ᠤᠢᠢᠷ᠎ᠠ ᠶᠢᠨ ᠡᠳᠦᠷ ᠤᠳ ᠲᠤ᠂ ᠳ᠋ᠦᠩ ᠡᡁᠧ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠵᠠᠭᠤᠨ ᠵᠢᠯ ᠤᠨ | ᠨᠠᠮ ᠤᠨ ᠲᠡᠦᠬᠡ ᠠᠴᠠ ᠬᠦᠴᠦᠨ ᠴᠢᠳᠠᠯ ᠤᠯᠬᠤ ᠪᠠᠷ ᠴᠢᠷᠮᠠᠶᠢᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ | ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠳᠠᠲᠤ ᠠᠵᠢᠯᠯᠠᠭ᠎ᠠ | ᠪᠣᠯᠭᠠᠨ ᠬᠤᠪᠢᠷᠠᠭᠤᠯᠵᠠᠢ᠃ | | | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠰᠢᠨ᠎ᠡ ᠠᠯᠬᠤᠮ ᠢ ᠠᠯᠬᠤᠵᠤ᠂ | ᠳ᠋ᠦᠩ ᠾᠧ ᠲᠣᠭᠤᠷᠢᠭ ᠤᠨ ᠬᠢᠨ ᠪᠤᠭᠤᠲᠤ ᠬᠤᠲᠠ ᠶᠢᠨ ︽ᠳᠥᠷᠪᠡᠨ ᠰᠠᠭᠤᠷᠢᠨ ᠬᠤᠶᠠᠷ ᠲᠥᠪ ᠨᠢᠭᠡ ᠥᠨᠳᠥᠷ | ᠭᠠᠵᠠᠷ ᠨᠢᠭᠡ ᠰᠢᠰᠲ᠋ᠧᠮ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ ᠠᠪᠴᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠲᠡᠷᠢᠭᠦᠨ ᠤ ᠡᠩᠨᠡᠭᠡᠨ ᠳᠤ ᠶᠠᠪᠤᠵᠤ᠂ ᠬᠦᠩᠭᠡᠨ | ᠴᠠᠭᠠᠨ ᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠢᠱᠢ᠊ ᠡᠶ᠎ᠡ | ᠦᠵᠡᠭᠦᠯᠬᠦ ᠣᠷᠣᠨ᠂ ᠬᠠᠳᠤᠨ ᠭᠤᠣᠯ ᠤᠨ ᠨᠤᠭᠤ ᠭᠠᠵᠠᠷ ᠤᠨ ᠠᠮᠢ ᠠᠬᠤᠢ ᠶᠢ ᠪᠡᠶᠡᠴᠢᠯᠡᠨ ᠣᠶᠢᠯᠠᠭᠠᠬᠤ ᠪᠠ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠳᠦᠯᠦᠨ ᠳᠠᠭᠠᠭᠤᠯᠬᠤ ᠣᠷᠣᠨ᠂ ᠰᠣᠶᠣᠯ ᠬᠤᠳᠠᠯᠳᠤᠭ᠎ᠠ | ᠵᠤᠭᠠᠴᠠᠯ ᠢ ᠭᠦᠨᠵᠡᠭᠡᠢ ᠠᠭᠤᠰᠤᠯᠴᠠᠭᠤᠯᠤᠨ ᠤᠷᠢᠳᠠᠪᠠᠷ ᠬᠥᠭᠵᠢᠭᠦᠯᠬᠦ ᠣᠷᠣᠨ᠂ ᠤᠳᠤ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠲᠥᠪᠯᠡᠷᠡᠭᠰᠡᠨ ᠣᠷᠣᠨ᠂ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠤ | ᠪᠠᠲᠤᠯᠠᠪᠤᠷᠢ ᠶᠢᠨ ᠣᠷᠣᠨ ᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢᠨ ᠲᠣᠭᠤᠷᠢᠨ ᠳᠤ᠂ | ᠨᠠᠶᠢᠳᠠᠪᠤᠷᠢᠵᠢᠭᠤᠯᠤᠯᠲᠠ ᠶᠢ ᠢᠮᠠᠭᠲᠠ ᠠᠳᠬᠤᠵᠤ᠂ ᠲᠦᠷᠭᠡᠨ ᠠᠵᠢᠯᠯᠠᠵᠤ ᠪᠣᠳᠠᠲᠠᠢ ᠠᠵᠢᠯᠯᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠵᠡᠭᠦᠨ | ᠭᠤᠣᠯ ᠢ ᠴᠣᠭᠴᠠᠯᠠᠨ ᠪᠠᠶᠢᠭᠤᠯᠤᠨ᠎ᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ᠂ ᠳ᠋ᠦᠩ ᠾᠧ | ᠲᠣᠭᠤᠷᠢᠭ ᠤᠨ ᠬᠢᠨ ᠥᠪᠡᠷ ᠤᠨ ᠪᠡᠶ᠎ᠡ ᠳᠡᠭᠡᠨ ᠡᠶᠢᠮᠦᠷᠬᠦᠦ ᠬᠥᠭᠵᠢᠯᠲᠡ ᠶᠢᠨ ᠬᠠᠷᠠᠯᠲᠠ ᠶᠢ ᠲᠣᠭᠲᠠᠭᠠᠪᠠ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠨᠡᠮᠡᠭᠳᠡᠭᠦᠯᠵᠦ᠂ ᠡᠩ ᠤᠨ ᠤᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ | ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ | | | | | 1 — 5 ᠰᠠᠷ᠎ᠠ ᠶᠢᠨ ︽ᠳᠡᠭᠡᠷ᠎ᠡ ᠬᠠᠭᠠᠰ ᠲᠠᠯᠠᠪᠤᠷ︾ ᠤᠨ ᠬᠢᠷᠢ ᠪᠦᠲᠦᠮᠵᠢ ᠨᠢ ᠨᠢᠭᠡᠨᠲᠡ ᠲᠤᠪᠤᠶᠢᠮ᠎ᠠ | ᠪᠣᠯᠪᠠ᠃ ᠳ᠋ᠦᠩ ᠾᠧ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠦᠷᠳᠡᠭ 3339 ᠳ᠋ᠦᠩᠰᠢᠭᠤᠷ ᠲᠥᠭᠦᠷᠢᠭ ᠲᠤ ᠬᠦᠷᠴᠡᠢ︔ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ 63 ᠲᠥᠷᠥᠯ ᠵᠦᠶ᠋ᠯ 16.1 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 11.2% ᠣᠷᠴᠢᠮ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠶ᠋ᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 69.4 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ | ᠲᠤᠭ᠎ᠠ ᠨᠢ ᠪᠥᠬᠦ ᠬᠤᠲᠠ ᠶᠢᠨ ᠠᠷᠪᠠᠨ ᠬᠤᠰᠢᠭᠤ ᠰᠢᠶᠠᠨ ᠲᠣᠭᠤᠷᠢᠭ ᠲᠤ ᠭᠤᠷᠪᠠᠳᠤᠭᠠᠷ ᠲᠤ ᠣᠷᠣᠵᠤ᠂ ᠠᠳᠠᠯᠢ | ᠬᠤᠭᠤᠴᠠᠭᠠᠨ ᠤ ᠬᠢ ᠠᠴᠠ 16.3% ᠪᠠᠷ ᠨᠡᠮᠡᠭᠳᠡᠪᠡ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠪᠡ᠃ | ᠳ᠋ᠦᠩ ᠾᠧ ᠲᠣᠭᠤᠷᠢᠭ ᠤᠨ ᠪᠤᠢ ᠪᠦᠬᠦᠢ ᠵᠣᠷᠢᠯᠲᠠ ᠪᠣᠯ ᠠᠷᠠᠳ ᠤᠨ ᠠᠮᠢᠳᠤᠷᠠᠯ ᠪᠣᠯᠤᠨ᠎ᠠ︔ ᠪᠤᠢ ᠪᠦᠬᠦᠢ | ᠵᠣᠭᠰᠣᠴᠠ ᠨᠢ ᠬᠠᠰᠢᠯᠠ ᠠᠷᠠᠳ ᠤᠨ ᠠᠮᠢᠳᠤᠷᠠᠯ ᠳᠤ ᠪᠤᠢ᠃ | | | | | ᠢᠳᠡᠭᠡᠨ ᠤ ᠠᠶᠤᠯᠭᠦᠶ ᠶᠢ ᠬᠢᠨᠠᠵᠤ ᠪᠠᠶᠢᠴᠠᠭᠠᠨ᠎ᠠ | 2021 ᠣᠨ ᠳᠤ ᠳ᠋ᠦᠩ ᠾᠧ ᠲᠣᠭᠤᠷᠢᠭ ᠤᠨ ᠬᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠲᠤᠪᠤᠶᠢᠯᠭᠠᠵᠦ᠂ ᠠᠷᠠᠳ ᠤᠨ ᠵᠣᠪᠠᠭᠤᠷᠢ ᠶᠢ ᠲᠠᠶᠢᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠷᠠᠳ ᠤᠨ ᠰᠡᠳᠬᠢᠯ ᠢ ᠨᠢᠭᠲᠠᠷᠠᠭᠤᠯᠬᠤ ᠤᠯᠠ ᠮᠥᠷ ᠢᠶᠠᠷ ᠯᠠᠪᠳᠠᠭᠤᠨ ᠪᠠᠲᠤᠲᠠᠢ᠂ ︽ᠠᠷᠠᠳ ᠤᠨ ᠠᠮᠢᠳᠤᠷᠠᠯ ᠤᠨ | ᠵᠣᠯ ᠵᠢᠷᠭᠠᠯ ᠤᠨ ᠲᠣᠣᠷ︾ ᠢ ᠨᠢᠭᠲᠠ ᠰᠦᠯᠵᠢᠵᠦ᠂ ᠠᠳᠡ ᠠᠮᠢᠳᠤᠷᠠᠵᠤ ᠪᠠᠶᠢᠭ᠎ᠠ ᠬᠥᠮᠦᠰ ᠢ ᠢᠳᠡᠷᠴᠦᠳ ᠨᠢ | ᠬᠡᠷᠡᠭᠴᠡᠭᠡ ᠲᠠᠢ᠂ ᠨᠢᠯᠬᠠᠰ ᠠᠴᠠ ᠰᠤᠷᠭᠠᠨ ᠬᠥᠮᠦᠵᠢᠯ ᠲᠠᠢ᠂ ᠡᠪᠡᠳᠴᠢᠯᠡᠪᠡᠯ ᠠᠰᠠᠷᠠᠮᠵᠢ ᠲᠠᠢ᠂ ᠠᠮᠤᠷ ᠲᠦᠪᠰᠢᠨ ᠢ | ᠲᠦᠰᠢᠭ ᠲᠠᠢ ᠪᠣᠯᠭᠠᠪᠠ᠃ ᠡᠨᠡ ᠨᠢᠭᠡ ᠵᠢᠯ ᠳᠤ᠂ ᠳ᠋ᠦᠩ ᠡᡁᠧ ᠲᠣᠭᠤᠷᠢᠭ ᠤᠨ ᠬᠢᠨ ᠬᠤᠳᠠ ᠪᠠᠯᠭᠠᠰᠤᠨ ᠳᠤ 1 | ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠶᠢᠨ ᠲᠡᠰ ᠠᠴᠠ ᠳᠡᠭᠡᠭᠰᠢᠬᠢ ᠦᠢᠯᠡᠰ ᠪᠤᠰᠬᠠᠬᠤ | ᠬᠦᠷᠢᠶᠡᠯᠡᠩ ᠢ 3 ᠰᠢᠨ᠎ᠡ ᠪᠠᠷ ᠪᠠᠶᠢᠭᠤᠯᠵᠤ᠂ ︽ᠤᠶᠤᠨᠲᠤ ᠠᠵᠢᠯ ᠣᠯᠭᠤᠯᠲᠠ ᠶᠢᠨ ᠡᠭᠦᠯᠡᠨ ᠲᠠᠪᠴᠠᠩ︾ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ | ᠳᠠᠭᠠᠭᠤᠯᠬᠤ︾ ᠠᠵᠢᠯ ᠣᠯᠭᠤᠯᠲᠠ ᠶᠢᠨ ᠰᠢᠭᠤᠳ ᠨᠡᠪᠲᠡᠷᠡᠬᠦ ᠲᠡᠷᠭᠡ ᠶᠢᠨ ᠲᠤᠰᠬᠠᠢ ᠠᠵᠢᠯᠯᠠᠭ᠎ᠠ ᠶᠢ | ᠥᠷᠨᠢᠭᠦᠯᠬᠦ ᠪᠠᠷ ᠪᠤᠢ᠃ ᠬᠤᠲᠣᠩᠴᠤᠳ ᠤᠨ ᠪᠠᠭ᠎ᠠ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠨᠣᠭᠤᠭᠠᠨ ᠭᠠᠵᠠᠷ ᠤᠨ ᠰᠤᠷᠭᠠᠭᠤᠯᠢ ᠶᠢᠨ ᠲᠣᠭᠤᠷᠢᠭ᠂ ᠴᠡᠴᠡᠷᠯᠢᠭ ᠤᠨ ᠵᠠᠮ ᠤᠨ ᠪᠠᠭ᠎ᠠ ᠰᠤᠷᠭᠠᠭᠤᠯᠢ ᠶᠢᠨ ᠵᠢᠩ | ᠫᠢᠩ ᠰᠤᠷᠭᠠᠭᠤᠯᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠹᠦ᠋ ᠱᠧᠩ ᠶᠤᠸᠠᠨ | ᠴᠡᠴᠡᠷᠯᠢᠭ᠂ ᠰᠢ ᠨᠤᠤ ᠪᠦᠦ ᠬᠡᠦᠬᠡᠳ ᠤᠨ ᠴᠡᠴᠡᠷᠯᠢᠭ ᠢ ᠡᠬᠢᠯᠡᠨ ᠪᠦᠳᠦᠭᠡᠨ ᠪᠠᠶᠢᠭᠤᠯᠵᠤ᠂ ᠹᠦ᠋ ᠰᠢᠩ ᠰᠤᠷᠭᠠᠨ | ᠬᠥᠮᠦᠵᠢᠯ ᠤᠨ ᠪᠦᠯᠦᠭᠯᠡᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ ᠡᠮᠴᠢᠯᠡᠭᠡᠨ ᠤ ᠦᠶ᠋ᠯᠡᠴᠢᠯᠡᠭᠡᠨ ᠤ | ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ | ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠠᠬᠢᠭᠤᠯᠤᠨ᠂ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠬᠥᠲᠥᠯᠦᠨ ᠳᠠᠭᠠᠭᠤᠯᠬᠤ ᠦᠶ᠋ᠯᠡᠳᠦᠯ ᠢ ᠪᠠᠳᠠᠷᠠᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠤᠯᠠᠨ ᠲᠦᠮᠡᠨ ᠢ ᠨᠡᠩ ᠰᠠᠨᠠᠭ᠎ᠠ ᠠᠮᠤᠷ ᠢᠳᠡᠭᠦᠯᠵᠦ᠂ ᠡᠮ | ᠬᠡᠷᠡᠭᠯᠡᠬᠦ ᠳᠤ ᠨᠡᠩ ᠠᠮᠤᠷ ᠲᠦᠪᠰᠢᠨ ᠪᠣᠯᠭᠠᠨ᠎ᠠ᠃ ᠪᠣᠰᠤᠭ᠎ᠠ ᠴᠣᠭᠴᠠᠵᠢᠭᠰᠠᠨ᠂ ᠮᠡᠳᠡᠭᠡ ᠵᠠᠩᠬᠢᠴᠢᠯᠠᠭᠰᠠᠨ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ︽ᠡᠭᠦᠯᠡᠨ ᠨᠢᠳᠦᠲᠦ | ᠬᠠᠮᠠᠭᠠᠯᠠᠭᠴᠢ︾ ᠶᠢᠨ ᠤᠶᠤᠨᠲᠤ ᠬᠢᠨᠠᠨ ᠡᠵᠡᠮᠳᠡᠬᠦ ᠰᠢᠰᠲ᠋ᠧᠮ ᠤᠨ ᠪᠠᠶᠢᠷᠢᠯᠠᠭᠤᠯᠤᠯᠲᠠ ᠶᠢ ᠪᠡᠶᠡᠯᠡᠭᠦᠯᠦᠨ᠎ᠡ᠃ | ᠰᠠᠨᠠᠭᠠᠰᠢᠷᠠᠨ ᠵᠣᠪᠠᠨᠢᠬᠤ ᠪᠤᠳᠤᠯ ᠲᠠᠢ ᠪᠠᠶᠢᠪᠠᠯ ᠰᠠᠶ᠋ᠢ ᠯᠠᠪᠳᠠᠭᠤᠨ ᠢᠶᠠᠷ ᠠᠯᠤᠰ ᠢ ᠵᠣᠷᠢᠨ ᠤᠷᠤᠭᠰᠢᠯᠠᠵᠤ | ᠴᠢᠳᠠᠨ᠎ᠠ᠃ ᠨᠢᠭᠡᠨᠲᠡ ᠣᠯᠤᠭᠰᠠᠨ ᠠᠮᠵᠢᠯᠲᠠ ᠶᠢᠨ ᠡᠮᠦᠨ᠎ᠡ᠂ ᠳ᠋ᠦᠩ ᠾᠧ ᠲᠣᠭᠤᠷᠢᠭ ᠤᠨ ᠬᠢᠨ ᠥᠴᠦᠬᠡᠨ ᠴᠦ | ᠴᠠᠯᠠᠭᠠᠶᠢᠷᠠᠯ ᠦᠬᠡᠢ᠃ ︽ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠳᠤ᠂ ︽ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠮᠥᠨ | ᠴᠢᠨᠠᠷ ᠤᠨ ᠠᠬᠢᠯᠲᠠ ᠲᠠᠢ ᠪᠣᠯᠵᠣ᠂ ᠡᠯ᠎ᠡ ᠵᠦᠶ᠋ᠯ ᠤᠨ ᠠᠵᠢᠯ ᠦᠶ᠋ᠯᠡᠰ ᠰᠢᠨ᠎ᠡ ᠳᠠᠪᠰᠢᠯᠲᠠ ᠲᠠᠢ ᠪᠣᠯᠵᠣ᠂ ᠠᠵᠤ | ᠠᠬᠤᠶ ᠶᠢᠨ ᠬᠥᠭᠵᠢᠯᠲᠡ ᠶᠢᠨ ᠴᠢᠨᠠᠷ ᠴᠢᠨᠰᠠᠭ᠎ᠠ᠂ ᠬᠤᠲᠠ ᠶᠢᠨ ᠴᠢᠨᠠᠷ ᠴᠢᠨᠰᠠᠭ᠎ᠠ᠂ ᠠᠮᠢ ᠠᠬᠤᠶ ᠶᠢᠨ ᠣᠷᠴᠢᠨ | ᠨᠥᠬᠦᠴᠡᠯ ᠤᠨ ᠶᠠᠰᠤ ᠴᠢᠨᠠᠷ᠂ ᠠᠷᠠᠳ ᠤᠨ ᠠᠮᠢᠳᠤᠷᠠᠯ ᠤᠨ ᠠᠵᠠ ᠵᠢᠷᠭᠠᠯ᠂ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠵᠡᠷᠭᠡ ᠲᠠᠪᠤᠨ ᠲᠠᠯ᠎ᠠ ᠪᠠᠷ ᠢᠯᠡᠳᠲᠡ ᠳᠡᠭᠡᠭᠰᠢᠯᠡᠯᠲᠡ ᠲᠠᠢ ᠪᠣᠯᠬᠤ︾ ᠶᠡᠷᠦᠩᠬᠡᠶ ᠬᠠᠷᠠᠯᠲᠠ ᠶᠢ ᠨᠢᠭᠡᠨᠲᠡ | ᠲᠣᠳᠣᠷᠬᠠᠶ ᠪᠣᠯᠭᠠᠪᠠ᠃ ᠳ᠋ᠦᠩ ᠾᠧ ᠲᠣᠭᠤᠷᠢᠭ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ᠬᠥᠭᠵᠢᠯᠲᠡ ᠶᠢᠨ ᠶᠠᠰᠤ ᠴᠢᠨᠠᠷ ᠢ ᠨᠡᠩ ᠶᠡᠭᠡ ᠪᠠᠷ ᠳᠡᠭᠡᠭᠰᠢᠯᠡᠭᠦᠯᠦᠨ᠎ᠡ︔ ᠠᠵᠤ ᠦᠢᠯᠡᠰ ᠢᠶᠠᠷ | ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠦᠲᠦᠴᠡ ᠶᠢ ᠨᠡᠩ ᠶᠡᠭᠡ ᠪᠠᠷ ᠲᠡᠰ | ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠳᠤ ᠨᠡᠩ ᠶᠡᠭᠡ | ᠰᠢᠪᠲᠤᠯᠤᠯᠲᠠ ᠭᠠᠷᠭᠠᠨ᠎ᠠ︔ ᠪᠣᠬᠢᠷᠲᠤᠯ ᠦᠭᠡᠢ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠢ | ᠠᠬᠤᠢ ᠶᠢᠨ ᠪᠦᠳᠦᠭᠡᠨ ᠪᠠᠶᠢᠭᠤᠯᠤᠯᠲᠠ ᠨᠡᠩ ᠶᠡᠭᠡ ᠲᠠᠪᠰᠢᠯᠳᠠ ᠲᠠᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠪᠠᠶᠢᠷᠢᠰᠢᠯ ᠢ ᠨᠡᠩ ᠶᠡᠭᠡ ᠪᠠᠷ ᠰᠢᠯᠢᠳᠡᠭᠵᠢᠭᠦᠯᠦᠨ᠎ᠡ︔ | ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠩ ᠶᠡᠭᠡ ᠪᠠᠷ | ᠰᠠᠶᠢᠵᠢᠷᠠᠭᠤᠯᠤᠨ᠎ᠠ᠃ | | | | ᠬᠦᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ | ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠪᠥᠬᠦ ᠣᠷᠣᠨ ᠤ ᠡᠯ᠎ᠡ ᠠᠵᠢᠯ ᠲᠥᠷᠥᠯ ᠡᠯ᠎ᠡ ᠬᠦᠷᠢᠶ᠎ᠡ | ᠴᠠᠷᠠᠭ᠎ᠠ ᠶᠢ ᠦᠶ᠋ᠯᠡᠳᠦᠯᠭᠡᠵᠢᠭᠦᠯᠦᠨᠡ᠃ ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠰᠢᠨ᠎ᠡ ᠶᠢ | ᠡᠭᠦᠳᠬᠦ ᠲᠠᠪᠴᠠᠩ ᠢ 3 ᠠᠴᠠ ᠳᠤᠲᠠᠭᠤ ᠥᠬᠡᠶ ᠪᠠᠶᠢᠭᠤᠯᠵᠤ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ 15 ᠪᠣᠯᠵᠣ᠂ ᠪᠥᠬᠦ ᠳᠡᠯᠡᠬᠡᠶ ᠶᠢᠨ ᠲᠡᠷᠢᠭᠦᠨ ᠤ᠂ ᠳᠡᠯᠡᠬᠡᠶ ᠶᠢᠨ ᠨᠥᠯᠥᠭᠡᠯᠡᠬᠦ ᠬᠦᠴᠦᠨ ᠲᠠᠢ | ᠠᠵᠢᠯ ᠲᠥᠷᠥᠯ ᠤᠨ ᠠᠵᠤ ᠠᠬᠤᠶᠢᠯᠠᠯ 5᠂ ᠠᠵᠢᠯ ᠲᠥᠷᠥᠯ ᠤᠨ 50 ᠬᠦᠴᠦᠷᠬᠡᠭ ᠨᠠᠷᠠᠲᠤ ᠲᠡᠮᠳᠡᠭᠲᠦ ᠠᠵᠤ | ᠠᠬᠤᠶᠢᠯᠠᠯ 25 ᠶᠢ ᠣᠷᠣᠭᠤᠯᠤᠨ ᠠᠪᠴᠢᠷᠠᠵᠤ᠂ ᠠᠵᠢᠯ ᠲᠦᠷᠦᠯ ᠤᠨ ᠳᠣᠲᠣᠷᠠᠬᠢ ᠭᠤᠣᠯᠯᠠᠭᠴᠢ ᠳᠠᠪᠠᠭᠤᠯᠢᠭ | ᠪᠤᠶᠤ ᠣᠨᠴᠠᠯᠢᠭ ᠲᠠᠢ ᠭᠤᠣᠯᠯᠠᠭᠴᠢ ᠠᠵᠤ ᠠᠬᠤᠶᠢᠯᠠᠯ 70 ᠪᠠᠶᠢᠨ᠎ᠠ︾᠂ ︽ᠬᠦᠩᠭᠡᠨ ᠴᠠᠭᠠᠨ ᠤ ᠦᠢᠯᠡᠰ ᠤᠨ | ᠬᠦᠷᠢᠶᠡᠯᠡᠩ ᠲᠣᠭᠤᠷᠢᠭ ᠢ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢ᠊ ᠡᠶ᠎ᠡ ᠦᠵᠡᠭᠦᠯᠬᠦ ᠣᠷᠣᠨ | ᠪᠣᠯᠭᠠᠨ ᠪᠦᠳᠦᠬᠡᠨ ᠪᠠᠶᠢᠭᠤᠯᠬᠤ︾᠂ ︽︿300 ᠮᠧᠳ᠋ᠷ ᠢ ᠨᠣᠭᠤᠭᠠᠷᠠᠭᠤᠯᠵᠤ᠂ 500 ᠮᠧᠳ᠋ᠷ ᠢ ᠴᠡᠴᠡᠷᠯᠢᠭᠵᠢᠭᠦᠯᠬᠦ | ﹀ ᠬᠤᠳᠠ ᠶᠢᠨ ᠨᠣᠭᠤᠭᠠᠷᠠᠭᠤᠯᠤᠯᠲᠠ ᠶᠢᠨ ᠪᠠᠶᠢᠷᠢᠰᠢᠯ ᠢ ᠪᠦᠬᠦ ᠲᠠᠯ᠎ᠠ ᠪᠠᠷ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠦᠨ᠎ᠡ︾᠂ ᠠᠯᠢ ᠤᠯᠠᠨ ᠬᠤᠪᠢᠶᠠᠷᠢ | ᠬᠠᠷᠠᠯᠲᠠ ᠶᠢ ᠶᠠᠭ ᠴᠢᠷᠮᠠᠶᠢᠨ ᠪᠡᠶᠡᠯᠡᠭᠦᠯᠵᠦ ᠪᠠᠶᠢᠨ᠎ᠠ᠃ | ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠴᠣᠭᠴᠠᠯᠠᠨ᠎ᠠ᠃ | ᠣᠳᠣᠬᠠᠨ ᠳᠤ ᠳ᠋ᠦᠩ ᠾᠧ ᠲᠣᠭᠤᠷᠢᠭ ᠤᠨ ᠺᠠᠳ᠋ᠷ ᠤᠯᠠᠨ ᠲᠦᠮᠡᠨ ᠴᠤᠭ ᠵᠣᠷᠢᠭ ᠪᠠᠳᠠᠷᠠᠩᠭᠤᠢ᠂ ᠡᠷᠴᠢ ᠵᠣᠷᠢᠭ | ᠲᠡᠭᠦᠯᠳᠡᠷ ᠪᠠᠶᠢᠨ᠎ᠠ | ᠢᠷᠡᠭᠡᠳᠦᠶ ᠶᠢᠨ ᠬᠥᠭᠵᠢᠯᠲᠡ ᠶᠢᠨ ᠨᠡᠩ ᠰᠦᠷᠯᠢᠭ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ | | | | | |