ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ︽2021 ᠣᠨ ᠤ ᠳ᠋ᠦᠩ ᠾᠧ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠲᠣᠭᠤᠷᠢᠭ ᠲᠤ ᠰᠠᠭᠤᠭ᠎ᠠ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ᠂ ᠡᠯ᠎ᠡ ᠪᠠᠯᠭᠠᠰᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄ | ︽2021 ᠣᠨ ᠤ ᠳ᠋ᠦᠩ ᠾᠧ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ︾ ᠶᠢ ᠳ᠋ᠦᠩ ᠾᠧ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠬᠢᠨᠠᠨ ᠶᠠᠷᠢᠯᠴᠠᠵᠤ | ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | 2021 ᠣᠨ ᠤ 4 ᠰᠠᠷ᠎ᠠ ᠶᠢᠨ 27 | | 2021 ᠣᠨ ᠤ ᠳ᠋ᠦᠩ ᠾᠧ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ | 2021 ᠣᠨ ᠪᠣᠯ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ | ᠡᠬᠢᠯᠡᠯᠲᠡ ᠶᠢᠨ ᠵᠢᠯ ᠮᠥᠨ᠂ 2021 ᠣᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠡᠳᠤ ᠶᠢᠨ | ᠠᠴᠢ ᠬᠤᠯᠪᠣᠭᠳᠠᠯ ᠲᠠᠢ ᠪᠥᠭᠡᠳ ᠬᠦᠨᠳᠦ ᠶᠡᠭᠡ ᠬᠠᠷᠢᠭᠤᠴᠠᠯᠭ᠎ᠠ ᠲᠠᠢ ᠶᠤᠮ᠃ | ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠵᠠᠳᠠᠯᠵᠤ᠂ 2021 ᠣᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠠᠩᠬ᠎ᠠ ᠠᠯᠬᠤᠮ ᠲᠣᠭᠲᠠᠭᠠᠪᠠ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 7% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ | ᠬᠦ᠋ᠷᠦᠩᠭᠡ ᠶᠢᠨ ᠪᠡᠯᠡ ᠣᠷᠣᠭᠤᠯᠤᠯᠲᠠ ᠶᠢ 15% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠪᠦᠬᠦ ᠲᠤᠭ᠎ᠠ ᠶᠢ 8% ᠣᠷᠴᠢᠮ ᠢᠶᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6% ᠣᠷᠴᠢᠮ | ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠠᠳᠠᠯᠢ ᠬᠤᠳᠠ ᠪᠠᠯᠭᠠᠰᠤᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 39% ᠶᠢᠨ ᠳᠣᠲᠣᠷ᠎ᠠ ᠬᠢᠵᠠᠭᠠᠷᠯᠠᠨ᠎ᠠ︔ ᠳᠡᠭᠡᠳᠦ ᠱᠠᠲᠤᠨ ᠠᠴᠠ | ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠬᠤᠷᠸ᠎ᠠ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ | ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ | ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ ᠬᠢᠷᠢ | ᠲᠦᠪᠰᠢᠨ ᠪᠦᠬᠦᠢ ᠭᠠᠳᠠᠭᠰᠢ ᠨᠡᠭᠡᠭᠡᠯᠳᠡ ᠶᠢ ᠥᠷᠭᠡᠳᠬᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ | ᠨᠢᠭᠡ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ | ︵ᠨᠢᠭᠡ︶ ᠬᠥᠩᠭᠡᠨ ᠴᠠᠭᠠᠨ ᠤ ᠠᠵᠤ ᠦᠶ᠋ᠯᠡᠰ ᠤᠨ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ | ᠨᠥᠬᠦᠪᠥᠷᠢᠯᠡᠵᠦ ᠬᠡᠯᠬᠢᠶᠡᠰᠦ ᠶᠢ ᠴᠢᠩᠭᠠᠷᠠᠭᠤᠯᠬᠤ ᠶᠢ ᠠᠬᠢᠭᠤᠯᠤᠨ᠎ᠠ᠃ ᠬᠤᠸᠠ ᠶᠦᠨ ᠭᠤᠷᠪᠠᠳᠤᠭᠠᠷ | ᠬᠤᠭᠤᠴᠠᠭᠠᠨ ᠤ 42 ᠲᠦᠮᠡᠨ ᠲᠣᠨ ᠤ ᠬᠥᠩᠭᠡᠨ ᠬᠠᠶᠢᠯᠤᠰᠢ ᠶᠢᠨ ᠲᠥᠷᠥᠯ ᠵᠦᠶ᠋ᠯ ᠢ ᠪᠣᠳᠠᠲᠠᠶᠢᠵᠢᠭᠤᠯᠤᠨ ᠠᠵᠢᠯ | ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠥᠩᠭᠡᠨ ᠴᠠᠭᠠᠨ ᠴᠠᠬᠢᠯᠭᠠᠨ ᠤ ᠬᠤᠯᠪᠣᠭᠠᠯᠠᠨ ᠡᠵᠡᠩᠨᠡᠬᠦ ᠡᠬᠢ | ᠪᠠᠶᠠᠯᠢᠭ ᠤᠨ ᠳᠠᠪᠠᠭᠤᠯᠢᠭ ᠢ ᠪᠠᠬᠢᠵᠢᠭᠦᠯᠦᠨ᠎ᠡ᠃ ᠬᠥᠩᠭᠡᠨᠴᠠᠭᠠᠨ ᠤ ᠠᠵᠤ ᠦᠶ᠋ᠯᠡᠰ ᠤᠨ ᠬᠡᠯᠬᠢᠶ᠎ᠡ ᠶᠢᠨ ᠪᠥᠬᠦ | ᠦᠵᠡᠮᠵᠢ ᠶᠢᠨ ᠵᠢᠷᠤᠭ ᠢ ᠰᠢᠯᠢᠳᠡᠭᠵᠢᠭᠦᠯᠵᠦ᠂ ᠬᠥᠩᠭᠡᠨᠴᠠᠭᠠᠨ ᠤ ᠠᠵᠤ ᠦᠶ᠋ᠯᠡᠰ ᠤᠨ ᠪᠣᠬᠢᠷᠲᠤᠯ ᠥᠬᠡᠶ ᠪᠠᠷ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ ᠶᠢᠨ | ᠲᠣᠭᠤᠷᠢᠨ ᠳᠤ᠂ ᠬᠠᠪᠲᠠᠰᠤ ᠪᠦᠰᠡ ᠴᠠᠭᠠᠰᠤ᠂ ᠮᠠᠰᠢᠨ ᠲᠡᠷᠭᠡᠨ ᠤ ᠰᠡᠯᠪᠢᠭ ᠲᠣᠨᠤᠭ᠂ ᠬᠥᠩᠭᠡᠨᠴᠠᠭᠠᠨ ᠤ ᠢᠵᠢ | ᠪᠥᠷᠢᠳᠦᠭᠰᠡᠨ ᠬᠤᠯᠪᠣᠭᠳᠠᠬᠤ ᠠᠵᠤ ᠦᠶ᠋ᠯᠡᠰ ᠵᠡᠷᠭᠡ ᠬᠥᠩᠭᠡᠨᠴᠠᠭᠠᠨ ᠤ ᠨᠠᠷᠢᠯᠢᠭ ᠭᠦᠨᠵᠡᠭᠡᠶ ᠡᠳ᠋ᠰᠢᠭᠦᠯᠬᠦ ᠠᠵᠤ | ᠦᠶ᠋ᠯᠡᠰ ᠢ ᠴᠢᠩᠭ᠎ᠠ ᠠᠵᠢᠭᠯᠠᠵᠤ᠂ ᠠᠵᠤ ᠦᠶ᠋ᠯᠡᠰ ᠤᠨ ᠬᠡᠯᠬᠢᠶ᠎ᠡ ᠶᠢ ᠢᠳᠡᠪᠬᠢᠲᠡᠶ ᠪᠠᠷ ᠤᠷᠲᠤᠳᠬᠠᠨ᠎ᠠ᠃ ᠬᠥᠩᠭᠡᠨ | ᠴᠠᠭᠠᠨ ᠤ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠢ ᠶᠡᠬᠡᠪᠡᠷ ᠬᠥᠭᠵᠢᠭᠦᠯᠵᠦ᠂ ᠳᠤᠮᠳᠠ ᠤᠰᠤᠲᠥ᠋ᠷᠥᠭᠴᠢ ᠶᠢᠨ | ᠡᠨᠧᠷᠭᠢ ᠶᠢᠨ ᠵᠢᠯ ᠳᠤ 1000 ᠲᠣᠨ ᠮᠤᠺᠥ᠋ ᠨᠠᠨᠤᠮᠤᠲᠷ ᠤᠨ ᠳᠡᠭᠡᠳᠦ ᠴᠡᠪᠡᠷ ᠬᠥᠩᠭᠡᠨᠴᠠᠭᠠᠨ ᠤ ᠢᠰᠦᠯ ᠤᠨ | ᠲᠥᠷᠥᠯ ᠵᠦᠶ᠋ᠯ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠳᠥᠷᠪᠡ ᠶᠢ | ᠨᠡᠪᠲᠡᠷᠡᠭᠦᠯᠬᠦ ᠰᠢᠨ᠎ᠡ ᠮᠠᠲ᠋ᠧᠷᠢᠶᠠᠯ ᠤᠨ 5 ᠲᠦᠮᠡᠨ ᠲᠣᠨ ᠬᠥᠩᠭᠡᠨ ᠴᠠᠭᠠᠨ ᠤ ᠪᠦᠯᠦᠭ ᠤᠨ ᠬᠤᠪᠣᠷ ᠰᠢᠷᠣᠶ ᠶᠢᠨ | ᠳᠤᠮᠳᠠᠬᠢ ᠬᠠᠶᠢᠯᠤᠰᠢ᠂ ᠹᠦ᠋ ᠰᠢᠨ ᠭᠠᠩ ᠬᠥᠩᠭᠡᠨ ᠴᠠᠭᠠᠨ ᠤ ᠦᠶ᠋ᠯᠡᠰ ᠤᠨ ᠬᠥᠩᠭᠡᠨ ᠴᠠᠭᠠᠨ ᠤ ᠴᠠᠬᠢᠯᠭᠠᠨ | ᠰᠣᠷᠢᠨᠵᠢᠨ ᠤᠲᠠᠰᠤ᠂ ᠤᠮᠠᠷᠠᠲᠤ ᠶᠢᠨ ᠬᠥᠩᠭᠡᠨ ᠴᠠᠭᠠᠨ ᠤ ᠦᠶ᠋ᠯᠡᠰ ᠤᠨ ᠳ᠋ᠢᠶᠠᠨ ᡂᠢ ᠬᠥᠩᠭᠡᠨ ᠴᠠᠭᠠᠨ ᠤ ᠴᠠᠭᠠᠰᠤ | ᠵᠢᠴᠢ ᠳᠡᠭᠡᠳᠦ ᠲᠠᠰ ᠤᠨ ᠬᠥᠩᠭᠡᠨ ᠴᠠᠭᠠᠨ ᠤ ᠭᠠᠩᠨᠠᠭᠤᠷ ᠤᠲᠠᠰᠤ᠂ ᠲᠦᠩ ᠪᠢᠶᠤᠤ ᠬᠥᠩᠭᠡᠨ ᠴᠠᠭᠠᠨ ᠤ | ᠦᠶ᠋ᠯᠡᠰ ᠤᠨ ᠳᠡᠭᠡᠳᠦ ᠴᠠᠬᠢᠭᠤᠷ ᠬᠥᠩᠭᠡᠨ ᠴᠠᠭᠠᠨ ᠤ ᠬᠠᠶᠢᠯᠤᠰᠢ ᠶᠢᠨ ᠰᠢᠨ᠎ᠡ ᠮᠠᠲ᠋ᠧᠷᠢᠶᠠᠯ ᠵᠡᠷᠭᠡ ᠲᠥᠷᠥᠯ | ᠵᠦᠶ᠋ᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠲᠦᠷᠭᠡᠳᠬᠡᠨ᠎ᠡ᠃ ᠮᠠᠰᠢᠨ ᠲᠡᠷᠭᠡᠨ ᠤ ᠰᠡᠯᠪᠢᠭ | ᠲᠣᠨᠤᠭ ᠤᠨ ᠠᠵᠤ ᠦᠶ᠋ᠯᠡᠰ ᠤᠨ ᠪᠥᠭᠡᠮᠨᠡᠷᠡᠯ ᠢ ᠨᠠᠷᠢᠯᠢᠭ ᠬᠢᠵᠦ᠂ ᠱᠧᠩ ᠲᠠᠢ ᠶᠢᠨ 30 ᠲᠦᠮᠡᠨ ᠬᠤᠪᠣᠷ | ᠰᠢᠷᠣᠶ ᠶᠢᠨ ᠬᠥᠩᠭᠡᠨ ᠴᠠᠭᠠᠨ ᠤ ᠬᠠᠶᠢᠯᠤᠰᠢ ᠶᠢᠨ ᠬᠤᠳᠠᠯᠳᠤᠭᠠᠨ ᠳᠤ ᠬᠡᠷᠡᠭᠯᠡᠬᠦ ᠲᠡᠷᠭᠡᠨ ᠬᠦᠷᠳᠦ᠂ ᠪᠡᠭᠡᠵᠢᠩ ᠤᠨ | ᠱᠢ ᠹᠤᠩ ᠣᠨ ᠳᠤ 500 ᠲᠦᠮᠡᠨ ᠢᠵᠢ ᠮᠠᠭᠨᠢ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦ | ᠦᠶ᠋ᠯᠡᠳᠪᠦᠷᠢᠯᠡᠬᠦ ᠵᠡᠷᠭᠡ ᠲᠥᠷᠥᠯ ᠵᠦᠶ᠋ᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠬᠥᠩᠭᠡᠨ ᠴᠠᠭᠠᠨ ᠤ ᠬᠡᠯᠪᠡᠷᠢ ᠶᠢᠨ | ᠮᠠᠲ᠋ᠧᠷᠢᠶᠠᠯ ᠤᠨ ᠠᠵᠤ ᠦᠶ᠋ᠯᠡᠰ ᠤᠨ ᠳᠤᠮᠳᠠ ᠳᠡᠭᠡᠳᠦ ᠲᠠᠰ ᠳᠠᠰᠢ ᠳᠠᠪᠰᠢᠬᠤ ᠶᠢ ᠦᠷᠭᠦᠯᠵᠢᠯᠡᠨ ᠠᠬᠢᠭᠤᠯᠵᠤ᠂ | ᠰᠢᠨ ᠾᠦᠢ ᠽᠤ᠋ ᠬᠥᠩᠭᠡᠨ ᠴᠠᠭᠠᠨ ᠤ ᠦᠶ᠋ᠯᠡᠰ ᠤᠨ ᠰᠢᠨ᠎ᠡ ᠬᠡᠯᠪᠡᠷᠢ ᠶᠢᠨ ᠬᠤᠪᠣᠷ ᠰᠢᠷᠣᠶ ᠶᠢᠨ ᠬᠥᠩᠭᠡᠨ ᠴᠠᠭᠠᠨ ᠤ | ᠬᠠᠶᠢᠯᠤᠰᠢ ᠵᠢᠴᠢ 5 ᠲᠦᠮᠡᠨ ᠲᠣᠨ ᠳᠡᠭᠡᠳᠦ ᠲᠠᠰ ᠤᠨ ᠠᠵᠤ ᠦᠶ᠋ᠯᠡᠳᠪᠦᠷᠢ ᠶᠢᠨ ᠬᠥᠩᠭᠡᠨ ᠴᠠᠭᠠᠨ ᠤ ᠬᠡᠯᠪᠡᠷᠢ ᠶᠢᠨ | ᠮᠠᠲ᠋ᠧᠷᠢᠶᠠᠯ᠂ ᠬᠤᠶ ᠲᠦᠩ ᠪᠠᠶ ᠴᠤᠸᠠᠨ ᠤ 10 ᠲᠦᠮᠡᠨ ᠲᠣᠨ ᠬᠥᠩᠭᠡᠨ ᠴᠠᠭᠠᠨ ᠢ ᠨᠠᠷᠢᠯᠢᠭ ᠡᠳ᠋ᠰᠢᠭᠦᠯᠬᠦ ᠵᠡᠷᠭᠡ | ᠲᠥᠷᠥᠯ ᠵᠦᠶ᠋ᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ︽5G + ᠠᠵᠤ | ᠦᠶ᠋ᠯᠡᠳᠪᠦᠷᠢ ᠶᠢᠨ ᠢᠨᠲ᠋ᠤᠷ ᠰᠦᠯᠵᠢᠶ᠎ᠡ︾ ᠶᠢᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠪᠤᠭᠤᠲᠤ ᠶᠢᠨ | ᠬᠥᠩᠭᠡᠨ ᠴᠠᠭᠠᠨ᠂ ᠱᠧᠩ ᠲᠠᠢ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠲᠣᠭᠠᠵᠢᠭᠤᠯᠬᠤ ᠥᠭᠡᠷᠡᠴᠢᠯᠡᠯᠲᠡ | ᠬᠢᠵᠦ ᠳᠡᠭᠡᠭᠰᠢᠯᠡᠭᠦᠯᠬᠦ ᠶᠢ ᠠᠬᠢᠭᠤᠯᠤᠨ᠂ ᠠᠵᠤ ᠦᠶ᠋ᠯᠡᠳᠪᠦᠷᠢ ᠶᠢᠨ ᠢᠨᠲ᠋ᠤᠷ ᠰᠦᠯᠵᠢᠶᠡᠨ ᠤ ᠲᠠᠪᠴᠠᠩ ᠢ ᠪᠣᠶ | ᠪᠣᠯᠭᠠᠨ᠎ᠠ᠃ ᠬᠥᠩᠭᠡᠨ ᠴᠠᠭᠠᠨ ᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠩᠭᠡᠨ ᠴᠠᠭᠠᠨ ᠤ ᠦᠶ᠋ᠯᠡᠰ ᠤᠨ ᠬᠦᠷᠢᠶᠡᠯᠡᠩ ᠲᠣᠭᠤᠷᠢᠭ ᠤᠨ ᠵᠡᠭᠦᠨᠰᠢ | ᠥᠷᠭᠡᠳᠬᠡᠭᠰᠡᠨ ᠲᠣᠭᠤᠷᠢᠭ ᠤᠨ 5000 ᠮᠥ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ᠠᠵᠢᠯ ᠢ ᠡᠬᠢᠯᠡᠭᠦᠯᠵᠦ᠂ | ᠬᠦᠷᠢᠶᠡᠯᠡᠩ ᠲᠣᠭᠤᠷᠢᠭ ᠤᠨ 1000 ᠮᠥ ᠰᠤᠯᠠ ᠪᠠᠶᠢᠬᠤ ᠭᠠᠵᠠᠷ ᠰᠢᠷᠣᠶ᠂ 7.8 ᠲᠦᠮᠡᠨ ᠲᠡᠭᠰᠢ ᠳᠥᠷᠪᠡᠯᠵᠢᠨ | ᠮᠧᠲᠷ ᠤᠨ ᠰᠤᠯᠠ ᠪᠠᠶᠢᠬᠤ ᠦᠶ᠋ᠯᠡᠳᠪᠦᠷᠢ ᠶᠢᠨ ᠪᠠᠶᠢᠰᠢᠩ ᠢ ᠲᠦᠷᠭᠡᠳᠬᠡᠨ ᠠᠮᠢᠯᠠᠭᠤᠯᠵᠤ᠂ ᠬᠤᠸᠠ ᠶᠦᠨ ᠲᠡᠮᠦᠷ | ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠤᠨ᠂ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠬᠤᠶᠠᠷ︶ ᠣᠲᠣ ᠦᠶ᠎ᠡ ᠶᠢᠨ ᠦᠶ᠋ᠯᠡᠴᠢᠯᠡᠭᠡᠨ ᠤ ᠦᠶ᠋ᠯᠡᠰ ᠢ ᠰᠢᠯᠢᠳᠡᠭᠵᠢᠭᠦᠯᠦᠨ ᠠᠮᠢᠳᠤᠯᠢᠭ ᠪᠣᠯᠭᠠᠨ᠎ᠠ᠃ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ᠂ ᠳᠡᠭᠡᠳᠦ ᠲᠡᠰ ᠤᠨ ᠪᠣᠯᠭᠠᠬᠤ | ᠲᠡᠰᠢ ᠬᠥᠭᠵᠢᠭᠦᠯᠬᠦ ᠶᠢ ᠲᠦᠯᠬᠢᠨ ᠠᠬᠢᠭᠤᠯᠵᠤ᠂ ᠡᠮᠦᠨᠡᠲᠦ ᠬᠡᠰᠡᠭ ᠤᠨ ᠭᠠᠵᠠᠷ ᠣᠷᠣᠨ ᠳᠤ ᠨᠡᠶᠢᠭᠡᠮ ᠤᠨ | ᠬᠦᠷᠦᠩᠭᠡ ᠶᠢ ᠣᠷᠣᠭᠤᠯᠤᠨ ᠠᠪᠴᠢᠷᠠᠵᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ | ᠣᠷᠣᠯᠴᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠠᠭᠠᠷ ᠤᠨ ᠠᠵᠤ ᠠᠬᠤᠶ᠂ ᠤᠳᠤ ᠦᠶ᠎ᠡ ᠶᠢᠨ | ᠪᠠᠷᠠᠭᠠᠨ ᠤ ᠭᠦᠢᠯᠭᠡᠭᠡ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠣᠷᠣᠭᠤᠯᠤᠨ ᠠᠪᠴᠢᠷᠠᠵᠤ ᠪᠤᠶᠢᠵᠢᠭᠤᠯᠤᠨ | ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠦᠷᠢᠶᠡᠯᠡᠩ ᠲᠣᠭᠤᠷᠢᠭ ᠢ ᠲᠦᠷᠭᠡᠪᠴᠢᠯᠡᠨ ᠪᠦᠳᠦᠭᠡᠨ ᠪᠠᠶᠢᠭᠤᠯᠤᠨ᠎ᠠ᠃ | ᠠᠮᠢᠳᠤᠷᠠᠯ ᠤᠨ ᠴᠢᠨᠠᠷᠲᠠᠶ ᠦᠶ᠋ᠯᠡᠴᠢᠯᠡᠭᠡᠨ ᠤ ᠦᠶ᠋ᠯᠡᠰ ᠢ ᠨᠠᠷᠢᠯᠢᠬᠵᠢᠭᠤᠯᠬᠤ᠂ ᠴᠢᠨᠠᠷ ᠰᠠᠶᠢᠲᠠᠶ ᠬᠥᠭᠵᠢᠭᠦᠯᠬᠦ ᠶᠢ | ᠠᠬᠢᠭᠤᠯᠵᠤ᠂ ᠪᠸᠢ ᠯᠢᠶᠠᠩ ᠭᠠᠵᠠᠷ ᠣᠷᠣᠨ ᠳᠤ ᠣᠳᠣᠨ ᠲᠠᠰ ᠤᠨ ᠪᠠᠭᠤᠳᠠᠯ᠂ ᠬᠤᠲᠠ ᠶᠢᠨ ᠶᠡᠷᠦᠩᠬᠡᠶᠢᠯᠡᠭᠰᠡᠨ | ᠴᠣᠭᠴᠠ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ᠂ ᠬᠤᠳᠠᠯᠳᠤᠭᠠᠨ ᠤ ᠶᠠᠪᠤᠳᠠᠯ ᠤᠨ ᠬᠠᠮ ᠦᠵᠡᠰᠬᠦᠯᠡᠩ᠂ | ᠤᠨᠴᠠᠯᠢᠬᠳᠤ ᠢᠳᠡᠭᠡᠨ ᠤᠮᠳᠠᠭᠠᠨ᠂ ᠰᠥᠨᠢ ᠶᠢᠨ ᠵᠢᠭᠤᠯᠴᠢᠯᠠᠯ ᠵᠤᠭ᠎ᠠ ᠴᠡᠩᠭᠡᠯ᠂ ᠰᠣᠶᠣᠯ ᠤᠨ ᠪᠦᠲᠦᠭᠡᠯᠴᠢ | ᠰᠡᠳᠬᠢᠮᠵᠢ ᠵᠡᠷᠭᠡ ᠲᠥᠷᠥᠯ ᠵᠦᠶ᠋ᠯ ᠢ ᠣᠷᠣᠭᠤᠯᠤᠨ ᠠᠪᠴᠢᠷᠠᠨ᠎ᠠ᠃ ︽ᠬᠠᠭᠤᠴᠢᠨ ᠪᠤᠭᠤᠲᠤ︾ ᠬᠤᠲᠠ ᠶᠢᠨ | ᠨᠡᠷ᠎ᠡ ᠶᠢᠨ ᠬᠠᠭᠤᠳᠠᠰᠤ ᠶᠢ ᠪᠣᠶ ᠪᠣᠯᠭᠠᠵᠤ᠂ ᠪᠤᠭᠤᠲᠤ ᠶᠢᠨ ᠹᠦ᠋ ᠰᠢᠶᠠᠩ ᠤᠨ ᠠᠵᠢᠯ ᠡᠬᠢᠯᠡᠭᠦᠯᠦᠨ ᠡᠵᠡᠩᠨᠡᠬᠦ᠂ | ᠴᠢᠶᠣᠤ ᠵᠢᠶᠠ ᠶᠢᠨ ᠵᠡᠭᠡᠯᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠭᠠᠯ | ᠳᠠᠭᠠᠭᠠᠮᠠᠭᠠᠶ ᠦᠶ᠋ᠯᠡᠳᠪᠦᠷᠢ ᠵᠠᠮ ᠤᠨ ᠤᠨᠴᠠᠯᠢᠬᠳᠤ ᠢᠳᠡᠭᠡᠨ ᠤᠮᠳᠠᠭᠠᠨ ᠤ ᠵᠡᠭᠡᠯᠢ ᠶᠢᠨ ᠨᠠᠷᠠᠲᠤ ᠲᠡᠮᠳᠡᠭᠲᠦ ᠶᠢ ᠪᠣᠶ | ᠪᠣᠯᠭᠠᠵᠤ᠂ ᠵᠢᠩ ᠢᠦᠶ ᠯᠢᠦᠶ ᠡᠵᠢ ᠪᠦᠯᠦᠭᠯᠡᠯ ᠤᠨ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠶᠡᠷᠦᠩᠬᠡᠶᠢᠯᠡᠭᠰᠡᠨ | ᠴᠣᠭᠴᠠ᠂ ᠱᠠᠨᠳᠦ᠋ᠩ ᠱᠠᠨᠳᠦ᠋ᠩ ᠤᠨ ᠬᠤᠳᠠᠯᠳᠤᠭᠠᠨ ᠤ ᠪᠦᠯᠦᠭᠯᠡᠯ ᠤᠨ ᠺᠠᠩ ᠶᠠᠩ ᠶᠡᠷᠦᠩᠬᠡᠶ ᠴᠣᠭᠴᠠ᠂ | ᠪᠤᠭᠤᠲᠤ ᠶᠢᠨ ᠨᠣᠮ ᠤᠨ ᠬᠤᠲᠠ ᠶᠢᠨ ᠰᠣᠶᠣᠯ ᠤᠨ ᠶᠡᠷᠦᠩᠬᠡᠶᠢᠯᠡᠭᠰᠡᠨ ᠴᠣᠭᠴᠠ ᠵᠡᠷᠭᠡ ᠴᠢᠬᠤᠯᠠ ᠶᠡᠭᠡ ᠲᠥᠷᠥᠯ | ᠵᠦᠶ᠋ᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠰᠣᠶᠣᠯ ᠬᠤᠳᠠᠯᠳᠤᠭ᠎ᠠ ᠵᠢᠭᠤᠯᠴᠢᠯᠠᠯ ᠦᠶ᠋ᠯᠡᠳᠪᠦᠷᠢᠯᠡᠯ ᠤᠨ | ᠬᠤᠲᠠ ᠶᠢᠨ ᠠᠭᠤᠰᠤᠯᠴᠠᠭᠰᠠᠨ ᠰᠢᠨ᠎ᠡ ᠥᠨᠳᠦᠷᠯᠢᠭ ᠢ ᠪᠣᠶ ᠪᠣᠯᠭᠠᠨ᠎ᠠ᠃ ᠬᠤᠳᠠᠯᠳᠤᠭᠠᠨ ᠤ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠶᠢᠷᠢᠰᠢᠭᠤᠯᠵᠤ᠂ ᠦ᠋ ᠶᠤᠸᠠᠢ ᠠᠭᠤᠳᠠᠮ ᠲᠠᠯᠠᠪᠠᠢ ᠶᠢ ᠡᠵᠡᠩᠨᠡᠯᠲᠡ ᠳᠤ | ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠸᠢᠺᠲ᠋ᠣᠷᠢ ᠶᠢᠨ ᠰᠢᠨ᠎ᠡ ᠲᠩᠷᠢ ᠭᠠᠵᠠᠷ᠂ ᠸᠢᠺᠲ᠋ᠣᠷᠢᠮᠤᠷ ᠬᠤᠲᠠ ᠲᠠᠢ | ᠬᠠᠮᠲᠤ ᠪᠠᠷ ᠳᠤᠮᠳᠠ ᠳᠡᠭᠡᠳᠦ ᠳᠡᠰ ᠤᠨ ᠬᠤᠳᠠᠯᠳᠤᠭᠠᠨ ᠤ ᠴᠤᠭᠯᠠᠷᠠᠯ ᠤᠨ ᠣᠷᠣᠨ ᠢ ᠪᠠᠶᠢᠭᠤᠯᠤᠨ᠎ᠠ᠃ ᠵᠡᠭᠦᠨ ᠵᠠᠭᠤ | ᠂ ᠬᠤᠸᠠᠨ ᠰᠢ᠂ ᠲᠠᠢ ᠫᠢᠩ ᠰᠧ᠂ ᠳ᠋ᠠ ᠬᠤᠩ ᠮᠤᠨ᠂ ᠴᠢᠤᠸᠠᠨ ᠶᠧ ᠴᠧᠩ ᠵᠡᠷᠭᠡ ᠤᠯᠠᠮᠵᠢᠯᠠᠯᠲᠤ ᠠᠷᠠᠯᠵᠢᠶ᠎ᠠ | ᠬᠤᠳᠠᠯᠳᠤᠭᠠᠨ ᠤ ᠵᠠᠬ᠎ᠠ ᠳᠡᠯᠭᠡᠭᠦᠷ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠦᠷᠢᠶᠡᠴᠢᠯᠡᠭᠰᠡᠨ ᠬᠥᠭᠵᠢᠯᠲᠡ | ᠪᠠ ᠪᠠᠶᠢᠷᠢ ᠵᠥᠷᠢᠭᠦᠯᠦᠨ ᠥᠷᠢᠰᠥᠯᠳᠦᠬᠦ ᠶᠢ ᠠᠬᠢᠭᠤᠯᠤᠨ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ | ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ | ᠣᠷᠭᠠᠨᠢᠭ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠬᠡᠷᠡᠭᠯᠡᠭᠡᠨ ᠤ ᠲᠥᠪ ᠢ ᠪᠠᠶᠢᠭᠤᠯᠤᠨ᠎ᠠ᠃ | ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ 5G ᠰᠦᠯᠵᠢᠶᠡᠨ ᠤ ᠰᠠᠭᠤᠷᠢ ᠥᠷᠲᠡᠭᠡ ᠶᠢ 300 | ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠬᠤ | ᠤᠶᠤᠨᠲᠤ ᠠᠵᠤ ᠦᠶ᠋ᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠤᠶᠤᠨᠲᠤ ᠭᠠᠯ | ᠤᠨᠲᠠᠷᠠᠭᠠᠬᠤ ᠤᠷᠢᠳᠴᠢᠯᠠᠨ ᠰᠡᠷᠡᠮᠵᠢᠯᠡᠭᠦᠯᠬᠦ᠂ ᠤᠶᠤᠨᠲᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠨ ᠡᠵᠡᠮᠳᠡᠬᠦ ᠶᠢ | ᠨᠢᠭᠡ ᠴᠤᠭᠴᠠᠵᠢᠭᠤᠯᠬᠤ ᠲᠠᠪᠴᠠᠩ ᠢ ᠠᠬᠤᠶ ᠲᠠᠯᠠᠪᠠᠶ ᠶᠢᠨ ᠬᠡᠷᠡᠭᠯᠡᠯᠲᠡ ᠶᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠠᠵᠤ ᠦᠶ᠋ᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠣᠶ ᠪᠣᠯᠭᠠᠨ᠎ᠠ᠃ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠤ᠂ ᠳ᠋ᠦᠩ ᠾᠧ ᠲᠣᠭᠤᠷᠢᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠶ᠋ᠯᠭᠡᠭᠡᠨ ᠤ ᠵᠠᠩᠭᠢᠯᠠᠭ᠎ᠠ ᠶᠢᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠥᠲᠥᠴᠢ ᠠᠵᠤ ᠠᠬᠤᠶᠢᠯᠠᠯ ᠢ ᠳᠠᠬᠢᠯᠲᠠ | ᠡᠬᠢ ᠪᠠᠶᠠᠯᠢᠭ ᠢ ᠠᠰᠢᠭᠯᠠᠬᠤ᠂ ᠬᠥᠩᠭᠡᠨ ᠴᠠᠭᠠᠨ ᠤ ᠬᠠᠶᠢᠯᠤᠰᠢ ᠶᠢᠨ ᠰᠠᠭᠤᠷᠢᠨ ᠭᠠᠵᠠᠷ᠂ ᠲᠣᠨᠤᠭ ᠲᠥᠬᠦᠭᠡᠷᠦᠮᠵᠢ | ᠦᠶ᠋ᠯᠡᠳᠬᠦ᠂ ᠣᠲᠣ ᠦᠶ᠎ᠡ ᠶᠢᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶ᠋ᠯᠭᠡᠭᠡᠨ ᠢ ᠨᠢᠭᠡ ᠴᠣᠠᠠᠴᠠᠵᠢᠭᠤᠯᠥᠠᠠᠰᠠᠨ | ᠨᠡᠶᠢᠲᠡ ᠶᠢᠨ ᠬᠤᠷᠠᠮᠠᠯ ᠬᠠᠪᠲᠠᠰᠤ ᠶᠢᠨ ᠣᠲᠣ ᠦᠶ᠎ᠡ ᠶᠢᠨ ᠪᠠᠷᠠᠭᠠᠨ ᠤ ᠭᠦᠶ᠋ᠯᠭᠡᠭᠡᠨ ᠤ ᠬᠦᠷᠢᠶᠡᠯᠡᠩ ᠲᠣᠭᠤᠷᠢᠭ ᠢ | ᠳᠡᠭᠡᠭᠰᠢᠯᠡᠭᠦᠯᠬᠦ᠃ | ︵ᠭᠤᠷᠪᠠ︶ ᠲᠠᠷᠢᠶᠠᠯᠠᠩ ᠤᠨ ᠨᠠᠷᠢᠯᠢᠭ᠂ ᠰᠢᠯᠢᠳᠡᠭ᠂ ᠣᠨᠴᠠᠭᠠᠶ ᠪᠣᠯᠬᠤ ᠶᠢ ᠠᠬᠢᠭᠤᠯᠤᠨ᠎ᠠ᠃ ᠲᠠᠷᠢᠶᠠᠯᠠᠩ ᠤᠨ | ᠴᠢᠨᠠᠷ ᠰᠠᠶᠢᠲᠠᠶ ᠥᠨᠳᠥᠷ ᠪᠦᠲᠦᠮᠵᠢᠲᠡᠶ ᠬᠡᠯᠪᠡᠷᠢ ᠶᠢ ᠬᠤᠪᠢᠷᠠᠭᠤᠯᠬᠤ ᠶᠢ ᠪᠠᠷᠢᠮᠲᠠᠯᠠᠨ᠂ 2 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 8 ᠲᠦᠮᠡᠨ | ᠮᠥ ᠠᠴᠠ ᠳᠡᠭᠡᠭᠰᠢ ᠲᠣᠭᠲᠠᠪᠤᠷᠢᠵᠢᠭᠤᠯᠤᠨ᠂ 2000 ᠮᠥ ᠬᠠᠭᠤᠴᠢᠷᠬᠠᠰᠠᠨ ᠬᠦᠯᠡᠮᠵᠢ ᠶᠢᠨ ᠲᠠᠰ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠢᠳᠡᠰᠢᠨ ᠨᠣᠭᠤᠭ᠎ᠠ ᠶᠢᠨ ᠳᠠᠷᠢᠬᠤ | ᠲᠠᠯᠠᠪᠠᠶ ᠶᠢ 6 ᠲᠦᠮᠡᠨ ᠮᠥ ᠳᠤ ᠬᠦᠷᠭᠡᠵᠦ᠂ ᠤᠨᠠᠯᠲᠠ ᠶᠢ 42 ᠲᠦᠮᠡᠨ ᠲᠣᠨ ᠳᠤ ᠬᠦᠷᠦᠭᠦᠯᠦᠨ᠎ᠡ᠃ ᠲᠦᠷᠦᠯ | ᠵᠦᠢᠯ ᠢᠶᠠᠷ ᠰᠢᠯᠢᠳᠡᠭ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠢ ᠡᠭᠦᠳᠬᠦ ᠶᠢ | ᠲᠤᠪᠤᠶᠢᠯᠭᠠᠨ᠂ ᠨᠡᠷᠡᠳᠦ ᠣᠨᠴᠠ ᠰᠢᠯᠢᠳᠡᠭ ᠢᠳᠡᠰᠢᠨ ᠨᠣᠭᠤᠭ᠎ᠠ ᠭᠤᠸ᠎ᠠ ᠵᠢᠮᠢᠰ ᠤᠨ ᠲᠦᠷᠦᠯ ᠵᠦᠢᠯ ᠤᠨ | ᠦᠢᠯᠡᠳᠪᠦᠷᠢᠯᠡᠯ ᠤᠨ ᠬᠤᠪᠢ ᠶᠢᠨ ᠵᠢᠩ ᠢ ᠨᠡᠮᠡᠭᠳᠡᠭᠦᠯᠵᠦ᠂ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ | ᠭᠡᠷᠡᠴᠢᠯᠡᠯ᠂ ᠲᠠᠸᠠᠷ ᠤᠨ ᠲᠡᠮᠳᠡᠭ ᠤᠨ ᠭᠡᠷᠡᠴᠢᠯᠡᠯ ᠤᠨ ᠦᠢᠯᠡᠳᠬᠦᠨ ᠢ 3 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ | ᠂ ᠬᠤᠳᠠ ᠶᠢᠨ ᠱᠠᠲᠤᠨ ᠠᠴᠠ ᠳᠡᠭᠡᠭᠰᠢᠬᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ | ᠴᠣᠭᠴᠠ ᠶᠢ 5 ᠶᠢ ᠪᠤᠶᠢᠵᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ | ᠭᠦᠨᠵᠡᠭᠡᠶ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 73% ᠪᠣᠯᠲᠠᠯ᠎ᠠ ᠳᠡᠭᠡᠭᠰᠢᠯᠡᠭᠦᠯᠵᠦ᠂ ᠦᠶ᠋ᠯᠡᠳᠬᠦᠨ ᠤ | ᠥᠷᠲᠡᠭ ᠢ 24 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠵᠡᠭᠦᠨ ᠬᠡᠰᠡᠭ ᠤᠨ ᠲᠠᠷᠢᠶᠠᠯᠠᠬᠤ | ᠣᠷᠣᠨ ᠤ ᠬᠥᠳᠡᠭᠡ ᠲᠣᠰᠬᠤᠨ ᠤ ᠳᠦᠷᠰᠦ ᠪᠠᠶᠢᠳᠠᠯ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ | ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠲᠦᠷᠭᠡᠳᠬᠡᠨ ᠨᠡᠭᠡᠭᠡᠨ ᠬᠥᠭᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶ᠋ᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠪᠤᠭᠤᠲᠤ ᠶᠢᠨ | ᠠᠮᠤ ᠪᠤᠳᠠᠭᠠᠨ ᠤ ᠬᠥᠮᠥᠷᠭᠡ ᠶᠢ ᠨᠡᠭᠦᠯᠭᠡᠬᠦ ᠶᠢᠨ ᠲᠣᠭᠤᠷᠢᠨ ᠳᠤ᠂ ᠳᠣᠤᠷᠠᠳᠤ ᠤᠷᠤᠰᠬᠠᠯ ᠤᠨ ᠢᠳᠡᠭᠡᠨ ᠡᠳ᠋ᠰᠢᠭᠦᠯᠬᠦ᠂ | ᠪᠠᠷᠠᠭᠠᠨ ᠤ ᠭᠦᠶ᠋ᠯᠭᠡᠭᠡᠨ ᠤ ᠠᠵᠤ ᠦᠶ᠋ᠯᠡᠰ ᠢ ᠬᠥᠭᠵᠢᠭᠦᠯᠵᠦ᠂ ᠠᠮᠤ ᠪᠤᠳᠠᠭ᠎ᠠ ᠲᠣᠰᠣ ᠨᠥᠭᠡᠴᠡᠯᠡᠬᠦ ᠪᠠ ᠡᠳ᠋ᠰᠢᠭᠦᠯᠬᠦ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠪᠠᠷᠠᠭᠠᠨ ᠤ ᠭᠦᠶ᠋ᠯᠭᠡᠭᠡᠨ ᠤ | ᠳᠣᠭᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠢ ᠨᠢᠭᠡ | ᠴᠣᠠᠠᠴᠠᠵᠢᠭᠤᠯᠥᠠᠠᠰᠠᠨ ᠪᠤᠭᠤᠲᠤ ᠬᠤᠲᠠ ᠶᠢᠨ ᠠᠮᠤ ᠪᠤᠳᠠᠭ᠎ᠠ ᠡᠳ᠋ᠰᠢᠭᠦᠯᠬᠦ ᠠᠷᠠᠯᠵᠢᠶ᠎ᠠ ᠶᠢᠨ ᠪᠠᠷᠠᠭᠠᠨ ᠤ | ᠭᠦᠶ᠋ᠯᠭᠡᠭᠡᠨ ᠤ ᠬᠦᠷᠢᠶᠡᠯᠡᠩ ᠢ ᠪᠠᠶᠢᠭᠤᠯᠤᠨ᠎ᠠ᠃ | ᠬᠤᠶᠠᠷ᠂ ᠭᠠᠳᠠᠭᠠᠳᠤ ᠬᠡᠷᠡᠭᠴᠡᠭᠡ ᠶᠢ ᠲᠣᠭᠲᠠᠪᠤᠷᠢᠵᠢᠭᠤᠯᠤᠨ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠤᠣᠰ ᠡᠷᠬᠢᠯᠳᠡ︾ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠪᠠ | ︵ᠨᠢᠭᠡ︶ ᠨᠠᠷᠢᠯᠢᠭ ᠣᠨᠣᠴᠠᠲᠠᠶ ᠪᠠᠷ ᠬᠦᠴᠦᠨ ᠨᠡᠮᠡᠵᠦ ᠪᠦᠲᠦᠮᠵᠢᠲᠡᠶ ᠪᠠᠯᠠ ᠣᠷᠣᠭᠤᠯᠤᠨ᠎ᠠ᠃ ᠤᠷᠦᠯᠳᠦᠠ | ᠠᠬᠢᠭᠤᠯᠬᠤ᠂ ᠵᠢᠷᠤᠭ ᠵᠢᠷᠤᠵᠤ ᠪᠠᠶᠢᠯᠳᠤᠬᠤ ᠶᠢ ᠪᠠᠷᠢᠮᠲᠠᠯᠠᠵᠤ᠂ ᠰᠢᠶᠠᠨ ᠤ ᠱᠠᠲᠤᠨ ᠤ ᠤᠳᠤᠷᠢᠳᠬᠤ | ᠺᠠᠳ᠋ᠷᠴᠤᠳ ᠤᠨ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠵᠦᠢᠯᠡᠰ ᠢ ᠳᠠᠭᠠᠭᠠᠴᠢᠯᠠᠨ ᠬᠤᠯᠪᠣᠭᠠᠯᠠᠬᠤ | ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠪᠠ ᠪᠦᠳᠦᠭᠡᠠ ᠪᠠᠶᠢᠭᠤᠯᠤᠯᠲᠠ ᠶᠢᠨ | ᠡᠷᠴᠢᠮ ᠢ ᠴᠢᠩᠭᠠᠷᠠᠭᠤᠯᠤᠨ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ᠂ ᠪᠦᠲᠦᠴᠡ ᠶᠢ | ᠲᠣᠬᠢᠷᠠᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢᠨ ᠲᠣᠭᠤᠷᠢᠨ ᠳᠤ ᠪᠡᠯᠡ ᠣᠷᠣᠭᠤᠯᠤᠯᠲᠠ ᠶᠢᠨ ᠪᠦᠲᠦᠴᠡ ᠶᠢ | ᠬᠦᠴᠦᠯᠡᠨ ᠰᠢᠯᠢᠳᠡᠭᠵᠢᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠲᠡᠰᠦᠷᠡᠯᠳᠠ ᠤᠢᠭᠡᠢ ᠨᠡᠮᠡᠭᠳᠡᠭᠦᠯᠦᠨ᠂ | ᠪᠦᠬᠦ ᠵᠢᠯ ᠳᠤ 85 ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠵᠦ᠂ ᠵᠢᠯ ᠤᠨ ᠳᠣᠲᠣᠷ᠎ᠠ 115 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠥᠷᠥᠯ ᠵᠦᠶ᠋ᠯ ᠤᠨ ᠬᠠᠪᠰᠤᠷᠤᠨ ᠭᠦᠶ᠋ᠴᠡᠳᠬᠡᠬᠦ | ᠦᠶ᠋ᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠭᠠᠵᠠᠷ ᠰᠢᠷᠣᠶ᠂ ᠪᠠᠯᠠ ᠮᠥᠩᠭᠦ᠂ ᠮᠡᠷᠭᠡᠵᠢᠯ ᠵᠡᠷᠭᠡ ᠬᠦᠴᠦᠨ | ᠵᠦᠶ᠋ᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠭᠤᠤᠯᠳᠠᠯᠭ᠎ᠠ ᠲᠠᠢ | ᠲᠥᠷᠥᠯ ᠵᠦᠶ᠋ᠯ ᠤᠨ ᠡᠷᠲᠡ ᠠᠵᠢᠯ ᠡᠬᠢᠯᠡᠭᠦᠯᠬᠦ᠂ ᠡᠷᠲᠡ ᠠᠵᠢᠯ ᠳᠠᠭᠤᠰᠬᠠᠬᠤ᠂ ᠡᠷᠲᠡ ᠠᠰᠢᠭᠯᠠᠯᠲᠠ ᠳᠤ | ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠤᠯᠤᠰ ᠤᠨ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ︽ᠬᠤᠶᠠᠷ ᠰᠢᠨ᠎ᠡ ᠨᠢᠭᠡ ᠬᠦᠨᠳᠦ︾ | ᠶᠢᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠰᠠᠭᠤᠷᠢ ᠶᠢ ᠪᠠᠲᠤᠳᠬᠠᠬᠤ᠂ | ᠳᠤᠲᠠᠭᠤᠳᠠᠯ ᠢ ᠨᠥᠬᠦᠪᠥᠷᠢᠯᠡᠬᠦ᠂ ᠠᠯᠤᠰ ᠬᠡᠳᠦ ᠶᠢ ᠬᠠᠮᠢᠶᠠᠷᠬᠤ᠂ ᠶᠡᠭᠡ ᠲᠠᠯ᠎ᠠ ᠳᠤ ᠠᠰᠢᠭᠲᠠᠶ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠲᠥᠯᠥᠪᠯᠡᠨ | ᠨᠥᠭᠡᠴᠡᠯᠡᠨ᠎ᠡ᠃ | ︵ᠬᠤᠶᠠᠷ︶ ᠬᠡᠷᠡᠭᠯᠡᠭᠡᠨ ᠤ ᠰᠠᠭᠤᠷᠢ ᠪᠣᠯᠬᠤ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ ᠬᠡᠷᠡᠭᠴᠡᠭᠡ ᠶᠢᠨ | ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠬᠡᠷᠡᠭᠴᠡᠭᠡ ᠪᠠ ᠬᠠᠩᠭᠠᠯᠭ᠎ᠠ ᠶᠢᠨ ᠬᠤᠶᠠᠷ | ᠲᠠᠯ᠎ᠠ ᠠᠴᠠ ᠬᠦᠴᠦᠯᠡᠵᠦ᠂ ᠬᠡᠷᠡᠭᠯᠡᠭᠡ ᠶᠢ ᠡᠭᠡᠭᠦᠯᠦᠨ ᠨᠥᠬᠦᠪᠥᠷᠢᠯᠡᠬᠦ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢ ᠲᠦᠷᠭᠡᠪᠴᠢᠯᠡᠨ ᠠᠭᠤᠰᠤᠯᠴᠠᠭᠤᠯᠵᠤ᠂ ᠰᠢᠨ᠎ᠡ ᠬᠡᠯᠪᠡᠷᠢ ᠶᠢᠨ ᠪᠠ | ᠤᠯᠠᠮᠵᠢᠯᠠᠯᠲᠤ ᠬᠡᠷᠡᠭᠯᠡᠭᠡ ᠶᠢ ᠵᠣᠬᠢᠴᠠᠯᠳᠤᠭᠤᠯᠤᠨ ᠬᠠᠮᠲᠤ ᠪᠠᠷ ᠤᠷᠤᠭᠰᠢᠯᠠᠭᠤᠯᠬᠤ ᠶᠢ ᠲᠦᠯᠬᠢᠨ ᠠᠬᠢᠭᠤᠯᠵᠤ᠂ | ᠬᠡᠷᠡᠭᠯᠡᠭᠡ ᠶᠢᠨ ᠲᠠᠯᠳᠠ ᠬᠦᠴᠦᠨ ᠢ ᠪᠠᠳᠠᠷᠠᠭᠤᠯᠬᠤ ᠪᠠᠷ ᠠᠵᠤ ᠠᠬᠤᠶ ᠶᠢᠨ ᠨᠡᠮᠡᠭᠳᠡᠯ ᠢ ᠲᠠᠶᠢᠴᠢᠯᠠᠨ᠎ᠠ᠃ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠ ᠬᠡᠷᠡᠭᠯᠡᠭᠡᠨ ᠤ ᠬᠦᠰᠡᠯ ᠰᠠᠨᠠᠭ᠎ᠠ ᠶᠢ ᠨᠡᠮᠡᠭᠳᠡᠭᠦᠯᠬᠦ ᠡᠨᠡ ᠬᠤᠶᠠᠷ | ᠵᠠᠩᠭᠢᠯᠠᠭ᠎ᠠ ᠶᠢ ᠴᠢᠩᠭ᠎ᠠ ᠠᠳᠬᠤᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠤᠯᠠᠨ ᠡᠰᠢᠵᠢᠬᠦ ᠪᠠ ᠪᠦᠲᠦᠴᠡ ᠶᠢᠨ | ᠲᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠬᠡᠮᠵᠢᠶ᠎ᠡ ᠶᠢ ᠨᠢ | ᠬᠠᠳᠠᠭᠠᠯᠠᠨ᠂ ᠲᠠᠯᠳᠠ ᠬᠦᠴᠦᠨ ᠢ ᠠᠭᠤᠳᠠᠯᠵᠤ᠂ ᠬᠡᠷᠡᠭᠯᠡᠭᠡᠨ ᠤ ᠪᠤᠴᠠᠯᠲᠠ ᠶᠢ ᠠᠬᠢᠭᠤᠯᠵᠤ᠂ ᠠᠵᠤ ᠠᠬᠤᠶ ᠶᠢᠨ | ᠬᠥᠭᠵᠢᠯᠲᠡ ᠳᠤ ᠦᠵᠡᠭᠦᠯᠬᠦ ᠬᠤᠪᠢ ᠨᠡᠮᠡᠷᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠨ᠎ᠡ᠃ ᠬᠡᠷᠡᠭᠯᠡᠭᠡ ᠶᠢᠨ | ᠬᠠᠩᠭᠠᠯᠭ᠎ᠠ ᠶᠢ ᠰᠢᠯᠢᠳᠡᠭᠵᠢᠭᠦᠯᠵᠦ᠂ ᠣᠯᠠᠨ ᠲᠦᠮᠡᠨ ᠤ ︽ᠵᠤᠭᠠᠴᠠᠯ ᠢᠶᠠᠷ ᠬᠤᠳᠠᠯᠳᠤᠨ ᠠᠪᠬᠤ ᠡᠮᠴᠢᠯᠡᠭᠡ | ᠬᠥᠮᠦᠵᠢᠯ ᠰᠣᠶᠣᠯ ᠰᠤᠷᠭᠠᠨ ᠬᠥᠮᠦᠵᠢᠯ ᠪᠡᠶ᠎ᠡ ᠮᠠᠬᠠᠪᠣᠳ ᠵᠤᠭ᠎ᠠ ᠴᠡᠩᠭᠡᠯ ᠰᠤᠪᠢᠯᠠᠯᠲᠠ︾ ᠵᠡᠷᠭᠡ ᠲᠠᠰᠤᠷᠠᠯᠲᠠ | ᠥᠬᠡᠶ ᠥᠷᠭᠡᠳᠬᠡᠭᠳᠡᠭᠰᠡᠨ ᠬᠡᠷᠡᠭᠯᠡᠭᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠬᠡᠷᠡᠭᠯᠡᠭᠡ ᠶᠢᠨ ᠳᠥᠭᠦᠮᠴᠢᠯᠡᠯᠲᠡ᠂ ᠶᠠᠰᠤ ᠴᠢᠨᠠᠷᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ | ᠲᠣᠭᠤᠷᠢᠨ ᠳᠤ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨ ᠠᠭᠤᠳᠠᠯᠵᠤ᠂ ᠨᠠᠷᠢᠨ ᠬᠤᠪᠢᠶᠠᠷᠢᠯᠠᠬᠤ ᠵᠠᠬ᠎ᠠ | ᠳᠡᠯᠭᠡᠭᠦᠷ ᠢ ᠥᠷᠭᠡᠳᠬᠡᠨ᠂ ᠪᠣᠷᠣᠯᠠᠭᠤᠯᠭ᠎ᠠ ᠰᠠᠶᠢᠲᠠᠶ ᠦᠶ᠋ᠯᠡᠳᠬᠦᠨ ᠢ ᠴᠢᠷᠮᠠᠶᠢᠨ ᠨᠡᠮᠡᠭᠳᠡᠭᠦᠯᠦᠨ᠎ᠡ᠃ ᠬᠡᠷᠡᠭᠯᠡᠭᠡ ᠶᠢᠨ | ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ ᠪᠣᠳᠣᠯᠬᠢᠯᠠᠨ᠂ ᠨᠢᠭᠡ ᠪᠦᠯᠦᠭ ︽ᠰᠦᠯᠵᠢᠶᠡᠨ ᠳᠤ | ᠤᠯᠠᠶᠢᠭᠰᠠᠨ︾ ᠬᠡᠷᠡᠭᠯᠡᠭᠡ ᠶᠢᠨ ᠨᠠᠷᠠᠲᠤ ᠲᠥᠷᠥᠯ ᠲᠡᠮᠳᠡᠭᠲᠦ ᠶᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ | ᠨᠢᠭᠡ ᠪᠦᠯᠦᠭ ᠰᠢᠨ᠎ᠡ ᠬᠡᠷᠡᠭᠯᠡᠭᠡ ᠶᠢᠨ ᠣᠨᠣᠯᠵᠢᠬᠤᠨ ᠳᠤ ᠨᠡᠶᠢᠴᠡᠬᠦ᠂ ᠵᠠᠯᠠᠭᠤᠴᠤᠳ ᠢ ᠲᠠᠲᠠᠵᠤ ᠳᠡᠶᠢᠯᠬᠦ | ᠬᠤᠳᠠᠯᠳᠤᠭᠠᠨ ᠤ ᠲᠣᠭᠤᠷᠢᠭ ᠪᠠ ᠬᠤᠳᠠᠯᠳᠤᠭᠠᠨ ᠤ ᠵᠡᠭᠡᠯᠢ ᠶᠢ ᠨᠠᠷᠢᠯᠢᠭ ᠪᠣᠶ ᠪᠣᠯᠭᠠᠨ᠎ᠠ᠃ ᠨᠢᠭᠡ ᠪᠦᠯᠦᠭ ᠨᠠᠷᠠᠲᠤ | ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ᠳᠡᠯᠭᠡᠨ ᠪᠣᠷᠣᠯᠠᠭᠤᠯᠬᠤ ᠦᠵᠡᠰᠬᠦᠯᠡᠩ ᠢ ᠪᠤᠶᠢᠵᠢᠭᠤᠯᠵᠤ᠂ | ᠳᠡᠯᠭᠡᠨ ᠦᠵᠡᠭᠦᠯᠬᠦ ᠪᠠᠷ ᠪᠣᠷᠣᠯᠠᠭᠤᠯᠭ᠎ᠠ ᠶᠢ ᠠᠬᠢᠭᠤᠯᠤᠨ᠂ ᠬᠡᠷᠡᠭᠯᠡᠭᠡ ᠶᠢ ᠥᠷᠭᠡᠳᠬᠡᠨ᠎ᠡ᠃ᠰᠢᠨ᠎ᠡ ᠮᠠᠶ᠋ᠢᠭ ᠤᠨ | ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ᠂ ᠢᠨᠲ᠋ᠤᠷ | ᠰᠦᠯᠵᠢᠶᠡᠨ ᠤ ᠡᠷᠡᠭᠦᠯ ᠮᠡᠨᠳᠤ᠂ ᠰᠦᠯᠵᠢᠶᠡᠨ ᠳᠡᠭᠡᠷᠡᠬᠢ ᠰᠣᠶᠣᠯ ᠴᠡᠩᠭᠡᠯ ᠵᠡᠷᠭᠡ ᠬᠡᠷᠡᠭᠯᠡᠭᠡ ᠶᠢᠨ ᠵᠠᠭᠪᠤᠷ ᠢ ᠡᠮᠬᠢ | ᠵᠢᠷᠤᠮ ᠲᠠᠢ ᠪᠠᠷ ᠬᠥᠭᠵᠢᠭᠦᠯᠵᠦ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠬᠦ ᠶᠢ ᠬᠥᠲᠥᠯᠥᠨ ᠵᠢᠯᠣᠭᠤᠳᠴᠤ᠂ ︽ᠡᠭᠦᠯᠡᠨ ᠵᠡᠭᠡᠯᠢ ᠲᠣᠭᠤᠷᠢᠬᠤ︾᠂ ︽ᠡᠭᠦᠯᠡᠨ ᠪᠠᠷᠠᠭ᠎ᠠ | ᠬᠤᠳᠠᠯᠳᠤᠨ ᠠᠪᠬᠤ︾ ᠵᠡᠷᠭᠡ ᠬᠡᠷᠡᠭᠯᠡᠭᠡ ᠶᠢᠨ ᠰᠢᠨ᠎ᠡ ᠪᠠᠶᠢᠳᠠᠯ ᠢ ᠲᠦᠭᠡᠮᠡᠯᠵᠢᠭᠦᠯᠦᠨ ᠬᠡᠷᠡᠭᠯᠡᠬᠦ ᠶᠢ ᠲᠦᠷᠭᠡᠳᠬᠡᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠭᠤᠰᠤᠯᠴᠠᠭᠰᠠᠨ ᠨᠢᠭᠡ ᠪᠦᠯᠦᠭ ᠰᠢᠨ᠎ᠡ ᠬᠡᠯᠪᠡᠷᠢ ᠶᠢᠨ | ᠬᠡᠷᠡᠭᠯᠡᠭᠡ ᠶᠢᠨ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠵᠤ᠂ ᠤᠯᠠᠮᠵᠢᠯᠠᠯᠲᠤ ᠬᠡᠷᠡᠭᠯᠡᠭᠡ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠨᠢᠭᠡ ᠪᠦᠯᠦᠭ ᠲᠤᠬᠠᠶ ᠶᠢᠨ ᠭᠠᠵᠠᠷ ᠤᠨ ᠣᠨᠴᠠᠯᠢᠭ ᠲᠠᠢ᠂ ᠣᠯᠠᠨ ᠤ | ᠬᠦᠷᠢᠶᠡᠯᠡᠯ ᠢ ᠣᠯᠤᠭᠰᠠᠨ ᠲᠤᠰᠬᠠᠶ ᠮᠡᠷᠭᠡᠵᠢᠯ ᠤᠨ ᠴᠢᠨᠠᠷᠲᠠᠶ ᠰᠦᠯᠵᠢᠶᠡᠨ ᠤ ᠬᠡᠷᠡᠭᠯᠡᠭᠡᠨ ᠤ ᠲᠠᠪᠴᠠᠩ ᠢ | ᠪᠠᠶᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ᠂ ᠣᠯᠠᠨ | ᠵᠦᠶ᠋ᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠬᠥᠳᠡᠭᠡ ᠲᠣᠰᠬᠤᠨ ᠳᠤ ᠰᠠᠭᠤᠷᠢᠯᠠᠭᠰᠠᠨ᠂ ᠲᠠᠷᠢᠶᠠᠴᠢᠳ ᠲᠠᠢ | ᠣᠶᠢᠷᠠᠲᠤᠭᠰᠠᠨ ᠠᠮᠢᠳᠤᠷᠠᠯ ᠤᠨ ᠬᠡᠷᠡᠭᠯᠡᠭᠡᠨ ᠤ ᠦᠶ᠋ᠯᠡᠴᠢᠯᠡᠭᠡᠨ ᠤ ᠲᠣᠤᠷ ᠴᠢᠬ ᠢ ᠥᠭᠡᠷᠡᠴᠢᠯᠡᠨ ᠲᠠᠰ ᠳᠡᠪᠰᠢᠭᠦᠯᠵᠦ | ᠂ ᠲᠣᠭᠤᠷᠢᠭ ᠪᠠᠯᠭᠠᠰᠤ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠶ᠋ᠯᠭᠡᠭᠡᠨ ᠤ ᠳᠣᠭᠢᠷᠠᠭᠤᠯᠤᠨ ᠬᠦᠷᠭᠡᠬᠦ | ᠰᠢᠰᠲ᠋ᠧᠮᠵᠢ ᠶᠢ ᠪᠦᠷᠢᠨᠰᠢᠬᠦᠯᠵᠦ᠂ ᠲᠦᠷᠭᠡᠨ ᠬᠦᠷᠭᠡᠯᠲᠡ ᠶᠢ ᠲᠣᠰᠬᠤᠨ ᠳᠤ ᠲᠥᠪᠯᠡᠷᠡᠭᠦᠯᠦᠨ ᠳᠣᠭᠢᠷᠠᠭᠤᠯᠤᠨ | ᠬᠦᠷᠭᠡᠬᠦ ᠶᠢ ᠠᠬᠢᠭᠤᠯᠤᠨ᠂ ᠠᠵᠤ ᠦᠶ᠋ᠯᠡᠳᠪᠦᠷᠢ ᠶᠢᠨ ᠦᠶ᠋ᠯᠡᠳᠬᠦᠨ ᠢ ᠬᠥᠳᠡᠭᠡ ᠪᠠᠭᠤᠯᠭᠠᠬᠤ᠂ ᠴᠢᠨᠠᠷ ᠰᠠᠶᠢᠲᠠᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠪᠦᠲᠦᠮᠵᠢᠲᠡᠶ ᠠᠷᠭ᠎ᠠ ᠵᠠᠮ ᠢ | ᠰᠠᠭᠠᠳ ᠥᠬᠡᠶ ᠨᠡᠪᠲᠡᠷᠡᠭᠦᠯᠦᠨ᠎ᠡ᠃ | ︵ᠭᠤᠷᠪᠠ︶ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ | ᠲᠣᠭᠲᠠᠪᠤᠷᠢᠵᠢᠭᠤᠯᠵᠤ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ | ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ | ᠭᠦᠨᠵᠡᠭᠡᠶ ᠠᠭᠤᠰᠤᠯᠴᠠᠵᠤ᠂ ᠵᠠᠰᠠᠮᠠᠯ ᠵᠠᠮ ᠤᠨ ᠲᠡᠮᠦᠷ ᠵᠠᠮ ᠤᠨ ᠪᠠᠷᠠᠭᠠᠨ ᠤ ᠭᠦᠶ᠋ᠯᠭᠡᠭᠡ᠂ ᠳᠤᠮᠳᠠᠳᠤ ᠤᠯᠤᠰ ᠤᠨ | ᠬᠥᠩᠭᠡᠨ ᠴᠠᠭᠠᠨ ᠤ ᠪᠠᠷᠠᠭᠠᠨ ᠤ ᠭᠦᠶ᠋ᠯᠭᠡᠭᠡ ᠵᠡᠷᠭᠡ ᠬᠥᠲᠥᠴᠢ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠳᠡᠮᠵᠢᠨ᠎ᠡ︔ ᠳ᠋ᠦᠩ ᠾᠧ ᠨᠢᠰᠬᠡᠯ ᠤᠨ ᠪᠠᠭᠤᠳᠠᠯ ᠤᠨ ᠲᠣᠭᠤᠷᠢᠨ ᠳᠤ ᠥᠪᠡᠷᠲᠡᠭᠡᠨ ᠵᠠᠰᠠᠬᠤ | ᠣᠷᠣᠨ ᠤ ︽ᠳᠡᠳ᠋ ᠬᠦᠶ᠋ᠰᠦ︾ ᠨᠢᠰᠬᠡᠯ ᠤᠨ ᠪᠠᠭᠤᠳᠠᠯ ᠪᠠ ᠣᠯᠠᠨ ᠤᠯᠤᠰ ᠤᠨ ᠠᠭᠠᠷ ᠤᠨ ᠠᠶᠠᠯᠠᠯ ᠤᠨ | ᠪᠣᠭᠤᠮᠲᠠ ᠶᠢ ᠪᠥᠲᠥᠭᠡᠨ ᠪᠠᠶᠢᠭᠤᠯᠵᠤ᠂ ᠨᠢᠰᠬᠡᠯ ᠤᠨ ᠪᠠᠭᠤᠳᠠᠯ᠂ ᠳᠡᠭᠡᠳᠦ ᠬᠤᠷᠳᠤᠴᠠᠲᠤ ᠲᠡᠮᠦᠷ ᠵᠠᠮ᠂ ᠵᠠᠰᠠᠮᠠᠯ | ᠵᠠᠮ ᠢ ᠨᠢᠭᠡ ᠴᠤᠭᠴᠠᠵᠢᠭᠤᠯᠤᠭᠰᠠᠨ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠵᠤ | ᠂ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢᠨ ᠰᠢᠨ᠎ᠡ ᠲᠠᠪᠴᠠᠩ ᠢ ᠪᠣᠶ ᠪᠣᠯᠭᠠᠨ᠎ᠠ᠃ ᠭᠠᠳᠠᠭᠠᠳᠤ ᠪᠡᠯᠡ ᠶᠢ | ᠲᠠᠳᠠᠨ ᠠᠪᠴᠢᠷᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠭᠠᠳᠠᠭᠠᠳᠤ ᠪᠡᠯᠡ ᠶᠢ ᠠᠰᠢᠭᠯᠠᠬᠤ ᠶᠠᠰᠤ ᠴᠢᠨᠠᠷ ᠪᠠ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠠᠳᠠᠭᠠᠳᠤ ᠪᠡᠯᠡ᠂ ᠭᠠᠳᠠᠭᠠᠳᠤ ᠠᠵᠤ ᠠᠬᠤᠶ᠂ ᠭᠠᠳᠠᠭᠠᠳᠤ ᠠᠷᠠᠯᠵᠢᠶ᠎ᠠ ᠶᠢᠨ | ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠡᠯᠡ | ᠮᠥᠩᠭᠦ ᠶᠢ ᠲᠠᠳᠠᠨ ᠣᠷᠣᠭᠤᠯᠬᠤ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠳᠡᠯᠡᠬᠡᠶ ᠶᠢᠨ 500 | ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠠᠵᠢᠯ ᠲᠥᠷᠥᠯ ᠤᠨ ᠳᠠᠭᠠᠭᠤᠯᠤᠭᠴᠢ ᠶᠢ ᠴᠢᠩᠭ᠎ᠠ | ᠠᠩᠬᠠᠷᠴᠤ᠂ ᠠᠵᠤ ᠦᠶ᠋ᠯᠡᠰ ᠤᠨ ᠬᠡᠯᠬᠢᠶ᠎ᠡ ᠶᠢᠨ ᠲᠣᠭᠤᠷᠢᠨ ᠳᠤ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ | ᠤᠷᠢᠬᠤ ᠶᠢ ᠥᠷᠨᠢᠭᠦᠯᠵᠦ᠂ ᠪᠥᠬᠦ ᠬᠦᠴᠦᠨ ᠢᠶᠠᠷ ᠢᠶᠠᠨ ᠲᠣᠮᠣ ᠠᠵᠤ ᠠᠬᠤᠶᠢᠯᠠᠯ ᠤᠨ ︽ᠲᠩᠷᠢ ᠭᠠᠵᠠᠷ ᠢ | ᠳᠣᠩᠰᠣᠯᠭᠠᠭᠰᠠᠨ︾᠂ ᠵᠢᠵᠢᠭ ᠠᠵᠤ ᠠᠬᠤᠶᠢᠯᠠᠯ ᠤᠨ ︽ᠲᠩᠷᠢ ᠭᠠᠵᠠᠷ ᠢ ᠪᠦᠷᠬᠦᠭᠰᠡᠨ︾ ᠬᠥᠭᠵᠢᠯᠲᠡ ᠶᠢᠨ | ᠪᠠᠶᠢᠷᠢᠰᠢᠯ ᠢ ᠪᠣᠶ ᠪᠣᠯᠭᠠᠵᠤ᠂ ᠵᠢᠯ ᠤᠨ ᠳᠣᠲᠣᠷ᠎ᠠ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠶ᠋ᠯ ᠢ 10 ᠠᠴᠠ ᠳᠡᠭᠡᠭᠰᠢ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠶ᠋ᠯ ᠢ 15 ᠠᠴᠠ ᠳᠡᠭᠡᠭᠰᠢ | ᠣᠷᠣᠭᠤᠯᠤᠨ ᠠᠪᠴᠢᠷᠠᠵᠤ᠂ 300 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠠᠵᠤ ᠠᠬᠤᠶᠢᠯᠠᠯ ᠵᠥᠪᠳᠡᠯᠴᠡᠬᠦ᠂ ᠲᠦᠷᠦᠯ ᠵᠦᠢᠯ ᠤᠨ ᠦᠷᠭᠦᠯᠵᠢᠯᠡᠨ ᠤᠷᠤᠭᠰᠢᠯᠠᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠮᠲᠤᠷᠠᠯᠴᠠᠭᠠᠨ ᠤ ᠲᠦᠷᠦᠯ ᠵᠦᠢᠯ ᠤᠨ ᠠᠯᠢ ᠲᠦᠷᠭᠡᠨ ᠢᠶᠠᠷ ᠭᠡᠷ᠎ᠡ | ᠲᠣᠭᠲᠠᠨ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ᠃ | ᠭᠤᠷᠪᠠ᠂ ᠭᠠᠵᠠᠷ ᠣᠷᠣᠨ ᠤ ᠶᠡᠷᠦᠩᠬᠡᠶᠢᠯᠡᠭᠰᠡᠨ ᠳᠠᠭᠠᠭᠠᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ | ᠬᠥᠳᠡᠭᠡ ᠶᠢᠨ ᠵᠠᠰᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ | ︵ᠨᠢᠭᠡ︶ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠶ᠋ᠯᠡᠳᠦᠯ ᠢ ᠳᠣᠪᠤᠶᠢᠯᠭᠠᠨ᠎ᠠ᠃ ︽ᠤᠯᠠᠨ | ᠲᠥᠯᠥᠪᠵᠢᠭᠦᠯᠭᠡ ᠶᠢ ᠨᠢᠭᠡᠳᠬᠡᠬᠦ︾ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠪᠸᠢ ᠯᠢᠶᠠᠩ ᠤᠨ ᠲᠤᠩᠺᠦᠩ ᠣᠷᠣᠨ᠂ ᠡᠮᠦᠨᠡᠲᠦ | ᠬᠡᠰᠡᠭ ᠤᠨ ᠭᠠᠵᠠᠷ ᠣᠷᠣᠨ ᠤ ᠲᠣᠭᠲᠠᠭᠠᠯ ᠢ ᠬᠢᠵᠠᠭᠠᠷᠯᠠᠨ ᠵᠠᠰᠠᠵᠤ ᠨᠠᠶᠢᠷᠠᠭᠤᠯᠬᠤ ᠠᠵᠢᠯ ᠤᠨ ᠬᠢᠨᠠᠨ ᠵᠥᠪᠰᠢᠶᠡᠷᠡᠯ ᠢ | ᠪᠠᠲᠤᠯᠠᠬᠤ ᠶᠢ ᠲᠦᠷᠭᠡᠪᠴᠢᠯᠡᠨ ᠲᠦᠯᠬᠢᠨ ᠠᠬᠢᠭᠤᠯᠤᠨ᠎ᠠ᠃ ᠴᠢᠬᠤᠯᠠ ᠴᠢᠳᠠᠮᠵᠢᠳᠤ ᠣᠷᠣᠨ ᠬᠡᠰᠡᠭ᠂ | ᠭᠤᠣᠯᠳᠠᠯᠭ᠎ᠠ ᠲᠠᠢ ᠬᠡᠰᠡᠭ ᠣᠷᠣᠨ ᠤ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯ ᠢ ᠰᠠᠶᠢᠲᠤᠷ ᠠᠳᠬᠤᠵᠤ᠂ ᠡᠮᠦᠨᠡᠲᠦ | ᠬᠡᠰᠡᠭ ᠤᠨ ᠭᠠᠵᠠᠷ ᠣᠷᠣᠨ ᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠪᠸᠢ ᠯᠢᠶᠠᠩ ᠤᠨ ᠳᠡᠭᠳᠡᠨ ᠳᠡᠭᠳᠡᠭᠰᠡᠨ ᠣᠷᠣᠨ ᠤ ᠰᠠᠭᠤᠷᠢ ᠲᠥᠬᠦᠷᠵᠢᠭᠦᠯᠬᠦ ᠪᠡᠯᠡᠳᠬᠡᠮᠵᠢ ᠶᠢᠨ | ᠪᠥᠳᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠳᠠ ᠶᠢ ᠬᠥᠭᠵᠢᠭᠦᠯᠬᠦ᠂ | ᠲᠥᠯᠥᠪᠵᠢᠭᠦᠯᠭᠡ ᠶᠢ ᠤᠷᠢᠳᠠᠪᠠᠷ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠬᠤᠳᠠ ᠶᠢᠨ ᠲᠥᠯᠥᠪᠵᠢᠭᠦᠯᠭᠡ ᠪᠦᠳᠦᠭᠡᠨ | ᠪᠠᠶᠢᠭᠤᠯᠤᠯᠲᠠ ᠶᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠠᠢ ᠣᠷᠭᠠᠨᠢᠭ ᠢᠶᠠᠷ | ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠶᠠᠷ︶ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠢᠬ ᠤᠨ ᠭᠠᠵᠠᠷ ᠣᠷᠣᠨ ᠢ | ᠢᠳᠡᠪᠬᠢᠲᠡᠶ ᠪᠠᠷ ᠪᠣᠶ ᠪᠣᠯᠭᠠᠵᠤ᠂ 17 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ ᠶᠢ | ᠬᠡᠷᠡᠭᠵᠢᠭᠦᠯᠦᠨ᠂ 20 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ᠂ | ᠠᠳᠠᠯ ᠠᠬᠤᠶ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠵᠢᠵᠢᠭ ᠲᠣᠭᠤᠷᠢᠭ ᠤᠨ ᠣᠷᠣᠰᠢᠨ | ᠰᠠᠭᠤᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︽300 ᠮᠧᠲᠷ ᠢ ᠨᠣᠭᠤᠭᠠᠷᠠᠭᠤᠯᠬᠤ᠂ 500 ᠮᠧᠲᠷ ᠢ | ᠴᠡᠴᠡᠷᠯᠢᠭᠵᠢᠭᠦᠯᠬᠦ︾ ᠪᠣᠬᠢᠷᠲᠤᠯ ᠥᠬᠡᠶ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠤᠭᠤᠲᠠ ᠴᠡᠴᠡᠷᠯᠢᠭ︾᠂ | ᠵᠡᠭᠡᠯᠢ ᠶᠢᠨ ᠳᠤᠮᠳᠠᠬᠢ ᠦᠵᠡᠮᠵᠢ ᠶᠢᠨ ᠵᠦᠯᠭᠡ ᠭᠠᠵᠠᠷ᠂ ᠲᠦᠷ ᠴᠠᠭ ᠤᠨ ᠲᠡᠷᠭᠡᠨ ᠵᠣᠭᠰᠣᠭᠠᠯ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠶᠢ ᠵᠦᠶ ᠵᠣᠬᠢᠰᠲᠠᠶ ᠪᠠᠶᠢᠷᠢᠰᠢᠭᠤᠯᠤᠨ ᠪᠥᠲᠥᠭᠡᠨ ᠪᠠᠶᠢᠭᠤᠯᠵᠤ᠂ | ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠣᠶᠣᠯ᠂ ᠪᠡᠶ᠎ᠡ ᠶᠢᠨ ᠲᠠᠮᠢᠷ᠂ ᠪᠠᠷᠠᠭ᠎ᠠ ᠬᠤᠳᠠᠯᠳᠤᠨ ᠠᠪᠬᠤ ᠵᠡᠷᠭᠡ ᠣᠯᠠᠨ | ᠨᠡᠶᠢᠲᠡ ᠶᠢᠨ ᠦᠶ᠋ᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠢᠭᠡ ᠵᠠᠮ᠂ ᠬᠤᠲᠠ ᠲᠣᠭᠤᠷᠢᠭᠰᠠᠨ ᠵᠠᠮ | ᠵᠡᠷᠭᠡ 8 ᠵᠤᠷᠪᠤᠰ ᠵᠠᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠨ᠎ᠡ᠃ 20 ᠨᠡᠶᠢᠲᠡ ᠶᠢᠨ | ᠵᠣᠷᠯᠣᠩ ᠢ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠤᠨ᠎ᠠ᠃ ᠡᠮᠦᠨᠡᠲᠦ ᠬᠡᠰᠡᠭ ᠤᠨ ᠭᠠᠵᠠᠷ ᠣᠷᠣᠨ ᠤ | ᠭᠤᠣᠯ ᠪᠣᠯᠬᠤ ᠣᠷᠣᠨ ᠤ ᠲᠥᠪᠯᠡᠷᠡᠨ ᠵᠠᠯᠭᠠᠯᠳᠤᠭᠰᠠᠨ ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠬᠤ ᠠᠵᠢᠯ ᠢ | ᠰᠠᠶᠢᠲᠤᠷ ᠠᠳᠬᠤᠵᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠠᠵᠢᠯ ᠢ ᠵᠡᠷᠭᠡ ᠪᠠᠷ ᠥᠨᠳᠥᠷ ᠬᠢᠷᠢ | ᠲᠦᠪᠰᠢᠨ ᠲᠠᠢ ᠰᠠᠶᠢᠲᠤᠷ ᠬᠢᠨ᠎ᠠ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ ᠰᠠᠶᠢᠵᠢᠷᠠᠭᠤᠯᠵᠤ | ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠬᠤᠳᠠ ᠶᠢᠨ ᠦᠵᠡᠮᠵᠢ ᠶᠢᠨ ᠣᠷᠴᠢᠨ | ᠠᠬᠤᠶ ᠶᠢᠨ ᠡᠮᠬᠢ ᠳᠢᠭᠯᠢᠮ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠬᠤᠳᠠ ᠶᠢᠨ ︽ᠵᠢᠷᠭᠤᠭᠠᠨ ᠳᠤᠷ᠎ᠠ ᠪᠠᠷ ᠢᠶᠠᠨ ᠰᠠᠮᠠᠭᠤᠷᠠᠬᠤ︾ ᠶᠢ ᠵᠠᠰᠠᠬᠤ ᠠᠵᠢᠯ ᠢ ᠬᠦᠴᠦᠲᠡᠶ ᠲᠦᠯᠬᠢᠨ | ᠠᠬᠢᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ︾ ᠢ ᠭᠦᠨᠵᠡᠭᠡᠶᠢᠷᠡᠭᠦᠯᠦᠨ᠂ ︽ᠡᠭᠦᠳᠡᠨ ᠡᠮᠦᠨᠡᠬᠢ | ᠭᠤᠷᠪᠠ ᠶᠢ ᠳᠠᠭᠠᠭᠠᠴᠢᠯᠠᠭᠤᠯᠬᠤ︾ ᠶᠢ ᠨᠠᠷᠢᠯᠢᠬᠵᠢᠭᠤᠯᠤᠨ᠂ ᠵᠡᠭᠡᠯᠢ ᠳᠠᠭᠠᠤ ᠶᠢᠨ ᠣᠷᠴᠢᠨ ᠠᠬᠤᠶ ᠶᠢᠨ ᠡᠮᠬᠢ | ᠳᠢᠭᠯᠢᠮ ᠢ ᠴᠡᠭᠴᠡᠯᠡᠨ᠎ᠡ᠃ ᠵᠠᠮ ᠤᠨ ᠠᠷᠢᠭᠤᠨ ᠴᠡᠪᠡᠷ ᠢ ᠨᠠᠷᠢᠯᠢᠬᠵᠢᠭᠤᠯᠬᠤ ᠠᠵᠢᠯ ᠤᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠮᠠᠰᠢᠨ ᠢᠶᠠᠷ ᠱᠦᠭᠦᠷᠳᠡᠬᠦ ᠠᠵᠢᠯ ᠤᠨ ᠬᠠᠮᠤᠷᠬᠤ ᠬᠡᠪᠴᠢᠶ᠎ᠡ ᠶᠢ 80% ᠳᠤ ᠬᠦᠷᠭᠡᠨ᠎ᠡ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ | ᠲᠠᠯ᠎ᠠ ᠪᠠᠷ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠶᠤᠯᠭᠦᠶ ᠤᠤᠭᠤᠬᠤ | ᠤᠰᠤ᠂ ᠬᠤᠭ ᠨᠣᠪᠰᠢ ᠶᠢ ᠴᠡᠪᠡᠷᠯᠡᠬᠦ᠂ ᠪᠣᠬᠢᠷ ᠤᠰᠤ ᠶᠢ ᠰᠢᠶ᠋ᠳᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠬᠢᠵᠦ᠂ ᠵᠡᠭᠦᠨ ᠬᠡᠰᠡᠭ ᠤᠨ ᠭᠠᠵᠠᠷ ᠣᠷᠣᠨ ᠤ ᠤᠰᠤ ᠬᠠᠩᠭᠠᠬᠤ ᠪᠠ ᠭᠠᠳᠠᠭᠰᠢᠯᠠᠭᠤᠯᠬᠤ ᠶᠢ ᠵᠠᠰᠠᠵᠤ | ᠥᠭᠡᠷᠡᠴᠢᠯᠡᠬᠦ ᠠᠵᠢᠯ ᠢ ᠡᠬᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢ ᠰᠦᠪᠡᠭᠴᠢᠯᠡᠨ ᠬᠡᠷᠡᠭᠯᠡᠵᠦ | ᠪᠠᠶᠢᠭᠠᠳ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ | ᠰᠢᠶ᠋ᠳᠪᠦᠷᠢᠯᠡᠬᠦ ᠶᠢ ᠲᠤᠰᠬᠠᠶᠢᠵᠢᠭᠤᠯᠬᠤ᠂ ᠠᠵᠤ ᠦᠢᠯᠡᠰᠵᠢᠭᠦᠯᠬᠦ ᠲᠡᠰᠢ ᠬᠥᠭᠵᠢᠭᠦᠯᠵᠦ᠂ ᠬᠥᠳᠡᠭᠡ ᠲᠣᠰᠬᠤᠨ ᠤ | ᠢᠵᠢ ᠪᠦᠷᠢᠳᠦᠭᠦᠯᠬᠦ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠡᠷᠦᠭᠡ ᠳᠤ ᠬᠡᠷᠡᠭᠯᠡᠬᠦ ᠠᠷᠢᠭᠤᠨ ᠴᠡᠪᠡᠷ | ᠵᠣᠷᠯᠣᠩ ᠢ ᠥᠭᠡᠷᠡᠴᠢᠯᠡᠬᠦ 1000 ᠡᠷᠦᠭᠡ ᠶᠢ ᠪᠡᠶᠡᠯᠡᠭᠦᠯᠦᠨ᠎ᠡ᠃ ᠵᠠᠮ᠂ ᠴᠠᠬᠢᠯᠭᠠᠨ᠂ ᠬᠡᠢ᠂ ᠲᠣᠣᠷ᠂ ᠤᠰᠤ | ᠬᠠᠩᠭᠠᠬᠤ ᠤᠰᠤ ᠵᠠᠯᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ᠂ ᠡᠮ ᠡᠮᠨᠡᠯᠭᠡ | ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠶ ᠪᠥᠭᠡᠳ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠪᠠᠶᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠬᠥᠳᠡᠭᠡ ᠲᠣᠰᠬᠤᠨ ᠤ | ᠪᠡᠯᠡᠳᠬᠡᠯ ᠺᠠᠳ᠋ᠷ ᠪᠠ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ︽ᠬᠤᠣᠰ ᠵᠠᠭᠤᠨ ᠤ ᠢᠨᠵᠧᠨᠧᠷᠢᠩ︾ ᠢ | ᠭᠦᠨᠵᠡᠭᠡᠢ ᠬᠡᠷᠡᠭᠵᠢᠭᠦᠯᠵᠦ᠂ ᠲᠠᠷᠢᠶᠠᠴᠢᠳ ᠢ 1000 ᠬᠥᠮᠦᠨ ᠤᠳᠠᠭ᠎ᠠ ᠠᠴᠠ ᠳᠡᠭᠡᠭᠰᠢ ᠪᠣᠯᠪᠠᠰᠤᠷᠠᠭᠤᠯᠪᠠ᠃ | ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ | ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃ | ︵ᠳᠥᠷᠪᠡ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠡᠷᠡᠰ | ᠪᠠᠬᠢᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ | ᠰᠠᠶᠢᠲᠤᠷ ᠬᠢᠵᠦ᠂ ᠪᠡᠯᠡ ᠮᠥᠩᠭᠦ ᠡᠳ᠋ ᠬᠦᠷᠦᠩᠭᠡ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠦᠷᠭᠦᠯᠵᠢᠯᠡᠨ ᠠᠬᠢᠭᠤᠯᠵᠤ᠂ ᠶᠠᠳᠠᠭᠤ ᠶᠢ ᠲᠡᠳᠬᠦᠬᠦ | ᠪᠦᠲᠦᠭᠡᠭᠳᠡᠬᠦᠨ ᠢ ︽ᠰᠦᠯᠵᠢᠶᠡᠨ ᠳᠤ ᠭᠠᠷᠴᠤ ᠴᠠᠬᠢᠯᠭᠠᠨ ᠳᠤ ᠴᠣᠬᠢᠭᠳᠠᠬᠤ︾ ᠶᠢ ᠰᠦᠪᠡᠭᠴᠢᠯᠡᠨ ᠳᠡᠯᠭᠡᠷᠡᠭᠦᠯᠵᠦ᠂ | ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ︽ᠰᠢᠯᠵᠢᠯᠲᠡ ᠶᠢᠨ ᠬᠤᠭᠤᠴᠠᠭ᠎ᠠ︾ ᠶᠢᠨ ᠳᠣᠲᠣᠷ᠎ᠠ ᠪᠡᠯᠡ ᠮᠥᠩᠭᠦ᠂ ᠠᠵᠢᠯᠳᠠᠨ ᠵᠡᠷᠭᠡ ᠬᠠᠪᠰᠤᠷᠤᠨ | ᠲᠡᠳᠬᠦᠬᠦ ᠬᠦᠴᠦᠨ ᠤ ᠣᠷᠣᠭᠤᠯᠤᠯᠲᠠ ᠶᠢ ᠪᠠᠲᠤᠯᠠᠨ᠎ᠠ᠃ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠬᠤ | ᠲᠦᠭᠰᠢᠭᠦᠷᠢ ᠶᠢ ᠤᠷᠢᠳᠴᠢᠯᠠᠨ ᠵᠢᠱᠢᠬᠦ ᠪᠠ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ︽ᠲᠦᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠣᠷᠣᠯᠭ᠎ᠠ ᠶᠢᠨ ᠬᠤᠪᠢᠷᠠᠯᠲᠠ | ᠪᠣᠯᠤᠨ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢᠨ ᠪᠠᠬᠢᠵᠢᠭ᠍ᠰᠡᠨ ᠪᠠᠶᠢᠳᠠᠯ ᠢ ᠦᠷᠭᠦᠯᠵᠢᠯᠡᠨ | ᠮᠥᠷᠳᠡᠵᠦ᠂ ᠬᠥᠳᠡᠯᠦᠩᠭᠦᠢ ᠪᠠᠷ ᠲᠡᠭ ᠪᠣᠯᠭᠠᠬᠤ ᠶᠢ ᠪᠠᠲᠤᠯᠠᠨ᠎ᠠ᠃ | ᠲᠦᠷᠪᠡ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠶ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ | ︵ᠨᠢᠭᠡ︶ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ | ᠳᠤᠲᠠᠭᠤᠳᠠᠯ ᠢ ᠰᠢᠪᠲᠤᠯᠪᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ | ᠪᠠᠶᠢᠷᠢ ᠰᠠᠭᠤᠷᠢ ᠶᠢ ᠳᠣᠪᠤᠶᠢᠯᠭᠠᠨ᠂ ᠠᠵᠤ ᠠᠬᠤᠶᠢᠯᠠᠯ ᠤᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠳᠡᠮᠵᠢᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 2᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 2 | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠰᠤᠷᠭᠠᠭᠤᠯᠢ ᠪᠠ ᠠᠵᠤ ᠠᠬᠤᠶᠢᠯᠠᠯ᠂ ᠰᠤᠷᠭᠠᠭᠤᠯᠢ ᠪᠠ ᠣᠷᠣᠨ | ᠨᠤᠲᠤᠭ ᠤᠨ ᠠᠭᠤᠰᠤᠯᠴᠠᠯ ᠢ ᠴᠢᠩᠭᠠᠳᠬᠠᠵᠤ᠂ ᠳᠤᠮᠳᠠᠳᠤ ᠤᠯᠤᠰ ᠤᠨ ᠬᠥᠩᠭᠡᠨ ᠴᠠᠭᠠᠨ ᠤ ᠰᠤᠳᠤᠯᠤᠨ ᠨᠡᠭᠡᠭᠡᠬᠦ | ᠪᠠᠶᠢᠭᠤᠯᠤᠮᠵᠢ᠂ ᠪᠡᠭᠡᠵᠢᠩ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠶᠡᠭᠡ ᠰᠤᠷᠭᠠᠭᠤᠯᠢ᠂ ᠪᠠᠷᠠᠭᠤᠨ | ᠬᠤᠶᠢᠲᠤ ᠶᠢᠨ ᠠᠵᠤ ᠦᠶ᠋ᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠶᠢᠨ ᠪᠠᠶᠢᠭᠤᠯᠤᠮᠵᠢ ᠯᠤᠭ᠎ᠠ ᠭᠦᠨᠵᠡᠭᠡᠶ ᠵᠣᠯᠭᠠᠭᠤᠯᠵᠤ | ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠳᠡᠭᠡᠳᠦ ᠴᠡᠪᠡᠷ ᠬᠥᠩᠭᠡᠨ ᠴᠠᠭᠠᠨ᠂ ᠳᠡᠭᠡᠳᠦ ᠴᠡᠪᠡᠷ ᠬᠥᠩᠭᠡᠨ | ᠴᠠᠭᠠᠨ ᠤ ᠢᠰᠦᠯ᠂ ᠳᠡᠭᠡᠳᠦ ᠴᠡᠪᠡᠷ ᠬᠥᠩᠭᠡᠨ ᠴᠠᠭᠠᠨ ᠤ ᠢᠰᠦᠯ᠂ ᠬᠤᠪᠣᠷ ᠰᠢᠷᠣᠶ ᠶᠢᠨ ᠬᠠᠶᠢᠯᠤᠰᠢ ᠵᠡᠷᠭᠡ | ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠥᠩᠭᠡᠨ ᠴᠠᠭᠠᠨ ᠤ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ ᠠᠬᠢᠭᠤᠯᠤᠨ᠎ᠠ᠃ | ᠴᠢᠳᠠᠪᠤᠷᠢᠲᠠᠨ ᠤ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠨᠡᠩ ᠤᠯᠠᠨ ᠲᠡᠷᠢᠭᠦᠨ ᠵᠡᠷᠭᠡ ᠶᠢᠨ ᠴᠢᠳᠠᠪᠤᠷᠢᠲᠠᠨ᠂ ᠳᠤᠮᠳᠠ ᠳᠡᠭᠡᠳᠦ | ᠲᠡᠰ ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠬᠡᠯᠪᠡᠷᠢ ᠶᠢᠨ ᠬᠡᠷᠡᠭᠯᠡᠭᠡᠨ ᠤ ᠴᠢᠳᠠᠪᠤᠷᠢᠲᠠᠨ ᠢ ᠣᠷᠣᠭᠤᠯᠤᠨ | ᠠᠪᠴᠢᠷᠠᠨ᠎ᠠ᠃ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠤᠭᠤᠲᠤ ᠬᠤᠲᠠ ᠶᠢᠨ | ᠴᠢᠳᠠᠪᠤᠷᠢᠲᠠᠨ ᠤ ᠣᠷᠣᠨ ᠰᠠᠭᠤᠴᠠ᠂ ᠡᠷᠦᠬᠡ ᠠᠮᠠ ᠣᠷᠣᠭᠤᠯᠬᠤ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠪᠣᠳᠠᠲᠠᠶ ᠶᠢ ᠡᠷᠬᠢᠮᠯᠡᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠲᠦᠷᠢᠮ ᠤᠨ ᠪᠠᠲᠤᠯᠠᠭ᠎ᠠ | ᠬᠠᠩᠭᠠᠨ᠎ᠠ᠃ ︽ᠬᠤᠪᠢ ᠬᠥᠮᠦᠨ ᠢ ᠠᠵᠤ ᠠᠬᠤᠶᠢᠯᠠᠯ ᠪᠣᠯᠭᠠᠨ ᠬᠤᠪᠢᠷᠠᠭᠤᠯᠵᠤ᠂ ᠪᠠᠭ᠎ᠠ ᠬᠡᠮᠵᠢᠶ᠎ᠡ ᠠᠴᠠ ᠲᠦᠷᠢᠮ | ᠲᠣᠭᠲᠠᠭᠠᠯ ᠪᠣᠯᠭᠠᠨ ᠳᠡᠭᠡᠭᠰᠢᠯᠡᠭᠦᠯᠬᠦ︾ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠰᠢᠨ᠎ᠡ ᠶᠢ ᠡᠭᠦᠳᠦᠨ ᠠᠳᠠᠯ ᠦᠶ᠋ᠯᠡᠰ ᠴᠣᠭᠴᠠᠯᠠᠬᠤ ᠬᠥᠭᠵᠢᠯᠲᠡ ᠳᠤ ᠨᠠᠷᠢᠯᠢᠭ ᠣᠨᠣᠴᠠᠲᠠᠶ | ᠦᠶ᠋ᠯᠡᠴᠢᠯᠡᠭᠡ ᠬᠠᠩᠭᠠᠵᠤ᠂ ᠪᠥᠬᠦ ᠵᠢᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠮᠡᠭᠳᠡᠯ ᠤᠨ | ᠬᠤᠷᠳᠤᠴᠠ ᠶᠢ 5% ᠳᠤ ᠬᠦᠷᠦᠭᠦᠯᠬᠦ ᠪᠠᠷ ᠴᠢᠷᠮᠠᠶᠢᠵᠤ᠂ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠢ | 100 ᠠᠴᠠ ᠳᠡᠭᠡᠭᠰᠢ ᠪᠤᠶᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ | ᠪᠠ ᠬᠠᠮᠠᠭᠠᠯᠠᠬᠤ᠃ | ︵ᠬᠤᠶᠠᠷ︶ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃ | ᠪᠤᠭᠤᠲᠤ ᠬᠤᠲᠠ ᠶᠢᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠬᠤ 4 ᠶᠡᠭᠡ | ᠲᠥᠷᠥᠯ ᠤᠨ 26 ᠵᠦᠶ᠋ᠯ ᠤᠨ ᠠᠷᠭ᠎ᠠ ᠬᠡᠮᠵᠢᠶ᠎ᠡ ᠳᠤ ᠴᠢᠭᠯᠡᠭᠦᠯᠦᠨ᠂ ᠠᠵᠤ ᠠᠬᠤᠶ ᠶᠢᠨ ᠬᠥᠭᠵᠢᠯᠲᠡ ᠶᠢᠨ | ᠦᠶ᠋ᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠵᠠᠰᠠᠭ ᠤᠨ | ᠶᠠᠪᠤᠳᠠᠯ ᠤᠨ ᠦᠶ᠋ᠯᠡᠴᠢᠯᠡᠭᠡᠨ ᠤ ᠶᠡᠭᠡ ᠲᠢᠩᠬᠢᠮ ᠤᠨ ᠥᠨᠳᠥᠷ ᠪᠠᠷᠢᠮᠵᠢᠶ᠎ᠠ ᠪᠠᠷ᠂ ᠥᠨᠳᠥᠷ ᠦᠷ᠎ᠡ | ᠪᠦᠲᠦᠮᠵᠢ ᠲᠠᠢ ᠪᠠᠷ ᠠᠵᠢᠯᠯᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠲᠣᠭᠠᠴᠢᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠶᠢ ᠲᠦᠷᠭᠡᠳᠬᠡᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠶ᠋ᠴᠡᠳᠬᠡᠵᠦ᠂ ᠨᠢᠭᠡ ᠯᠡ | ᠤᠳᠠᠭ᠎ᠠ ᠳᠤ ᠰᠠᠶᠢᠲᠤᠷ ᠡᠷᠭᠢᠯᠡᠬᠦ︾ ᠶᠢ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠶᠢ ᠬᠠᠮᠤᠭ ᠤᠨ ᠴᠥᠭᠡᠨ᠂ | ᠦᠶ᠋ᠯᠡᠴᠢᠯᠡᠭᠡ ᠶᠢ ᠬᠠᠮᠤᠭ ᠤᠨ ᠰᠠᠶᠢᠨ᠂ ᠬᠤᠷᠳᠤᠴᠠ ᠶᠢ ᠬᠠᠮᠤᠭ ᠤᠨ ᠲᠦᠷᠭᠡᠨ ᠪᠡᠶᠡᠯᠡᠭᠦᠯᠬᠦ ᠪᠠᠷ ︽ᠪᠢᠳᠡ ᠠᠵᠤ | ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ | ᠠᠬᠤᠶᠢᠯᠠᠯ ᠤᠨ ᠬᠥᠭᠵᠢᠯᠲᠡ ᠳᠤ ︽ᠠᠰᠠᠷᠠᠭᠴᠢ ᠮᠠᠶ᠋ᠢᠭ︾ ᠤᠨ ᠦᠶ᠋ᠯᠡᠴᠢᠯᠡᠭᠡ ᠬᠠᠩᠭᠠᠨ᠎ᠠ᠃ ᠲᠥᠪ ᠭᠤᠣᠯᠴᠢ | ᠢᠯᠡ ᠲᠣᠳᠣ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ | ᠲᠠᠯ᠎ᠠ ᠪᠠᠷ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ | ᠵᠦᠢᠯᠡᠰ ᠤᠨ ᠲᠣᠳᠣᠷᠬᠠᠶ ᠬᠠᠭᠤᠳᠠᠰᠤ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠲᠣᠳᠣᠷᠬᠠᠶ | ᠬᠠᠭᠤᠳᠠᠰᠤ᠂ ᠭᠡᠷᠡᠴᠢᠯᠡᠬᠦ ᠵᠦᠢᠯᠡᠰ ᠤᠨ ᠲᠣᠳᠣᠷᠬᠠᠶ ᠬᠠᠭᠤᠳᠠᠰᠤ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠂ ᠡᠷᠬᠡ ᠲᠡᠭᠰᠢ ᠲᠥᠪ ᠭᠤᠣᠯᠴᠢ | ᠪᠠᠶᠢᠬᠤ ᠶᠢ ᠦᠨᠡᠨ ᠬᠦ ᠪᠠᠲᠤᠯᠠᠨ᠎ᠠ᠃ ᠠᠵᠤ ᠠᠬᠤᠶᠢᠯᠠᠯ ᠤᠨ ᠦᠨᠡᠨᠴᠢ ᠢᠲᠡᠭᠡᠮᠵᠢ᠂ ᠬᠤᠪᠢ ᠬᠥᠮᠦᠨ ᠤ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾ | ᠶᠢᠨ ᠲᠦᠷᠢᠮ ᠢ ᠬᠡᠷᠡᠭᠵᠢᠭᠦᠯᠵᠦ᠂ ᠢᠲᠡᠭᠡᠯ ᠠᠯᠳᠠᠭᠰᠠᠨ ᠠᠵᠢᠯᠯᠠᠭ᠎ᠠ ᠶᠢ ᠮᠠᠭᠠᠳᠯᠠᠨ ᠲᠣᠭᠲᠠᠭᠠᠬᠤ᠂ ᠢᠲᠡᠭᠡᠯ | ᠠᠯᠳᠠᠭᠰᠠᠨ ᠠᠵᠢᠯᠯᠠᠭ᠎ᠠ ᠶᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢ ᠰᠡᠷᠭᠦᠭᠡᠬᠦ ᠵᠡᠷᠭᠡ | ᠲᠣᠭᠲᠠᠴᠠ ᠶᠢ ᠪᠦᠷᠢᠨᠰᠢᠬᠦᠯᠦᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠴᠢᠩᠭᠠᠳᠬᠠᠵᠤ | ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ | ᠲᠥᠰᠦᠯ ᠢ ᠨᠠᠶᠢᠳᠠᠪᠤᠷᠢᠵᠢᠭᠤᠯᠤᠨ᠂ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠳᠬᠡᠨ | ᠲᠡᠭᠦᠯᠳᠡᠷᠵᠢᠭᠦᠯᠵᠦ᠂ ᠪᠸᠢ ᠯᠢᠶᠠᠩ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ | ᠺᠣᠮᠫᠠᠨᠢ ᠶᠢᠨ AA ᠢᠲᠡᠭᠡᠮᠵᠢ ᠶᠢᠨ ᠭᠤᠤᠯ ᠴᠣᠭᠴᠠ ᠶᠢᠨ ᠲᠠᠰ ᠲᠣᠭᠲᠠᠭᠠᠬᠤ ᠪᠠᠷ ᠳᠠᠮᠵᠢᠭᠤᠯᠤᠨ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠴᠢᠳᠠᠪᠤᠷᠢ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠪᠣᠳᠠᠲᠤ ᠴᠣᠭᠴᠠᠲᠤ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠬᠢᠭᠡᠳ ᠤᠯᠤᠰ ᠤᠨ ᠥᠮᠴᠢᠯᠡᠯ ᠤᠨ ᠬᠦᠷᠦᠩᠭᠡ᠂ ᠨᠡᠶᠢᠭᠡᠮ ᠤᠨ ᠬᠦᠷᠦᠩᠭᠡ ᠶᠢᠨ | ᠭᠦᠨᠵᠡᠭᠡᠶ ᠠᠵᠢᠯ ᠦᠢᠯᠡᠰ ᠤᠨ ᠨᠢᠭᠡᠴᠢ ᠶᠢᠨ ᠪᠡᠶᠡᠯᠡᠭᠦᠯᠬᠦ᠃ | ︵ᠭᠤᠷᠪᠠ︶ ᠮᠥᠩᠭᠦᠨ ᠭᠦᠶ᠋ᠯᠭᠡᠭᠡᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠡᠵᠡᠮᠳᠡᠵᠦ᠂ | ᠤᠯᠤᠰ ᠤᠨ ᠲᠥᠷᠥ ᠶᠢᠨ ᠪᠣᠳᠣᠯᠭ᠎ᠠ ᠶᠢᠨ ᠣᠷᠣᠭᠤᠯᠤᠯᠲᠠ ᠶᠢᠨ ᠬᠠᠨᠳᠤᠰᠢ ᠳᠤ ᠨᠡᠶᠢᠴᠡᠬᠦ ᠨᠢᠭᠡ ᠪᠦᠯᠦᠭ ᠴᠢᠨᠠᠷ | ᠰᠠᠶᠢᠲᠠᠶ ᠲᠥᠷᠥᠯ ᠵᠦᠶ᠋ᠯ ᠢ ᠤᠬᠠᠭᠠᠯᠠᠨ ᠲᠥᠯᠥᠪᠯᠡᠵᠦ ᠨᠥᠭᠡᠴᠡᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠶ ᠵᠦᠶ᠋ᠯ ᠤᠨ ᠵᠢᠭᠡᠯᠡᠯᠭᠡ ᠶᠢᠨ ᠲᠡᠮᠳᠡᠭᠲᠦ᠂ ᠲᠥᠰᠦᠪ ᠤᠨ ᠳᠣᠲᠣᠷᠠᠬᠢ ᠪᠠᠯᠠ ᠮᠥᠩᠭᠦ᠂ ᠲᠤᠰᠬᠠᠶ ᠵᠦᠶ᠋ᠯ ᠤᠨ | ᠨᠥᠬᠦᠪᠥᠷᠢ ᠵᠡᠷᠭᠡ ᠳᠡᠭᠡᠳᠦ ᠱᠠᠲᠤᠨ ᠤ ᠡᠯ᠎ᠡ ᠲᠥᠷᠥᠯ ᠤᠨ ᠪᠠᠯᠠ ᠮᠥᠩᠭᠦ ᠶᠢᠨ ᠳᠡᠮᠵᠢᠯᠭᠡ ᠶᠢ ᠪᠥᠬᠦ | ᠬᠦᠴᠦᠨ ᠢᠶᠠᠷ ᠢᠶᠠᠨ ᠲᠡᠮᠡᠴᠡᠨ ᠣᠯᠵᠤ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠠᠵᠤ ᠦᠶ᠋ᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠥᠯᠭᠢᠨ ᠠᠬᠢᠭᠤᠯᠬᠤ ᠳᠤ ᠪᠠᠯᠠ ᠠᠷᠠᠳ ᠤᠨ ᠡᠵᠡᠩᠨᠡᠭᠰᠡᠨ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠵᠠᠰᠠᠭ ᠪᠠᠩᠬᠢ ᠠᠵᠤ ᠠᠬᠤᠶᠢᠯᠠᠯ ᠢ | ᠪᠠᠶᠢᠩᠭᠤᠵᠢᠭᠤᠯᠤᠨ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠵᠦ᠂ ︽ᠪᠠᠲᠤᠯᠠᠪᠤᠷᠢ ᠶᠢᠨ ᠮᠥᠩᠭᠦ ᠶᠢᠨ ᠵᠢᠭᠡᠯᠡᠯᠭᠡ︾ | ᠶᠢᠨ ᠮᠥᠩᠭᠦᠨ ᠭᠦᠶ᠋ᠯᠭᠡᠭᠡᠨ ᠤ ᠳᠡᠮᠵᠢᠯᠭᠡ ᠶᠢᠨ ᠦᠶ᠋ᠯᠡᠳᠦᠯ ᠢ ᠰᠠᠶᠢᠲᠤᠷ ᠪᠠᠳᠠᠷᠠᠭᠤᠯᠵᠤ᠂ ᠮᠥᠩᠭᠦᠨ ᠭᠦᠶ᠋ᠯᠭᠡᠭᠡᠨ ᠤ | ᠪᠠᠶᠢᠭᠤᠯᠤᠮᠵᠢ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠬᠤ ᠪᠠ ᠵᠣᠬᠢᠴᠠᠭᠤᠯᠵᠤ ᠪᠠᠶᠢᠭᠠᠳ ᠠᠵᠤ ᠠᠬᠤᠶᠢᠯᠠᠯ ᠳᠤ | ᠳᠡᠭᠡᠳᠦ ᠬᠡᠮᠵᠢᠶ᠎ᠡ ᠪᠠᠷ ᠳᠣᠭᠢᠷᠠᠯᠴᠠᠬᠤ ᠴᠢᠨᠠᠷᠲᠠᠶ ᠮᠥᠩᠭᠦᠨ ᠭᠦᠶ᠋ᠯᠭᠡᠭᠡᠨ ᠤ ᠦᠶ᠋ᠯᠡᠳᠬᠦᠨ ᠪᠠ ᠦᠶ᠋ᠯᠡᠴᠢᠯᠡᠭᠡ | ᠬᠠᠩᠭᠠᠵᠤ᠂ ᠳ᠋ᠦᠩ ᠾᠧ ᠲᠣᠭᠤᠷᠢᠭ ᠤᠨ ᠢᠲᠡᠭᠡᠮᠵᠢᠲᠦ ᠮᠥᠩᠭᠦᠨ ᠭᠦᠶ᠋ᠯᠭᠡᠭᠡᠨ ᠤ ᠶᠡᠷᠦᠩᠬᠡᠶᠢᠯᠡᠭᠰᠡᠨ | ᠦᠶ᠋ᠯᠡᠴᠢᠯᠡᠭᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠶᠢ ᠪᠡᠶᠡᠯᠡᠭᠦᠯᠦᠨ᠎ᠡ᠃ ᠡᠳ᠋ ᠤᠨ | ᠵᠠᠰᠠᠭ ᠮᠥᠩᠭᠦᠨ ᠭᠦᠶ᠋ᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠵᠠᠰᠠᠭ ᠤᠨ | ᠣᠷᠳᠣᠨ ᠤ ᠳᠠᠯᠳᠠ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠵᠠᠬ᠎ᠠ ᠳᠡᠯᠭᠡᠭᠦᠷᠴᠢᠯᠡᠬᠦ | ᠠᠷᠭ᠎ᠠ ᠪᠠᠷᠢᠯ ᠢ ᠬᠠᠤᠯᠢ ᠲᠣᠭᠲᠠᠭᠠᠯ ᠳᠤ ᠨᠡᠶᠢᠴᠡᠭᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠣᠯᠠᠨ ᠠᠷᠭ᠎ᠠ | ᠬᠡᠮᠵᠢᠶ᠎ᠡ ᠪᠠᠷ ᠦᠯᠡᠳᠡᠭᠡᠯ ᠳᠠᠯᠳᠠ ᠥᠭᠴᠡᠭᠡ ᠶᠢ ᠯᠠᠪᠳᠠᠭᠤᠨ ᠢᠶᠠᠷ ᠰᠢᠶ᠋ᠳᠪᠦᠷᠢᠯᠡᠵᠦ᠂ ᠣᠨ ᠤ ᠥᠷᠢ ᠥᠭᠴᠡᠭᠡ | ᠪᠣᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ | ᠠᠷᠢᠯᠭᠠᠬᠤ ᠡᠷᠴᠢᠮ ᠢ ᠴᠢᠩᠭᠠᠷᠠᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠢᠴᠢ ᠡᠯ᠎ᠡ ᠵᠦᠢᠯ ᠤᠨ ᠬᠠᠤᠯᠢ | ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠶ᠂ | ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ | ᠪᠠᠲᠤ ᠰᠠᠬᠢᠨ᠎ᠠ᠃ | ᠲᠠᠪᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ︵ᠨᠢᠭᠡ︶ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠦᠬᠡ ᠣᠭᠲᠠᠷᠭᠤᠢ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠡᠬᠢ ᠡᠭᠦᠰᠦᠯ ᠢ ᠨᠢ ᠡᠷᠢᠬᠦ ᠬᠠᠮᠢᠶᠠᠷᠤᠯᠲᠠ ᠶᠢ ᠴᠢᠩᠭᠠᠳᠬᠠᠨ᠂ ᠲᠣᠭᠤᠰᠣ ᠶᠢ | ᠪᠠᠭᠤᠷᠠᠭᠤᠯᠬᠤ᠂ ᠲᠡᠷᠭᠡ ᠶᠢ ᠵᠠᠰᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ | ᠭᠦᠨᠵᠡᠭᠡᠶᠢᠷᠡᠭᠦᠯᠵᠦ᠂ ᠪᠤᠭᠤᠲᠤ ᠶᠢᠨ ᠬᠦᠩᠭᠡᠨ ᠴᠠᠭᠠᠨ᠂ ᠬᠤᠸᠠ ᠶᠦᠨ ᠵᠡᠷᠭᠡ ᠡᠨᠧᠷᠭᠢ ᠶᠡᠭᠡ ᠬᠤᠷᠣᠭᠳᠠᠭᠤᠯᠬᠤ | ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠬᠦ ᠶᠢ ᠠᠬᠢᠭᠤᠯᠵᠤ᠂ ᠰᠢᠲᠠᠬᠤ ᠶᠢ | ᠴᠠᠭᠠᠵᠠᠯᠠᠬᠤ ᠣᠷᠣᠨ ᠤ ᠲᠠᠷᠠᠬᠠᠶ ᠪᠤᠲᠠᠷᠬᠠᠶ ᠨᠡᠭᠦᠷᠡᠰᠦᠨ ᠤ ᠰᠢᠲᠠᠯᠲᠠ ᠶᠢ ᠵᠠᠰᠠᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠪᠦᠬᠦ ᠵᠢᠯ ᠤᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ | ᠲᠤᠭ᠎ᠠ ᠶᠢ 80% ᠠᠴᠠ ᠳᠡᠭᠡᠭᠰᠢ ᠳᠤ ᠬᠦᠷᠭᠡᠨ᠎ᠡ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ | ᠬᠢᠵᠦ᠂ ᠷᠦᠨ ᠲᠦᠩ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ ᠳᠠᠬᠢ ᠤᠰᠤ ᠶᠢ ︽ᠭᠠᠳᠠᠭᠰᠢᠯᠠᠭᠤᠯᠬᠤ ᠥᠬᠡᠶ︾ | ᠶᠢ ᠠᠬᠢᠭᠤᠯᠤᠨ᠂ ᠤᠰᠤᠨ ᠳᠤ ᠬᠤᠯᠪᠣᠭᠳᠠᠬᠤ ᠠᠵᠤ ᠠᠬᠤᠶᠢᠯᠠᠯ᠂ ᠪᠣᠬᠢᠷ ᠤᠰᠤ ᠰᠢᠶ᠋ᠳᠪᠦᠷᠢᠯᠡᠬᠦ ᠦᠶ᠋ᠯᠡᠳᠪᠦᠷᠢ᠂ | ᠨᠢᠭᠡᠳᠦᠭᠡᠷ ᠬᠤᠶᠠᠳᠤᠭᠠᠷ ᠳᠡᠰ ᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠲᠥᠪᠯᠡᠷᠡᠩᠭᠦᠶ | ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠤᠳᠳᠤᠭ ᠤᠨ ᠣᠷᠴᠢᠨ ᠲᠣᠭᠤᠷᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠪᠣᠷᠣᠭᠠᠨ ᠪᠣᠬᠢᠷ ᠤᠰᠤ ᠶᠢ ᠰᠠᠯᠭᠠᠬᠤ | ᠰᠢᠰᠲ᠋ᠧᠮ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠨ᠂ ᠳᠤᠮᠳᠠᠬᠢ ᠤᠰᠤ ᠶᠢ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠬᠢᠷ ᠦᠮᠡᠬᠡᠶ ᠤᠰᠤ ᠶᠢ ᠵᠠᠰᠠᠬᠤ ᠦᠷ᠎ᠡ ᠪᠦᠲᠦᠮᠵᠢ ᠶᠢ | ᠪᠠᠬᠢᠵᠢᠭᠦᠯᠦᠨ᠎ᠡ᠃ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠰᠠᠶᠢᠲᠤᠷ ᠬᠢᠵᠦ᠂ ᠡᠯ᠎ᠡ ᠲᠦᠷᠦᠯ ᠤᠨ ᠬᠥᠷᠥᠰᠥ | ᠰᠢᠷᠣᠶ ᠶᠢᠨ ᠪᠣᠬᠢᠷᠲᠤᠯ ᠤᠨ ᠡᠬᠢ ᠶᠢ ᠴᠢᠩᠭ᠎ᠠ ᠬᠢᠨᠠᠨ ᠬᠠᠮᠢᠶᠠᠷᠴᠤ᠂ ᠬᠦᠨᠳᠦ ᠲᠡᠮᠦᠷᠯᠢᠭ ᠤᠨ ᠪᠣᠬᠢᠷᠲᠤᠯ ᠢ | ᠬᠠᠮᠢᠶᠠᠷᠤᠨ ᠡᠵᠡᠮᠳᠡᠬᠦ ᠪᠠ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠨ᠎ᠠ᠃ | ︵ᠬᠤᠶᠠᠷ︶ ᠴᠢᠨᠠᠷ ᠰᠠᠶᠢᠲᠠᠶ ᠠᠮᠢ ᠠᠬᠤᠶ ᠶᠢᠨ ᠣᠷᠣᠨ ᠵᠠᠶ ᠶᠢ ᠪᠣᠶ ᠪᠣᠯᠭᠠᠨ᠎ᠠ᠃ ᠬᠠᠮᠠᠭᠠᠯᠠᠬᠤ ᠶᠢ | ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ | ᠬᠤᠶᠢᠲᠤ ᠡᠷᠭᠢ ᠳᠠᠭᠠᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠠᠴᠠ ᠨᠢᠭᠡ ᠡᠮᠦᠨ᠎ᠡ ᠨᠢᠭᠡ ᠤᠮᠠᠷ᠎ᠠ ᠶᠢᠨ | ︽ᠬᠤᠶᠠᠷ ᠠᠮᠢ ᠠᠬᠤᠶ ᠶᠢᠨ ᠬᠤᠩᠭᠢᠯ ᠵᠠᠮ︾ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠨᠤᠭᠤ ᠭᠠᠵᠠᠷ ᠢ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠬᠢᠨᠠᠨ ᠬᠡᠮᠵᠢᠬᠦ ᠪᠠ | ᠬᠠᠲᠤᠨ ᠭᠤᠤᠯ ᠤᠨ ᠡᠷᠭᠢ ᠶᠢᠨ ᠱᠤᠭᠤᠮ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠪᠤᠭᠤᠲᠤ ᠶᠢᠨ | ᠬᠠᠲᠤᠨ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ ᠪᠥᠲᠥᠭᠡᠨ ᠪᠠᠶᠢᠭᠤᠯᠬᠤ ᠡᠭᠦᠷᠭᠡ ᠶᠢ ᠰᠠᠶᠢᠲᠤᠷ | ᠨᠠᠶᠢᠳᠠᠪᠤᠷᠢᠵᠢᠭᠤᠯᠤᠨ᠎ᠠ︔ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ ᠶᠢ | ᠬᠠᠮᠠᠭᠠᠯᠠᠬᠤ ᠪᠠ ᠠᠭᠤᠷᠬᠠᠶ ᠶᠢᠨ ᠣᠷᠴᠢᠨ ᠠᠬᠤᠶ ᠶᠢ ᠰᠡᠷᠭᠦᠭᠡᠨ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ | ᠰᠠᠶᠢᠲᠤᠷ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠣᠭᠲᠠᠮᠠᠯ ᠪᠣᠬᠢᠷᠲᠤᠯ ᠤᠨ ᠡᠬᠢ ᠰᠤᠷᠪᠤᠯᠵᠢ ᠳᠤ ᠪᠥᠬᠦ ᠶᠠᠪᠤᠴᠠ ᠶᠢᠨ ᠬᠠᠮᠢᠶᠠᠷᠤᠯᠲᠠ ᠪᠠ | ᠣᠯᠠᠨ ᠪᠣᠬᠢᠷᠲᠤᠯ ᠪᠣᠳᠠᠰ ᠢ ᠵᠣᠬᠢᠴᠠᠭᠤᠯᠤᠨ ᠡᠵᠡᠮᠳᠡᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠣᠬᠢᠷᠲᠤᠯ ᠢ | ᠵᠠᠰᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠨᠡᠮᠯᠡᠯ ᠣᠯᠤᠭᠰᠠᠨ ᠤ ᠳᠠᠷᠠᠭᠠᠬᠢ ᠬᠢᠨᠠᠯᠲᠠ | ᠬᠠᠮᠢᠶᠠᠷᠤᠯᠲᠠ ᠪᠠ ᠰᠢᠳᠬᠡᠯ ᠢ ᠴᠢᠩᠭᠠᠷᠠᠭᠤᠯᠤᠨ᠎ᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠨᠠᠭᠤᠷ ᠤᠨ ︽ᠳᠦᠷᠪᠡᠨ ᠳᠤᠷ᠎ᠠ ᠪᠠᠷ ᠢᠶᠠᠨ ᠴᠡᠪᠡᠷᠯᠡᠬᠦ︾ ᠶᠢ ᠪᠠᠶᠢᠩᠭᠤᠵᠢᠭᠤᠯᠵᠤ᠂ | ᠡᠮᠦᠨᠡᠲᠦ ᠲᠠᠩᠭᠢᠰ ᠤᠨ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠬᠦ ᠪᠠ ᠤᠰᠤᠨ ᠴᠣᠭᠴᠠ ᠶᠢ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠪᠦᠬᠦ ᠣᠷᠣᠨ ᠤ ᠭᠤᠣᠯ ᠨᠠᠭᠤᠷ ᠤᠨ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ ᠶᠢ ᠠᠬᠢᠭᠤᠯᠤᠨ᠎ᠠ᠃ | ︵ᠭᠤᠷᠪᠠ︶ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠲᠦᠷᠭᠡᠳᠬᠡᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠵᠢᠴᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠤᠲᠠ ᠶᠢᠨ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ | ᠪᠠ ᠡᠷᠴᠢᠮ ᠤᠨ ︽ᠬᠤᠶᠠᠷ ᠢ ᠬᠢᠵᠠᠭᠠᠷᠯᠠᠬᠤ︾ ᠶᠢ ᠴᠢᠩᠭᠠᠳᠬᠠᠵᠤ᠂ ᠳᠣᠣᠷ᠎ᠠ ᠲᠡᠰ ᠤᠨ ᠳᠣᠣᠷ᠎ᠠ ᠦᠷ᠎ᠡ | ᠠᠰᠢᠭ ᠲᠠᠢ ᠦᠢᠯᠡᠳᠪᠦᠷᠢᠯᠡᠬᠦ ᠴᠢᠳᠠᠪᠤᠷᠢ ᠶᠢᠨ ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠬᠥᠲᠥᠯᠥᠨ | ᠵᠢᠯᠣᠭᠤᠳᠤᠨ᠎ᠠ᠃ ᠪᠣᠬᠢᠷᠲᠤᠯ ᠥᠬᠡᠶ ᠠᠵᠤ ᠦᠶ᠋ᠯᠡᠰ ᠢ ᠶᠡᠬᠡᠪᠡᠷ ᠬᠥᠭᠵᠢᠭᠦᠯᠵᠦ᠂ ᠭᠡᠷᠡᠲᠦ ᠡᠨᠧᠷᠭᠢ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠪᠣᠬᠢᠷᠲᠤᠯ ᠥᠬᠡᠶ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠪᠣᠬᠢᠷᠲᠤᠯ ᠥᠬᠡᠶ ᠦᠶ᠋ᠯᠡᠳᠪᠦᠷᠢ ᠶᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠯᠤᠰ ᠤᠨ ︽ | ᠬᠤᠲᠠ ᠶᠢᠨ ᠠᠭᠤᠷᠬᠠᠶ ᠶᠢᠨ ᠭᠠᠷᠤᠯᠲᠠ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠬᠥᠭᠵᠢᠭᠦᠯᠬᠦ ᠪᠠ ᠣᠷᠣᠭᠤᠯᠤᠨ | ᠠᠪᠴᠢᠷᠠᠵᠤ᠂ ᠶᠦᠩ ᠳ᠋ᠦ᠋ ᠶᠢᠨ ᠴᠠᠭᠠᠰᠤᠨ ᠤ ᠦᠢᠯᠡᠰ ᠤᠨ 15 ᠲᠦᠮᠡᠨ ᠲᠣᠨ ᠤ ᠬᠠᠶᠠᠭᠳᠠᠮᠠᠯ ᠴᠠᠭᠠᠰᠤ ᠶᠢ | ᠡᠭᠡᠭᠦᠯᠦᠨ ᠬᠤᠷᠢᠶᠠᠬᠤ ᠵᠢᠴᠢ ᠰᠤᠯᠠᠯᠠᠨ ᠲᠠᠷᠬᠠᠭᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠨᠾᠦ᠋ᠢ ᠮᠤᠵᠢ ᠶᠢᠨ | ᠶᠠᠩ ᠯᠦ᠂ ᠵᠢᠶᠠᠨ ᠴᠤᠤ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠠᠲᠠᠭᠤ ᠬᠠᠶᠠᠭᠳᠠᠮᠠᠯ ᠪᠣᠳᠠᠰ ᠤᠨ ᠳᠠᠬᠢᠯᠳᠠ | ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠤᠨ ᠲᠦᠷᠦᠯ ᠵᠦᠢᠯ ᠤᠨ ᠪᠠᠷᠢᠯᠭ᠎ᠠ ᠡᠬᠢᠯᠡᠭᠦᠯᠦᠨ | ᠪᠦᠳᠦᠭᠡᠨ ᠪᠠᠶᠢᠭᠤᠯᠬᠤ ᠶᠢ ᠠᠬᠢᠭᠤᠯᠵᠤ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ | ᠵᠤᠤᠬ᠎ᠠ ᠶᠢᠨ ᠰᠢᠭᠠᠷᠤ ᠵᠡᠷᠭᠡ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠪᠣᠯᠤᠨ ᠪᠠᠷᠢᠯᠭ᠎ᠠ ᠶᠢᠨ | ᠬᠤᠭ ᠨᠣᠪᠰᠢ᠂ ᠪᠣᠬᠢᠷ ᠰᠢᠪᠠᠷ ᠵᠡᠷᠭᠡ ᠬᠤᠳᠠ ᠶᠢᠨ ᠬᠠᠲᠠᠭᠤ ᠬᠠᠶᠠᠭᠳᠠᠮᠠᠯ ᠪᠣᠳᠠᠰ ᠢ ᠠᠰᠢᠭᠯᠠᠵᠤ᠂ ᠰᠢᠨ᠎ᠡ | ᠬᠡᠯᠪᠡᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠢ ᠦᠢᠯᠡᠳᠪᠦᠷᠢᠯᠡᠵᠦ᠂ ︽ | ᠬᠠᠶᠠᠭᠳᠠᠮᠠᠯ ᠦᠬᠡᠢ ᠬᠤᠳᠠ︾ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | ᠵᠢᠷᠭᠤᠭ᠎ᠠ᠂ ᠨᠡᠶᠢᠭᠡᠮ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ | ᠣᠯᠠᠨ ᠤ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ | ︵ᠨᠢᠭᠡ︶ ᠪᠦᠬᠦ ᠬᠦᠴᠦᠨ ᠢᠶᠠᠷ ᠢᠶᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ | ᠪᠠᠲᠤᠯᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠭᠤᠤᠯᠳᠠᠯᠭ᠎ᠠ ᠲᠠᠢ ᠬᠠᠮᠲᠤᠯᠢᠭ ᠲᠤ | ᠠᠵᠢᠯ ᠣᠯᠭᠤᠬᠤ ᠦᠨᠳᠦᠰᠦᠨ ᠪᠠᠶᠢᠳᠠᠯ ᠢ ᠡᠷᠡᠰ ᠰᠠᠬᠢᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ | ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ | ᠲᠣᠪᠤᠶᠢᠮ᠎ᠠ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠬᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠠᠶᠢᠷᠢ ᠶᠢ ᠲᠥᠪᠬᠢᠨᠡᠭᠦᠯᠬᠦ ᠵᠡᠷᠭᠡ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠬᠢᠵᠦ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ | ᠴᠡᠪᠡᠷᠯᠡᠬᠦ ᠶᠢ ᠦᠨᠡᠨᠬᠦ ᠪᠠᠲᠤᠯᠠᠵᠤ᠂ ᠪᠥᠬᠦ ᠵᠢᠯ ᠳᠤ ᠬᠤᠲᠠ ᠪᠠᠯᠭᠠᠰᠤ ᠶᠢᠨ 1 ᠲᠦᠮᠡᠨ ᠬᠥᠮᠦᠨ ᠳᠤ ᠰᠢᠨ᠎ᠡ ᠪᠠᠷ | ᠠᠵᠢᠯ ᠣᠯᠭᠤᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.9% ᠶᠢᠨ | ᠳᠣᠲᠣᠷ᠎ᠠ ᠬᠢᠵᠠᠭᠠᠷᠯᠠᠬᠤ ᠪᠠᠷ ᠴᠢᠷᠮᠠᠶᠢᠨ᠎ᠠ᠃ ᠠᠳᠠᠯ ᠦᠶ᠋ᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢ ᠪᠠᠷᠢᠮᠲᠠᠯᠠᠵᠤ᠂ ᠬᠤᠲᠠ ᠶᠢᠨ ᠲᠠᠰ ᠠᠴᠠ ᠳᠡᠭᠡᠭᠰᠢᠬᠢ 3 ᠠᠳᠠᠯ ᠦᠶ᠋ᠯᠡᠰ ᠴᠣᠭᠴᠠᠯᠠᠬᠤ | ᠬᠦᠷᠢᠶᠡᠯᠡᠩ ᠢ ᠰᠢᠨ᠎ᠡ ᠪᠠᠷ ᠪᠠᠶᠢᠭᠤᠯᠪᠠ᠃ ︽ᠤᠶᠤᠨᠲᠤ ᠠᠵᠢᠯ ᠣᠯᠭᠤᠯᠲᠠ ᠶᠢᠨ ᠡᠭᠦᠯᠡᠨ ᠲᠠᠪᠴᠠᠩ︾ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ | ᠳᠠᠭᠠᠭᠤᠯᠬᠤ︾ ᠠᠵᠢᠯ ᠣᠯᠭᠤᠯᠲᠠ ᠶᠢᠨ ᠰᠢᠭᠤᠳ ᠨᠡᠪᠲᠡᠷᠡᠬᠦ ᠲᠡᠷᠭᠡ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ | ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠨᠠᠷᠢᠯᠢᠭ | ᠣᠨᠣᠴᠠᠲᠠᠶ ᠪᠠᠷ ᠳᠣᠭᠢᠷᠠᠭᠤᠯᠬᠤ ᠶᠢ ᠪᠡᠶᠡᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠰᠢᠨ᠎ᠡ ᠬᠡᠯᠪᠡᠷᠢ ᠶᠢᠨ ᠱᠠᠪᠢ ᠣᠷᠣᠬᠤ ᠳᠦᠷᠢᠮᠲᠦ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ | ᠬᠥᠮᠦᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠪᠦᠲᠦᠴᠡ ᠶᠢᠨ | ᠴᠢᠨᠠᠷᠲᠠᠶ ᠵᠥᠷᠢᠴᠡᠯ ᠢ ᠪᠦᠲᠦᠮᠵᠢᠲᠡᠶ ᠪᠠᠷ ᠰᠢᠶ᠋ᠳᠪᠦᠷᠢᠯᠡᠨ᠎ᠡ᠃ ᠪᠤᠭᠤᠲᠤ ᠶᠢᠨ ᠬᠥᠮᠦᠨ ᠤ ᠬᠦᠴᠦᠨ ᠤ | ᠬᠥᠷᠥᠩᠭᠡ ᠶᠢᠨ ᠠᠵᠤ ᠦᠶ᠋ᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠲᠠᠰ ᠳᠡᠪᠰᠢᠬᠦ ᠶᠢ ᠲᠦᠷᠭᠡᠳᠬᠡᠵᠦ᠂ ᠠᠵᠢᠯ | ᠣᠯᠭᠤᠵᠤ ᠠᠳᠠᠯ ᠦᠶ᠋ᠯᠡᠰ ᠴᠣᠭᠴᠠᠯᠠᠬᠤ ᠪᠣᠯᠪᠠᠰᠤᠷᠠᠭᠤᠯᠤᠯ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ | ᠂ ᠬᠥᠳᠡᠯᠮᠦᠷᠢᠴᠢᠳ ᠤᠨ ᠠᠵᠢᠯ ᠤᠯᠬᠤ ᠥᠷᠢᠰᠦᠯᠳᠦᠬᠦ ᠬᠦᠴᠦᠨ ᠢ ᠬᠥᠳᠡᠯᠮᠦᠷᠢᠴᠢᠳ ᠤᠨ ᠲᠠᠪᠴᠠᠩ ᠤᠨ ᠠᠵᠢᠯ | ᠣᠯᠭᠤᠯᠲᠠ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠰᠥᠨᠢ ᠶᠢᠨ ᠠᠵᠤ ᠠᠬᠤᠶ︾᠂ ︽ | ᠵᠡᠭᠡᠯᠢ ᠶᠢᠨ ᠬᠠᠵᠠᠭᠤ ᠶᠢᠨ ᠠᠵᠤ ᠠᠬᠤᠶ︾᠂ ︽ᠰᠦᠯᠵᠢᠶᠡᠨ ᠤ ᠤᠯᠠᠭᠠᠨ ᠠᠵᠤ ᠠᠬᠤᠶ︾ ᠵᠡᠷᠭᠡ ᠤᠯᠠᠨ ᠠᠷᠭ᠎ᠠ | ᠵᠠᠮ ᠢᠶᠠᠷ ᠠᠵᠢᠯ ᠣᠯᠭᠤᠬᠤ ᠬᠡᠯᠪᠡᠷᠢ ᠪᠠᠶᠢᠳᠠᠯ ᠢ ᠲᠡᠮᠵᠢᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠠᠬᠢᠭᠤᠯᠬᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠶ ᠪᠠᠷ ᠪᠤᠢ ᠪᠣᠯᠭᠠᠨ᠎ᠠ᠃ | ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ | ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠵᠢᠯ | ᠮᠡᠷᠭᠡᠵᠢᠯ ᠤᠨ ᠣᠨ ᠤ ᠮᠥᠩᠭᠦ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠳᠠᠭᠠᠳᠬᠠᠯ ᠤᠨ | ᠳᠠᠷᠤᠭᠠᠰᠤ ᠶᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠪᠠ ᠣᠨᠴᠠ ᠬᠦᠴᠢᠷᠳᠡᠯ ᠲᠠᠢ ᠠᠰᠠᠷᠠᠨ ᠲᠡᠵᠢᠭᠡᠵᠦ ᠪᠠᠶᠢᠭ᠎ᠠ ᠬᠥᠮᠦᠰ ᠤᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ︽ᠬᠤᠶᠠᠷ ᠢ ᠬᠦᠷᠢᠶᠡᠯᠡᠬᠦ︾ ᠠᠵᠢᠯ ᠢ ᠰᠠᠶᠢᠲᠤᠷ ᠬᠢᠵᠦ᠂ ᠴᠡᠷᠢᠭ ᠠᠴᠠ | ᠬᠠᠯᠠᠭᠳᠠᠭᠰᠠᠳ ᠤᠨ ᠦᠶ᠋ᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠴᠡᠷᠢᠭ ᠠᠴᠠ | ᠬᠠᠯᠠᠭᠳᠠᠭᠰᠠᠳ᠂ ᠠᠰᠠᠷᠠᠨ ᠬᠠᠷᠠᠭᠠᠯᠵᠠᠬᠤ ᠡᠲᠡᠭᠡᠳ ᠤᠨ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠭᠠᠵᠠᠷ ᠬᠠᠭᠠᠰ ᠲᠥᠪᠬᠢᠨᠡᠭᠦᠯᠬᠦ ᠣᠷᠣᠨ | ᠰᠠᠭᠤᠴᠠ ᠵᠢᠴᠢ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ | ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠣᠷᠣᠯᠭ᠎ᠠ ᠪᠠᠭᠠᠲᠠᠶ ᠭᠡᠷ ᠪᠦᠯᠢ ᠶᠢᠨ ᠣᠷᠣᠨ | ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠢᠭᠦᠯᠡᠰᠦᠩᠭᠦᠶ᠂ ᠨᠡᠶᠢᠭᠡᠮ ᠤᠨ | ᠠᠰᠠᠷᠠᠮᠵᠢ᠂ ᠵᠡᠮᠳᠡᠭᠴᠦᠳ ᠵᠡᠷᠭᠡ ᠦᠢᠯᠡᠰ ᠢ ᠶᠡᠬᠡᠪᠡᠷ ᠬᠥᠭᠵᠢᠭᠦᠯᠦᠨ᠎ᠡ᠃ | ︵ᠭᠤᠷᠪᠠ︶ ᠴᠢᠨᠠᠷ ᠰᠠᠶᠢᠲᠠᠶ ᠣᠯᠠᠨ ᠨᠡᠶᠢᠲᠡ ᠶᠢᠨ ᠦᠶ᠋ᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ︽ᠬᠡᠤᠬᠡᠳ ᠤᠨ ᠴᠡᠴᠡᠷᠯᠢᠭ ᠲᠤ | ᠨᠡᠶᠢᠳᠡᠮ ᠬᠠᠷᠠᠭᠠᠯᠵᠠᠯ ᠦᠵᠡᠭᠦᠯᠬᠦ᠂ ᠪᠠᠭ᠎ᠠ ᠰᠤᠷᠭᠠᠭᠤᠯᠢ ᠶᠢᠨ ᠰᠢᠯᠢᠳᠡᠭ ᠢ ᠥᠷᠭᠡᠳᠬᠡᠬᠦ᠂ ᠳᠤᠮᠳᠠᠳᠤ | ᠰᠤᠷᠭᠠᠭᠤᠯᠢ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ | ᠴᠢᠨᠠᠷ ᠢ ᠳᠡᠭᠡᠭᠰᠢᠯᠡᠭᠦᠯᠬᠦ︾ ᠠᠵᠢᠯᠯᠠᠭᠠᠨ ᠤ ᠲᠥᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ᠂ | ᠪᠠᠭᠰᠢ ᠶᠢᠨ ᠪᠣᠯᠪᠠᠰᠤᠷᠠᠭᠤᠯᠤᠯ ᠪᠠ ᠰᠣᠯᠢᠯᠴᠠᠭᠠᠨ ᠤ ᠠᠵᠢᠯ ᠢ ᠴᠢᠩᠭᠠᠳᠬᠠᠨ᠂ ᠴᠡᠴᠡᠷᠯᠢᠭ ᠤᠨ ᠵᠠᠮ ᠤᠨ ᠪᠠᠭ᠎ᠠ | ᠰᠤᠷᠭᠠᠭᠤᠯᠢ ᠶᠢᠨ ᠵᠢᠩ ᠫᠢᠩ ᠰᠤᠷᠭᠠᠭᠤᠯᠢ ᠶᠢᠨ ᠲᠣᠭᠤᠷᠢᠭ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ | ᠨᠣᠭᠤᠭᠠᠨ ᠭᠠᠵᠠᠷ ᠤᠨ ᠰᠤᠷᠭᠠᠭᠤᠯᠢ ᠶᠢᠨ ᠲᠣᠭᠤᠷᠢᠭ᠂ ᠬᠤᠲᠣᠩᠴᠤᠳ ᠤᠨ ᠪᠠᠭ᠎ᠠ ᠰᠤᠷᠭᠠᠭᠤᠯᠢ᠂ ᠹᠦ᠋ ᠱᠧᠩ | ᠶᠤᠸᠠᠨ ᠴᠡᠴᠡᠷᠯᠢᠭ ᠪᠠ ᠰᠢ ᠨᠤᠤ ᠪᠦᠦ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠹᠦ᠋ ᠰᠢᠩ ᠰᠤᠷᠭᠠᠨ ᠬᠥᠮᠦᠵᠢᠯ ᠤᠨ ᠪᠦᠯᠦᠭᠯᠡᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ | ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ | ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠬᠥᠮᠦᠰ᠂ ᠬᠦᠶ᠋ᠲᠡᠨ ᠬᠡᠯᠬᠢᠶᠡᠲᠦ ᠢᠳᠡᠭᠡᠨ ᠵᠢᠴᠢ ᠣᠷᠴᠢᠨ ᠲᠣᠭᠤᠷᠢᠨ ᠢ ᠤᠷᠢᠳᠴᠢᠯᠠᠨ | ᠰᠡᠷᠡᠮᠵᠢᠯᠡᠵᠦ ᠬᠢᠨᠠᠨ ᠬᠡᠮᠵᠢᠬᠦ ᠶᠢ ᠴᠢᠩᠭᠠᠳᠬᠠᠨ᠂ ᠰᠢᠨ᠎ᠡ ᠪᠠᠷ ᠬᠠᠳᠠᠭᠰᠠᠨ ᠸᠠᠺᠼᠢᠨ ᠤ ᠲᠠᠷᠢᠯᠭ᠎ᠠ ᠶᠢᠨ ᠠᠵᠢᠯ ᠢ | ᠪᠡᠶᠡᠯᠡᠭᠦᠯᠵᠦ᠂ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠢᠳᠡᠪᠬᠢᠲᠡᠶ ᠥᠷᠨᠢᠭᠦᠯᠵᠦ᠂ ᠡᠷᠡᠭᠦᠯ ᠡᠩᠬᠡ ᠵᠡᠭᠦᠨ ᠭᠤᠤᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡᠨ ᠤ ᠦᠶ᠋ᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ | ᠲᠡᠭᠦᠯᠳᠡᠷᠵᠢᠭᠦᠯᠵᠦ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠡᠮᠴᠢᠯᠡᠭᠡᠨ ᠤ | ᠪᠦᠯᠦᠭᠯᠡᠯ ᠳᠤ ᠲᠦᠰᠢᠭᠯᠡᠨ ᠬᠤᠲᠠ᠂ ᠲᠣᠭᠤᠷᠢᠭ ᠤᠨ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠦᠨᠳᠦᠰᠦᠨ | ᠱᠠᠲᠤᠨ ᠤ ᠡᠮᠴᠢᠯᠡᠭᠡᠨ ᠤ ᠦᠶ᠋ᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠴᠢᠩᠭᠠᠳᠬᠠᠵᠤ᠂ ᠤᠨᠴᠠᠯᠢᠭᠳᠤ ᠬᠢᠲᠠᠳ ᠡᠮᠨᠡᠯᠭᠡ | ᠪᠠ ᠳᠠᠪᠠᠭᠤᠯᠢᠭ ᠲᠤᠰᠬᠠᠶ ᠰᠠᠯᠠᠭ᠎ᠠ ᠶᠢ ᠪᠤᠢ ᠪᠣᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ | ᠨᠡᠶᠢᠭᠡᠮ ᠤᠨ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠤᠨ᠂ ᠲᠦᠭᠡᠮᠡᠯ ᠬᠠᠷᠠᠭᠠᠯᠵᠠᠯ ᠦᠵᠡᠭᠦᠯᠬᠦ ᠨᠠᠶᠢᠳᠠᠨ | ᠬᠥᠮᠦᠵᠢᠭᠦᠯᠬᠦ ᠦᠢᠯᠡᠴᠢᠯᠡᠭᠡ ᠶᠢ ᠬᠥᠭᠵᠢᠭᠦᠯᠵᠦ᠂ ︽ᠨᠢᠭᠡ ᠨᠠᠰᠤᠲᠠᠨ ᠨᠢᠭᠡ ᠪᠠᠭᠠᠴᠤᠳ︾ ᠤᠨ ᠠᠰᠠᠭᠤᠳᠠᠯ ᠢ | ᠦᠨᠡᠨ ᠬᠦ ᠰᠠᠶᠢᠲᠤᠷ ᠰᠢᠶ᠋ᠳᠪᠦᠷᠢᠯᠡᠨ᠎ᠡ᠃ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠲᠠᠰ ᠳᠡᠪᠰᠢᠬᠦ ᠶᠢ | ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠶ᠋ᠯᠡᠴᠢᠯᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ | ᠤᠷᠤᠯᠳᠤᠭᠠᠨ ᠤ ᠦᠨᠳᠦᠰᠦᠲᠡᠨ ᠤ ᠠᠷᠠᠳ ᠤᠨ ᠵᠠᠩ ᠦᠶ᠋ᠯᠡ ᠶᠢᠨ ᠰᠣᠶᠣᠯ ᠢ ᠭᠦᠨᠵᠡᠭᠡᠶ ᠠᠭᠤᠳᠠᠯᠵᠤ᠂ | ᠤᠳᠤᠮᠰᠢᠯ ᠤᠨ ᠪᠤᠰᠤ ᠬᠥᠭᠵᠢᠯᠲᠡ ᠶᠢ ᠠᠬᠢᠭᠤᠯᠤᠨ᠂ ᠰᠣᠶᠣᠯ ᠤᠨ ᠡᠬᠢ ᠪᠠᠶᠠᠯᠢᠭ ᠬᠢᠭᠡᠳ ᠵᠢᠭᠤᠯᠴᠢᠯᠠᠯ ᠤᠨ | ᠦᠶ᠋ᠯᠡᠰ ᠤᠨ ᠪᠠᠶᠢᠳᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ︽ᠬᠠᠭᠤᠴᠢᠨ ᠪᠤᠭᠤᠲᠤ︾ ᠶᠢᠨ ᠰᠣᠶᠣᠯ ᠤᠨ | ᠨᠠᠷᠠᠲᠤ ᠲᠥᠷᠥᠯ ᠲᠡᠮᠳᠡᠭᠲᠦ ᠶᠢ ᠢᠷᠠᠭᠤ ᠠᠯᠳᠠᠷᠰᠢᠭᠤᠯᠤᠨ᠎ᠠ᠃ | ︵ᠳᠥᠷᠪᠡ︶ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ | ᠲᠣᠭᠲᠠᠭᠤᠨ ᠪᠠᠶᠢᠳᠠᠯ ᠤᠨ ᠲᠠᠯ᠎ᠠ ᠪᠠᠷ ᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠲᠠᠯᠳᠠ ᠭᠡᠮ ᠢ ᠢᠯᠭᠠᠨ ᠲᠠᠨᠢᠬᠤ ᠪᠠ ᠰᠢᠶ᠋ᠳᠪᠦᠷᠢᠲᠦ | ᠪᠤᠳᠤᠯᠭ᠎ᠠ ᠶᠢᠨ ᠲᠠᠯ᠎ᠠ ᠪᠠᠷ ᠬᠢ ᠠᠶᠤᠯ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ | ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ︽ | ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠭᠡᠨ ᠤ ᠵᠦᠶ᠋ᠯ ᠡᠮ ᠤᠨ | ᠵᠦᠶ᠋ᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠦᠷᠢᠨᠰᠢᠭᠦᠯᠵᠦ᠂ ︽ᠡᠭᠦᠯᠡᠨ | ᠨᠢᠳᠦᠲᠦ ᠬᠠᠮᠠᠭᠠᠯᠠᠭᠴᠢ︾ ᠶᠢᠨ ᠣᠶᠤᠨᠴᠢ ᠬᠢᠨᠠᠨ ᠡᠵᠡᠮᠳᠡᠬᠦ ᠰᠢᠰᠲ᠋ᠧᠮ ᠢ ᠪᠠᠶᠢᠷᠢᠯᠠᠭᠤᠯᠬᠤ ᠢᠨᠵᠧᠨᠧᠷᠢᠩ ᠢ ᠪᠦᠬᠦ | ᠲᠠᠯ᠎ᠠ ᠪᠠᠷ ᠪᠡᠶᠡᠯᠡᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠥᠨᠳᠥᠷ | ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠢᠯᠡ ᠪᠠᠷ ᠰᠤᠷᠪᠤᠯᠵᠢᠯᠠᠭ᠎ᠠ ᠶᠢ ᠬᠦᠯᠢᠶᠡᠨ ᠠᠪᠬᠤ | ᠳᠦᠷᠢᠮ ᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶ᠋ᠳᠪᠦᠷᠢᠯᠡᠬᠦ ᠠᠵᠢᠯ ᠢ ᠪᠦᠬᠦ | ᠬᠦᠴᠦᠨ ᠢᠶᠠᠷ ᠰᠠᠶᠢᠲᠤᠷ ᠠᠳᠬᠤᠪᠠ᠃ ᠨᠠᠮ ᠤᠨ ᠦᠨᠳᠦᠰᠦᠲᠡᠨ᠂ ᠱᠠᠰᠢᠨ ᠰᠤᠷᠲᠠᠬᠤᠨ ᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ︽ᠭᠤᠷᠪᠠᠨ ᠰᠠᠯᠵᠤ ᠴᠢᠳᠠᠬᠤ ᠦᠭᠡᠢ︾ | ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠦᠬᠦ ᠲᠠᠯ᠎ᠠ ᠪᠠᠷ ᠪᠠᠲᠤ ᠪᠠᠬᠢ ᠪᠤᠢ ᠪᠣᠯᠭᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ http://www.donghe.gov.cn/zcjd/24862137. | jhtml | ᠪᠠᠭᠤᠯᠭᠠᠬᠤ᠄ 2021 ᠣᠨ ᠤ ᠳ᠋ᠦᠩ ᠾᠧ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ + ︵1︶ docx | |