【 ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ 】 ᠳ᠋ᠦᠩ ᠾᠧ ᠲᠣᠭᠤᠷᠢᠭ᠄ ︽ᠨᠤᠲᠤᠭ ᠤᠨ ᠪᠢᠴᠢᠭ ᠤᠨ ᠬᠥᠮᠦᠨ︾᠎ ᠢ ᠰᠣᠩᠭᠤᠨ ᠲᠣᠮᠢᠯᠠᠵᠤ ᠪᠠᠶᠠᠵᠢᠯ ᠤᠨ ᠴᠡᠴᠡᠭ ᠢ ᠳᠦᠭᠦᠷᠡᠩ ᠳᠡᠯᠭᠡᠷᠡᠭᠦᠯᠦᠨ᠎ᠡ
ᠨᠡᠶᠢᠲᠡᠯᠡᠭᠰᠡᠨ ᠴᠠᠭ᠄
2021/12/6
  ᠳ᠋ᠦᠩ ᠾᠧ ᠲᠣᠭᠤᠷᠢᠭ ᠤᠨ ᠥᠩ ᠰᠢᠮᠡᠯᠢᠭ ᠲᠠᠷᠢᠶᠠᠨ ᠭᠠᠵᠠᠷ ᠲᠤ ᠰᠢᠷ᠎ᠠ ᠬᠥᠷᠥᠰᠥᠨ ᠳᠤ ᠬᠠᠨᠳᠤᠵᠤ᠂ ᠬᠠᠬᠢᠷ ᠬᠦᠢᠳᠡᠨ ᠬᠠᠯᠠᠭᠤᠨ ᠠᠴᠠ ᠠᠶᠤᠬᠤ ᠦᠭᠡᠢ᠂ ᠬᠤᠪᠴᠠᠰᠤ ᠬᠤᠨᠠᠷ ᠨᠢ ᠪᠣᠷᠣᠭᠵᠢᠭᠤᠨ᠂ ᠲᠠᠷᠢᠶᠠᠴᠢᠳ ᠲᠤ ᠬᠦᠷᠢᠶᠡᠯᠡᠭᠳᠡᠵᠦ᠂ ᠨᠢᠭᠡ ᠲᠠᠯ᠎ᠠ ᠪᠠᠷ ᠪᠡᠶ᠎ᠡ ᠪᠠᠷ ᠢᠶᠠᠨ ᠵᠢᠭᠠᠨ ᠰᠤᠷᠭᠠᠬᠤ ᠶᠢᠨ ᠬᠠᠮᠲᠤ ᠡᠷᠬᠢᠨ ᠲᠣᠭᠤᠷᠢᠨ ᠤ ᠬᠥᠮᠦᠰ ᠤᠨ ᠢᠶᠠᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠦᠷ᠎ᠡ︾᠎ ᠶᠢ ᠰᠠᠴᠤᠵᠤ᠂ ︽ᠥᠭᠦᠯᠡᠯ︾᠎ ᠢᠶᠠᠨ ᠡᠬᠡ ᠤᠯᠤᠰ ᠤᠨ ᠢᠶᠠᠨ ᠨᠤᠲᠤᠭ ᠳᠡᠪᠢᠰᠬᠡᠷ ᠳᠡᠭᠡᠷ᠎ᠡ ᠪᠢᠴᠢᠭᠯᠡᠳᠡᠭ᠂ ᠲᠡᠳᠡ ᠪᠣᠯ ᠳᠠᠷᠤᠢ ᠬᠥᠳᠡᠭᠡ ᠲᠣᠰᠬᠤᠨ ᠳᠤ ᠦᠨᠳᠦᠰᠦᠯᠡᠵᠦ᠂ ᠲᠠᠷᠢᠶᠠᠴᠢᠨ ᠡᠷᠦᠬᠡ ᠲᠠᠢ ᠵᠣᠯᠭᠠᠭᠤᠯᠵᠤ᠂ ᠬᠥᠳᠡᠭᠡ ᠲᠣᠰᠬᠤᠨ ᠤ ᠠᠷᠠᠳ ᠲᠤ ᠪᠤᠶᠠᠨ ᠦᠢᠯᠡᠳᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯᠤᠨ᠎ᠠ᠃
ᠪᠡᠯᠡᠳᠭᠡᠮᠵᠢᠳᠤ ᠲᠠᠷᠢᠶᠠᠯᠠᠩ ᠤᠨ ᠮᠡᠷᠭᠡᠵᠢᠯ ᠤᠨ    ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠪᠣᠯ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠮᠥᠨ᠂ ᠣᠳᠣᠬᠠᠨ ᠤ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠶ᠋ᠳᠪᠦᠷᠢᠯᠡᠬᠦ ᠪᠦᠲᠦᠮᠵᠢᠲᠡᠶ ᠠᠷᠭ᠎ᠠ ᠵᠠᠮ ᠮᠥᠨ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠨᠢ ᠰᠢᠨᠵᠢᠯᠡᠬᠦ ᠤᠬᠠᠭᠠᠨ ᠮᠡᠷᠭᠡᠵᠢᠯ ᠤᠨ ᠤᠴᠢ ᠶᠢᠨ ᠤᠴᠢ ᠰᠢᠭ᠋ ᠢᠶᠠᠷ ᠳ᠋ᠦᠩᠾᠤ ᠭᠤᠣᠯ ᠤᠨ ᠡᠬᠡ ᠭᠠᠵᠠᠷ ᠲᠤ ᠢᠳᠡᠭ ᠢᠳᠡᠭ ᠢᠶᠠᠷ ᠠᠭᠤᠯᠠ ᠰᠢᠲᠠᠭᠠᠬᠤ ᠪᠠᠶᠢᠳᠠᠯ ᠲᠠᠢ ᠪᠤᠯᠵᠤ᠂ ᠲᠠᠷᠢᠶᠠᠴᠢᠨ ᠲᠦᠮᠡᠨ ᠤ ᠦᠵᠡᠯ ᠰᠠᠨᠠᠭ᠎ᠠ ᠣᠶᠢᠯᠠᠭᠠᠭᠳᠠᠬᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠨᠢ ᠴᠦ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠮᠵᠢᠯᠠᠭᠳᠠᠨ ᠳᠡᠯᠭᠡᠷᠡᠭᠰᠡᠨ ᠠᠴᠠ ᠪᠤᠯᠵᠤ ᠬᠤᠪᠢᠷᠠᠵᠠᠶ᠃ ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠨᠡᠶᠢᠲᠡ 161 ᠬᠥᠮᠦᠨ ᠤᠳᠠᠭ᠎ᠠ ᠲᠣᠮᠢᠯᠠᠵᠤ᠂ ᠵᠢᠮᠢᠰ ᠤᠨ ᠮᠣᠳᠣ᠂ ᠭᠦᠵᠡᠯᠵᠡᠭᠡᠨ᠎ᠡ ᠶᠢᠨ ᠰᠢᠨ᠎ᠡ ᠡᠭᠦᠯᠳᠡᠷ ᠢ 400 ᠭᠠᠷᠤᠶ ᠮᠥ ᠳᠡᠯᠭᠡᠷᠡᠭᠦᠯᠵᠦ᠂ 55 ᠲᠦᠮᠡ ᠭᠠᠷᠤᠶ ᠰᠠᠭᠤᠷᠢ ᠰᠢᠨ᠎ᠡ ᠡᠭᠦᠯᠳᠡᠷ ᠤᠨ ᠵᠤᠯᠵᠠᠭ᠎ᠠ ᠮᠣᠳᠣ ᠶᠢ ᠦᠷᠡᠵᠢᠭᠦᠯᠦᠨ ᠪᠤᠶᠢᠵᠢᠭᠤᠯᠵᠠᠶ᠃
ᠳ᠋ᠤᠸᠠᠨ ᠹᠤᠩ ᠰᠢᠶᠠ ᠲᠣᠰᠬᠤᠨ ᠤ ᠠᠷᠠᠳ ᠢ ᠵᠢᠯᠣᠭᠤᠳᠤᠨ ᠰᠣᠩᠭᠢᠨ᠎ᠠ ᠳᠠᠷᠢᠭᠤᠯᠪᠠ    ︽ᠮᠠᠨ ᠤ ᠭᠸᠤ ᠮᠧᠨ ᠲᠣᠰᠬᠤᠨ ᠳᠤ ᠰᠣᠩᠭᠢᠨ᠎ᠠ ᠳᠠᠷᠢᠭᠠᠳ ᠨᠢᠭᠡᠨᠲᠡ 80 ᠭᠠᠷᠤᠢ ᠵᠢᠯ ᠤᠨ ᠲᠡᠦᠬᠡ ᠲᠠᠢ ᠪᠣᠯᠪᠠ᠂ ᠭᠡᠪᠡᠴᠦ ᠲᠦᠷᠦᠭᠦᠦ ᠬᠡᠳᠦᠨ ᠵᠢᠯ ᠳᠤ᠂ ᠰᠣᠩᠭᠢᠨ᠎ᠠ ᠶᠢᠨ ᠲᠦᠷᠦᠯ ᠵᠦᠢᠯ ᠪᠠᠭ᠋ᠠᠨ ᠮᠠᠭᠤᠳᠠᠵᠤ᠂ ᠭᠠᠷᠤᠯᠲᠠ ᠨᠢ ᠨᠡᠮᠡᠭᠳᠡᠵᠦ ᠳᠡᠶᠢᠯᠬᠦ ᠦᠭᠡᠢ ᠪᠣᠯᠤᠭᠰᠠᠨ ᠢ ᠪᠢ ᠣᠯᠵᠤ ᠮᠡᠳᠡᠵᠡᠢ᠂ ᠡᠨᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠢᠳᠠ ᠱᠠᠨᠳᠦ᠋ᠩ ᠤᠨ ᠵᠠᠩ ᠴᠢᠦ ᠶᠢᠨ ᠰᠣᠩᠭᠢᠨ᠎ᠠ ᠶᠢ ᠣᠷᠣᠭᠤᠯᠤᠨ ᠠᠪᠴᠢᠷᠠᠵᠤ᠂ ᠤᠷᠢᠳᠠᠪᠠᠷ ᠨᠢᠭᠡ ᠪᠦᠯᠦᠭ ᠲᠤᠷᠰᠢᠯᠲᠠ ᠬᠢᠵᠦ ᠳᠠᠷᠢᠭᠠᠳ ᠴᠢᠨᠠᠷ ᠰᠠᠶᠢᠲᠠᠢ ᠪᠠᠶᠢᠬᠤ ᠶᠢ ᠲᠣᠭᠲᠠᠭᠠᠭᠠᠳ ᠰᠠᠶ᠋ᠢ ᠲᠣᠰᠬᠤᠨ ᠤ ᠠᠷᠠᠳ ᠲᠤ ᠳᠡᠯᠭᠡᠷᠡᠭᠦᠯᠵᠦ ᠥᠭᠴᠡᠢ︾᠃ ᠭᠡᠵᠦ ᠳ᠋ᠤᠸᠠᠨ ᠹᠧᠩ ᠰᠢᠶᠠ ᠰᠤᠷᠪᠤᠯᠵᠢᠯᠠᠭᠴᠢ ᠳᠤ ᠲᠠᠨᠢᠯᠴᠠᠭᠤᠯᠪᠠ᠃ ᠳ᠋ᠤᠸᠠᠨ ᠹᠤᠩ ᠰᠢᠶᠠ ᠪᠣᠯ ᠰᠢᠷᠴᠢᠨ ᠪᠠᠯᠭᠠᠰᠤᠨ ᠤ ᠠᠱᠠᠨ ᠭᠸᠤ ᠮᠤᠨ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠪᠣᠯᠤᠭᠰᠠᠨ ᠤ ᠬᠤᠪᠢ ᠳᠤ᠂ ᠲᠡᠷᠡ ᠲᠤᠰᠢᠶᠠᠯ ᠳᠤ ᠭᠠᠷᠤᠭᠰᠠᠨ ᠠᠴᠠ ᠪᠠᠨ ᠠᠪᠤᠭᠠᠳ ᠲᠣᠰᠬᠤᠨ ᠤ ᠠᠷᠠᠳ ᠢ ᠬᠡᠷᠬᠢᠨ ᠪᠠᠶᠠᠵᠢᠭᠤᠯᠬᠤ ᠶᠢ ᠪᠣᠳᠣᠯᠬᠢᠯᠠᠭᠰᠠᠭᠠᠷ ᠢᠷᠡᠵᠠᠢ᠂ ᠲᠠᠷᠢᠶᠠᠨ ᠭᠠᠵᠠᠷ ᠠᠴᠠ ᠲᠡᠭᠦᠨ ᠤ ᠶᠠᠭᠠᠷᠠᠯᠲᠠᠢ ᠪᠠᠶᠢᠳᠠᠯ ᠢ ᠣᠯᠵᠤ ᠬᠠᠷᠠᠳᠠᠭ᠃ ︽ᠪᠢᠳᠡ ᠰᠢᠨ᠎ᠡ ᠲᠧᠭᠨᠢᠭ ᠮᠡᠷᠭᠡᠵᠢᠯ ᠢ ᠰᠤᠷᠴᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠲᠠᠷᠢᠶ᠎ᠠ ᠲᠠᠷᠢᠬᠤ ᠬᠡᠷᠡᠭᠲᠡᠶ᠂ ᠢᠩᠭᠢᠪᠡᠯ ᠰᠠᠶ᠋ᠢ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠨ ᠪᠠᠶᠠᠵᠢᠵᠤ ᠴᠢᠳᠠᠨ᠎ᠠ᠃︾ ᠳ᠋ᠤᠸᠠᠨ ᠹᠧᠩ ᠰᠢᠶᠠ ᠲᠣᠰᠬᠤᠨ ᠤ ᠠᠷᠠᠳ ᠲᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠬᠤ ᠦᠵᠡᠯ ᠰᠠᠨᠠᠭ᠎ᠠ ᠪᠣᠯᠤᠨ ᠤᠢᠢᠯᠠᠭᠠᠭᠳᠠᠬᠤᠨ ᠢ ᠤᠬᠠᠭᠤᠯᠪᠠ᠃ ᠵᠠᠩ ᠴᠢᠦ ᠶᠢᠨ ᠰᠣᠩᠭᠢᠨ᠎ᠠ ᠶᠢ ᠣᠷᠣᠭᠤᠯᠤᠭᠰᠠᠨ ᠤ ᠳᠠᠷᠠᠭ᠎ᠠ᠂ ᠤᠷᠭᠤᠴᠠ ᠨᠢ ᠬᠥᠮᠦᠨ ᠢ ᠪᠠᠶᠠᠰᠬᠠᠵᠤ᠂ ᠭᠠᠷᠤᠯᠲᠠ ᠨᠢ ᠴᠦ ᠤᠤᠯ ᠤᠨ ᠡᠭᠦᠯᠳᠡᠷ ᠠᠴᠠ ᠪᠠᠨ ᠬᠤᠶᠠᠷ ᠳᠠᠬᠢᠨ ᠥᠨᠳᠥᠷ ᠪᠣᠯᠵᠤ᠂ ᠲᠣᠰᠬᠤᠨ ᠤ ᠠᠷᠠᠳ ᠤᠨ ᠮᠦ ᠪᠦᠷᠢ ᠶᠢᠨ ᠣᠷᠣᠯᠭ᠎ᠠ ᠨᠢ 3000-5000 ᠲᠥᠭᠦᠷᠢᠭ ᠲᠤ ᠬᠦᠷᠦᠭᠰᠡᠨ ᠪᠠᠶᠢᠨ᠎ᠠ᠃ ᠲᠣᠰᠬᠤᠨ ᠤ ᠠᠷᠠᠳ ᠪᠠᠶᠠᠷᠲᠠᠶ ᠪᠠᠷ᠄ ︽ᠳ᠋ᠤᠸᠠᠨ ᠹᠤᠩ ᠰᠢᠶᠠ ᠪᠣᠯ ᠦᠨᠡᠬᠡᠷ ᠮᠠᠨ ᠤ ᠪᠠᠶᠠᠵᠢᠨ ᠴᠢᠨᠡᠭᠡᠯᠢᠭᠵᠢᠬᠦ ᠶᠢᠨ ᠰᠠᠶᠢᠨ ᠬᠠᠪᠰᠤᠷᠤᠭᠴᠢ ᠰᠢᠤ︾ ᠭᠡᠵᠦ ᠬᠡᠯᠡᠪᠡ᠃
ᠵᠠᠩ ᠵᠢᠶᠦ᠋ᠨ ᠶᠠᠨ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠪᠡ    ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯ ᠨᠠᠳᠠ ᠳᠤ ᠠᠪᠴᠤ ᠬᠡᠯᠡᠪᠡᠯ ᠨᠢᠭᠡᠨ ᠴᠣ᠋ ᠰᠢᠨ᠎ᠡ ᠠᠵᠢᠯ ᠪᠣᠯᠤᠨ᠎ᠠ᠂ ᠡᠨᠡᠬᠦ ᠠᠵᠢᠯ ᠨᠢ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠡᠭᠦᠷᠭᠡ ᠨᠡᠯᠢᠶᠡᠳ ᠬᠦᠨᠳᠦ᠂ ᠬᠠᠷᠢᠭᠤᠴᠠᠯᠭ᠎ᠠ ᠴᠤ ᠨᠡᠯᠢᠶᠡᠳ ᠶᠡᠭᠡ ᠶᠤᠮ᠂ ᠡᠶᠢᠮᠦ ᠠᠴᠠ ᠪᠢ ᠲᠠᠰᠤᠷᠠᠯᠲᠠ ᠦᠭᠡᠢ ᠬᠤᠷᠠᠮᠳᠤᠭᠤᠯᠤᠨ ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢ ᠨᠡᠩ ᠰᠠᠶᠢᠲᠤᠷ ᠵᠢᠯᠣᠭᠤᠳᠤᠨ ᠰᠢᠨ᠎ᠡ ᠮᠡᠷᠭᠡᠵᠢᠯ ᠢᠶᠠᠷ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠵᠦ᠂ ᠲᠡᠳᠡᠨ ᠤ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠱᠠᠭᠠᠷᠳᠠᠵᠤ ᠪᠠᠶᠢᠨ᠎ᠠ︾᠃ ᠭᠡᠵᠦ ᠮᠠᠯ ᠤᠨ ᠡᠮᠴᠢ ᠵᠠᠩ ᠵᠢᠶᠦ᠋ᠨ ᠶᠠᠨ ᠬᠡᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠤᠰᠢᠶᠠᠯ ᠢ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ᠂ ᠲᠡᠷᠡ ᠥᠪᠡᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰᠬᠤᠨ ᠪᠠᠯᠭᠠᠰᠤ ᠳᠤ ᠭᠦᠨᠵᠡᠭᠡᠶᠢᠷᠡᠵᠦ᠂ ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠡᠷᠦᠬᠡ ᠳᠠᠷᠠᠭᠠᠯᠠᠨ ᠤᠬᠠᠭᠤᠯᠵᠤ᠂ ᠬᠢᠵᠢᠭ ᠡᠪᠡᠳᠴᠢᠨ ᠤ ᠲᠡᠵᠢᠭᠡᠨ ᠦᠷᠡᠵᠢᠭᠦᠯᠬᠦ ᠡᠷᠦᠬᠡ ᠵᠢᠴᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠤᠴᠠᠷᠠᠭᠤᠯᠬᠤ ᠬᠤᠣᠷ ᠬᠥᠨᠥᠭᠡᠯ ᠢ ᠲᠠᠶᠢᠯᠪᠤᠷᠢᠯᠠᠪᠠ᠃ ︽ᠬᠢᠵᠢᠭ ᠢ ᠰᠡᠷᠭᠡᠶᠢᠯᠡᠬᠦ ᠪᠣᠯ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ ᠭᠡᠳᠡᠭ ᠪᠣᠯ ᠲᠡᠭᠦᠨ ᠤ ᠦᠷᠭᠦᠯᠵᠢ ᠶᠠᠷᠢᠳᠠᠭ ᠦᠭᠡ ᠶᠤᠮ᠃ ᠲᠣᠰᠬᠤᠨ ᠳᠤ ᠪᠠᠭᠤᠵᠤ᠂ ᠣᠷᠣᠨ ᠰᠠᠭᠤᠴᠠ ᠳᠤ ᠣᠷᠣᠬᠤ ᠪᠣᠯ ᠳᠠᠷᠤᠢ ᠲᠡᠭᠦᠨ ᠤ ᠠᠵᠢᠯ ᠤᠨ ᠬᠡᠪ ᠤᠨ ᠪᠠᠶᠢᠳᠠᠯ ᠪᠣᠯᠤᠨ᠎ᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠦᠵᠡᠯ ᠤᠬᠠᠮᠰᠠᠷ ᠳᠡᠭᠡᠭᠰᠢᠯᠡᠵᠦ᠂ ᠬᠠᠷᠢᠶᠠᠲᠤ ᠣᠷᠣᠨ ᠤ ᠬᠡᠪᠴᠢᠶᠡᠨ ᠳᠤ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠪᠠ ᠮᠢᠬᠠᠨ ᠢᠳᠡᠭᠡᠨ ᠤ ᠶᠠᠰᠤ ᠴᠢᠨᠠᠷ ᠤᠨ ᠠᠶᠤᠯᠭᠦᠶ ᠶᠢᠨ ᠬᠡᠷᠡᠭ ᠣᠳᠣ ᠪᠣᠯᠲᠠᠯ᠎ᠠ ᠭᠠᠷᠤᠭ᠎ᠠ ᠦᠭᠡᠢ ᠪᠠᠶᠢᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ ᠶᠠᠪᠤᠴᠠ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠪᠠᠭᠤᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠨ᠎ᠠ᠃    ᠨᠢᠭᠡ ᠡᠷᠦᠬᠡ ᠶᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ    ᠬᠥᠳᠡᠭᠡ ᠲᠣᠰᠬᠤᠨ ᠤ ᠭᠤᠶᠣ ᠡᠷᠪᠡᠬᠡᠶ ᠶᠢᠨ ᠬᠤᠪᠢᠷᠠᠯᠲᠠ    ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠳ᠋ᠦᠩ ᠾᠧ ᠲᠣᠭᠤᠷᠢᠭ ᠲᠤ ᠪᠠᠶᠢᠬᠤ ᠶᠢ ᠢᠯᠡᠷᠡᠭᠦᠯᠪᠡ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠦᠷ ᠳᠠᠯᠠᠶᠢᠴᠠᠲᠠᠢ ᠬᠦᠴᠦᠨ ᠨᠡᠮᠡᠷᠢᠯᠡᠪᠡ    ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠳᠤ ᠦᠢᠯᠡᠴᠢᠯᠡᠬᠦ ᠵᠠᠮ ᠳᠡᠭᠡᠷ᠎ᠡ    ᠳ᠋ᠦᠩ ᠾᠧ ᠲᠣᠭᠤᠷᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠬᠤ ᠪᠠᠷ ᠪᠠᠶᠢᠨ᠎ᠠ    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠶᠢ ᠲᠠᠷᠢᠶᠠᠨ ᠭᠠᠵᠠᠷ ᠲᠤ ᠦᠨᠳᠦᠰᠦᠯᠡᠭᠦᠯᠦᠨ᠎ᠡ    ᠪᠠᠶᠠᠵᠢᠯ ᠤᠨ ᠴᠡᠴᠡᠭ ᠨᠢᠭᠡ ᠬᠥᠢᠰ ᠳᠡᠯᠭᠡᠷᠡᠨ᠎ᠡ    
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1