ᠪᠸᠢ ᠯᠢᠶᠠᠩ ᠤᠨ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠲᠥᠪᠬᠢᠨᠡᠭᠦᠯᠬᠦ ᠣᠷᠣᠨ ᠤ | ᠰᠠᠭᠤᠭᠠᠯᠢ ᠠᠷᠠᠳ ᠤᠨ ᠵᠣᠯ ᠵᠢᠷᠭᠠᠯ ᠤᠨ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠣᠶᠢᠯᠠᠭᠠᠵᠤ᠂ ᠪᠸᠢ | ᠯᠢᠶᠠᠩ ᠤᠨ ᠰᠠᠭᠤᠭᠠᠯᠢ ᠠᠷᠠᠳ ᠤᠨ ᠣᠷᠣᠨ ᠰᠠᠭᠤᠴᠠ᠂ ᠠᠮᠢᠳᠤᠷᠠᠯ᠂ ᠠᠵᠢᠯ ᠣᠯᠭᠤᠯᠲᠠ ᠪᠠ ᠨᠡᠶᠢᠭᠡᠮ ᠤᠨ | ᠪᠠᠲᠤᠯᠠᠭ᠎ᠠ ᠵᠡᠷᠭᠡ ᠣᠯᠠᠨ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠨ᠂ ᠪᠸᠢ ᠯᠢᠶᠠᠩ ᠤᠨ | ᠰᠠᠭᠤᠭᠠᠯᠢ ᠠᠷᠠᠳ ᠲᠤ ᠨᠠᠩ ᠰᠠᠶᠢᠨ ᠦᠶ᠋ᠯᠡᠴᠢᠯᠡᠵᠦ᠂ ᠨᠠᠮ ᠵᠠᠰᠠᠭ ᠤᠨ ᠤᠳᠤᠷᠢᠳᠤᠯᠭ᠎ᠠ ᠳᠤ ᠰᠢᠶ᠋ᠳᠪᠦᠷᠢᠲᠦ | ᠪᠣᠳᠣᠯᠭ᠎ᠠ ᠶᠢᠨ ᠯᠠᠪᠯᠠᠯᠲᠠ ᠬᠠᠩᠭᠠᠬᠤ ᠶᠢᠨ ᠲᠥᠯᠥᠭᠡ ᠶᠤᠮ᠃ ᠳ᠋ᠦᠩ ᠾᠧ ᠲᠣᠭᠤᠷᠢᠭ ᠤᠨ ᠲᠤᠭ᠎ᠠ | ᠪᠦᠷᠢᠳᠬᠡᠯ ᠤᠨ ᠲᠣᠪᠴᠢ᠊ ᠡᠶ᠎ᠡ ︽5 · 1︾ ᠤ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠢ ᠠᠰᠢᠭᠯᠠᠵᠤ᠂ | ᠪᠸᠢ ᠯᠢᠶᠠᠩ ᠢ ᠲᠥᠪᠬᠢᠨᠡᠭᠦᠯᠬᠦ ᠲᠣᠭᠤᠷᠢᠭ ᠲᠤ ᠲᠠᠰᠢᠷᠠᠮ ᠤᠨ ᠶᠠᠩᠵᠤ ᠠᠪᠬᠤ ᠠᠷᠭ᠎ᠠ ᠪᠠᠷ ︽ᠪᠸᠢ ᠯᠢᠶᠠᠩ ᠤᠨ | ᠰᠠᠭᠤᠭᠠᠯᠢ ᠠᠷᠠᠳ ᠤᠨ ᠵᠣᠯ ᠵᠢᠷᠭᠠᠯ ᠤᠨ ᠬᠠᠨᠤᠮᠵᠢ ᠶᠢᠨ ᠬᠡᠮᠵᠢ᠊ ᠡᠶ᠎ᠡ︾ ᠶᠢᠨ ᠪᠠᠶᠢᠴᠠᠭᠠᠯᠲᠠ ᠶᠢ ᠥᠷᠨᠢᠭᠦᠯᠵᠡᠢ᠃ | ᠲᠣᠰ ᠤᠳᠠᠭᠠᠨ ᠤ ᠪᠠᠶᠢᠴᠠᠭᠠᠯᠲᠠ ᠳᠤ ᠪᠸᠢ ᠯᠢᠶᠠᠩ ᠤᠨ ᠲᠥᠪᠬᠢᠨᠡᠭᠦᠯᠬᠦ ᠲᠣᠭᠤᠷᠢᠭ ᠤᠨ 5 ᠰᠢᠭᠤᠳ | ᠬᠠᠮᠢᠶᠠᠷᠬᠤ ᠨᠡᠶᠢᠭᠡᠮ ᠲᠣᠭᠤᠷᠢᠭ᠂ 14 ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠢ | ᠰᠣᠩᠭᠤᠨ ᠠᠪᠴᠤ᠂ ᠨᠡᠶᠢᠲᠡ 1000 ᠪᠠᠶᠢᠴᠠᠭᠠᠯᠲᠠ ᠶᠢᠨ ᠡᠷᠦᠬᠡ ᠶᠢ ᠰᠣᠩᠭᠤᠨ ᠭᠠᠷᠭᠠᠵᠠᠶ᠃ | ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ ᠪᠸᠢ ᠯᠢᠶᠠᠩ ᠤᠨ ᠲᠥᠪᠬᠢᠨᠡᠭᠦᠯᠬᠦ ᠲᠣᠭᠤᠷᠢᠭ ᠤᠨ ᠰᠠᠭᠤᠭᠠᠯᠢ | ᠠᠷᠠᠳ ᠤᠨ ᠶᠡᠷᠦᠩᠬᠡᠶ ᠵᠣᠯ ᠵᠢᠷᠭᠠᠯ ᠤᠨ ᠬᠠᠨᠤᠮᠵᠢ ᠶᠢᠨ ᠬᠡᠮᠵᠢᠶ᠎ᠡ 91.38% ᠳᠤ ᠬᠦᠷᠴᠡᠶ᠃ ᠠᠷᠠᠳ | ᠢᠷᠭᠡᠳ ᠤᠨ ᠰᠠᠨᠠᠭᠠᠨ ᠳᠤ ᠨᠡᠶᠢᠴᠡᠭᠰᠡᠨ ᠳᠦᠷᠦᠯ ᠵᠦᠢᠯ ᠤᠨ ᠲᠦᠷᠦᠭᠦᠦ ᠵᠢᠷᠭᠤᠭ᠎ᠠ ᠳᠤ ᠵᠢᠭᠰᠠᠭᠠᠭᠰᠠᠨ ᠢᠶᠠᠷ ᠪᠣᠯ᠄ | ᠳᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠳᠦᠷᠦ ᠶᠢᠨ ᠪᠤᠳᠤᠯᠭ᠎ᠠ ᠶᠢ 63.2%᠂ | ᠨᠡᠶᠢᠭᠡᠮ ᠤᠨ ᠪᠠᠲᠤᠯᠠᠭ᠎ᠠ ᠶᠢᠨ ᠪᠠᠶᠢᠳᠠᠯ ᠢ 59.1%᠂ ᠵᠣᠯ ᠵᠢᠷᠭᠠᠯᠲᠤ ᠪᠸᠢ ᠯᠢᠶᠠᠩ ᠢ 58.3%᠂ ᠪᠸᠢ | ᠯᠢᠶᠠᠩ ᠤᠨ ᠤᠢᠢᠷ᠎ᠠ ᠶᠢᠨ ᠬᠤᠶᠠᠷ ᠵᠢᠯ ᠤᠨ ᠬᠥᠭᠵᠢᠯᠲᠡ ᠶᠢᠨ ᠪᠠᠶᠢᠳᠠᠯ ᠢ 56.6%᠂ ᠣᠷᠣᠨ ᠰᠠᠭᠤᠴᠠ ᠶᠢᠨ | ᠣᠷᠴᠢᠨ ᠨᠥᠬᠦᠴᠡᠯ ᠢ 52.9%᠂ ᠵᠠᠰᠠᠭ ᠤᠨ ᠣᠷᠳᠣᠨ ᠤ ᠪᠸᠢ ᠯᠢᠶᠠᠩ ᠢ ᠥᠭᠡᠷᠡᠴᠢᠯᠡᠬᠦ ᠠᠵᠢᠯ ᠤᠨ ᠲᠤᠬᠠᠶ | ᠦᠨᠡᠯᠡᠯᠲᠡ 52.9% ᠪᠣᠯᠤᠨ᠎ᠠ᠃ | ᠠᠷᠠᠳ ᠢᠷᠭᠡᠳ ᠬᠡᠳᠦ᠋ᠢᠪᠡᠷ ᠥᠪᠡᠷ ᠤᠨ ᠵᠣᠯ ᠵᠢᠷᠭᠠᠯ ᠤᠨ ᠰᠡᠳᠬᠢᠭᠳᠡᠯ ᠢᠶᠠᠨ ᠨᠡᠯᠢᠶᠡᠳ ᠥᠨᠳᠥᠷ ᠦᠨᠡᠯᠡᠨ | ᠲᠣᠭᠲᠠᠭᠠᠭᠰᠠᠨ ᠪᠣᠯᠪᠠᠴᠤ ᠠᠷᠠᠳ ᠢᠷᠭᠡᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠠᠷᠢᠴᠠᠭ᠎ᠠ ᠲᠠᠢ | ᠵᠠᠷᠢᠮ ᠠᠰᠠᠭᠤᠳᠠᠯ ᠳᠤ ᠠᠷᠠᠳ ᠢᠷᠭᠡᠳ ᠮᠥᠨ ᠯᠡ ᠵᠣᠬᠢᠬᠤ ᠬᠡᠮᠵᠢᠶᠡᠨ ᠤ ᠠᠩᠬᠠᠷᠤᠯ ᠲᠠᠯᠪᠢᠵᠤ᠂ ᠡᠲᠡᠭᠡᠷ | ᠠᠰᠠᠭᠤᠳᠠᠯ ᠳᠤ ᠪᠠᠰᠠ ᠵᠣᠬᠢᠬᠤ ᠬᠡᠮᠵᠢᠶᠡᠨ ᠤ ᠬᠠᠨᠤᠮᠵᠢ ᠥᠬᠡᠶ ᠪᠠᠶᠢᠬᠤ ᠪᠠᠨ ᠢᠯᠡᠳᠬᠡᠭᠰᠡᠨ ᠪᠠᠶᠢᠨ᠎ᠠ᠃ | ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠠᠷᠠᠳ ᠢᠷᠭᠡᠳ ᠤᠨ ᠬᠠᠨᠤᠮᠵᠢ ᠥᠬᠡᠶ ᠪᠠᠶᠢᠬᠤ ᠬᠡᠮᠵᠢᠶ᠎ᠡ ᠶᠢᠨ ᠥᠨᠳᠥᠷ | ᠪᠣᠭᠤᠨᠢ ᠪᠠᠷ ᠵᠢᠭᠰᠠᠭᠠᠪᠠᠯ᠄ ᠡᠮᠴᠢᠯᠡᠭᠦᠯᠬᠦ ᠣᠷᠴᠢᠨ ᠲᠣᠭᠤᠷᠢᠨ 1.9%᠂ ᠴᠢᠮᠡᠭᠡ ᠬᠤᠯᠪᠣᠭ᠎ᠠ ᠪᠠ ᠰᠦᠯᠵᠢᠶᠡᠨ ᠤ | ᠪᠠᠶᠢᠳᠠᠯ 1.7%᠂ ᠣᠳᠣᠬᠠᠨ ᠤ ᠬᠡᠷ ᠪᠦᠯᠢ ᠶᠢᠨ ᠣᠷᠣᠯᠭ᠎ᠠ ᠶᠢᠨ ᠲᠦᠪᠰᠢᠨ 1.5%᠂ ᠴᠠᠬᠢᠯᠭᠠᠨ᠂ ᠤᠰᠤ᠂ | ᠬᠡᠶ ᠪᠠ ᠢᠯᠴᠢ ᠬᠠᠩᠭᠠᠵᠤ ᠪᠠᠶᠢᠭ᠎ᠠ ᠪᠠᠶᠢᠳᠠᠯ 1.3%᠂ ᠨᠡᠶᠢᠭᠡᠮ ᠤᠨ ᠠᠮᠤᠷ ᠲᠦᠪᠰᠢᠨ ᠤ ᠪᠠᠶᠢᠳᠠᠯ 1.3%᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ 1.2% ᠪᠣᠯᠤᠨ᠎ᠠ᠃ | | |