2021 ᠣᠨ ᠤ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2021/12/8
2021 ᠣᠨ ᠤ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠠᠵᠢᠯ ᠤᠨ ᠠᠬᠢᠴᠠ ᠶᠢᠨ ᠪᠠᠶᠢᠳᠠᠯ    ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠡᠳᠦᠭᠡ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ 2021 ᠣᠨ ᠤ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠠᠵᠢᠯ ᠤᠨ ᠳ᠋ᠦᠩᠨᠡᠯᠲᠡ ᠶᠢ ᠳᠣᠤᠷᠠᠬᠢ ᠮᠡᠲᠦ ᠬᠠᠷᠢᠭᠤ ᠮᠡᠳᠡᠭᠦᠯᠦᠶ᠎ᠡ᠄    ︵ᠨᠢᠭᠡ︶ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠶᠢ ᠴᠣᠭᠴᠠᠯᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠠ    ᠨᠢᠭᠡ ᠳᠤ᠂ ︽ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠲᠠ ᠪᠠᠶᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾᠂ ︽ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠤᠲᠠ ᠪᠠᠶᠢᠭᠤᠯᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠣᠭᠲᠠᠭᠠᠵᠤ᠂ ᠪᠤᠭᠤᠲᠤ ᠶᠢᠨ ᠲᠡᠮᠦᠷ ᠵᠠᠮ ᠤᠨ ᠪᠠᠷᠠᠭᠤᠨ ᠬᠡᠰᠡᠭ ᠤᠨ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠠᠬᠢ ᠹᠠᠩ ᠼᠤᠤ ᠨᠡᠶᠢᠭᠡᠮ ᠲᠣᠭᠤᠷᠢᠭ᠂ ᠬᠤᠤ ᠳᠤ ᠨᠡᠶᠢᠭᠡᠮ ᠲᠣᠭᠤᠷᠢᠭ ᠤᠨ ᠠᠷᠤ ᠵᠡᠭᠡᠯᠢ ᠭᠤᠳᠤᠮᠵᠢ᠂ ᠬᠠᠭᠤᠴᠢᠨ ᠵᠢᠵᠢᠭ ᠲᠣᠭᠤᠷᠢᠭ ᠲᠠᠢ ᠬᠤᠯᠪᠣᠭᠠᠯᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠦᠶ᠋ᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ ᠃ ᠡᠨᠡ ᠬᠤᠭᠤᠴᠠᠭᠠᠨ ᠳᠤ᠂ ᠤᠷᠢᠳ ᠬᠤᠵᠢᠳ 16000 ᠭᠠᠷᠤᠶ ᠬᠥᠮᠦᠨ ᠤᠳᠠᠭ᠎ᠠ ᠠᠵᠢᠯᠲᠠᠨ ᠭᠠᠷᠭᠠᠵᠤ᠂ ᠬᠤᠰᠤᠭᠤᠷ᠂ ᠱᠦᠭᠦᠷ᠂ ᠥᠪᠡᠰᠦᠪᠡᠨ ᠰᠢᠷ ᠰᠦᠷᠴᠢᠬᠦ ᠵᠡᠷᠭᠡ ᠡᠯ᠎ᠡ ᠲᠥᠷᠥᠯ ᠤᠨ ᠪᠠᠭᠠᠵᠢ ᠬᠡᠷᠡᠭᠰᠡᠯ ᠢ ᠵᠠᠭᠤ ᠭᠠᠷᠤᠶ ᠬᠤᠳᠠᠯᠳᠤᠨ ᠠᠪᠴᠤ᠂ 18 ᠬᠤᠭ ᠤᠨ ᠰᠠᠪᠠ ᠲᠣᠬᠢᠷᠠᠭᠤᠯᠵᠤ᠂ 25 ᠤᠬᠠᠭᠤᠯᠭ᠎ᠠ ᠶᠢᠨ ᠵᠢᠷᠤᠭ ᠤᠨ ᠬᠠᠪᠲᠠᠰᠤ ᠵᠣᠬᠢᠶᠠᠪᠠ᠃    ᠬᠤᠶᠠᠷ ᠲᠤ᠂ ᠬᠠᠷᠢᠶᠠᠨ ᠳᠠᠬᠢ ᠦᠵᠡᠮᠵᠢ ᠶᠢᠨ ᠣᠷᠣᠨ ᠦᠵᠡᠮᠵᠢ ᠶᠢᠨ ᠣᠷᠣᠨ᠂ ᠣᠯᠠᠨ ᠨᠡᠶᠢᠲᠡ ᠶᠢᠨ ᠰᠣᠶᠣᠯ ᠤᠨ ᠵᠢᠭᠰᠠᠭᠠᠯ ᠤᠨ ᠭᠠᠵᠠᠷ᠂ ᠠᠵᠢᠯ ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ ᠵᠢᠴᠢ ︽ᠵᠡᠭᠡᠯᠢ ᠶᠢᠨ ᠳᠠᠷᠤᠭ᠎ᠠ ᠶᠢᠨ ᠲᠦᠷᠢᠮ︾ ᠤᠨ ᠳᠠᠭᠠᠭᠠᠴᠢᠯᠠᠨ ᠬᠤᠯᠪᠣᠭᠰᠠᠨ ᠨᠦᠬᠡᠨ ᠵᠠᠮ ᠳᠤ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠥᠷᠨᠢᠭᠦᠯᠵᠦ᠂ ᠬᠦᠷᠦᠯᠴᠡᠬᠦ ᠥᠬᠡᠶ ᠲᠠᠯ᠎ᠠ ᠪᠠᠨ ᠨᠥᠬᠦᠪᠥᠷᠢᠯᠡᠨ᠎ᠡ᠃ ᠡᠨᠡ ᠬᠤᠭᠤᠴᠠᠭᠠᠨ ᠳᠤ᠂ 53 ᠰᠣᠶᠣᠯ ᠴᠡᠩᠭᠡᠯ ᠤᠨ ᠲᠠᠯᠠᠪᠤᠷ ᠭᠠᠵᠠᠷ᠂ 14 ᠵᠢᠭᠤᠯᠴᠢᠯᠠᠯ ᠤᠨ ᠠᠵᠤ ᠠᠬᠤᠶᠢᠯᠠᠯ᠂ 30 ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ 144 ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠦᠶ᠋ᠯᠡᠴᠢᠯᠡᠭᠡᠨ ᠤ ᠲᠥᠪ ᠢ ᠲᠣᠭᠤᠷᠢᠨ ᠪᠠᠶᠢᠴᠠᠭᠠᠵᠤ᠂ ᠨᠢᠭᠡᠨᠲᠡ 1000 ᠭᠠᠷᠤᠶ ᠪᠦᠯᠦᠭ ᠤᠳᠠᠭᠠᠨ ᠤ ᠲᠣᠭᠤᠷᠢᠨ ᠪᠠᠶᠢᠴᠠᠭᠠᠯᠲᠠ ᠥᠷᠨᠢᠭᠦᠯᠵᠦ᠂ 5000 ᠭᠠᠷᠤᠶ ᠬᠥᠮᠦᠨ ᠤᠳᠠᠭ᠎ᠠ ᠲᠣᠮᠢᠯᠠᠨ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠲᠤ 130 ᠬᠢᠵᠢᠭ ᠤᠨ ᠪᠠᠶᠢᠳᠠᠯ ᠢ ᠰᠡᠷᠭᠡᠶᠢᠯᠡᠬᠦ ᠵᠠᠭᠠᠯᠳᠤᠯᠭ᠎ᠠ ᠶᠢᠨ ᠫᠠᠶᠢᠰᠠ ᠵᠣᠬᠢᠶᠠᠵᠤ ᠥᠭᠴᠡᠶ᠃    ᠭᠤᠷᠪᠠ ᠳᠤ᠂ ︽ᠪᠥᠬᠦ ᠤᠯᠤᠰ ᠤᠨ ᠪᠣᠯᠪᠠᠰᠤᠨ ᠬᠤᠲᠠ ︵ᠲᠤᠰᠬᠠᠶ ᠣᠷᠣᠨ ᠤ ᠲᠠᠰ ᠠᠴᠠ ᠳᠡᠭᠡᠭᠰᠢᠬᠢ︶ ᠶᠢᠨ ᠰᠢᠯᠭᠠᠨ ᠲᠣᠭᠲᠠᠭᠠᠬᠤ ᠰᠢᠰᠲ᠋ᠧᠮᠵᠢ ᠶᠢᠨ ᠠᠵᠢᠯᠯᠠᠭᠠᠨ ᠤ ᠭᠠᠷ ᠳᠡᠪᠲᠡᠷ︾ ︵2020 ᠣᠨ ᠤ ᠬᠡᠪᠯᠡᠯ︶᠂ ︽ᠪᠣᠯᠪᠠᠰᠤᠨ ᠬᠤᠲᠠ ᠶᠢ ᠰᠢᠯᠭᠠᠨ ᠲᠣᠭᠲᠠᠭᠠᠬᠤ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠲᠥᠷᠥᠯ ᠵᠦᠶ᠋ᠯ ᠤᠨ ᠵᠢᠯᠣᠭᠤᠳᠬᠤ ᠲᠦᠷᠢᠮ︾᠂ ︽ᠳ᠋ᠦᠩ ᠾᠧ ᠲᠣᠭᠤᠷᠢᠭ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ︽ᠤᠯᠤᠰ ᠠᠷᠠᠳ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ︾ ᠵᠢᠴᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠲᠥᠬᠦᠭᠡᠷᠦᠮᠵᠢ ᠶᠢᠨ ᠪᠠᠶᠢᠳᠠᠯ ᠰᠠᠶᠢᠨ ᠪᠠᠶᠢᠬᠤ ᠵᠡᠷᠭᠡ ᠱᠠᠭᠠᠷᠳᠠᠯᠭ᠎ᠠ ᠲᠠᠢ ᠬᠠᠷᠢᠴᠠᠭᠤᠯᠵᠤ᠂ 44 ᠨᠡᠶᠢᠭᠡᠮ ᠲᠣᠭᠤᠷᠢᠭ ᠤᠨ 400 ᠭᠠᠷᠤᠶ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠪᠦᠬᠦᠨ ᠢ ᠰᠡᠯᠪᠢᠨ ᠵᠠᠰᠠᠭᠰᠠᠨ ᠪᠥᠭᠡᠳ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠵᠠᠮ ᠤᠨ ᠳᠤᠲᠠᠭᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠦᠨᠳᠦᠰᠦᠯᠡᠨ᠂ ᠪᠠ ᠢ᠂ ᠯᠦ ᠸᠠᠩ ᠵᠡᠷᠭᠡ ᠨᠡᠶᠢᠭᠡᠮ ᠲᠣᠭᠤᠷᠢᠭ ᠲᠤ ᠫᠢᠩᠫᠠᠩ ᠪᠥᠮᠪᠦᠭᠡ ᠶᠢᠨ ᠲᠠᠪᠴᠠᠩ 3᠂ ᠪᠡᠶ᠎ᠡ ᠴᠢᠭᠢᠷᠠᠭᠵᠢᠭᠤᠯᠬᠤ ᠵᠠᠮ ᠢ 6 ᠪᠠᠭᠤᠯᠭᠠᠪᠠ᠃    ᠳᠥᠷᠪᠡ ᠳᠤ᠂ ᠪᠥᠬᠦ ᠣᠷᠣᠨ ᠤ 2 ᠣᠯᠠᠨ ᠨᠡᠶᠢᠲᠡ ᠶᠢᠨ ᠰᠣᠶᠣᠯ ᠤᠨ ᠵᠢᠭᠰᠠᠭᠠᠯ ᠤᠨ ᠭᠠᠵᠠᠷ ︵ᠨᠣᠮ ᠤᠨ ᠰᠠᠩ᠂ ᠰᠣᠶᠣᠯ ᠤᠨ ᠣᠷᠳᠣᠨ︶ ᠢᠶᠠᠷ ᠭᠤᠤᠯᠳᠠᠯᠭ᠎ᠠ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠦᠶ᠋ᠯᠡ ᠠᠵᠢᠯᠯᠠᠭ᠎ᠠ ᠶᠢᠨ ᠦᠵᠡᠭᠦᠯᠦᠯᠭᠡ ᠶᠢᠨ ᠰᠠᠮᠪᠠᠷ᠎ᠠ 10᠂ ᠦᠵᠡᠮᠵᠢ ᠶᠢᠨ ᠱᠤᠭ ᠵᠦᠴᠦᠭᠡ 2᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ ᠶᠢᠨ ᠰᠠᠮᠪᠠᠷ᠎ᠠ 2 ᠦᠶ᠋ᠯᠡᠳᠴᠦ᠂ ᠰᠣᠨᠣᠷ ᠲᠤᠳᠤᠤᠡᠬᠠᠭᠤᠷ᠂ ᠬᠦᠷᠳᠦᠲᠦ ᠰᠠᠨᠳᠠᠯᠢ ᠂ ᠲᠠᠶᠠᠭ ᠵᠡᠷᠭᠡ ᠬᠠᠷᠰᠢ ᠰᠠᠭᠠᠳ ᠥᠬᠡᠶ ᠲᠥᠬᠦᠭᠡᠷᠦᠮᠵᠢ 4 ᠬᠤᠳᠠᠯᠳᠤᠨ ᠠᠪᠴᠤ᠂ ᠬᠠᠷᠰᠢ ᠰᠠᠭᠠᠳ ᠥᠬᠡᠶ ᠲᠡᠷᠭᠡᠨ ᠵᠣᠭᠰᠣᠭᠠᠯ ᠢ 2 ᠭᠠᠷᠭᠠᠨ᠎ᠠ︔ ᠴᠢᠶᠣᠤ ᠵᠢᠶᠠ ᠶᠢᠨ ᠵᠡᠭᠡᠯᠢ ᠶᠢᠨ ᠵᠠᠷ ᠤᠨ ᠪᠤᠯᠤᠩ ᠵᠢᠴᠢ ᠡᠯ᠎ᠡ ᠢᠯᠡ ᠭᠠᠵᠠᠷ ᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠴᠢ ᠨᠡᠶᠢᠲᠡ ᠶᠢᠨ ᠠᠰᠠᠷᠠᠮᠵᠢ ᠶᠢᠨ ᠵᠠᠷ ᠤᠨ ᠦᠵᠡᠭᠦᠯᠦᠯᠭᠡ ᠶᠢᠨ ᠰᠠᠮᠪᠠᠷ᠎ᠠ ᠶᠢ 10 ᠭᠠᠷᠤᠶ᠂ 20 ᠭᠠᠷᠤᠶ ᠵᠣᠬᠢᠶᠠᠪᠠ︔ ᠡᠮᠦᠨᠡᠲᠦ ᠲᠠᠩᠭᠢᠰ ᠤᠨ ᠨᠤᠭᠤ ᠭᠠᠵᠠᠷ ᠤᠨ ᠦᠵᠡᠮᠵᠢ ᠶᠢᠨ ᠣᠷᠣᠨ᠂ ᠪᠦᠦ ᠬᠥᠩᠭᠡᠨ ᠴᠠᠭᠠᠨ ᠤ ᠵᠣᠴᠢᠳ ᠤᠨ ᠪᠠᠭᠤᠳᠠᠯ᠂ ᠵᠢᠦ ᠴᠢᠦᠶ ᠬᠤᠸᠠ ᠵᠡᠭᠡᠯᠢ ᠶᠢᠨ ᠰᠣᠶᠣᠯ ᠤᠨ ᠶᠡᠭᠡ ᠶᠢᠷᠲᠢᠨᠴᠦ᠂ ᠶᠢᠨ ᠲᠦᠤᠤ ᠪᠠᠭᠤᠳᠠᠯ᠂ ᠨᠠᠨ ᠯᠦᠩ ᠮᠢᠶᠣᠣ ᠦᠵᠡᠮᠵᠢ ᠶᠢᠨ ᠣᠷᠣᠨ ᠳᠤ 5 ᠬᠠᠷᠰᠢ ᠰᠠᠭᠠᠳ ᠥᠬᠡᠶ ᠲᠡᠷᠭᠡ ᠵᠣᠭᠰᠣᠭᠠᠬᠤ ᠣᠷᠣᠨ ᠭᠠᠷᠭᠠᠵᠤ ᠥᠭᠭᠦᠨ᠎ᠡ︔ ᠡᠮᠦᠨᠡᠲᠦ ᠯᠤᠤᠰ ᠤᠨ ᠰᠦᠮ᠎ᠡ ᠶᠢᠨ ᠦᠵᠡᠮᠵᠢ ᠶᠢᠨ ᠣᠷᠣᠨ ᠳᠤ 6 ᠨᠡᠶᠢᠲᠡ ᠶᠢᠨ ᠠᠰᠠᠷᠠᠮᠵᠢ ᠶᠢᠨ ᠵᠠᠷ ᠰᠤᠷᠲᠠᠯᠴᠢᠯᠠᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠬᠢᠵᠦ ᠥᠭᠭᠦᠨ᠎ᠡ︔ ᠠᠯᠲᠠᠨ ᠲᠡᠮᠡᠭᠡᠲᠦ ᠵᠣᠴᠢᠳ ᠤᠨ ᠪᠠᠭᠤᠳᠠᠯ᠂ ᠪᠦᠦ ᠬᠥᠩᠭᠡᠨ ᠴᠠᠭᠠᠨ ᠤ ᠵᠣᠴᠢᠳ ᠤᠨ ᠪᠠᠭᠤᠳᠠᠯ ᠢ ᠬᠠᠪᠰᠤᠷᠴᠤ ᠰᠠᠭᠠᠳ ᠥᠬᠡᠶ ᠨᠡᠪᠲᠡᠷᠡᠬᠦ ᠵᠠᠮ ᠭᠠᠷᠭᠠᠬᠤ ᠶᠢ ᠪᠡᠶᠡᠯᠡᠭᠦᠯᠦᠨ᠎ᠡ᠃     ︵ᠬᠤᠶᠠᠷ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠡᠭᠦᠰ ᠠᠮᠵᠢᠯᠲᠠ ᠲᠠᠢ ᠪᠡᠶᠡᠯᠡᠭᠦᠯᠪᠡ    ᠨᠢᠭᠡ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠦᠬᠦ ᠵᠢᠯ ᠳᠤ 413 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠵᠢᠯ ᠤᠨ 400 ᠤᠳᠠᠭ᠎ᠠ ᠶᠢᠨ ᠡᠭᠦᠷᠭᠡ ᠶᠢ 10325% ᠪᠠᠷ ᠪᠡᠶᠡᠯᠡᠭᠦᠯᠵᠦ᠂ ᠤᠯᠠᠨ ᠲᠦᠮᠡᠨ ᠳᠤ 20 ᠭᠠᠷᠤᠶ ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠡᠭᠦᠨ ᠳᠤ᠂ ᠰᠣᠶᠣᠯ ᠤᠨ ᠣᠷᠳᠣᠨ ᠤ ᠵᠢᠭᠰᠠᠭᠠᠯ ᠤᠨ ᠭᠠᠵᠠᠷ ᠤᠨ ᠳᠠᠪᠠᠭᠤᠯᠢᠭ ᠵᠢᠴᠢ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠬᠦᠴᠦᠨ ᠢ ᠠᠰᠢᠭᠯᠠᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠳᠤᠮᠳᠠ ᠦᠨᠳᠦᠰᠦᠨ ᠱᠠᠲᠤᠨ ᠳᠤ ᠣᠴᠢᠵᠤ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠣᠴᠢᠬᠤ ᠵᠢᠴᠢ ︽ᠪᠠᠷᠠᠭᠤᠨ ᠭᠠᠷᠠᠮ ᠤᠨ ᠬᠠᠶᠢᠷ᠎ᠠ ᠰᠡᠳᠬᠢᠯᠭᠡ ᠶᠢ ᠡᠳ᠋ᠯᠡᠬᠦ · ᠰᠣᠶᠣᠯ ᠤᠨ ᠣᠶᠢᠷ᠎ᠠ ᠰᠠᠳᠤᠨ ᠢᠶᠠᠷ ᠵᠣᠷᠴᠢᠬᠤ︾ ᠲᠣᠭᠯᠠᠯᠲᠠ ᠭᠠᠷᠭᠠᠬᠤ ᠵᠡᠷᠭᠡ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ 318 ᠲᠠᠯᠠᠪᠤᠷ ᠲᠣᠭᠯᠠᠯᠲᠠ ᠥᠷᠨᠢᠭᠦᠯᠪᠡ︔ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ︾᠂ ︽ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠬᠡᠦᠬᠡᠳ ᠤᠨ ᠰᠡᠳᠬᠢᠯ ᠢ ᠨᠠᠮ ᠳᠠᠭᠠᠨ ᠬᠠᠨᠳᠤᠭᠤᠯᠬᠤ︾ ᠪᠠᠭᠠᠴᠤᠳ ᠬᠡᠦᠬᠡᠳ ᠤᠨ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ︽ᠬᠠᠩᠰᠢ ᠶᠢᠨ ᠡᠳᠦᠷ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠵᠡᠰᠬᠦᠯᠡᠩ ᠢ 58 ᠬᠤᠭᠤᠴᠠᠭ᠎ᠠ ᠡᠷᠬᠢᠯᠡᠪᠡ︔ 4.23 ᠳᠡᠯᠡᠬᠡᠶ ᠶᠢᠨ ᠨᠣᠮ ᠤᠩᠰᠢᠬᠤ ᠡᠳᠦᠷ᠂ ᠵᠢᠷᠤᠭᠲᠤ ᠳᠡᠪᠲᠡᠷ ᠤᠨ ᠤᠩᠰᠢᠯᠭ᠎ᠠ ᠶᠢ ᠬᠤᠪᠢᠶᠠᠯᠴᠠᠨ ᠡᠳ᠋ᠯᠡᠬᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠷᠡᠮᠡᠯᠵᠡᠯ ᠤᠨ ᠲᠥᠯᠥᠪᠵᠢᠭᠦᠯᠭᠡ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠ ᠲᠠᠶᠢᠯᠤᠮᠵᠢ ᠶᠢ 37 ᠤᠳᠠᠭ᠎ᠠ ᠵᠣᠬᠢᠶᠠᠨ ᠪᠠᠶᠢᠭᠤᠯᠪᠠ︔ ᠰᠣᠶᠣᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ 30 ᠪᠣᠶ᠂ ᠡᠭᠦᠨ ᠳᠤ ᠢᠨᠲ᠋ᠤᠷ ᠰᠦᠯᠵᠢᠶᠡᠨ ᠤ ᠰᠦᠯᠵᠢᠶᠡᠨ ᠳᠤ ᠣᠷᠣᠬᠤ ᠦᠶ᠋ᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ 14᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ 15᠂ ᠲᠣᠭᠯᠠᠯᠲᠠ ᠶᠢᠨ ᠲᠠᠯᠠᠪᠤᠷ 1 ᠪᠣᠶ᠃     ᠬᠤᠶᠠᠷ ᠲᠤ 2021 ᠣᠨ ᠤ ︽ᠴᠠᠭᠠᠨ ᠰᠠᠷ᠎ᠠ ᠶᠢ ᠤᠭᠲᠤᠬᠤ︾ ᠪᠤᠭᠤᠲᠤ ᠬᠤᠲᠠ ᠶᠢᠨ ᠲᠣᠭᠤᠷᠢᠭ᠂ ᠬᠤᠰᠢᠭᠤ᠂ ᠰᠢᠶᠠᠨ ᠤ ᠰᠢᠲᠠᠷ᠎ᠠ ᠶᠢᠨ ᠬᠠᠮᠲᠤ ᠶᠢᠨ ᠲᠡᠮᠡᠴᠡᠭᠡᠨ ᠤ ᠤᠷᠤᠯᠳᠤᠭᠠᠨ᠂ ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠪᠠᠶᠢᠭᠠᠯᠢ ᠶᠢᠨ ᠤᠰᠤᠨ ᠣᠷᠣᠨ ᠤ ᠮᠥᠰᠥᠨ ᠳᠤ ᠭᠥᠬᠢᠳᠡᠬᠦ ᠤᠷᠢᠯᠭ᠎ᠠ ᠶᠢᠨ ᠤᠷᠤᠯᠳᠤᠭᠠᠨ᠂ ᠰᠦᠯᠵᠢᠶᠡᠨ ᠳᠡᠭᠡᠷᠡᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢᠨ ᠢᠯᠡ ᠤᠷᠤᠯᠳᠤᠭᠠᠨ᠂ 2021 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠱᠠᠨᠳᠦ᠋ᠩ ᠮᠤᠵᠢ ᠶᠢᠨ ᠠᠷᠪᠠᠨ ᠬᠤᠲᠠ ᠶᠢᠨ ᠰᠢᠲᠠᠷ᠎ᠠ ᠶᠢᠨ ᠬᠠᠮᠲᠤ ᠶᠢᠨ ᠤᠷᠢᠯᠭ᠎ᠠ ᠶᠢᠨ ᠤᠷᠤᠯᠳᠤᠭᠠᠨ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ 15 ᠵᠦᠶ᠋ᠯ ᠡᠷᠭᠢᠯᠡᠵᠦ ᠂ ᠨᠡᠶᠢᠲᠡ 2200 ᠭᠠᠷᠤᠶ ᠬᠥᠮᠦᠨ ᠣᠷᠣᠯᠴᠠᠵᠠᠶ︔ ᠨᠡᠶᠢᠭᠡᠮ ᠲᠣᠭᠤᠷᠢᠭ ᠲᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ ᠱᠤᠭᠤᠮ ᠤᠨ ᠪᠠᠭᠠᠵᠢ ᠬᠡᠷᠡᠭᠰᠡᠯ ᠢ 30 ᠢᠵᠢ᠂ 390 ᠬᠤᠪᠢ᠂ ᠰᠠᠭᠰᠤᠨ ᠪᠥᠮᠪᠦᠭᠡ ᠶᠢᠨ ᠵᠢᠶᠠᠰᠠ 12 ᠬᠤᠪᠢ᠂ ᠥᠳᠥᠨ ᠪᠥᠮᠪᠦᠭᠡ 5 ᠬᠤᠪᠢ᠂ ᠫᠢᠩᠫᠠᠩ ᠪᠥᠮᠪᠦᠭᠡ ᠶᠢᠨ ᠲᠠᠶᠢᠰᠠ 15 ᠶᠢ ᠭᠤᠶᠤᠴᠢᠯᠠᠨ᠎ᠠ︔ ᠭᠤᠷᠪᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ 52 ᠬᠥᠮᠦᠨ ᠳᠤ ᠪᠣᠯᠪᠠᠰᠤᠷᠠᠭᠤᠯᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠪᠦᠯᠬᠦᠮ᠂ ᠨᠡᠶᠢᠭᠡᠮᠯᠢᠭ ᠢ 10 ᠬᠥᠮᠦᠵᠢᠭᠦᠯᠦᠨ ᠪᠤᠶᠢᠵᠢᠭᠤᠯᠵᠤ᠂ ᠴᠣᠬᠤᠯᠠᠪᠤᠷᠢᠯᠠᠨ ᠬᠠᠷᠢᠭᠤᠯᠬᠤ ᠨᠡᠶᠢᠭᠡᠮᠯᠢᠭ ᠢ 6 ᠰᠢᠨ᠎ᠡ ᠪᠠᠷ ᠨᠡᠮᠡᠪᠡ᠃    ᠭᠤᠷᠪᠠ ᠳᠤ᠂ ᠪᠸᠢᠢᠯᠢᠶᠠᠩ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠲᠦᠷᠦᠯ ᠵᠦᠢᠯ ᠤᠨ ᠢᠨᠵᠧᠨᠧᠷᠢᠩ ᠢ ᠨᠢᠭᠡᠨᠲᠡ ᠳᠠᠭᠤᠰᠬᠠᠵᠤ᠂ ᠤᠳᠤ ᠶᠠᠭ ᠡᠵᠡᠩᠨᠡᠯᠲᠡ ᠶᠢᠨ ᠬᠠᠮᠲᠤᠷᠠᠯᠴᠠᠭᠠᠨ ᠤ ᠬᠤᠳᠠᠯᠳᠤᠭᠠᠴᠢᠨ ᠢ ᠢᠳᠡᠪᠬᠢᠲᠡᠢ ᠡᠷᠢᠵᠦ ᠪᠠᠶᠢᠨ᠎ᠠ᠃    
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1