7 ᠰᠠᠷ᠎ᠠ ᠶᠢᠨ 2 ᠤᠨ ᠥᠷᠯᠥᠭᠡ | ᠰᠢᠷᠴᠢᠨ ᠪᠠᠯᠭᠠᠰᠤᠨ ᠤ ᠳᠡᠳ᠋ ᠳᠠᠷᠤᠭ᠎ᠠ ᠯᠢᠶᠠᠩ ᠶᠠ ᠴᠢᠩ ᠤᠤᠯ ᠤᠨ ᠬᠢ ᠲᠠᠢ ᠪᠠᠨ ᠠᠳᠠᠯᠢ | ᠡᠷᠲᠡ ᠪᠦᠦ ᠯᠢᠶᠠᠨ ᠲᠣᠰᠬᠤᠨ ᠳᠤ ᠢᠷᠡᠪᠡ | ᠲᠡᠷᠡ ᠷᠠᠳᠢᠣ᠋ ᠨᠡᠪᠲᠡᠷᠡᠭᠦᠯᠭᠡ ᠶᠢᠨ ᠲᠠᠰᠤᠭ ᠢ ᠵᠠᠬᠢᠪᠠ | ᠪᠦᠷᠢᠶ᠎ᠡ ᠪᠠᠷ ᠳᠠᠮᠵᠢᠭᠤᠯᠤᠨ ᠲᠣᠰᠬᠤᠨ ᠤ ᠠᠷᠠᠳ ᠲᠤ ᠬᠤᠲᠠ ᠪᠠᠶᠢᠭᠤᠯᠵᠤ ᠡᠷᠡᠭᠦᠯ ᠬᠠᠮᠠᠭᠠᠯᠠᠯ ᠤᠨ | ᠮᠡᠳᠡᠯᠭᠡ ᠶᠢ ᠴᠠᠭ ᠲᠤᠬᠠᠶ ᠳᠤᠨᠢ ᠨᠡᠪᠲᠡᠷᠡᠭᠦᠯᠦᠨ᠎ᠡ | ᠳᠠᠷᠠᠭ᠎ᠠ ᠪᠠᠷ ᠨᠢ ᠪᠤᠰᠤᠳ ᠺᠠᠳ᠋ᠷ ᠲᠠᠢ ᠬᠠᠮᠲᠤ | ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ | ᠨᠢᠭᠡ ᠲᠠᠯ᠎ᠠ ᠪᠠᠷ ᠪᠦᠷᠢᠶ᠎ᠡ ᠪᠠᠷ ︽ᠪᠣᠯᠪᠠᠰᠤᠨ ᠤ ᠨᠡᠶᠢᠲᠡ ᠶᠢᠨ ᠭᠡᠷ᠎ᠡ︾ ᠵᠡᠷᠭᠡ ᠤᠬᠠᠭᠤᠯᠭ᠎ᠠ ᠶᠢᠨ | ᠠᠭᠤᠯᠭ᠎ᠠ ᠶᠢ ᠡᠭᠡᠯᠵᠢᠯᠡᠨ ᠲᠠᠯᠪᠢᠵᠤ ᠪᠠᠶᠢᠨ᠎ᠠ | ᠬᠤᠳᠠ ᠪᠠᠶᠢᠭᠤᠯᠵᠤ ᠡᠷᠡᠭᠦᠯ ᠬᠠᠮᠠᠭᠠᠯᠠᠯ ᠤᠨ ᠬᠠᠮᠢᠶ᠎ᠠ ᠲᠠᠢ ᠮᠡᠳᠡᠭᠡ ᠵᠠᠩᠭᠢ | ᠨᠢᠭᠡ ᠲᠠᠯ᠎ᠠ ᠪᠠᠷ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ | ᠠᠰᠠᠭᠤᠳᠠᠯ ᠢ ᠢᠯᠡᠷᠡᠭᠦᠯᠦᠭᠰᠡᠨ ᠤ ᠳᠠᠷᠠᠭᠠᠬᠢ ᠨᠢᠭᠡᠳᠦᠭᠡᠷ ᠴᠠᠭ ᠲᠤ | ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢᠨ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠷᠢᠯᠴᠠᠵᠤ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠵᠠᠰᠠᠪᠠ ᠁ | ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠲᠠᠬᠢᠨ ᠬᠢᠨᠠᠬᠤ ᠠᠵᠢᠯ ᠢ ᠤᠭᠲᠤᠬᠤ ᠠᠵᠢᠯ ᠢ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠠᠷ | ᠲᠦᠯᠬᠢᠨ ᠠᠬᠢᠭᠤᠯᠬᠤ ᠳᠤ ᠶᠠᠭᠠᠬᠢᠪᠠᠯ ᠰᠠᠶ᠋ᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠥᠷᠭᠡᠨ ᠤᠯᠠᠨ | ᠲᠣᠰᠬᠤᠨ ᠤ ᠠᠷᠠᠳ ᠢ ᠬᠤᠳᠠ ᠶᠢ ᠡᠭᠦᠳᠦᠨ ᠪᠠᠶᠢᠭᠤᠯᠵᠤ ᠡᠷᠡᠭᠦᠯ ᠬᠠᠮᠠᠭᠠᠯᠠᠯ ᠢ ᠡᠭᠦᠳᠦᠨ ᠪᠠᠶᠢᠭᠤᠯᠬᠤ ᠠᠵᠢᠯ ᠳᠤ | ᠣᠷᠣᠯᠴᠠᠭᠤᠯᠬᠤ ᠪᠠ ᠳᠡᠮᠵᠢᠭᠦᠯᠵᠦ᠂ ᠲᠡᠳᠡᠨ ᠤ ᠢᠳᠡᠪᠬᠢᠵᠢᠯ ᠢ ᠨᠡᠩ ᠰᠠᠶᠢᠲᠤᠷ ᠲᠠᠶᠢᠴᠢᠯᠠᠵᠤ ᠴᠢᠳᠠᠬᠤ ᠪᠤᠢ︖ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠶᠢᠨ ᠤᠬᠠᠭᠤᠯᠬᠤ ᠬᠡᠯᠲᠡᠰ ︽ᠨᠡᠶᠢᠭᠡᠮ ᠤᠨ ᠤᠬᠠᠭᠤᠯᠭ᠎ᠠ︾ | ᠂ ︽ᠲᠣᠭᠠᠴᠢᠯᠠᠭᠰᠠᠨ ᠤᠬᠠᠭᠤᠯᠭ᠎ᠠ︾᠂ ︽ᠡᠷᠦᠬᠡ ᠳᠤ ᠣᠷᠣᠵᠤ ᠤᠬᠠᠭᠤᠯᠬᠤ︾ ᠪᠠᠷ ᠭᠠᠷᠳᠠᠴᠠ ᠪᠣᠯᠭᠠᠵᠤ᠂ | ᠬᠡᠷᠡᠮ ᠤᠨ ᠵᠠᠷ ᠮᠡᠳᠡᠭᠡ᠂ ᠤᠷᠢᠶ᠎ᠠ ᠯᠣᠽᠦ᠋ᠩ᠂ LED ᠳᠡᠯᠭᠡᠴᠡ᠂ ᠲᠩᠷᠢ ᠶᠢᠨ ᠲᠤᠯᠭᠠᠭᠤᠷᠢ ᠶᠢᠨ ᠵᠠᠷ ᠮᠡᠳᠡᠭᠡ᠂ | ᠪᠢᠴᠢᠯ ᠸᠢᠳᠢᠣ᠋᠂ H5᠂ ᠳᠠᠭᠤ ᠴᠡᠴᠡᠷᠡᠭᠦᠯᠬᠦ᠂ ᠵᠠᠷᠯᠠᠯ ᠵᠡᠷᠭᠡ ᠤᠯᠠᠨ ᠵᠦᠢᠯ ᠤᠨ ᠬᠡᠯᠪᠡᠷᠢ᠂ ᠤᠯᠠᠨ ᠵᠦᠢᠯ ᠤᠨ | ᠠᠴᠢᠶᠠᠯᠠᠪᠤᠷᠢ ᠪᠠᠷ ᠳᠠᠮᠵᠢᠭᠤᠯᠵᠤ᠂ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠬᠡᠯᠪᠡᠷᠢ ᠶᠢᠨ ︽ᠬᠠᠲᠠᠭᠤ ᠴᠥᠮ᠎ᠡ︾ | ᠶᠢᠨ ᠤᠬᠠᠭᠤᠯᠭ᠎ᠠ ᠶᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠶᠢ | ᠠᠬᠢᠭᠤᠯᠵᠤ᠂ ᠬᠤᠳᠠ ᠶᠢ ᠡᠭᠦᠳᠴᠦ ᠡᠷᠡᠭᠦᠯ ᠬᠠᠮᠠᠭᠠᠯᠠᠯ ᠢ ᠡᠭᠦᠳᠬᠦ ᠡᠯ᠎ᠡ ᠵᠦᠢᠯ ᠤᠨ ᠠᠷᠭ᠎ᠠ ᠬᠡᠮᠵᠢ᠊ ᠡᠶ᠎ᠡ ᠶᠢ ᠨᠠᠷᠢᠨ | ᠨᠠᠶᠢᠳᠠᠪᠤᠷᠢᠵᠢᠭᠤᠯᠬᠤ ᠶᠢ ᠠᠬᠢᠭᠤᠯᠪᠠ᠃ | | | | | ᠡᠯᠧᠺᠲᠷᠣᠨ ᠳᠡᠯᠭᠡᠴᠡ ᠶᠢᠨ ᠤᠬᠠᠭᠤᠯᠭ᠎ᠠ | LED ᠭᠡᠷᠡᠯᠲᠦᠵᠦ᠂ ᠤᠷᠢᠶ᠎ᠠ ᠯᠣᠽᠦ᠋ᠩ ᠡᠯᠭᠦᠵᠦ᠂ ᠨᠡᠶᠢᠭᠡᠮ ᠤᠨ ᠤᠬᠠᠭᠤᠯᠭ᠎ᠠ ᠶᠢᠨ ᠠᠵᠢᠯ ᠲᠣᠯᠣᠭᠠᠶ | ᠥᠨᠳᠡᠶᠢᠨ ᠬᠠᠷᠠᠭᠳᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ | ᠬᠤᠶᠠᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠲᠤᠰᠬᠠᠢ ᠲᠤᠰᠢᠶᠠᠯᠲᠤ | ᠤᠬᠠᠭᠤᠯᠬᠤ ᠭᠡᠰᠢᠭᠦᠨ︾᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ︾᠂ ︽︿ᠵᠡᠭᠡᠯᠢ | ᠭᠤᠳᠤᠮᠵᠢ ᠶᠢᠨ ᠳᠠᠷᠤᠭ᠎ᠠ ᠶᠢᠨ ᠲᠦᠷᠢᠮ﹀ ᠤᠨ ᠵᠠᠰᠠᠯᠲᠠ︾ ᠵᠡᠷᠭᠡ ᠡᠯ᠎ᠡ ᠲᠦᠷᠦᠯ ᠤᠨ ᠠᠵᠢᠯ ᠤᠨ ᠵᠢᠷᠭᠢ᠊ ᠡᠶ᠎ᠡ ᠶᠢᠨ | ᠪᠦᠯᠦᠭᠯᠡᠯ ᠢ ᠭᠦᠢᠴᠡᠳ ᠠᠰᠢᠭᠯᠠᠵᠤ᠂ ᠬᠤᠳᠠ ᠪᠠᠶᠢᠭᠤᠯᠵᠤ ᠡᠷᠡᠭᠦᠯ ᠬᠠᠮᠠᠭᠠᠯᠠᠯ ᠤᠨ ᠮᠡᠳᠡᠯᠭᠡ ᠶᠢ ᠺᠠᠳ᠋ᠷ ᠤᠯᠠᠨ | ᠲᠦᠮᠡᠨ ᠤ ᠭᠠᠷ ᠤᠲᠠᠰᠤᠨ ᠳᠤ ᠬᠦᠷᠭᠡᠵᠦ᠂ ᠱᠠᠳᠤ ᠱᠠᠳᠤ ᠪᠠᠷ ᠳᠠᠮᠵᠢᠭᠤᠯᠤᠨ ᠲᠠᠷᠬᠠᠭᠠᠵᠤ᠂ ᠤᠬᠠᠭᠤᠯᠬᠤ ᠬᠡᠪᠴᠢ᠊ | ᠡᠶ᠎ᠡ ᠶᠢ ᠥᠷᠭᠡᠳᠬᠡᠪᠡ᠃ | | | | | | | ᠭᠡᠷ ᠤᠨ ᠭᠠᠳᠠᠨ᠎ᠠ ᠬᠦᠷᠢᠶᠡᠯᠡᠨ ᠬᠠᠰᠢᠬᠤ᠂ ᠤᠬᠠᠭᠤᠯᠬᠤ ᠰᠠᠮᠪᠠᠷ᠎ᠠ ᠶᠢ ᠥᠷᠭᠡᠨ ᠢᠶᠠᠷ ᠤᠬᠠᠭᠤᠯᠤᠨ᠎ᠠ | ︽ᠰᠠᠶᠢᠨ ᠰᠠᠶᠢᠬᠠᠨ ᠭᠡᠷ ᠣᠷᠣᠨ ᠢ ᠴᠢ ᠪᠢᠳᠡ ᠬᠠᠮᠲᠤ ᠪᠠᠷ ᠪᠠᠶᠢᠭᠤᠯᠵᠤ ᠦᠵᠡᠰᠬᠦᠯᠡᠩᠲᠦ ᠰᠠᠶᠢᠬᠠᠨ | ᠣᠷᠴᠢᠨ ᠲᠣᠭᠤᠷᠢᠨ ᠢ ᠬᠠᠮᠲᠤ ᠪᠠᠷ ᠡᠳ᠋ᠯᠡᠶ᠎ᠡ︾ ︽ᠡᠷᠬᠢᠮ ᠰᠤᠷᠲᠠᠯ ᠪᠣᠯᠪᠠᠰᠤᠨ ᠢ ᠪᠠᠷᠢᠮᠲᠠᠯᠠᠬᠤ ᠳᠤ ᠦᠢᠯᠡ | ᠠᠵᠢᠯᠯᠠᠭ᠎ᠠ ᠪᠠᠷ ᠭᠤᠣᠯ ᠪᠣᠯᠭᠠᠨ᠎ᠠ︾ ᠁ ᠨᠡᠶᠢᠭᠡᠮ ᠤᠨ ᠤᠬᠠᠭᠤᠯᠭ᠎ᠠ ᠶᠢᠨ ᠤᠷᠢᠶ᠎ᠠ ᠯᠣᠽᠦ᠋ᠩ᠂ ᠬᠥᠨᠳᠡᠯᠡᠨ | ᠪᠢᠴᠢᠭᠡᠰᠦ᠂ ᠭᠠᠳᠠᠷ ᠲᠠᠯ᠎ᠠ ᠶᠢᠨ ᠵᠠᠷ ᠮᠡᠳᠡᠭᠡ ᠳ᠋ᠦᠩ ᠾᠧ ᠲᠣᠭᠤᠷᠢᠭ ᠤᠨ ᠭᠤᠣᠯ ᠵᠠᠮ᠂ ᠵᠡᠭᠡᠯᠢ ᠭᠤᠳᠤᠮᠵᠢ ᠶᠢᠨ | ᠢᠯᠡ ᠪᠠᠶᠢᠷᠢᠨ ᠳᠤ ᠢᠯᠡᠷᠡᠵᠦ᠂ ᠬᠥᠮᠦᠰ ᠤᠨ ᠬᠤᠳᠠ ᠶᠢ ᠡᠭᠦᠳᠦᠨ ᠪᠠᠶᠢᠭᠤᠯᠵᠤ ᠡᠷᠡᠭᠦᠯ ᠬᠠᠮᠠᠭᠠᠯᠠᠯ ᠢ ᠡᠭᠦᠳᠦᠨ | ᠪᠠᠶᠢᠭᠤᠯᠬᠤ ᠠᠵᠢᠯ ᠳᠤ ᠤᠬᠠᠮᠰᠠᠷ ᠠᠴᠠ ᠪᠠᠨ ᠣᠷᠣᠯᠴᠠᠬᠤ ᠰᠠᠨᠠᠭᠠᠴᠢᠯᠠᠭᠠᠲᠤ ᠴᠢᠨᠠᠷ ᠢ ᠬᠥᠭᠵᠢᠭᠡᠵᠡᠢ᠃ ᠣᠳᠣ | ᠪᠣᠯᠲᠠᠯ᠎ᠠ᠂ ᠭᠤᠣᠯ ᠬᠤᠲᠠ ᠲᠣᠭᠤᠷᠢᠭ᠂ ᠭᠤᠣᠯ ᠳᠡᠳ᠋ ᠵᠠᠮ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ | 110 ᠤᠯᠤᠰ ᠤᠨ ᠵᠠᠮ᠂ ᠴᠢᠩ ᠱᠠᠨ ᠵᠠᠮ᠂ ᠪᠠᠷᠠᠭᠤᠨ ᠨᠤᠪᠤᠤ ᠶᠡᠭᠡ ᠵᠡᠭᠡᠯᠢ᠂ ᠪᠠᠶᠠᠨᠲᠠᠯ᠎ᠠ ᠶᠡᠭᠡ ᠵᠡᠭᠡᠯᠢ᠂ | ᠷᠠᠰᠢᠶᠠᠨ ᠶᠡᠭᠡ ᠵᠡᠭᠡᠯᠢ᠂ ᠲᠦᠩᠱᠦ᠋ᠨ ᠵᠡᠭᠡᠯᠢ᠂ ᠾᠧ ᠫᠢᠩ ᠵᠠᠮ᠂ ᠬᠤᠲᠠ ᠲᠣᠭᠤᠷᠢᠭᠰᠠᠨ ᠵᠠᠮ ᠳᠠᠭᠠᠤ ᠵᠡᠷᠭᠡ 38 | ᠢᠯᠡ ᠭᠠᠵᠠᠷ ᠲᠤ 1300 ᠭᠠᠷᠤᠶ ᠲᠣᠮᠣ ᠬᠡᠯᠪᠡᠷᠢ ᠶᠢᠨ ᠰᠦᠷᠴᠢᠨ ᠵᠢᠷᠤᠭᠯᠠᠬᠤ ᠤᠬᠠᠭᠤᠯᠭ᠎ᠠ ᠶᠢᠨ ᠤᠷᠢᠶ᠎ᠠ | ᠯᠣᠽᠦ᠋ᠩ ᠪᠠᠶᠢᠷᠢᠯᠠᠭᠤᠯᠵᠠᠶ᠃ 450 ᠵᠠᠮ ᠤᠨ ᠲᠤᠭ ᠢ ᠦᠢᠯᠡᠳᠴᠦ᠂ 1500 ᠭᠠᠷᠤᠢ ᠬᠥᠨᠳᠡᠯᠡᠨ ᠪᠢᠴᠢᠭᠡᠰᠦ ᠶᠢ | ᠡᠯᠭᠦᠵᠦ᠂ 1000 ᠭᠠᠷᠤᠢ ᠤᠬᠠᠭᠤᠯᠭ᠎ᠠ ᠶᠢᠨ ᠪᠤᠯᠤᠩ ᠭᠠᠷᠭᠠᠵᠤ᠂ ᠲᠤᠮᠤ ᠳᠡᠯᠭᠡᠴᠡ ᠪᠠᠷ ᠲᠦᠮᠡ ᠭᠠᠷᠤᠢ ᠵᠤᠷᠪᠤᠰ | ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠡᠪᠲᠡᠷᠡᠭᠦᠯᠵᠦ᠂ ᠤᠬᠠᠭᠤᠯᠭ᠎ᠠ ᠶᠢᠨ ᠲᠡᠮᠲᠡᠷᠢᠭᠦᠯ ᠢ ᠰᠢᠭᠤᠳ ᠵᠡᠭᠡᠯᠢ | ᠭᠤᠳᠤᠮᠵᠢ ᠵᠡᠭᠡᠯᠢ ᠭᠤᠳᠤᠮᠵᠢ ᠬᠦᠷᠲᠡᠯ᠎ᠡ ᠦᠷᠭᠦᠯᠵᠢᠯᠡᠭᠦᠯᠵᠡᠢ᠃ | ᠬᠦᠩᠭᠢᠨᠡᠮ᠎ᠡ ᠲᠠᠭᠤᠨ ᠢᠶᠠᠷ ᠢᠶᠠᠨ ︽ᠬᠦᠩᠭᠢᠨᠡᠮ᠎ᠡ︾᠂ ᠰᠢᠨ᠎ᠡ ᠵᠠᠭᠤᠴᠢᠯᠠᠭᠤᠷ ᠤᠨ ᠬᠢᠨ ᠬᠡᠷᠡᠭᠯᠡᠵᠦ᠂ | ᠲᠣᠭᠠᠴᠢᠯᠠᠭᠰᠠᠨ ᠤᠬᠠᠭᠤᠯᠭ᠎ᠠ ᠶᠢᠨ ᠠᠵᠢᠯ ᠢ ᠠᠮᠢᠳᠤᠯᠢᠭ ᠰᠠᠶᠢᠬᠠᠨ ᠬᠢᠵᠦ ᠪᠠᠶᠢᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠠᠮ | ᠵᠠᠭᠤᠴᠢᠯᠠᠭᠤᠷ ᠤᠨ ᠲᠥᠪ ᠤᠨ ᠬᠢᠨ ᠰᠢᠨ᠎ᠡ ᠵᠠᠭᠤᠴᠢᠯᠠᠭᠤᠷ ᠤᠨ ︽ᠣᠬᠤᠷ ᠲᠦᠷᠭᠡᠨ︾ ᠤ ᠤᠯᠠᠮᠵᠢᠯᠠᠨ | ᠲᠠᠷᠬᠠᠭᠠᠬᠤ ᠣᠨᠴᠠᠯᠢᠭ ᠢ ᠢᠳᠡᠪᠬᠢᠲᠡᠶ ᠪᠠᠷ ᠪᠠᠳᠠᠷᠠᠭᠤᠯᠵᠤ᠂ ︽ᠪᠢᠴᠢᠯ ᠪᠯᠤᠭ ᠤᠨ ᠨᠢᠭᠡ ᠦᠵᠦᠭᠦᠷ︾ ︽ | ᠥᠨᠥᠳᠦᠷ ᠤᠨ ᠲᠡᠷᠢᠭᠦᠨ ᠵᠤᠷᠪᠤᠰ︾ ︽ᠸᠢᠳᠢᠣ᠋ ᠨᠣᠮᠧᠷ︾ ︽ᠳᠠᠭᠤᠨ ᠤ ᠴᠡᠴᠡᠷᠡᠯ︾ ᠵᠡᠷᠭᠡ ᠲᠠᠪᠴᠠᠩ ᠢ | ᠭᠦᠢᠴᠡᠳ ᠠᠰᠢᠭᠯᠠᠵᠤ᠂ ︽ᠬᠤᠳᠠ ᠶᠢ ᠡᠭᠦᠳᠦᠨ ᠪᠠᠶᠢᠭᠤᠯᠵᠤ ᠡᠷᠡᠭᠦᠯ ᠬᠠᠮᠠᠭᠠᠯᠠᠯ ᠢ ᠡᠭᠦᠳᠦᠨ ᠪᠠᠶᠢᠭᠤᠯᠬᠤ ᠠᠵᠢᠯ | ᠶᠠᠪᠤᠭᠳᠠᠵᠤ ᠪᠠᠶᠢᠭ᠎ᠠ ᠦᠶ᠎ᠡ︾᠂ ︽ᠪᠣᠯᠪᠠᠰᠤᠨ ᠤ ᠦᠢᠯᠡ ᠠᠵᠢᠯᠯᠠᠭ᠎ᠠ ᠳᠤ ᠪᠣᠯᠪᠠᠰᠤᠨ ᠪᠤᠰᠤ ᠦᠢᠯᠡ | ᠠᠵᠢᠯᠯᠠᠭ᠎ᠠ ᠶᠢ ᠮᠠᠭᠲᠠᠨ ᠰᠠᠶᠢᠰᠢᠶᠠᠬᠤ ︿ᠦᠭᠡᠢ﹀︾᠂ ︽ᠳᠡᠷᠭᠡᠳᠡᠬᠢ ᠦᠯᠢᠭᠡᠷ ᠳᠠᠭᠤᠷᠢᠶᠠᠯ︾᠂ ︽ᠨᠢᠭᠡᠳᠦᠭᠡᠷ | ᠹᠷᠣᠨᠲ ᠲᠤ ᠰᠢᠭᠤᠳ ᠴᠣᠬᠢᠯᠲᠠ ᠥᠭᠬᠦ︾ ᠵᠡᠷᠭᠡ ᠲᠤᠰᠬᠠᠢ ᠰᠡᠳᠦᠪ᠂ ᠲᠤᠰᠬᠠᠢ ᠪᠤᠯᠤᠩ ᠭᠠᠷᠭᠠᠵᠤ᠂ ᠨᠠᠷᠢᠯᠢᠭ | ᠰᠠᠶᠢᠬᠠᠨ ᠵᠢᠷᠤᠭ ᠪᠢᠴᠢᠭ᠂ ᠣᠬᠤᠷ ᠸᠢᠳᠢᠣ᠋᠂ H5᠂ ᠵᠠᠷᠯᠠᠯ ᠵᠡᠷᠭᠡ ᠬᠠᠮ ᠵᠠᠭᠤᠴᠢᠯᠠᠭᠤᠷ ᠤᠨ ᠦᠢᠯᠡᠳᠬᠦᠨ ᠢᠶᠠᠷ | ᠳᠠᠮᠵᠢᠭᠤᠯᠵᠤ᠂ ᠺᠠᠳ᠋ᠷ ᠤᠯᠠᠨ ᠲᠦᠮᠡᠨ ᠳᠤ ᠡᠭᠦᠳᠦᠨ ᠪᠠᠶᠢᠭᠤᠯᠬᠤ ᠮᠡᠳᠡᠯᠭᠡ ᠶᠢ ᠬᠡᠵᠢᠶ᠎ᠡ ᠬᠠᠮᠢᠭ᠎ᠠ ᠴᠤ ᠭᠡᠰᠡᠨ | ᠰᠤᠷᠤᠯᠴᠠᠭᠤᠯᠵᠤ᠂ ᠡᠭᠦᠳᠦᠨ ᠪᠠᠶᠢᠭᠤᠯᠬᠤ ᠠᠭᠤᠯᠭ᠎ᠠ ᠶᠢ ᠮᠡᠳᠡᠭᠦᠯᠵᠦ᠂ ᠰᠡᠳᠬᠢᠯ ᠳᠡᠭᠡᠨ ᠰᠢᠩᠭᠡᠭᠡᠵᠦ᠂ ᠦᠢᠯᠡ | ᠠᠵᠢᠯᠯᠠᠭ᠎ᠠ ᠳᠠᠭᠠᠨ ᠰᠢᠩᠭᠡᠭᠡᠬᠦ ᠶᠢ ᠪᠡᠶᠡᠯᠡᠭᠦᠯᠦᠨ᠎ᠡ᠃ ᠣᠳᠣ ᠪᠣᠯᠲᠠᠯ᠎ᠠ᠂ ᠬᠦᠴᠦᠷᠬᠡᠭ ᠤᠯᠤᠰ ᠠᠴᠠ | ᠰᠤᠷᠤᠯᠴᠠᠬᠤ ᠳᠤ᠂ ᠥᠨᠥᠳᠦᠷ ᠤᠨ ᠲᠡᠷᠢᠭᠦᠨ ᠵᠤᠷᠪᠤᠰ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠲᠡᠰ ᠠᠴᠠ ᠳᠡᠭᠡᠭᠰᠢᠬᠢ ᠵᠠᠭᠤᠴᠢᠯᠠᠭᠤᠷ ᠤᠨ ᠬᠢᠨ ︽ᠪᠤᠭᠤᠲᠤ ᠬᠤᠳᠠ ᠶᠢᠨ ᠳ᠋ᠦᠩ ᠾᠧ ᠲᠣᠭᠤᠷᠢᠭ᠄ | ᠪᠣᠯᠪᠠᠰᠤᠨ ᠢ ᠡᠭᠦᠳᠦᠨ ᠪᠠᠶᠢᠭᠤᠯᠬᠤ ︽ᠨᠠᠶᠢᠷᠠᠯ ᠬᠥᠭᠵᠢᠮ︾ ︽ᠪᠤᠭᠤᠲᠤ ᠬᠤᠳᠠ ᠶᠢᠨ ᠳ᠋ᠦᠩ ᠾᠧ | ᠲᠣᠭᠤᠷᠢᠭ ᠲᠤ᠄ ᠳᠥᠷᠪᠡᠨ ᠱᠠᠲᠤᠨ ᠤ ᠬᠤᠯᠪᠣᠭᠠᠯᠠᠨ ᠬᠥᠳᠡᠯᠦᠯᠴᠡᠵᠦ ᠬᠡᠰᠡᠭ ᠳᠠᠭᠠᠭᠠᠴᠢᠯᠠᠨ ᠴᠡᠭᠴᠡᠯᠡᠨ ᠵᠠᠰᠠᠬᠤ ︽ | ᠲᠠᠪᠤᠨ ᠨᠢᠭᠡᠳᠦᠭᠡᠷ ᠹᠷᠣᠨᠲ︾ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠪᠤᠭᠤᠲᠤ ᠬᠤᠲᠠ ᠶᠢᠨ | ᠳ᠋ᠦᠩ ᠾᠧ ᠲᠣᠭᠤᠷᠢᠭ᠄ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠤ᠂ ᠠᠷᠠᠳ | ᠢᠷᠭᠡᠳ ᠤᠨ ᠰᠢᠨ᠎ᠡ ᠠᠮᠢᠳᠤᠷᠠᠯ ᠢ ︽ᠥᠭᠡᠷᠡᠴᠢᠯᠡᠨ ᠭᠠᠷᠭᠠᠨ᠎ᠠ︾ ᠵᠡᠷᠭᠡ 142 ᠵᠤᠷᠪᠤᠰ ᠵᠢᠷᠤᠭ ᠥᠰᠥᠭ ᠤᠨ | ᠡᠬᠡ ᠪᠢᠴᠢᠭ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠪᠣᠯᠪᠠᠰᠤᠨ ᠢᠶᠠᠷ ᠨᠣᠬᠠᠶ ᠲᠡᠵᠢᠭᠡᠬᠦ ᠳᠤ | ᠥᠪᠡᠷ ᠤᠨ ᠪᠡᠶ᠎ᠡ ᠠᠴᠠ ᠪᠠᠨ ᠡᠬᠢᠯᠡᠵᠦ ᠬᠢᠨ᠎ᠠ︾ ︽ᠪᠣᠯᠪᠠᠰᠤᠨ ᠦᠭᠡ ᠬᠡᠯᠡᠵᠦ ᠪᠣᠯᠪᠠᠰᠤᠨ ᠶᠠᠪᠤᠳᠠᠯ ᠬᠢᠵᠦ | ᠪᠣᠯᠪᠠᠰᠤᠨ ᠬᠥᠮᠦᠨ ᠪᠣᠯᠤᠨ᠎ᠠ︾ ︽@ ᠳ᠋ᠦᠩ ᠾᠧ ᠷᠧᠨ᠂ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠪᠠᠲᠤ ᠴᠡᠭᠡᠵᠢᠯᠡᠬᠦ ᠬᠡᠷᠡᠭᠲᠡᠶ︾ ︽ᠳ᠋ᠦᠩ ᠾᠧ ᠲᠣᠭᠤᠷᠢᠭ᠄ ᠪᠥᠬᠦ ᠠᠷᠠᠳ ᠢᠶᠠᠷ ᠢᠶᠠᠨ ᠳᠠᠶᠢᠴᠢᠯᠠᠵᠤ | ᠬᠥᠮᠦᠨ ᠪᠦᠬᠦᠨ ᠢ ᠬᠦᠴᠦᠨ ᠴᠢᠳᠠᠯ ᠢᠶᠠᠨ ᠭᠠᠷᠭᠠᠨ᠎ᠠ︾ ᠵᠡᠷᠭᠡ 700 ᠭᠠᠷᠤᠶ ᠵᠤᠷᠪᠤᠰ ᠰᠢᠨ᠎ᠡ ᠵᠠᠭᠤᠴᠢᠯᠠᠭᠤᠷ ᠤᠨ | ᠦᠶ᠋ᠯᠡᠳᠬᠦᠨ ᠢ ᠦᠶ᠋ᠯᠡᠳᠪᠡ᠃ | | | | | | ︽ᠥᠨᠥᠳᠦᠷ ᠤᠨ ᠳ᠋ᠦᠩ ᠾᠧ︾ ᠰᠦᠯᠵᠢᠶᠡᠨ ᠤ ᠨᠠᠶᠢᠵᠠ ᠨᠠᠷ ᠤᠨ ᠦᠯᠡᠳᠡᠭᠡᠭᠰᠡᠨ ᠦᠭᠡ | ︽ᠪᠢ ᠲᠠ ᠨᠠᠷ ᠤᠨ ︿ᠭᠡᠷᠡᠯ ᠦᠵᠡᠭᠦᠯᠬᠦ ᠲᠠᠪᠴᠠᠩ﹀ ᠤᠨ ᠫᠷᠤᠭ᠍ᠷᠠᠮ ᠳᠤ ᠬᠠᠮᠤᠭ ᠠᠴᠠ ᠳᠤᠷᠠᠲᠠᠶ ᠪᠠᠶᠢᠳᠠᠭ | ᠂ ᠪᠤᠰᠤᠳ ᠤᠨ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠦᠵᠡᠭᠡᠳ᠂ ᠥᠪᠡᠷ ᠤᠨ ᠪᠡᠶ᠎ᠡ ᠳᠡᠭᠡᠨ ᠴᠦ ᠰᠡᠷᠡᠮᠵᠢ ᠶᠢᠨ | ᠳᠣᠬᠢᠶ᠎ᠠ ᠥᠭᠭᠦᠭᠰᠡᠨ ᠶᠤᠮ︾᠃ ︽ᠪᠢᠴᠢᠯ ᠸᠢᠳᠢᠣ᠋ ᠶᠢ ᠨᠡᠭᠡᠭᠡᠬᠦ ᠳᠤ᠂ ᠺᠠᠳ᠋ᠷᠴᠤᠳ ᠤᠨ ᠰᠥᠨᠢᠵᠢᠨ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠪᠠᠶᠢᠬᠤ ᠶᠢ ᠦᠵᠡᠭᠡᠳ ᠵᠦᠳᠡᠷᠡᠯ᠎ᠡ᠂ ᠲᠠᠨᠠᠷ ᠢ ᠮᠠᠭᠲᠠᠨ | ᠰᠠᠶᠢᠰᠢᠶᠠᠵᠤ ᠪᠠᠶᠢᠨ᠎ᠠ︕︾ ᠭᠡᠵᠦ ᠬᠡᠯᠡᠪᠡ᠃ ᠣᠶᠢᠷ᠎ᠠ ᠶᠢᠨ ᠡᠳᠦᠷ ᠤᠳ ᠲᠤ᠂ ︽ᠥᠨᠥᠳᠦᠷ ᠤᠨ ᠳ᠋ᠦᠩ ᠾᠧ︾ | ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠮᠠᠰᠢ ᠣᠯᠠᠨ ᠰᠦᠯᠵᠢᠶᠡᠨ ᠤ ᠨᠠᠶᠢᠵᠠ ᠨᠠᠷ ᠤᠨ ᠦᠯᠡᠳᠡᠭᠡᠭᠰᠡᠨ | ᠦᠭᠡ ᠶᠢ ᠣᠯᠵᠤ᠂ ᠵᠠᠷᠢᠮ ᠨᠢ ᠠᠷᠭ᠎ᠠ ᠤᠬᠠᠭᠠᠨ ᠭᠠᠷᠭᠠᠵᠤ᠂ ᠵᠠᠷᠢᠮ ᠨᠢ ᠰᠠᠨᠠᠭᠤᠯᠭ᠎ᠠ ᠳᠤᠷᠠᠳᠴᠤ᠂ ︽ᠣᠷᠴᠢᠨ | ᠠᠬᠤᠶ ᠶᠢ ᠬᠠᠶᠢᠷᠠᠯᠠᠨ ᠬᠠᠮᠠᠭᠠᠯᠠᠬᠤ︾ ︽ᠳᠣᠤᠷ᠎ᠠ ᠨᠡᠭᠦᠷᠡᠰᠦᠲᠥ᠋ᠷᠥᠭᠴᠢᠲᠦ ᠭᠠᠳᠠᠭᠰᠢ ᠭᠠᠷᠬᠤ︾ ︽ᠨᠣᠬᠠᠶ ᠪᠠᠨ | ᠲᠣᠭᠤᠷᠢᠭᠤᠯᠤᠨ ᠬᠥᠲᠥᠯᠵᠦ ᠶᠠᠪᠤᠬᠤ︾ ᠵᠡᠷᠭᠡ ᠪᠣᠯᠪᠠᠰᠤᠨ ᠰᠢᠨ᠎ᠡ ᠰᠤᠷᠲᠠᠯ ᠬᠥᠮᠦᠰ ᠤᠨ ᠰᠡᠳᠬᠢᠯ ᠳᠤ ᠭᠦᠨ | ᠬᠠᠳᠠᠩᠰᠢᠵᠠᠶ᠃ | ᠬᠤᠳᠠ ᠪᠠᠶᠢᠭᠤᠯᠵᠤ ᠡᠷᠡᠭᠦᠯ ᠬᠠᠮᠠᠭᠠᠯᠠᠯ ᠢ ᠬᠠᠮᠠᠭᠠᠯᠠᠬᠤ ᠤᠬᠠᠭᠤᠯᠭ᠎ᠠ ᠶᠢ ᠬᠤᠳᠠᠯᠳᠤᠭᠠᠨ ᠤ ᠡᠷᠦᠬᠡ ᠳᠤ | ᠣᠷᠣᠭᠤᠯᠬᠤ | ︽ᠰᠠᠨᠠᠭᠠᠴᠢᠯᠠᠭ᠎ᠠ ᠶᠢᠨ ᠪᠢᠴᠢᠭ︾ ᠢ ᠬᠦᠷᠭᠡᠵᠦ᠂ ᠡᠭᠦᠳᠦᠨ ᠪᠠᠶᠢᠭᠤᠯᠬᠤ ᠮᠡᠳᠡᠯᠭᠡ ᠶᠢ ᠶᠠᠷᠢᠵᠤ᠂ | ᠡᠷᠦᠬᠡ ᠳᠤ ᠬᠦᠷᠴᠦ ᠤᠬᠠᠭᠤᠯᠭ᠎ᠠ ᠬᠢᠬᠦ ᠨᠢ ᠠᠷᠠᠳ ᠤᠨ ᠰᠡᠳᠬᠢᠯ ᠳᠤ ᠣᠶᠢᠷᠠᠳᠪᠠ᠃ ︽ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠳᠤ ᠲᠠ ᠨᠠᠷ ᠤᠨ ᠣᠷᠣᠯᠴᠠᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠂ ᠲᠠ | ︽ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠶ ᠪᠠᠶᠢᠴᠠᠭᠠᠯᠲᠠ ᠶᠢᠨ ᠠᠰᠠᠭᠤᠯᠲᠠ ᠶᠢᠨ | ᠬᠠᠭᠤᠳᠠᠰᠤ︾ ᠶᠢ ᠲᠠᠭᠯᠠᠵᠤ᠂ ᠪᠣᠯᠪᠠᠰᠤᠨ ᠬᠤᠲᠠ ᠶᠢᠨ ᠪᠣᠯᠪᠠᠰᠤᠨ ᠬᠥᠮᠦᠨ ᠪᠣᠯᠬᠤ ᠪᠠᠷ ᠴᠢᠷᠮᠠᠶᠢᠭᠠᠷᠠᠶ︾᠃ ᠡᠨᠡ | ᠪᠣᠯ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠺᠠᠳ᠋ᠷ ᠠᠵᠢᠯᠲᠠᠳ ᠤᠨ ᠱᠧᠩ ᠯᠢ ᠨᠡᠶᠢᠭᠡᠮ | ᠲᠣᠭᠤᠷᠢᠭ ᠲᠤ ᠡᠷᠦᠬᠡ ᠳᠤ ᠬᠦᠷᠴᠦ ᠤᠬᠠᠭᠤᠯᠭ᠎ᠠ ᠬᠢᠵᠦ ᠪᠠᠶᠢᠭ᠎ᠠ ᠦᠵᠡᠭᠳᠡᠯ ᠪᠣᠯᠤᠨ᠎ᠠ᠃ | ᠬᠤᠳᠠ ᠪᠠᠶᠢᠭᠤᠯᠵᠤ ᠡᠷᠡᠭᠦᠯ ᠬᠠᠮᠠᠭᠠᠯᠠᠯ ᠪᠠᠶᠢᠭᠤᠯᠬᠤ ᠤᠬᠠᠭᠤᠯᠭ᠎ᠠ ᠶᠢ ᠭᠡᠷ ᠪᠦᠯᠢ ᠳᠤ ᠣᠷᠣᠭᠤᠯᠬᠤ | ᠡᠭᠦᠳᠦᠨ ᠪᠠᠶᠢᠭᠤᠯᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠳᠤ ᠨᠡᠶᠢᠭᠡᠮ ᠤᠨ | ᠤᠬᠠᠭᠤᠯᠭ᠎ᠠ᠂ ᠰᠦᠯᠵᠢᠶᠡᠨ ᠤ ᠤᠬᠠᠭᠤᠯᠭ᠎ᠠ ᠶᠢᠨ ᠲᠠᠯ᠎ᠠ ᠪᠠᠷ ᠬᠦᠴᠦᠯᠡᠬᠦ ᠪᠠᠷ ᠪᠠᠷᠠᠬᠤ ᠦᠭᠡᠢ ᠨᠡᠩ ᠴᠤ ︽ | ᠰᠠᠨᠠᠭᠠᠴᠢᠯᠠᠭ᠎ᠠ ᠲᠠᠢ︾ ᠪᠠᠶᠢᠳᠠᠯ ᠢ ︽ᠰᠠᠨᠠᠭᠠᠴᠢᠯᠠᠭ᠎ᠠ ᠲᠠᠢ︾ ᠲᠠᠶᠢᠯᠪᠤᠷᠢᠯᠠᠯᠲᠠ ᠪᠣᠯᠭᠠᠨ ᠬᠦᠯᠢᠶᠡᠨ ᠠᠪᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠺᠠᠳ᠋ᠷ᠂ | ᠰᠦᠯᠵᠢᠶᠡᠨ ᠤ ᠠᠵᠢᠯᠲᠠᠨ᠂ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠴᠢ ᠲᠠᠢ ᠬᠤᠯᠪᠣᠭᠠᠯᠠᠬᠤ ᠶᠢ | ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠵᠣᠬᠢᠶᠠᠨ ᠪᠠᠶᠢᠭᠤᠯᠵᠤ ᠪᠠᠶᠢᠭᠠᠳ ᠵᠡᠭᠡᠯᠢ ᠭᠤᠳᠤᠮᠵᠢ ᠪᠠᠷ | ᠲᠣᠭᠤᠷᠢᠭᠤᠯᠵᠤ᠂ ᠡᠭᠦᠳᠡ ᠡᠷᠦᠬᠡ ᠳᠠᠷᠠᠭᠠᠯᠠᠨ᠂ ᠪᠠᠶᠢᠭᠤᠯᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠬᠥᠳᠡᠭᠡ | ᠲᠣᠰᠬᠤᠨ᠂ ᠬᠤᠳᠠᠯᠳᠤᠭ᠎ᠠ᠂ ᠬᠡᠷ ᠪᠦᠯᠢ ᠳᠤ ᠬᠦᠷᠴᠦ᠂ ︽ᠪᠣᠯᠪᠠᠰᠤᠨ ᠢ ᠡᠭᠦᠳᠦᠨ ᠪᠠᠶᠢᠭᠤᠯᠬᠤ | ᠰᠠᠨᠠᠭᠠᠴᠢᠯᠠᠭ᠎ᠠ ᠶᠢᠨ ᠪᠢᠴᠢᠭ︾᠂ ︽ᠬᠤᠲᠠ ᠶᠢᠨ ᠠᠷᠠᠳ ᠨᠠᠶᠢᠵᠠ ᠨᠠᠷ ᠲᠤ ᠥᠭᠭᠦᠭᠰᠡᠨ ᠨᠢᠭᠡ ᠬᠤᠪᠢ ᠵᠠᠬᠢᠳᠠᠯ︾ | ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠪᠣᠯᠪᠠᠰᠤᠨ ᠢ ᠡᠭᠦᠳᠦᠨ ᠪᠠᠶᠢᠭᠤᠯᠬᠤ ᠶᠢᠨ ᠴᠢᠬᠤᠯᠠ ᠠᠴᠢ | ᠬᠤᠯᠪᠣᠭᠳᠠᠯ ᠵᠢᠴᠢ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠨ ᠶᠠᠷᠢᠵᠤ᠂ | ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠪᠠ ᠳᠡᠮᠵᠢᠬᠦ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ︽ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ 66 ᠵᠤᠷᠪᠤᠰ︾ ᠤᠨ ᠤᠬᠠᠭᠤᠯᠭ᠎ᠠ ᠶᠢᠨ ᠳᠡᠪᠲᠡᠷ 3 ᠲᠦᠮᠡ ᠭᠠᠷᠤᠶ ᠬᠤᠪᠢ᠂ ᠡᠷᠡᠭᠦᠯ ᠮᠡᠨᠳᠦ ᠶᠢᠨ | ᠬᠥᠮᠦᠵᠢᠯ ᠤᠨ ᠤᠬᠠᠭᠤᠯᠭ᠎ᠠ ᠶᠢᠨ ᠵᠠᠷᠯᠠᠯ 2 ᠲᠦᠮᠡ ᠭᠠᠷᠤᠶ ᠬᠤᠪᠢ᠂ ︽ᠪᠥᠬᠦ ᠬᠤᠲᠠ ᠶᠢᠨ ᠠᠷᠠᠳ ᠲᠤ ᠥᠭᠬᠦ | ᠰᠠᠨᠠᠭᠠᠴᠢᠯᠠᠭ᠎ᠠ ᠶᠢᠨ ᠪᠢᠴᠢᠭ︾ ᠢ 3.2 ᠲᠦᠮᠡᠨ ᠬᠤᠪᠢ ᠲᠠᠷᠬᠠᠭᠠᠪᠠ᠃ | ᠠᠷᠠᠳ ᠤᠯᠠᠨ ᠤ ᠬᠦᠰᠡᠯ ᠡᠷᠡᠮᠡᠯᠵᠡᠯ ᠪᠣᠯ ︽ᠡᠭᠦᠳᠦᠨ ᠪᠠᠶᠢᠭᠤᠯᠬᠤ︾ ᠬᠠᠨᠳᠤᠰᠢ ᠪᠣᠯᠤᠨ᠎ᠠ᠃ ᠳ᠋ᠦᠩ | ᠾᠧ ᠲᠣᠭᠤᠷᠢᠭ ᠢ ᠪᠠᠷᠠᠯᠠᠬᠤᠶ᠎ᠠ᠂ ᠪᠦᠬᠦ ᠠᠷᠠᠳ ᠢᠶᠠᠷ ᠢᠶᠠᠨ ᠬᠤᠳᠠ ᠶᠢ ᠴᠣᠭᠴᠠᠯᠠᠨ ᠪᠠᠶᠢᠭᠤᠯᠵᠤ ᠡᠷᠡᠭᠦᠯ | ᠬᠠᠮᠠᠭᠠᠯᠠᠯ ᠢ ᠴᠣᠭᠴᠠᠯᠠᠨ ᠪᠠᠶᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠭᠦᠢᠴᠡᠳ ᠪᠠᠳᠠᠷᠠᠭᠤᠯᠵᠤ᠂ | ᠪᠦᠬᠦ ᠠᠵᠢᠯᠲᠠᠳ ᠢᠶᠠᠷ ᠢᠶᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠢᠳᠡ ᠬᠦᠴᠦᠲᠡᠢ ᠬᠢᠵᠦ ᠪᠠᠶᠢᠨ᠎ᠠ᠃ | | | | | | | |