ᠠᠭᠠᠭᠢᠮ᠎ᠠ ᠬᠠᠯᠠᠭᠤᠨ ᠵᠤᠠ ᠤ ᠡᠳᠦᠷ | ᠥᠨᠳᠥᠷ ᠳᠤᠯᠠᠭᠠᠨ ᠠᠴᠠ ᠨᠡᠩ ᠬᠠᠯᠠᠭᠤᠨ ᠪᠠᠶᠢᠳᠠᠭ ᠨᠢ ᠳ᠋ᠦᠩ ᠾᠧ ᠲᠣᠭᠤᠷᠢᠭ ᠪᠣᠯᠤᠨ᠎ᠠ | ︽ᠬᠡᠰᠡᠭ ᠲᠣᠭᠤᠷᠢᠭ ᠤᠨ ᠳᠠᠷᠤᠭ᠎ᠠ︾ ︽ᠵᠡᠭᠡᠯᠢ ᠶᠢᠨ ᠳᠠᠷᠤᠭ᠎ᠠ︾ ︽ᠰᠦᠯᠵᠢᠶᠡᠨ ᠤ ᠠᠵᠢᠯᠲᠠᠨ︾ ᠤ ᠡᠷᠴᠢ | ᠵᠣᠷᠢᠭ ᠲᠡᠭᠦᠯᠳᠡᠷ ᠪᠠᠷ᠎ᠠ | ᠲᠡᠳᠡ ᠪᠣᠯ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ᠂ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠶᠢ ᠤᠭᠲᠤᠬᠤ | ᠬᠥᠲᠥᠯᠥᠨ ᠳᠠᠭᠠᠭᠤᠯᠤᠭᠴᠢ᠂ ᠲᠦᠯᠬᠢᠨ ᠠᠬᠢᠭᠤᠯᠤᠭᠴᠢ᠂ ᠦᠢᠯᠡᠳᠦᠯᠭᠡᠵᠢᠭᠦᠯᠦᠭᠴᠢ | ︽ᠬᠡᠰᠡᠭ ᠲᠣᠭᠤᠷᠢᠭ ᠤᠨ ᠳᠠᠷᠤᠭ᠎ᠠ︾ ᠨᠢ ︽ᠲᠣᠮᠣ ᠬᠠᠮᠢᠶᠠᠷᠤᠭᠴᠢ︾ ᠪᠣᠯᠵᠤ ᠬᠤᠪᠢᠷᠠᠪᠠ | ᠲᠦᠷᠦᠭᠦᠬᠡᠨ᠂ ᠬᠤᠶᠠᠳᠤᠭᠠᠷ ᠬᠡᠰᠡᠭ ᠤᠨ ᠲᠣᠭᠤᠷᠢᠭ ᠤᠨ ᠳᠠᠷᠤᠭ᠎ᠠ᠂ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠪᠠᠶ ᠵᠢᠶ ᠸᠤᠨ ᠭᠤᠤᠯ ᠤᠨ ᠵᠡᠭᠦᠨ ᠬᠡᠰᠡᠭ ᠤᠨ ᠵᠡᠭᠡᠯᠢ ᠭᠤᠳᠤᠮᠵᠢ ᠶᠢᠨ ᠪᠢᠨ ᠡᠤ | ᠨᠡᠶᠢᠭᠡᠮ ᠲᠣᠭᠤᠷᠢᠭ ᠲᠤ ᠬᠦᠷᠴᠦ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠠᠵᠢᠯ ᠢ ᠰᠢᠪᠠᠳᠠᠨ | ᠪᠠᠶᠢᠴᠠᠭᠠᠪᠠ᠃ ᠠᠳᠡᠬᠢ ᠶᠢᠨ ︽ᠬᠡᠰᠡᠭ ᠲᠣᠭᠤᠷᠢᠭ ᠤᠨ ᠳᠠᠷᠤᠭ᠎ᠠ︾ ᠪᠣᠯᠤᠭᠰᠠᠨ ᠤ ᠬᠤᠪᠢ ᠳᠤ᠂ ᠲᠡᠷᠡ ᠡᠨᠡᠬᠦ | ᠬᠡᠰᠡᠭ ᠲᠣᠭᠤᠷᠢᠭ ᠤᠨ ︽ᠠᠷᠢᠭᠤᠨ ᠴᠡᠪᠡᠷ ᠭᠤᠸ᠎ᠠ ᠰᠠᠶᠢᠬᠠᠨ︾ ᠢᠨᠵᠧᠨᠧᠷᠢᠩ ᠲᠠᠢ ᠰᠡᠳᠬᠢᠯ ᠵᠢᠷᠦᠬᠡ ᠪᠠᠨ | ᠬᠤᠯᠪᠣᠵᠠᠢ᠃ | ᠣᠷᠣᠨ ᠤ ᠨᠠᠮ ᠤᠨ ᠬᠤᠷᠢᠶ᠎ᠠ ᠶᠢᠨ ᠪᠦᠬᠦᠯᠢ ᠴᠣᠭᠴᠠ ᠶᠢᠨ ᠲᠣᠬᠢᠷᠠᠭᠤᠯᠤᠯᠲᠠ ᠶᠣᠰᠣᠭᠠᠷ᠂ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠨ ᠤ | ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠡᠷᠭᠡ 4 ᠰᠢᠶᠠᠨ ᠤ ᠱᠠᠲᠤᠨ ᠤ ᠺᠠᠳ᠋ᠷ ᠢᠶᠠᠷ ︽ᠣᠷᠣᠨ ᠤ | ᠳᠠᠷᠤᠭ᠎ᠠ︾ ᠶᠢᠨ ᠲᠤᠰᠢᠶᠠᠯ ᠢ ᠡᠭᠦᠷᠭᠡᠯᠡᠭᠦᠯᠵᠦ᠂ ᠪᠤᠰᠤᠳ ᠰᠢᠶᠠᠨ ᠤ ᠱᠠᠲᠤᠨ ᠤ ᠺᠠᠳ᠋ᠷ ᠬᠥᠮᠦᠨ ᠪᠦᠷᠢ 1 | ᠪᠠᠯᠭᠠᠰᠤ ᠶᠢ ᠳᠠᠭᠠᠭᠠᠴᠢᠯᠠᠨ ᠬᠤᠯᠪᠣᠭᠠᠯᠠᠵᠤ᠂ ᠨᠢᠭᠡᠳᠦᠭᠡᠷ ᠹᠷᠣᠨᠲ ᠢ ᠪᠦᠬᠦᠨ ᠢ ᠳᠣᠷᠣᠭᠰᠢ ᠪᠠᠭᠤᠯᠭᠠᠨ ᠬᠡᠰᠡᠭ ᠢ | ᠳᠠᠭᠠᠭᠠᠴᠢᠯᠠᠭᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ᠂ ᠲᠦᠷᠦᠭᠦᠯᠡᠨ ᠵᠢᠱᠢᠶ᠎ᠡ | ᠦᠵᠡᠭᠦᠯᠵᠦ᠂ ᠡᠳᠦᠷ ᠪᠦᠷᠢ ᠭᠤᠣᠯᠳᠠᠯᠭ᠎ᠠ ᠲᠠᠢ ᠬᠦᠷᠢᠶ᠎ᠡ᠂ ᠣᠷᠣᠨ ᠪᠠᠶᠢᠷᠢ᠂ ᠨᠡᠶᠢᠭᠡᠮ ᠲᠣᠭᠤᠷᠢᠭ ︵ᠲᠣᠰᠬᠤᠨ︶ | ᠤᠨ ᠲᠤᠬᠠᠶ ᠶᠢᠨ ᠲᠠᠯᠠᠪᠤᠷ ᠲᠤ ᠬᠦᠷᠴᠦ᠂ ᠬᠤᠳᠠ ᠪᠠᠶᠢᠭᠤᠯᠵᠤ ᠡᠷᠡᠭᠦᠯ ᠬᠠᠮᠠᠭᠠᠯᠠᠯ ᠢ ᠴᠣᠭᠴᠠᠯᠠᠬᠤ ᠳᠤ | ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠶ ᠠᠰᠠᠭᠤᠳᠠᠯ᠂ ᠬᠦᠴᠢᠷ ᠲᠦᠪᠡᠭᠲᠡᠶ ᠠᠰᠠᠭᠤᠳᠠᠯ᠂ ᠭᠡᠮ ᠠᠷᠬᠠᠭ ᠲᠠᠢ | ᠠᠰᠠᠭᠤᠳᠠᠯ ᠵᠡᠷᠭᠡ ᠨᠢᠭᠡᠳᠦᠭᠡᠷ ᠹᠷᠣᠨᠲ ᠢ ᠬᠢᠨᠠᠨ ᠵᠢᠯᠣᠭᠤᠳᠴᠤ᠂ ᠲᠤᠬᠠᠶ ᠶᠢᠨ ᠲᠠᠯᠠᠪᠤᠷ ᠲᠤᠨᠢ ᠠᠯᠪᠠᠯᠠᠨ | ᠰᠢᠶ᠋ᠳᠪᠦᠷᠢᠯᠡᠨ᠎ᠡ᠃ | | | | | | | ᠰᠥᠨᠢᠵᠢᠨ ᠴᠢᠳᠬᠤᠭᠰᠠᠨ ᠪᠠᠷᠢᠯᠭ᠎ᠠ ᠶᠢᠨ ᠬᠠᠶᠠᠭᠳᠠᠮᠠᠯ ᠰᠢᠷᠣᠶ ᠶᠢᠨ ᠵᠠᠮ ᠤᠨ ᠬᠠᠲᠠᠭᠤᠷᠠᠯ | ︽ᠳ᠋ᠦᠩ ᠰᠢᠩ ᠵᠡᠭᠡᠯᠢ ᠭᠤᠳᠤᠮᠵᠢ ᠳᠤ᠂ ︿ᠬᠡᠰᠡᠭ ᠲᠣᠭᠤᠷᠢᠭ ᠤᠨ ᠳᠠᠷᠤᠭ᠎ᠠ﹀ ᠳᠤᠮᠳᠠᠳᠤ ᠶᠢᠨ | ᠬᠥᠷᠥᠩᠭᠡ ᠶᠢᠨ ᠺᠣᠮᠫᠠᠨᠢ ᠪᠣᠯᠤᠨ ᠪᠤᠭᠤᠲᠤ ᠶᠢᠨ ᠬᠥᠩᠭᠡᠨ ᠴᠠᠭᠠᠨ ᠤ ᠺᠣᠮᠫᠠᠨᠢ ᠶᠢᠨ ᠲᠡᠷᠭᠡ ᠬᠥᠰᠬᠡ ᠶᠢᠨ ᠪᠠᠷᠢᠯᠭ᠎ᠠ᠂ | ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠢ ᠬᠠᠪᠰᠤᠷᠤᠨ ᠵᠣᠬᠢᠴᠠᠭᠤᠯᠵᠤ᠂ ᠪᠢᠳᠡᠨ ᠳᠤ | ᠦᠨᠡᠬᠡᠷ ᠨᠢᠭᠡᠨ ᠶᠡᠭᠡ ᠬᠦᠴᠢᠷ ᠠᠰᠠᠭᠤᠳᠠᠯ ᠢ ᠰᠢᠶ᠋ᠳᠪᠦᠷᠢᠯᠡᠵᠦ ᠥᠭᠭᠦᠭᠰᠡᠨ ᠪᠠᠶᠢᠨ᠎ᠠ︾᠃ ᠭᠡᠵᠦ ᠳ᠋ᠦᠩ ᠰᠢᠩ | ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠢᠯᠡᠳᠬᠡᠪᠡ᠃ | ︽ᠬᠡᠰᠡᠭ ᠲᠣᠭᠤᠷᠢᠭ ᠤᠨ ᠳᠠᠷᠤᠭ᠎ᠠ︾ ᠶᠢᠨ ᠳᠦᠷᠢᠮ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ | ᠰᠠᠶᠢᠵᠢᠷᠠᠭᠤᠯᠵᠤ᠂ ᠶᠡᠷᠦᠩᠬᠡᠶᠢᠯᠡᠭᠰᠡᠨ ᠵᠠᠰᠠᠯᠲᠠ ᠶᠢᠨ ᠪᠢᠴᠢᠯ ᠡᠷᠭᠢᠯᠲᠡ ᠶᠢ ᠴᠢᠩᠭᠠᠳᠬᠠᠬᠤ ᠵᠠᠩᠭᠢᠯᠠᠭ᠎ᠠ ᠮᠥᠨ᠂ | ᠳ᠋ᠦᠩ ᠾᠧ ᠲᠣᠭᠤᠷᠢᠭ ᠤᠨ ᠬᠢᠨ ᠡᠳᠡᠭᠡᠷ ︽ᠬᠥᠰᠢᠭᠦᠷᠭᠡ ᠶᠢᠨ ᠦᠢᠯᠡᠳᠦᠯ︾ ᠲᠠᠢ ᠳᠦᠷᠢᠮ ᠤᠨ ᠲᠤᠯᠬᠤ | ᠴᠡᠭ ᠲᠤ ᠲᠦᠰᠢᠭᠯᠡᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠨᠢᠭᠡ ᠢᠵᠢ ᠨᠢᠭᠡᠳᠦᠭᠡᠷ | ᠹᠷᠣᠨᠲ ᠤᠨ ᠵᠣᠬᠢᠴᠠᠭᠤᠯᠤᠨ ᠰᠢᠶ᠋ᠳᠪᠦᠷᠢᠯᠡᠬᠦ ᠲᠣᠭᠲᠠᠴᠠ ᠶᠢ ᠪᠦᠷᠢᠯᠳᠦᠭᠦᠯᠵᠦ᠂ ᠡᠯ᠎ᠡ ᠬᠡᠰᠡᠭ ︽ᠬᠡᠰᠡᠭ | ᠲᠣᠭᠤᠷᠢᠭ ᠤᠨ ᠳᠠᠷᠤᠭ᠎ᠠ︾᠂ ᠪᠦᠦ ᠯᠢᠶᠠᠨ ᠪᠠᠯᠭᠠᠰᠤ ︵ᠵᠡᠭᠡᠯᠢ ᠭᠤᠳᠤᠮᠵᠢ︶ ᠶᠢᠨ ᠰᠢᠶᠠᠨ ᠤ ᠱᠠᠲᠤᠨ ᠤ | ᠤᠳᠤᠷᠢᠳᠤᠯᠭ᠎ᠠ ᠨᠠᠷ ︽ᠲᠦᠷᠦᠭᠦᠯᠡᠨ ᠭᠤᠤᠯᠯᠠᠨ ᠡᠷᠭᠢᠯᠡᠬᠦ᠂ ᠫᠠᠶᠢᠰᠠ ᠡᠯᠭᠦᠨ ᠰᠢᠮᠳᠠᠭᠤᠯᠤᠨ ᠭᠦᠶ᠋ᠴᠡᠳᠬᠡᠬᠦ᠂ | ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠬᠤ᠂ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ︾ ᠵᠡᠷᠭᠡ ᠠᠷᠭ᠎ᠠ | ᠮᠠᠶ᠋ᠢᠭ ᠢ ᠠᠪᠴᠤ᠂ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠲᠠᠯ᠎ᠠ ᠶᠢ ᠴᠠᠭ | ᠲᠤᠬᠠᠶ ᠳᠤᠨᠢ ᠣᠯᠵᠤ ᠮᠡᠳᠡᠭᠡᠳ᠂ ᠠᠷᠠᠳ ᠣᠯᠠᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ | ᠡᠪᠡᠷᠰᠢᠶᠡᠯ ᠤᠳ ᠢ ᠲᠦᠷᠭᠡᠨ ᠰᠢᠶ᠋ᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠵᠠᠶ᠃ | ︽ᠵᠡᠭᠡᠯᠢ ᠶᠢᠨ ᠳᠠᠷᠤᠭ᠎ᠠ ᠶᠢᠨ ᠲᠦᠷᠢᠮ︾ ᠨᠢ ︽ᠵᠡᠭᠡᠯᠢ ᠶᠢᠨ ᠳᠠᠷᠤᠭ᠎ᠠ ᠶᠢᠨ ᠵᠠᠰᠠᠯᠲᠠ︾ ᠶᠢ ᠠᠬᠢᠭᠤᠯᠪᠠ | ︽ᠠᠳᠡᠬᠢ ᠶᠢᠨ ᠵᠠᠮ ᠤᠨ ᠡᠪᠳᠡᠷᠡᠵᠦ ᠰᠦᠢᠳᠦᠭᠰᠡᠨ ᠭᠠᠵᠠᠷ ᠡᠶᠢᠮᠦ ᠣᠯᠠᠨ ᠪᠠᠶᠢᠬᠤ ᠪᠣᠯᠬᠤᠷ ᠨᠠᠰᠢ ᠴᠠᠰᠢ | ᠵᠣᠷᠴᠢᠬᠤ ᠲᠡᠷᠭᠡ ᠴᠥᠮ ᠲᠣᠭᠤᠷᠢᠵᠤ ᠶᠠᠪᠤᠬᠤ ᠪᠣᠯᠬᠤᠷ ᠣᠶᠢᠷ᠎ᠠ ᠬᠠᠪᠢ ᠶᠢᠨ ᠰᠠᠭᠤᠭᠠᠯᠢ ᠠᠷᠠᠳ ᠭᠠᠳᠠᠭᠰᠢ | ᠭᠠᠷᠬᠤ ᠳᠤ ᠮᠠᠰᠢ ᠠᠮᠤᠷ ᠲᠦᠪᠰᠢᠨ ᠪᠤᠰᠤ ᠪᠠᠶᠢᠨ᠎ᠠ︾᠃ ᠳ᠋ᠦᠩ ᠾᠧ ᠲᠣᠭᠤᠷᠢᠭ ᠤᠨ ᠳ᠋ᠦᠩ ᠵᠠᠨ ᠵᠡᠭᠡᠯᠢ | ᠭᠤᠳᠤᠮᠵᠢ ᠶᠢᠨ ᠭᠤᠷᠪᠠᠳᠤᠭᠠᠷ ᠵᠡᠭᠡᠯᠢ ᠶᠢᠨ ᠪᠦᠦ ᠯᠢᠶᠠᠨ ︽ᠵᠡᠭᠡᠯᠢ ᠶᠢᠨ ᠳᠠᠷᠤᠭ᠎ᠠ︾ ᠲᠣᠭᠤᠷᠢᠨ ᠪᠠᠶᠢᠴᠠᠭᠠᠬᠤ | ᠶᠠᠪᠤᠴᠠ ᠳᠤ᠂ ᠷᠦᠢ ᠯᠢ ᠲᠣᠭᠤᠷᠢᠭ ᠤᠨ ᠣᠶᠢᠷ᠎ᠠ ᠬᠠᠪᠢ ᠶᠢᠨ ᠨᠢᠭᠡ ᠵᠠᠮ ᠤᠨ ᠭᠠᠳᠠᠷᠭᠤ ᠡᠪᠳᠡᠷᠡᠵᠦ᠂ ᠬᠤᠲᠠ ᠶᠢᠨ | ᠦᠵᠡᠮᠵᠢ ᠶᠢ ᠨᠥᠯᠥᠭᠡᠯᠡᠬᠦ ᠪᠠᠷ ᠪᠠᠷᠠᠬᠤ ᠥᠬᠡᠶ ᠪᠠᠰᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ | ᠣᠯᠵᠤ ᠮᠡᠳᠡᠵᠡᠶ᠃ ᠲᠡᠷᠡ ᠴᠠᠭ ᠲᠤᠬᠠᠢ ᠳᠤᠨᠢ ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠳᠦᠭᠡᠨ ᠪᠠᠶᠢᠭᠤᠯᠤᠯᠲᠠ ᠶᠢᠨ ᠲᠣᠪᠴᠢ᠊ ᠡᠶ᠎ᠡ ᠲᠠᠢ ᠡᠪᠳᠡᠷᠡᠵᠦ ᠰᠦᠢᠳᠦᠭᠰᠡᠨ ᠵᠠᠮ ᠢ ᠵᠣᠬᠢᠴᠠᠭᠤᠯᠤᠨ ᠨᠥᠬᠦᠵᠦ | ᠵᠠᠰᠠᠨ᠎ᠠ᠃ | | | | | ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ | ᠣᠶᠢᠷ᠎ᠠ ᠶᠢᠨ ᠡᠳᠦᠷ ᠤᠳ ᠲᠤ᠂ ᠳ᠋ᠦᠩ ᠾᠧ ᠲᠣᠭᠤᠷᠢᠭ ᠤᠨ ᠬᠢᠨ ︽ᠵᠡᠭᠡᠯᠢ ᠶᠢᠨ ᠳᠠᠷᠤᠭ᠎ᠠ ᠶᠢᠨ ᠳᠦᠷᠢᠮ | ︾ ᠤᠨ ᠠᠵᠢᠯ ᠢᠶᠠᠷ ᠭᠠᠷᠳᠠᠴᠠ ᠪᠣᠯᠭᠠᠵᠤ᠂ ᠼᠢ ᠭᠠᠨ ᠵᠡᠭᠡᠯᠢ ᠳᠤ 49 ᠨᠡᠷ᠎ᠡ ︽ᠵᠡᠭᠡᠯᠢ ᠶᠢᠨ ᠳᠠᠷᠤᠭ᠎ᠠ︾ ᠶᠢ | ᠲᠣᠬᠢᠷᠠᠭᠤᠯᠵᠤ᠂ ᠵᠡᠭᠡᠯᠢ ᠭᠤᠳᠤᠮᠵᠢ ᠳᠤ 24 ︽ᠵᠡᠭᠡᠯᠢ ᠶᠢᠨ ᠳᠠᠷᠤᠭ᠎ᠠ︾ ᠶᠢ ᠲᠣᠬᠢᠷᠠᠭᠤᠯᠵᠤ᠂ ︽ᠵᠡᠭᠡᠯᠢ ᠶᠢᠨ | ᠳᠠᠷᠤᠭ᠎ᠠ︾ ᠶᠢᠨ ᠱᠦᠭᠯᠦ ᠦᠯᠢᠶᠡᠬᠦ᠂ ᠰᠠᠯᠠᠭ᠎ᠠ ᠮᠥᠴᠢᠷ ᠤᠨ ᠨᠡᠷ᠎ᠡ ᠮᠡᠳᠡᠭᠦᠯᠬᠦ ᠱᠠᠭᠠᠷᠳᠠᠯᠭ᠎ᠠ ᠶᠣᠰᠣᠭᠠᠷ᠂ | ᠲᠣᠣᠷᠵᠢᠭᠤᠯᠬᠤ᠂ ᠨᠠᠷᠢᠯᠢᠬᠵᠢᠭᠤᠯᠬᠤ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠳᠦᠷᠢ ᠲᠥᠷᠬᠦ᠂ ᠳᠡᠯᠭᠡᠭᠦᠷ ᠤᠨ ᠫᠠᠶᠢᠰᠠ | ᠢᠯᠡᠷᠬᠡᠶᠢᠯᠡᠯ᠂ ᠪᠣᠰᠤᠭ᠎ᠠ ᠣᠷᠣᠨ ᠵᠠᠶ ᠵᠡᠷᠭᠡ ᠠᠵᠢᠯ ᠤᠨ ᠭᠤᠣᠯᠳᠠᠯᠭ᠎ᠠ ᠶᠢ ᠴᠢᠩᠭ᠎ᠠ ᠠᠩᠬᠠᠷᠴᠤ᠂ ᠲᠥᠪᠯᠡᠷᠡᠭᠦᠯᠦᠨ | ᠴᠡᠭᠴᠡᠯᠡᠨ ᠵᠠᠰᠠᠬᠤ ᠪᠠ ᠬᠡᠰᠡᠭ ᠬᠤᠪᠢᠶᠠᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠵᠤ᠂ ᠡᠳᠦᠷ | ᠲᠤᠲᠤᠮ ᠤᠨ ᠴᠡᠭᠴᠡᠯᠡᠨ ᠵᠠᠰᠠᠬᠤ ᠪᠠ ᠰᠥᠨᠢ ᠪᠠᠷ ᠱᠠᠯᠠᠪᠳᠠᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠵᠤ᠂ | ᠬᠠᠷᠢᠶ᠎ᠠ ᠣᠷᠣᠨ ᠤ ᠬᠠᠮᠢᠶᠠᠷᠤᠯᠲᠠ ᠪᠠ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠵᠠᠰᠠᠬᠤ ᠶᠢ | ᠬᠠᠷᠢᠯᠴᠠᠨ ᠤᠶᠠᠯᠳᠤᠭᠤᠯᠵᠤ᠂ ᠠᠯᠤᠰ ᠬᠡᠲᠦ ᠳᠤ ᠰᠠᠭᠤᠷᠢᠯᠠᠨ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ | ᠴᠢᠬᠤᠯᠠᠴᠢᠯᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ︽ᠬᠠᠮᠤᠭ ᠰᠡᠭᠦᠯᠴᠢ ᠶᠢᠨ ᠨᠢᠭᠡ | ᠮᠧᠲᠷ︾᠂ ︽ᠬᠠᠮᠤᠭ ᠰᠡᠭᠦᠯᠴᠢ ᠶᠢᠨ ᠨᠢᠭᠡ ᠬᠥᠮᠦᠨ︾ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ | ᠬᠤᠲᠠ ᠶᠢᠨ ᠬᠠᠮᠢᠶᠠᠷᠤᠯᠲᠠ ᠶᠢᠨ ᠠᠵᠢᠯ ᠢ ᠵᠢᠵᠢᠭ᠂ ᠨᠠᠷᠢᠯᠢᠭ᠂ ᠨᠠᠶᠢᠳᠠᠪᠤᠷᠢᠵᠢᠭᠤᠯᠵᠤ᠂ ᠪᠣᠳᠠᠲᠠᠶᠢᠵᠢᠭᠤᠯᠬᠤ ᠶᠢ | ᠳᠥᠯᠭᠢᠨ ᠠᠬᠢᠭᠤᠯᠵᠤ᠂ ︽ᠴᠡᠪᠡᠷ ᠡᠮᠬᠢ ᠵᠢᠷᠤᠮ ᠲᠠᠢ ᠴᠡᠪᠡᠷ ᠰᠠᠶᠢᠬᠠᠨ︾ ᠬᠤᠲᠠ ᠶᠢᠨ ᠳᠦᠷᠰᠦ ᠪᠠᠶᠢᠳᠠᠯ ᠤᠨ | ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠨ᠎ᠠ᠃ ᠣᠲᠣ ᠪᠣᠯᠲᠠᠯ᠎ᠠ᠂ ︽ᠵᠡᠭᠡᠯᠢ ᠶᠢᠨ ᠳᠠᠷᠤᠭ᠎ᠠ ᠶᠢᠨ | ᠲᠦᠷᠢᠮ︾ ᠤᠨ ᠨᠡᠶᠢᠲᠡ ᠶᠢᠨ ᠫᠠᠶᠢᠰᠠ 253 ᠤᠭᠰᠠᠷᠠᠵᠤ᠂ ︽ᠠᠷᠠᠳ ᠤᠨ ᠠᠮᠢᠳᠤᠷᠠᠯ ᠤᠨ ᠬᠠᠯᠠᠮᠰᠢᠯ ᠤᠲᠠᠰᠤ︾ | ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠵᠡᠷᠭᠡ ᠡᠯ᠎ᠡ ᠲᠥᠷᠥᠯ ᠤᠨ 487 ᠠᠰᠠᠭᠤᠳᠠᠯ ᠢ | ᠭᠥᠯᠢᠶᠡᠨ ᠠᠪᠴᠤ ᠰᠢᠶ᠋ᠳᠪᠦᠷᠢᠯᠡᠵᠦ᠂ ᠬᠡᠷᠡᠭ ᠢ ᠳᠠᠭᠤᠰᠬᠠᠭᠰᠠᠨ ᠨᠣᠷᠮ᠎ᠠ ᠨᠢ 90% ᠠᠴᠠ ᠳᠡᠭᠡᠭᠰᠢ ᠪᠠᠶᠢᠵᠤ᠂ | ᠨᠡᠶᠢᠲᠡ 8200 ᠭᠠᠷᠤᠶ ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠢᠯᠭᠠᠷᠠᠭᠤᠯᠤᠨ ᠳᠢᠭᠯᠡᠵᠦ᠂ ᠳᠡᠯᠭᠡᠭᠦᠷ ᠤᠨ | ᠭᠠᠳᠠᠨ᠎ᠠ ᠣᠪᠣᠭᠠᠯᠠᠨ ᠲᠠᠯᠪᠢᠵᠤ᠂ ᠵᠠᠮ ᠡᠵᠡᠯᠡᠨ ᠡᠵᠡᠩᠨᠡᠵᠦ ᠪᠣᠶ︔ ᠡᠯ᠎ᠡ ᠲᠦᠷᠦᠯ ᠤᠨ ᠤᠢ ᠶᠢᠨ ᠣᠷᠴᠢᠨ ᠤ ᠵᠠᠷ | ᠮᠡᠳᠡᠭᠡ᠂ ᠬᠡᠷᠡᠮ ᠤᠨ ᠵᠠᠷ ᠮᠡᠳᠡᠭᠡ ᠶᠢ ᠴᠡᠪᠡᠷᠯᠡᠵᠦ᠂ ᠳᠡᠯᠭᠡᠭᠦᠷ ᠤᠨ ᠴᠣᠩᠬᠤ ᠶᠢ 5100 ᠨᠠᠭᠠᠪᠠ︔ ᠵᠡᠭᠡᠯᠢ ᠳᠠᠭᠠᠤ | ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ 400 ᠭᠠᠵᠠᠷ᠂ 60 ᠲᠣᠨ ᠢ ᠴᠡᠪᠡᠷᠯᠡᠨ᠎ᠡ︔ | ᠰᠥᠨᠢ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ 227 ᠭᠤᠤᠯ ᠳᠡᠳ᠋ | ᠵᠠᠮ ᠱᠤᠭᠤᠮ᠂ ᠵᠡᠭᠡᠯᠢ ᠭᠤᠳᠤᠮᠵᠢ ᠵᠢᠵᠢᠭ ᠭᠤᠳᠤᠮᠵᠢ ᠶᠢ ᠨᠢᠭᠡᠨᠲᠡ ᠦᠨᠳᠦᠰᠦᠨ ᠳᠡᠭᠡᠨ ᠴᠡᠭᠴᠡᠯᠡᠨ ᠵᠠᠰᠠᠪᠠ᠃ | | | | | | | ︽ᠵᠡᠭᠡᠯᠢ ᠶᠢᠨ ᠳᠠᠷᠤᠭ᠎ᠠ︾ ᠶᠢᠨ ᠢᠯᠡ ᠫᠠᠶᠢᠰᠠ ᠲᠠᠭᠠᠷᠠᠭᠤᠯᠵᠤ ᠡᠪᠳᠡᠷᠡᠭᠰᠡᠨ ᠵᠠᠮ ᠤᠨ ᠭᠠᠳᠠᠷᠭᠤ ᠶᠢ ᠨᠥᠬᠦᠵᠦ | ᠵᠠᠰᠠᠨ᠎ᠠ | ︽ᠡᠨᠡᠬᠦ ︿ᠵᠡᠭᠡᠯᠢ ᠶᠢᠨ ᠳᠠᠷᠤᠭ᠎ᠠ ᠶᠢᠨ ᠳᠦᠷᠢᠮ﹀ ᠢ ᠰᠠᠶᠢᠨ ᠬᠢᠵᠦ ᠪᠠᠶᠢᠨ᠎ᠠ᠂ ᠥᠩᠭᠡᠷᠡᠭᠰᠡᠨ ᠳᠤ ᠮᠤᠩ ᠢ | ᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠪᠢ ᠶᠢᠨ ᠡᠨᠡ ᠬᠦ ᠵᠠᠮ ᠨᠢ ᠡᠩᠬᠦᠯ ᠳᠤᠩᠬᠤᠯ ᠪᠣᠯᠬᠤᠷ ᠶᠠᠪᠤᠬᠤ ᠳᠤ | ᠮᠠᠰᠢ ᠪᠡᠷᠬᠡ᠂ ᠬᠡᠨ ᠢ ᠡᠷᠢᠵᠦ ᠵᠠᠰᠠᠭᠤᠯᠬᠤ ᠪᠠᠨ ᠴᠤ ᠮᠡᠳᠡᠬᠦ ᠦᠭᠡᠶ ᠪᠠᠶᠢᠪᠠ᠂ ᠣᠳᠣ ᠵᠡᠭᠡᠯᠢ ᠪᠣᠯᠭᠠᠨ ᠳᠤ ︿ | ᠵᠡᠭᠡᠯᠢ ᠶᠢᠨ ᠳᠠᠷᠤᠭ᠎ᠠ﹀ ᠶᠢᠨ ᠨᠡᠶᠢᠲᠡ ᠶᠢᠨ ᠫᠠᠶᠢᠰᠠ ᠲᠠᠢ ᠪᠣᠯᠵᠤ᠂ ᠠᠰᠠᠭᠤᠳᠠᠯ ᠢ ᠣᠯᠵᠤ ᠮᠡᠳᠡᠪᠡᠯ ︿ᠵᠡᠭᠡᠯᠢ ᠶᠢᠨ | ᠳᠠᠷᠤᠭ᠎ᠠ﹀ ᠶᠡᠷᠦᠨᠢ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠬᠠᠪᠰᠤᠷᠤᠨ ᠰᠢᠶ᠋ᠳᠪᠦᠷᠢᠯᠡᠵᠦ ᠥᠭᠬᠦ | ᠶᠤᠮ᠂ ᠣᠳᠣ ᠵᠠᠮ ᠳᠡᠭᠡᠷ᠎ᠡ ᠬᠠᠶᠢᠷ ᠴᠢᠯᠠᠭᠤ ᠳᠡᠪᠢᠰᠴᠦ ᠥᠭᠬᠦ ᠳᠤ ᠠᠮᠠᠷ ᠪᠣᠯᠵᠠᠶ︾᠃ ᠮᠤᠩ ᠢ ᠰᠢᠨ ᠢᠳᠡᠰᠢᠨ | ᠨᠣᠭᠤᠭᠠᠨ ᠤ ᠵᠠᠬ᠎ᠠ ᠳᠡᠯᠭᠡᠭᠦᠷ ᠤᠨ ᠣᠶᠢᠷᠠᠯᠴᠠᠭ᠎ᠠ ᠰᠠᠭᠤᠵᠤ ᠪᠠᠶᠢᠭ᠎ᠠ ᠨᠠᠰᠤᠲᠠᠳ ︽ᠵᠡᠭᠡᠯᠢ ᠶᠢᠨ ᠳᠠᠷᠤᠭ᠎ᠠ ᠶᠢᠨ | ᠳᠦᠷᠢᠮ︾ ᠢ ᠮᠠᠭᠲᠠᠭᠠᠳ ᠪᠠᠷᠠᠬᠤ ᠦᠭᠡᠶ᠂ ᠡᠨᠡᠬᠦ ᠳᠦᠷᠢᠮ ᠢ ᠤᠷᠲᠤ ᠬᠤᠭᠤᠴᠠᠭ᠎ᠠ ᠪᠠᠷ ᠬᠡᠷᠡᠭᠵᠢᠭᠦᠯᠬᠦ ᠶᠢ | ᠬᠦᠰᠡᠵᠦ ᠪᠠᠶᠢᠨ᠎ᠠ᠃ | ᠰᠦᠯᠵᠢᠶᠡᠨ ᠤ ᠲᠠᠰᠤᠯᠪᠤᠷᠢ ᠶᠢᠨ ᠠᠵᠢᠯᠲᠠᠨ ︽ᠣᠯᠠᠨ ᠲᠠᠯ᠎ᠠ ᠶᠢᠨ ᠴᠢᠳᠠᠪᠤᠷᠢᠲᠠᠨ︾ ᠪᠣᠯᠪᠠ | ᠬᠠᠷᠢᠶ᠎ᠠ ᠲᠣᠭᠤᠷᠢᠭ ᠤᠨ ᠤᠯᠠᠨ ᠲᠦᠮᠡᠨ ᠢ ᠰᠤᠷᠪᠤᠯᠵᠢᠯᠠᠵᠤ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠣᠶᠢᠯᠠᠭᠠᠵᠤ᠂ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠪᠠ ᠁ ᠪᠦᠬᠦ | ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ | ᠲᠠᠬᠢᠨ ᠬᠢᠨᠠᠯᠲᠠ ᠶᠢ ᠤᠭᠲᠤᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠳ᠋ᠦᠩ ᠾᠧ ᠲᠣᠭᠤᠷᠢᠭ ᠤᠨ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠳᠠᠨ᠂ ︽ᠬᠤᠪᠢᠯᠤᠭᠰᠠᠨ︾ ᠤᠬᠠᠭᠤᠯᠤᠭᠴᠢ᠂ ᠲᠣᠭᠤᠷᠢᠨ ᠪᠠᠶᠢᠴᠠᠭᠠᠭᠴᠢ᠂ | ᠢᠳᠬᠠᠭᠴᠢ ᠨᠠᠷ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠡᠳᠦᠷ | ᠪᠦᠷᠢ ᠵᠡᠭᠡᠯᠢ ᠭᠤᠳᠤᠮᠵᠢ ᠪᠠᠷ ᠶᠠᠪᠤᠵᠤ᠂ ᠶᠠᠭᠠᠷᠠᠯᠲᠠᠢ ᠪᠠᠶᠢᠳᠠᠯ ᠨᠡᠶᠢᠭᠡᠮ ᠲᠣᠭᠤᠷᠢᠭ ᠤᠨ ᠥᠨᠴᠥᠭ ᠪᠤᠯᠤᠩ | ᠪᠣᠯᠭᠠᠨ ᠳᠤ ᠢᠯᠡᠷᠡᠪᠡ᠃ | 【 ᠪᠸᠢ ᠯᠢᠶᠠᠩ ᠰᠢᠨ᠎ᠡ ᠲᠣᠭᠤᠷᠢᠭ ᠤᠨ ᠬᠤᠶᠢᠲᠤ 2 ᠲᠣᠭᠤᠷᠢᠭ ᠤᠨ ᠰᠢᠷ᠎ᠠ ᠰᠢᠷᠣᠶ ᠶᠢᠨ ᠨᠢᠴᠦᠭᠦᠨ | ᠬᠡᠰᠡᠭ ᠢ ᠬᠤᠯᠪᠣᠭᠳᠠᠯ ᠪᠦᠬᠦᠢ ᠪᠠᠶᠢᠭᠤᠯᠤᠯᠭ᠎ᠠ ᠠᠴᠠ ᠰᠢᠶ᠋ᠳᠪᠦᠷᠢᠯᠡᠵᠦ ᠥᠭᠬᠦ ᠪᠣᠯᠪᠠᠤ᠃ 】 【@ ᠬᠤᠲᠠ ᠶᠢᠨ | ᠶᠠᠪᠤᠳᠠᠯ ᠤᠨ ᠲᠣᠪᠴᠢᠶ᠎ᠠ ᠶᠢᠨ ᠪᠠᠷᠠᠭᠤᠨ ᠵᠡᠷᠭᠡᠯᠡᠳᠡᠭᠡ ᠵᠡᠭᠡᠯᠢ ᠶᠢᠨ ᠤᠬᠢᠶᠠᠯᠭ᠎ᠠ ᠶᠢᠨ ᠡᠭᠦᠳᠡᠨ ᠳᠠᠬᠢ ᠪᠣᠬᠢᠷ | ᠤᠰᠤᠨ ᠤ ᠬᠤᠳᠳᠤᠭ ᠤᠨ ᠠᠮᠠᠰᠠᠷ ᠨᠢ ᠡᠪᠳᠡᠷᠡᠵᠦ᠂ ︽︿ᠳ᠋ᠦᠩ ᠾᠧ ᠲᠣᠭᠤᠷᠢᠭ ᠤᠨ ᠴᠤᠸᠠᠩ ᠴᠧᠩ᠂ | ᠴᠤᠸᠠᠩ ᠸᠧᠶ ᠪᠠᠶᠢᠴᠠᠭᠠᠯᠲᠠ ᠶᠢ ᠤᠭᠲᠤᠬᠤ﹀ ᠸᠢᠴᠠᠲ ᠤᠨ ᠰᠦᠷᠦᠭ ᠲᠤ ᠡᠯ᠎ᠡ ᠲᠥᠷᠥᠯ ᠤᠨ ᠴᠤᠸᠠᠩ ᠴᠧᠩ | ᠬᠤᠲᠠ ᠶᠢᠨ ᠠᠰᠠᠭᠤᠳᠠᠯ ᠪᠠᠶᠢᠨ ᠪᠠᠶᠢᠨ ᠭᠠᠷᠴᠤ᠂ ︽ᠨᠢᠭᠡᠨᠲᠡ ᠠᠩᠬᠠᠷᠴᠤ︾ ︽ᠨᠢᠭᠡᠨᠲᠡ ᠰᠢᠶ᠋ᠳᠪᠦᠷᠢᠯᠡᠭᠰᠡᠨ︾ | ᠵᠡᠷᠭᠡ ᠦᠭᠡ ᠥᠭᠦᠯᠡᠪᠦᠷᠢ ᠶᠢᠨ ᠬᠠᠷᠢᠭᠤ ᠲᠤᠰᠬᠠᠯ ᠪᠠᠶᠢᠨ ᠪᠠᠶᠢᠨ ᠭᠠᠷᠴᠤ ᠪᠠᠶᠢᠨ᠎ᠠ᠃ ᠡᠯ᠎ᠡ ᠨᠢᠭᠡᠴᠡ᠂ ᠰᠠᠯᠠᠭ᠎ᠠ | ᠮᠥᠴᠢᠷ᠂ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠡᠨᠡ ᠬᠦ ᠸᠢᠴᠠᠲ ᠤᠨ | ᠪᠦᠯᠦᠭᠯᠡᠯ ᠳᠤ ᠢᠳᠡᠪᠬᠢᠲᠡᠶ ᠠᠵᠢᠯᠯᠠᠵᠤ᠂ ᠬᠤᠲᠠ ᠪᠠᠶᠢᠭᠤᠯᠬᠤ᠂ ᠡᠷᠡᠭᠦᠯ ᠬᠠᠮᠠᠭᠠᠯᠠᠯ ᠤᠨ ᠲᠤᠬᠠᠶ ᠡᠯ᠎ᠡ ᠵᠦᠶ᠋ᠯ ᠤᠨ | ᠠᠰᠠᠭᠤᠳᠠᠯ ᠤᠨ ᠰᠣᠯᠢᠯᠴᠠᠭ᠎ᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠨᠢ ᠴᠦ ᠪᠦᠯᠦᠭᠯᠡᠯ ᠳᠤ | ᠤᠷᠤᠭᠰᠢᠲᠠᠶ ᠶᠠᠪᠤᠭᠳᠠᠵᠤ ᠪᠠᠶᠢᠨ᠎ᠠ᠃ | ︽ᠪᠢ ᠡᠳᠦᠷ ᠪᠦᠷᠢ ᠰᠦᠯᠵᠢᠶᠡᠨ ᠤ ᠲᠠᠰᠤᠯᠪᠤᠷᠢ ᠶᠢᠨ ᠲᠣᠭᠤᠷᠢᠭ ᠲᠤ ᠲᠣᠭᠤᠷᠢᠨ ᠪᠠᠶᠢᠴᠠᠭᠠᠯᠲᠠ ᠬᠢᠳᠡᠭ᠂ | ᠠᠰᠠᠭᠤᠳᠠᠯ ᠭᠠᠷᠪᠠᠯ ᠣᠯᠠᠨ ᠲᠦᠮᠡᠨ ᠤ ᠳᠣᠲᠣᠷ᠎ᠠ ︿ᠨᠡᠷᠡᠨ ᠳᠤ ᠡᠭᠡᠭᠡᠵᠦ﹀᠂ ︿ᠨᠡᠷᠡᠨ ᠳᠤ ᠡᠭᠡᠭᠡᠵᠦ﹀ ᠪᠠᠶᠢᠪᠠᠯ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠣᠣᠷ᠎ᠠ ᠪᠠᠨ ᠲᠠᠨᠢᠵᠤ ᠠᠪᠲᠠᠭ᠂ ᠸᠢᠴᠠᠲ ᠤᠨ ᠬᠢᠨ ᠶᠠᠭ | ᠳᠣᠲᠣᠭᠠᠳᠤ ᠶᠢᠨ ᠭᠡᠷᠡᠯ ᠦᠵᠡᠭᠦᠯᠬᠦ ᠲᠠᠪᠴᠠᠩ ᠰᠢᠭ᠋ ᠪᠣᠯᠵᠤ᠂ ᠡᠷᠡᠭᠦᠯ ᠬᠠᠮᠠᠭᠠᠯᠠᠯ ᠤᠨ ᠠᠰᠠᠭᠤᠳᠠᠯ ᠢ ᠢᠯᠡᠷᠡᠭᠦᠯᠵᠦ | ᠴᠡᠭᠴᠡᠯᠡᠨ ᠵᠠᠰᠠᠬᠤ ᠪᠠᠷ ᠪᠠᠷᠠᠬᠤ ᠦᠭᠡᠶ᠂ ᠨᠡᠩ ᠴᠤ ᠡᠯ᠎ᠡ ᠰᠠᠯᠠᠭ᠎ᠠ ᠮᠥᠴᠢᠷ ᠤᠨ ᠬᠢᠨ ᠲᠠᠢ ᠰᠡᠳᠬᠢᠯ ᠨᠢᠭᠡᠳᠦᠨ | ᠬᠠᠮᠵᠢᠯᠴᠠᠭᠰᠠᠨ ᠠᠴᠠ ᠪᠣᠯᠵᠤ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠳᠡᠭ︾᠃ ᠭᠡᠵᠦ ᠳ᠋ᠦᠩ | ᠾᠧ ᠲᠣᠭᠤᠷᠢᠭ ᠤᠨ ᠲᠢᠶᠠᠨ ᠵᠢᠶᠤᠤ ᠵᠡᠭᠡᠯᠢ ᠭᠤᠳᠤᠮᠵᠢ ᠶᠢᠨ ᠰᠦᠯᠵᠢᠶᠡᠨ ᠤ ᠠᠵᠢᠯᠲᠠᠨ ᠬᠡᠯᠡᠪᠡ᠃ | ︽ᠬᠤᠲᠠ ᠶᠢ ᠡᠭᠦᠳᠴᠦ᠂ ᠬᠠᠮᠠᠭᠠᠯᠠᠯᠲᠠ ᠶᠢ ᠡᠭᠦᠳᠬᠦ︾ ᠶᠠᠪᠤᠴᠠ ᠳᠤ | ᠳ᠋ᠦᠩ ᠾᠧ ᠲᠣᠭᠤᠷᠢᠭ ᠤᠨ ᠬᠢᠨ ᠡᠯ᠎ᠡ ᠲᠠᠯ᠎ᠠ ᠶᠢᠨ ᠬᠦᠴᠦᠨ ᠲᠠᠢ ᠬᠤᠯᠪᠣᠭᠠᠯᠠᠵᠤ᠂ ᠰᠠᠨᠠᠭᠠᠴᠢᠯᠠᠭ᠎ᠠ ᠲᠠᠢ ᠪᠠᠷ | ᠳᠠᠭᠠᠷᠢᠯᠲᠠ ᠬᠢᠪᠡ | ᠬᠤᠲᠠ ᠶᠢᠨ ᠲᠣᠭᠤᠷᠢᠭ ᠤᠨ ᠳᠦᠷᠰᠦ ᠪᠠᠶᠢᠳᠠᠯ ᠢᠯᠡᠳᠲᠡ ᠳᠡᠭᠡᠭᠰᠢᠯᠡᠪᠡ | ᠠᠯᠬᠤᠮ ᠪᠦᠷᠢ ᠳᠤ ᠦᠵᠡᠮᠵᠢ ᠲᠠᠢ᠂ ᠭᠠᠵᠠᠷ ᠪᠣᠯᠭᠠᠨ ᠳᠤ ᠨᠣᠭᠤᠭᠠᠨ᠂ ᠴᠣ᠋ ᠰᠢᠨ᠎ᠡ ᠪᠠᠶᠢᠳᠠᠯ ᠲᠠᠢ | ᠣᠯᠠᠨ ᠲᠦᠮᠡᠨ ᠳᠤ ᠦᠨᠡᠨ ᠬᠦ ᠮᠡᠳᠡᠷᠡᠭᠦᠯᠪᠡ | ᠬᠤᠳᠠ ᠶᠢ ᠴᠣᠭᠴᠠᠯᠠᠨ ᠪᠠᠶᠢᠭᠤᠯᠵᠤ᠂ ᠡᠷᠡᠭᠦᠯ ᠬᠠᠮᠠᠭᠠᠯᠠᠯ ᠢ ᠴᠣᠭᠴᠠᠯᠠᠨ ᠪᠠᠶᠢᠭᠤᠯᠬᠤ︾ ᠠᠴᠠ ᠪᠣᠯᠤᠭᠰᠠᠨ | ᠬᠤᠪᠢᠷᠠᠯᠲᠠ | | | | | | | | |