ᠮᠠᠨ ᠤ ᠣᠷᠣᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠢ | ᠰᠠᠶᠢᠲᠤᠷ ᠬᠢᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢ᠊ ᠡᠶ᠎ᠡ ᠠᠴᠠ ᠪᠠᠶᠢᠩᠭᠤ ᠶᠢᠨ ᠴᠢᠨᠠᠷᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠶᠢ ᠬᠢᠨᠠᠨ | ᠬᠡᠮᠵᠢᠬᠦ ᠪᠠ ᠴᠠᠭ ᠲᠤᠬᠠᠢ ᠳᠤᠨᠢ ᠢᠯᠡᠷᠡᠭᠦᠯᠵᠦ ᠴᠠᠭ ᠲᠤᠬᠠᠢ ᠳᠤᠨᠢ ᠣᠷᠣᠭᠤᠯᠬᠤ ᠠᠵᠢᠯ ᠤᠨ ᠵᠠᠷᠴᠢᠮ ᠶᠣᠰᠣᠭᠠᠷ᠂ | ᠾᠧ ᠳ᠋ᠦᠩ ᠪᠠᠯᠭᠠᠰᠤ᠂ ᠰᠢᠷᠴᠢᠨ ᠪᠠᠯᠭᠠᠰᠤ ᠳᠤ ᠡᠳᠦᠷ ᠲᠤᠳᠤᠮ ᠤᠨ ᠬᠢᠨᠠᠨ ᠵᠢᠯᠤᠭᠤᠳᠤᠯᠭ᠎ᠠ ᠶᠠᠪᠤᠭᠤᠯᠵᠠᠢ᠃ | ᠨᠢᠭᠡ ᠳᠤ᠂ 12 ᠰᠠᠷ᠎ᠠ ᠠᠴᠠ ᠡᠬᠢᠯᠡᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢ᠊ ᠡᠶ᠎ᠡ ᠠᠴᠠ ᠡᡁᠧ ᠳ᠋ᠦᠩ ᠪᠠᠯᠭᠠᠰᠤ᠂ ᠰᠢᠷᠴᠢᠨ ᠪᠠᠯᠭᠠᠰᠤᠨ ᠤ ᠠᠮᠠᠷᠬᠠᠨ ᠶᠠᠳᠠᠭᠤᠷᠠᠬᠤ 10 ᠡᠷᠦᠬᠡ ᠶᠢᠨ | 20 ᠬᠥᠮᠦᠨ ᠢ ᠡᠷᠦᠬᠡ ᠳᠤ ᠬᠦᠷᠴᠦ ᠬᠢᠨᠠᠨ ᠪᠠᠶᠢᠴᠠᠭᠠᠬᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠠᠵᠢᠯ ᠢ | ᠬᠢᠨ᠎ᠠ᠃ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠭᠰᠠᠨ ᠡᠷᠦᠬᠡ ᠶᠢᠨ ᠭᠡᠷ ᠪᠦᠯᠢ ᠶᠢᠨ ᠦᠨᠳᠦᠰᠦᠨ ᠪᠠᠶᠢᠳᠠᠯ᠂ | ᠣᠷᠣᠯᠭ᠎ᠠ ᠵᠠᠷᠤᠯᠭ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠰᠡᠵᠢᠭ ᠲᠠᠢ ᠭᠠᠵᠠᠷ ᠤᠨ ᠲᠤᠭ᠎ᠠ | ᠪᠠᠷᠢᠮᠲᠠ ᠶᠢ ᠪᠠᠶᠢᠴᠠᠭᠠᠨ ᠲᠤᠳᠤᠯᠠᠵᠤ᠂ ᠰᠢᠰᠲ᠋ᠧᠮ ᠤᠨ ᠮᠡᠳᠡᠭᠡ ᠵᠠᠩᠭᠢ ᠶᠢ ᠵᠠᠯᠠᠷᠠᠭᠤᠯᠬᠤ ᠶᠢᠨ ᠬᠠᠮᠲᠤ ᠡᠷᠦᠬᠡ ᠳᠤ | ᠣᠷᠣᠬᠤ ᠠᠵᠢᠯ ᠤᠨ ᠬᠠᠮᠵᠢᠯᠴᠠᠬᠤ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ᠂ ᠡᠮ ᠡᠮᠨᠡᠯᠭᠡ ᠶᠢᠨ | ᠳᠠᠭᠠᠳᠬᠠᠯ ᠤᠨ ᠲᠣᠪᠴᠢ᠊ ᠡᠶ᠎ᠡ ᠲᠠᠢ ᠤᠶᠠᠯᠳᠤᠭᠤᠯᠤᠨ ᠬᠡᠰᠡᠭ ᠠᠵᠢᠯ ᠲᠦᠷᠦᠯ ᠤᠨ ᠬᠠᠪᠰᠤᠷᠤᠨ ᠲᠡᠳᠬᠦᠬᠦ | ᠲᠦᠷᠦ ᠶᠢᠨ ᠪᠤᠳᠤᠯᠭ᠎ᠠ ᠶᠢ ᠤᠬᠠᠭᠤᠯᠵᠤ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠤ ᠠᠮᠠᠷᠬᠠᠨ | ᠶᠠᠳᠠᠭᠤᠷᠠᠬᠤ ᠲᠠᠬᠢᠨ ᠶᠠᠳᠠᠭᠤᠷᠠᠬᠤ ᠡᠷᠦᠬᠡ ᠯᠦᠭᠡ ᠶᠢᠨ ᠮᠡᠳᠡᠭᠡ ᠵᠠᠩᠭᠢ ᠶᠢᠨ ᠰᠣᠯᠢᠯᠴᠠᠭ᠎ᠠ ᠶᠢ ᠴᠢᠩᠭᠠᠳᠬᠠᠪᠠ᠃ | ᠬᠤᠶᠠᠷ ᠲᠤ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠬᠠᠷᠭᠤᠭᠤᠯᠤᠨ ᠪᠠᠶᠢᠴᠠᠭᠠᠬᠤ᠂ | ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠶᠠᠷ ᠪᠠᠯᠭᠠᠰᠤᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠯᠲᠡ ᠶᠢᠨ ᠲᠠᠩᠰᠠ ᠡᠪᠬᠡᠮᠡᠯ ᠢ ᠬᠢᠨᠠᠨ ᠵᠢᠯᠣᠭᠤᠳᠴᠤ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ | ᠳᠤᠲᠠᠭᠤᠳᠠᠯ ᠪᠠ ᠳᠡᠭᠡᠭᠰᠢᠯᠡᠭᠦᠯᠬᠦ ᠴᠢᠬᠤᠯᠠᠲᠠᠶ ᠠᠵᠢᠯ ᠢ ᠭᠦᠨᠵᠡᠭᠡᠶ ᠠᠭᠤᠳᠠᠯᠵᠤ᠂ ᠣᠳᠣᠬᠢ ᠱᠠᠲᠤᠨ ᠤ ᠶᠠᠳᠠᠭᠤ ᠶᠢ | ᠰᠡᠷᠭᠡᠶᠢᠯᠡᠬᠦ ᠬᠢᠨᠠᠨ ᠬᠡᠮᠵᠢᠯᠲᠡ ᠶᠢᠨ ᠠᠵᠢᠯ ᠤᠨ ᠱᠠᠭᠠᠷᠳᠠᠯᠭ᠎ᠠ ᠶᠢ ᠴᠢᠬᠤᠯᠠᠴᠢᠯᠠᠨ ᠵᠢᠯᠣᠭᠤᠳᠬᠤ ᠶᠢᠨ ᠬᠠᠮᠲᠤ | ᠲᠠᠷᠠᠭᠠᠴᠢ ᠶᠢᠨ ᠠᠯᠬᠤᠮ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠶ ᠲᠣᠳᠣᠷᠬᠠᠶ ᠰᠠᠨᠠᠭᠤᠯᠭ᠎ᠠ | ᠳᠤᠷᠠᠳᠪᠠ᠃ | ᠡᠨᠡ ᠤᠳᠠᠭ᠎ᠠ ᠶᠢᠨ ᠬᠢᠨᠠᠨ ᠵᠢᠯᠤᠭᠤᠳᠤᠯᠭ᠎ᠠ ᠳᠤ᠂ ᠳᠡᠭᠡᠳᠦ ᠱᠠᠲᠤᠨ ᠤ ᠬᠢᠨ 2021 ᠣᠨ ᠤ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠬᠦ ᠪᠠᠷ | ᠠᠵᠠ ᠲᠣᠬᠢᠶᠠᠯ ᠪᠣᠯᠭᠠᠵᠤ᠂ ᠢᠳᠡᠪᠬᠢᠲᠡᠢ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠵᠦ᠂ | ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠤᠨ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠳ᠋ᠦᠩ ᠾᠧ | ᠲᠣᠭᠤᠷᠢᠭ ᠤᠨ ᠬᠢᠨ ᠣᠷᠣᠨ ᠪᠦᠰᠡ ᠶᠢᠨ ᠴᠢᠨᠠᠷᠲᠠᠢ᠂ ᠬᠤᠪᠢ ᠬᠥᠮᠦᠨ ᠤ ᠴᠢᠨᠠᠷᠲᠠᠢ ᠲᠠᠬᠢᠨ ᠶᠠᠳᠠᠭᠤᠷᠠᠬᠤ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠᠲᠤᠯᠠᠪᠤᠷᠢ ᠶᠢᠨ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ | ᠰᠡᠷᠭᠡᠶᠢᠯᠡᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢ᠊ ᠡᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠠᠮᠠᠷᠬᠠᠨ ᠶᠠᠳᠠᠭᠤᠷᠠᠬᠤ ᠲᠠᠬᠢᠨ ᠶᠠᠳᠠᠭᠤᠷᠠᠬᠤ ᠡᠷᠦᠬᠡ ᠶᠢᠨ ᠲᠤᠰᠢᠶᠠᠪᠠᠰᠤ ᠵᠣᠬᠢᠬᠤ ᠶᠢ ᠪᠦᠬᠦᠨ ᠢ ᠲᠤᠰᠢᠶᠠᠬᠤ ᠶᠢ | ᠪᠠᠷᠢᠮᠲᠠᠯᠠᠵᠤ᠂ ᠠᠮᠠᠷᠬᠠᠨ ᠶᠠᠳᠠᠭᠤᠷᠠᠬᠤ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ | ᠢᠯᠡᠷᠡᠭᠦᠯᠬᠦ᠂ ᠴᠠᠭ ᠲᠤᠬᠠᠢ ᠳᠤᠨᠢ ᠢᠯᠭᠠᠨ ᠲᠠᠨᠢᠬᠤ᠂ ᠲᠦᠷᠭᠡᠨ ᠴᠤᠤᠷᠢᠶᠠᠲᠤᠬᠤ᠂ ᠴᠠᠭ ᠲᠤᠬᠠᠢ ᠳᠤᠨᠢ | ᠬᠠᠪᠰᠤᠷᠤᠨ ᠲᠡᠳᠬᠦᠬᠦ᠂ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ ᠶᠢ ᠪᠠᠲᠤᠯᠠᠵᠤ᠂ ᠶᠠᠳᠠᠭᠤᠷᠠᠬᠤ ᠲᠠᠬᠢᠨ | ᠶᠠᠳᠠᠭᠤᠷᠠᠬᠤ ᠪᠠᠶᠢᠳᠠᠯ ᠦᠯᠦ ᠡᠭᠦᠰᠬᠦ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠃ | |