ᠰᠢᠨ᠎ᠡ ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠶᠢᠨ ᠬᠤᠯᠪᠣᠭᠳᠠᠯ ᠪᠥᠬᠦᠶ ᠠᠰᠠᠭᠤᠯᠲᠠ ᠬᠠᠷᠢᠭᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/12/7
     ᠨᠢᠭᠡ᠂ ᠶᠠᠭᠤᠨ ᠤ ᠤᠴᠢᠷ ᠠᠴᠠ ᠰᠢᠨ᠎ᠡ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠬᠡᠷᠡᠭᠲᠡᠶ ᠪᠣᠶ︖    ᠬᠠᠷᠢᠭᠤᠯᠲᠠ᠄ ᠠᠭᠤᠰᠬᠢᠨ ᠤ ᠰᠢᠨ᠎ᠡ ᠲᠢᠲᠢᠮ ᠲᠠᠢ ᠦᠷᠪᠢᠰᠦᠯ ᠢ ᠰᠡᠷᠭᠡᠶᠢᠯᠡᠬᠦ ᠬᠠᠮᠤᠭ ᠤᠨ ᠰᠠᠶᠢᠨ ᠠᠷᠭ᠎ᠠ ᠪᠣᠯ ᠸᠠᠺᠼᠢᠨ ᠤ ᠲᠠᠷᠢᠯᠭ᠎ᠠ ᠬᠢᠬᠦ ᠶᠠᠪᠤᠳᠠᠯ ᠪᠣᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠰᠢᠨ᠎ᠡ ᠸᠠᠺᠼᠢᠨ ᠤ ᠲᠠᠷᠢᠯᠭ᠎ᠠ ᠶᠢ ᠪᠥᠬᠦ ᠶᠠᠪᠤᠴᠠ ᠳᠤ ᠪᠡᠶᠡᠯᠡᠭᠦᠯᠵᠦ᠂ ᠬᠦᠨᠳᠦ ᠡᠪᠡᠳᠴᠢᠨ ᠢ ᠰᠡᠷᠭᠡᠶᠢᠯᠡᠬᠦ᠂ ᠦᠬᠦᠯ ᠤᠨ ᠨᠣᠷᠮ᠎ᠠ ᠶᠢ ᠪᠠᠭᠤᠷᠠᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠶ᠃ ᠭᠡᠪᠡᠴᠦ ᠸᠠᠺᠼᠢᠨ ᠤ ᠲᠠᠷᠢᠯᠭ᠎ᠠ ᠶᠢ ᠬᠡᠰᠡᠭ ᠬᠤᠭᠤᠴᠠᠭ᠎ᠠ ᠬᠢᠭᠰᠡᠨ ᠤ ᠳᠠᠷᠠᠭ᠎ᠠ᠂ ᠸᠠᠺᠼᠢᠨ ᠤ ᠬᠡᠰᠡᠭ ᠬᠥᠮᠦᠰ ᠲᠤ ᠦᠵᠡᠭᠦᠯᠬᠦ ᠬᠠᠮᠠᠭᠠᠯᠠᠯᠲᠠ ᠶᠢᠨ ᠦᠶ᠋ᠯᠡᠳᠦᠯ ᠨᠢ ᠪᠠᠭᠤᠷᠠᠵᠤ ᠮᠡᠳᠡᠨ᠎ᠡ᠂ ᠴᠠᠭ ᠲᠤᠬᠠᠶ ᠳᠤᠨᠢ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠨᠢ ᠨᠢᠭᠡᠨᠲᠡ ᠠᠭᠠᠵᠢᠮ ᠢᠶᠠᠷ ᠪᠠᠭᠠᠰᠤᠭᠰᠠᠨ ᠰᠠᠭᠠᠷᠮᠠᠭᠵᠢᠭᠰᠠᠨ ᠡᠰᠡᠷᠭᠦᠴᠡᠭᠴᠢ ᠶᠢ ᠲᠦᠷᠭᠡᠨ ᠢᠶᠠᠷ ᠨᠡᠮᠡᠭᠳᠡᠭᠦᠯᠬᠦ ᠪᠤᠶᠤ ᠳᠠᠬᠢᠨ ᠨᠡᠮᠡᠭᠳᠡᠭᠦᠯᠵᠦ᠂ ᠡᠭᠦᠨ ᠤ ᠤᠯᠠᠮ ᠠᠴᠠ ᠨᠠᠩ ᠰᠠᠶᠢᠨ ᠬᠠᠮᠠᠭᠠᠯᠠᠯᠲᠠ ᠶᠢᠨ ᠦᠷ᠎ᠡ ᠳ᠋ᠦᠩ ᠭᠠᠷᠭᠠᠬᠤ ᠪᠣᠯᠤᠨ᠎ᠠ᠃ᠬᠤᠶᠠᠷ᠂ ᠣᠳᠣᠬᠢ ᠱᠠᠲᠤᠨ ᠳᠤ ᠶᠠᠮᠠᠷ ᠶᠠᠮᠠᠷ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠳᠤ ᠬᠡᠷᠡᠭᠯᠡᠵᠦ ᠪᠣᠯᠬᠤ ᠸᠠᠺᠼᠢᠨ ᠪᠠᠶᠢᠬᠤ ᠪᠣᠶ︖    ᠬᠠᠷᠢᠭᠤᠯᠲᠠ᠄ ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠢ ᠰᠤᠳᠤᠯᠤᠨ ᠨᠡᠭᠡᠭᠡᠭᠰᠡᠨ ᠠᠬᠢᠴᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠤᠳᠤᠯᠤᠨ ᠨᠤᠲᠠᠯᠠᠭᠰᠠᠨ ᠪᠠᠶᠢᠳᠠᠯ ᠢ ᠦᠨᠳᠦᠰᠦᠯᠡᠪᠡᠯ᠂ ᠣᠳᠣᠬᠠᠨ ᠳᠤ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠳᠤ ᠬᠡᠷᠡᠭᠯᠡᠵᠦ ᠪᠣᠯᠬᠤ ᠸᠠᠺᠼᠢᠨ ᠳᠤ ᠤᠯᠤᠰ ᠤᠨ ᠡᠮ ᠤᠨ ᠵᠥᠩ ᠱᠧᠩ ᠪᠡᠭᠡᠵᠢᠩ ᠤᠨ ᠺᠣᠮᠫᠠᠨᠢ᠂ ᠪᠡᠭᠡᠵᠢᠩ ᠤᠨ ᠺᠤ ᠰᠢᠩ ᠺᠣᠮᠫᠠᠨᠢ᠂ ᠤᠯᠤᠰ ᠤᠨ ᠡᠮ ᠤᠨ ᠵᠥᠩ ᠱᠧᠩ ᠦᠬᠠᠨ ᠤ ᠺᠣᠮᠫᠠᠨᠢ ᠶᠢᠨ ᠢᠳᠡᠪᠬᠢ ᠥᠬᠡᠶ ᠸᠠᠺᠼᠢᠨ ᠪᠠ ᠲᠢᠶᠠᠨᠵᠢᠨ ᠤ ᠺᠠᠩ ᠰᠢ ᠨᠦᠤᠤ ᠺᠣᠮᠫᠠᠨᠢ ᠶᠢᠨ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ ᠪᠣᠶ᠃ᠭᠤᠷᠪᠠ᠂ ᠣᠳᠣᠬᠠᠨ ᠳᠤ ᠰᠢᠨ᠎ᠡ ᠸᠠᠺᠼᠢᠨ ᠤ ᠲᠠᠷᠢᠯᠭ᠎ᠠ ᠶᠢ ᠬᠡᠷᠡᠭᠵᠢᠭᠦᠯᠵᠦ᠂ ᠡᠭᠡᠯᠢᠯᠡᠭᠡ ᠶᠢ ᠴᠢᠩᠭᠠᠳᠬᠠᠬᠤ ᠬᠥᠮᠦᠰ ᠤᠨ ᠨᠠᠰᠤᠨ ᠤ ᠬᠡᠪᠴᠢᠶ᠎ᠡ ᠶᠢ ᠬᠡᠷᠬᠢᠨ ᠲᠣᠭᠲᠠᠭᠠᠭᠰᠠᠨ ᠪᠣᠶ︖    ᠬᠠᠷᠢᠭᠤᠯᠲᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠷᠡᠭᠴᠡᠭᠡ ᠶᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠸᠠᠺᠼᠢᠨ ᠢ ᠪᠥᠬᠦ ᠶᠠᠪᠤᠴᠠ ᠳᠤ ᠳᠠᠷᠢᠭᠠᠳ ᠪᠦᠬᠦᠯᠢ 6 ᠰᠠᠷ᠎ᠠ ᠪᠣᠯᠤᠭᠰᠠᠨ 18 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠰ ᠤᠨ ᠳᠣᠲᠣᠷ᠎ᠠ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠨ᠎ᠠ᠃ᠳᠥᠷᠪᠡ᠂ ᠣᠳᠣᠬᠠᠨ ᠳᠤ ᠶᠠᠮᠠᠷ ᠶᠠᠮᠠᠷ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠬᠠᠷᠠᠯᠲᠠ ᠪᠥᠬᠦᠶ ᠬᠥᠮᠦᠰ ᠪᠠᠶᠢᠬᠤ ᠪᠣᠶ︖    ᠬᠠᠷᠢᠭᠤᠯᠲᠠ᠄ ᠣᠳᠣᠬᠠᠨ ᠳᠤ᠂ ᠸᠢᠷᠦ᠋ᠰ ᠲᠤ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠡᠬᠡᠲᠡᠶ ᠬᠥᠮᠦᠰ ᠪᠠ ᠨᠡᠶᠢᠭᠡᠮ ᠤᠨ ᠦᠨᠳᠦᠰᠦᠨ ᠠᠵᠢᠯᠯᠠᠭᠠᠨ ᠢ ᠪᠠᠲᠤᠯᠠᠬᠤ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠵᠢᠴᠢ ᠨᠠᠰᠤᠲᠠᠶᠢᠴᠤᠳ ᠤᠨ ᠳᠤᠮᠳᠠ ᠡᠩ ᠲᠡᠷᠢᠭᠦᠨ ᠳᠤ ᠡᠭᠡᠯᠢᠯᠡᠭᠡ ᠶᠢ ᠴᠢᠩᠭᠠᠳᠬᠠᠬᠤ ᠠᠵᠢᠯ ᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠬᠦ ᠮᠥᠷᠲᠡᠭᠡᠨ ᠲᠠᠷᠢᠯᠭ᠎ᠠ ᠬᠢᠬᠦ ᠬᠡᠷᠡᠭᠴᠡᠭᠡ ᠲᠠᠢ ᠪᠤᠰᠤᠳ ᠬᠥᠮᠦᠰ ᠲᠤ ᠪᠠᠰᠠ ᠬᠡᠷᠡᠭᠴᠡᠭᠡ ᠶᠢ ᠨᠢ ᠦᠨᠳᠦᠰᠦᠯᠡᠨ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠵᠤ ᠪᠣᠯᠤᠨ᠎ᠠ᠃ᠲᠠᠪᠤ᠂ ᠰᠢᠨ᠎ᠡ ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠪᠠ ᠡᠭᠡᠯᠢᠯᠡᠭᠡ ᠶᠢᠨ ᠪᠥᠬᠦ ᠶᠠᠪᠤᠴᠠ ᠶᠢᠨ ᠬᠤᠭᠤᠷᠣᠨᠳᠣᠬᠢ ᠵᠠᠶ ᠨᠢ ᠬᠡᠳᠦᠶ ᠣᠷᠳᠣ ᠪᠣᠶ︖    ᠬᠠᠷᠢᠭᠤᠯᠲᠠ᠄ ᠣᠳᠣᠬᠢ ᠱᠠᠲᠤᠨ ᠳᠤ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠲᠠᠷᠢᠯᠭ᠎ᠠ ᠶᠢ 6 ᠰᠠᠷ᠎ᠠ ᠶᠢᠨ ᠳᠠᠷᠠᠭ᠎ᠠ ᠬᠡᠷᠡᠭᠵᠢᠭᠦᠯᠦᠨ᠎ᠡ᠃ ᠳᠠᠷᠤᠶ ᠰᠢᠨ᠎ᠡ ᠲᠢᠲᠢᠮ ᠤᠨ ᠸᠢᠷᠦ᠋ᠰ ᠤᠨ ᠢᠳᠡᠪᠬᠢ ᠥᠬᠡᠶᠢᠳᠡᠭᠦᠯᠬᠦ ᠸᠠᠺᠼᠢᠨ ᠤ 2 ᠳ᠋ᠤᠭᠠᠷ ᠲᠠᠷᠢᠯᠭ᠎ᠠ ᠶᠢ ᠬᠢᠭᠰᠡᠨ ᠤ ᠳᠠᠷᠠᠭ᠎ᠠ ᠶᠡᠷᠦ ᠳᠡᠭᠡᠨ 6 ᠰᠠᠷ᠎ᠠ ᠠᠯᠤᠰᠯᠠᠪᠠᠯ ᠰᠠᠶ᠋ᠢ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠨ᠎ᠠ᠃ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ 6 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠵᠢᠷᠭᠤᠭ᠎ᠠ᠂ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠰᠢᠨ᠎ᠡ ᠲᠠᠷᠢᠯᠭ᠎ᠠ ᠶᠢᠨ ᠲᠥᠷᠥᠯ ᠵᠦᠶ᠋ᠯ ᠢ ᠬᠡᠷᠬᠢᠨ ᠲᠣᠭᠲᠠᠭᠠᠬᠤ ᠪᠣᠶ︖    ᠬᠠᠷᠢᠭᠤᠯᠲᠠ᠄ ᠣᠳᠣᠬᠢ ᠱᠠᠲᠤᠨ ᠳᠤ᠂ ᠨᠢᠭᠡᠨᠲᠡ ᠳᠠᠷᠢᠵᠤ ᠥᠩᠭᠡᠷᠡᠭᠰᠡᠨ ᠤᠤᠯ ᠸᠠᠺᠼᠢᠨ ᠢ ᠬᠡᠷᠡᠭᠯᠡᠨ ᠡᠭᠡᠯᠢᠯᠡᠭᠡ ᠶᠢ ᠴᠢᠩᠭᠠᠳᠬᠠᠨ᠎ᠠ᠃ ᠡᠭᠦᠨ ᠳᠤ᠂ ᠠᠳᠠᠯᠢ ᠨᠢᠭᠡ ᠵᠦᠶ᠋ᠯ ᠤᠨ ᠰᠢᠨ᠎ᠡ ᠡᠪᠡᠳᠴᠢᠨ ᠤ ᠸᠢᠷᠦ᠋ᠰ ᠤᠨ ᠢᠳᠡᠪᠬᠢ ᠥᠬᠡᠶᠢᠳᠡᠭᠦᠯᠬᠦ ᠸᠠᠺᠼᠢᠨ ᠢ ᠬᠡᠷᠡᠭᠯᠡᠨ ᠬᠤᠶᠠᠷ ᠤᠳᠠᠭ᠎ᠠ ᠳᠠᠷᠢᠵᠤ ᠪᠠᠶᠢᠭ᠎ᠠ ᠬᠥᠮᠦᠰ ᠲᠤ ᠵᠠᠷᠴᠢᠮ ᠳᠡᠭᠡᠷ᠎ᠡ ᠪᠠᠨ ᠠᠩᠬᠠᠨ ᠤ ᠢᠳᠡᠪᠬᠢ ᠥᠬᠡᠶᠢᠳᠡᠭᠦᠯᠬᠦ ᠸᠠᠺᠼᠢᠨ ᠢ ᠬᠡᠷᠡᠭᠯᠡᠨ 1 ᠤᠳᠠᠭ᠎ᠠ ᠡᠭᠡᠯᠢᠯᠡᠭᠡ ᠶᠢ ᠴᠢᠩᠭᠠᠳᠬᠠᠨ᠎ᠠ︔ ᠠᠳᠠᠯᠢ ᠪᠤᠰᠤ ᠢᠳᠡᠪᠬᠢ ᠥᠬᠡᠶᠢᠳᠡᠭᠦᠯᠬᠦ ᠸᠠᠺᠼᠢᠨ ᠢ ᠬᠡᠷᠡᠭᠯᠡᠨ ᠬᠤᠶᠠᠷ ᠤᠳᠠᠭ᠎ᠠ ᠳᠠᠷᠢᠬᠤ ᠬᠥᠮᠦᠰ ᠲᠤ ᠵᠠᠷᠴᠢᠮ ᠳᠡᠭᠡᠷ᠎ᠡ ᠪᠠᠨ 2 ᠳ᠋ᠤᠭᠠᠷ ᠤᠳᠠᠭ᠎ᠠ ᠢᠳᠡᠪᠬᠢ ᠥᠬᠡᠶᠢᠳᠡᠭᠦᠯᠬᠦ ᠸᠠᠺᠼᠢᠨ ᠲᠠᠢ ᠠᠳᠠᠯᠢᠬᠠᠨ ᠸᠠᠺᠼᠢᠨ ᠢ ᠤᠷᠢᠳ ᠢᠶᠠᠷ ᠬᠡᠷᠡᠭᠯᠡᠨ 1 ᠤᠳᠠᠭ᠎ᠠ ᠡᠭᠡᠯᠢᠯᠡᠭᠡ ᠶᠢ ᠴᠢᠩᠭᠠᠳᠬᠠᠨ᠎ᠠ᠂ ᠬᠡᠷᠪᠡ 2 ᠳ᠋ᠤᠭᠠᠷ ᠤᠳᠠᠭ᠎ᠠ ᠠᠳᠠᠯᠢ ᠸᠠᠺᠼᠢᠨ ᠢ ᠦᠷᠭᠦᠯᠵᠢᠯᠡᠨ ᠬᠠᠩᠭᠠᠵᠤ ᠳᠡᠶᠢᠯᠬᠦ ᠥᠬᠡᠶ ᠵᠡᠷᠭᠡ ᠪᠠᠶᠢᠳᠠᠯ ᠲᠣᠬᠢᠶᠠᠯᠳᠤᠪᠠᠯ᠂ 1 ᠳ᠋ᠦᠭᠡᠷ ᠤᠳᠠᠭ᠎ᠠ ᠢᠳᠡᠪᠬᠢ ᠥᠬᠡᠶᠢᠳᠡᠭᠦᠯᠬᠦ ᠸᠠᠺᠼᠢᠨ ᠲᠠᠢ ᠠᠳᠠᠯᠢᠬᠠᠨ ᠸᠠᠺᠼᠢᠨ ᠢ ᠬᠡᠷᠡᠭᠯᠡᠨ 1 ᠤᠳᠠᠭ᠎ᠠ ᠡᠭᠡᠯᠢᠯᠡᠭᠡ ᠶᠢ ᠴᠢᠩᠭᠠᠳᠬᠠᠨ᠎ᠠ︔ ᠪᠤᠯᠴᠢᠷᠬᠠᠶ ᠶᠢᠨ ᠸᠢᠷᠦ᠋ᠰ ᠤᠨ ᠠᠴᠢᠶᠠᠯᠠᠭᠴᠢ ᠸᠠᠺᠼᠢᠨ ᠤ ᠲᠠᠷᠢᠯᠭ᠎ᠠ ᠶᠢ ᠬᠡᠷᠡᠭᠯᠡᠵᠦ ᠪᠠᠶᠢᠭ᠎ᠠ ᠬᠥᠮᠦᠰ ᠤᠤᠯ ᠸᠠᠺᠼᠢᠨ ᠢ ᠬᠡᠷᠡᠭᠯᠡᠨ ᠡᠭᠡᠯᠢᠯᠡᠭᠡ ᠶᠢ ᠴᠢᠩᠭᠠᠳᠬᠠᠨ᠎ᠠ᠃ᠳᠣᠯᠤᠭ᠎ᠠ᠂ ᠰᠢᠨ᠎ᠡ ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠳᠤ ᠰᠦᠶ᠋ᠳᠬᠡᠯ ᠬᠤᠷᠢᠶᠠᠨ᠎ᠠ ᠤᠣ︖    ᠬᠠᠷᠢᠭᠤᠯᠲᠠ᠄ ᠰᠢᠨ᠎ᠡ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠳᠤ ᠮᠥᠨ ᠬᠦ ᠰᠠᠭᠤᠭᠠᠯᠢ ᠠᠷᠠᠳ ᠤᠨ ᠰᠦᠶ᠋ᠳᠬᠡᠯ ᠬᠤᠷᠢᠶᠠᠬᠤ ᠥᠬᠡᠶ ᠪᠠᠷ ᠳᠠᠷᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ᠨᠠᠶ᠋ᠮᠠ᠂ ᠰᠢᠨ᠎ᠡ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠳᠤ ᠡᠭᠡᠯᠢᠯᠡᠭᠡ ᠶᠢ ᠬᠡᠷᠬᠢᠨ ᠳᠠᠷᠢᠬᠤ ᠪᠣᠶ︖ ᠬᠠᠮᠢᠭ᠎ᠠ ᠴᠣᠬᠢᠬᠤ ᠪᠤᠢ︖    ᠬᠠᠷᠢᠭᠤᠯᠲᠠ᠄ ᠵᠠᠷᠴᠢᠮ ᠳᠡᠭᠡᠷ᠎ᠡ ᠪᠠᠨ ᠠᠶᠤᠯ ᠲᠦᠭᠰᠢᠭᠦᠷᠢ ᠶᠡᠬᠡᠲᠡᠶ ᠬᠥᠮᠦᠰ ᠢ ᠨᠥᠯᠥᠭᠡᠯᠡᠬᠦ ᠪᠠ ᠨᠡᠶᠢᠭᠡᠮ ᠤᠨ ᠦᠨᠳᠦᠰᠦᠨ ᠠᠵᠢᠯᠯᠠᠭᠠᠨ ᠢ ᠪᠠᠲᠤᠯᠠᠬᠤ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠲᠤ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠬᠤ ᠶᠢ ᠡᠯ᠎ᠡ ᠬᠠᠮᠢᠶ᠎ᠠ ᠪᠥᠬᠦᠶ ᠨᠢᠭᠡᠴᠡ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠪᠤᠰᠤᠳ ᠬᠥᠮᠦᠰ ᠬᠠᠷᠢᠶᠠᠲᠤ ᠣᠷᠣᠨ ᠤ ᠪᠠᠨ ᠲᠣᠭᠲᠠᠭᠠᠭᠰᠠᠨ ᠲᠠᠷᠢᠯᠭ᠎ᠠ ᠶᠢᠨ ᠨᠢᠭᠡᠴᠡ ᠳᠤ ᠬᠦᠷᠴᠦ ᠤᠷᠢᠳᠴᠢᠯᠠᠨ ᠪᠣᠯᠵᠣᠵᠤ ᠲᠠᠷᠢᠯᠭ᠎ᠠ ᠬᠢᠯᠭᠡᠵᠦ ᠪᠣᠯᠤᠨ᠎ᠠ᠃ ᠡᠯ᠎ᠡ ᠭᠠᠵᠠᠷ ᠤᠨ ᠲᠠᠷᠢᠯᠭ᠎ᠠ ᠶᠢᠨ ᠪᠣᠳᠠᠲᠠᠶ ᠮᠡᠳᠡᠭᠡ ᠵᠠᠩᠭᠢ ᠶᠢ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠤᠶᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠨᠡᠶᠢᠲᠡᠯᠡᠭᠰᠡᠨ ᠠᠯᠪᠠᠨ ᠤ ᠲᠠᠯ᠎ᠠ ᠶᠢᠨ ᠮᠡᠳᠡᠭᠡ ᠵᠠᠩᠭᠢ ᠳᠤ ᠦᠵᠡ᠃  ᠶᠢᠰᠦ᠂ ᠰᠢᠨ᠎ᠡ ᠡᠪᠡᠳᠴᠢᠨ ᠤ ᠸᠠᠺᠼᠢᠨ ᠤ ᠡᠭᠡᠯᠢᠯᠡᠭᠡ ᠶᠢ ᠴᠢᠩᠭᠠᠳᠬᠠᠬᠤ ᠳᠤ ᠠᠩᠬᠠᠷᠬᠤ ᠵᠦᠶ᠋ᠯ ᠶᠠᠭᠤ ᠶᠠᠭᠤ ᠪᠠᠶᠢᠬᠤ ᠪᠣᠶ︖    ᠬᠠᠷᠢᠭᠤᠯᠲᠠ᠄ ᠲᠠᠷᠢᠯᠭ᠎ᠠ ᠬᠢᠬᠦ ᠠᠴᠠ ᠡᠮᠦᠨ᠎ᠡ᠂ ᠡᠮᠦᠨᠡᠬᠢ ᠬᠤᠭᠤᠴᠠᠭᠠᠨ ᠤ ᠲᠠᠷᠢᠯᠭ᠎ᠠ ᠶᠢᠨ ᠭᠡᠷᠡᠴᠢ ᠪᠠᠷᠢᠮᠲᠠ ᠶᠢ ᠦᠨᠳᠦᠰᠦᠯᠡᠨ᠂ ᠥᠪᠡᠷ ᠢᠶᠠᠨ ᠨᠢᠭᠡᠨᠲᠡ ᠪᠦᠬᠦ ᠶᠠᠪᠤᠴᠠ ᠳᠤ ᠲᠠᠷᠢᠯᠭ᠎ᠠ ᠬᠢᠭᠰᠡᠨ ᠡᠰᠡᠬᠦ ᠪᠠᠨ ᠨᠤᠲᠠᠯᠠᠬᠤ ᠶᠢᠨ ᠬᠠᠮᠲᠤ ᠪᠦᠬᠦ ᠶᠠᠪᠤᠴᠠ ᠳᠤ 6 ᠰᠠᠷ᠎ᠠ ᠠᠴᠠ ᠳᠡᠭᠡᠭᠰᠢ ᠲᠠᠷᠢᠯᠭ᠎ᠠ ᠬᠢᠭᠰᠡᠨ ᠡᠰᠡᠬᠦ ᠪᠠᠨ ᠲᠣᠳᠣᠯᠠᠨ᠎ᠠ᠃ ᠲᠠᠷᠢᠯᠭ᠎ᠠ ᠬᠢᠬᠦ ᠳᠡᠭᠡᠨ ᠪᠡᠶ᠎ᠡ ᠶᠢᠨ ᠦᠨᠡᠮᠯᠡᠯ᠂ ᠲᠠᠷᠢᠯᠭ᠎ᠠ ᠶᠢᠨ ᠭᠡᠷᠡᠴᠢ ᠵᠡᠷᠭᠡ ᠪᠠᠨ ᠠᠪᠴᠤ ᠶᠠᠪᠤᠬᠤ ᠬᠡᠷᠡᠭᠲᠡᠶ ᠪᠥᠭᠡᠳ ᠲᠤᠬᠠᠶ ᠶᠢᠨ ᠭᠠᠵᠠᠷ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠲᠤᠬᠠᠶ ᠶᠢᠨ ᠲᠠᠯᠠᠪᠤᠷ ᠤᠨ ᠰᠡᠷᠭᠡᠶᠢᠯᠡᠬᠦ ᠲᠠᠷᠢᠯᠭ᠎ᠠ ᠶᠢᠨ ᠠᠵᠢᠯᠲᠠᠨ ᠤ ᠠᠰᠠᠭᠤᠨ ᠯᠠᠪᠯᠠᠬᠤ ᠳᠤ ᠬᠠᠮᠵᠢᠯᠴᠠᠬᠤ ᠬᠡᠷᠡᠭᠲᠡᠶ︔ ᠥᠩᠭᠡᠷᠡᠭᠰᠡᠨ ᠳᠤ ᠣᠯᠤᠭᠰᠠᠨ ᠡᠪᠡᠳᠴᠢᠨ ᠵᠢᠴᠢ ᠣᠶᠢᠷ᠎ᠠ ᠶᠢᠨ ᠬᠤᠭᠤᠴᠠᠭᠠᠨ ᠳᠤ ᠡᠮ ᠬᠡᠷᠡᠭᠯᠡᠬᠦ ᠡᠰᠡᠬᠦ ᠶᠢ ᠪᠦᠷ ᠡᠮᠴᠢ ᠳᠤ ᠮᠡᠳᠡᠭᠳᠡᠬᠦ ᠬᠡᠷᠡᠭᠲᠡᠶ᠃    ᠲᠠᠷᠢᠯᠭ᠎ᠠ ᠬᠢᠭᠰᠡᠨ ᠤ ᠳᠠᠷᠠᠭ᠎ᠠ᠂ ᠲᠣᠭᠲᠠᠭᠠᠯ ᠶᠣᠰᠣᠭᠠᠷ 30 ᠮᠢᠨᠦ᠋ᠲ ᠦᠯᠡᠳᠡᠭᠡᠨ ᠠᠵᠢᠭᠯᠠᠬᠤ ᠬᠡᠷᠡᠭᠲᠡᠶ︔ ᠲᠠᠷᠢᠯᠭ᠎ᠠ ᠶᠢᠨ ᠬᠡᠰᠡᠭ ᠭᠠᠵᠠᠷ ᠤᠨ ᠠᠷᠠᠰᠤᠨ ᠤ ᠠᠷᠢᠭᠤᠨ ᠴᠡᠪᠡᠷ ᠢ ᠪᠠᠲᠤᠯᠠᠵᠤ᠂ ᠲᠠᠷᠢᠯᠭ᠎ᠠ ᠶᠢᠨ ᠬᠡᠰᠡᠭ ᠢ ᠭᠠᠷ ᠢᠶᠠᠷ ᠢᠶᠠᠨ ᠮᠠᠭᠠᠵᠢᠬᠤ ᠦᠭᠡᠢ ᠪᠠᠶᠢᠬᠤ ᠬᠡᠷᠡᠭᠲᠡᠶ᠃ ᠠᠷᠪᠠ᠂ ᠲᠠᠬᠤᠯ ᠲᠠᠭᠰᠢᠭᠤᠷ ᠵᠡᠷᠭᠡ ᠸᠠᠺᠼᠢᠨ ᠢ ᠰᠢᠨ᠎ᠡ ᠲᠠᠷᠢᠯᠭ᠎ᠠ ᠶᠢᠨ ᠸᠠᠺᠼᠢᠨ ᠲᠠᠢ ᠬᠠᠮᠲᠤ ᠳᠤᠨᠢ ᠳᠠᠷᠢᠵᠤ ᠪᠣᠯᠬᠤ ᠤᠣ︖    ᠬᠠᠷᠢᠭᠤᠯᠲᠠ᠄ ᠡᠨᠡ ᠵᠢᠯ ᠤᠨ ᠨᠡᠶᠢᠲᠡᠯᠡᠭᠰᠡᠨ ︽ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠮᠡᠷᠭᠡᠵᠢᠯ ᠤᠨ ᠵᠢᠭᠠᠯᠲᠠ ︵ᠨᠢᠭᠡᠳᠦᠭᠡᠷ ᠬᠡᠪᠯᠡᠯ︶︾ ᠶᠢᠨ ᠰᠠᠨᠠᠭᠤᠯᠭ᠎ᠠ ᠶᠢ ᠦᠨᠳᠦᠰᠦᠯᠡᠪᠡᠯ᠂ ᠪᠤᠰᠤᠳ ᠸᠠᠺᠼᠢᠨ ᠬᠢᠭᠡᠳ ᠰᠢᠨ᠎ᠡ ᠲᠢᠲᠢᠮ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠵᠠᠶ ᠨᠢ 14 ᠡᠳᠦᠷ ᠠᠴᠠ ᠢᠯᠡᠭᠦᠤ ᠪᠠᠶᠢᠬᠤ ᠬᠡᠷᠡᠭᠲᠡᠶ᠃    
 
ᠢᠷᠡᠯᠲᠡ᠄ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1