ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ | ᠬᠢᠵᠠᠭᠠᠷᠯᠠᠬᠤ ᠶᠢᠨ ᠲᠥᠯᠥᠭᠡ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠶᠢ ᠴᠢᠩᠭᠠᠳᠬᠠᠵᠤ᠂ ᠴᠢᠩᠱᠠᠨ ᠲᠣᠭᠤᠷᠢᠭ ᠤᠨ ᠬᠢᠨ ᠳᠡᠭᠡᠳᠦ ᠱᠠᠲᠤᠨ ᠤ ᠡᠯ᠎ᠡ ᠵᠦᠶ᠋ᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠢᠵᠢᠭ ᠢ | ᠡᠰᠡᠷᠭᠦᠴᠡᠨ ᠸᠢᠷᠦ᠋ᠰ ᠢ ᠠᠷᠢᠯᠭᠠᠵᠤ᠂ ᠬᠤᠭ ᠨᠣᠪᠰᠢ ᠶᠢ ᠠᠷᠢᠯᠭᠠᠨ ᠬᠡᠷ ᠣᠷᠣᠨ ᠢᠶᠠᠨ ᠴᠡᠪᠡᠷᠯᠡᠬᠦ︾ ᠱᠠᠭᠠᠷᠳᠠᠯᠭ᠎ᠠ | ᠶᠣᠰᠣᠭᠠᠷ᠂ ︽ᠴᠡᠪᠡᠷᠯᠡᠬᠦ᠂ ᠰᠤᠭᠤᠯᠬᠤ᠂ ᠨᠤᠷᠠᠭᠠᠬᠤ︾ ᠠᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠲᠦᠢᠯᠪᠤᠷᠢᠲᠠᠶ ᠴᠡᠭᠴᠡᠯᠡᠨ ᠵᠠᠰᠠᠵᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠤᠶᠠᠷ ᠲᠠᠯ᠎ᠠ ᠶᠢ ᠴᠥᠮ ᠠᠳᠬᠤᠵᠤ᠂ ᠬᠤᠶᠠᠷ ᠲᠠᠯ᠎ᠠ ᠶᠢ | ᠴᠥᠮ ᠴᠢᠩᠭ᠎ᠠ ᠠᠳᠬᠤᠬᠤ ᠬᠠᠷᠠᠯᠲᠠ ᠶᠢ ᠪᠡᠶᠡᠯᠡᠭᠦᠯᠪᠡ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ︽ᠨᠢᠭᠡ ᠬᠥᠯᠭᠡ ᠰᠢᠲᠠᠷ᠎ᠠ︾ ᠶᠢᠨ ᠪᠠᠶᠢᠷᠢᠰᠢᠯ ᠢ | ᠪᠣᠶ ᠪᠣᠯᠭᠠᠨ᠎ᠠ᠃ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠰᠢᠪᠠᠳᠠᠨ | ᠵᠢᠯᠣᠭᠤᠳᠬᠤ ᠳᠤᠭᠤᠶᠢᠯᠠᠩ ᠢ 3 ᠪᠠᠶᠢᠭᠤᠯᠵᠤ᠂ ᠬᠥᠳᠡᠯᠦᠩᠭᠦᠶ ᠪᠠᠷ ᠰᠢᠪᠠᠳᠠᠨ ᠪᠠᠶᠢᠴᠠᠭᠠᠵᠤ ᠵᠠᠷᠯᠠᠨ ᠮᠡᠳᠡᠭᠳᠡᠪᠡ᠃ | ᠪᠦᠬᠦ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠨᠡᠨᠬᠦ ᠲᠣᠭᠤᠷᠢᠭ ᠤᠨ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ ︽ᠪᠠᠶᠠᠷ ᠳᠤᠷᠠᠰᠬᠠᠯ ᠤᠨ ᠬᠤᠭ ᠨᠣᠪᠰᠢ᠂ ᠠᠮᠢᠳᠤᠷᠠᠯ ᠤᠨ | ᠬᠤᠭ ᠨᠣᠪᠰᠢ ᠵᠢᠴᠢ ᠵᠠᠮ ᠤᠨ ᠬᠤᠷᠠᠭᠰᠠᠨ ᠴᠠᠰᠤ ᠶᠢ ᠴᠠᠭ ᠲᠤᠬᠠᠢ ᠳᠤᠨᠢ ᠴᠡᠪᠡᠷᠯᠡᠨ ᠴᠡᠪᠡᠷᠯᠡᠬᠦ ᠲᠤᠬᠠᠢ ᠪᠠᠴᠢᠮ | ᠮᠡᠳᠡᠭᠳᠡᠯ︾ ᠪᠠᠭᠤᠯᠭᠠᠵᠤ᠂ ᠲᠣᠨᠣᠭᠯᠠᠯ ᠤᠨ ᠬᠦᠷᠢᠶᠡᠯᠡᠩ ᠲᠣᠭᠤᠷᠢᠭ ᠤᠨ ᠬᠤᠭ ᠨᠣᠪᠰᠢ ᠶᠢ ᠴᠡᠪᠡᠷᠯᠡᠬᠦ᠂ ᠨᠡᠶᠢᠭᠡᠮ | ᠲᠣᠭᠤᠷᠢᠭ ︵ᠲᠣᠰᠬᠤᠨ︶ ᠤᠨ ᠬᠤᠭ ᠨᠣᠪᠰᠢ ᠶᠢ ᠴᠡᠪᠡᠷᠯᠡᠬᠦ᠂ ᠶᠠᠪᠠᠭᠠᠨ ᠵᠡᠭᠡᠯᠢ᠂ ᠵᠡᠭᠡᠯᠢ ᠳᠠᠭᠠᠤ ᠶᠢᠨ | ᠬᠤᠳᠠᠯᠳᠤᠭᠠᠨ ᠤ ᠰᠠᠭᠤᠷᠢ ᠳᠡᠯᠭᠡᠭᠦᠷ᠂ ᠵᠠᠰᠠᠮᠠᠯ ᠵᠠᠮ ᠤᠨ ᠵᠠᠬ᠎ᠠ ᠳᠡᠯᠭᠡᠭᠦᠷ ᠵᠢᠴᠢ ᠵᠠᠮ ᠤᠨ ᠬᠤᠭ ᠨᠣᠪᠰᠢ ᠶᠢ | ᠴᠡᠪᠡᠷᠯᠡᠬᠦ᠂ ᠴᠡᠴᠡᠷᠯᠢᠭ᠂ ᠠᠭᠤᠳᠠᠮ ᠲᠠᠯᠠᠪᠠᠢ᠂ ᠨᠣᠭᠤᠭᠠᠨ ᠭᠠᠵᠠᠷ ᠤᠨ ᠬᠤᠭ ᠨᠣᠪᠰᠢ ᠶᠢ ᠴᠡᠪᠡᠷᠯᠡᠬᠦ ᠠᠵᠢᠯ ᠢ | ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠲᠠᠯᠪᠢᠵᠠᠢ᠃ ᠡᠯ᠎ᠡ ᠵᠡᠭᠡᠯᠢ ᠪᠠᠯᠭᠠᠰᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠶ᠋ᠴᠡᠳᠬᠡᠵᠦ᠂ ᠲᠣᠤᠷᠵᠢᠭᠤᠯᠤᠯᠲᠠ ᠪᠠ ᠰᠠᠯᠠᠭ᠎ᠠ ᠮᠥᠴᠢᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠦᠶ᠋ᠯᠡᠳᠦᠯᠴᠡᠬᠦ ᠳᠤ ᠲᠦᠰᠢᠭᠯᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ︽ᠬᠤᠶᠠᠷ ᠲᠠᠯ᠎ᠠ ᠶᠢ | ᠠᠳᠬᠤᠵᠤ᠂ ᠬᠤᠶᠠᠷ ᠢ ᠥᠯᠥ ᠰᠠᠭᠠᠲᠠᠭᠠᠬᠤ︾ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠦᠨ᠎ᠡ᠃ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠷᠴᠢᠨ | ᠲᠣᠭᠤᠷᠢᠨ ᠢ ᠵᠠᠰᠠᠬᠤ ᠬᠤᠶᠠᠷ ᠢ ᠰᠠᠭᠠᠲᠠᠭᠠᠬᠤ ᠥᠬᠡᠶ ᠪᠠᠶᠢᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠢᠮᠠᠭᠲᠠ | ᠴᠢᠬᠤᠯᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠪᠦᠲᠦᠮᠵᠢᠲᠡᠶ ᠪᠠᠷ | ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠦᠨ᠎ᠡ᠃ ᠪᠥᠬᠦ ᠣᠷᠣᠨ ᠳᠤ ᠤᠬᠠᠭᠤᠯᠭ᠎ᠠ ᠶᠢᠨ ᠬᠠᠭᠤᠳᠠᠰᠤ᠂ ᠭᠠᠷ ᠳᠡᠪᠲᠡᠷ | ᠲᠠᠷᠬᠠᠭᠠᠬᠤ᠂ ᠵᠠᠷᠯᠠᠯ᠂ ᠤᠬᠠᠭᠤᠯᠭ᠎ᠠ ᠶᠢᠨ ᠵᠢᠷᠤᠭ ᠨᠠᠭᠠᠬᠤ ᠪᠠᠷ ᠳᠠᠮᠵᠢᠭᠤᠯᠤᠨ᠂ ᠸᠢᠴᠠᠲ ᠤᠨ ᠪᠦᠯᠦᠭ᠂ | ᠨᠠᠶᠢᠵᠠ ᠶᠢᠨ ᠲᠣᠭᠤᠷᠢᠭ᠂ ᠪᠦᠷᠢᠶ᠎ᠡ ᠷᠠᠳᠢᠣ᠋ ᠨᠡᠪᠲᠡᠷᠡᠭᠦᠯᠭᠡ᠂ ᠨᠡᠭᠦᠳᠡᠯ ᠲᠠᠭᠤ ᠴᠢᠮᠡᠭᠡ ᠪᠠᠷ ᠲᠣᠭᠤᠷᠢᠨ ᠨᠡᠪᠲᠡᠷᠡᠭᠦᠯᠬᠦ | ᠂ ᠪᠢᠴᠢᠯ ᠺᠢᠨᠣ᠋᠂ ᠣᠬᠤᠷ ᠸᠢᠳᠢᠣ᠋᠂ ︽ᠬᠠᠷᠮᠠᠨ ᠪᠢᠴᠢᠭ︾ ᠦᠶ᠋ᠯᠡᠳᠬᠦ ᠵᠡᠷᠭᠡ ᠬᠡᠯᠪᠡᠷᠢ ᠮᠠᠶ᠋ᠢᠭ ᠢ ᠠᠰᠢᠭᠯᠠᠨ ᠰᠢᠨ᠎ᠡ | ᠲᠢᠲᠢᠮ ᠲᠠᠢ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠳᠡᠯᠭᠡ ᠵᠢᠴᠢ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠮᠡᠳᠡᠯᠭᠡ ᠶᠢ ᠣᠯᠠᠨ ᠶᠠᠩᠵᠤ ᠪᠠᠷ ᠤᠬᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠡᠷᠭᠡᠶᠢᠯᠡᠨ ᠡᠵᠡᠮᠳᠡᠬᠦ ᠲᠠᠯ᠎ᠠ ᠶᠢᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠬᠢᠬᠦ ᠠᠵᠢᠯ ᠢ ᠰᠠᠶᠢᠲᠤᠷ ᠬᠢᠵᠦ᠂ ᠬᠤᠪᠢ ᠬᠥᠮᠦᠨ ᠤ ᠰᠡᠷᠭᠡᠶᠢᠯᠡᠨ | ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ | ᠴᠢᠩᠱᠠᠨ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠭᠠᠷ ᠠᠪᠤᠯᠭ᠎ᠠ︾ ︵ᠨᠢᠭᠡᠳᠦᠭᠡᠷ ᠳᠡᠪᠲᠡᠷ︶᠂ ︽ᠴᠢᠩᠱᠠᠨ ᠲᠣᠭᠤᠷᠢᠭ ᠤᠨ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ︵ᠠᠵᠢᠯ ᠢᠶᠠᠨ ᠰᠡᠷᠭᠦᠭᠡᠵᠦ ᠦᠶ᠋ᠯᠡᠳᠪᠦᠷᠢᠯᠡᠯ ᠢᠶᠠᠨ ᠰᠡᠷᠭᠦᠭᠡᠬᠦ | ᠰᠤᠷᠤᠯᠭ᠎ᠠ ᠪᠠᠨ ᠰᠡᠷᠭᠦᠭᠡᠬᠦ ᠲᠤᠰᠬᠠᠶ ᠬᠡᠪᠯᠡᠯ︶ ᠤᠨ ᠰᠡᠷᠭᠡᠶᠢᠯᠡᠨ ᠡᠵᠡᠮᠳᠡᠬᠦ ᠭᠠᠷ ᠠᠪᠤᠯᠭ᠎ᠠ︾ ︵ᠬᠤᠶᠠᠳᠤᠭᠠᠷ | ᠳᠡᠪᠲᠡᠷ︶ ᠶᠢ ᠨᠠᠶᠢᠷᠠᠭᠤᠯᠤᠨ ᠬᠡᠪᠯᠡᠪᠡ᠃ ᠪᠥᠬᠦ ᠣᠷᠣᠨ ᠤ 10 ᠵᠡᠭᠡᠯᠢ ᠪᠠᠯᠭᠠᠰᠤ᠂ ᠲᠣᠭᠤᠷᠢᠭ ᠲᠤ ᠰᠠᠭᠤᠭ᠎ᠠ᠂ | ᠲᠣᠭᠤᠷᠢᠭ ᠤᠨ ᠬᠠᠷᠢᠶ᠎ᠠ ᠠᠵᠤ ᠠᠬᠤᠶᠢᠯᠠᠯ᠂ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠮᠥᠩᠭᠦᠨ ᠭᠦᠶ᠋ᠯᠭᠡᠭᠡᠨ ᠤ | ᠰᠠᠯᠠᠭ᠎ᠠ ᠮᠥᠴᠢᠷ ᠵᠡᠷᠭᠡ ᠳᠤ 3600 ᠭᠠᠷᠤᠶ ᠳᠡᠪᠲᠡᠷ ᠲᠠᠷᠬᠠᠭᠠᠪᠠ᠃ ᠡᠷᠡᠭᠦᠯ ᠮᠡᠨᠳᠦ ᠶᠢᠨ ᠮᠡᠳᠡᠯᠭᠡ᠂ ᠦᠶ᠋ᠯᠡ | ᠠᠵᠢᠯᠯᠠᠭ᠎ᠠ᠂ ᠮᠡᠷᠭᠡᠵᠢᠯ ᠴᠢᠳᠠᠪᠤᠷᠢ ᠶᠢ ᠰᠠᠭᠤᠭᠠᠯᠢ ᠠᠷᠠᠳ ᠤᠨ ᠨᠡᠶᠢᠳᠡᠮ ᠪᠦᠷᠢᠯᠳᠦᠭᠦᠯᠦᠭᠰᠡᠨ ᠬᠡᠪ ᠴᠢᠨᠠᠷ ᠪᠠ | ᠴᠢᠳᠠᠪᠤᠷᠢ ᠪᠣᠯᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠪᠠ | ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠵᠠᠭᠤᠴᠢᠯᠠᠭᠤᠷ ᠤᠨ ᠤᠬᠠᠭᠤᠯᠭ᠎ᠠ ᠪᠠ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ ᠴᠢᠩᠭᠠᠳᠬᠠᠵᠤ᠂ | ᠣᠷᠣᠨ ᠤ ᠳᠣᠲᠣᠷᠠᠬᠢ ᠵᠠᠭᠤᠴᠢᠯᠠᠭᠤᠷ ᠤᠨ ᠬᠥᠬᠡᠮᠳᠦᠭ ᠠᠭᠤᠯᠠ ᠶᠢᠨ ᠬᠡᠷᠡᠭ ᠤᠴᠢᠷ ᠢᠶᠠᠷ ᠳᠠᠮᠵᠢᠭᠤᠯᠤᠨ 30 | ᠭᠠᠷᠤᠶ ᠬᠤᠪᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠸᠢᠴᠠᠲ ᠤᠨ ᠨᠡᠶᠢᠲᠡ ᠶᠢᠨ ᠳ᠋ᠤᠭᠠᠷ ᠤᠨ ᠡᠷᠡᠭᠦᠯ | ᠴᠢᠭᠢᠷᠠᠭ ᠬᠥᠬᠡᠮᠳᠦᠭ ᠠᠭᠤᠯᠠ ᠶᠢᠨ ᠬᠥᠮᠦᠰ ᠲᠤ 160 ᠵᠤᠷᠪᠤᠰ ᠡᠷᠡᠭᠦᠯ ᠮᠡᠨᠳᠦ ᠶᠢᠨ ᠮᠡᠳᠡᠯᠭᠡ ᠶᠢ ᠬᠦᠷᠭᠡᠬᠦ | ᠬᠡᠷᠡᠭᠲᠡᠶ᠃ ᠪᠥᠬᠦ ᠣᠷᠣᠨ ᠤ ᠡᠯ᠎ᠡ ᠵᠡᠭᠡᠯᠢ ᠪᠠᠯᠭᠠᠰᠤ᠂ ᠨᠡᠶᠢᠭᠡᠮ ᠲᠣᠭᠤᠷᠢᠭ᠂ ᠡᠮᠴᠢᠯᠡᠭᠡᠨ ᠤ ᠪᠠᠶᠢᠭᠤᠯᠤᠮᠵᠢ᠂ | ᠬᠠᠮᠢᠶ᠎ᠠ ᠪᠥᠬᠦᠶ ᠰᠠᠯᠠᠭ᠎ᠠ ᠮᠥᠴᠢᠷ ᠲᠤ ᠠᠭᠤᠰᠬᠢᠨ ᠤ ᠰᠢᠨ᠎ᠡ ᠦᠷᠪᠢᠰᠦᠯ ᠤᠨ ᠤᠬᠠᠭᠤᠯᠭ᠎ᠠ ᠶᠢᠨ ᠬᠠᠭᠤᠳᠠᠰᠤ | 17500 ᠬᠤᠪᠢ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠬᠠᠭᠤᠳᠠᠰᠤ 5000 | ᠬᠤᠪᠢ᠂ ᠤᠬᠠᠭᠤᠯᠭ᠎ᠠ ᠶᠢᠨ ᠪᠢᠴᠢᠭᠡᠰᠦ 450 ᠭᠠᠷᠤᠶ ᠬᠤᠪᠢ᠂ ᠤᠬᠠᠭᠤᠯᠭ᠎ᠠ ᠶᠢᠨ ᠵᠠᠷᠯᠠᠯ 10400 ᠬᠤᠪᠢ᠂ | ᠠᠷᠠᠳ ᠢᠷᠭᠡᠳ ᠲᠤ ᠢᠯᠡᠭᠡᠭᠰᠡᠨ ᠵᠠᠬᠢᠳᠠᠯ 20000 ᠬᠤᠪᠢ᠂ ᠢ ᠯᠡ ᠪᠦᠦ 50 ᠬᠤᠪᠢ᠂ ᠬᠠᠯᠠᠭᠤᠨ ᠳᠣᠲᠣᠨᠣ | ᠰᠠᠨᠠᠭᠤᠯᠤᠮᠵᠢ 10000 ᠬᠤᠪᠢ ᠲᠠᠷᠬᠠᠭᠠᠵᠠᠶ᠃ ︽ᠭᠤᠣᠯ ᠰᠡᠳᠦᠪᠲᠦ ᠨᠠᠮ ᠤᠨ ᠡᠳᠦᠷ︾᠂ ︽ᠯᠸᠢ ᠹᠤᠩ ᠠᠴᠠ | ᠰᠤᠷᠤᠯᠴᠠᠬᠤ ᠡᠳᠦᠷ︾ ᠢ ᠠᠰᠢᠭᠯᠠᠨ ᠤᠯᠠᠨ ᠲᠦᠮᠡᠨᠴᠢ ᠴᠢᠨᠠᠷᠲᠠᠶ ᠣᠷᠴᠢᠨ ᠠᠬᠤᠶ ᠶᠢ ᠴᠡᠪᠡᠷᠯᠡᠬᠦ᠂ ᠭᠡᠷ | ᠣᠷᠣᠨ ᠢᠶᠠᠨ ᠴᠡᠪᠡᠷᠰᠢᠭᠦᠯᠬᠦ ᠠᠯᠪᠠᠨ ᠵᠢᠷᠤᠮ ᠤᠨ ᠬᠥᠳᠡᠯᠮᠦᠷᠢ ᠶᠢ ᠥᠷᠨᠢᠭᠦᠯᠵᠦ᠂ ᠥᠷᠭᠡᠨ ᠤᠯᠠᠨ ᠺᠠᠳ᠋ᠷ ᠠᠵᠢᠯᠳᠠᠨ | ᠠᠵᠢᠯᠴᠢᠨ᠂ ᠰᠠᠭᠤᠭᠠᠯᠢ ᠠᠷᠠᠳ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ | ᠢᠳᠡᠪᠬᠢᠲᠡᠶ ᠣᠷᠣᠯᠴᠠᠬᠤ ᠶᠢ ᠤᠷᠢᠶᠠᠯᠠᠵᠤ᠂ ᠥᠪᠡᠷ ᠢ ᠪᠠᠨ ᠰᠡᠷᠭᠡᠶᠢᠯᠡᠨ ᠡᠵᠡᠮᠳᠡᠬᠦ ᠤᠬᠠᠮᠰᠠᠷ ᠪᠠ ᠴᠢᠳᠠᠪᠤᠷᠢ ᠪᠠᠨ | ᠳᠡᠭᠡᠭᠰᠢᠯᠡᠭᠦᠯᠵᠦ᠂ ᠬᠥᠮᠦᠨ ᠪᠦᠬᠦᠨ ᠣᠷᠴᠢᠨ ᠠᠬᠤᠶ ᠶᠢ ᠬᠠᠶᠢᠷᠠᠯᠠᠬᠤ᠂ ᠡᠷᠡᠭᠦᠯ ᠬᠠᠮᠠᠭᠠᠯᠠᠯ ᠪᠠ ᠠᠮᠢᠳᠤᠷᠠᠯ ᠤᠨ | ᠰᠠᠶᠢᠨ ᠰᠠᠶᠢᠬᠠᠨ ᠵᠠᠩ ᠳᠠᠳᠬᠠᠯ ᠢ ᠪᠤᠢ ᠪᠣᠯᠭᠠᠬᠤ ᠬᠡᠷᠡᠭᠲᠡᠶ᠃ | ᠬᠤᠭ ᠨᠣᠪᠰᠢ ᠶᠢ ᠴᠡᠪᠡᠷᠯᠡᠨ ᠬᠡᠷ ᠣᠷᠣᠨ ᠢᠶᠠᠨ ᠴᠡᠪᠡᠷᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠤᠤᠰ ᠡᠯᠪᠡᠭ ᠬᠤᠷᠢᠶᠠᠯᠲᠠ ᠤᠯᠪᠠ᠃ ᠬᠢᠵᠢᠭ ᠤᠨ | ᠬᠠᠯᠳᠠᠪᠤᠷᠢᠯᠠᠯ ᠢ ᠪᠦᠲᠦᠮᠵᠢᠲᠡᠶ ᠪᠠᠷ ᠰᠡᠷᠭᠡᠶᠢᠯᠡᠨ ᠬᠢᠵᠠᠭᠠᠷᠯᠠᠵᠤ᠂ ᠬᠠᠯᠳᠠᠪᠤᠷᠢᠯᠠᠯ ᠤᠨ ᠡᠬᠢ ᠰᠤᠷᠪᠤᠯᠵᠢ ᠪᠠ | ᠬᠠᠯᠳᠠᠪᠤᠷᠢᠯᠠᠯ ᠤᠨ ᠠᠷᠭ᠎ᠠ ᠵᠠᠮ ᠢ ᠲᠠᠰᠤᠯᠬᠤ ᠶᠢᠨ ᠲᠥᠯᠥᠭᠡ᠂ ︽ᠳᠦᠷᠪᠡᠨ ᠬᠤᠣᠷᠲᠠᠨ︾ ᠤ ᠦᠷᠡᠵᠢᠬᠦ᠂ | ᠬᠤᠯᠤᠭᠠᠨ᠎ᠠ ᠶᠢᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠵᠡᠷᠭᠡ ᠣᠷᠣᠰᠢᠨ ᠠᠮᠢᠳᠤᠷᠠᠬᠤ ᠣᠷᠴᠢᠨ ᠨᠥᠬᠦᠴᠡᠯ ᠢ | ᠴᠡᠭᠴᠡᠯᠡᠨ ᠵᠠᠰᠠᠬᠤ ᠪᠠᠷ ᠭᠤᠣᠯ ᠠᠭᠤᠯᠭ᠎ᠠ ᠪᠣᠯᠭᠠᠭᠰᠠᠨ ᠬᠠᠪᠤᠷ ᠤᠨ ᠤᠯᠠᠷᠢᠯ ᠤᠨ ᠡᠪᠡᠳᠴᠢᠨ ᠤ ᠵᠠᠭᠤᠴᠢ ᠠᠮᠢᠳᠤ | ᠪᠣᠳᠠᠰ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ᠨᠢᠭᠡ ᠳᠤ ᠰᠠᠭᠤᠭᠠᠯᠢ ᠠᠷᠠᠳ ᠤᠨ ᠨᠡᠶᠢᠭᠡᠮ | ᠲᠣᠭᠤᠷᠢᠭ ᠤᠨ ᠬᠤᠷᠠᠭᠰᠠᠨ ᠴᠠᠰᠤ᠂ ᠬᠤᠭ ᠨᠣᠪᠰᠢ ᠶᠢ ᠴᠡᠪᠡᠷᠯᠡᠬᠦ᠂ ᠬᠤᠳᠠ ᠶᠢᠨ ᠳᠤᠮᠳᠠᠬᠢ ᠲᠣᠰᠬᠤᠨ᠂ ᠬᠤᠳᠠ | ᠬᠥᠳᠡᠭᠡ ᠶᠢᠨ ᠠᠭᠤᠯᠵᠠᠷ ᠬᠡᠰᠡᠭ᠂ ᠵᠠᠰᠠᠮᠠᠯ ᠵᠠᠮ ᠲᠡᠮᠦᠷ ᠵᠠᠮ ᠳᠠᠭᠠᠤ ᠣᠷᠣᠨ ᠢ ᠴᠡᠭᠴᠡᠯᠡᠨ ᠵᠠᠰᠠᠬᠤ ᠠᠵᠢᠯ ᠢ | ᠴᠢᠩᠭᠠᠳᠬᠠᠨ᠎ᠠ᠃ ᠡᠯ᠎ᠡ ᠵᠡᠭᠡᠯᠢ ᠪᠠᠯᠭᠠᠰᠤ ᠨᠡᠶᠢᠭᠡᠮ ᠲᠣᠭᠤᠷᠢᠭ ᠤᠨ ᠠᠵᠢᠯᠲᠠᠨ᠂ ᠬᠠᠷᠢᠶ᠎ᠠ ᠣᠷᠣᠨ ᠤ ᠳᠣᠲᠣᠷᠠᠬᠢ | ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ᠂ ᠬᠠᠯᠠᠭᠤᠨ ᠰᠡᠳᠬᠢᠯᠲᠦ ᠰᠠᠭᠤᠭᠠᠯᠢ ᠠᠷᠠᠳ᠂ ᠰᠠᠶᠢᠨ | ᠳᠤᠷ᠎ᠠ ᠶᠢᠨ ᠠᠵᠢᠯᠯᠠᠭᠴᠢ᠂ ᠬᠠᠷᠢᠶ᠎ᠠ ᠣᠷᠣᠨ ᠤ ᠠᠵᠤ ᠠᠬᠤᠶᠢᠯᠠᠯ ᠵᠢᠴᠢ ᠠᠳᠠᠯ ᠠᠬᠤᠶ ᠶᠢᠨ ᠺᠣᠮᠫᠠᠨᠢ ᠶᠢᠨ | ᠠᠵᠢᠯᠲᠠᠨ ᠠᠵᠢᠯᠴᠢᠨ ᠵᠡᠷᠭᠡ ᠣᠯᠠᠨ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ ᠬᠡᠷ ᠣᠷᠣᠨ ᠢᠶᠠᠨ ᠴᠡᠪᠡᠷ | ᠲᠡᠭᠰᠢ ᠪᠠᠶᠢᠯᠭᠠᠬᠤ ᠠᠵᠢᠯᠯᠠᠭ᠎ᠠ ᠳᠤ ᠣᠷᠣᠯᠴᠠᠭᠤᠯᠤᠨ᠎ᠠ᠃ ᠣᠳᠣᠬᠠᠨ ᠪᠣᠯᠲᠠᠯ᠎ᠠ᠂ ᠨᠡᠶᠢᠲᠡ 975 ᠭᠠᠷᠤᠶ ᠠᠷᠢᠭᠤᠨ | ᠴᠡᠪᠡᠷ ᠤᠨ ᠥᠯᠥ ᠣᠨᠣᠭᠳᠠᠬᠤ ᠭᠠᠵᠠᠷ ᠢ ᠴᠡᠪᠡᠷᠯᠡᠨ ᠴᠡᠪᠡᠷᠯᠡᠵᠦ᠂ ᠬᠤᠭ ᠨᠣᠪᠰᠢ ᠵᠥᠭᠡᠭᠡᠪᠦᠷᠢᠯᠡᠬᠦ ᠲᠡᠷᠭᠡ ᠶᠢ | 2000 ᠭᠠᠷᠤᠶ ᠤᠳᠠᠭ᠎ᠠ ᠬᠥᠳᠡᠯᠭᠡᠵᠦ᠂ 20 ᠭᠠᠷᠤᠶ ᠤᠬᠤᠬᠤ ᠮᠠᠰᠢᠨ᠂ 11 ᠠᠴᠢᠬᠤ ᠮᠠᠰᠢᠨ ᠢ ᠬᠥᠳᠡᠯᠭᠡᠵᠦ᠂ | ᠨᠡᠶᠢᠲᠡ 4622.7 ᠭᠠᠷᠤᠶ ᠲᠣᠨ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠵᠦ᠂ ᠨᠡᠶᠢᠲᠡ 10060 ᠬᠥᠮᠦᠨ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠵᠠᠶ᠃ ᠬᠤᠶᠠᠷ ᠲᠤ ᠬᠤᠭ | ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠬᠤᠭ | ᠨᠣᠪᠰᠢ ᠶᠢᠨ ᠡᠳᠦᠷ ᠤᠨ ᠭᠠᠷᠤᠯᠲᠠ ᠡᠳᠦᠷ ᠤᠨ ᠴᠡᠪᠡᠷᠰᠢᠯᠲᠡ ᠶᠢ ᠪᠠᠲᠤᠯᠠᠨ᠎ᠠ᠃ ᠡᠳᠦᠷ ᠪᠦᠷᠢ ᠲᠣᠭᠲᠠᠭᠰᠠᠨ | ᠴᠠᠭ ᠲᠤ 41 ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠵᠢᠴᠢ ᠠᠪᠴᠢᠭᠤᠯᠤᠭᠰᠠᠨ ᠬᠤᠭ ᠨᠣᠪᠰᠢ ᠶᠢᠨ ᠬᠠᠶᠢᠷᠴᠠᠭ ᠢ | 6 ᠤᠳᠠᠭ᠎ᠠ ᠤᠰᠠᠳᠬᠠᠵᠤ᠂ ᠬᠤᠭᠤᠯᠠᠨ ᠬᠡᠷ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠵᠢᠴᠢ | ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠤᠳᠠᠭ᠎ᠠ ᠪᠦᠷᠢ ᠶᠢᠨ | ᠲᠡᠷᠭᠡᠨ ᠠᠴᠠ ᠭᠠᠷᠬᠤ ᠳᠤ ᠴᠥᠮ ᠤᠰᠠᠳᠬᠠᠵᠤ᠂ ᠥᠷᠲᠡᠭᠡᠨ ᠳᠤ ᠣᠷᠣᠬᠤ ᠠᠮᠢᠳᠤᠷᠠᠯ ᠤᠨ ᠬᠤᠭ ᠨᠣᠪᠰᠢ ᠶᠢ ᠪᠥᠬᠦ | ᠲᠠᠯ᠎ᠠ ᠪᠠᠷ ᠤᠰᠠᠳᠬᠠᠵᠤ᠂ ᠬᠤᠭ ᠨᠣᠪᠰᠢ ᠶᠢ ᠬᠤᠤᠷ ᠥᠬᠡᠶ ᠪᠣᠯᠭᠠᠨ ᠰᠢᠶ᠋ᠳᠪᠦᠷᠢᠯᠡᠬᠦ ᠨᠣᠷᠮ᠎ᠠ ᠶᠢ 100% ᠳᠤ | ᠬᠦᠷᠦᠭᠦᠯᠦᠨ᠎ᠡ᠃ ᠣᠲᠣ ᠪᠣᠯᠲᠠᠯ᠎ᠠ᠂ ᠨᠡᠶᠢᠲᠡ 13957 ᠲᠣᠨ ᠬᠤᠭ ᠨᠣᠪᠰᠢ ᠶᠢ ᠴᠡᠪᠡᠷᠯᠡᠵᠦ᠂ ᠳᠠᠮᠵᠢᠭᠤᠯᠤᠨ | ᠲᠡᠭᠡᠭᠡᠪᠦᠷᠢᠯᠡᠬᠦ ᠥᠷᠲᠡᠭᠡ᠂ ᠠᠪᠴᠢᠭᠰᠠᠨ ᠬᠤᠭ ᠨᠣᠪᠰᠢ ᠶᠢᠨ ᠬᠠᠶᠢᠷᠴᠠᠭ ᠢ 8187 ᠤᠳᠠᠭ᠎ᠠ ᠤᠰᠠᠳᠬᠠᠵᠤ᠂ | ᠴᠡᠪᠡᠷᠯᠡᠭᠰᠡᠨ ᠮᠠᠰᠢᠨ ᠲᠡᠷᠭᠡ ᠶᠢ 2088 ᠤᠳᠠᠭ᠎ᠠ ᠤᠰᠠᠳᠬᠠᠪᠠ᠃ ᠡᠳᠦᠷ ᠪᠦᠷᠢ 27 ᠰᠠᠤᠷᠢ ᠤᠳᠠᠭᠠᠨ ᠤ | ᠴᠡᠪᠡᠷᠯᠡᠨ ᠲᠡᠭᠡᠭᠡᠪᠦᠷᠢᠯᠡᠬᠦ ᠮᠠᠰᠢᠨ ᠲᠡᠷᠭᠡ ᠬᠥᠳᠡᠯᠭᠡᠵᠦ᠂ ᠬᠤᠳᠠ ᠶᠢᠨ ᠲᠣᠭᠤᠷᠢᠭ ᠤᠨ ᠭᠤᠣᠯ ᠳᠡᠳ᠋ ᠭᠤᠣᠯ ᠵᠠᠮ᠂ | ᠵᠢᠵᠢᠭ ᠵᠡᠭᠡᠯᠢ ᠭᠤᠳᠤᠮᠵᠢ ᠶᠢᠨ ᠠᠷᠢᠭᠤᠨ ᠴᠡᠪᠡᠷ ᠢ ᠪᠦᠬᠦ ᠲᠠᠯ᠎ᠠ ᠪᠠᠷ ᠴᠡᠪᠡᠷᠯᠡᠨ ᠴᠡᠪᠡᠷᠯᠡᠵᠦ᠂ ᠪᠣᠬᠢᠷᠲᠤᠯ ᠤᠨ ᠡᠬᠢ | ᠰᠤᠷᠪᠤᠯᠵᠢ ᠶᠢ ᠲᠦᠢᠯᠪᠤᠷᠢᠲᠠᠢ ᠴᠡᠪᠡᠷᠯᠡᠨ᠎ᠡ᠃ ᠭᠤᠷᠪᠠ ᠳᠤ᠂ ᠨᠡᠶᠢᠲᠡ ᠶᠢᠨ ᠵᠣᠷᠯᠣᠩ ᠢ ᠤᠰᠠᠳᠬᠠᠬᠤ ᠡᠷᠴᠢᠮ ᠢ | ᠴᠢᠩᠭᠠᠷᠠᠭᠤᠯᠵᠤ᠂ ᠶᠠᠪᠤᠵᠤ ᠰᠠᠭᠤᠬᠤ ᠤᠯᠠᠨ ᠲᠦᠮᠡᠨ ᠤ ᠰᠠᠨᠠᠭ᠎ᠠ ᠠᠮᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ | ᠨᠡᠶᠢᠲᠡ ᠶᠢᠨ ᠵᠣᠷᠯᠣᠩ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠬᠢᠵᠦ᠂ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡ ᠶᠢᠨ ᠵᠣᠷᠯᠣᠩ ᠢ ᠪᠥᠬᠦ ᠲᠠᠯ᠎ᠠ ᠪᠠᠷ ᠤᠰᠠᠳᠬᠠᠵᠤ᠂ 43 ᠨᠡᠶᠢᠲᠡ ᠶᠢᠨ ᠵᠣᠷᠯᠣᠩ ᠢ | ᠲᠦᠷ ᠬᠠᠭᠠᠵᠤ᠂ ᠦᠯᠡᠳᠡᠭᠰᠡᠨ 20 ᠵᠣᠷᠯᠣᠩ ᠢ ᠡᠳᠦᠷ ᠪᠦᠷᠢ 2 ᠤᠳᠠᠭ᠎ᠠ ᠤᠰᠠᠳᠬᠠᠵᠤ᠂ ᠨᠡᠶᠢᠲᠡ 2392 | ᠤᠳᠠᠭ᠎ᠠ ᠤᠰᠠᠳᠬᠠᠪᠠ᠃ ᠲᠦᠷᠪᠡ ᠳᠤ᠂ ᠰᠠᠭᠤᠷᠢ ᠳᠡᠯᠭᠡᠭᠦᠷ ᠤᠨ ᠲᠥᠪᠯᠡᠷᠡᠭᠰᠡᠨ ᠵᠠᠮ ᠤᠨ ᠬᠡᠰᠡᠭ ᠵᠢᠴᠢ ᠭᠤᠣᠯ | ᠵᠠᠮ ᠢ ᠤᠷᠢᠳᠠᠪᠠᠷ ᠴᠡᠪᠡᠷᠯᠡᠵᠦ᠂ 1200 ᠭᠠᠷᠤᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ | ᠵᠣᠬᠢᠶᠠᠨ ᠪᠠᠶᠢᠭᠤᠯᠤᠨ ᠳᠠᠶᠢᠴᠢᠯᠠᠵᠤ᠂ ᠬᠠᠷᠢᠶ᠎ᠠ ᠣᠷᠣᠨ ᠤ 70 ᠭᠠᠷᠤᠢ ᠵᠠᠮ ᠤᠨ ᠬᠤᠶᠠᠷ ᠬᠠᠵᠠᠭᠤ ᠶᠢᠨ 850 | ᠲᠦᠮᠡᠨ ᠲᠡᠭᠰᠢ ᠳᠥᠷᠪᠡᠯᠵᠢᠨ ᠮᠧᠳ᠋ᠷ ᠤᠨ ᠬᠡᠪᠴᠢᠶᠡᠨ ᠳᠠᠬᠢ ᠬᠤᠷᠠᠭᠰᠠᠨ ᠴᠠᠰᠤ ᠮᠥᠰᠥ ᠶᠢ ᠪᠦᠬᠦ ᠲᠠᠯ᠎ᠠ ᠪᠠᠷ | ᠴᠡᠪᠡᠷᠯᠡᠵᠦ᠂ ᠨᠡᠶᠢᠲᠡ 1100 ᠴᠡᠪᠡᠷᠯᠡᠨ ᠵᠥᠭᠡᠭᠡᠪᠦᠷᠢᠯᠡᠬᠦ ᠲᠡᠷᠭᠡ ᠶᠢ ᠬᠥᠳᠡᠯᠭᠡᠵᠡᠢ᠃ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠭᠰᠡᠨ ᠤ ᠳᠠᠷᠠᠭᠠᠬᠢ | ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠲᠣᠭᠤᠷᠢᠭ᠂ ᠬᠠᠷᠢᠶ᠎ᠠ ᠣᠷᠣᠨ ᠳᠤ | ᠰᠠᠭᠤᠭ᠎ᠠ ᠠᠵᠤ ᠠᠬᠤᠶᠢᠯᠠᠯ ᠣᠳ ᠦᠢᠯᠡᠳᠪᠦᠷᠢ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ | ᠢ ᠴᠡᠭᠴᠡᠯᠡᠨ ᠵᠠᠰᠠᠬᠤ ᠡᠷᠴᠢᠮ ᠢᠢᠡᠨ ᠨᠡᠮᠡᠭᠳᠡᠭᠦᠯᠬᠦ ᠬᠡᠷᠡᠭᠲᠡᠶ᠃ ᠡᠯ᠎ᠡ ᠠᠯᠪᠠᠨ ᠭᠡᠷ᠂ ᠠᠮᠠᠷᠠᠯᠲᠠ ᠶᠢᠨ | ᠲᠠᠰᠤᠯᠭ᠎ᠠ ᠨᠤᠭᠤᠳ ᠰᠠᠯᠬᠢ ᠨᠡᠪᠲᠡᠷᠡᠭᠦᠯᠬᠦ ᠪᠠ ᠠᠷᠢᠭᠤᠳᠬᠠᠬᠤ ᠠᠵᠢᠯ ᠢ ᠡᠳᠦᠷ ᠪᠦᠷᠢ ᠰᠠᠶᠢᠲᠤᠷ ᠬᠢᠵᠦ᠂ | ᠠᠷᠢᠭᠤᠨ ᠴᠡᠪᠡᠷ ᠤᠨ ᠲᠠᠰᠤᠯᠭ᠎ᠠ᠂ ᠬᠤᠪᠴᠠᠰᠤ ᠰᠣᠯᠢᠬᠤ ᠲᠠᠰᠤᠯᠭ᠎ᠠ ᠵᠡᠷᠭᠡ ᠶᠢ ᠡᠳᠦᠷ ᠪᠦᠷᠢ ᠲᠦᠷᠪᠡ ᠤᠳᠠᠭ᠎ᠠ | ᠠᠷᠢᠭᠤᠳᠬᠠᠵᠤ᠂ ᠲᠤᠰᠬᠠᠶ ᠬᠥᠮᠦᠨ ᠢᠶᠠᠷ ᠬᠠᠮᠢᠶᠠᠷᠤᠭᠤᠯᠬᠤ ᠪᠠ ᠲᠡᠮᠳᠡᠭᠯᠡᠭᠦᠯᠬᠦ ᠶᠢ ᠪᠡᠶᠡᠯᠡᠭᠦᠯᠵᠦ᠂ | ᠦᠢᠯᠡᠳᠪᠦᠷᠢ ᠶᠢᠨ ᠭᠡᠷ ᠪᠠᠶᠢᠰᠢᠩ ᠤᠳ ᠰᠠᠯᠬᠢ ᠨᠡᠪᠲᠡᠷᠡᠭᠦᠯᠦᠨ ᠠᠭᠠᠷ ᠰᠣᠯᠢᠬᠤ ᠪᠠ ᠠᠷᠢᠭᠤᠳᠬᠠᠬᠤ ᠠᠵᠢᠯ ᠢ | ᠰᠠᠶᠢᠲᠤᠷ ᠬᠢᠬᠦ ᠬᠡᠷᠡᠭᠲᠡᠶ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠶᠡᠷᠦᠩᠬᠡᠶ | ᠱᠠᠭᠠᠷᠳᠠᠯᠭ᠎ᠠ ᠶᠣᠰᠣᠭᠠᠷ᠂ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠬᠤ ᠶᠡᠭᠡ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠨᠢᠭᠡ ᠳᠤ᠂ ᠬᠤᠳᠠ ᠶᠢᠨ ᠳᠦᠷᠰᠦ ᠪᠠᠶᠢᠳᠠᠯ | ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠳᠡᠭᠡᠭᠰᠢᠯᠡᠭᠦᠯᠦᠨ᠎ᠡ᠃ ᠨᠡᠶᠢᠲᠡ 40 ᠭᠠᠷᠤᠶ ᠮᠠᠰᠢᠨ ᠲᠡᠷᠭᠡ ᠬᠥᠳᠡᠯᠭᠡᠨ᠂ 350 ᠨᠡᠭᠦᠳᠡᠯ ᠳᠡᠯᠭᠡᠭᠡ ᠮᠠᠶᠢᠮᠠᠶ ᠶᠢ | ᠴᠡᠪᠡᠷᠯᠡᠵᠦ᠂ 200 ᠭᠠᠷᠤᠶ ᠳᠡᠯᠭᠡᠭᠦᠷ ᠤᠨ ᠭᠠᠳᠠᠨ᠎ᠠ ᠲᠠᠯᠪᠢᠵᠤ᠂ 170 ᠭᠠᠷᠤᠶ ᠵᠢᠵᠢᠭ ᠵᠠᠷ ᠮᠡᠳᠡᠭᠡ᠂ 45 | ᠡᠯᠭᠦᠭᠡ ᠪᠢᠴᠢᠭᠡᠰᠦ ᠶᠢ ᠳᠡᠯᠭᠡᠭᠰᠡᠨ ᠪᠠᠶᠢᠨ᠎ᠠ᠃ { ᠤᠳᠠᠭ᠎ᠠ ᠶᠢ ᠳᠤᠷ᠎ᠠ ᠪᠠᠷ ᠢᠶᠠᠨ ᠬᠡᠷᠡᠭᠯᠡᠬᠦ } ᠵᠢᠵᠢᠭ ᠵᠠᠷ | ᠮᠡᠳᠡᠭᠡ ᠶᠢ ᠨᠡᠶᠢᠲᠡ 40 ᠭᠠᠷᠤᠶ ᠭᠠᠷᠭᠠᠵᠤ᠂ ᠨᠡᠶᠢᠲᠡ ᠶᠢᠨ ᠮᠠᠰᠢᠨ ᠲᠡᠷᠭᠡ ᠶᠢ ᠨᠡᠶᠢᠲᠡ 350 ᠭᠠᠷᠤᠶ ᠬᠥᠳᠡᠯᠭᠡᠵᠦ | ᠂ 200 ᠭᠠᠷᠤᠶ ᠳᠡᠯᠭᠡᠭᠦᠷ ᠤᠨ ᠭᠠᠳᠠᠨ᠎ᠠ ᠲᠠᠯᠪᠢᠵᠤ᠂ 200 ᠭᠠᠷᠤᠶ ᠳᠡᠯᠭᠡᠭᠦᠷ ᠤᠨ ᠭᠠᠳᠠᠨ᠎ᠠ ᠲᠠᠯᠪᠢᠵᠤ ᠪᠠᠶᠢᠨ᠎ᠠ᠃ | ᠬᠤᠶᠠᠷ ᠲᠤ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ | ᠠᠵᠢᠯ ᠢᠶᠠᠨ ᠰᠡᠷᠭᠦᠭᠡᠵᠦ ᠦᠶ᠋ᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠨ᠎ᠠ᠃ ᠡᠳᠦᠷ ᠲᠤᠲᠤᠮ ᠤᠨ ᠠᠷᠢᠭᠤᠨ | ᠴᠡᠪᠡᠷ ᠪᠠᠶᠢᠯᠭᠠᠬᠤ ᠪᠠ ᠠᠷᠢᠯᠭᠠᠬᠤ ᠠᠵᠢᠯ ᠤᠨ ᠤᠳᠠᠭ᠎ᠠ ᠳᠠᠷᠠᠭ᠎ᠠ ᠶᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ | ᠳᠣᠲᠣᠷᠠᠬᠢ ᠠᠷᠢᠭᠤᠨ ᠴᠡᠪᠡᠷ᠂ ᠠᠷᠢᠯᠭᠠᠬᠤ ᠠᠵᠢᠯ ᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠤᠯᠠᠭᠠᠨ ᠪᠥᠴᠡᠲᠡᠨ ᠤ ᠵᠠᠳᠠᠭᠠᠶ ᠲᠦᠷ ᠴᠠᠭ ᠤᠨ ᠵᠠᠬ᠎ᠠ ᠳᠡᠯᠭᠡᠭᠦᠷ ᠢ ᠴᠠᠭᠠᠵᠠᠯᠠᠵᠤ᠂ ᠵᠠᠬ᠎ᠠ | ᠳᠡᠯᠭᠡᠭᠦᠷ ᠤᠨ ᠡᠷᠬᠢᠨ ᠲᠣᠭᠤᠷᠢᠨ ᠤ 200 ᠰᠢᠬᠠᠮ ᠨᠡᠭᠦᠳᠡᠯ ᠳᠡᠯᠭᠡᠭᠦᠷ ᠢ 7 ᠠᠷᠠᠳ ᠲᠤ ᠲᠥᠬᠦᠮ ᠦᠵᠡᠭᠦᠯᠬᠦ | ᠵᠠᠬ᠎ᠠ ᠳᠡᠯᠭᠡᠭᠦᠷ ᠲᠤ ᠨᠡᠪᠲᠡᠷᠡᠭᠦᠯᠪᠡ᠃ ᠭᠤᠷᠪᠠ ᠳᠤ᠂ ᠰᠠᠭᠤᠭᠠᠯᠢ ᠠᠷᠠᠳ ᠤᠨ ᠲᠣᠭᠤᠷᠢᠭ ᠢ ᠳᠤᠷ᠎ᠠ ᠪᠠᠷ ᠢᠶᠠᠨ | ᠪᠠᠶᠢᠭᠤᠯᠬᠤ ᠶᠢ ᠴᠡᠭᠴᠡᠯᠡᠨ ᠵᠠᠰᠠᠵᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠨ᠎ᠠ᠃ ᠨᠡᠶᠢᠲᠡ 1200 | ᠭᠠᠷᠤᠶ ᠲᠡᠭᠰᠢ ᠳᠥᠷᠪᠡᠯᠵᠢᠨ ᠮᠧᠲᠷ ᠤᠨ ᠨᠣᠭᠤᠭᠠᠨ ᠭᠠᠵᠠᠷ ᠢ ᠬᠤᠪᠢ ᠪᠠᠷ ᠢᠶᠠᠨ ᠳᠤᠷ᠎ᠠ ᠪᠠᠷ ᠢᠶᠠᠨ ᠪᠠᠷᠢᠵᠤ | ᠪᠠᠶᠢᠭᠤᠯᠤᠭᠰᠠᠨ᠂ ᠬᠦᠷᠢᠶᠡᠯᠡᠨ ᠡᠵᠡᠯᠡᠭᠰᠡᠨ᠂ ᠪᠠᠷᠤᠭ 210 ᠲᠣᠨ ᠬᠤᠭ ᠨᠣᠪᠰᠢ ᠶᠢ ᠴᠡᠪᠡᠷᠯᠡᠭᠰᠡᠨ 70 ᠲᠡᠷᠭᠡ ᠶᠢ | ᠴᠡᠪᠡᠷᠯᠡᠵᠡᠶ᠃ ᠲᠦᠷᠪᠡ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠪᠡᠷᠯᠡᠯᠲᠡ ᠶᠢ ᠴᠢᠩᠭᠠᠳᠬᠠᠵᠤ᠂ | ᠤᠯᠠᠨ ᠲᠦᠮᠡᠨ ᠤ ᠬᠠᠨᠤᠮᠵᠢ ᠶᠢᠨ ᠰᠣᠶᠣᠯ ᠤᠨ ᠵᠠᠮ᠂ ᠰᠢᠨᠵᠢᠯᠡᠬᠦ ᠤᠬᠠᠭᠠᠨ ᠤ ᠵᠠᠮ᠂ ᠲᠤᠸᠠᠨ ᠵᠢᠶᠧ ᠶᠡᠭᠡ ᠵᠡᠭᠡᠯᠢ᠂ | ᠴᠢᠩ ᠱᠠᠨ ᠵᠠᠮ᠂ ᠴᠢᠯᠥᠭᠡᠲᠦ ᠵᠠᠮ᠂ ᠹᠦ᠋ ᠹᠦ᠋ ᠵᠠᠮ᠂ ᠯᠢᠨ ᠶᠤᠸᠠᠨ ᠵᠠᠮ ᠤᠨ ᠵᠠᠬ᠎ᠠ ᠳᠡᠯᠭᠡᠭᠦᠷ᠂ ᠴᠡᠷᠢᠭ ᠤᠨ ᠠᠵᠤ | ᠦᠶ᠋ᠯᠡᠳᠪᠦᠷᠢ ᠶᠢᠨ ᠵᠠᠮ ᠤᠨ ᠬᠤᠶᠠᠳᠤᠭᠠᠷ ᠴᠠᠬᠢᠯᠭᠠᠨ ᠤ ᠦᠶ᠋ᠯᠡᠳᠪᠦᠷᠢ ᠵᠡᠷᠭᠡ ᠵᠠᠮ ᠤᠨ ᠬᠡᠰᠡᠭ ᠲᠤ 50 ᠭᠠᠷᠤᠶ | ᠲᠡᠷᠭᠡ 200 ᠭᠠᠷᠤᠶ ᠲᠣᠨ ᠮᠥᠰᠥ ᠴᠠᠰᠤ ᠶᠢ ᠴᠡᠪᠡᠷᠯᠡᠨ ᠠᠷᠢᠯᠭᠠᠬᠤ ᠠᠵᠢᠯ ᠢ ᠵᠣᠬᠢᠶᠠᠨ ᠪᠠᠶᠢᠭᠤᠯᠵᠤ᠂ | ᠠᠮᠢᠳᠤᠷᠠᠯ ᠤᠨ ᠬᠤᠭ ᠨᠣᠪᠰᠢ ᠶᠢ ᠨᠡᠶᠢᠲᠡ 15890 ᠲᠣᠨ ᠴᠡᠪᠡᠷᠯᠡᠪᠡ᠃ ᠲᠠᠪᠤ ᠳᠤ᠂ ᠬᠤᠭᠤᠯᠠᠨ ᠭᠡᠷ | ᠲᠣᠭᠤᠭᠠᠨ ᠭᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠪᠤᠵᠠᠷ ᠰᠠᠮᠠᠭᠤᠨ ᠵᠥᠷᠢ᠊ ᠡᠶ᠎ᠡ︾ | ᠶᠢᠨ ᠦᠵᠡᠭᠳᠡᠯ ᠢ ᠬᠤᠷᠢᠭᠯᠠᠵᠤ᠂ ᠡᠳᠦᠷ ᠤᠨ ᠭᠠᠷᠤᠯᠲᠠ ᠶᠢ ᠡᠳᠦᠷ ᠲᠤ ᠴᠡᠪᠡᠷᠯᠡᠬᠦ ᠶᠢ ᠦᠨᠳᠦᠰᠦᠨ ᠳᠡᠭᠡᠨ | ᠪᠡᠶᠡᠯᠡᠭᠦᠯᠪᠡ᠃ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢ᠊ | ᠡᠶ᠎ᠡ ᠶᠢᠨ ᠬᠢᠨ ᠬᠥᠮᠦᠨ ᠤᠯᠠᠨ᠂ ᠬᠥᠮᠦᠨ ᠠᠮᠠ ᠶᠢᠨ ᠤᠷᠤᠰᠬᠠᠯ ᠤᠨ ᠬᠡᠮᠵᠢ᠊ ᠡᠶ᠎ᠡ ᠶᠡᠭᠡ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠲᠤ ᠠᠭᠠᠷ ᠨᠡᠪᠲᠡᠷᠡᠬᠦ᠂ ᠣᠷᠴᠢᠨ ᠲᠣᠭᠤᠷᠢᠨ ᠴᠡᠪᠡᠷ ᠲᠡᠭᠰᠢ ᠠᠮᠤᠷ ᠲᠦᠪᠰᠢᠨ | ᠣᠷᠴᠢᠨ ᠲᠣᠭᠤᠷᠢᠨ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ︽ᠭᠤᠷᠪᠠᠨ ᠦᠩᠭᠡ ᠶᠢᠨ ᠲᠦᠷᠪᠡᠨ | ᠬᠦᠰᠦᠨᠦᠭᠲᠦ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢ᠊ ᠡᠶ᠎ᠡ ᠶᠢ ᠬᠡᠷᠡᠭᠵᠢᠭᠦᠯᠵᠦ᠂ ᠵᠢᠵᠢᠭ ᠢᠳᠡᠭᠡᠨ | ᠤᠮᠳᠠᠭᠠᠨ ᠤ ᠳᠡᠯᠭᠡᠭᠦᠷ᠂ ᠵᠢᠵᠢᠭ ᠦᠢᠯᠡᠳᠬᠡᠯ᠂ ᠵᠢᠵᠢᠭ ᠪᠤᠯᠭᠤᠭᠰᠠᠨ ᠢᠳᠡᠭᠡᠨ ᠤ ᠳᠡᠯᠭᠡᠭᠦᠷ ᠵᠡᠷᠭᠡ ᠢᠳᠡᠭᠡᠨ ᠵᠢᠴᠢ | ᠵᠡᠭᠡᠯᠢ ᠳᠠᠭᠠᠤ ᠳᠡᠯᠭᠡᠭᠦᠷ ᠤᠨ ᠭᠤᠣᠯᠳᠠᠯᠭ᠎ᠠ ᠲᠠᠢ ᠲᠠᠯᠠᠪᠤᠷ ᠤᠨ ᠠᠷᠢᠭᠤᠨ ᠴᠡᠪᠡᠷ ᠤᠨ ᠬᠠᠮᠢᠶᠠᠷᠤᠯᠲᠠ ᠶᠢ ᠦᠨᠡᠨᠬᠦ | ᠰᠠᠶᠢᠲᠤᠷ ᠠᠳᠬᠤᠵᠤ᠂ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠠᠷᠢᠭᠤᠨ ᠴᠡᠪᠡᠷ ᠠᠷᠢᠭᠤᠨ ᠴᠡᠪᠡᠷ | ᠪᠠᠶᠢᠬᠤ ᠶᠢ ᠪᠠᠲᠤᠯᠠᠬᠤ ᠬᠡᠷᠡᠭᠲᠡᠢ᠃ 13 ᠡᠷᠦᠬᠡ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠣᠬᠢᠶᠠᠨ | ᠪᠠᠶᠢᠭᠤᠯᠤᠨ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠤᠯᠯᠠᠨ ᠡᠷᠭᠢᠯᠡᠬᠦ ᠲᠠᠯ᠎ᠠ ᠶᠢ ᠴᠠᠭ ᠲᠣᠭᠲᠠᠭᠠᠨ ᠬᠥᠮᠦᠨ ᠲᠣᠭᠲᠠᠭᠠᠵᠤ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠬᠠᠳᠠᠭᠠᠯᠠᠵᠤ ᠪᠠᠶᠢᠭ᠎ᠠ ᠡᠯᠳᠡᠪ ᠪᠣᠳᠠᠰ ᠪᠠ ᠬᠠᠶᠠᠭᠳᠠᠮᠠᠯ ᠪᠣᠳᠠᠰ ᠢ ᠴᠡᠪᠡᠷᠯᠡᠨ | ᠠᠷᠢᠯᠭᠠᠬᠤ᠂ ᠬᠥᠮᠦᠨ ᠲᠣᠭᠲᠠᠭᠠᠨ ᠴᠡᠭ ᠲᠣᠭᠲᠠᠭᠠᠵᠤ ᠵᠠᠬ᠎ᠠ ᠳᠡᠯᠭᠡᠭᠦᠷ ᠲᠤ ᠪᠥᠬᠦ ᠲᠠᠯ᠎ᠠ ᠶᠢᠨ ᠠᠷᠢᠭᠤᠨ ᠴᠡᠪᠡᠷ | ᠪᠠ ᠠᠷᠢᠭᠤᠳᠬᠠᠯ ᠬᠢᠬᠦ ᠶᠢ ᠱᠠᠭᠠᠷᠳᠠᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢ ᠪᠦᠲᠦᠮᠵᠢᠲᠡᠶ ᠠᠪᠤᠭᠰᠠᠨ ᠪᠠᠶᠢᠨ᠎ᠠ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠲᠠᠷᠢᠶᠠᠯᠠᠩ ᠤᠨ ᠠᠷᠠᠯᠵᠢᠶᠠᠨ ᠤ ᠡᠯ᠎ᠡ ᠵᠠᠬ᠎ᠠ ᠳᠡᠯᠭᠡᠭᠦᠷ ᠤᠨ ᠪᠣᠳᠠᠲᠠᠶ ᠠᠰᠠᠭᠤᠳᠠᠯ ᠢ | ᠵᠣᠬᠢᠴᠠᠭᠤᠯᠤᠨ ᠰᠢᠶ᠋ᠳᠪᠦᠷᠢᠯᠡᠵᠦ᠂ ᠲᠠᠷᠢᠶᠠᠯᠠᠩ ᠤᠨ ᠠᠷᠠᠯᠵᠢᠶᠠᠨ ᠤ 8 ᠵᠠᠬ᠎ᠠ ᠳᠡᠯᠭᠡᠭᠦᠷ ᠲᠤ ᠠᠷᠢᠭᠤᠳᠬᠠᠬᠤ | ᠰᠢᠩᠭᠡᠨ ᠢ 170kg ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ᠵᠠᠬ᠎ᠠ ᠳᠡᠯᠭᠡᠭᠦᠷ ᠢ ᠰᠢᠪᠠᠳᠠᠨ | ᠬᠠᠪᠰᠤᠷᠴᠤ ᠪᠠᠶᠢᠭᠠᠳ ᠠᠷᠢᠭᠤᠨ ᠴᠡᠪᠡᠷ ᠢ ᠢᠯᠭᠠᠷᠠᠭᠤᠯᠤᠨ ᠲᠢᠭᠯᠡᠬᠦ ᠠᠵᠢᠯ ᠢ ᠰᠠᠶᠢᠲᠤᠷ ᠬᠢᠯᠭᠡᠨ᠎ᠡ᠃ ᠴᠢᠩᠱᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠷᠢᠭᠤᠨ | ᠴᠡᠪᠡᠷ ᠢ ᠲᠦᠢᠯᠪᠤᠷᠢᠲᠠᠶ ᠴᠡᠪᠡᠷᠯᠡᠵᠦ᠂ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠤᠨ ᠨᠥᠬᠦᠴᠡᠯ ᠢ ︽ | ᠪᠥᠬᠦ ᠲᠠᠯ᠎ᠠ ᠪᠠᠷ ᠴᠡᠭᠴᠡᠯᠡᠨ ᠵᠠᠰᠠᠬᠤ᠂ ᠪᠥᠬᠦ ᠲᠠᠯ᠎ᠠ ᠪᠠᠷ ᠨᠡᠪᠴᠢᠭᠦᠯᠬᠦ︾ ᠵᠠᠷᠴᠢᠮ ᠢ ᠪᠠᠷᠢᠮᠲᠠᠯᠠᠨ᠂ ᠬᠢᠴᠢᠶᠡᠯ ᠤᠨ | ᠬᠡᠷ᠂ ᠲᠤᠷᠰᠢᠯᠲᠠ ᠶᠢᠨ ᠲᠠᠰᠤᠭ᠂ ᠨᠣᠮ ᠤᠩᠰᠢᠬᠤ ᠲᠠᠰᠤᠭ᠂ ᠬᠤᠷᠠᠯ ᠤᠨ ᠬᠡᠷ᠂ ᠬᠤᠭᠤᠯᠠᠨ ᠬᠡᠷ᠂ ᠪᠠᠶᠢᠷᠢ ᠶᠢᠨ | ᠬᠡᠷ᠂ ᠡᠷᠡᠭᠦᠯ ᠬᠠᠮᠠᠭᠠᠯᠠᠯ ᠤᠨ ᠥᠷᠥᠭᠡ ᠵᠡᠷᠭᠡ ᠭᠤᠤᠯᠳᠠᠯᠭ᠎ᠠ ᠲᠠᠢ ᠲᠠᠯᠠᠪᠤᠷ ᠢ ᠪᠥᠬᠦ ᠲᠠᠯ᠎ᠠ ᠪᠠᠷ ᠴᠡᠪᠡᠷᠯᠡᠨ | ᠠᠷᠢᠯᠭᠠᠵᠤ᠂ ᠰᠤᠷᠤᠯᠭ᠎ᠠ ᠡᠬᠢᠯᠡᠬᠦ ᠡᠯ᠎ᠡ ᠵᠦᠶ᠋ᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠡᠷᠲᠡᠬᠡᠨ ᠪᠥᠬᠦ ᠲᠠᠯ᠎ᠠ ᠪᠠᠷ ᠢᠯᠠᠬᠤ ᠳᠤ ᠰᠠᠶᠢᠨ ᠰᠠᠶᠢᠬᠠᠨ ᠰᠤᠷᠤᠯᠴᠠᠬᠤ᠂ ᠠᠮᠢᠳᠤᠷᠠᠯ ᠤᠨ | ᠣᠷᠴᠢᠨ ᠲᠣᠭᠤᠷᠢᠨ ᠢ ᠪᠣᠶ ᠪᠣᠯᠭᠠᠨ᠎ᠠ᠃ | ᠰᠢᠪᠠᠳᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢᠨ ᠬᠤᠣᠰ ᠬᠢᠵᠢᠭ ᠤᠨ ᠪᠠᠶᠢᠳᠠᠯ | ᠡᠭᠦᠰᠦᠭᠰᠡᠨ ᠠᠴᠠ ᠨᠠᠰᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠠᠯᠪᠠᠨ ᠬᠡᠷ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠵᠡᠷᠭᠡᠪᠡᠷ ᠠᠳᠬᠤᠬᠤ ᠶᠢ | ᠢᠮᠠᠭᠲᠠ ᠡᠮᠦᠨ᠎ᠡ ᠬᠤᠭᠤᠴᠠᠭᠠᠨ ᠳᠤ᠂ ᠡᠳᠦᠷ ᠪᠦᠷᠢ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠬᠠᠷᠢᠶ᠎ᠠ | ᠣᠷᠣᠨ ᠤ ᠪᠠᠨ ᠨᠡᠶᠢᠭᠡᠮ ᠲᠣᠭᠤᠷᠢᠭ᠂ ᠲᠣᠰᠬᠤᠨ᠂ ᠵᠠᠬ᠎ᠠ ᠳᠡᠯᠭᠡᠭᠦᠷ᠂ ᠬᠡᠲᠦ ᠳᠡᠯᠭᠡᠭᠦᠷ ᠤᠨ ᠣᠷᠣᠬᠤ ᠡᠭᠦᠳᠡ᠂ | ᠠᠰᠠᠷ ᠤᠨ ᠨᠢᠭᠡᠴᠢ ᠵᠠᠮ᠂ ᠬᠤᠭ ᠤᠨ ᠬᠠᠶᠢᠷᠴᠠᠭ᠂ ᠴᠠᠬᠢᠯᠭᠠᠨ ᠱᠠᠲᠤ ᠵᠡᠷᠭᠡ ᠶᠢ ᠤᠰᠠᠳᠬᠠᠵᠤ ᠠᠷᠢᠭᠤᠳᠬᠠᠭᠰᠠᠨ | ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠴᠢ ᠰᠠᠭᠤᠭᠠᠯᠢ ᠠᠷᠠᠳ ᠤᠨ ᠠᠮᠠᠪᠴᠢ ᠲᠠᠢ ᠪᠠᠶᠢᠬᠤ | ᠡᠰᠡᠬᠦ ᠶᠢ ᠬᠢᠨᠠᠨ ᠵᠢᠯᠣᠭᠤᠳᠴᠤ ᠪᠠᠶᠢᠴᠠᠭᠠᠬᠤ ᠪᠠᠷ ᠭᠤᠤᠯᠳᠠᠯᠭ᠎ᠠ ᠪᠠᠨ ᠪᠣᠯᠭᠠᠨ᠎ᠠ᠃ ᠣᠳᠣᠬᠠᠨ ᠪᠣᠯᠲᠠᠯ᠎ᠠ᠂ 10 | ᠵᠡᠭᠡᠯᠢ ᠪᠠᠯᠭᠠᠰᠤ ᠶᠢᠨ 400 ᠭᠠᠷᠤᠶ ᠵᠢᠵᠢᠭ ᠲᠣᠭᠤᠷᠢᠭ᠂ 21 ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠬᠤᠶᠠᠷ ᠡᠭᠡᠯᠵᠢ ᠬᠢᠨᠠᠨ ᠵᠢᠯᠣᠭᠤᠳᠴᠤ ᠪᠠᠶᠢᠴᠠᠭᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ | ᠲᠤᠬᠠᠶ ᠶᠢᠨ ᠡᠭᠡᠯᠵᠢ ᠶᠢᠨ ᠬᠠᠮᠢᠶᠠᠷᠤᠯᠲᠠ ᠶᠢᠨ ᠠᠵᠢᠯᠲᠠᠨ ᠪᠤᠶᠤ ᠤᠲᠠᠰᠤ ᠪᠠᠷ ᠬᠠᠷᠢᠶ᠎ᠠ ᠬᠡᠷᠡᠭ ᠡᠷᠬᠢᠯᠡᠬᠦ ᠭᠠᠵᠠᠷ ᠤᠨ | ᠬᠠᠷᠢᠭᠤᠴᠠᠯᠭᠠᠲᠠᠨ ᠳᠤ ᠴᠠᠭ ᠲᠤᠬᠠᠶ ᠳᠤᠨᠢ ᠮᠡᠳᠡᠭᠳᠡᠵᠡᠶ᠃ ᠬᠢᠵᠢᠭ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ | ᠬᠠᠨᠳᠤᠰᠢ ᠲᠠᠢ ᠪᠣᠯᠬᠤ ᠶᠢ ᠳᠠᠭᠠᠯᠳᠤᠨ᠂ ᠪᠢᠳᠡ ᠬᠢᠨᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠡᠷᠡᠭᠦᠯ | ᠬᠠᠮᠠᠭᠠᠯᠠᠯ ᠤᠨ ᠪᠠᠶᠢᠩᠭᠤ ᠶᠢᠨ ᠬᠠᠮᠢᠶᠠᠷᠤᠯᠲᠠ ᠪᠣᠯᠤᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠨ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠪᠠᠭᠤᠷᠠᠶ ᠬᠡᠰᠡᠭ ᠪᠣᠯᠤᠨ ᠬᠤᠲᠠ ᠬᠥᠳᠡᠭᠡ ᠶᠢᠨ ᠠᠭᠤᠯᠵᠠᠷ ᠬᠡᠰᠡᠭ ᠢᠶᠠᠷ ᠭᠤᠤᠯᠳᠠᠯᠭ᠎ᠠ ᠪᠣᠯᠭᠠᠵᠤ᠂ ᠨᠡᠶᠢᠭᠡᠮ | ᠲᠣᠭᠤᠷᠢᠭ᠂ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ | ᠰᠤᠷᠭᠠᠭᠤᠯᠢ ᠶᠢᠨ ᠡᠷᠬᠢᠨ ᠲᠣᠭᠤᠷᠢᠨ᠂ ᠡᠮᠨᠡᠯᠭᠡ ᠶᠢᠨ ᠬᠤᠷᠢᠶ᠎ᠠ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠳᠤ ᠪᠠᠶᠢᠴᠠᠭᠠᠯᠲᠠ ᠬᠢᠬᠦ ᠶᠢᠨ ᠬᠠᠮᠲᠤ ᠬᠤᠲᠠ ᠶᠢᠨ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠱᠠᠭᠠᠷᠳᠠᠯᠭ᠎ᠠ ᠶᠣᠰᠣᠭᠠᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠴᠡᠭᠴᠡᠯᠡᠨ ᠵᠠᠰᠠᠬᠤ ᠡᠳᠦᠷ ᠤᠨ ᠰᠣᠨᠢᠨ ᠤ ᠲᠦᠷᠢᠮ ᠢ ᠪᠠᠷᠢᠮᠲᠠᠯᠠᠨ ᠭᠦᠶ᠋ᠴᠡᠳᠬᠡᠪᠡ᠃ 2 ᠰᠠᠷ᠎ᠠ ᠶᠢᠨ 9 ᠤ | ᠡᠳᠦᠷ ᠠᠴᠠ ᠣᠲᠣ ᠪᠣᠯᠲᠠᠯ᠎ᠠ᠂ ᠨᠡᠶᠢᠲᠡ 21 ᠲᠣᠰᠬᠤᠨ ︵ᠨᠢᠭᠡᠨᠲᠡ 2 ᠡᠭᠡᠯᠵᠢ ᠶᠢᠨ ᠬᠢᠨᠠᠨ ᠵᠢᠯᠣᠭᠤᠳᠣᠯᠭ᠎ᠠ ᠶᠢ | ᠪᠡᠶᠡᠯᠡᠭᠦᠯᠪᠡ︶᠂ 208 ᠵᠢᠵᠢᠭ ᠲᠣᠭᠤᠷᠢᠭ᠂ 17 ᠵᠠᠬ᠎ᠠ ᠳᠡᠯᠭᠡᠭᠦᠷ᠂ 4 ᠬᠡᠲᠦ ᠳᠡᠯᠭᠡᠭᠦᠷ ᠤᠨ ᠣᠷᠴᠢᠨ | ᠠᠬᠤᠶ ᠶᠢᠨ ᠡᠷᠡᠭᠦᠯ ᠬᠠᠮᠠᠭᠠᠯᠠᠯ᠂ ᠤᠰᠠᠳᠬᠠᠭᠳᠠᠭᠰᠠᠨ ᠪᠠᠶᠢᠳᠠᠯ ᠢ ᠬᠢᠨᠠᠨ ᠵᠢᠯᠣᠭᠤᠳᠴᠤ᠂ 7 ᠬᠤᠭᠤᠴᠠᠭ᠎ᠠ ᠬᠢᠨᠠᠨ | ᠪᠠᠶᠢᠴᠠᠭᠠᠬᠤ ᠮᠡᠳᠡᠭᠳᠡᠯ ᠪᠠᠭᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠷᠴᠢᠨ ᠠᠬᠤᠶ ᠶᠢᠨ | ᠡᠷᠡᠭᠦᠯ ᠬᠠᠮᠠᠭᠠᠯᠠᠯ ᠤᠨ ᠠᠰᠠᠭᠤᠳᠠᠯ ᠢ 65 ᠢᠯᠡᠷᠡᠭᠦᠯᠵᠦ᠂ 54 ᠵᠦᠶ᠋ᠯ ᠢ ᠨᠢ ᠴᠡᠭᠴᠡᠯᠡᠨ ᠥᠭᠡᠷᠡᠴᠢᠯᠡᠪᠡ᠃ | ᠬᠥᠮᠦᠰ ᠤᠨ ᠣᠷᠣᠰᠢᠨ ᠰᠠᠭᠤᠬᠤ ᠠᠷᠢᠭᠤᠨ ᠴᠡᠪᠡᠷ᠂ ᠴᠡᠪᠡᠷ ᠲᠡᠭᠰᠢ ᠣᠷᠴᠢᠨ ᠲᠣᠭᠤᠷᠢᠨ ᠢ ᠦᠨᠡᠨᠬᠦ ᠪᠤᠢ ᠪᠣᠯᠭᠠᠵᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠨ | ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠪᠠᠬᠢ ᠡᠷᠡᠭᠦᠯ ᠬᠠᠮᠠᠭᠠᠯᠠᠯ ᠤᠨ ᠰᠠᠭᠤᠷᠢ ᠶᠢ | ᠲᠠᠯᠪᠢᠭᠰᠠᠨ ᠪᠠᠶᠢᠨ᠎ᠠ᠃ | | | | |