ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠭᠡᠮᠲᠦᠯ ᠤᠨ ᠰᠡᠳᠦᠪ ᠢ ᠵᠢᠩᠬᠢᠨᠢ ᠪᠠᠷ ᠡᠬᠢᠯᠡᠭᠦᠯᠬᠦ
ᠨᠡᠶᠢᠲᠡᠯᠡᠭᠰᠡᠨ ᠴᠠᠭ᠄
2021/12/28
     12 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠥᠷᠥᠯ ᠵᠦᠶ᠋ᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠬᠦ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠶ ᠶᠢᠩ ᠵᠢᠶᠦ᠋ᠨ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠠᠶ ᠬᠤᠩ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠠ ᠯᠢ ᠫᠢᠩ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠷᠠᠯ ᠢ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠬᠠᠮᠲᠤᠷᠠᠭᠰᠠᠨ ᠬᠤᠷᠠᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠲᠢᠩᠬᠢᠮ ᠤᠨ ᠳᠡᠳ᠋ ᠳᠠᠷᠤᠭ᠎ᠠ ᠯᠢ ᠸᠤᠨ ᠭᠠᠩ ᠡᠷᠭᠢᠯᠡᠪᠡ᠃      ᠡᠬᠢᠯᠡᠯᠲᠡ ᠶᠢᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠰᠡᠷᠡᠮᠵᠢᠯᠡᠭᠦᠯᠬᠦ ᠬᠥᠮᠦᠵᠢᠯ ᠤᠨ ︽ᠠᠮᠢ ᠨᠠᠰᠤ ᠲᠠᠶᠢᠱᠠᠨ ᠠᠭᠤᠯᠠ ᠠᠴᠠ ᠬᠦᠨᠳᠦ︾ ᠤᠬᠠᠭᠤᠯᠭ᠎ᠠ ᠶᠢᠨ ᠹᠢᠯᠢᠮ ᠢ ᠬᠠᠮᠲᠤ ᠪᠠᠷ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠬᠠᠮᠲᠤᠷᠠᠭᠰᠠᠨ ᠬᠤᠷᠠᠯ ᠤᠨ ᠠᠯᠪᠠᠨ ᠬᠡᠷ ᠠᠴᠠ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠲᠤᠬᠠᠶ ᠬᠠᠮᠲᠤᠷᠠᠯᠴᠠᠭᠠᠨ ᠤ ᠰᠠᠨᠠᠮᠵᠢ ᠶᠢᠨ ᠬᠡᠯᠡᠯᠴᠡᠭᠡᠷ ᠲᠣᠭᠲᠠᠪᠠ᠃ ᠬᠤᠶᠠᠷ ᠲᠠᠯ᠎ᠠ ᠪᠠᠷ ᠢᠶᠠᠨ᠂ ᠬᠤᠶᠢᠰᠢᠳᠠ ᠬᠠᠮᠲᠤᠪᠠᠷ ᠴᠢᠷᠮᠠᠶᠢᠵᠤ᠂ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠪᠦᠬᠦᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠢ ᠪᠠᠶᠢᠭᠤᠯᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠲᠦᠪᠰᠢᠨ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ      ᠪᠠ ᠯᠢ ᠫᠢᠩ ᠨᠥᠬᠦᠷ ᠪᠦᠬᠦ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠠᠬᠢᠭᠤᠯᠬᠤ ᠲᠤᠬᠠᠢ ᠲᠤᠬᠢᠷᠠᠭᠤᠯᠤᠯᠲᠠ ᠬᠢᠵᠦ᠂ ᠵᠠᠢ ᠶᠢᠩ ᠵᠢᠶᠦ᠋ᠨ ᠨᠥᠬᠦᠷ ᠪᠦᠬᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠳᠤ ᠲᠠᠶᠢᠴᠢᠯᠠᠯᠳᠠ ᠪᠠᠶᠢᠷᠢᠯᠠᠭᠤᠯᠤᠯᠲᠠ ᠬᠢᠵᠦ᠂ ᠳ᠋ᠠᠢ ᠬᠤᠩ ᠨᠥᠬᠦᠷ ᠤᠢᠢᠷ᠎ᠠ ᠶᠢᠨ ᠵᠢᠯ ᠤᠨ ᠲᠤᠷᠰᠢᠬᠢ ᠲᠡᠮᠦᠷ ᠵᠠᠮ ᠤᠨ ᠠᠵᠢᠯ ᠲᠦᠷᠦᠯ ᠤᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠬᠤᠷᠠᠯ ᠤᠨ ᠲᠠᠷᠠᠭ᠎ᠠ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠪᠣᠯᠤᠨ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠭᠤᠣᠯᠳᠠᠯᠭ᠎ᠠ ᠲᠠᠢ ᠠᠵᠢᠯ ᠲᠦᠷᠦᠯ ᠤᠨ ᠪᠣᠯᠪᠠᠰᠤᠷᠠᠯ ᠤᠨ ᠲᠠᠶᠢᠯᠤᠮᠵᠢ ᠥᠷᠨᠢᠭᠦᠯᠪᠡ᠃      ᠣᠶᠢᠷ᠎ᠠ ᠶᠢᠨ ᠵᠢᠯ ᠳᠤ᠂ ᠪᠦᠬᠦ ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠭᠦᠯᠬᠦ᠂ ᠨᠥᠬᠦᠪᠥᠷᠢᠯᠡᠬᠦ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠢᠮ ᠤᠨ ᠰᠢᠰ‌ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠥᠳᠥᠭᠡᠨ ᠪᠠᠶᠢᠭᠤᠯᠤᠯᠲᠠ ᠶᠢᠨ ᠬᠦᠷᠢᠶᠡᠨ ᠳᠤ  ᠲᠥᠷᠥᠯ ᠵᠦᠢᠯ  ᠢᠢᠡᠷ ᠳᠠᠭᠠᠳᠬᠠᠯ  ᠳᠤ ᠣᠷᠣᠯᠴᠠᠬᠤ᠂ ᠠᠭᠤᠰᠬᠢ ᠲᠣᠭᠤᠰᠣᠲᠤ ᠡᠪᠡᠳᠴᠢᠨ  ᠤ ᠭᠤᠣᠯᠳᠠᠯᠭ᠎ᠠ ᠲᠠᠢ ᠠᠵᠢᠯ ᠲᠥᠷᠥᠯ ᠤᠨ ᠬᠢᠨ ᠠᠵᠢᠯ ᠠᠴᠠ ᠪᠣᠯᠤᠭᠰᠠᠨ ᠭᠡᠮᠲᠦᠯ ‍ᠤᠨ‌‍ᠲ᠋ᠠᠭᠠᠳᠬᠠᠯ  ᠳᠤ ᠣᠷᠣᠯᠴᠠᠬᠤ ᠵᠡᠷᠭᠡ ᠬᠡᠪᠴᠢᠶ᠎ᠡ ᠶᠢ ᠥᠷᠭᠡᠳᠬᠡᠬᠦ ᠲᠤᠰᠬᠠᠶ ᠵᠦᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠵᠠᠷᠤᠳᠠᠯ ᠲᠤᠰᠢᠶᠠᠬᠤ ᠰᠠᠭᠤᠷᠢ ᠲᠤᠭ᠎ᠠ ᠪᠣᠯᠤᠨ ᠣᠯᠭᠤᠮᠵᠢ ᠲᠣᠬᠢᠷᠠᠭᠤᠯᠬᠤ ᠪᠠᠷᠢᠮᠵᠢᠶ᠎ᠠ ᠶᠢ ᠨᠢᠭᠡᠳᠬᠡᠵᠦ᠂ ᠪᠥᠬᠦ ᠣᠷᠣᠨ  ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠡᠳᠡᠭᠡ ᠵᠠᠩᠭᠢᠵᠢᠭᠤᠯᠬᠤ ᠰᠢᠰ‌ᠧᠮᠵᠢ ᠶᠢ ᠪᠠᠶᠢᠭᠤᠯᠵᠤ᠂ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠟ ᠤ ᠱᠠᠲᠤᠨ ᠟ ᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠪᠡ᠃ 2021 ᠣᠨ ᠤ 11 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 337 ᠲᠦᠮᠡ ᠳᠤ ᠬᠦᠷᠴᠦ᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠶ᠋ᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 99% ᠳᠤ ᠬᠦᠷᠴᠦ᠂ ᠠᠭᠤᠰᠬᠢ ᠲᠣᠭᠤᠰᠣᠲᠤ ᠡᠪᠡᠳᠴᠢᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 24.1 ᠲᠦᠮᠡ ᠳᠤ ᠬᠦᠷᠴᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠶ ᠬᠠᠮᠠᠭᠠᠯᠠᠵᠤ᠂ ᠠᠵᠤ ᠠᠬᠤᠶᠢᠯᠠᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃      ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠣᠯ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠦᠷᠢᠮ ᠤᠨ ᠴᠢᠬᠤᠯᠠ ᠠᠭᠤᠯᠭ᠎ᠠ ᠮᠥᠨ᠂ ᠠᠵᠢᠯ ᠠᠴᠠ ᠪᠣᠯᠤᠭᠰᠠᠨ ᠭᠡᠮᠲᠦᠯ ᠤᠨ ᠡ᠊ᠨᠳᠡᠯ ᠪᠠ ᠠᠵᠢᠯ ᠤᠨ ᠨᠥᠯᠥᠭᠡᠨ ᠤ ᠡᠪᠡᠳᠴᠢᠨ ᠡᠭᠦᠰᠬᠦ ᠠᠴᠠ ᠵᠠᠶᠢᠯᠠᠰᠬᠢᠬᠦ ᠪᠠ ᠲᠡᠭᠦᠨ ᠢ ᠪᠠᠭᠠᠰᠬᠠᠵᠤ᠂ ᠠᠵᠢᠯᠳᠠᠨ ᠠᠵᠢᠯᠴᠢᠨ ᠤ ᠠᠮᠢ ᠨᠠᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠵᠠᠩᠭᠢᠯᠠᠭ᠎ᠠ ᠶᠢᠨ ᠠᠷᠭ᠎ᠠ ᠪᠠᠷᠢᠯ ᠮᠥᠨ᠃ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠦᠷᠦᠯ ᠵᠦᠢᠯ ᠢ ᠡᠬᠢᠯᠡᠭᠦᠯᠦᠭᠰᠡᠨ ᠨᠢ ᠮᠠᠨ ᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠲᠠᠪᠤᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠠᠵᠢᠯ ᠢ ᠢᠳᠡᠪᠬᠢᠲᠡᠶ ᠠᠬᠢᠭᠤᠯᠵᠤ᠂ ᠬᠥᠳᠡᠯᠮᠦᠷᠢᠴᠢᠳ ᠲᠤ ᠨᠠᠩ ᠠᠮᠤᠷ ᠲᠦᠪᠰᠢᠨ᠂ ᠨᠠᠩ ᠪᠠᠲᠤᠯᠠᠭ᠎ᠠ ᠲᠠᠢ ᠦᠶ᠋ᠯᠡᠳᠪᠦᠷᠢᠯᠡᠯ᠂ ᠠᠮᠢᠳᠤᠷᠠᠯ ᠤᠨ ᠣᠷᠴᠢᠨ ᠨᠥᠬᠦᠴᠡᠯ ᠢ ᠬᠠᠩᠭᠠᠵᠤ᠂ ᠠᠵᠤ ᠠᠬᠤᠶᠢᠯᠠᠯ ᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ᠂ ᠠᠵᠢᠯᠲᠠᠨ ᠠᠵᠢᠯᠴᠢᠨ ᠰᠠᠨᠠᠭᠠᠴᠢᠯᠠᠭ᠎ᠠ ᠠᠴᠠ ᠪᠠᠨ ᠣᠷᠣᠯᠴᠠᠵᠤ ᠪᠠᠶᠢᠭ᠎ᠠ᠂ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠨ᠎ᠠ᠃      ᠲᠤᠰ ᠤᠳᠠᠭᠠᠨ ᠤ ᠡᠬᠢᠯᠡᠯᠲᠡ ᠶᠢᠨ ᠬᠤᠷᠠᠯ ᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ᠳᠠᠭᠠᠭᠠᠴᠢᠯᠠᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯᠴᠢᠨ ᠤ ᠶᠡᠷᠦᠩᠬᠡᠶ ᠡᠪᠯᠡᠯ ᠵᠡᠷᠭᠡ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠤᠳᠤᠷᠢᠳᠤᠯᠭ᠎ᠠ᠂ ᠬᠥᠬᠡᠬᠤᠲᠠ ᠣᠷᠣᠨ ᠤ ᠬᠡᠰᠡᠭ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1