦᠬᠦᠯᠢ 80 ᠨᠠᠰᠤ ᠪᠠᠭᠲᠠᠨ᠎ᠠ︶ ᠨᠠᠰᠤᠲᠠᠶᠢᠴᠤᠳ ᠲᠤ ᠴᠥᠮ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠡᠷᠦᠬᠡ ᠠᠮᠠ ᠶᠢᠨ ᠪᠠᠶᠢᠭ᠎ᠠ ᠭᠠᠵᠠᠷ ᠠᠴᠠ ᠪᠠᠨ ᠮᠡᠳᠡᠭᠦᠯᠦᠭᠰᠡᠨ ᠤ ᠳᠠᠷᠠᠭ᠎ᠠ ᠥᠨᠳᠥᠷ ᠨᠠᠰᠤᠨ ᠤ ᠨᠡᠮᠡᠭᠦᠷᠢ ᠶᠢ ᠠᠪᠴᠤ ᠪᠣᠯᠬᠤ ᠶᠢ ᠬᠠᠷᠠᠭᠤᠯᠵᠤ ᠪᠠᠶᠢᠨ᠎ᠠ᠃      ᠬᠥᠲᠥᠯᠥᠭᠴᠢ᠄ ᠥᠨᠳᠥᠷ ᠨᠠᠰᠤᠨ ᠤ ᠨᠡᠮᠡᠭᠦᠷᠢ ᠣᠯᠭᠤᠬᠤ ᠪᠠᠷᠢᠮᠵᠢᠶ᠎ᠠ︖      ᠵᠣᠴᠢᠨ᠄ 80 — ᠪᠦᠬᠦᠯᠢ 99 ᠨᠠᠰᠤ᠂ ᠬᠥᠮᠦᠨ ᠪᠦᠷᠢ ᠰᠠᠷ᠎ᠠ ᠳᠤ 100 ᠲᠥᠭᠦᠷᠢᠭ︔ ᠵᠡᠭᠦᠨ ᠨᠠᠮ ᠤᠨ ᠠᠯᠪᠠᠨ ᠬᠡᠷ ᠤᠨ ᠲᠠᠷᠬᠠᠭᠠᠭᠰᠠᠨ ︽2016︾ 48 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2016 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠪᠥᠬᠦ ᠣᠷᠣᠨ ᠤ ᠪᠦᠬᠦᠯᠢ 100 ᠨᠠᠰᠤᠨ ᠠᠴᠠ ᠳᠡᠭᠡᠭᠰᠢᠬᠢ ︵ᠪᠦᠬᠦᠯᠢ 100 ᠨᠠᠰᠤ ᠶᠢ ᠪᠠᠭᠲᠠᠭᠠᠨ᠎ᠠ︶ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 300 ᠲᠥᠭᠦᠷᠢᠭ ᠪᠠᠶᠢᠭᠰᠠᠨ ᠠᠴᠠ ᠬᠥᠮᠦᠨ ᠪᠦᠷᠢ ᠰᠠᠷ᠎ᠠ ᠳᠤ 600 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ ︵ᠪᠦᠬᠦᠯᠢ ᠨᠠᠰᠤ ᠶᠢ ᠪᠤᠳᠤᠬᠤ ᠳᠤ ᠪᠣᠳᠠᠲᠠᠶ ᠲᠥᠷᠥᠭᠰᠡᠨ ᠰᠠᠷ᠎ᠠ ᠪᠠᠷ ᠪᠠᠷᠢᠮᠵᠢᠶ᠎ᠠ ᠪᠣᠯᠭᠠᠵᠤ᠂ ᠲᠤᠬᠠᠶ ᠶᠢᠨ ᠵᠢᠯ ᠳᠤ ᠥᠭᠦᠭᠰᠡᠨ ᠨᠠᠰᠤᠲᠠᠶᠢᠴᠤᠳ ᠲᠤ ᠪᠣᠳᠠᠲᠠᠶ ᠠᠮᠢᠳᠤᠷᠠᠵᠤ ᠪᠠᠶᠢᠭ᠎ᠠ ᠰᠠᠷ᠎ᠠ ᠪᠠᠷ ᠥᠨᠳᠥᠷ ᠨᠠᠰᠤᠨ ᠤ ᠨᠡᠮᠡᠭᠦᠷᠢ ᠶᠢ ᠣᠯᠭᠤᠨ᠎ᠠ︶᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1