ᠬᠠᠳᠦᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠤ ᠭᠤᠣᠯ ᠭᠤᠯᠳᠤᠷᠢᠯ ᠤᠨ ᠣᠷᠣᠨ ᠪᠠ ᠰᠠᠶᠢᠷᠭᠠᠯ ᠤᠨ ᠣᠶᠢᠷᠠᠯᠴᠠᠭ᠎ᠠ ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠵᠡᠷᠭᠡ ᠦᠢᠯᠡ ᠠᠵᠢᠯᠯᠠᠭ᠎ᠠ ᠶᠢᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2021/12/9
ᠪᠦᠦ ᠳ᠋ᠦᠩ ᠵᠠᠰᠠᠭ ᠲᠠᠷᠬᠠᠭᠠᠬᠤ ﹇2021﹈ 75 ᠳ᠋ᠤᠭᠠᠷ ᠲᠣᠭᠠᠲᠤ    ᠬᠠᠳᠦᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ  ᠤᠨ  ᠬᠡᠪᠴᠢᠶᠡᠨ ᠤ ᠭᠤᠣᠯ ᠭᠤᠯᠳᠤᠷᠢᠯ ᠤᠨ ᠣᠷᠣᠨ ᠪᠠ ᠰᠠᠶᠢᠷᠭᠠᠯ ᠤᠨ ᠣᠶᠢᠷᠠᠯᠴᠠᠭ᠎ᠠ ᠣᠷᠣᠨ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠵᠡᠷᠭᠡ ᠦᠢᠯᠡ ᠠᠵᠢᠯᠯᠠᠭ᠎ᠠ ᠶᠢᠨ ᠲᠤᠬᠠᠶ ᠵᠠᠷᠯᠠᠯ       ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠪᠡᠯ᠂ ︽ᠣᠳᠣᠬᠠᠨ ᠤ ᠬᠠᠲᠤᠨ ᠭᠤᠤᠯ ᠤᠨ ᠵᠠᠮ ᠤᠨ ᠳᠣᠲᠣᠷᠠᠬᠢ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠳᠣᠲᠣᠭᠠᠳᠤ ᠭᠤᠤᠯ ᠮᠥᠷᠡᠨ ᠤ ᠳᠠᠷᠤᠭ᠎ᠠ ᠠᠯᠪᠠᠨ ︹ 2021 ︺ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠣᠰ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠦᠨ ᠬᠠᠲᠤᠨ ᠭᠤᠤᠯ ᠤᠨ ᠭᠤᠤᠯ ᠤᠨ ᠵᠠᠮ ᠤᠨ ᠭᠤᠤᠯ ᠭᠤᠯᠳᠤᠷᠢᠯ ᠤᠨ ᠣᠷᠣᠨ ᠪᠠ ᠰᠠᠶᠢᠷᠭᠠᠯ ᠤᠨ ᠣᠶᠢᠷ᠎ᠠ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠵᠡᠷᠭᠡ ᠦᠶ᠋ᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠤᠰᠤᠨ ᠠᠰᠢᠭᠯᠠᠯᠲᠠ ᠢᠢᠨ ᠰᠠᠯᠠᠭ᠎ᠠ ᠮᠥᠴᠢᠷ  ᠤᠨ ᠬᠤᠪᠢᠶᠠᠷᠢᠯᠠᠨ ᠲᠣᠭᠲᠠᠭᠠᠭᠰᠠᠨ ᠬᠠᠳᠤᠨ ᠭᠤᠣᠯ  ᠤᠨ ᠭᠤᠣᠯ ᠤᠨ  ᠵᠠᠮ ᠤᠨ ᠬᠠᠮᠢᠶᠠᠷᠤᠯᠲᠠ ᠶᠢᠨ  ᠬᠡᠪᠴᠢᠶᠡᠨ   ᠤ ᠭᠤᠣᠯ ᠭᠤᠣᠯ ᠤᠨ ᠭᠤᠯᠳᠤᠷᠢᠯ ᠤᠨ ᠣᠷᠣᠨ ᠪᠣᠯᠤᠨ ᠲᠠᠩ   ᠤᠨ ᠣᠶᠢᠷᠠᠯᠴᠠᠭ᠎ᠠ ᠣᠷᠣᠨ  ᠳᠤ ᠥᠨᠳᠥᠷ ᠡᠰᠢᠲᠦ ᠲᠠᠷᠢᠮᠠᠯ ︵ᠲᠤᠰᠬᠠᠶᠢᠯᠠᠨ ᠡᠷᠳᠡᠨᠢ ᠰᠢᠰᠢ᠂ ᠨᠡᠷᠡᠨ ᠬᠤᠸᠠᠷ᠂ ᠰᠢᠰᠢ ᠵᠡᠷᠭᠡ   ᠢ ᠵᠢᠭᠠᠵᠤ ᠪᠤᠢ︶ ᠲᠠᠷᠢᠬᠤ  ᠢ ᠴᠢᠩᠭ᠎ᠠ ᠴᠠᠭᠠᠵᠠᠯᠠᠨ᠎ᠠ᠃    ᠬᠤᠶᠠᠷ᠂ ᠭᠤᠤᠯ ᠤᠨ ᠵᠠᠮ  ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠭᠤᠤᠯ ᠭᠤᠯᠳᠤᠷᠢᠯ ᠤᠨ ᠣᠷᠣᠨ ᠪᠠ ᠰᠠᠶᠢᠷᠭᠠᠯ ᠤᠨ ᠣᠶᠢᠷ᠎ᠠ ᠣᠷᠣᠨ ᠳᠤ ᠲᠠᠷᠢᠶᠠᠨ ᠡᠮ᠂ ᠬᠢᠮᠢ ᠶᠢᠨ ᠪᠣᠷᠲᠣᠭᠤᠷ ᠵᠡᠷᠭᠡ ᠣᠯᠠᠨ ᠡᠬᠢᠲᠦ ᠪᠣᠬᠢᠷᠲᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠪᠦᠲᠦᠭᠡᠭᠳᠡᠬᠦᠨ ᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠠᠯᠤᠰ ᠲᠠᠩ ᠣᠷᠣᠨ ᠳᠤ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠵᠡᠷᠭᠡ ᠶᠢᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠶᠡᠭᠡ ᠪᠠᠷ ᠶᠠᠪᠤᠭᠤᠯᠤᠨ᠎ᠠ᠃    ᠭᠤᠷᠪᠠ᠂ ᠭᠤᠣᠯ ᠤᠨ  ᠵᠠᠮ ᠤᠨ ᠬᠠᠮᠢᠶᠠᠷᠤᠯᠲᠠ ᠶᠢᠨ ᠬᠡᠪᠴᠢᠶᠡᠨ  ᠳᠤ ᠲᠠᠷᠢᠶᠠᠨ ᠭᠠᠵᠠᠷ᠂ ᠭᠡᠷ ᠪᠠᠶᠢᠰᠢᠩ ᠬᠢᠭᠡᠳ ᠬᠠᠮᠢᠶ᠎ᠠ ᠪᠥᠬᠦᠢ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠭᠤᠣᠯ   ᠤᠨ ᠵᠠᠮ  ᠤᠨ ᠬᠠᠮᠢᠶᠠᠷᠤᠯᠲᠠ ᠶᠢᠨ ᠬᠡᠪᠴᠢᠶᠡᠨ ᠳᠤ  ᠨᠢᠭᠡᠨᠲᠡ ᠵᠥᠪᠰᠢᠶᠡᠷᠡᠭᠰᠡᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠥᠷ ᠵᠣᠭᠰᠣᠭᠠᠬᠤ ᠬᠡᠷᠡᠭᠲᠡᠶ᠃ ᠭᠤᠣᠯ ᠤᠨ ᠵᠠᠮ   ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠤᠭᠤᠷᠬᠠᠶ ᠭᠠᠷᠭᠠᠬᠤ᠂ ᠬᠡᠭᠦᠷ ᠪᠤᠯᠠᠰᠢᠯᠠᠬᠤ᠂ ᠰᠢᠷᠣᠶ ᠠᠪᠬᠤ᠂ ᠡᠯᠡᠰᠦ ᠮᠠᠯᠲᠠᠬᠤ᠂ ᠮᠠᠯ ᠬᠠᠷᠢᠭᠤᠯᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠡᠷᠢᠬᠤ ᠵᠡᠷᠭᠡ ᠭᠤᠣᠯ   ᠤᠨ  ᠵᠠᠮ ᠤᠨ  ᠤᠰᠦᠠ ᠣᠷᠣᠨ ᠤ ᠲᠡᠯᠡᠢ ᠶᠢᠨ ᠡᠷᠭᠢ ᠶᠢᠨ ᠱᠤᠭᠤᠮ ᠢ ᠡᠵᠡᠯᠡᠬᠦ ᠵᠢᠴᠢ ᠵᠣᠷᠢᠭᠤᠳᠠ ᠰᠠᠭᠠᠳ ᠲᠠᠯᠪᠢᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃    ᠲᠦᠷᠪᠡ᠂ ᠵᠥᠪᠰᠢᠶᠡᠷᠡᠭᠦᠯᠦᠭᠰᠡᠨ ᠦᠭᠡᠢ ᠪᠠᠷ ᠭᠤᠣᠯ ᠤᠨ ᠵᠠᠮ ᠳᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠶᠢ ᠴᠢᠩᠭ᠎ᠠ ᠴᠠᠭᠠᠵᠠᠯᠠᠵᠤ᠂ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠦᠭᠡᠢ ᠠᠮᠢᠳᠤᠷᠠᠯ ᠤᠨ ᠪᠣᠬᠢᠷ ᠤᠰᠤ᠂ ᠲᠡᠵᠢᠭᠡᠨ ᠦᠷᠡᠵᠢᠭᠦᠯᠬᠦ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠵᠡᠷᠭᠡ ᠶᠢ ᠭᠤᠣᠯ ᠤᠨ ᠵᠠᠮ ᠳᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠭᠤᠣᠯ ᠤᠨ ᠵᠠᠮ ᠳᠣᠲᠣᠷ᠎ᠠ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃     ᠲᠠᠪᠤ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠥᠨᠳᠥᠷ ᠡᠰᠢᠲᠦ ᠲᠠᠷᠢᠮᠠᠯ ᠲᠠᠷᠢᠬᠤ ᠳᠤ ᠡᠷᠳᠡᠨᠢ ᠰᠢᠰᠢ ᠶᠢᠨ ᠨᠥᠬᠦᠪᠥᠷᠢ᠂ ᠲᠠᠷᠢᠶᠠᠯᠠᠩ ‍ᠤᠨ‌‍ᠲ᠋ᠠᠭᠠᠳᠬᠠᠯ ᠵᠡᠷᠭᠡ ᠬᠠᠮᠢᠶ᠎ᠠ ᠪᠥᠬᠦᠢ ᠲᠠᠩ ᠵᠦᠢᠯ   ᠤᠨ ᠲᠠᠷᠢᠮᠠᠯ ᠤᠨ    ᠵᠢᠷᠭᠤᠭ᠎ᠠ᠂ ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠾᠧ ᠳ᠋ᠦᠩ ᠪᠠᠯᠭᠠᠰᠤ᠂ ᠰᠢᠷᠴᠢᠨ ᠪᠠᠯᠭᠠᠰᠤ ᠨᠤᠭᠤᠳ ᠣᠯᠠᠨ ᠵᠦᠶ᠋ᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠲᠤᠰ ᠵᠠᠷᠯᠠᠯ ᠢ ᠵᠥᠷᠢᠴᠡᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠬᠠᠤᠯᠢ ᠶᠣᠰᠣᠭᠠᠷ ᠰᠢᠶ᠋ᠳᠪᠦᠷᠢᠯᠡᠨ᠎ᠡ᠂ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠲᠤᠯᠤᠭ᠎ᠠ᠂ ᠲᠤᠰ ᠵᠠᠷᠯᠠᠯ ᠢ ᠲᠤᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    2021 ᠣᠨ ᠤ 3 ᠰᠠᠷ᠎ᠠ ᠶᠢᠨ 24 ᠤ ᠡᠳᠦᠷ    ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ http://www.donghe.gov.cn/zcjd/24856326.jhtml    ᠪᠠᠭᠤᠯᠭᠠᠬᠤ᠄ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠭᠤᠤᠯ ᠭᠤᠯᠳᠤᠷᠢᠯ ᠤᠨ ᠣᠷᠣᠨ ᠪᠠ ᠰᠠᠶᠢᠷᠭᠠᠯ ᠤᠨ ᠣᠶᠢᠷᠠᠯᠴᠠᠭ᠎ᠠ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠬᠤ ᠵᠡᠷᠭᠡ ᠦᠶ᠋ᠯᠡ ᠠᠵᠢᠯᠯᠠᠭ᠎ᠠ ᠶᠢᠨ ᠲᠤᠬᠠᠶ ᠵᠠᠷᠯᠠᠯ᠃ docx    
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1