︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ︾ ︽ᠤᠯᠠᠭᠠᠨ ᠨᠢᠯᠬ᠎ᠠ ᠨᠠᠬᠢᠶ᠎ᠠ︾ ᠶᠢ ᠮᠠᠨ ᠤ ᠭᠡᠷ ᠤᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠠᠩᠬᠠᠷᠤᠨ ᠬᠠᠯᠠᠮᠵᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/12/6
    ᠴᠣᠩᠬᠤᠨ ᠤ ᠭᠠᠳᠠᠨ᠎ᠠ ᠬᠦᠢᠲᠡᠨ ᠠᠭᠤᠷ ᠠᠮᠢᠰᠬᠤᠯ ᠲᠠᠢ ᠪᠠᠶ᠋ᠬᠤ ᠳᠤ ᠭᠡᠷ ᠳᠣᠲᠣᠷ᠎ᠠ ᠬᠠᠷᠢᠨ ᠳᠤᠯᠠᠭᠠᠬᠠᠨ ᠪᠠᠢᠯ᠎ᠠ᠃ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠤᠭᠤᠳᠤᠯᠭ᠎ᠠ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ ᠪᠤᠢ᠂ ᠡᠨᠡ ᠪᠣᠯ ᠰᠢ ᠶᠢᠨ ᠫᠢᠩ ᠬᠤᠳᠠ ᠶᠢᠨ ᠶᠡᠷᠦᠩᠬᠡᠢ ᠱᠦᠵᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠳ᠋ᠦᠩ ᠾᠧ ᠲᠣᠭᠤᠷᠢᠭ ᠤᠨ ᠶᠠᠩ ᠭᠧ ᠯᠢᠶᠠᠩᠵᠡᠭᠡᠯᠢ ᠭᠤᠳᠤᠮᠵᠢ ᠶᠢᠨ ᠠᠮᠤᠭᠤᠯᠠᠩ ᠰᠠᠭᠤᠷᠢᠰᠢᠯ ᠤᠨ ᠨᠡᠶᠢᠭᠡᠮ ᠲᠣᠭᠤᠷᠢᠭ ᠲᠤ ᠬᠦᠷᠦᠭᠰᠡᠨ ᠤ ᠬᠤᠷᠢᠶᠠᠩᠭᠤᠢ ᠲᠦᠷᠢ ᠪᠣᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠬᠦᠷᠭᠡᠵᠦ᠂ ᠪᠠᠶᠠᠷ ᠪᠠᠶᠠᠰᠤᠯ ᠪᠣᠯᠤᠨ ᠪᠣᠯᠪᠠᠰᠤᠨ ᠢ ᠤᠯᠠᠨ ᠲᠦᠮᠡᠨ ᠤ ᠰᠡᠳᠬᠢᠯ ᠳᠤ ᠬᠦᠷᠭᠡᠨ᠎ᠡ᠃
ᠳᠥᠷᠪᠡᠯᠡᠯ ᠳᠠᠭᠤᠤ ︽ᠨᠡᠷᠡᠨ ᠭᠡᠷᠡᠯᠲᠦ ᠵᠠᠮ︾    ︽ᠬᠥᠳᠡᠭᠡ ᠲᠠᠯ᠎ᠠ ᠳᠤ ᠮᠥᠩᠬᠡ ᠶᠢᠨ ᠨᠠᠷᠠ ᠮᠠᠨᠳᠤᠯ᠎ᠠ︾ ᠭᠡᠵᠦ ᠮᠠᠰᠢ ᠰᠠᠶᠢᠬᠠᠨ ᠰᠣᠨᠣᠰᠳᠠᠵᠤ ᠪᠠᠶᠢᠨ᠎ᠠ᠂ ᠮᠠᠨ ᠤ ᠥᠪᠥᠷ ᠮᠣᠩᠭᠤᠯ ᠤᠨ ᠥᠷᠨᠢᠩᠭᠦᠢ ᠬᠥᠭᠵᠢᠯᠲᠡ ᠪᠣᠯᠤᠨ ᠲᠠᠯ᠎ᠠ ᠨᠤᠲᠤᠭ ᠤᠨ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠪᠠᠶᠢᠳᠠᠯ ᠢ ᠳᠠᠭᠤᠯᠠᠬᠤ ᠪᠠᠷ ᠳᠠᠮᠵᠢᠭᠤᠯᠵᠤ᠂ ᠭᠡᠰᠢᠭᠦᠳ ᠤᠨ ᠡᠶᠢᠨᠬᠦ ᠬᠤᠯᠠ ᠠᠴᠠ ᠪᠢᠳᠡᠨ ᠳᠤ ᠲᠣᠭᠯᠠᠯᠲᠠ ᠭᠠᠷᠭᠠᠵᠤ ᠥᠭᠭᠦᠭᠰᠡᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ᠭᠡᠵᠦ ᠠᠨ ᠵᠢᠤᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢ ᠡᠵᠢ ᠬᠡᠯᠡᠪᠡ᠃ ᠳᠠᠭᠤᠤ᠂ ᠪᠥᠵᠢᠭ᠂ ᠬᠤᠶᠠᠷ ᠬᠥᠮᠦᠨ ᠤ ᠲᠠᠶᠢᠰᠠ ᠁ ᠤᠯᠠᠭᠠᠨᠮᠥ᠋ᠴᠢᠷ ᠤᠨ ᠭᠡᠰᠢᠭᠦᠳ ᠲᠠᠶᠢᠰᠠᠨ ᠳᠡᠭᠡᠷ᠎ᠡ ᠭᠦᠨ ᠰᠡᠳᠬᠢᠯᠭᠡ ᠲᠠᠢ ᠪᠠᠷ ᠲᠣᠭᠯᠠᠯᠲᠠ ᠭᠠᠷᠭᠠᠵᠤ᠂ ᠲᠠᠶᠢᠰᠠᠨ ᠳᠣᠣᠷ᠎ᠠ ᠠᠯᠠᠭ᠎ᠠ ᠲᠠᠰᠢᠯᠳᠠ ᠶᠢᠨ ᠲᠠᠭᠤᠨ ᠲᠠᠰᠤᠷᠠᠯᠳᠡ ᠦᠭᠡᠢ ᠶᠠᠪᠤᠭᠳᠠᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠢᠲᠡᠭᠡᠯ ᠵᠣᠷᠢᠭ ᠢ ᠨᠡᠮᠡᠭᠳᠡᠭᠦᠯᠵᠡᠢ᠃    ᠤᠨᠤᠯ ᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠦᠨ᠎ᠡ    ︽ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠲᠠᠮᠵᠢᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠬᠤ ᠶᠢ ᠪᠢ ᠮᠡᠳᠡᠯ᠎ᠡ︾᠃ ᠪᠦᠭᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠰᠢᠶ᠋ᠳᠪᠦᠷᠢ︾ ᠳᠤ ᠪᠢᠳᠡ ᠥᠩᠭᠡᠷᠡᠭᠰᠡᠨ ᠳᠤ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠭᠡᠳᠡᠭ ᠢ ᠭᠦᠨᠵᠡᠭᠡᠶ ᠬᠠᠷᠠᠭᠤᠯᠤᠭᠰᠠᠨ ᠪᠠᠶᠢᠨ᠎ᠠ᠂ ᠦᠨᠳᠦᠰᠦᠨ ᠱᠠᠲᠤᠨ ᠤ ᠠᠵᠢᠯᠲᠠᠨ ᠪᠣᠯᠤᠭᠰᠠᠨ ᠤ ᠬᠤᠪᠢ ᠳᠤ ᠪᠢ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠪᠣᠯᠤᠨ᠎ᠠ︾ ᠭᠡᠵᠦ ᠨᠡᠶᠢᠭᠡᠮ ᠲᠣᠭᠤᠷᠢᠭ ᠤᠨ ᠺᠠᠳ᠋ᠷ ᠯᠢ ᠨᠠ ᠬᠡᠯᠡᠵᠡᠶ᠃    ᠰᠣᠨᠢᠨ ᠮᠡᠳᠡᠭᠡᠨ ᠤ ᠬᠤᠯᠪᠣᠭᠠᠰᠤ    ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠤᠯᠠᠭᠠᠨᠮᠥ᠋ᠴᠢᠷ ᠤᠨ ᠦᠶ᠋ᠯᠡᠰ ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠳᠠ ᠶᠢᠨ ᠤᠯᠠᠭᠠᠨᠮᠥ᠋ᠴᠢᠷ ᠤᠨ ᠠᠯᠬᠤᠭ᠎ᠠ ᠶᠢ ᠲᠠᠭᠠᠵᠦ᠂ 2018 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠣᠬᠤᠷᠬᠠᠨ ᠭᠤᠷᠪᠠᠨ ᠵᠢᠯ ᠤᠨ ᠬᠤᠭᠤᠴᠠᠭᠠᠨ ᠳᠤ ᠪᠦᠬᠦ ᠣᠷᠣᠨ ᠤ ᠰᠢᠶᠠᠩ ᠪᠠᠯᠭᠠᠰᠤ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ᠂ ᠬᠥᠳᠡᠭᠡ ᠲᠣᠰᠬᠤᠨ᠂ ᠴᠡᠷᠢᠭ ᠠᠩᠬᠢ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠠᠵᠠᠷ ᠢᠶᠠᠷ ᠶᠠᠪᠤᠵᠤ᠂ ᠭᠤᠶᠤ ᠰᠠᠶᠢᠬᠠᠨ ᠪᠥᠵᠢᠭ ᠤᠨ ᠳᠦᠷᠢ᠂ ᠬᠠᠩᠭᠢᠨᠠᠮ᠎ᠠ ᠰᠠᠶᠢᠬᠠᠨ ᠳᠠᠭᠤᠤ ᠶᠢ ᠤᠯᠠᠨ ᠲᠦᠮᠡᠨ ᠤ ᠳᠡᠷᠭᠡᠳᠡ ᠬᠦᠷᠭᠡᠵᠦ᠂ ᠨᠠᠮ ᠤᠨ ᠤᠨᠤᠯ ᠴᠢᠭᠯᠡᠯᠲᠡ ᠲᠦᠷᠦ ᠶᠢᠨ ᠪᠤᠳᠤᠯᠭ᠎ᠠ ᠶᠢ ᠲᠠᠷᠢᠶᠠᠨ ᠭᠠᠵᠠᠷ ᠲᠤ ︽ᠠᠰᠬᠠᠵᠤ︾᠂ ᠳ᠋ᠦᠩ ᠾᠧ ᠶᠢ ᠪᠦᠳᠦᠭᠡᠨ ᠪᠠᠶᠢᠭᠤᠯᠬᠤ᠂ ᠳ᠋ᠦᠩ ᠾᠧ ᠶᠢ ᠬᠠᠶᠢᠷᠠᠯᠠᠬᠤ᠂ ᠳ᠋ᠦᠩ ᠾᠧ ᠶᠢᠨ ᠵᠡᠭᠦᠳᠦ ᠶᠢ ᠲᠡᠷᠭᠡᠯᠰᠢᠭᠦᠯᠬᠦ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠠᠢ᠃    ︽ᠵᠢᠷᠭᠠᠬᠤ ᠨᠡᠷᠡᠨ ᠤ ᠲᠤᠶᠠᠭᠠᠨ ᠳᠤ ᠳᠤᠮᠳᠠᠳᠤ ᠤᠯᠤᠰ ᠤᠨ ᠨᠤᠲᠤᠭ ᠳᠡᠪᠢᠰᠬᠡᠷ︾ ᠭᠡᠬᠦ ᠳᠠᠭᠤᠤ ᠶᠢᠨ ᠬᠠᠨᠢ ᠪᠥᠵᠢᠭ    ᠣᠷᠣᠨ ᠤ ᠨᠠᠮ ᠤᠨ ᠬᠤᠷᠢ᠊ ᠡᠶ᠎ᠡ᠂ ᠣᠷᠣᠨ ᠤ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠳ᠋ᠦᠩ ᠡᡁᠧ ᠲᠣᠭᠤᠷᠢᠭ ᠤᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠬᠢᠨ ᠪᠠᠰᠠ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠳᠤ ᠤᠯᠠᠮᠵᠢᠯᠠᠭᠳᠠᠭᠰᠠᠨ᠂ ᠤᠯᠠᠨ ᠲᠦᠮᠡᠨ ᠳᠤ ᠲᠠᠭᠠᠰᠢᠶᠠᠭᠳᠠᠭᠰᠠᠨ ᠤᠳᠬ᠎ᠠ ᠤᠷᠠᠯᠢᠭ ᠤᠨ ᠪᠦᠲᠦᠭᠡᠯ ᠢ ᠢᠳᠡᠪᠬᠢᠲᠡᠢ ᠵᠣᠬᠢᠶᠠᠨ ᠪᠦᠲᠦᠭᠡᠵᠡᠢ᠃ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠬᠤᠭᠤᠴᠠᠭᠠᠨ ᠳᠤ᠂ ᠪᠦᠬᠦ ᠣᠷᠣᠨ ᠳᠤ ᠴᠣᠯᠭᠤᠷᠠᠨ ᠭᠠᠷᠤᠭᠰᠠᠨ ᠪᠠᠭᠠᠲᠤᠷᠯᠢᠭ ᠦᠢᠯᠡ ᠠᠵᠢᠯᠯᠠᠭ᠎ᠠ ᠪᠣᠯᠤᠨ ᠰᠡᠳᠬᠢᠯ ᠬᠥᠳᠡᠯᠭᠡᠮ᠎ᠡ ᠦᠯᠢᠭᠡᠷ ᠢ ᠭᠦᠨᠵᠡᠭᠡᠢ ᠠᠭᠤᠳᠠᠯᠵᠤ᠂ ︽ᠲᠠᠯ᠎ᠠ ᠨᠤᠲᠤᠭ ᠤᠨ ᠬᠢᠨ ᠲᠠᠨ ᠢ ᠤᠭᠲᠤᠵᠤ ᠢᠯᠠᠯᠲᠠ ᠲᠠᠢ ᠪᠠᠷ ᠪᠤᠴᠠᠵᠤ ᠢᠷᠡᠭᠰᠡᠨ ᠢ ᠪᠠᠶᠠᠷᠯᠠᠨ ᠪᠡᠯᠭᠡᠯᠡᠶ᠎ᠡ︾ ᠭᠡᠬᠦ ᠳᠠᠭᠤᠤ ᠶᠢ ᠵᠣᠬᠢᠶᠠᠨ ᠪᠦᠲᠦᠭᠡᠵᠦ᠂ ︽ᠲᠠᠶᠢᠨ ᠤ ᠬᠢᠵᠢᠭ︾ ᠤᠨ ᠡᠮᠦᠨ᠎ᠡ ᠹᠷᠣᠨᠲ ᠤᠨ ᠠᠵᠢᠯᠲᠠᠳ ᠢ ᠮᠠᠭᠲᠠᠨ ᠰᠠᠶᠢᠰᠢᠶᠠᠪᠠ᠃ ︽ᠲᠠᠯ᠎ᠠ ᠨᠤᠲᠤᠭ ᠤᠨ ᠡᠵᠢ︾᠂ ︽ᠮᠣᠩᠭᠤᠯ ᠮᠣᠷᠢ︾ ᠵᠡᠷᠭᠡ ᠪᠥᠵᠢᠭ ᠤᠨ ᠲᠣᠭᠯᠠᠯᠲᠠ ᠶᠢ ᠨᠠᠶᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠬᠦᠴᠦᠨ ᠨᠡᠮᠡᠷᠢᠯᠡᠵᠦ᠂ ᠨᠠᠮ ᠤᠨ ᠳᠠᠭᠤᠨ ᠢ ᠡᠭᠡᠯ ᠠᠷᠠᠳ ᠤᠨ ᠭᠡᠷ ᠲᠤ ᠴᠤᠤᠷᠢᠶᠠᠲᠤᠭᠤᠯᠪᠠ᠃     ᠡᠯ ᠷᠧᠨ ᠲᠠᠢ ︽ᠮᠠᠨᠳᠠᠷᠠᠸ᠎ᠠ ᠴᠡᠴᠡᠭ ᠬᠢᠭᠡᠳ ᠬᠤᠨᠢᠴᠢᠨ ᠬᠡᠦᠬᠡᠳ︾ ᠢ ᠲᠣᠭᠯᠠᠪᠠ    ︽ᠡᠨᠡ ᠤᠳᠠᠭ᠎ᠠ ᠶᠢᠨ ᠤᠯᠠᠭᠠᠨᠮᠥ᠋ᠴᠢᠷ ᠤᠨ ︿ᠤᠷᠠᠨ ᠰᠠᠶᠢᠬᠠᠨ ᠤ ᠲᠣᠭᠯᠠᠯᠲᠠ + ᠤᠨᠤᠯ ᠤᠨ ᠤᠬᠠᠭᠤᠯᠭ᠎ᠠ﹀ ᠶᠢᠨ ᠵᠠᠭᠪᠤᠷ ᠢᠶᠠᠷ ᠲᠤᠯᠢ ᠪᠣᠯᠭᠠᠵᠤ ᠪᠣᠯᠤᠨ᠎ᠠ᠂ ᠵᠠᠯᠭᠠᠭᠠᠳ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠶᠢᠨ ᠲᠣᠭᠤᠷᠢᠨ ᠳᠤ ᠨᠡᠩ ᠤᠯᠠᠨ ᠭᠤᠶᠢᠳᠠ ᠰᠠᠶᠢᠬᠠᠨ ᠤᠷᠠᠨ ᠰᠠᠶᠢᠬᠠᠨ ᠤ ᠪᠦᠲᠦᠭᠡᠯ ᠭᠠᠷᠭᠠᠵᠤ᠂ ᠤᠯᠠᠨ ᠲᠦᠮᠡᠨ ᠲᠠᠢ ᠨᠡᠩ ᠤᠢᠢᠷᠠᠳᠤᠭᠰᠠᠨ ᠤᠷᠠᠨ ᠰᠠᠶᠢᠬᠠᠨ ᠤ ᠲᠣᠭᠯᠠᠯᠲᠠ᠂ ᠨᠡᠩ ᠣᠶᠢᠯᠠᠭᠠᠮᠵᠢᠲᠠᠢ ᠤᠨᠤᠯ ᠤᠨ ᠤᠬᠠᠭᠤᠯᠭ᠎ᠠ ᠶᠢ ᠥᠷᠭᠡᠨ ᠤᠯᠠᠨ ᠰᠠᠭᠤᠭᠠᠯᠢ ᠠᠷᠠᠳ ᠲᠤ ᠳᠠᠮᠵᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ︾᠃ ᠭᠡᠵᠦ ᠳ᠋ᠦᠩ ᠾᠧ ᠲᠣᠭᠤᠷᠢᠭ ᠤᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠬᠠᠷᠢᠭᠤᠴᠠᠯᠭᠠᠲᠠᠨ ᠢᠯᠡᠳᠬᠡᠪᠡ᠃    
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1