︽ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠠ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠳᠤ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2021/12/7
     ᠳᠡᠭᠡᠳᠦ ᠵᠡᠷᠭᠡ ᠶᠢᠨ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠶᠢᠨ ᠲᠥᠯᠥᠭᠡ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠪᠠᠨ ᠰᠡᠷᠭᠦᠭᠡᠬᠦ ᠬᠢᠴᠢᠶᠡᠯ ᠰᠡᠷᠭᠦᠭᠡᠬᠦ ᠪᠢᠳᠡ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠣᠷᠴᠢᠨ ᠠᠬᠤᠶ ᠶᠢᠨ ᠭᠠᠵᠠᠷ᠂ ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠲᠥᠪ ᠵᠡᠷᠭᠡ ᠨᠢᠭᠡᠴᠡ ᠶᠢ ᠵᠣᠬᠢᠶᠠᠨ ᠪᠠᠶᠢᠭᠤᠯᠵᠤ᠂ ᠡᠮᠦᠨᠡᠬᠢ ᠬᠤᠭᠤᠴᠠᠭᠠᠨ ᠳᠤ ᠲᠣᠭᠲᠠᠭᠠᠭᠰᠠᠨ ᠬᠤᠯᠪᠣᠭᠳᠠᠯ ᠪᠥᠬᠦᠶ ᠮᠡᠷᠭᠡᠵᠢᠯ ᠤᠨ ᠲᠥᠰᠦᠯ ᠳᠤ ᠵᠠᠰᠠᠪᠤᠷᠢ ᠣᠷᠣᠭᠤᠯᠤᠨ ᠰᠢᠨᠡᠳᠬᠡᠪᠡ᠃ ︽ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ︵ᠰᠢᠨᠡᠳᠬᠡᠬᠦ ᠬᠡᠪᠯᠡᠯ︶︾ ︽ᠳᠤᠮᠳᠠᠳᠤ ᠪᠠᠭ᠎ᠠ ᠰᠤᠷᠭᠠᠭᠤᠯᠢ ᠶᠢᠨ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ︵ᠰᠢᠨᠡᠳᠬᠡᠬᠦ ᠬᠡᠪᠯᠡᠯ︶︾ ᠪᠠ ︽ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠦᠯ ︵ᠰᠢᠨᠡᠳᠬᠡᠬᠦ ᠬᠡᠪᠯᠡᠯ︶︾ ᠢ ᠪᠣᠶ ᠪᠣᠯᠭᠠᠪᠠ᠃    ᠭᠤᠷᠪᠠᠨ ᠰᠢᠨᠡᠳᠬᠡᠬᠦ ᠬᠡᠪ ᠤᠨ ᠮᠡᠷᠭᠡᠵᠢᠯ ᠤᠨ ᠲᠥᠰᠦᠯ ᠨᠢ ᠬᠥᠮᠦᠨ ᠢ ᠬᠠᠮᠲᠤ ᠳᠤᠨᠢ ᠰᠡᠷᠭᠡᠶᠢᠯᠡᠬᠦ᠂ ᠤᠯᠠᠨ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ︽ᠲᠦᠷᠪᠡᠨ ᠡᠷᠲᠡ︾ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢ᠊ ᠡᠶ᠎ᠡ ᠶᠢ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠬᠡᠷᠡᠭᠲᠡᠢ᠃ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ᠂ ᠰᠤᠷᠭᠠᠭᠤᠯᠢ ᠡᠬᠢᠯᠡᠭᠰᠡᠨ ᠤ ᠳᠠᠷᠠᠭᠠᠬᠢ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠵᠡᠷᠭᠡ ᠠᠳᠠᠯᠢ ᠪᠤᠰᠤ ᠪᠠᠶᠢᠳᠠᠯ ᠳᠤ ᠵᠢᠯᠣᠭᠤᠳᠣᠯᠭ᠎ᠠ ᠬᠢᠵᠦ᠂ ᠨᠠᠶᠢᠳᠠᠪᠤᠷᠢᠵᠢᠭᠤᠯᠬᠤ ᠴᠢᠬᠤᠯᠠᠲᠠᠶ ᠪᠥᠬᠦ ᠲᠠᠯ᠎ᠠ ᠶᠢᠨ᠂ ᠣᠯᠠᠨ ᠲᠠᠯ᠎ᠠ ᠶᠢᠨ᠂ ᠡᠯ᠎ᠡ ᠵᠠᠩᠭᠢᠯᠠᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠮᠡᠷᠭᠡᠵᠢᠯ ᠤᠨ ᠱᠠᠭᠠᠷᠳᠠᠯᠭ᠎ᠠ ᠪᠠ ᠠᠵᠢᠯ ᠤᠨ ᠴᠤᠪᠤᠷᠠᠯ ᠢ ᠳᠤᠷᠠᠳᠤᠨ ᠭᠠᠷᠭᠠᠪᠠ᠃ ᠰᠤᠷᠭᠠᠭᠤᠯᠢ ᠡᠬᠢᠯᠡᠬᠦ ᠠᠴᠠ ᠡᠮᠦᠨ᠎ᠡ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠨ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠥᠷᠨᠢᠭᠦᠯᠬᠦ ᠶᠢᠨ ᠬᠠᠮᠲᠤ ᠰᠣᠷᠣᠭᠴᠢ ᠪᠠ ᠪᠠᠭᠰᠢ ᠠᠵᠢᠯᠲᠠᠨ ᠢ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠶᠢ ᠱᠠᠭᠠᠷᠳᠠᠬᠤ ᠬᠡᠷᠡᠭᠲᠡᠶ︔ ᠰᠤᠷᠭᠠᠭᠤᠯᠢ ᠡᠬᠢᠯᠡᠭᠰᠡᠨ ᠤ ᠳᠠᠷᠠᠭᠠᠬᠢ ᠬᠠᠮᠢᠶᠠᠷᠤᠯᠲᠠ ᠶᠢᠨ ᠲᠠᠯ᠎ᠠ ᠪᠠᠷ᠂ ᠡᠳᠦᠷ ᠲᠤᠲᠤᠮ ᠤᠨ ᠬᠠᠮᠢᠶᠠᠷᠤᠯᠲᠠ ᠶᠢ ᠴᠢᠩᠳᠠᠯᠠᠵᠤ᠂ ᠰᠤᠷᠭᠠᠭᠤᠯᠢ ᠳᠤ ᠣᠷᠣᠵᠤ ᠭᠠᠷᠬᠤ ᠶᠢ ᠳᠠᠩᠰᠠᠯᠠᠬᠤ᠂ ᠬᠢᠴᠢᠶᠡᠯ ᠤᠨ ᠬᠡᠷ ᠵᠢᠴᠢ ᠬᠤᠭᠤᠯᠠᠨ ᠬᠡᠷ ᠤᠨ ᠠᠷᠢᠭᠤᠨ ᠴᠡᠪᠡᠷ ᠤᠨ ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠭᠤᠤᠯᠳᠠᠯᠭ᠎ᠠ ᠲᠠᠢ ᠭᠤᠭᠴᠤᠭ᠎ᠠ ᠶᠢ ᠰᠡᠷᠭᠡᠶᠢᠯᠡᠨ ᠡᠵᠡᠮᠳᠡᠬᠦ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠰᠣᠷᠣᠭᠴᠢ ᠪᠠ ᠪᠠᠭᠰᠢ ᠠᠵᠢᠯᠲᠠᠨ ᠳᠤ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠤᠪᠢ ᠬᠥᠮᠦᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ︔ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠠᠯ᠎ᠠ ᠪᠠᠷ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠂ ᠬᠡᠷᠪᠡ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠰᠡᠵᠢᠭᠯᠡᠯᠲᠡᠶ ᠡᠪᠡᠳᠴᠢᠨ ᠤ ᠵᠢᠱᠢᠶ᠎ᠡ ᠭᠠᠷᠪᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠵᠢᠯᠣᠭᠤᠳᠣᠯᠭ᠎ᠠ ᠳᠣᠤᠷ᠎ᠠ ᠰᠢᠶ᠋ᠳᠪᠦᠷᠢᠯᠡᠬᠦ ᠪᠤᠶᠤ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠣᠭᠲᠠᠴᠠ ᠶᠢ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠢᠶ᠋ᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    
 
ᠢᠷᠡᠯᠲᠡ᠄ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1