ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ  ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠪᠠ ᠭᠠᠳᠠᠭᠠᠳᠤ ᠯᠤᠭ᠎ᠠ ᠶᠢᠨ  ᠬᠠᠷᠢᠴᠠᠭᠠᠨ ᠤ ᠲᠤᠬᠠᠢ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2021/3/11
     ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 7᠎ ᠤ ᠡᠳᠦᠷ ᠤᠨ ᠴᠠᠬᠢᠯᠭᠠᠨ ᠮᠡᠲᠡᠭᠡ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ 7᠎ ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠳᠢᠣ᠋ ᠰᠤᠷᠪᠤᠯᠵᠢᠯᠠᠭᠴᠢᠳ ᠤᠨ ᠬᠤᠷᠠᠯ ᠬᠢᠵᠦ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠪᠠ ᠭᠠᠳᠠᠭᠠᠳᠤ ᠯᠤᠭ᠎ᠠ ᠶᠢᠨ ᠬᠠᠷᠢᠴᠠᠭᠠᠨ ᠤ ᠲᠤᠬᠠᠢ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠵᠠᠢ᠃      ᠸᠠᠩ ᠢ᠄ ᠰᠤᠷᠪᠤᠯᠵᠢᠯᠠᠭᠴᠢ ᠨᠠᠶᠢᠵᠠ ᠨᠠᠷ ᠡ᠂ ᠰᠠᠶᠢᠨ ᠪᠠᠶᠢᠵᠠᠭᠠᠨ᠎ᠠ ᠤᠤ︕ ᠡᠨᠡ ᠵᠢᠯ ᠤᠨ ᠰᠣᠷᠪᠣᠯᠵᠢᠯᠠᠭᠴᠢᠳ ᠤᠨ ᠬᠤᠷᠠᠯ ᠮᠥᠨ ᠯᠡ ᠸᠢᠳᠢᠣ᠋ ᠬᠡᠯᠪᠡᠷᠢ ᠪᠠᠷ ᠣᠯᠠᠨ ᠲᠠᠢ ᠠᠭᠤᠯᠵᠠᠬᠰᠠᠨ ᠣᠨᠴᠠᠭᠠᠶ ᠰᠣᠷᠪᠣᠯᠵᠢᠯᠠᠭᠴᠢᠳ ᠤᠨ ᠬᠤᠷᠠᠯ ᠪᠣᠯᠤᠯ᠎ᠠ᠃ ᠳᠤᠮᠳᠠᠳᠤ ᠤᠯᠤᠰ ᠬᠡᠳᠦ᠋ᠢᠪᠡᠷ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠢ ᠡᠵᠡᠮᠳᠡᠵᠦ ᠴᠢᠳᠠᠭᠰᠠᠨ ᠪᠣᠯᠪᠠᠴᠤ ᠴᠥᠭᠡᠨ ᠪᠤᠰᠤ ᠤᠯᠤᠰ ᠮᠥᠨ ᠯᠡ ᠸᠢᠷᠦ᠋ᠰ ᠲᠠᠢ ᠡᠷᠡᠯᠬᠡᠭᠯᠡᠨ ᠲᠡᠮᠡᠴᠡᠵᠦ ᠪᠠᠶᠢᠨ᠎ᠠ᠃ ᠵᠦᠪᠬᠡᠨ ᠨᠢᠭᠡᠯᠡ ᠤᠯᠤᠰ ᠲᠤ ᠬᠢᠵᠢᠭ ᠤᠨ ᠪᠠᠶᠢᠳᠠᠯ ᠣᠷᠣᠰᠢᠵᠤ ᠪᠠᠶᠢᠪᠠᠯ᠂ ᠳᠡᠯᠡᠬᠡᠢ ᠨᠡᠶᠢᠭᠡᠮ ᠢᠶᠠᠷ ᠢᠶᠠᠨ ᠪᠦᠯᠬᠦᠮᠳᠡᠨ ᠬᠢᠵᠢᠭ ᠲᠠᠢ ᠲᠡᠮᠡᠴᠡᠬᠦ ᠴᠢᠷᠮᠠᠶᠢᠯᠭ᠎ᠠ ᠪᠠᠨ ᠵᠣᠭᠰᠣᠭᠠᠵᠤ ᠪᠣᠯᠬᠤ ᠦᠭᠡᠢ︔ ᠵᠦᠪᠬᠡᠨ ᠨᠢᠭᠡᠯᠡ ᠬᠥᠮᠦᠨ ᠸᠢᠷᠦ᠋ᠰ ᠲᠤ ᠬᠠᠯᠳᠠᠪᠤᠷᠢᠯᠠᠬᠲᠠᠭᠰᠠᠨ ᠪᠤᠯ ᠪᠢᠳᠡ ᠴᠠᠭ ᠲᠤᠬᠠᠶ ᠳᠤᠨᠢ ᠲᠤᠰᠠᠯᠠᠮᠵᠢ ᠦᠵᠡᠭᠦᠯᠬᠦ ᠬᠠᠷᠢᠭᠤᠴᠠᠯᠭ᠎ᠠ ᠲᠠᠢ᠃ ᠪᠦᠯᠬᠦᠮᠳᠡᠯ ᠪᠣᠯ ᠬᠦᠴᠦᠨ᠂ ᠪᠠᠷᠢᠮᠲᠠᠯᠠᠯ ᠪᠣᠯ ᠢᠯᠠᠯᠲᠠ᠂ ᠥᠦᠷ ᠤᠨ ᠲᠤᠶᠠᠭ᠎ᠠ ᠨᠢᠳᠦᠨ ᠡᠮᠦᠨ᠎ᠡ ᠪᠠᠶᠢᠨ᠎ᠠ᠃ ᠳᠤᠮᠳᠠᠳᠤ ᠤᠯᠤᠰ ᠦᠷᠭᠦᠯᠵᠢᠯᠡᠨ ᠡᠯ᠎ᠡ ᠤᠯᠤᠰ ᠯᠤᠭ᠎ᠠ ᠪᠦᠯᠬᠦᠮᠳᠡᠨ ᠬᠠᠮᠲᠤᠷᠠᠯᠴᠠᠵᠤ᠂ ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ ᠤᠳᠤ ᠪᠢ ᠳᠤᠷᠠᠲᠠᠶ᠎ᠠ ᠤᠯᠠᠨ ᠤ ᠲᠤᠷᠠᠳᠤᠬᠰᠠᠨ ᠠᠰᠠᠭᠤᠯᠲᠠ ᠶᠢ ᠬᠠᠷᠢᠭᠤᠯᠤᠶ᠎ᠠ᠃      ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠲᠥᠪ ᠲᠧᠯᠸᠢᠰ ᠤᠨ ᠰᠤᠷᠪᠤᠯᠵᠢᠯᠠᠭᠴᠢ᠄ ᠲᠠ ᠥᠩᠭᠡᠷᠡᠭᠰᠡᠨ ᠨᠢᠭᠡ ᠵᠢᠯ ᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠬᠡᠷᠬᠢᠨ ᠦᠨᠡᠯᠡᠬᠦ ᠪᠣᠶ︖ ᠡᠨᠡ ᠵᠢᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠳᠤ ᠶᠠᠮᠠᠷ ᠶᠠᠮᠠᠷ ᠭᠤᠤᠯᠳᠠᠯᠭ᠎ᠠ ᠪᠠ ᠬᠢᠯᠠᠰ ᠴᠡᠭ ᠪᠠᠶᠢᠬᠤ ᠪᠣᠢ      ᠸᠠᠩ ᠢ᠄ 2020 ᠣᠨ ᠳᠤ᠂ ᠳᠤᠮᠳᠠᠳᠤ ᠤᠯᠤᠰ ᠪᠤᠯᠤᠨ ᠳᠡᠯᠡᠬᠡᠢ ᠶᠢᠨ ᠡᠯ᠎ᠡ ᠤᠯᠤᠰ ᠲᠦᠢᠯ ᠤᠨ ᠶᠡᠷᠦ ᠪᠤᠰᠤ ᠶᠢᠨ ᠲᠡᠦᠬᠡᠨ ᠶᠠᠪᠤᠴᠠ ᠶᠢ ᠲᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠤᠯᠤᠰ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠤ ᠲᠥᠯᠥᠭᠡ ᠬᠦᠨᠳᠦ ᠡᠭᠦᠷᠭᠡ ᠡᠭᠦᠷᠭᠡᠯᠡᠵᠦ ᠂ ᠳᠡᠯᠡᠬᠡᠢ ᠳ᠋ᠠᠬᠢᠨ ᠳᠤ ᠬᠠᠷᠢᠭᠤᠴᠠᠯᠭ᠎ᠠ ᠪᠠᠨ ᠭᠦᠢᠴᠡᠳᠬᠡᠵᠦ᠂ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠢ ᠪᠦᠬᠦ ᠬᠦᠴᠦᠨ ᠢᠶᠠᠷ ᠢᠶᠠᠨ ᠠᠷᠭᠠᠴᠠᠭᠠᠵᠤ᠂ ᠳᠤᠮᠳᠠᠳᠤ ᠤᠯᠤᠰ ᠤᠨ ᠦᠵᠡᠭᠦᠯᠪᠡᠰᠦ ᠵᠣᠬᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠪᠠ᠃      ᠡᠨᠡ ᠨᠢᠭᠡ ᠵᠢᠯ ᠳᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠬᠠᠮᠤᠭ ᠤᠨ ᠪᠠᠭ᠋ᠠᠳᠤᠭᠤᠰᠢᠲᠠᠢ ᠪᠣᠯᠵᠠᠢ᠃ ᠲᠡᠷᠢᠭᠦᠯᠡᠭᠴᠢ ᠰᠢ ᠶᠢᠨ ᠫᠢᠩ ︽ᠡᠭᠦᠯᠡᠨ ᠭᠠᠳᠠᠭᠠᠳᠤ ᠬᠠᠷᠢᠯᠴᠠᠭ᠎ᠠ︾᠎ ᠶᠢᠨ ᠰᠢᠨ᠎ᠡ ᠶᠢ ᠡᠭᠦᠳᠬᠦ ᠠᠷᠭ᠎ᠠ ᠬᠡᠯᠪᠡᠷᠢ ᠪᠠᠷ ᠡᠯ᠎ᠡ ᠤᠯᠤᠰ ᠤᠨ ᠤᠳᠤᠷᠢᠳᠬᠤ ᠬᠥᠮᠦᠰ ᠲᠠᠢ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠲᠣᠮᠣ ᠤᠯᠤᠰ ᠤᠨ ᠤᠳᠤᠷᠢᠳᠤᠭᠴᠢ ᠶᠢᠨ ᠳᠡᠯᠡᠬᠡᠶ ᠳ᠋ᠠᠬᠢᠨ ᠯᠤᠭ᠎ᠠ ᠶᠢᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠥᠭᠡᠳ ᠳᠡᠯᠡᠬᠡᠶ ᠨᠡᠶᠢᠲᠡ ᠶᠢᠨ ᠪᠦᠯᠬᠦᠮᠳᠡᠨ ᠬᠢᠵᠢᠭ ᠲᠠᠢ ᠲᠡᠮᠡᠴᠡᠬᠦ ᠳᠤ ᠴᠢᠭᠯᠡᠯ ᠢ ᠲᠣᠳᠣᠷᠬᠠᠶ ᠵᠢᠭᠠᠵᠤ᠂ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠡᠨᠡ ᠨᠢᠭᠡ ᠵᠢᠯ ᠳᠤ᠂ ᠤᠯᠤᠰ ᠤᠨ ᠠᠰᠢᠭ ᠲᠤᠰᠠ ᠶᠢ ᠬᠠᠮᠠᠭᠠᠯᠠᠬᠤ ᠨᠢ ᠬᠠᠮᠤᠭ ᠤᠨ ᠡᠷᠡᠰ ᠪᠠᠲᠤ ᠶᠠᠪᠤᠳᠠᠯ ᠪᠣᠯᠵᠠᠢ᠃ ᠪᠢᠳᠡ ᠳᠡᠯᠡᠬᠡᠢ ᠳᠡᠭᠡᠷᠡᠬᠢ ᠡᠵᠡᠷᠬᠡᠭᠯᠡᠯ ᠬᠠᠷᠭᠢᠰᠯᠠᠯ ᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠶᠣᠰᠣ ᠪᠤᠰᠤ ᠪᠠᠷ ᠭᠠᠷ ᠲᠦᠷᠦᠭᠦ ᠶᠢ ᠡᠷᠡᠰ ᠡᠰᠡᠷᠬᠦᠴᠡᠪᠡ᠃ ᠲᠤᠮᠳᠠᠳᠤ ᠤᠯᠤᠰ ᠤᠨ ᠡᠷᠬᠡ ᠮᠡᠳᠡᠯ ᠳᠤ ᠬᠠᠯᠳᠠᠵᠤ ᠪᠣᠯᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠨᠡᠷ᠎ᠡ ᠬᠦᠨᠳᠦ ᠶᠢ ᠭᠤᠲᠤᠭᠠᠵᠤ ᠪᠣᠯᠬᠤ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠤ ᠵᠦᠢ ᠶᠣᠰᠣᠨ ᠤ ᠡᠷᠬᠡ ᠠᠰᠢᠭ ᠢ ᠡᠷᠬᠡᠪᠰᠢ ᠬᠠᠮᠠᠭᠠᠯᠠᠬᠤ ᠬᠡᠷᠡᠭᠲᠡᠢ᠃      ᠡᠨᠡ ᠨᠢᠭᠡ ᠵᠢᠯ ᠳᠤ᠂ ᠬᠠᠮᠤᠭ ᠠᠴᠠ ᠢᠯᠡᠭᠦᠦ ᠬᠦᠴᠦ ᠣᠷᠣᠭᠤᠯᠤᠭᠰᠠᠨ ᠨᠢ ᠬᠢᠵᠢᠭ ᠲᠠᠢ ᠲᠡᠮᠡᠴᠡᠭᠰᠡᠨ ᠭᠠᠳᠠᠭᠠᠳᠤ ᠬᠠᠷᠢᠯᠴᠠᠭ᠎ᠠ ᠪᠣᠯᠤᠨ᠎ᠠ᠃ ᠪᠢᠳᠡ ᠤᠯᠤᠰ ᠤᠨ ᠳᠣᠲᠣᠭᠠᠳᠤ ᠶᠢᠨ ᠬᠢᠵᠢᠭ ᠲᠠᠢ ᠲᠡᠮᠡᠴᠡᠬᠦ ᠳᠤ ᠪᠦᠬᠦ ᠰᠡᠳᠬᠢᠯ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠡᠪᠴᠢᠶ᠎ᠡ ᠪᠠᠷ ᠬᠠᠮᠤᠭ ᠤᠨ ᠶᠡᠭᠡ ᠪᠠᠴᠢᠮ ᠲᠤᠯᠭᠠᠮ ᠬᠥᠮᠦᠯᠢᠭ ᠦᠵᠡᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠪᠡ᠃      ᠡᠨᠡ ᠨᠢᠭᠡ ᠵᠢᠯ ᠳᠤ᠂ ᠭᠠᠳᠠᠭᠠᠳᠤ ᠳᠤ ᠪᠠᠶᠢᠭ᠎ᠠ ᠠᠬ᠎ᠠ ᠳᠡᠭᠦᠦ ᠨᠡᠷ ᠤᠨ ᠠᠮᠤᠷ ᠲᠦᠪᠰᠢᠨ ᠢ ᠬᠠᠮᠤᠭ ᠠᠴᠠ ᠢᠯᠡᠭᠦᠦ ᠠᠩᠬᠠᠷᠤᠭᠰᠠᠭᠠᠷ ᠢᠷᠡᠪᠡ᠃ ᠬᠢᠵᠢᠭ ᠤᠨ ᠪᠠᠶᠢᠳᠠᠯ ᠳᠣᠣᠷ᠎ᠠ᠂ ᠪᠢᠳᠡ ᠲᠤᠰᠠᠯᠠᠮᠵᠢ ᠬᠦᠰᠡᠭᠰᠡᠨ ᠭᠠᠳᠠᠭᠠᠳᠤ ᠳᠤ ᠪᠠᠶᠢᠭ᠎ᠠ ᠠᠷᠠᠳ ᠢᠷᠭᠡᠨ ᠳᠤ ᠴᠠᠭ ᠲᠤᠬᠠᠢ ᠳᠤᠨᠢ ᠲᠤᠰᠠᠯᠠᠮᠵᠢ ᠦᠵᠡᠭᠦᠯᠵᠦ᠂ ᠪᠦᠬᠦ ᠬᠦᠴᠦᠨ ᠢᠶᠠᠷ ᠢᠶᠠᠨ ᠬᠠᠮᠠᠭᠠᠯᠠᠯᠲᠠ ᠲᠤᠰᠠᠯᠠᠮᠵᠢ ᠬᠠᠩᠭᠠᠵᠤ᠂ ᠭᠠᠳᠠᠭᠠᠳᠤ ᠬᠠᠷᠢᠯᠴᠠᠭ᠎ᠠ ᠶᠢ ᠠᠷᠠᠳ ᠲᠦᠮᠡᠨ ᠤ ᠲᠥᠯᠥᠭᠡ ᠡᠭᠦᠷᠭᠡᠯᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃      ᠡᠨᠡ ᠨᠢᠭᠡ ᠵᠢᠯ ᠳᠤ᠂ ᠬᠠᠮᠤᠭ ᠠᠴᠠ ᠢᠯᠡᠭᠦᠦ ᠠᠩᠬᠠᠷᠤᠯ ᠲᠠᠯᠪᠢᠭᠰᠠᠨ ᠨᠢ ᠪᠦᠬᠦ ᠪᠥᠮᠪᠥᠷᠴᠡᠭ ᠤᠨ ᠵᠠᠰᠠᠯᠲᠠ ᠶᠢᠨ ᠴᠢᠭᠯᠡᠯ ᠢ ᠡᠵᠡᠮᠳᠡᠬᠦ ᠶᠠᠪᠤᠳᠠᠯ ᠪᠣᠯᠤᠨ᠎ᠠ᠃ ᠭᠠᠭᠴᠠ ᠲᠠᠯᠠᠲᠤ ᠦᠵᠡᠯ ᠤᠨ ᠲᠠᠯᠬᠢᠭᠲᠠᠯ ᠤᠨ ᠡᠮᠦᠨ᠎ᠡ᠂ ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠠᠷᠢᠴᠠᠭᠠᠨ ᠤ ᠪᠠᠷᠢᠮᠵᠢᠶ᠎ᠠ ᠶᠢ ᠬᠠᠮᠠᠭᠠᠯᠠᠪᠠ᠃ ᠬᠠᠮᠠᠭᠠᠯᠠᠬᠤ ᠦᠵᠡᠯ ᠲᠣᠯᠣᠭᠠᠢ ᠥᠨᠳᠡᠶᠢᠭᠰᠡᠨ ᠪᠠᠶᠢᠲᠠᠯ ᠳᠤ ᠴᠢᠭᠯᠡᠭᠦᠯᠦᠨ᠂ ᠪᠢᠳᠡ ᠨᠡᠭᠡᠭᠡᠯᠲᠡ ᠪᠠᠨ ᠪᠡᠶᠡᠴᠢᠯᠡᠨ ᠥᠷᠭᠡᠳᠬᠡᠵᠦ᠂ ᠳᠤᠮᠳᠠᠳᠤ ᠤᠯᠤᠰ ᠤᠨ ᠬᠡᠲᠦ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠤᠯᠤᠰ ᠲᠤ ᠨᠠᠩ ᠣᠯᠠᠨ ᠬᠥᠭᠵᠢᠯᠲᠡ ᠶᠢᠨ ᠠᠵᠠ ᠲᠣᠬᠢᠶᠠᠯ ᠬᠠᠩᠭᠠᠪᠠ᠃      ᠳᠤᠮᠳᠠᠳᠤ ᠤᠯᠤᠰ ᠲᠤ ᠠᠪᠴᠤ ᠬᠡᠯᠡᠪᠡᠯ᠂ 2021 ᠣᠨ ᠪᠣᠯ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠴᠤ ᠰᠢᠨ᠎ᠡ ᠠᠶᠠᠨ ᠢᠶᠠᠨ ᠡᠬᠢᠯᠡᠭᠦᠯᠬᠦ ᠪᠣᠯᠤᠨ᠎ᠠ᠃ ᠪᠢᠳᠡ ᠨᠠᠮ ᠪᠣᠯᠤᠨ ᠤᠯᠤᠰ ᠤᠨ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠯ᠎ᠡ ᠤᠯᠤᠰ ᠯᠤᠭ᠎ᠠ ᠶᠢᠨ ᠨᠥᠬᠦᠷᠰᠡᠭ ᠬᠠᠷᠢᠯᠴᠠᠭ᠎ᠠ ᠪᠠᠨ ᠢᠳᠡᠪᠬᠢᠲᠡᠢ ᠬᠥᠭᠵᠢᠭᠦᠯᠵᠦ᠂ ᠳᠤᠮᠳᠠᠳᠤ ᠤᠯᠤᠰ ᠪᠣᠯᠤᠨ ᠳᠡᠯᠡᠬᠡᠢ ᠶᠢᠷᠲᠢᠨᠴᠦ ᠶᠢᠨ ᠣᠶᠢᠯᠠᠭᠠᠯᠴᠠᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠷᠭᠦᠯᠵᠢᠯᠡᠨ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠤᠢ ᠪᠣᠯᠭᠠᠨ᠎ᠠ᠃      ᠪᠢᠳᠠ ︽ᠤᠯᠤᠰ ᠤᠨ ᠶᠡᠭᠡ ᠶᠠᠪᠤᠲᠠᠯ︾᠎ ᠢ ᠰᠡᠳᠬᠢᠯ ᠳᠡᠭᠡᠨ ᠲᠡᠭᠡᠭᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠲᠠᠢ ᠬᠤᠭᠤᠴᠠᠭ᠎ᠠ ᠶᠢ ᠢᠳᠡᠪᠬᠢᠲᠡᠢ ᠬᠠᠮᠠᠭᠠᠯᠠᠨ ᠥᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠡᠬᠢᠯᠡᠭᠦᠯᠬᠦ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠪᠠᠷ ᠳᠠᠮᠵᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃      ᠪᠢᠳᠡ ᠬᠢᠵᠢᠭ ᠦᠩᠭᠡᠷᠡᠰᠡᠨ ᠤ ᠳᠠᠷᠠᠭᠠᠬᠢ ᠴᠠᠭ ᠦᠶ᠎ᠡ ᠳᠤ ᠠᠩᠬᠠᠷᠤᠯ ᠢᠶᠠᠨ ᠬᠠᠨᠳᠤᠭᠤᠯᠤᠨ᠂ ᠣᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠵᠤ᠂ ᠳᠡᠯᠡᠬᠡᠶ ᠶᠢᠨ ᠠᠵᠤ ᠠᠬᠤᠶ ᠶᠢᠨ ᠡᠷᠲᠡᠬᠡᠨ ᠰᠡᠷᠭᠦᠬᠦ ᠳᠤ ᠬᠦᠴᠦᠨ ᠨᠡᠮᠡᠷᠢᠯᠡᠵᠦ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠥᠬᠦ ᠪᠥᠮᠪᠥᠷᠴᠡᠭ ᠤᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠨ᠎ᠠ᠃      ᠪᠢᠳᠡ ᠲᠡᠦᠬᠡ ᠶᠢᠨ ᠤᠷᠤᠰᠬᠠᠯ ᠢ ᠳᠠᠭᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠶᠢᠨ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠡᠯ᠎ᠡ ᠤᠯᠤᠰ ᠲᠠᠢ ᠭᠠᠷ ᠬᠤᠯᠪᠣᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃      ᠡᠨᠡ ᠵᠢᠯ ᠪᠣᠯ ᠳᠤᠮᠳᠠᠳᠤ ᠤᠯᠤᠰ ᠤᠨ ᠦᠬᠡᠷ ᠵᠢᠯ᠂ ᠦᠬᠡᠷ ᠲᠡᠰᠪᠦᠷᠢ ᠲᠡᠪᠴᠢᠶᠡᠷᠢ ᠪᠠ ᠬᠦᠴᠦᠨ ᠴᠢᠳᠠᠯ ᠢ ᠪᠡᠯᠭᠡᠳᠡᠲᠡᠭ᠃ ᠰᠢᠨ᠎ᠡ ᠨᠢᠭᠡ ᠵᠢᠯ ᠳᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠦᠷᠭᠦᠯᠵᠢᠯᠡᠨ ᠴᠢᠭᠯᠡᠯ ᠢ ᠳᠠᠭᠠᠭᠤᠯᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠨᠡᠩ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠬᠦ ᠪᠣᠯᠤᠨ᠎ᠠ᠃ ᠨᠠᠶᠢᠷ ᠵᠢᠷᠤᠮ ᠢ ᠡᠷᠬᠢᠮᠯᠡᠳᠡᠭ᠂ ᠲᠣᠭᠲᠠᠯ ᠬᠦᠴᠦᠨ ᠲᠠᠢ᠂ ᠵᠠᠷᠴᠢᠮ ᠢ ᠡᠷᠬᠢᠮᠯᠡᠳᠡᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠳᠤᠮᠳᠠᠳᠤ ᠤᠯᠤᠰ ᠯᠠᠪᠲᠠᠢ ᠳᠡᠯᠡᠬᠡᠢ ᠳ᠋ᠠᠬᠢᠨ ᠳᠤ ᠨᠡᠩ ᠤᠯᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠳᠠᠮᠵᠢᠭᠤᠯᠵᠤ᠂ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠳᠤ ᠨᠡᠩ ᠤᠯᠠᠨ ᠢᠲᠡᠭᠡᠯ ᠵᠣᠷᠢᠭ ᠪᠠ ᠬᠦᠴᠦᠨ ᠴᠢᠳᠠᠯ ᠨᠡᠮᠡᠷᠢᠯᠡᠬᠦ ᠪᠣᠯᠤᠨ᠎ᠠ᠃ ᠲᠠᠰᠰ ᠬᠤᠷᠢᠶᠠᠨ ᠤ ᠰᠤᠷᠪᠤᠯᠵᠢᠯᠠᠭᠴᠢ᠄ ᠳᠤᠮᠳᠠᠳᠤ ᠣᠷᠣᠰ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠮᠥᠨ᠃ ᠡᠨᠡ ᠤᠳᠠᠭᠠᠨ ᠤ ᠬᠢᠵᠢᠭ ᠨᠢ ᠤᠷᠤᠰ ᠳᠤᠮᠳᠠᠳᠤ ᠶᠢᠨ ᠬᠠᠷᠢᠯᠴᠠᠭ᠎ᠠ ᠶᠢ ᠬᠡᠷᠬᠢᠨ ᠨᠥᠯᠥᠭᠡᠯᠡᠭᠰᠡᠨ ᠪᠤᠢ︖      ᠸᠠᠩ ᠢ᠄ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠤᠷᠤᠰ ᠮᠥᠷᠥ ᠵᠡᠷᠭᠡᠴᠡᠨ ᠬᠠᠮᠲᠤ ᠵᠣᠭᠰᠣᠵᠤ᠂ ᠨᠢᠭᠲᠠ ᠬᠠᠮᠲᠤᠷᠠᠯᠴᠠᠵᠤ᠂ ᠭᠠᠷ ᠬᠤᠯᠪᠣᠨ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠵᠦ᠂ ᠬᠠᠮᠲᠤ ᠪᠠᠷ ︽ᠤᠯᠤᠰ ᠲᠦᠷᠦ ᠶᠢᠨ ᠸᠢᠷᠦ᠋ᠰ︾᠎ ᠲᠠᠢ ᠲᠡᠮᠡᠴᠡᠪᠡ᠃ ︽ᠳᠤᠮᠳᠠᠳᠤ ᠤᠷᠤᠰ ᠤᠨ ᠬᠠᠮᠲᠤᠷᠠᠯ︾ ᠪᠦᠯᠬᠦᠮᠳᠠᠯ ᠠᠭᠤᠯᠠ ᠮᠡᠲᠦ ᠪᠠᠲᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠤ ᠭᠤᠣᠯ ᠲᠤᠯᠭᠠᠭᠤᠷᠢ ᠪᠣᠯᠤᠭᠰᠠᠭᠠᠷ ᠢᠷᠡᠵᠠᠢ᠃      ᠳᠡᠯᠡᠬᠡᠢ ᠳ᠋ᠠᠬᠢᠨ ᠬᠡᠳᠦᠢ ᠲᠣᠭᠲᠠᠭᠤᠨ ᠪᠤᠰᠤ ᠪᠣᠯᠬᠤ ᠲᠤᠳᠤᠮ ᠳᠤᠮᠳᠠᠳᠤ ᠤᠷᠤᠰ ᠤᠨ ᠬᠠᠮᠲᠤᠷᠠᠯᠴᠠᠭ᠎ᠠ ᠲᠡᠳᠦᠢ ᠡᠷᠡᠰ ᠪᠠᠲᠤ ᠤᠷᠤᠭᠰᠢᠯᠠᠬᠤ ᠬᠡᠷᠡᠭᠲᠡᠢ᠃ ᠬᠤᠶᠠᠷ ᠤᠯᠤᠰ ᠢᠶᠠᠷ ᠢᠶᠠᠨ ᠬᠠᠷᠢᠯᠴᠠᠨ ᠪᠠᠶᠢᠯᠳᠤᠬᠤ ᠪᠤᠳᠤᠯᠭ᠎ᠠ ᠶᠢᠨ ᠲᠦᠰᠢᠭ ᠪᠣᠯᠭᠠᠵᠤ᠂ ᠬᠠᠷᠢᠯᠴᠠᠨ ᠬᠥᠭᠵᠢᠯᠲᠡ ᠶᠢᠨ ᠠᠵᠠ ᠲᠣᠬᠢᠶᠠᠯ ᠪᠣᠯᠭᠠᠵᠤ᠂ ᠬᠠᠷᠢᠯᠴᠠᠨ ᠪᠦᠬᠦ ᠪᠥᠮᠪᠥᠷᠴᠡᠭ ᠤᠨ ᠬᠠᠨᠢᠲᠠᠨ ᠪᠣᠯᠬᠤ ᠬᠡᠷᠡᠭᠲᠡᠢ᠂ ᠡᠨᠡ ᠪᠣᠯ ᠲᠡᠦᠬᠡ ᠶᠢᠨ ᠲᠤᠷᠰᠢᠯᠭ᠎ᠠ ᠪᠣᠯᠬᠤ ᠪᠥᠭᠡᠳ ᠪᠠᠰᠠ ᠴᠤ ᠴᠠᠭ ᠦᠶ᠎ᠡ ᠶᠢᠨ ᠱᠠᠭᠠᠷᠳᠠᠯᠭ᠎ᠠ ᠪᠣᠯᠤᠨ᠎ᠠ᠃      ᠡᠨᠡ ᠵᠢᠯ ᠪᠣᠯ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠣᠭᠲᠠᠭᠰᠠᠨ 20 ᠵᠢᠯ ᠤᠨ ᠤᠢ ᠪᠣᠯᠤᠨ᠎ᠠ᠂ ᠬᠤᠶᠠᠷ ᠲᠠᠯ᠎ᠠ ᠪᠠᠷ ᠢᠶᠠᠨ ᠭᠡᠷ᠎ᠡ ᠶᠢ ᠬᠤᠶᠢᠰᠢᠯᠠᠭᠤᠯᠬᠤ ᠪᠠᠷ ᠬᠡᠯᠡᠯᠴᠡᠵᠦ ᠲᠣᠭᠲᠠᠭᠰᠠᠨ ᠪᠥᠭᠡᠳ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠣᠯᠭᠤᠪᠠ᠃ ᠡᠨᠡ ᠪᠣᠯ ᠳᠤᠮᠳᠠᠳᠤ ᠤᠷᠤᠰ ᠤᠨ ᠬᠠᠷᠢᠯᠴᠠᠭᠠᠨ ᠤ ᠬᠦᠰᠢᠶ᠎ᠡ ᠲᠡᠮᠳᠡᠭ᠂ ᠨᠡᠩ ᠴᠤ ᠰᠢᠨ᠎ᠡ ᠭᠠᠷᠤᠭ᠎ᠠ ᠪᠣᠯᠤᠨ᠎ᠠ᠃ ᠬᠤᠶᠠᠷ ᠲᠠᠯ᠎ᠠ ᠪᠠᠷ ᠢᠶᠠᠨ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠬᠠᠭᠤᠴᠢᠨ ᠢ ᠤᠷᠬᠢᠨ ᠰᠢᠨ᠎ᠡ ᠶᠢ ᠡᠭᠦᠳᠴᠦ᠂ ᠨᠡᠩ ᠶᠡᠭᠡ  ᠬᠡᠪᠴᠢᠶ᠎ᠡ᠂ ᠨᠡᠩ ᠥᠷᠭᠡᠨ  ᠭᠦᠷᠢᠶ᠎ᠡ᠂ ᠨᠡᠩ ᠭᠦᠨ ᠳᠠᠪᠬᠤᠷᠭ᠎ᠠ ᠠᠴᠠ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠠᠬᠢᠭᠤᠯᠤᠨ᠎ᠠ᠃ ᠪᠢᠳᠡ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠶᠢᠨ ᠬᠡᠪ ᠳᠠᠭᠤᠷᠢᠶᠠᠯ ᠢ ᠪᠤᠢ ᠪᠣᠯᠭᠠᠵᠤ᠂ ᠨᠦᠬᠦᠬᠡ ᠡᠲᠡᠭᠡᠳ ᠤᠨ ᠢᠶᠠᠨ ᠭᠤᠣᠯᠯᠠᠭᠴᠢ ᠴᠢᠬᠤᠯᠠ ᠶᠡᠭᠡ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ︽ᠦᠩᠬᠡ ᠶᠢᠨ ᠬᠤᠪᠢᠰᠬᠠᠯ︾᠎ ᠢ ᠭᠠᠷ ᠬᠤᠯᠪᠣᠨ ᠡᠰᠡᠷᠭᠦᠴᠡᠵᠦ᠂ ᠡᠯ᠎ᠡ ᠵᠦᠢᠯ ᠤᠨ ᠬᠤᠳᠠᠯ ᠬᠠᠭᠤᠷᠮᠠᠭ ᠮᠡᠳᠡᠭᠡ ᠵᠠᠩᠭᠢ ᠳᠤ ᠴᠣᠬᠢᠯᠲᠠ ᠥᠭᠴᠦ᠂ ᠡᠵᠡᠨ ᠮᠡᠳᠡᠬᠦ ᠡᠷᠬᠡ ᠪᠣᠯᠤᠨ ᠵᠠᠰᠠᠭ ᠤᠨ ᠡᠷᠬᠡ ᠶᠢᠨ ᠠᠮᠤᠷ ᠲᠦᠪᠰᠢᠨ ᠢ ᠬᠠᠮᠠᠭᠠᠯᠠᠨ᠎ᠠ᠃      ᠪᠢᠳᠡ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠡᠪ ᠳᠠᠭᠤᠷᠢᠶᠠᠯ ᠢ ᠡᠭᠦᠳᠴᠦ᠂ ︽ᠨᠢᠭᠡ ᠪᠦᠰᠡ ᠨᠢᠭᠡ ᠵᠠᠮ︾ ᠪᠣᠯᠤᠨ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠨ᠎ᠡ᠃      ᠪᠢᠳᠡ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢᠨ ᠬᠡᠪ ᠳᠠᠭᠤᠷᠢᠶᠠᠯ ᠢ ᠡᠭᠦᠳᠴᠦ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠵᠤ᠂ ᠳᠤᠮᠳᠠᠳᠤ ᠤᠷᠤᠰ ᠤᠨ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠨ᠎ᠠ᠃ ᠪᠢᠳᠡ ᠪᠠᠰᠠ ᠲᠥᠪ ᠭᠤᠣᠯᠴᠢ ᠰᠢᠳᠤᠷᠭᠤ ᠶᠣᠰᠣᠨ ᠤ ᠬᠡᠪ ᠳᠠᠭᠤᠷᠢᠶᠠᠯ ᠢ ᠪᠤᠢ ᠪᠣᠯᠭᠠᠵᠤ᠂ ᠭᠠᠷ ᠬᠤᠯᠪᠣᠨ ᠤᠯᠠᠨ ᠲᠠᠯᠠᠲᠤ ᠦᠵᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠣᠯᠤᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ ᠂ ᠪᠦᠬᠦ ᠪᠥᠮᠪᠥᠷᠴᠡᠭ ᠤᠨ ᠪᠠᠶᠢᠯᠳᠤᠬᠤ ᠪᠤᠳᠤᠯᠭ᠎ᠠ ᠶᠢᠨ ᠲᠣᠭᠲᠠᠭᠤᠨ ᠢ ᠬᠠᠮᠠᠭᠠᠯᠠᠨ᠎ᠠ᠃      ︽ᠠᠷᠠᠳ ᠤᠨ ᠡᠳᠦᠷ ᠤᠨ ᠰᠣᠨᠢᠨ︾᠎ ᠤ ᠰᠤᠷᠪᠤᠯᠵᠢᠯᠠᠭᠴᠢ᠄ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠠᠮᠢᠨ ᠰᠦᠨᠡᠰᠦ ᠮᠥᠨ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ ᠨᠠᠮ ᠠᠴᠠ ᠭᠠᠳᠠᠭᠠᠳᠤ ᠬᠠᠷᠢᠯᠴᠠᠭ᠎ᠠ ᠶᠢ ᠤᠳᠤᠷᠢᠳᠤᠭᠰᠠᠨ ᠬᠦᠨ ᠭᠦᠨᠵᠡᠭᠡᠶ ᠤᠳᠬ᠎ᠠ ᠠᠭᠤᠯᠭ᠎ᠠ ᠶᠢ ᠬᠡᠷᠬᠢᠨ ᠣᠶᠢᠯᠠᠭᠠᠬᠤ ᠪᠣᠶ︖ ᠸᠠᠩ ᠢ᠄ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠨᠠᠮ ᠤᠨ ᠤᠳᠤᠷᠢᠳᠤᠯᠭ᠎ᠠ ᠳᠣᠣᠷᠠᠬᠢ ᠠᠷᠠᠳ ᠤᠨ ᠭᠠᠳᠠᠭᠠᠳᠤ ᠬᠠᠷᠢᠯᠴᠠᠭᠠᠨ ᠤ ᠦᠢᠯᠡᠰ ᠮᠦᠨ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠮᠥᠨ᠂ ᠪᠠᠰᠠ ᠴᠤ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠲᠣᠭᠲᠠᠪᠤᠷᠢᠵᠢᠭᠤᠯᠤᠭᠴᠢ ᠮᠥᠨ᠃      ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠨᠠᠮ ᠤᠨ ᠡᠨᠡ ᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠭᠦᠢᠴᠡᠳᠬᠡᠬᠦ ᠬᠠᠷᠢᠭᠤᠴᠠᠯᠭ᠎ᠠ ᠪᠠ ᠡᠭᠦᠷᠭᠡᠯᠡᠯ ᠢ ᠲᠣᠭᠲᠠᠭᠠᠵᠠᠢ᠃ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠨᠠᠨᠳᠢᠩᠨᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠳᠠᠷᠠᠭᠤᠯᠬᠤ ᠬᠡᠷᠡᠭᠲᠡᠢ᠂ ᠨᠠᠮ ᠤᠨ ᠡᠳᠡᠭᠡᠷ ᠦᠷᠳᠡᠭ ᠤᠨ ᠬᠥᠭᠡᠭᠡᠴᠡᠯᠳᠦᠯ ᠨᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠪᠠᠷᠢᠮᠲᠠᠯᠠᠬᠤ ᠦᠨᠳᠦᠰᠦᠨ ᠵᠠᠷᠴᠢᠮ ᠢ ᠲᠣᠭᠲᠠᠭᠠᠵᠠᠢ᠃ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠡᠷᠢᠯᠬᠢᠯᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠨᠠᠮ ᠤᠨ ᠲᠦᠷᠢᠮ ᠪᠠ ᠦᠨᠳᠦᠰᠦᠨ ᠬᠠᠤᠯᠢ ᠶᠢᠨ ᠲᠣᠭᠲᠠᠭᠠᠯ ᠪᠣᠯᠬᠤ ᠪᠥᠭᠡᠳ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠷᠮᠠᠶᠢᠬᠤ ᠵᠠᠮ ᠪᠠ ᠴᠢᠭᠯᠡᠯ ᠪᠣᠯᠤᠨ᠎ᠠ᠃      ᠭᠠᠳᠠᠭᠠᠳᠤ ᠬᠠᠷᠢᠯᠴᠠᠭᠠᠨ ᠤ ᠠᠵᠢᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ ᠠᠮᠵᠢᠯᠲᠠ ᠪᠦᠲᠦᠮᠵᠢ ᠨᠢ ᠴᠥᠮ ᠨᠠᠮ ᠤᠨ ᠲᠥᠪ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠠᠷᠭ᠎ᠠ ᠪᠤᠳᠤᠯᠭ᠎ᠠ ᠭᠠᠷᠭᠠᠭᠰᠠᠨ ᠠᠴᠠ ᠢᠷᠡᠭᠰᠡᠨ ᠶᠤᠮ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠦᠬᠦ ᠪᠥᠮᠪᠥᠷᠴᠡᠭ ᠤᠨ ᠦᠷᠭᠡᠨ ᠬᠠᠷᠠᠭᠠᠰᠤ᠂ ᠯᠠᠪᠳᠠᠭᠤᠨ ᠲᠣᠭᠲᠠᠭᠤᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ᠂ ᠡᠷᠡᠰ ᠪᠠᠲᠤ ᠬᠠᠷᠢᠭᠤᠴᠠᠯᠭ᠎ᠠ ᠡᠭᠦᠷᠭᠡᠯᠡᠯ ᠢᠶᠠᠷ ᠭᠠᠳᠠᠭᠠᠳᠤ ᠬᠠᠷᠢᠯᠴᠠᠭᠠᠨ ᠤ ᠤᠨᠤᠯ ᠤᠨ ᠦᠢᠯᠡᠳᠦᠯᠭᠡ ᠶᠢᠨ ᠰᠢᠨ᠎ᠡ ᠶᠢ ᠡᠭᠦᠳᠴᠦ᠂ ᠭᠠᠳᠠᠭᠠᠳᠤ ᠬᠠᠷᠢᠯᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ᠳᠤᠮᠳᠠᠳᠤ ᠤᠯᠤᠰ ᠢ ᠳᠠᠭᠠᠭᠤᠯᠤᠨ ᠢᠮᠠᠭᠲᠠ ᠲᠡᠦᠬᠡ ᠶᠢᠨ ᠤᠷᠤᠭᠰᠢᠯᠠᠯᠲᠠ ᠶᠢᠨ ᠵᠥᠪ ᠴᠢᠭᠯᠡᠯ ᠳᠤ ᠵᠣᠭᠰᠣᠪᠠ᠃      ᠮᠢᠩᠭᠠᠨ ᠣᠨ ᠤ ᠠᠭᠤᠤ ᠦᠢᠯᠡᠰ ᠲᠤ ᠵᠠᠭᠤᠨ ᠵᠢᠯ ᠪᠣᠯ ᠵᠥᠪᠬᠡᠨ ᠣᠷᠣᠰᠢᠯ ᠲᠡᠳᠦᠢ ᠶᠤᠮ᠂ ᠢᠷᠡᠭᠡᠳᠦᠢ ᠯᠠᠪᠲᠠᠢ ᠪᠡᠶᠡᠯᠡᠭᠳᠡᠬᠦ ᠶᠤᠮ᠃ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠦᠢᠯᠡᠰ ᠤᠨ ᠲᠠᠰᠤᠷᠠᠯᠳᠠ ᠦᠭᠡᠢ ᠢᠯᠠᠯᠲᠠ ᠤᠯᠬᠤ ᠦᠨᠳᠦᠰᠦᠨ ᠪᠠᠲᠤᠯᠠᠭ᠎ᠠ ᠮᠥᠨ ᠭᠡᠳᠡᠭ ᠢ ᠦᠢᠯᠡᠳᠦᠯᠭᠡ ᠨᠢᠭᠡᠨᠲᠡ ᠭᠡᠷᠡᠴᠢᠯᠡᠭᠰᠡᠨ ᠪᠠᠶᠢᠨ᠎ᠠ᠃ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠭᠠᠳᠠᠭᠠᠳᠤ ᠬᠠᠷᠢᠯᠴᠠᠭᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠢᠶᠠᠷ ᠭᠠᠳᠠᠭᠠᠳᠤ ᠬᠠᠷᠢᠯᠴᠠᠭᠠᠨ ᠤ ᠰᠦᠷ ᠵᠢᠪᠬᠤᠭ᠎ᠠ ᠶᠢ ᠱᠤᠭᠤᠵᠤ᠂ ᠨᠠᠮ ᠤᠨ ᠲᠡᠦᠬᠡᠨ ᠲᠤᠷᠰᠢᠯᠭ᠎ᠠ ᠪᠠᠷ ᠭᠠᠳᠠᠭᠠᠳᠤ ᠬᠠᠷᠢᠯᠴᠠᠭᠠᠨ ᠤ ᠤᠶᠤᠨ ᠤᠬᠠᠭᠠᠨ ᠢ ᠰᠡᠩᠬᠡᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠶᠡᠭᠡ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠡ᠃      ᠶᠧᠵᠢᠫᠲ ᠤᠨ ᠳᠤᠮᠳᠠᠳᠤ ᠳᠣᠷᠣᠨᠠᠲᠤ ᠶᠢᠨ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠡᠨᠡ ᠵᠢᠯ ᠳᠤᠮᠳᠠᠳᠤ ᠠᠹᠷᠢᠺᠠ ᠶᠢᠨ ᠬᠢᠨ ᠰᠧᠨᠧᠭᠠᠯ ᠳᠤ ᠰᠢᠨ᠎ᠡ ᠨᠢᠭᠡ ᠬᠤᠭᠤᠴᠠᠭᠠᠨ ᠤ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠡᠷᠬᠢᠯᠡᠨ ᠶᠠᠪᠤᠭᠳᠠᠭᠤᠯᠤᠨ᠎ᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠢ ᠬᠡᠷᠬᠢᠨ ᠬᠠᠪᠰᠤᠷᠴᠤ ᠬᠢᠵᠢᠭ ᠤᠨ ᠪᠠᠶᠢᠳᠠᠯ ᠢ ᠠᠷᠭᠠᠴᠠᠭᠠᠬᠤ ᠪᠤᠢ︖ ᠳᠤᠮᠳᠠᠳᠤ ᠤᠯᠤᠰ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠶᠠᠮᠠᠷ ᠪᠣᠳᠣᠯᠬᠢᠯᠠᠯ ᠲᠠᠢ ᠪᠤᠢ︖ ᠸᠠᠩ ᠢ᠄ ᠳᠤᠮᠳᠠᠳᠤ ᠠᠹᠷᠢᠺᠠ ᠶᠢᠨ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠪᠣᠯ ᠤᠯᠤᠰ ᠤᠨ ᠲᠤᠰᠠᠭᠠᠷ ᠲᠣᠭᠲᠠᠨᠢᠯ᠂ ᠦᠨᠳᠦᠰᠦᠲᠡᠨ ᠤ ᠴᠢᠯᠥᠭᠡᠯᠡᠯᠲᠡ ᠶᠢ ᠬᠥᠭᠡᠭᠡᠴᠡᠯᠳᠦᠬᠦ ᠬᠠᠲᠠᠭᠤᠵᠢᠯᠲᠠᠢ ᠲᠡᠮᠡᠴᠡᠯ ᠤᠨ ᠳᠤᠮᠳᠠ ᠪᠦᠷᠢᠯᠳᠦᠭᠰᠡᠨ ᠶᠤᠮ᠂ ᠬᠤᠶᠠᠷ ᠲᠠᠯ᠎ᠠ ᠪᠠᠷ ᠢᠶᠠᠨ ᠲᠠᠶᠢᠴᠢᠨ ᠬᠠᠨᠢ ᠪᠣᠯᠬᠤ ᠪᠥᠭᠡᠳ ᠠᠬ᠎ᠠ ᠳᠡᠭᠦᠦ ᠪᠣᠯᠤᠨ᠎ᠠ᠃ ᠡᠨᠡ ᠬᠦ ᠬᠠᠶᠢᠷ᠎ᠠ ᠰᠡᠳᠬᠢᠯᠭᠡ ᠬᠠᠳᠠ ᠴᠢᠯᠠᠭᠤ ᠮᠡᠲᠦ ᠪᠠᠲᠤ ᠪᠠᠬᠢ᠂ ᠶᠠᠪᠤᠬᠤ ᠲᠤᠳᠤᠮ ᠪᠠᠬᠢᠵᠢᠨ᠎ᠠ᠂ ᠳᠤᠮᠳᠠᠳᠤ ᠠᠹᠷᠢᠺᠠ ᠡᠭᠦᠷᠢᠳᠡ ᠬᠤᠪᠢ ᠵᠠᠶᠠᠭ᠎ᠠ ᠪᠠᠨ ᠬᠠᠮᠲᠤᠳᠬᠠᠭᠰᠠᠨ ᠰᠠᠶᠢᠨ ᠨᠠᠶᠢᠵᠠ᠂ ᠰᠠᠶᠢᠨ ᠬᠠᠨᠢᠲᠠᠨ ᠮᠥᠨ᠃ ᠨᠢᠳᠤᠨᠤᠨ ᠪᠣᠯ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 20 ᠵᠢᠯ ᠤᠨ ᠤᠢ ᠪᠣᠯᠤᠨ᠎ᠠ᠃ 20 ᠵᠢᠯ ᠤᠨ ᠲᠤᠷᠰᠢ᠂ ᠳᠤᠮᠳᠠᠳᠤ ᠠᠹᠷᠢᠺᠠ ᠵᠠᠯᠭᠠᠭ᠎ᠠ ᠪᠠᠷ ︽ᠠᠷᠪᠠᠨ ᠶᠡᠭᠡ ᠬᠠᠮᠲᠤᠷᠠᠯᠴᠠᠭᠠᠨ ᠤ ᠲᠥᠯᠥᠪᠯᠡᠭᠡ︾᠂ ︽ᠨᠠᠢᠮᠠᠨ ᠶᠡᠭᠡ ᠠᠵᠢᠯᠯᠠᠭ᠎ᠠ︾᠎ ᠶᠢ ᠲᠣᠭᠲᠠᠭᠠᠨ ᠬᠡᠷᠡᠭᠵᠢᠭᠦᠯᠵᠦ᠂ ᠬᠤᠶᠠᠷ ᠲᠠᠯ᠎ᠠ ᠶᠢᠨ ᠠᠷᠠᠯᠵᠢᠶᠠᠨ ᠤ  ᠭᠡᠮᠵᠢᠶ᠎ᠡ 20 ᠲᠠᠬᠢᠨ ᠨᠡᠮᠡᠭᠳᠡᠵᠦ᠂ ᠳᠤᠮᠳᠠᠳᠤ ᠤᠯᠤᠰ ᠤᠨ ᠠᠹᠷᠢᠺᠠ ᠲᠢᠪ ᠲᠠᠬᠢ ᠰᠢᠭᠤᠳ ᠪᠡᠯᠡ ᠣᠷᠣᠭᠤᠯᠤᠯᠲᠠ 100 ᠲᠠᠬᠢᠨ ᠨᠡᠮᠡᠭᠳᠡᠵᠦ᠂ ᠨᠥᠬᠦᠷᠰᠡᠭ ᠬᠤᠳᠠ ᠶᠢᠨ ᠶᠡᠷᠦᠩᠬᠡᠢ ᠲᠤᠭ᠎ᠠ 150 ᠬᠤᠣᠰ ᠲᠤ ᠬᠦᠷᠴᠡᠢ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠨᠢᠭᠡᠨᠲᠡ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠶᠢᠨ ᠦᠯᠢᠭᠡᠷ ᠳᠠᠭᠤᠷᠢᠶᠠᠯ᠂ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢᠨ ᠦᠯᠢᠭᠡᠷ ᠳᠠᠭᠤᠷᠢᠶᠠᠯ ᠪᠣᠯᠵᠠᠢ᠃ ᠣᠳᠣᠬᠠᠨ ᠳᠤ᠂ ᠠᠹᠷᠢᠺᠠ ᠲᠢᠪ ᠤᠨ ᠡᠯ᠎ᠡ ᠤᠯᠤᠰ ᠢ ᠬᠠᠪᠰᠤᠷᠤᠨ ᠬᠢᠵᠢᠭ ᠲᠠᠢ ᠲᠡᠮᠡᠴᠡᠵᠦ᠂ ᠠᠵᠤ ᠠᠬᠤᠢ ᠶᠢ ᠰᠡᠷᠭᠦᠭᠡᠬᠦ ᠪᠣᠯ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠨᠢᠳᠤᠨᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠲᠡᠮᠡᠴᠡᠬᠦ ᠣᠨᠴᠠᠭᠠᠢ ᠲᠦᠷᠦᠭᠦᠴᠦᠳ ᠤᠨ ᠬᠤᠷᠠᠯ ᠢ ᠰᠠᠨᠠᠭᠠᠴᠢᠯᠠᠵᠤ᠂ ᠠᠹᠷᠢᠺᠠ ᠲᠢᠪ ᠢ ᠲᠤᠰᠠᠯᠠᠬᠤ ᠠᠯᠢ ᠤᠯᠠᠨ ᠰᠢᠨ᠎ᠡ ᠠᠷᠭ᠎ᠠ  ᠬᠡᠮᠵᠢᠶ᠎ᠡ ᠨᠡᠶᠢᠲᠡᠯᠡᠪᠡ᠃ ᠤᠳᠤ ᠪᠣᠯᠲᠠᠯ᠎ᠠ ᠳᠤᠮᠳᠠᠳᠤ ᠤᠯᠤᠰ ᠠᠹᠷᠢᠺᠠ ᠲᠢᠪ ᠲᠤ 120 ᠰᠢᠬᠠᠮ ᠪᠦᠯᠦᠭ ᠪᠠᠴᠢᠮ ᠬᠢᠵᠢᠭ ᠲᠠᠢ ᠲᠡᠮᠡᠴᠡᠬᠦ ᠡᠳ᠋ ᠪᠣᠳᠠᠰ ᠬᠠᠩᠭᠠᠵᠤ᠂ 15 ᠤᠯᠤᠰ ᠲᠤ ᠬᠢᠵᠢᠭ ᠲᠠᠢ ᠲᠡᠮᠡᠴᠡᠬᠦ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ᠂ ᠠᠹᠷᠢᠺᠠ ᠲᠢᠪ ᠤᠨ 35 ᠤᠯᠤᠰ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠳᠤ ᠸᠠᠺᠼᠢᠨ ᠬᠠᠩᠭᠠᠭᠰᠠᠨ ᠪᠥᠭᠡᠳ ᠸᠠᠺᠼᠢᠨ ᠬᠠᠩᠭᠠᠬᠤ ᠪᠣᠯᠤᠨ᠎ᠠ᠂ ᠳᠤᠮᠳᠠᠳᠤ ᠤᠯᠤᠰ ᠤᠨ ᠲᠤᠰᠠᠯᠠᠨ ᠪᠠᠶᠢᠭᠤᠯᠤᠭᠰᠠᠨ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠢ ᠬᠡᠯᠲᠡᠰ ᠤᠨ ᠲᠤᠮᠤ ᠠᠰᠠᠷ ᠤᠨ ᠲᠦᠷᠦᠯ ᠵᠦᠢᠯ ᠢ ᠨᠢᠭᠡᠨᠲᠡ ᠵᠢᠩᠬᠢᠨᠢ ᠪᠠᠷ ᠡᠬᠢᠯᠡᠭᠦᠯᠵᠦ᠂ ᠳᠤᠮᠳᠠᠳᠤ ᠠᠹᠷᠢᠺᠠ ᠶᠢᠨ ᠠᠵᠢᠯ ᠲᠦᠷᠦᠯ ᠨᠢᠭᠡᠲᠡᠢ 30 ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭᠠᠨ ᠤ ᠲᠣᠭᠲᠠᠴᠠ ᠶᠢ ᠶᠠᠭ ᠱᠠᠯᠠᠪᠳᠠᠨ ᠠᠬᠢᠭᠤᠯᠵᠤ ᠪᠠᠶᠢᠨ᠎ᠠ᠃ ᠡᠨᠡ ᠵᠢᠯ᠂ ᠪᠢᠳᠡ ᠰᠧᠨᠧᠭᠠᠯ ᠳᠤ ᠰᠢᠨ᠎ᠡ ᠨᠢᠭᠡ ᠬᠤᠭᠤᠴᠠᠭᠠᠨ ᠤ ᠶᠠᠷᠢᠶᠠᠨ ᠤ ᠲᠠᠪᠴᠠᠩ ᠡᠷᠬᠢᠯᠡᠨ᠎ᠡ᠂ ᠪᠢᠳᠡ ᠳᠤᠷᠠᠲᠠᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠹᠷᠢᠺᠠ ᠲᠢᠪ ᠤᠨ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠨ ᠳᠠᠪᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠰᠢᠰᠲᠧᠮ ᠢ ᠴᠢᠩᠭᠠᠳᠬᠠᠨ᠎ᠠ︔ ᠠᠹᠷᠢᠺᠠ ᠲᠢᠪ ᠤᠨ ᠠᠵᠤ ᠦᠢᠯᠡᠳᠪᠦᠷᠢᠵᠢᠯᠲᠡ ᠶᠢᠨ ᠪᠦᠳᠤᠭᠡᠨ ᠪᠠᠶᠢᠭᠤᠯᠤᠯᠲᠠ ᠪᠠᠨ ᠲᠦᠷᠭᠡᠳᠬᠡᠬᠦ᠂ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠲᠡᠮᠵᠢᠨ᠎ᠡ︔ ᠠᠹᠷᠢᠺᠠ ᠲᠢᠪ ᠤᠨ ᠨᠢᠭᠡ ᠴᠤᠬᠴᠠᠵᠢᠯᠳᠠ ᠶᠢᠨ ᠠᠬᠢᠴᠠ ᠪᠠᠨ ᠲᠦᠷᠭᠡᠳᠬᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠳᠤ ᠠᠭᠤᠰᠤᠯᠴᠠᠬᠤ ᠶᠢ ᠳᠡᠮᠵᠢᠨ᠎ᠠ︔ ᠠᠹᠷᠢᠺᠠ ᠲᠢᠪ ᠤᠨ ᠤᠯᠤᠰ ᠲᠦᠷᠦ ᠶᠢ ᠲᠡᠮᠵᠢᠵᠦ ᠬᠠᠯᠠᠮᠰᠢᠯ ᠠᠰᠠᠭᠤᠳᠠᠯ ᠢ ᠰᠢᠢᠳᠪᠦᠷᠢᠯᠡᠨ᠂ ᠠᠹᠷᠢᠺᠠ ᠲᠢᠪ ᠤᠨ ᠡᠬᠡ ᠬᠠᠭᠤᠷᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠳᠤᠮᠳᠠᠳᠤ ᠠᠹᠷᠢᠺᠠ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠳᠦᠭᠡᠨ ᠪᠠᠶᠢᠭᠤᠯᠵᠤ᠂ ᠭᠠᠷ ᠬᠤᠯᠪᠣᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠠᠹᠷᠢᠺᠠ ᠲᠢᠪ ᠤᠨ ᠬᠥᠭᠵᠢᠯ ᠮᠠᠨᠳᠤᠯ ᠳᠤ ᠲᠠᠰᠤᠷᠠᠯᠳᠠ ᠦᠭᠡᠢ ᠬᠥᠳᠡᠯᠭᠡᠬᠦ ᠬᠦᠴᠦᠨ ᠬᠠᠩᠭᠠᠬᠤ ᠪᠣᠯᠤᠨ᠎ᠠ᠃      ᠰᠢᠶᠠᠩᠭᠠᠩ ᠳᠠᠬᠢ ᠲᠤᠮᠳᠠᠳᠤ ᠤᠯᠤᠰ ᠤᠨ ᠰᠢᠬᠦᠮᠵᠢ ᠴᠢᠮᠡᠭᠡᠯᠡᠯ ᠤᠨ ᠬᠤᠷᠢᠶ ᠎ᠠ ᠶᠢᠨ ᠰᠤᠷᠪᠤᠯᠵᠢᠯᠠᠭᠴᠢ᠄ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠬᠦ ᠲᠤᠬᠠᠢ ᠲᠣᠭᠲᠠᠭᠠᠯ ᠭᠠᠷᠭᠠᠵᠤ᠂ ᠵᠠᠷᠢᠮ ᠤᠯᠤᠰ ᠠᠴᠠ ᠳᠤᠮᠳᠠᠳᠤ ᠤᠯᠤᠰ ᠤᠨ ᠬᠠᠮᠢᠶ᠎ᠠ ᠪᠦᠬᠦᠢ ᠠᠵᠢᠯᠯᠠᠭ᠎ᠠ ᠨᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠠᠴᠠ ᠵᠥᠷᠢᠴᠡᠭᠰᠡᠨ ᠬᠡᠵᠤ ᠦᠵᠡᠵᠤ ᠪᠤᠢ᠂ ᠳᠤᠮᠳᠠᠳᠤ ᠤᠯᠤᠰ ᠡᠬᠦᠨ ᠢ ᠬᠡᠷᠬᠢᠨ ᠦᠨᠡᠯᠡᠬᠦ ᠪᠤᠢ︖      ᠸᠠᠩ ᠢ᠄ ᠪᠢ ᠡᠩ ᠲᠡᠷᠢᠭᠦᠨ ᠳᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠵᠦ᠂ ︽ᠤᠯᠤᠰ ᠢᠶᠠᠨ ᠬᠠᠶᠢᠷᠠᠯᠠᠵᠤ ᠰᠢᠶᠠᠩᠭᠠᠩ ᠢ ᠵᠠᠰᠠᠬᠤ︾᠎ ᠶᠢ ᠨᠠᠶᠢᠳᠠᠪᠤᠷᠢᠵᠢᠭᠤᠯᠬᠤ ᠪᠣᠯ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠢ ᠠᠬᠢᠭᠤᠯᠵᠤ᠂ ᠰᠢᠶᠠᠩᠭᠠᠩ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠪᠣᠳᠠᠲᠠᠢ ᠬᠡᠷᠡᠭᠴᠡᠭᠡ ᠪᠣᠯᠬᠤ ᠪᠥᠭᠡᠳ ᠪᠠᠰᠠ ᠦᠨᠳᠦᠰᠦᠨ ᠬᠠᠤᠯᠢ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠡᠷᠬᠡ ᠪᠠ ᠬᠠᠷᠢᠭᠤᠴᠠᠯᠭ᠎ᠠ ᠪᠠᠶᠢᠵᠤ᠂ ᠪᠦᠷᠢᠮᠦᠰᠦᠨ ᠦᠨᠳᠦᠰᠦᠨ ᠬᠠᠤᠯᠢ ᠳᠤ ᠨᠡᠶᠢᠴᠡᠵᠦ᠂ ᠵᠦᠢ ᠶᠣᠰᠣᠨ ᠳᠤ ᠨᠡᠶᠢᠴᠡᠨ᠎ᠡ ᠭᠡᠵᠦ ᠴᠢᠬᠤᠯᠠᠴᠢᠯᠠᠶ᠎ᠠ᠃ ᠳᠡᠯᠡᠬᠡᠶ ᠳ᠋ᠠᠬᠢᠨ ᠢ ᠪᠠᠷᠠᠯᠠᠬᠤᠶ᠎ᠠ᠂ ᠶᠠᠮᠠᠷᠪᠠ ᠤᠯᠤᠰ ᠲᠤ ᠴᠤ ᠭᠡᠰᠡᠨ ᠥᠪᠡᠷ ᠤᠨ ᠡᠬᠡ ᠣᠷᠣᠨ ᠳᠠᠭᠠᠨ ᠦᠨᠡᠨᠴᠢ ᠰᠢᠳᠤᠷᠭᠤ ᠪᠠᠶᠢᠬᠤ ᠪᠣᠯ ᠪᠤᠢ ᠪᠦᠬᠦᠢ ᠠᠯᠪᠠᠨ ᠲᠤᠰᠢᠶᠠᠯᠲᠠᠨ ᠪᠠ ᠠᠯᠪᠠᠨ ᠲᠤᠰᠢᠶᠠᠯ ᠳᠤ ᠥᠷᠢᠰᠥᠯᠳᠦᠬᠦ ᠬᠥᠮᠦᠰ ᠤᠨ ᠡᠷᠬᠡᠪᠰᠢ ᠵᠢᠷᠤᠮᠯᠠᠬᠤ ᠤᠯᠤᠰ ᠲᠥᠷᠥ ᠶᠢᠨ ᠦᠨᠳᠦᠰᠦᠨ ᠶᠣᠰᠣ ᠰᠤᠷᠲᠠᠬᠤᠨ ᠮᠥᠨ᠃ ᠰᠢᠶᠠᠩᠭᠠᠩ ᠳᠤ ᠴᠤ ᠠᠲᠠᠯᠢᠬᠠᠨ᠃ ᠰᠢᠶᠠᠩᠭᠠᠩ ᠪᠣᠯ ᠳᠤᠮᠳᠠᠳᠤ ᠤᠯᠤᠰ ᠤᠨ ᠵᠠᠰᠠᠭ ᠵᠠᠬᠢᠷᠭᠠᠨ ᠤ ᠣᠨᠴᠠᠭᠠᠢ ᠣᠷᠣᠨ ᠮᠥᠨ᠂ ᠪᠦᠬᠦᠲᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠡ ᠬᠡᠰᠡᠭ ᠮᠥᠨ᠃ ᠤᠯᠤᠰ ᠢᠶᠠᠨ ᠬᠠᠶᠢᠷᠠᠯᠠᠬᠤ ᠦᠭᠡᠢ ᠪᠣᠯ ᠰᠢᠶᠠᠩᠭᠠᠩ ᠢᠶᠠᠨ ᠬᠡᠷᠬᠢᠨ ᠬᠠᠶᠢᠷᠠᠯᠠᠬᠤ ᠪᠤᠢ᠃ ᠰᠢᠶᠠᠩᠭᠠᠩ ᠢᠶᠠᠨ ᠬᠠᠶᠢᠷᠠᠯᠠᠬᠤ ᠪᠠ ᠤᠯᠤᠰ ᠢᠶᠠᠨ ᠬᠠᠶᠢᠷᠠᠯᠠᠬᠤ ᠪᠣᠯ ᠪᠦᠷᠢᠮᠦᠰᠦᠨ ᠨᠢᠭᠡᠳᠦᠯᠲᠡᠢ ᠪᠠᠶᠢᠳᠠᠭ᠃ ᠰᠢᠶᠠᠩᠭᠠᠩ ᠤᠨ ᠺᠣᠯᠣᠨᠢ ᠶᠢᠨ ᠨᠣᠶᠠᠷᠬᠠᠯ ᠤᠨ ᠦᠶ᠎ᠡ ᠳᠤ ᠶᠠᠮᠠᠷ ᠴᠤ ᠠᠷᠠᠳᠴᠢᠯᠠᠯ ᠪᠠᠶᠢᠭᠰᠠᠨ ᠦᠭᠡᠢ᠃ ᠡᠭᠡ ᠤᠯᠤᠰ ᠲᠠᠭᠠᠨ ᠪᠤᠴᠠᠵᠤ ᠢᠷᠡᠭᠰᠡᠨ 24 ᠵᠢᠯ ᠤᠨ ᠲᠤᠷᠰᠢ᠂ ᠰᠢᠶᠠᠩᠭᠠᠩ ᠤᠨ ᠠᠷᠠᠳᠴᠢᠯᠠᠯ ᠤᠨ ᠬᠥᠭᠵᠢᠯᠲᠡ ᠳᠤ ᠲᠥᠪ ᠵᠠᠰᠠᠭ ᠤᠨ ᠣᠷᠳᠣᠨ ᠠᠴᠠ ᠢᠯᠡᠭᠦᠦ ᠰᠡᠳᠬᠢᠯ ᠲᠠᠯᠪᠢᠭᠰᠠᠨ ᠬᠥᠮᠦᠨ ᠪᠠᠶᠢᠬᠤ ᠦᠭᠡᠢ᠂ ᠰᠢᠶᠠᠩᠭᠠᠩ ᠤᠨ ᠴᠡᠴᠡᠭᠯᠡᠯ ᠬᠥᠭᠵᠢᠯ ᠲᠣᠭᠲᠠᠭᠤᠨ ᠪᠠᠶᠢᠳᠠᠯ ᠢᠶᠠᠨ ᠪᠠᠲᠤᠯᠠᠬᠤ ᠶᠢ ᠨᠡᠩ ᠬᠦᠰᠡᠵᠦ ᠪᠠᠶᠢᠨ᠎ᠠ᠃ ᠰᠢᠶᠠᠩᠭᠠᠩ ᠲᠤᠭᠲᠠᠭᠤᠨ ᠪᠤᠯᠤᠭᠰᠠᠨ ᠨᠢ ᠡᠯ᠎ᠡ ᠲᠠᠯ᠎ᠠ ᠶᠢᠨ ᠠᠰᠢᠭ ᠲᠤᠰᠠ ᠳᠤ ᠪᠦᠷᠢᠮᠦᠰᠦᠨ ᠨᠡᠶᠢᠴᠡᠬᠦ ᠪᠥᠭᠡᠳ ᠰᠢᠶᠠᠩᠭᠠᠩ ᠤᠨ ᠰᠠᠭᠤᠭᠠᠯᠢ ᠠᠷᠠᠳ ᠤᠨ ᠡᠯ᠎ᠡ ᠵᠦᠢᠯ ᠤᠨ ᠡᠷᠬᠡ ᠪᠠ ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠬᠤ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠬᠤ ᠪᠣᠯᠤᠨ᠎ᠠ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ︽ᠰᠢᠶᠠᠩᠭᠠᠩ ᠤᠨ ᠬᠥᠮᠦᠨ ᠢᠶᠠᠷ ᠰᠢᠶᠠᠩᠭᠠᠩ ᠢ ᠵᠠᠰᠠᠭᠤᠯᠬᠤ︾᠂ ᠳᠡᠭᠡᠳᠦ  ᠬᠡᠮᠵᠢᠶ᠎ᠡ ᠪᠠᠷ ᠥᠪᠡᠷᠲᠡᠭᠡᠨ ᠵᠠᠰᠠᠬᠤ ᠶᠢ ᠦᠷᠭᠦᠯᠵᠢᠯᠡᠨ ᠪᠠᠷᠢᠮᠲᠠᠯᠠᠬᠤ ᠡᠷᠡᠰ ᠵᠣᠷᠢᠭ ᠲᠠᠢ ᠪᠥᠭᠡᠳ ᠰᠢᠶᠠᠩᠭᠠᠩ ᠤᠨ ᠢᠷᠡᠭᠡᠳᠦᠢ ᠶᠢ ᠤᠯᠠᠮ ᠠᠴᠠ ᠤᠯᠠᠮ ᠰᠠᠶᠢᠵᠢᠷᠠᠭᠤᠯᠬᠤ ᠢᠲᠡᠭᠡᠯ ᠵᠣᠷᠢᠭ ᠲᠠᠢ ᠪᠠᠶᠢᠨ᠎ᠠ᠃      ᠠᠮᠧᠷᠢᠺᠠ ᠶᠢᠨ ᠪᠦᠬᠦ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ ᠰᠤᠷᠪᠤᠯᠵᠢᠯᠠᠭᠴᠢ᠄ ᠠᠮᠧᠷᠢᠺᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠡᠮᠦᠨᠡᠲᠦ ᠲᠠᠩᠭᠢᠰ᠂ ᠲᠠᠶᠢᠸᠠᠨ᠂ ᠰᠢᠨᠵᠢᠶᠠᠩ᠂ ᠰᠢᠶᠠᠩᠭᠠᠩ ᠪᠠ ᠲᠥᠪᠡᠳ ᠵᠡᠷᠭᠡ ᠵᠥᠪᠯᠡᠬᠦ ᠰᠡᠳᠦᠪ ᠢ ᠠᠩᠬᠠᠷᠴᠤ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢᠨ ᠲᠥᠯᠥᠭᠡ᠂ ᠳᠤᠮᠳᠠᠳᠤ ᠤᠯᠤᠰ ᠳᠡᠭᠡᠷᠡᠬᠢ ᠳᠤᠷ᠎ᠠ ᠶᠢᠨ ᠨᠢᠭᠡ ᠵᠥᠪᠯᠡᠬᠦ ᠵᠦᠢᠯ ᠳᠡᠭᠡᠷ᠎ᠡ ᠨᠠᠶᠢᠷ ᠲᠠᠯᠪᠢᠬᠤ ᠪᠣᠯᠤᠯᠴᠠᠭ᠎ᠠ ᠲᠠᠢ ᠤᠤ︖      ᠸᠠᠩ ᠢ᠄ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠪᠠᠶᠢᠬᠤ ᠪᠣᠯ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ︾᠎ ᠤᠨ ᠲᠣᠳᠣᠷᠬᠠᠢ ᠲᠣᠭᠲᠠᠭᠠᠯ ᠪᠣᠯᠤᠨ᠎ᠠ᠂ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠤᠨ᠎ᠠ᠂ ᠳᠤᠮᠳᠠᠳᠤ ᠠᠮᠧᠷᠢᠺᠠ ᠶᠢ ᠪᠠᠭᠲᠠᠭᠠᠭᠰᠠᠨ ᠡᠯ᠎ᠡ ᠤᠯᠤᠰ ᠴᠥᠮ ᠦᠨᠡᠨ ᠬᠦ ᠵᠢᠷᠤᠮᠯᠠᠪᠠᠯ ᠵᠣᠬᠢᠨ᠎ᠠ᠃ ᠴᠢᠨᠦ ᠰᠠᠶ᠋ᠢ ᠶᠢᠨ ᠳᠤᠷᠠᠳᠤᠭᠰᠠᠨ ᠠᠷᠪᠢᠨ ᠠᠰᠠᠭᠤᠳᠠᠯ ᠪᠦᠷ ᠳᠤᠮᠳᠠᠳᠤ ᠤᠯᠤᠰ ᠤᠨ ᠳᠣᠲᠣᠭᠠᠳᠤ ᠶᠢᠨ ᠶᠠᠪᠤᠲᠠᠯ᠃ ᠳᠤᠮᠳᠠᠳᠤ ᠤᠯᠤᠰ ᠰᠡᠶᠢᠠ ᠬᠢᠵᠦ ᠴᠢᠳᠠᠬᠤ ᠡᠰᠡᠬᠦ ᠲᠤᠬᠠᠢ ᠳᠤᠮᠳᠠᠳᠤ ᠤᠯᠤᠰ ᠤᠨ ᠠᠷᠠᠳ ᠲᠦᠮᠡᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ ᠶᠤᠮ︔ ᠳᠤᠮᠳᠠᠳᠤ ᠤᠯᠤᠰ ᠶᠠᠭᠠᠬᠢᠵᠤ ᠬᠢᠪᠡᠯ ᠵᠣᠬᠢᠬᠤ ᠪᠤᠢ᠂ ᠳᠤᠮᠳᠠᠳᠤ ᠤᠯᠤᠰ ᠤᠨ ᠠᠷᠠᠳ ᠲᠦᠮᠡᠨ ᠪᠣᠯ ᠰᠠᠶ᠋ᠢ ᠡᠵᠡᠨ ᠬᠥᠮᠦᠨ ᠮᠥᠨ᠃ ᠡᠭᠦᠨ ᠤ ᠬᠠᠮᠲᠤ᠂ ᠪᠢᠳᠡ ᠳᠤᠷᠠᠲᠠᠶ᠎ᠠ ᠤᠯᠤᠰ ᠤᠨ ᠡᠷᠬᠡ ᠮᠡᠳᠡᠯ ᠢ ᠬᠦᠨᠳᠦᠳᠬᠡᠭᠰᠡᠨ ᠤᠷᠢᠲᠠᠯ ᠳᠣᠣᠷ᠎ᠠ᠂ ᠡᠯ᠎ᠡ ᠲᠠᠯ᠎ᠠ ᠶᠢᠨ ᠬᠢᠨ ᠲᠠᠢ ᠢᠲᠡᠭᠡᠯᠴᠡᠭᠡ ᠪᠠᠨ ᠨᠡᠮᠡᠭᠳᠡᠭᠦᠯᠦᠨ ᠰᠡᠵᠢᠭ ᠢᠶᠠᠨ ᠠᠯᠳᠠᠷᠠᠭᠠᠵᠤ᠂ ᠪᠣᠳᠠᠲᠤ ᠬᠡᠷᠡᠭ ᠤᠨ ᠦᠨᠡᠨ ᠪᠠᠶᠢᠳᠠᠯ ᠢ ᠲᠣᠳᠣᠷᠬᠠᠢ ᠶᠠᠷᠢᠨ᠎ᠠ᠃ ᠭᠡᠪᠡᠴᠦ ᠪᠢᠳᠡ ᠥᠴᠦᠬᠡᠨ ᠴᠦ ᠦᠨᠳᠦᠰᠦ ᠪᠠᠷᠢᠮᠲᠠ ᠦᠭᠡᠢ ᠪᠠᠷ ᠵᠢᠮᠡᠯᠡᠵᠦ ᠭᠦᠳᠬᠡᠬᠦ ᠶᠢ ᠶᠠᠭᠠᠬᠢᠭᠰᠠᠨ ᠴᠤ ᠬᠦᠯᠢᠶᠡᠬᠦ ᠦᠭᠡᠢ᠂ ᠭᠤᠣᠯᠯᠠᠬᠤ ᠠᠰᠢᠭ ᠲᠤᠰᠠ ᠬᠠᠯᠳᠠᠯᠭ᠎ᠠ ᠳᠤ ᠤᠴᠠᠷᠠᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠤᠷᠳᠤ ᠬᠤᠭᠤᠴᠠᠭᠠᠨ ᠤ ᠲᠤᠷᠰᠢ᠂ ᠠᠮᠧᠷᠢᠺᠠ ᠬᠠᠯᠲᠤᠰᠬᠢᠪᠡᠯ ᠠᠷᠠᠳᠴᠢᠯᠠᠯ ᠬᠡᠮᠡᠭᠴᠢ ᠪᠠᠨ ᠡᠷᠭᠦᠵᠦ᠂ ᠬᠥᠮᠦᠨ ᠤ ᠡᠷᠬᠡ ᠶᠢᠨ ᠲᠤᠭ ᠢ ᠡᠷᠭᠦᠵᠦ ᠪᠤᠰᠤᠳ ᠤᠯᠤᠰ ᠤᠨ ᠳᠣᠲᠣᠭᠠᠳᠤ ᠵᠠᠰᠠᠭ ᠲᠤ ᠳᠤᠷ᠎ᠠ ᠪᠠᠷ ᠢᠶᠠᠨ ᠭᠠᠷ ᠲᠦᠷᠦᠵᠤ᠂ ᠳᠡᠯᠡᠬᠡᠢ ᠳᠡᠭᠡᠷ᠎ᠡ ᠮᠠᠰᠢ ᠤᠯᠠᠨ ᠶᠠᠷᠰᠢᠭ ᠲᠦᠪᠡᠭ ᠢ ᠪᠤᠢ ᠪᠣᠯᠭᠠᠵᠤ᠂ ᠴᠢᠨᠠᠭᠰᠢᠯᠠᠪᠠᠯ ᠦᠢᠮᠡᠭᠡᠨ ᠳᠡᠪᠵᠢᠶᠡᠨ ᠤ ᠦᠨᠳᠦᠰᠦ ᠰᠤᠷᠪᠤᠯᠵᠢ ᠪᠣᠯᠤᠭᠰᠠᠨ ᠪᠠᠶᠢᠨ᠎ᠠ᠃ ᠠᠮᠧᠷᠢᠺᠠ ᠶᠢᠨ ᠲᠠᠯ᠎ᠠ ᠶᠢᠨ ᠬᠢᠨ ᠡᠭᠦᠨ ᠢ ᠡᠷᠲᠡᠬᠡᠨ ᠲᠠᠨᠢᠵᠤ ᠤᠯᠬᠤ ᠬᠡᠷᠡᠭᠲᠡᠢ᠂ ᠡᠰᠡ ᠲᠡᠭᠡᠪᠡᠯ ᠡᠨᠡ ᠳᠡᠯᠡᠬᠡᠢ ᠮᠥᠨ ᠯᠡ ᠠᠮᠤᠷ ᠲᠠᠶᠢᠪᠤᠩ ᠪᠠᠶᠢᠵᠤ ᠴᠢᠳᠠᠬᠤ ᠦᠭᠡᠢ ᠶᠤᠮ᠃       ᠨᠡᠶᠢᠭᠡᠮ ᠤᠨ ᠪᠠᠶᠢᠭᠤᠯᠤᠯ ᠢᠶᠠᠷ ᠠᠳᠠᠯᠢ ᠪᠤᠰᠤ ᠬᠤᠶᠠᠷ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠠᠮᠧᠷᠢᠺᠠ ᠶᠢᠨ ᠬᠤᠭᠤᠷᠣᠨᠳᠣ ᠵᠥᠷᠢᠯᠳᠦᠭᠡᠨ ᠪᠠ ᠵᠥᠷᠢᠴᠡᠯ ᠪᠠᠶᠢᠬᠤ ᠨᠢ ᠲᠠᠮᠵᠢᠭ ᠦᠭᠡᠢ ᠶᠤᠮ᠂ ᠡᠭᠦᠨ ᠤ ᠵᠠᠩᠭᠢᠯᠠᠭ᠎ᠠ ᠨᠢ ᠦᠨᠡᠨᠴᠢ ᠪᠠᠷ ᠨᠡᠪᠲᠡᠷᠡᠯᠴᠡᠬᠦ ᠪᠠᠷ ᠳᠠᠮᠵᠢᠭᠤᠯᠤᠨ ᠪᠦᠲᠦᠮᠵᠢᠲᠡᠢ ᠪᠠᠷ ᠬᠠᠮᠢᠶᠠᠷᠤᠨ ᠡᠵᠡᠮᠳᠡᠵᠦ᠂ ᠪᠠᠶᠢᠯᠳᠤᠬᠤ ᠪᠤᠳᠤᠯᠭ᠎ᠠ ᠶᠢᠨ ᠪᠤᠷᠤᠭᠤ ᠮᠠᠭᠠᠳᠯᠠᠯᠲᠠ ᠶᠢ ᠰᠡᠷᠭᠡᠶᠢᠯᠡᠨ᠂ ᠮᠥᠷᠭᠦᠯᠳᠦᠭᠡᠨ ᠡᠰᠡᠷᠭᠦᠴᠡᠯᠳᠦᠯ ᠠᠴᠠ ᠵᠠᠶᠢᠯᠠᠰᠬᠢᠬᠦ ᠳᠤ ᠪᠠᠶᠢᠨ᠎ᠠ᠃ ᠳᠡᠯᠡᠬᠡᠢ ᠶᠢᠨ ᠬᠤᠶᠠᠷ ᠲᠤᠮᠤ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠳᠤᠮᠳᠠᠳᠤ ᠠᠮᠧᠷᠢᠺᠠ ᠶᠢᠨ ᠬᠤᠭᠤᠷᠣᠨᠳᠣ ᠠᠰᠢᠭ ᠲᠤᠰᠠ ᠶᠢᠨ ᠠᠭᠤᠰᠤᠯᠴᠠᠯ ᠳᠤᠮᠳᠠ ᠥᠷᠢᠰᠥᠯᠳᠦᠭᠡᠨ ᠭᠠᠷᠬᠤ ᠨᠢ ᠬᠠᠴᠢᠨ ᠶᠠᠪᠤᠳᠠᠯ ᠪᠢᠰᠢ᠂ ᠵᠠᠩᠭᠢᠯᠠᠭ᠎ᠠ ᠨᠢ ᠡᠷᠬᠡ ᠲᠡᠭᠰᠢ ᠲᠥᠪ ᠭᠤᠣᠯᠴᠢ ᠶᠢᠨ ᠰᠠᠭᠤᠷᠢᠨ ᠳᠡᠭᠡᠷ᠎ᠡ ᠵᠦᠪ ᠥᠷᠢᠰᠥᠯᠳᠦᠭᠡᠨ ᠬᠢᠵᠤ᠂ ᠥᠪᠡᠷ ᠢ ᠪᠠᠨ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠨᠦᠬᠦᠭᠡ ᠡᠲᠡᠭᠡᠳ ᠢᠶᠠᠨ ᠭᠡᠷᠡᠯᠳᠦᠬᠦᠯᠬᠦ ᠬᠡᠷᠡᠭᠲᠡᠢ᠂ ᠬᠠᠷᠢᠨ ᠬᠠᠷᠢᠯᠴᠠᠨ ᠲᠠᠭᠠᠷᠢᠬᠤ᠂ ᠡᠪᠯᠡᠷᠡᠰᠢ ᠦᠭᠡᠢ ᠪᠠᠶᠢᠵᠦ ᠪᠣᠯᠬᠤ ᠦᠭᠡᠢ᠃ ᠨᠡᠩ ᠴᠢᠬᠤᠯᠠ ᠨᠢ᠂ ᠬᠤᠶᠠᠷ ᠤᠯᠤᠰ ᠪᠤᠶᠤ ᠳᠡᠯᠡᠬᠡᠢ ᠶᠢᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠠᠴᠠ ᠡᠭᠦᠰᠦᠭᠰᠡᠨ ᠴᠦ᠂ ᠬᠠᠮᠲᠤᠷᠠᠯᠴᠠᠭ᠎ᠠ ᠨᠢ ᠴᠥᠮ ᠳᠤᠮᠳᠠᠳᠤ ᠠᠮᠧᠷᠢᠺᠠ ᠬᠤᠶᠠᠷ ᠲᠠᠯ᠎ᠠ ᠶᠢᠨ ᠬᠥᠭᠡᠭᠡᠴᠡᠯᠳᠦᠬᠦ ᠭᠤᠣᠯ ᠬᠠᠷᠠᠯᠲᠠ ᠪᠣᠯᠬᠤ ᠶᠣᠰᠣᠲᠠᠢ᠃ ᠳᠤᠮᠳᠠᠳᠤ ᠠᠮᠧᠷᠢᠺᠠ ᠬᠠᠮᠲᠤᠷᠠᠯᠴᠠᠵᠤ ᠪᠣᠯᠬᠤ ᠪᠦᠭᠡᠳ ᠬᠠᠮᠲᠤᠷᠠᠯᠴᠠᠬᠤ ᠴᠢᠬᠤᠯᠠᠲᠠᠢ ᠭᠡᠳᠡᠭ ᠨᠠᠷᠢᠨ ᠲᠠᠩᠰᠠ ᠮᠠᠨ ᠤ ᠡᠮᠦᠨ᠎ᠡ ᠲᠠᠯᠪᠢᠭᠳᠠᠵᠤ ᠪᠠᠶᠢᠨ᠎ᠠ᠂ ᠡᠭᠦᠨ ᠳᠤ ᠬᠢᠵᠢᠭ ᠲᠠᠢ ᠲᠡᠮᠡᠴᠡᠬᠦ᠂ ᠠᠵᠤ ᠠᠬᠤᠢ ᠶᠢᠨ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠶᠢ ᠪᠠᠭᠲᠠᠭᠠᠨ᠎ᠠ᠂ ᠪᠢᠳᠡ ᠳᠤᠷᠠᠲᠠᠶ᠎ᠠ ᠨᠡᠭᠡᠭᠡᠯᠲᠡᠲᠦ ᠣᠪᠣᠷ ᠢᠶᠠᠷ ᠠᠮᠧᠷᠢᠺᠠ ᠶᠢᠨ ᠲᠠᠯ᠎ᠠ ᠲᠠᠢ ᠰᠤᠳᠤᠯᠤᠨ ᠶᠠᠷᠢᠯᠴᠠᠵᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠠᠮᠧᠷᠢᠺᠠ ᠶᠢᠨ ᠬᠢᠨ ᠳᠤᠮᠳᠠᠳᠤ ᠤᠯᠤᠰ ᠲᠠᠢ ᠢᠵᠢᠯᠢ ᠴᠢᠭᠯᠡᠯ ᠢᠶᠠᠷ ᠤᠷᠤᠭᠰᠢᠯᠠᠵᠤ᠂ ᠳᠤᠮᠳᠠᠳᠤ ᠠᠮᠧᠷᠢᠺᠠ ᠶᠢᠨ ᠬᠠᠮᠲᠤᠷᠠᠯᠴᠠᠭ᠎ᠠ ᠳᠤ ᠭᠠᠷᠭᠠᠭᠰᠠᠨ ᠤᠳᠤ ᠪᠣᠯᠲᠠᠯᠠᠬᠢ ᠡᠯ᠎ᠡ ᠵᠦᠢᠯ ᠤᠨ ᠵᠤᠬᠢᠰ ᠦᠭᠡᠢ ᠬᠢᠵᠠᠭᠠᠷᠯᠠᠯ ᠢ ᠳᠠᠷᠤᠢ ᠲᠦᠷᠭᠡᠨ ᠬᠦᠴᠦᠨ ᠦᠭᠡᠢ ᠪᠣᠯᠭᠠᠵᠤ᠂ ᠨᠡᠩ ᠴᠤ ᠰᠢᠨ᠎ᠡ ᠬᠠᠷᠰᠢ ᠰᠠᠭᠠᠳ ᠢ ᠵᠣᠷᠢᠭᠤᠳᠠ ᠪᠤᠢ ᠪᠣᠯᠭᠠᠵᠤ ᠪᠣᠯᠬᠤ ᠦᠭᠡᠢ᠃ ᠳᠡᠭᠡᠷ᠎ᠡ ᠰᠠᠷ᠎ᠠ ᠳᠤᠮᠳᠠᠳᠤ ᠤᠯᠤᠰ ᠤᠨ ᠪᠢᠯᠢᠭ ᠤᠨ ᠤᠯᠠᠷᠢᠯ ᠤᠨ ᠪᠢᠲᠡᠭᠦᠨ ᠤ ᠡᠳᠦᠷ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠶᠡᠷᠦᠩᠬᠡᠶᠢᠯᠡᠭᠴᠢ ᠪᠠᠶᠢᠳ᠋ᠸᠠ ᠲᠠᠢ ᠤᠲᠠᠰᠤ ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠠᠬᠢᠨ ᠵᠥᠪ ᠵᠠᠮ ᠳᠠᠭᠠᠨ ᠣᠷᠣᠬᠤ ᠳᠤ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃ ᠪᠢᠳᠡ ᠳᠤᠷᠠᠲᠠᠶ᠎ᠠ ᠠᠮᠧᠷᠢᠺᠠ ᠶᠢᠨ ᠲᠠᠯ᠎ᠠ ᠲᠠᠢ ᠬᠠᠮᠲᠤ ᠪᠠᠷ᠂ ᠡᠨᠡ ᠤᠳᠠᠭ᠎ᠠ ᠶᠢᠨ ᠴᠢᠬᠤᠯᠠ ᠶᠠᠷᠢᠯᠴᠠᠭ᠎ᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ︽ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ︾᠎ ᠶᠢ ᠬᠠᠮᠲᠤ ᠪᠠᠷ ᠠᠬᠢᠭᠤᠯᠵᠤ᠂ ᠡᠷᠡᠭᠦᠯ ᠲᠣᠭᠲᠠᠭᠤᠨ ᠬᠦᠭᠵᠢᠯᠲᠠ ᠲᠠᠢ ᠪᠠᠶᠢᠬᠤ ᠶᠢ ᠪᠡᠶᠡᠯᠡᠭᠦᠯᠦᠨ᠎ᠡ᠃ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠲᠧᠯᠸᠢᠰ ᠬᠤᠷᠢᠶᠠᠨ ᠤ ᠰᠤᠷᠪᠤᠯᠵᠢᠯᠠᠬᠴᠢ᠄ ᠡᠨᠡ ᠵᠢᠯ ᠪᠤᠯ ᠰᠢᠨ᠎ᠠ ᠲᠤᠮᠳᠠᠳᠤ ᠤᠯᠤᠰ ᠤᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠳᠠᠬᠢ ᠬᠠᠤᠯᠢ ᠶᠤᠰᠤᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠤᠯᠤᠨ᠎ᠠ᠃ ᠲᠤᠮᠳᠠᠳᠤ ᠤᠯᠤᠰ ᠡᠬᠦᠨ ᠢ ᠬᠡᠷᠬᠢᠨ ᠦᠵᠡᠵᠦ ᠪᠠᠶᠢᠬᠤ ᠪᠤᠢ︖ ᠮᠠᠰᠢ ᠤᠯᠠᠨ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠦᠭᠡᠷᠡᠴᠢᠯᠡᠯᠳᠠ ᠶᠢ ᠬᠦᠰᠡᠵᠦ ᠪᠠᠶᠢᠨ᠎ᠠ᠂ ᠲᠤᠮᠳᠠᠳᠤ ᠤᠯᠤᠰ ᠶᠠᠮᠠᠷ ᠵᠤᠷᠢᠯᠳᠠ ᠲᠠᠢ ᠪᠤᠢ︖      ᠸᠠᠩ ᠢ᠄ 50 ᠵᠢᠯ ᠤᠨ ᠡᠮᠦᠨ᠎ᠠ᠂ 26 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠶᠡᠭᠡ ᠬᠤᠷᠠᠯ ᠠᠴᠠ ᠰᠢᠢᠳᠪᠤᠷᠢ ᠪᠠᠳᠤᠯᠠᠵᠤ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠤᠯᠢ ᠶᠤᠰᠤᠨ ᠤ ᠪᠠᠶᠢᠷᠢ ᠰᠠᠭᠤᠷᠢ ᠶᠢ ᠰᠡᠷᠬᠦᠬᠡᠪᠡ᠃ ᠲᠤᠬᠠᠢ ᠶᠢᠨ ᠦᠶ᠎ᠠ ᠳᠤ᠂ ᠬᠤᠷᠠᠯ ᠤᠨ ᠶᠡᠭᠡ ᠲᠢᠩᠭᠢᠮ ᠳᠤ ᠤᠳᠠᠳᠠᠯ᠎ᠠ ᠠᠯᠠᠭ᠎ᠠ ᠲᠠᠰᠢᠵᠤ᠂ ᠮᠠᠰᠢ ᠤᠯᠠᠨ  ᠠᠽᠢᠶ᠎ᠠ ᠠᠹᠷᠢᠺᠠ ᠯᠠᠲ᠋ᠢᠨ ᠠᠮᠧᠷᠢᠺᠡ ᠲᠢᠪ ᠤᠨ ᠠᠬ᠎ᠠ ᠲᠡᠭᠦᠦ ᠨᠡᠷ ᠪᠠᠶᠠᠷᠯᠠᠨ ᠲᠡᠪᠡᠷᠢᠯᠴᠡᠵᠦ᠂ 57 ᠤᠯᠤᠰ ᠤᠨ ᠲᠦᠯᠦᠭᠡᠯᠡᠭᠴᠢ ᠡᠭᠡᠯᠵᠢᠯᠡᠨ ᠲᠠᠶᠢᠰᠠᠨ ᠳᠤ ᠭᠠᠷᠴᠤ ᠪᠠᠶᠠᠷ ᠬᠦᠷᠭᠡᠪᠡ᠃ ᠲᠡᠷᠡ ᠬᠦ ᠲᠡᠤᠬᠡᠳᠦ ᠴᠢᠨᠠᠷᠳᠠᠢ ᠴᠠᠭ ᠮᠦᠴᠡ ᠠᠴᠠ ᠡᠬᠢᠯᠡᠨ᠂ ᠲᠡᠯᠡᠭᠡᠢ ᠶᠢᠨ 1/4 ᠬᠦᠮᠦᠨ ᠠᠮᠠ ᠲᠠᠢ ᠲᠤᠮᠤ ᠤᠯᠤᠰ ᠲᠠᠬᠢᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠤᠮᠤ ᠭᠡᠷ ᠪᠦᠯᠢ ᠳᠤ ᠪᠤᠴᠠᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠦᠨᠡᠨ ᠬᠦ ᠲᠦᠭᠡᠮᠡᠯ ᠴᠢᠨᠠᠷᠳᠠᠢ ᠪᠤᠯᠵᠠᠢ᠃ ᠲᠡᠯᠡᠭᠡᠢ ᠶᠢᠨ ᠡᠩᠭᠡ ᠲᠠᠶᠢᠪᠤᠡᠭ ᠪᠤᠯᠤᠨ ᠭᠦᠭᠵᠢᠯᠳᠠ ᠶᠢᠨ ᠦᠢᠯᠡᠰ ᠲᠤ ᠢᠳᠡᠭᠡᠭᠦᠰᠢᠳᠠᠢ ᠪᠦᠭᠡᠳ ᠨᠠᠶᠢᠳᠠᠪᠤᠷᠢᠳᠡᠢ ᠲᠤᠯᠭᠠᠭᠤᠷᠢ ᠬᠦᠴᠦᠨ ᠨᠡᠮᠡᠭᠳᠡᠵᠦ᠂ ᠲᠡᠷᠡ ᠨᠢ ᠲᠠᠷᠤᠢ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠤᠯᠤᠨ᠎ᠠ᠃      ᠬᠠᠭᠠᠰ ᠵᠠᠭᠤᠨ ᠤ ᠲᠤᠷᠰᠢ᠂ ᠲᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠷ ᠭᠤᠤᠯ ᠪᠤᠯᠭᠠᠬᠰᠠᠨ ᠤᠯᠠᠨ ᠤᠯᠤᠰ ᠤᠨ ᠰᠢᠰᠲᠧᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠲᠢᠭᠯᠢᠮ ᠢ ᠡᠷᠡᠰ ᠬᠦᠷᠢᠶᠡᠯᠡᠪᠡ᠃ ᠲᠤᠮᠳᠠᠳᠤ ᠤᠯᠤᠰ ᠪᠠᠷᠤᠭ ᠪᠤᠢ ᠪᠦᠬᠦᠢ ᠵᠠᠰᠠᠭ ᠤᠨ ᠤᠷᠳᠤᠨ ᠤ ᠬᠤᠭᠤᠷᠤᠨᠳᠤᠬᠢ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠠ 500 ᠭᠠᠷᠤᠢ ᠵᠦᠢᠯ ᠤᠨ ᠤᠯᠠᠨ ᠤᠯᠤᠰ ᠤᠨ ᠨᠡᠶᠢᠳᠡ ᠶᠢᠨ ᠭᠡᠷ᠎ᠠ ᠳᠤ ᠤᠷᠤᠯᠴᠠᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠡᠩᠭᠡ ᠲᠠᠶᠢᠪᠤᠡᠭ ᠢ ᠬᠠᠮᠠᠭᠠᠯᠠᠬᠤ ᠠᠵᠢᠯᠯᠠᠭ᠎ᠠ ᠶᠢᠨ ᠬᠤᠶᠠᠳᠤᠭᠠᠷ ᠲᠤᠮᠤ ᠪᠡᠯᠡ ᠮᠦᠡᠭᠭᠦ ᠭᠠᠷᠭᠠᠬᠰᠠᠨ ᠪᠠ ᠪᠠᠶᠢᠡᠭᠭᠤ ᠶᠢᠨ ᠬᠡᠷᠡᠭ ᠡᠷᠬᠢᠯᠡᠬᠦ ᠤᠯᠤᠰ ᠠᠴᠠ ᠡᠩᠭᠡ ᠲᠠᠶᠢᠪᠤᠡᠭ ᠢ ᠬᠠᠮᠠᠭᠠᠯᠠᠬᠤ ᠬᠦᠮᠦᠰ ᠬᠠᠮᠤᠭ ᠤᠯᠠᠨ ᠲᠤᠮᠢᠯᠠᠬᠰᠠᠨ ᠤᠯᠤᠰ ᠪᠤᠯᠤᠬᠰᠠᠨ ᠪᠠᠶᠢᠨ᠎ᠠ᠃ ᠲᠤᠮᠳᠠᠳᠤ ᠤᠯᠤᠰ ᠢᠮᠠᠬᠳᠠ ᠲᠦᠪ ᠭᠤᠤᠯᠴᠢ ᠰᠢᠳᠤᠷᠭᠤ ᠶᠤᠰᠤ ᠶᠢ ᠪᠠᠷᠢᠮᠳᠠᠯᠠᠵᠤ᠂ ᠲᠤᠮᠤ ᠵᠢᠵᠢᠭ ᠤᠯᠤᠰ ᠪᠦᠬᠦᠨ ᠡᠷᠭᠡ ᠲᠡᠭᠰᠢ ᠶᠢ ᠪᠠᠷᠢᠮᠳᠠᠯᠠᠵᠤ᠂ ᠮᠠᠨ ᠤ ᠡᠨᠡ ᠬᠦ ᠪᠢᠯᠧᠲ ᠨᠢ ᠡᠬᠦᠷᠢᠳᠡ ᠭᠦᠭᠵᠢᠵᠦ ᠪᠠᠶᠢᠭ᠎ᠠ ᠤᠯᠤᠰ ᠤᠨ ᠬᠢ ᠪᠤᠯᠤᠨ᠎ᠠ᠃ ᠲᠡᠯᠡᠭᠡᠢ ᠶᠢᠨ ᠪᠠᠶᠢᠳᠠᠯ ᠲᠠᠰᠤᠷᠠᠯᠳᠠ ᠦᠭᠡᠢ ᠭᠦᠨᠵᠡᠭᠡᠢ ᠤᠯᠠᠷᠢᠨ ᠬᠤᠪᠢᠰᠬᠤ ᠶᠢ ᠲᠠᠭᠠᠯᠳᠤᠨ᠂ ᠲᠡᠯᠡᠭᠡᠢ ᠨᠡᠶᠢᠳᠡ ᠪᠠᠷ ᠢᠶᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢ ᠴᠠᠭ ᠦᠶ᠎ᠠ ᠲᠠᠢ ᠵᠡᠷᠭᠡ ᠪᠠᠷ ᠤᠷᠤᠬᠰᠢᠯᠠᠵᠤ᠂ ᠲᠠᠰᠤᠷᠠᠯᠳᠠ ᠦᠭᠡᠢ ᠦᠭᠡᠷᠡᠴᠢᠯᠡᠨ ᠲᠡᠭᠦᠯᠳᠡᠷᠵᠢᠬᠦᠯᠬᠦ ᠶᠢ ᠬᠦᠰᠡᠵᠦ ᠪᠠᠶᠢᠨ᠎ᠠ᠃ ᠲᠤᠮᠳᠠᠳᠤ ᠤᠯᠤᠰ ᠠᠴᠠ᠂ ᠪᠠᠶᠢᠳᠠᠯ ᠬᠡᠷᠬᠢᠨ ᠬᠤᠪᠢᠷᠠᠬᠰᠠᠨ ᠴᠤ᠂ ᠦᠭᠡᠷᠡᠴᠢᠯᠡᠯᠳᠠ ᠶᠢ ᠶᠠᠭᠠᠬᠢᠵᠤ ᠬᠢᠭᠰᠡᠨ ᠴᠤ᠂ ᠲᠤᠤᠷᠠᠬᠢ ᠬᠡᠳᠦᠨ ᠲᠠᠯ᠎ᠠ ᠶᠢ ᠡᠷᠭᠡᠪᠰᠢ ᠪᠠᠷᠢᠮᠳᠠᠯᠠᠬᠤ ᠬᠡᠷᠡᠭᠳᠡᠢ ᠭᠡᠵᠦ ᠦᠵᠡᠵᠦ ᠪᠠᠶᠢᠨ᠎ᠠ᠃      ᠡᠩ ᠲᠡᠷᠢᠬᠦᠨ ᠳᠤ᠂ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠦᠨᠳᠦᠰᠦᠨ ᠲᠦᠷᠢᠮ︾᠎ ᠤᠨ ᠵᠤᠷᠢᠯᠳᠠ ᠪᠠ ᠵᠠᠷᠴᠢᠮ ᠢ ᠪᠠᠷᠢᠮᠳᠠᠯᠠᠨ᠎ᠠ᠃ ᠦᠨᠳᠦᠰᠦᠨ ᠲᠦᠷᠢᠮ ᠨᠢ ᠡᠯ᠎ᠠ ᠤᠯᠤᠰ ᠤᠨ ᠶᠠᠪᠤᠯᠴᠠᠭ᠎ᠠ ᠪᠠ ᠮᠦᠷᠬᠦᠯᠳᠦᠭᠡᠨ ᠢ ᠰᠢᠢᠤᠡᠪᠤᠷᠢᠯᠡᠬᠦ ᠦᠨᠳᠦᠰᠦᠨ ᠪᠠᠷᠢᠮᠵᠢᠶ᠎ᠠ ᠶᠢ ᠲᠤᠬᠳᠠᠭᠠᠵᠤ ᠦᠭᠪᠡ᠃ ᠶᠠᠮᠠᠷᠪᠠ ᠦᠨᠳᠦᠰᠦᠨ ᠲᠦᠷᠢᠮ ᠢ ᠵᠦᠷᠢᠴᠡᠬᠦ ᠠᠵᠢᠯᠯᠠᠭ᠎ᠠ ᠨᠢ ᠴᠦᠮ ᠲᠡᠯᠡᠭᠡᠢ ᠶᠢᠨ ᠡᠩᠭᠡ ᠲᠠᠶᠢᠪᠤᠡᠭ ᠲᠤᠬᠳᠠᠭᠤᠨ ᠢ ᠡᠪᠳᠡᠵᠦ ᠪᠠᠶᠢᠨ᠎ᠠ᠃      ᠬᠤᠶᠡᠷ ᠲᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠡᠯᠡᠭᠡᠢ ᠶᠢᠨ ᠰᠢᠰᠲᠧᠮ ᠤᠨ ᠭᠤᠤᠯᠯᠠᠬᠤ ᠪᠠᠶᠢᠷᠢ ᠰᠠᠭᠤᠷᠢ ᠶᠢ ᠪᠠᠷᠢᠮᠳᠠᠯᠠᠨ᠎ᠠ᠃ ᠤᠳᠤ ᠦᠶ᠎ᠠ ᠶᠢᠨ ᠲᠡᠯᠡᠭᠡᠢ ᠶᠢᠨ ᠬᠠᠮᠤᠭ ᠤᠨ ᠲᠦᠭᠡᠮᠡᠯ ᠴᠢᠨᠠᠷᠳᠠᠢ᠂ ᠲᠦᠯᠦᠭᠡᠯᠡᠬᠦ ᠴᠢᠨᠠᠷᠳᠠᠢ᠂ ᠡᠷᠭᠡ ᠰᠦᠷᠳᠦ ᠴᠢᠨᠠᠷᠳᠠᠢ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠤᠯᠤᠬᠰᠠᠨ ᠤ ᠬᠤᠪᠢ ᠳᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠦᠢᠯᠡᠳᠦᠯ ᠢ ᠴᠢᠩᠭᠠᠳᠬᠠᠬᠤ ᠠᠴᠠ ᠪᠢᠰᠢ᠂ ᠪᠠᠭᠤᠷᠠᠭᠤᠯᠵᠤ ᠪᠤᠯᠬᠤ ᠦᠭᠡᠢ᠂ ᠡᠯ᠎ᠠ ᠤᠯᠤᠰ ᠪᠦᠷ ᠰᠠᠨᠠᠭᠠᠴᠢᠯᠠᠭ᠎ᠠ ᠠᠴᠠ ᠪᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠡᠷᠭᠡ ᠰᠦᠷ ᠢ ᠬᠠᠮᠠᠭᠠᠯᠠᠨ᠎ᠠ᠃      ᠭᠤᠷᠪᠠ ᠳᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠡᠷᠭᠡ ᠲᠡᠭᠰᠢ ᠪᠠᠷ ᠵᠦᠪᠳᠡᠯᠴᠡᠬᠦ ᠦᠨᠳᠦᠰᠦᠨ ᠲᠦᠷᠢᠮ ᠢ ᠪᠠᠷᠢᠮᠳᠠᠯᠠᠨ᠎ᠠ᠃ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠤᠯ ᠲᠤᠮᠤ ᠤᠯᠤᠰ ᠤᠨ ᠺᠯᠦ᠋ᠪ ᠪᠢᠰᠢ᠂ ᠨᠠᠩ ᠴᠤ ᠪᠠᠶᠠᠨ ᠬᠦᠮᠦᠨ ᠤ ᠺᠯᠦ᠋ᠪ ᠪᠢᠰᠢ᠃ ᠡᠯ᠎ᠠ ᠤᠯᠤᠰ ᠤᠨ ᠡᠷᠭᠡ ᠮᠡᠳᠡᠯ ᠡᠷᠭᠡ ᠲᠡᠭᠰᠢ᠂ ᠶᠠᠮᠠᠷᠪᠠ ᠤᠯᠤᠰ ᠴᠦᠮ ᠲᠡᠯᠡᠭᠡᠢ ᠶᠢᠨ ᠬᠡᠷᠡᠭ ᠶᠠᠪᠤᠳᠠᠯ ᠢ ᠲᠠᠭᠠᠭᠠᠨ ᠠᠪᠬᠤ ᠡᠷᠭᠡ ᠦᠭᠡᠢ᠃ ᠭᠦᠭᠵᠢᠵᠦ ᠪᠠᠶᠢᠭ᠎ᠠ ᠤᠯᠤᠰ ᠤᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠦᠯᠦᠭᠡᠯᠡᠬᠦ ᠴᠢᠨᠠᠷ ᠪᠠ ᠦᠬᠡ ᠬᠡᠯᠡᠬᠦ ᠡᠷᠭᠡ ᠶᠢ ᠲᠡᠭᠡᠭᠰᠢᠯᠡᠬᠦᠯᠵᠦ᠂ ᠤᠯᠠᠨ ᠲᠤᠭᠠᠨ ᠤ ᠤᠯᠤᠰ ᠤᠨ ᠬᠠᠮᠳᠤ ᠶᠢᠨ ᠬᠦᠰᠡᠯ ᠡᠷᠡᠮᠡᠯᠵᠡᠯ ᠢ ᠨᠠᠩ ᠤᠯᠠᠨ ᠲᠤᠰᠬᠠᠬᠤ ᠬᠡᠷᠡᠭᠳᠡᠢ᠃      ᠲᠡᠤᠬᠡ ᠶᠢᠨ ᠰᠢᠨ᠎ᠠ ᠭᠠᠷᠤᠭ᠎ᠠ ᠲᠡᠭᠡᠷ᠎ᠠ ᠵᠤᠬᠰᠤᠵᠤ᠂ ᠲᠤᠮᠳᠠᠳᠤ ᠤᠯᠤᠰ ᠲᠡᠷᠢᠬᠦᠯᠡᠭᠴᠢ ᠰᠢ ᠶᠢᠨ ᠫᠢᠡᠭ ᠤᠨ ᠨᠡᠶᠢᠳᠡᠯᠡᠭᠰᠡᠨ ᠴᠢᠬᠤᠯᠠ ᠶᠡᠭᠡ ᠰᠠᠨᠠᠭᠠᠴᠢᠯᠠᠭ᠎ᠠ ᠪᠠ ᠠᠷᠭ᠎ᠠ ᠠᠪᠴᠠᠯ ᠢ ᠬᠢᠨᠠᠮᠠᠭᠠᠢ ᠲᠤᠭᠤᠰᠢᠯᠠᠭᠤᠯᠵᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠭᠡᠷᠡᠭ ᠶᠠᠪᠤᠳᠠᠯ ᠳᠤ ᠨᠠᠩ ᠢᠳᠡᠪᠬᠢᠳᠡᠢ ᠤᠷᠤᠯᠴᠠᠵᠤ᠂ ᠪᠠᠶᠢᠯᠳᠤᠭᠠᠨ ᠤ ᠵᠡᠪᠰᠡᠭ ᠢ ᠬᠠᠶᠢᠯᠤᠭᠤᠯᠵᠤ᠂ ᠲᠠᠷᠢᠶᠠᠯᠠᠩ ᠤᠨ ᠪᠠᠭᠠᠵᠢ ᠪᠤᠯᠭᠠᠨ᠂ ᠡᠬᠦᠷᠢᠳᠡ ᠲᠠᠬᠢᠨ ᠪᠠᠶᠢᠯᠳᠤᠬᠤ ᠦᠭᠡᠢ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠬᠦᠰᠡᠯᠡᠩ ᠢ ᠪᠡᠶᠡᠯᠡᠬᠦᠯᠬᠦ ᠶᠢᠨ ᠲᠦᠯᠦᠭᠡ ᠦᠷᠬᠦᠯᠵᠢᠯᠡᠨ ᠴᠢᠷᠮᠠᠶᠢᠨ᠎ᠠ᠃      ᠹᠷᠠᠨᠼᠢ ᠶᠢᠨ ᠰᠤᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠬᠴᠢ᠄ ᠪᠠᠶᠢᠳᠧᠨ ᠤ ᠵᠠᠰᠠᠭ ᠤᠨ ᠤᠷᠳᠤᠨ ᠠᠳ᠋ᠯᠠᠨᠲ ᠲᠠᠯᠠᠢ ᠶᠢ ᠠᠯᠤᠰᠯᠠᠬᠰᠠᠨ ᠬᠤᠯᠪᠤᠭᠠᠳᠠᠨ ᠤ ᠬᠠᠷᠢᠯᠴᠠᠭ᠎ᠠ ᠲᠠᠬᠢᠨ ᠪᠤᠴᠠᠵᠤ ᠢᠷᠡᠭᠰᠡᠨ ᠭᠡᠵᠦ ᠬᠡᠯᠡᠪᠡ᠃ ᠲᠤᠮᠳᠠᠳᠤ ᠤᠯᠤᠰ ᠬᠡᠷᠬᠢᠨ ᠡᠸᠦ᠋ᠷᠦᠫᠠ ᠠᠮᠧᠷᠢᠺᠠ ᠯᠤᠭ᠎ᠠ ᠶᠢᠨ ᠬᠠᠷᠢᠯᠴᠠᠭ᠎ᠠ ᠪᠠᠨ ᠰᠢᠢᠳᠪᠦᠷᠢᠯᠡᠬᠦ ᠪᠤᠢ︖      ᠸᠠᠩ ᠢ᠄ ᠦᠡᠭᠭᠡᠷᠡᠭᠰᠡᠨ ᠨᠢᠭᠡ ᠵᠢᠯ ᠳᠤ᠂ ᠲᠡᠷᠢᠬᠦᠯᠡᠭᠴᠢ ᠰᠢ ᠶᠢᠨ ᠫᠢᠡᠭ ᠡᠸᠦ᠋ᠷᠦᠫᠠ ᠶᠢᠨ ᠲᠠᠯ᠎ᠠ ᠶᠢᠨ ᠤᠳᠤᠷᠢᠳᠬᠤ ᠬᠦᠮᠦᠰ ᠲᠠᠢ ᠭᠤᠷᠪᠠ ᠤᠳᠠᠭ᠎ᠠ ᠸᠢᠳᠢᠣ᠋ ᠪᠠᠷ ᠠᠭᠤᠯᠵᠠᠯᠳᠠ ᠬᠢᠵᠤ᠂ ᠲᠡᠭᠡᠳᠤ ᠲᠠᠪᠬᠤᠷᠭ᠎ᠠ ᠶᠢᠨ ᠨᠢᠬᠳᠠ ᠰᠤᠯᠢᠯᠴᠠᠭ᠎ᠠ ᠶᠢ ᠪᠠᠳᠤᠯᠠᠪᠠ᠃ ᠬᠤᠶᠠᠷ ᠲᠠᠯ᠎ᠠ ᠪᠠᠷ ᠢᠶᠠᠨ ᠭᠠᠷ ᠬᠤᠯᠪᠤᠯᠴᠠᠨ ᠬᠢᠵᠢᠭ ᠢ ᠡᠰᠡᠷᠬᠦᠴᠡᠬᠦ ᠲᠤᠮᠳᠠ ᠬᠠᠷᠢᠯᠴᠠᠨ ᠢᠳᠡᠭᠡᠭᠦ ᠪᠠᠨ ᠨᠡᠮᠡᠭᠳᠡᠬᠦᠯᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 45 ᠵᠢᠯ ᠤᠨ ᠤᠢ ᠶᠢ ᠲᠤᠷᠠᠰᠬᠠᠬᠤ ᠳᠤ ᠬᠠᠮᠳᠤᠷᠠᠯᠴᠠᠭ᠎ᠠ ᠪᠠᠨ ᠲᠡᠭᠡᠭᠰᠢᠯᠡᠬᠦᠯᠵᠦ᠂ ᠲᠤᠮᠳᠠᠳᠤ ᠡᠸᠦ᠋ᠷᠦᠫᠠ ᠶᠢᠨ ᠭᠠᠵᠠᠷ ᠵᠦᠢ ᠶᠢᠨ ᠲᠡᠮᠳᠡᠭ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠲᠤᠮᠳᠠᠳᠤ ᠡᠸᠦ᠋ᠷᠦᠫᠠ ᠶᠢᠨ ᠪᠡᠯᠡ ᠤᠷᠤᠭᠤᠯᠬᠤ ᠬᠡᠯᠡᠯᠴᠡᠭᠡᠷ ᠤᠨ ᠵᠦᠪᠳᠡᠯᠴᠡᠭᠡᠷ ᠢ ᠬᠤᠭᠤᠴᠠᠭ᠎ᠠ ᠶᠤᠰᠤᠭᠠᠷ ᠬᠦᠢᠴᠡᠳᠭᠡᠵᠦ᠂ ᠲᠤᠮᠳᠠᠳᠤ ᠤᠯᠤᠰ ᠠᠩᠬᠠᠳᠠᠬᠴᠢ ᠤᠳᠠᠭ᠎ᠠ ᠡᠸᠦ᠋ᠷᠥᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠳᠠᠨ ᠪᠤᠯᠪᠠ᠃ ᠲᠤᠮᠳᠠᠳᠤ ᠡᠸᠦ᠋ᠷᠥᠫᠠ ᠶᠢᠨ ᠬᠠᠷᠢᠴᠠᠭ᠎ᠠ ᠲᠦᠭᠰᠢᠬᠦᠷᠢ ᠪᠤᠯᠤᠨ ᠦᠷᠢᠰᠦᠯᠳᠦᠭᠡᠨ ᠤ ᠡᠮᠦᠨ᠎ᠠ ᠤᠶᠠᠨ ᠬᠠᠳᠠᠨ ᠠᠮᠢᠵᠢᠷᠠᠯ ᠤᠨ ᠬᠦᠴᠦᠨ ᠢ ᠢᠯᠡᠷᠡᠬᠦᠯᠵᠦ᠂ ᠲᠡᠯᠡᠭᠡᠢ ᠳ᠋ᠠᠬᠢᠨ ᠳᠤ ᠢᠳᠡᠪᠬᠢᠳᠡᠢ ᠲᠤᠬᠢᠶ᠎ᠠ ᠲᠠᠮᠵᠢᠭᠤᠯᠤᠬᠰᠠᠨ ᠪᠠᠶᠢᠨ᠎ᠠ᠃      ᠲᠤᠮᠳᠠᠳᠤ ᠡᠸᠦ᠋ᠷᠦᠫᠠ ᠶᠢᠨ ᠬᠠᠷᠢᠯᠴᠠᠭᠠᠨ ᠤ ᠲᠡᠤᠭᠡᠨ ᠶᠠᠪᠤᠴᠠ ᠬᠦᠢᠴᠡᠳ ᠬᠡᠷᠡᠴᠢᠯᠡᠭᠰᠡᠨ ᠨᠢ᠂ ᠲᠤᠮᠳᠠᠳᠤ ᠡᠸᠦ᠋ᠷᠦᠫᠠ ᠶᠢᠨ ᠬᠤᠭᠤᠷᠤᠨᠳᠤ ᠦᠷᠭᠡᠨ ᠲᠡᠯᠭᠡᠷ ᠬᠠᠮᠳᠤ ᠶᠢᠨ ᠠᠰᠢᠭ ᠲᠤᠰᠠ ᠪᠠᠶᠢᠵᠤ᠂ ᠬᠠᠮᠳᠤᠷᠠᠯᠴᠠᠭ᠎ᠠ ᠪᠠᠶᠢᠭᠤᠯᠵᠤ ᠬᠠᠮᠳᠤ ᠪᠠᠷ ᠠᠰᠢᠭ ᠬᠦᠷᠳᠡᠭᠦ ᠪᠤᠯ ᠬᠤᠶᠠᠷ ᠡᠳᠡᠭᠡᠳ ᠤᠨ ᠬᠠᠷᠢᠯᠴᠠᠭ᠎ᠠ ᠶᠢᠨ ᠭᠤᠤᠯ ᠭᠦᠭ ᠠᠶᠠᠰ ᠪᠤᠯᠤᠨ᠎ᠠ᠂ ᠲᠤᠮᠳᠠᠳᠤ ᠡᠸᠦ᠋ᠷᠦᠫᠠ ᠶᠢᠨ ᠬᠤᠶᠠᠷ ᠶᠡᠭᠡ ᠪᠤᠯᠪᠠᠰᠤᠨ ᠶᠠᠷᠢᠯᠴᠠᠨ ᠰᠤᠯᠢᠯᠴᠠᠵᠤ᠂ ᠪᠢᠳᠡ ᠪᠤᠯ ᠪᠠᠶᠢᠭᠤᠯᠤᠯ ᠤᠨ ᠴᠢᠨᠠᠷᠳᠠᠢ ᠦᠷᠢᠰᠦᠯᠳᠦᠭᠴᠢ ᠪᠢᠰᠢ︔ ᠲᠤᠮᠳᠠᠳᠤ ᠡᠸᠦ᠋ᠷᠥᠫᠠ ᠪᠡᠶ᠎ᠠ ᠪᠠᠨ ᠲᠠᠭᠠᠭᠠᠵᠤ ᠡᠵᠡᠨ ᠮᠡᠳᠡᠵᠦ ᠬᠠᠮᠳᠤᠷᠠᠯᠴᠠᠭ᠎ᠠ ᠪᠠᠶᠢᠭᠤᠯᠪᠠᠯ ᠮᠠᠰᠢ ᠤᠯᠠᠨ ᠲᠤᠮᠤ ᠶᠠᠪᠤᠳᠠᠯ ᠢ ᠪᠦᠳᠦᠭᠡᠵᠦ ᠴᠢᠳᠠᠨ᠎ᠠ᠃ ᠲᠤᠮᠳᠠᠳᠤ ᠤᠯᠤᠰ ᠲᠤᠷᠠᠳᠠᠶ᠎ᠠ ᠡᠸᠦ᠋ᠷᠦᠫᠠ ᠲᠢᠪ ᠤᠨ ᠨᠢᠭᠡ ᠴᠤᠬᠴᠠᠵᠢᠬᠰᠠᠨ ᠠᠬᠢᠴᠠ ᠶᠢ ᠦᠷᠬᠦᠯᠵᠢᠯᠡᠨ ᠲᠡᠮᠵᠢᠵᠦ᠂ ᠡᠸᠦ᠋ᠷᠦᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠨ ᠬᠦᠴᠦᠷᠭᠡᠭᠵᠢᠬᠦᠯᠬᠦ ᠶᠢ ᠲᠡᠮᠵᠢᠵᠦ᠂ ᠤᠯᠠᠨ ᠤᠯᠤᠰ ᠤᠨ ᠬᠡᠷᠡᠭ ᠶᠠᠪᠤᠳᠠᠯ ᠳᠤ ᠡᠸᠦ᠋ᠷᠦᠫᠠ ᠲᠢᠪ ᠤᠨ ᠤᠯᠤᠰ ᠤᠳ ᠤᠨ ᠨᠠᠩ ᠶᠡᠭᠡ ᠦᠢᠯᠡᠳᠦᠯ ᠦᠵᠡᠬᠦᠯᠬᠦ ᠶᠢ ᠲᠠᠮᠵᠢᠨ᠎ᠠ᠃      ᠲᠤᠮᠳᠠᠳᠤ ᠤᠯᠤᠰ ᠤᠨ ᠲᠠᠯ᠎ᠠ ᠶᠢᠨ ᠬᠢᠨ᠂ ᠲᠤᠮᠳᠠᠳᠤ ᠡᠸᠦ᠋ᠷᠥᠫᠠ ᠤᠯᠠᠨ ᠲᠦᠢᠯᠳᠤ ᠶᠢᠨ ᠲᠡᠯᠡᠭᠡᠢ ᠶᠢᠨ ᠬᠤᠶᠠᠷ ᠰᠠᠯᠪᠤᠷᠢ ᠴᠢᠬᠤᠯᠠ ᠬᠦᠴᠦᠨ ᠴᠢᠳᠠᠯ ᠢ ᠲᠦᠯᠦᠭᠡᠯᠡᠵᠤ᠂ ᠬᠤᠶᠠᠷ ᠲᠠᠯ᠎ᠠ ᠶᠢᠨ ᠬᠠᠷᠢᠴᠠᠭ᠎ᠠ ᠨᠢ ᠡᠷᠭᠡ ᠲᠡᠭᠰᠢ᠂ ᠨᠡᠭᠡᠭᠡᠯᠳᠡᠳᠡᠢ᠂ ᠭᠤᠷᠪᠠᠳᠤᠭᠠᠷ ᠡᠳᠡᠭᠡᠳ ᠲᠤ ᠴᠢᠭᠯᠡᠬᠦᠯᠬᠦ ᠦᠭᠡᠢ ᠪᠦᠭᠡᠳ ᠭᠤᠷᠪᠠᠳᠤᠭᠠᠷ ᠡᠳᠡᠭᠡᠳ ᠲᠤ ᠬᠢᠵᠠᠭᠠᠷᠯᠠᠬᠳᠠᠬᠤ ᠦᠭᠡᠢ ᠭᠡᠵᠦ ᠦᠵᠡᠨ᠎ᠠ᠃ ᠲᠤᠮᠳᠠᠳᠤ ᠶᠢᠨ ᠲᠠᠯ᠎ᠠ ᠡᠸᠦ᠋ᠷᠥᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ ᠪᠠᠶᠢᠯᠳᠤᠬᠤ ᠪᠤᠳᠤᠯᠭ᠎ᠠ ᠶᠢᠨ ᠡᠵᠡᠨ ᠮᠡᠳᠡᠬᠦ ᠪᠠᠨ ᠲᠠᠰᠤᠷᠠᠯᠳᠠ ᠦᠭᠡᠢ ᠴᠢᠩᠭᠠᠷᠠᠭᠤᠯᠵᠤ᠂ ᠤᠯᠠᠨ ᠲᠠᠯᠠᠳᠤ ᠦᠵᠡᠯ ᠤᠨ ᠤᠢᠢᠯᠠᠭᠠᠬᠳᠠᠬᠤᠨ ᠢ ᠪᠠᠷᠢᠮᠳᠠᠯᠠᠵᠤ᠂ ᠲᠤᠮᠤ ᠤᠯᠤᠰ ᠤᠨ ᠵᠤᠬᠢᠴᠠᠭᠤᠯᠭ᠎ᠠ ᠬᠠᠮᠳᠤᠷᠠᠯᠴᠠᠭ᠎ᠠ ᠶᠢᠨ ᠲᠦᠯᠦᠭᠡ ᠴᠢᠷᠮᠠᠶᠢᠬᠤ ᠶᠢ ᠬᠦᠰᠡᠵᠦ ᠪᠠᠶᠢᠨ᠎ᠠ᠃ ᠪᠢᠳᠠ ᠲᠤᠷᠠᠳᠠᠶ᠎ᠠ ᠡᠸᠦ᠋ᠷᠥᠫᠠ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠳᠤ ᠪᠠᠷ ᠡᠯ᠎ᠠ ᠵᠦᠢᠯ ᠤᠨ ᠪᠦᠬᠦ ᠪᠦᠮᠪᠦᠷᠴᠡᠭ ᠤᠨ ᠴᠢᠨᠠᠷᠳᠠᠢ ᠦᠷᠢᠰᠦᠯᠳᠦᠭᠡᠨ ᠢ ᠠᠷᠭᠠᠴᠠᠵᠤ᠂ ᠲᠡᠯᠡᠭᠡᠢ ᠨᠡᠶᠢᠭᠡᠮ ᠤᠨ ᠬᠢᠵᠢᠭ ᠢ ᠡᠰᠡᠷᠭᠦᠴᠡᠬᠦ᠂ ᠠᠵᠤ ᠠᠬᠤᠢ ᠪᠠᠨ ᠰᠡᠷᠭᠦᠭᠡᠭᠦ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠳᠤ ᠨᠠᠩ ᠤᠯᠠᠨ ᠢᠳᠡᠪᠬᠢ ᠬᠦᠴᠦᠨ ᠨᠡᠮᠡᠷᠢᠯᠡᠵᠦ᠂ ᠤᠯᠠᠨ ᠤᠯᠤᠰ ᠤᠨ ᠬᠠᠷᠢᠯᠴᠠᠭ᠎ᠠ ᠳᠤ ᠨᠠᠩ ᠤᠯᠠᠨ ᠲᠤᠬᠳᠠᠭᠤᠨ ᠴᠢᠨᠠᠷ ᠢ ᠬᠠᠨᠭ᠍ᠭᠠᠨ᠎ᠠ᠃ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠤᠯᠠᠨ ᠤᠯᠤᠰ ᠤᠨ ᠷᠠᠳᠢᠣ᠋ ᠬᠤᠷᠢᠶᠠᠨ ᠤ ᠰᠤᠷᠪᠤᠯᠵᠢᠯᠠᠭᠴᠢ ᠄ ᠳᠤᠮᠳᠠᠳᠤ ᠤᠯᠤᠰ ᠨᠢᠭᠡᠨᠲᠡ ᠮᠠᠰᠢ ᠤᠯᠠᠨ ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠲᠤᠰᠠᠯᠠᠭᠰᠠᠨ ᠪᠤᠶᠤ ᠭᠠᠳᠠᠬᠰᠢ ᠭᠠᠷᠭᠠᠵᠤ ᠪᠠᠶᠢᠨ᠎ᠠ᠂ ᠭᠡᠪᠡᠴᠦ ᠵᠠᠷᠢᠮ ᠬᠥᠮᠦᠰ ᠳᠤᠮᠳᠠᠳᠤ ᠤᠯᠤᠰ ᠸᠠᠺᠼᠢᠨ ᠤ ᠭᠠᠳᠠᠭᠠᠳᠤ ᠬᠠᠷᠢᠯᠴᠠᠭ᠎ᠠ ᠪᠠᠶᠢᠭᠤᠯᠵᠤ ᠪᠠᠶᠢᠨ᠎ᠠ ᠭᠡᠵᠦ ᠰᠡᠵᠢᠭᠯᠡᠵᠦ ᠪᠠᠶᠢᠨ᠎ᠠ᠃ ᠲᠠ ᠡᠭᠦᠨ ᠢ ᠬᠡᠷᠬᠢᠨ ᠦᠵᠡᠬᠦ ᠪᠣᠢ︖      ᠸᠠᠩ ᠢ᠄ ᠸᠠᠺᠼᠢᠨ ᠪᠣᠯ ᠸᠢᠷᠦ᠋ᠰ ᠢ ᠡᠰᠡᠷᠭᠦᠴᠡᠬᠦ ᠬᠤᠷᠴᠠ ᠵᠡᠪᠰᠡᠭ ᠮᠥᠨ᠂ ᠠᠮᠢ ᠨᠠᠰᠤ ᠶᠢ ᠠᠪᠤᠷᠠᠬᠤ ᠬᠦᠰᠡᠯ ᠡᠷᠡᠮᠡᠯᠵᠡᠯ ᠮᠥᠨ᠂ ᠪᠦᠬᠦ ᠳᠡᠯᠡᠬᠡᠢ ᠳᠤ ᠦᠢᠯᠡᠴᠢᠯᠡᠵᠦ᠂ ᠪᠦᠬᠦ ᠬᠥᠮᠦᠨ ᠲᠥᠷᠥᠯᠬᠢᠲᠡᠨ ᠳᠤ ᠪᠤᠶᠠᠨ ᠦᠢᠯᠡᠳᠪᠡᠯ ᠵᠤᠬᠢᠨ᠎ᠠ᠃      ᠳᠤᠮᠳᠠᠳᠤ ᠤᠯᠤᠰ ᠸᠠᠺᠼᠢᠨ ᠤ ᠣᠯᠠᠨ ᠨᠡᠶᠢᠲᠡ ᠶᠢᠨ ᠦᠶ᠋ᠯᠡᠳᠬᠦᠨ ᠤ ︽ᠨᠢᠭᠡᠳᠦᠭᠡᠷ ᠬᠠᠷᠢᠶᠠᠯᠠᠬᠤ ᠴᠢᠨᠠᠷ︾᠎ ᠢ ᠡᠷᠡᠰ ᠪᠠᠷᠢᠮᠲᠠᠯᠠᠨ᠎ᠠ᠃ ᠪᠢᠳᠡ ᠤᠷᠢᠳ ᠢᠶᠠᠷ ᠸᠠᠺᠼᠢᠨ ᠢ ᠰᠤᠳᠤᠯᠤᠨ ᠨᠡᠭᠡᠭᠡᠭᠰᠡᠨ ᠤ ᠳᠠᠷᠠᠭ᠎ᠠ ᠪᠥᠬᠦ ᠳᠡᠯᠡᠬᠡᠶ ᠶᠢᠨ ᠣᠯᠠᠨ ᠨᠡᠶᠢᠲᠡ ᠶᠢᠨ ᠦᠶ᠋ᠯᠡᠳᠬᠦᠨ ᠪᠣᠯᠭᠠᠵᠤ᠂ ᠸᠠᠺᠼᠢᠨ ᠤ ᠬᠥᠭᠵᠢᠵᠦ ᠪᠠᠶᠢᠭ᠎ᠠ ᠤᠯᠤᠰ ᠲᠤ ᠬᠦᠷᠴᠦ ᠪᠣᠯᠬᠤᠶᠢᠴᠠ ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ ᠭᠡᠵᠦ ᠠᠮᠠᠯᠳᠠᠪᠠ᠃      ᠳᠤᠮᠳᠠᠳᠤ ᠤᠯᠤᠰ ᠸᠠᠺᠼᠢᠨ ᠤ ᠣᠯᠠᠨ ᠤᠯᠤᠰ ᠤᠨ ᠬᠠᠮᠲᠤᠷᠠᠯᠴᠠᠭᠠᠨ ᠤ ︽ᠨᠢᠭᠡᠳᠦᠭᠡᠷ ᠵᠢᠭᠰᠠᠭᠠᠯ︾᠎ ᠳᠤ ᠡᠷᠡᠰ ᠵᠣᠭᠰᠣᠨ᠎ᠠ᠃ ᠪᠢᠳᠡ ᠨᠢᠭᠡᠨᠲᠡ 10 ᠭᠠᠷᠤᠶ ᠤᠯᠤᠰ ᠲᠠᠢ ᠸᠠᠺᠼᠢᠨ ᠰᠤᠳᠤᠯᠤᠨ ᠨᠡᠭᠡᠭᠡᠬᠦ ᠪᠠ ᠦᠶ᠋ᠯᠡᠳᠪᠦᠷᠢᠯᠡᠯ ᠤᠨ ᠬᠠᠮᠲᠤᠷᠠᠯᠴᠠᠭ᠎ᠠ ᠥᠷᠨᠢᠭᠦᠯᠵᠦ᠂ 100 ᠭᠠᠷᠤᠶ ᠤᠯᠤᠰ ᠤᠨ ᠬᠠᠷᠢᠶ᠎ᠠ ᠲᠠᠢ 10 ᠭᠠᠷᠤᠶ ᠲᠦᠮᠡᠨ ᠰᠠᠶᠢᠨ ᠳᠤᠷᠠᠴᠤᠤᠯ ᠡᠭᠦᠨ ᠳᠤ ᠣᠷᠣᠯᠴᠠᠪᠠ᠃ ᠳᠤᠮᠳᠠᠳᠤ ᠤᠯᠤᠰ ᠤᠨ 17 ᠵᠦᠢᠯ ᠤᠨ ᠸᠠᠺᠼᠢᠨ ᠨᠢᠭᠡᠨᠲᠡ ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ ᠣᠷᠣᠵᠤ᠂ 60 ᠭᠠᠷᠤᠶ ᠤᠯᠤᠰ ᠲᠤ ᠳᠤᠮᠳᠠᠳᠤ ᠤᠯᠤᠰ ᠤᠨ ᠸᠠᠺᠼᠢᠨ ᠢ ᠬᠡᠷᠡᠭᠯᠡᠬᠦ ᠡᠷᠬᠡ ᠣᠯᠭᠤᠭᠰᠠᠨ ᠪᠠᠶᠢᠨ᠎ᠠ᠃ ᠳᠤᠮᠳᠠᠳᠤ ᠤᠯᠤᠰ ᠤᠨ ᠸᠠᠺᠼᠢᠨ ᠤ ᠠᠮᠤᠷ ᠲᠦᠪᠰᠢᠨ ᠴᠢᠨᠠᠷ ᠂ ᠪᠦᠳᠦᠮᠵᠢᠳᠤ ᠴᠢᠨᠠᠷ ᠶᠠᠭ ᠡᠯ᠎ᠡ ᠤᠯᠤᠰ ᠲᠤ ᠥᠷᠭᠡᠨ ᠢᠶᠠᠷ ᠮᠡᠳᠡᠷᠡᠭᠳᠡᠵᠦ ᠪᠠᠶᠢᠨ᠎ᠠ᠃ ᠪᠢᠳᠠ ᠪᠠᠰᠠ ᠳᠤᠷᠠᠲᠠᠶ᠎ᠠ ᠡᠯ᠎ᠡ ᠤᠯᠤᠰ ᠲᠠᠢ ᠸᠠᠺᠼᠢᠨ ᠤ ᠲᠠᠷᠢᠯᠭ᠎ᠠ ᠶᠢ ᠬᠠᠷᠢᠯᠴᠠᠨ ᠮᠡᠳᠡᠷᠡᠬᠦ ᠪᠣᠯᠤᠮᠵᠢᠲᠤ ᠴᠢᠨᠠᠷ ᠪᠠ ᠠᠵᠢᠯᠯᠠᠭᠠᠨ ᠤ ᠲᠥᠰᠦᠯ ᠢ ᠰᠤᠳᠤᠯᠤᠨ ᠶᠠᠷᠢᠯᠴᠠᠨ᠎ᠠ᠃      ᠳᠤᠮᠳᠠᠳᠤ ᠤᠯᠤᠰ ᠸᠠᠺᠼᠢᠨ ᠢ ᠡᠷᠬᠡ ᠲᠡᠭᠰᠢ ᠪᠠᠷ ᠬᠤᠪᠢᠶᠠᠷᠢᠯᠠᠬᠤ ︽ᠨᠢᠭᠡᠳᠦᠭᠡᠷ ᠵᠢᠭᠰᠠᠭᠠᠯ︾᠎ ᠤᠨ ᠡᠭᠦᠷᠭᠡ ᠶᠢ ᠡᠷᠡᠰ ᠡᠭᠦᠷᠭᠡᠯᠡᠨ᠎ᠡ᠃ ᠳᠤᠮᠳᠠᠳᠤ ᠤᠯᠤᠰ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ︽ᠰᠢᠨ᠎ᠡ ᠲᠢᠲᠢᠮᠯᠢᠭ ᠸᠠᠺᠼᠢᠨ ᠤ ᠬᠡᠷᠡᠭᠵᠢᠭᠦᠯᠬᠦ ᠲᠥᠯᠥᠪᠯᠡᠭᠡ︾᠎ ᠳᠤ ᠣᠷᠣᠯᠴᠠᠵᠤ᠂ ᠲᠦᠷᠦᠭᠦᠦ ᠪᠦᠯᠦᠭ ᠲᠤ 1000 ᠲᠦᠮᠡᠨ ᠸᠠᠺᠼᠢᠨ ᠬᠠᠩᠭᠠᠬᠤ ᠪᠠᠷ ᠠᠮᠠᠯᠳᠠᠵᠤ᠂ ᠬᠥᠭᠵᠢᠵᠦ ᠪᠠᠶᠢᠭ᠎ᠠ ᠤᠯᠤᠰ ᠤᠨ ᠪᠠᠴᠢᠮ ᠬᠡᠷᠡᠭᠴᠡᠭᠡ ᠳᠤ ᠬᠡᠷᠡᠭᠯᠡᠨ᠎ᠠ ᠭᠡᠵᠦ ᠲᠣᠳᠣᠷᠬᠠᠶᠢᠯᠠᠪᠠ᠃ ᠳᠤᠮᠳᠠᠳᠤ ᠤᠯᠤᠰ ᠨᠢᠭᠡᠨᠲᠡ ᠪᠠᠴᠢᠮ ᠬᠡᠷᠡᠭᠴᠡᠭᠡ ᠲᠠᠢ 69 ᠬᠥᠭᠵᠢᠵᠦ ᠪᠠᠶᠢᠭ᠎ᠠ ᠤᠯᠤᠰ ᠲᠤ ᠦᠨ᠎ᠠ ᠲᠦᠯᠦᠪᠤᠷᠢ ᠦᠭᠡᠢ ᠸᠠᠺᠼᠢᠨ ᠤ ᠲᠤᠰᠠᠯᠠᠮᠵᠢ ᠬᠠᠩᠭᠠᠭᠰᠠᠨ ᠪᠥᠭᠡᠳ 43 ᠤᠯᠤᠰ ᠲᠤ ᠸᠠᠺᠼᠢᠨ ᠢ ᠭᠠᠷᠭᠠᠵᠤ ᠪᠠᠶᠢᠨ᠎ᠠ᠃ ᠪᠢᠳᠡ ᠪᠠᠰᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠷᠢᠶᠠᠯᠠᠭ᠎ᠠ ᠶᠢ ᠳᠠᠭᠠᠵᠤ᠂ ᠡᠯ᠎ᠡ ᠤᠯᠤᠰ ᠤᠨ ᠡᠩᠬᠡ ᠲᠠᠶᠢᠪᠤᠩ ᠢ ᠬᠠᠮᠠᠭᠠᠯᠠᠬᠤ ᠬᠥᠮᠦᠰ ᠲᠤ ᠸᠠᠺᠼᠢᠨ ᠬᠠᠨᠳᠢᠪᠯᠠᠪᠠ᠃ ᠪᠢᠳᠠ ᠪᠠᠰᠠ ᠳᠤᠷᠠᠲᠠᠶ᠎ᠠ ᠤᠯᠠᠨ ᠤᠯᠤᠰ ᠤᠨ ᠣᠯᠢᠮᠫᠢᠺ ᠤᠨ ᠵᠥᠪᠯᠡᠯ ᠲᠠᠢ ᠬᠠᠮᠲᠤᠷᠠᠯᠴᠠᠵᠤ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠪᠠᠷ ᠪᠡᠯᠡᠳᠬᠡᠵᠦ ᠪᠠᠶᠢᠭ᠎ᠠ ᠲᠠᠮᠢᠷᠴᠢᠳ ᠲᠤ ᠸᠠᠺᠼᠢᠨ ᠬᠠᠩᠭᠠᠨ᠎ᠠ᠃ ᠳᠤᠮᠳᠠᠳᠤ ᠤᠯᠤᠰ ᠤᠨ ᠸᠠᠺᠼᠢᠨ ᠪᠦᠬᠦ ᠪᠥᠮᠪᠥᠷᠴᠡᠭ ᠤᠨ ᠬᠢᠵᠢᠭ ᠢ ᠡᠰᠡᠷᠭᠦᠴᠡᠬᠦ ᠳᠤ ᠨᠡᠩ ᠤᠯᠠᠨ ᠢᠲᠡᠭᠡᠯ ᠪᠠ ᠬᠦᠰᠡᠯ ᠡᠷᠡᠮᠡᠯᠵᠡᠯ ᠣᠯᠭᠤᠬᠤ ᠶᠢ ᠬᠦᠰᠡᠵᠦ ᠪᠠᠶᠢᠨ᠎ᠠ᠃      ᠣᠳᠣᠬᠠᠨ ᠳᠤ᠂ ᠪᠥᠬᠦ ᠳᠡᠯᠡᠬᠡᠶ ᠶᠢᠨ ᠣᠯᠠᠨ ᠵᠦᠶ᠋ᠯ ᠤᠨ ᠸᠠᠺᠼᠢᠨ ᠨᠢᠭᠡᠨᠳᠡ ᠵᠠᠬ᠎ᠠ ᠳᠡᠯᠭᠡᠭᠦᠷ ᠲᠤ ᠭᠠᠷᠴᠤ᠂ ᠠᠯᠢ ᠵᠦᠶ᠋ᠯ ᠤᠨ ᠸᠠᠺᠼᠢᠨ ᠢ ᠰᠣᠩᠭᠤᠬᠤ ᠶᠢ ᠡᠯ᠎ᠡ ᠤᠯᠤᠰ ᠥᠪᠡᠷ ᠲᠡᠭᠡᠨ ᠲᠣᠭᠲᠠᠭᠠᠨ᠎ᠠ᠃ ᠳᠤᠮᠳᠠᠳᠤ ᠤᠯᠤᠰ ᠤᠨ ᠸᠠᠺᠼᠢᠨ ᠭᠡᠰᠡᠨ ᠥᠬᠡᠶ᠂ ᠭᠠᠳᠠᠭᠠᠳᠤ ᠤᠯᠤᠰ ᠤᠨ ᠸᠠᠺᠼᠢᠨ ᠭᠡᠰᠡᠨ ᠥᠬᠡᠶ᠂ ᠠᠮᠤᠷ ᠲᠦᠪᠰᠢᠨ ᠨᠠᠶᠢᠳᠠᠪᠤᠷᠢᠲᠠᠶ ᠯᠠ ᠶᠤᠮ ᠪᠣᠯ ᠳᠠᠷᠤᠶ ᠰᠠᠶᠢᠨ ᠸᠠᠺᠼᠢᠨ ᠪᠣᠯᠤᠨ᠎ᠠ᠃ ᠪᠢᠳᠡ ︽ᠸᠠᠺᠼᠢᠨ ᠤ ᠦᠨᠳᠦᠰᠦᠲᠡᠨ ᠤ ᠦᠵᠡᠯ︾᠎ ᠢ ᠡᠰᠡᠷᠭᠦᠴᠡᠵᠦ᠂ ︽ᠡᠭᠡᠯᠢᠯᠡᠭᠡ ᠶᠢᠨ ᠵᠠᠭᠠᠭ︾᠎ ᠢ ᠪᠤᠢ ᠪᠤᠯᠭᠠᠬᠤ ᠶᠢ ᠬᠦᠯᠢᠶᠡᠬᠦ ᠦᠭᠡᠢ᠂ ᠨᠡᠩ ᠴᠤ ᠸᠠᠺᠼᠢᠨ ᠤ ᠬᠠᠮᠳᠤᠷᠠᠯᠴᠠᠭ᠎ᠠ ᠶᠢ ᠤᠯᠤᠰ ᠲᠦᠷᠦᠴᠢᠯᠡᠬᠦ ᠶᠠᠮᠠᠷᠪᠠ ᠭᠤᠷᠢᠳᠠᠯᠭ᠎ᠠ ᠶᠢ ᠡᠰᠡᠷᠭᠦᠴᠡᠨ᠎ᠡ᠃ ᠪᠢᠳᠡ ᠴᠢᠳᠠᠪᠤᠷᠢ ᠲᠠᠢ ᠤᠯᠤᠰ ᠪᠦᠬᠦᠨ ᠴᠥᠮ ᠬᠡᠷᠡᠭᠴᠡᠭᠡ ᠲᠠᠢ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠲᠤ ᠸᠠᠺᠼᠢᠨ ᠬᠠᠩᠭᠠᠵᠤ᠂ ᠡᠯ᠎ᠡ ᠤᠯᠤᠰ ᠤᠨ ᠠᠷᠠᠳ ᠲᠦᠮᠡᠨ ᠤ ᠬᠡᠷᠡᠭᠯᠡᠵᠦ ᠳᠡᠶᠢᠯᠬᠦ᠂ ᠬᠡᠷᠡᠭᠯᠡᠵᠦ ᠴᠢᠳᠠᠬᠤ᠂ ᠦᠨᠡᠨ ᠬᠦ ︽ᠠᠷᠠᠳ ᠲᠦᠮᠡᠨ ᠤ ᠸᠠᠺᠼᠢᠨ︾ ᠪᠣᠯᠬᠤ ᠶᠢ ᠬᠦᠰᠡᠵᠦ ᠪᠠᠶᠢᠨ᠎ᠠ᠃ᠠᠷᠠᠪ ᠤᠨ ᠬᠤᠯᠪᠣᠭᠠᠲᠤ ᠠᠬᠠᠮᠠᠳᠳᠦ ᠤᠯᠤᠰ ᠤᠨ ᠳᠤᠮᠳᠠᠳᠤ ᠠᠷᠠᠪ ᠤᠨ ᠤᠳᠤᠨ ᠲᠧᠯᠸᠢᠰ ᠤᠨ ᠰᠤᠷᠪᠤᠯᠵᠢᠯᠠᠭᠴᠢ᠄ ᠲᠠ ᠥᠩᠭᠡᠷᠡᠭᠰᠡᠨ ᠨᠢᠭᠡ ᠵᠢᠯ ᠤᠨ ᠳᠤᠮᠳᠠᠳᠤ ᠠᠷᠠᠪ ᠤᠨ ᠬᠠᠷᠢᠯᠴᠠᠭ᠎ᠠ ᠶᠢ ᠬᠡᠷᠬᠢᠨ ᠦᠨᠡᠯᠡᠬᠦ ᠪᠤᠢ︖ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠬᠡᠵᠢᠶ᠎ᠡ ᠬᠤᠷᠠᠯᠳᠤᠬᠤ ᠪᠣᠶ︖      ᠸᠠᠩ ᠢ᠄ ᠬᠢᠵᠢᠭ ᠤᠨ ᠪᠠᠶᠢᠳᠠᠯ ᠤᠨ ᠳᠠᠭᠠᠷᠢᠯᠲᠠ ᠳᠤ᠂ ᠨᠢᠳᠤᠨᠤᠨ ᠳᠤᠮᠳᠠᠳᠤ ᠠᠷᠠᠪ ᠤᠨ ᠬᠠᠷᠢᠯᠴᠠᠭ᠎ᠠ ᠪᠠᠶᠢᠳᠠᠯ ᠢ ᠰᠥᠷᠥᠨ ᠤᠷᠤᠭᠰᠢᠯᠠᠵᠤ᠂ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠪᠠ᠃ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠶᠢᠰᠦᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠬᠤᠷᠠᠯᠳᠤᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃ ᠳᠤᠮᠳᠠᠳᠤ ᠠᠷᠠᠪ ᠤᠨ ᠤᠯᠤᠰ ᠲᠦᠷᠦ ᠶᠢᠨ ᠬᠠᠷᠢᠯᠴᠠᠭ᠎ᠠ ᠰᠢᠨ᠎ᠡ ᠬᠠᠭᠤᠳᠠᠰᠤ ᠶᠢ ᠨᠡᠭᠡᠭᠡᠪᠡ᠃ᠰᠠᠦ᠋ᠳᠢ ᠠᠷᠠᠪ ᠤᠨ ᠤᠯᠤᠰ ᠤᠨ ᠸᠠᠩ ᠪᠣᠯ ᠲᠡᠷᠢᠭᠦᠯᠡᠭᠴᠢ ᠰᠢ ᠶᠢᠨ ᠫᠢᠩ ᠳᠤ ᠬᠠᠮᠤᠭ ᠤᠨ ᠲᠦᠷᠦᠭᠦᠨ ᠳᠤ ᠤᠳᠠᠰᠤ ᠶᠠᠪᠤᠭᠤᠯᠵᠤ ᠳᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠶᠢ ᠳᠡᠮᠵᠢᠭᠰᠡᠨ ᠭᠠᠳᠠᠭᠠᠳᠤ ᠤᠯᠤᠰ ᠤᠨ ᠲᠡᠷᠢᠭᠦᠨ ᠮᠥᠨ᠂ ᠠᠷᠠᠪ ᠤᠨ ᠬᠤᠯᠪᠣᠭᠠᠲᠤ ᠠᠬᠠᠮᠠᠳᠳᠦ ᠤᠯᠤᠰ ᠪᠣᠯ ᠬᠠᠮᠤᠭ ᠤᠨ ᠲᠦᠷᠦᠭᠦᠨ ᠳᠤ ᠳᠤᠮᠳᠠᠳᠤ ᠤᠯᠤᠰ ᠤᠨ ᠸᠠᠺᠼᠢᠨ ᠤ ᠭᠤᠷᠪᠠᠳᠤᠭᠠᠷ ᠬᠤᠭᠤᠴᠠᠭ᠎ᠠ ᠶᠢᠨ ᠬᠢᠯᠢ ᠶᠢᠨ ᠭᠠᠳᠠᠨᠠᠬᠢ ᠲᠤᠷᠰᠢᠯᠲᠠ ᠶᠢ ᠬᠦᠯᠢᠶᠡᠭᠰᠡᠨ ᠤᠯᠤᠰ ᠪᠣᠯᠤᠨ᠎ᠠ᠃ ᠳᠤᠮᠳᠠᠳᠤ ᠠᠷᠠᠪ ᠪᠦᠯᠬᠦᠮᠳᠡᠨ ᠬᠢᠵᠢᠭ ᠲᠠᠢ ᠲᠡᠮᠡᠴᠡᠵᠦ ᠰᠢᠨ᠎ᠡ ᠬᠡᠪ ᠳᠠᠭᠤᠷᠢᠶᠠᠯ ᠪᠣᠯᠪᠠ᠃      ᠨᠢᠳᠤᠨᠤᠨ᠂ ᠳᠤᠮᠳᠠᠳᠤ ᠠᠷᠠᠪ ᠤᠨ ᠠᠷᠠᠯᠵᠢᠶᠠᠨ ᠤ ᠬᠡᠮᠵᠢ᠊ ᠡᠶ᠎ᠡ 2400 ᠳ᠋ᠦᠩᠰᠢᠭᠤᠷ ᠳ᠋ᠣᠯᠯᠠᠷ ᠲᠤ ᠬᠦᠷᠴᠦ ᠂ ᠳᠤᠮᠳᠠᠳᠤ ᠤᠯᠤᠰ ᠠᠷᠠᠪ ᠤᠨ ᠤᠯᠤᠰ ᠤᠳ ᠤᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠤᠯᠤᠰ ᠤᠨ ᠪᠠᠶᠢᠷᠢ ᠰᠠᠭᠤᠷᠢ ᠶᠢ ᠯᠠᠪᠳᠠᠭᠤᠨ ᠢᠶᠠᠷ ᠡᠵᠡᠯᠡᠪᠡ︔ ᠳᠤᠮᠳᠠᠳᠤ ᠠᠷᠠᠪ ᠤᠨ ︽ᠨᠢᠭᠡ ᠪᠦᠰᠡ ᠨᠢᠭᠡ ᠵᠠᠮ︾᠎ ᠤᠨ ᠭᠤᠣᠯᠳᠠᠯᠭ᠎ᠠ ᠲᠠᠢ ᠲᠦᠷᠦᠯ ᠵᠦᠢᠯ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠵᠤ᠂ 5 G᠂ ᠵᠤᠬᠢᠶᠠᠮᠠᠯ ᠤᠶᠤᠨᠴᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠶᠠᠭ ᠥᠷᠨᠢᠨ ᠬᠥᠭᠵᠢᠵᠦ ᠪᠠᠶᠢᠨ᠎ᠠ᠃ ᠳᠤᠮᠳᠠᠳᠤ ᠠᠷᠠᠪ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠪᠠ᠃ᠠᠷᠠᠪ ᠤᠨ ᠵᠦᠢᠷ ᠦᠭᠡᠨ ᠳᠤ ᠨᠥᠬᠦᠷᠯᠡᠯ ᠪᠣᠯ ᠮᠣᠳᠣ᠂ ᠦᠨᠡᠨᠴᠢ ᠪᠣᠯ ᠦᠨᠳᠦᠰᠦ᠂ ᠨᠥᠬᠦᠷᠰᠡᠭ ᠪᠣᠯ ᠰᠠᠯᠠᠭ᠎ᠠ ᠭᠡᠳᠡᠭ᠃ ᠳᠤᠮᠳᠠᠳᠤ ᠤᠯᠤᠰ ᠳᠤᠷᠠᠲᠠᠶ᠎ᠠ ᠠᠷᠠᠪ ᠤᠨ ᠬᠢᠨ ᠲᠠᠢ ᠬᠠᠮᠲᠤ ᠪᠠᠷ ᠴᠢᠷᠮᠠᠶᠢᠵᠤ᠂ ᠴᠢᠩ ᠦᠨᠡᠨᠴᠢ ᠪᠠᠷ ᠪᠦᠯᠬᠦᠮᠳᠡᠵᠦ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠢ ᠬᠠᠮᠲᠤ ᠪᠠᠷ ᠰᠠᠶᠢᠲᠤᠷ ᠪᠡᠯᠡᠳᠬᠡᠵᠦ᠂ ᠳᠤᠮᠳᠠᠳᠤ ᠠᠷᠠᠪ ᠤᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠳᠤ ᠨᠡᠩ ᠤᠯᠠᠨ ᠰᠢᠨ᠎ᠡ ᠠᠭᠤᠯᠤᠭᠳᠠᠬᠤᠨ ᠨᠡᠮᠡᠷᠢᠯᠡᠵᠦ᠂ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠲᠡᠷᠢᠭᠦᠯᠡᠭᠴᠢ ᠰᠢ ᠶᠢᠨ ᠫᠢᠩ 2017 ᠣᠨ ᠳᠤ ᠠᠵᠤ ᠠᠬᠤᠢ ᠶᠢᠨ ᠳᠡᠯᠡᠬᠡᠶᠢᠵᠢᠯᠲᠡ ᠶᠢᠨ ᠲᠤᠬᠠᠢ ᠴᠢᠬᠤᠯᠠ ᠶᠠᠷᠢᠶ᠎ᠠ ᠲᠠᠯᠪᠢᠵᠤ᠂ ᠡᠨᠡ ᠵᠢᠯ ᠪᠠᠰᠠ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠳᠤ ᠤᠯᠠᠨ ᠲᠠᠯᠠᠲᠤ ᠦᠵᠡᠯ ᠤᠨ ᠲᠤᠬᠠᠢ ᠲᠤᠰᠬᠠᠢ ᠪᠠᠶᠠᠷ ᠤᠨ ᠦᠭᠡ ᠬᠡᠯᠡᠵᠡᠢ᠃ ᠳᠤᠮᠳᠠᠳᠤ ᠤᠯᠤᠰ ᠣᠯᠠᠨ ᠲᠠᠯᠠᠲᠤ ᠦᠵᠡᠯ ᠢ ᠬᠠᠮᠠᠭᠠᠯᠠᠬᠤ ᠪᠠ ᠪᠥᠬᠦ ᠪᠥᠮᠪᠥᠷᠴᠡᠭ ᠤᠨ ᠵᠠᠰᠠᠯᠲᠠ ᠳᠤ ᠣᠷᠣᠯᠴᠠᠬᠤ ᠲᠠᠯ᠎ᠠ ᠪᠠᠷ ᠬᠥᠲᠥᠯᠥᠨ ᠳᠠᠭᠠᠭᠤᠯᠬᠤ ᠦᠶ᠋ᠯᠡᠳᠦᠯ ᠦᠵᠡᠭᠦᠯᠪᠡ ᠭᠡᠵᠦ ᠳᠡᠯᠡᠬᠡᠶ ᠨᠡᠶᠢᠲᠡ ᠪᠠᠷ ᠢᠶᠠᠨ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃ ᠡᠨᠡ ᠲᠤᠬᠠᠢ ᠲᠠ ᠶᠠᠭᠠᠬᠢᠵᠤ ᠦᠵᠡᠬᠦ ᠪᠣᠶ︖      ᠸᠠᠩ ᠢ᠄ ᠲᠡᠷᠢᠭᠦᠯᠡᠭᠴᠢ ᠰᠢ ᠶᠢᠨ ᠫᠢᠩ ᠤᠨ ᠲᠦᠷᠪᠡᠨ ᠵᠢᠯ ᠠᠯᠤᠰᠯᠠᠭᠰᠠᠨ ᠬᠤᠶᠠᠷ ᠤᠳᠠᠭ᠎ᠠ ᠶᠢᠨ ᠴᠢᠬᠤᠯᠠ ᠶᠠᠷᠢᠶ᠎ᠠ ᠪᠣᠯ ᠴᠥᠮ ᠤᠯᠠᠨ ᠤᠯᠤᠰ ᠤᠨ ᠪᠠᠶᠢᠷᠢᠰᠢᠯ ᠤᠨ ᠬᠤᠪᠢᠰᠤᠯᠲᠠ ᠡᠷᠬᠢᠯᠳᠡ ᠶᠢᠨ ᠵᠠᠩᠭᠢᠯᠠᠭ᠎ᠠ ᠶᠢᠨ ᠦᠶ᠎ᠡ ᠳᠤ ᠭᠠᠷᠭᠠᠭᠰᠠᠨ ᠴᠢᠬᠤᠯᠠ ᠶᠡᠭᠡ ᠲᠤᠩᠬᠠᠭᠯᠠᠯ ᠪᠣᠯᠤᠨ᠎ᠠ᠂ ᠡᠨᠡ ᠨᠢ ᠳᠡᠯᠡᠬᠡᠢ ᠳ᠋ᠠᠬᠢᠨ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠬᠡᠳᠤ ᠶᠢᠨ ᠨᠥᠯᠥᠭᠡ ᠲᠠᠢ ᠶᠤᠮ᠃      4 ᠵᠢᠯ ᠤᠨ ᠡᠮᠦᠨ᠎ᠡ᠂ ᠳᠡᠯᠡᠬᠡᠶᠢᠵᠢᠯᠲᠡ ᠶᠢᠨ ︽ᠦᠯᠡᠳᠡᠭᠡᠬᠦ ᠪᠠ ᠬᠠᠶᠠᠭᠳᠠᠬᠤ ᠲᠡᠮᠡᠴᠡᠯ︾᠎ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠤᠷᠤᠰᠬᠠᠯ ᠤᠨ ᠡᠮᠦᠨ᠎ᠡ ᠵᠣᠭᠰᠣᠵᠤ᠂ ᠠᠵᠤ ᠠᠬᠤᠢ ᠶᠢᠨ ᠳᠡᠯᠡᠬᠡᠶᠢᠵᠢᠯᠲᠡ ᠶᠢ ᠳᠡᠮᠵᠢᠬᠦ ᠴᠠᠭ ᠦᠶ᠎ᠡ ᠶᠢᠨ ᠬᠦᠴᠦᠷᠬᠡᠭ ᠳᠠᠭᠤᠨ ᠢ ᠴᠤᠤᠷᠢᠶᠠᠲᠤᠭᠤᠯᠪᠠ︔ 4 ᠵᠢᠯ ᠤᠨ ᠳᠠᠷᠠᠭ᠎ᠠ᠂ ᠤᠯᠠᠨ ᠲᠠᠯᠠᠲᠤ ᠦᠵᠡᠯ ᠤᠨ ︽ᠬᠠᠮᠢᠭᠠᠰᠢ ᠶᠠᠪᠤᠬᠤ︾ ᠪᠠᠶᠢᠳᠠᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤᠮᠳᠠᠳᠤ ᠤᠯᠤᠰ ᠤᠨ ᠲᠥᠰᠦᠯ ᠢ ᠳᠤᠷᠠᠳᠪᠠ᠃ ᠡᠨᠡ ᠬᠤᠶᠠᠷ ᠤᠳᠠᠭ᠎ᠠ ᠶᠢᠨ ᠴᠢᠬᠤᠯᠠ ᠶᠠᠷᠢᠶ᠎ᠠ ᠨᠢ ᠴᠠᠭ ᠦᠶ᠎ᠡ ᠶᠢᠨ ᠵᠠᠯᠠᠭᠤᠷ ᠢ ᠠᠳᠬᠤᠨ ᠴᠢᠭᠯᠡᠯ ᠢ ᠲᠣᠭᠲᠠᠭᠠᠵᠤ᠂ ᠳᠡᠯᠡᠬᠡᠢ ᠳ᠋ᠠᠬᠢᠨ ᠤ ᠰᠡᠵᠢᠭ ᠲᠦᠭᠡᠷᠢᠭᠳᠡᠯ ᠢ ᠠᠯᠳᠠᠷᠠᠭᠠᠵᠤ᠂ ᠳᠡᠯᠡᠬᠡᠢ ᠨᠡᠶᠢᠲᠡ ᠶᠢᠨ ᠮᠠᠭᠲᠠᠭᠠᠯ ᠰᠠᠶᠢᠰᠢᠶᠠᠯ ᠢ ᠤᠯᠪᠠ᠃ ᠤᠯᠠᠨ ᠲᠠᠯᠠᠲᠤ ᠦᠵᠡᠯ ᠪᠣᠯ ᠳᠤᠮᠳᠠᠳᠤ ᠤᠯᠤᠰ ᠤᠨ ᠢᠮᠠᠭᠲᠠ ᠶᠢᠨ ᠡᠷᠡᠰ ᠪᠠᠲᠤ ᠰᠣᠩᠭᠤᠯᠲᠠ ᠮᠥᠨ᠂ ᠶᠡᠷᠦ ᠠᠴᠠ ᠴᠠᠭ ᠦᠶ᠎ᠡ ᠪᠠ ᠤᠴᠢᠷ ᠶᠠᠪᠤᠳᠠᠯ ᠠᠴᠠ ᠰᠢᠯᠳᠠᠭᠠᠯᠠᠭᠳᠠᠨ ᠬᠤᠪᠢᠷᠠᠵᠤ ᠥᠩᠭᠡᠷᠡᠭᠰᠡᠨ ᠦᠭᠡᠢ ᠶᠤᠮ᠃ ᠳᠡᠯᠡᠬᠡᠢ ᠳᠡᠭᠡᠷ᠎ᠡ ᠲᠠᠰᠤᠷᠠᠯᠳᠠ ᠦᠭᠡᠢ ᠡᠭᠦᠰᠴᠦ ᠪᠠᠶᠢᠭ᠎ᠠ ᠬᠦᠴᠢᠷ ᠠᠰᠠᠭᠤᠳᠠᠯ ᠪᠠ ᠥᠷᠢᠰᠥᠯᠳᠦᠭᠡᠨ ᠤ ᠡᠮᠦᠨ᠎ᠡ᠂ ᠰᠢᠢᠳᠪᠦᠷᠢᠯᠡᠬᠦ ᠠᠷᠭ᠎ᠠ ᠵᠠᠮ ᠨᠢ ᠡᠯ᠎ᠡ ᠤᠯᠤᠰ ᠴᠥᠮ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠬᠤ ᠳᠤ ᠪᠠᠶᠢᠨ᠎ᠠ ᠃ ᠳᠤᠮᠳᠠᠳᠤ ᠤᠯᠤᠰ ᠤᠨ ᠦᠵᠡᠬᠦ ᠪᠠᠷ᠂ ᠵᠢᠩᠬᠢᠨᠢ ᠤᠯᠠᠨ ᠲᠠᠯᠠᠲᠤ ᠦᠵᠡᠯ ᠨᠢ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ︾᠎ ᠤᠨ ᠵᠣᠷᠢᠯᠲᠠ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠪᠠᠯ ᠵᠣᠬᠢᠨ᠎ᠠ᠃ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠪᠢᠳᠡᠬᠦᠮᠵᠢᠯᠡᠨ ᠪᠤᠰᠤᠳ ᠢ ᠭᠠᠳᠠᠭᠤᠷᠴᠢᠯᠠᠵᠤ ᠪᠣᠯᠬᠤ ᠦᠭᠡᠢ︔ ᠡᠷᠬᠡ ᠲᠡᠭᠰᠢ ᠪᠠᠷ ᠵᠥᠪᠳᠡᠯᠴᠡᠬᠦ ᠶᠢ ᠪᠠᠷᠢᠮᠲᠠᠯᠠᠵᠤ᠂ ᠵᠤᠷᠢᠭ ᠢᠶᠠᠷ ᠢᠶᠠᠨ ᠵᠤᠳᠤᠵᠦ᠂ ᠰᠠᠨᠠᠭ᠎ᠠ ᠪᠠᠷ ᠢᠶᠠᠨ ᠰᠠᠪᠠᠵᠦ ᠪᠤᠯᠬᠤ ᠦᠭᠡᠢ᠃ ᠤᠯᠠᠨ ᠲᠠᠯᠠᠲᠤ ᠦᠵᠡᠯ ᠪᠣᠯ ᠲᠤᠭ ᠲᠡᠮᠳᠡᠭ ᠮᠥᠨ᠂ ᠬᠠᠷᠢᠨ ᠬᠠᠯᠬᠠᠪᠴᠢ ᠪᠢᠰᠢ︔ ᠢᠲᠡᠭᠡᠯ ᠮᠦᠨ᠂ ᠬᠠᠷᠢᠨ ᠦᠭᠡ ᠬᠡᠯᠡᠬᠦ ᠲᠡᠳᠦᠢ ᠪᠢᠰᠢ᠃ ︽ᠵᠢᠵᠢᠭ ᠪᠦᠯᠬᠦᠮ ᠤᠨ ᠣᠯᠠᠨ ᠲᠠᠯᠠᠲᠤ ᠦᠵᠡᠯ︾ ᠪᠣᠯ ᠮᠥᠨ ᠯᠡ ᠪᠦᠯᠦᠭᠯᠡᠯ ᠤᠨ ᠤᠯᠤᠰ ᠲᠥᠷᠥ ᠮᠥᠨ᠂ ︽ᠲᠣᠰ ᠤᠯᠤᠰ ᠢᠶᠠᠨ ᠤᠷᠢᠳ ᠢᠶᠠᠷ ᠪᠤᠳᠤᠯᠬᠢᠯᠠᠬᠤ ᠣᠯᠠᠨ ᠲᠠᠯᠠᠲᠤ ᠦᠵᠡᠯ︾ ᠪᠣᠯ ᠪᠠᠰᠠ ᠴᠤ ᠭᠠᠭᠴᠠ ᠲᠠᠯᠠᠲᠤ ᠰᠡᠳᠬᠢᠬᠦᠶ ᠮᠥᠨ᠂ ︽ᠰᠣᠩᠭᠤᠯᠲᠠ ᠲᠠᠢ ᠣᠯᠠᠨ ᠲᠠᠯᠠᠲᠤ ᠦᠵᠡᠯ︾ ᠪᠣᠯ ᠵᠥᠪ ᠰᠣᠩᠭᠤᠯᠲᠠ ᠪᠢᠰᠢ᠃ ᠳᠡᠯᠡᠬᠡᠢ ᠨᠡᠶᠢᠭᠡᠮ ᠤᠨ ᠪᠤᠢ ᠪᠦᠬᠦᠢ ᠪᠦᠷᠢᠯᠳᠦᠬᠦᠨ ᠬᠠᠮᠲᠤ ᠪᠠᠷ ᠴᠢᠷᠮᠠᠶᠢᠵᠤ᠂ ᠤᠯᠠᠨ ᠲᠠᠯᠠᠲᠤ ᠦᠵᠡᠯ ᠤᠨ ᠭᠠᠯ ᠪᠠᠮᠪᠠᠷ ᠢᠶᠠᠷ ᠬᠥᠮᠦᠨ ᠲᠥᠷᠥᠯᠬᠢᠲᠡᠨ ᠤ ᠢᠷᠡᠭᠡᠳᠦᠢ ᠶᠢᠨ ᠵᠠᠮ ᠢ ᠬᠡᠷᠡᠯᠳᠦᠬᠦᠯᠬᠦ ᠶᠢ ᠳᠤᠮᠳᠠᠳᠤ ᠤᠯᠤᠰ ᠬᠦᠰᠡᠵᠦ ᠪᠠᠶᠢᠨ᠎ᠠ᠃       ᠰᠢᠩᠭᠠᠫᠣᠷ ᠤᠨ ︽ᠬᠠᠮᠲᠤᠷᠠᠭᠰᠠᠨ ᠥᠷᠯᠥᠭᠡ ᠶᠢᠨ ᠰᠣᠨᠢᠨ︾᠎ ᠤ ᠰᠤᠷᠪᠤᠯᠵᠢᠯᠠᠭᠴᠢ᠄ ᠮᠠᠰᠢ ᠤᠯᠠᠨ ᠬᠥᠮᠦᠨ ᠤ ᠦᠵᠡᠬᠦ ᠪᠠᠷ᠂ ᠳᠤᠮᠳᠠᠳᠤ ᠤᠯᠤᠰ ᠤᠨ ᠬᠥᠭᠵᠢᠨ ᠮᠠᠨᠳᠤᠭᠰᠠᠨ ᠪᠠᠶᠢᠳᠠᠯ ᠳᠣᠣᠷ᠎ᠠ᠂ ᠳᠤᠮᠳᠠᠳᠤ ᠤᠯᠤᠰ ᠪᠣᠯᠤᠨ ᠥᠷᠥᠨᠡᠳᠠᠬᠢᠨ ᠤ ᠦᠵᠡᠯ ᠤᠬᠠᠮᠰᠠᠷ ᠤᠨ ᠬᠡᠯᠪᠡᠷᠢ ᠪᠣᠯᠤᠨ ᠪᠠᠶᠢᠭᠤᠯᠤᠯ ᠤᠨ ᠥᠷᠢᠰᠥᠯᠳᠦᠭᠡᠨ ᠨᠡᠩ ᠰᠢᠷᠦᠭᠦᠰᠴᠦ᠂ ᠳᠤᠮᠳᠠᠳᠤ ᠤᠯᠤᠰ ᠪᠣᠯᠤᠨ ᠠᠮᠧᠷᠢᠺᠠ ᠵᠡᠷᠭᠡ ᠥᠷᠥᠨᠡᠳᠠᠬᠢᠨ ᠤ ᠤᠯᠤᠰ ᠤᠳ ᠤᠨ ᠵᠥᠷᠢᠴᠡᠯ ᠨᠢ ᠳᠡᠯᠡᠬᠡᠢ ᠳ᠋ᠠᠬᠢᠨ ᠢ ᠬᠠᠭᠠᠴᠠᠭᠤᠯᠵᠤ ᠮᠡᠳᠡᠨ᠎ᠠ᠃ ᠡᠨᠡ ᠲᠤᠬᠠᠢ ᠲᠠ ᠶᠠᠭᠠᠬᠢᠵᠤ ᠦᠵᠡᠬᠦ ᠪᠣᠶ︖ ᠸᠠᠩ ᠢ᠄ ᠳᠡᠯᠡᠬᠡᠢ ᠶᠢᠷᠲᠢᠨᠴᠦ ᠤᠤᠯ ᠠᠴᠠ ᠪᠠᠨ ᠪᠠᠶᠠᠯᠢᠭ ᠰᠠᠶᠢᠬᠠᠨ ᠪᠠᠶᠢᠳᠠᠭ᠃ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠢᠭᠡ ᠯᠡ ᠠᠷᠭ᠎ᠠ ᠵᠠᠮ ᠪᠠᠶᠢᠬᠤ ᠪᠣᠯᠤᠯᠴᠠᠭ᠎ᠠ ᠦᠭᠡᠢ᠂ ᠨᠢᠭᠡ ᠯᠡ ᠵᠦᠢᠯ ᠤᠨ ᠵᠠᠭᠪᠤᠷ ᠪᠠᠶᠢᠬᠤ ᠶᠣᠰᠣ ᠪᠠᠰᠠ ᠦᠭᠡᠢ᠃ ᠪᠠᠶᠢᠭᠤᠯᠤᠯ ᠤᠨ ᠰᠣᠩᠭᠤᠯᠲᠠ ᠳᠤ ᠪᠡᠶ᠎ᠡ ᠪᠠᠨ ᠬᠡᠮᠵᠢᠵᠦ ᠬᠤᠪᠴᠠᠰᠤ ᠡᠰᠬᠡᠬᠦ ᠴᠢᠬᠤᠯᠠᠳᠠᠢ᠂ ᠬᠥᠯ ᠢᠶᠠᠨ ᠱᠤᠯᠤᠵᠤ ᠭᠤᠲᠤᠯ ᠳᠠᠭᠠᠨ ᠳᠠᠭᠠᠷᠠᠭᠤᠯᠵᠤ ᠪᠣᠯᠬᠤ ᠦᠭᠡᠢ᠃ ᠨᠢᠭᠡ ᠤᠯᠤᠰ ᠤᠨ ᠶᠠᠪᠤᠭᠰᠠᠨ ᠵᠠᠮ ᠤᠨ ᠵᠥᠪ ᠡᠰᠡᠬᠦ ᠶᠢᠨ ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠬᠦ ᠡᠰᠡᠬᠦ ᠳᠤ ᠪᠠᠶᠢᠨ᠎ᠠ᠃ ᠭᠦᠳᠬᠡᠬᠦ᠂ ᠥᠪᠡᠷ ᠲᠠᠢ ᠨᠢ ᠠᠳᠠᠯᠢ ᠪᠤᠰᠤ ᠪᠠᠶᠢᠭᠤᠯᠤᠯ ᠢ ᠳᠠᠷᠤᠬᠤ᠂ ᠴᠢᠨᠠᠭᠰᠢᠯᠠᠪᠠᠯ ᠵᠤᠷᠢᠭ ᠢᠶᠠᠷ ᠢᠶᠠᠨ ᠵᠤᠳᠤᠵᠦ᠂ ᠰᠠᠨᠠᠭ᠎ᠠ ᠪᠠᠷ ᠢᠶᠠᠨ ᠰᠠᠪᠠᠭ᠋ᠤ ᠨᠢ ᠮᠥᠨ ᠴᠢᠨᠠᠷ ᠳᠡᠭᠡᠷ᠎ᠡ ᠪᠠᠨ ᠨᠢᠭᠡ ᠵᠦᠢᠯ ᠤᠨ ︽ᠪᠠᠶᠢᠭᠤᠯᠤᠯ ᠤᠨ ᠡᠵᠡᠷᠬᠡᠭᠯᠡᠯ︾ ᠮᠥᠨ᠃      ᠥᠩᠭᠡᠷᠡᠭᠰᠡᠨ ᠨᠢᠭᠡ ᠵᠢᠯ ᠤᠨ ᠲᠤᠷᠰᠢ᠂ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠬᠥᠮᠦᠨ ᠲᠥᠷᠥᠯᠬᠢᠲᠡᠨ ᠪᠣᠯ ᠬᠤᠪᠢ ᠵᠠᠶᠠᠭ᠎ᠠ ᠨᠢᠭᠡᠲᠡᠢ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠠᠮᠲᠤ ᠶᠢᠨ ᠴᠣᠭᠴᠠ ᠪᠣᠯᠬᠤ ᠶᠢ ᠬᠥᠮᠦᠰ ᠲᠤ ᠳᠠᠬᠢᠨᠲᠠ ᠰᠡᠷᠡᠮᠵᠢᠯᠡᠭᠦᠯᠪᠡ᠃ ᠣᠳᠣᠬᠢ ᠳᠡᠯᠡᠬᠡᠶ ᠶᠢᠷᠲᠢᠨᠴᠦ ᠨᠢᠭᠡᠨᠲᠡ ᠬᠠᠭᠠᠴᠠᠯ ᠤᠨ ᠦᠷ᠎ᠡ ᠳ᠋ᠦᠩ ᠢ ᠡᠭᠦᠷᠭᠡᠯᠡᠬᠦ ᠶᠢᠨ ᠠᠷᠭ᠎ᠠ ᠦᠭᠡᠢ ᠪᠣᠯᠵᠠᠶ᠂ ᠨᠠᠩ ᠴᠤ ᠮᠥᠷᠭᠦᠯᠳᠦᠭᠡᠨ ᠤ ᠵᠠᠮ ᠢᠶᠠᠷ ᠳᠠᠬᠢᠨ ᠶᠠᠪᠤᠵᠤ ᠪᠣᠯᠬᠤ ᠦᠭᠡᠢ᠃ ᠣᠯᠠᠨ ᠶᠠᠩᠵᠤᠲᠤ ᠴᠢᠨᠠᠷ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠣᠨᠴᠠᠯᠢᠭ ᠮᠥᠨ᠂ ᠪᠠᠶᠢᠭᠤᠯᠤᠯ ᠤᠨ ᠵᠥᠷᠢᠶ᠎ᠡ ᠨᠢ ᠡᠰᠡᠷᠭᠦᠴᠡᠯᠳᠦᠬᠦ ᠶᠢᠨ ᠰᠢᠯᠲᠠᠭᠠᠨ ᠪᠣᠯᠵᠣ ᠪᠣᠯᠬᠤ ᠥᠬᠡᠶ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠪᠠᠯ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤ ᠪᠠᠷ ᠳᠠᠪᠰᠢᠬᠤ ᠶᠢ ᠵᠣᠷᠢᠭᠵᠢᠭᠤᠯᠵᠤ ᠪᠣᠯᠤᠨ᠎ᠠ ᠭᠡᠵᠦ ᠳᠤᠮᠳᠠᠳᠤ ᠤᠯᠤᠰ ᠡᠷᠡᠰ ᠪᠠᠲᠤ ᠦᠵᠡᠵᠦ ᠪᠠᠶᠢᠨ᠎ᠠ᠃ ᠳᠤᠮᠳᠠᠳᠤ ᠤᠯᠤᠰ ᠤᠨ ᠰᠣᠶᠣᠯ ᠳᠤ᠂ ᠨᠠᠶᠢᠷᠠᠮᠳᠠᠭᠤ ᠠᠲᠠᠯ᠎ᠠ ᠠᠳᠠᠯᠢ ᠪᠤᠰᠤ ᠪᠠᠶᠢᠬᠤ ᠨᠢ ᠰᠠᠶᠢᠳ ᠡᠷᠳᠡᠮᠲᠡᠨ ᠤ ᠮᠣᠷᠠᠯ᠃ ᠥᠷᠥᠨᠡᠳᠠᠬᠢᠨ ᠤ ᠰᠣᠶᠣᠯ ᠳᠤ ᠪᠤᠰᠤᠳ ᠢ ᠬᠦᠨᠳᠦᠳᠬᠡᠬᠦ ᠪᠣᠯ ᠲᠣᠮᠣᠭᠠᠲᠠᠨ ᠤ ᠨᠠᠮᠪᠠ᠃ ︽ᠲᠦᠮᠡᠨ ᠪᠣᠳᠠᠰ ᠵᠡᠷᠭᠡᠴᠡᠨ ᠣᠷᠣᠰᠢᠵᠤ ᠬᠠᠷᠢᠯᠴᠠᠨ ᠬᠤᠬᠢᠷᠠᠭᠤᠯᠬᠤ ᠦᠭᠡᠢ᠂ ᠶᠣᠰᠣ ᠰᠤᠷᠲᠠᠬᠤᠨ ᠵᠡᠷᠭᠡᠴᠡᠨ ᠣᠷᠣᠰᠢᠵᠤ ᠬᠠᠷᠢᠯᠴᠠᠨ ᠬᠠᠷᠰᠢᠯᠳᠤᠬᠤ ᠦᠭᠡᠢ︾᠂ 2000 ᠭᠠᠷᠤᠢ ᠵᠢᠯ ᠤᠨ ᠡᠮᠦᠨᠡᠬᠢ ᠳᠤᠮᠳᠠᠳᠤ ᠤᠯᠤᠰ ᠳᠠᠷᠤᠢ ᠡᠶᠢᠮᠦ ᠪᠠᠭᠲᠠᠭᠠᠮᠵᠢ ᠶᠢᠨ ᠭᠦᠨ ᠤᠬᠠᠭᠠᠨ ᠲᠠᠢ ᠪᠣᠯᠵᠠᠢ᠃ ᠥᠨᠥᠳᠦᠷ ᠤᠨ ᠥᠷᠥᠨᠡᠳᠠᠬᠢᠨ ᠤ ᠤᠯᠤᠰ ᠤᠳ ᠴᠤ ᠡᠶᠢᠮᠦ ᠪᠠᠭᠳᠠᠭᠠᠮᠵᠢ ᠪᠠ ᠪᠣᠯᠪᠠᠰᠤᠷᠠᠯ ᠲᠠᠢ ᠪᠣᠯᠬᠤ ᠶᠢ ᠪᠢᠳᠠ ᠬᠦᠰᠡᠵᠦ ᠪᠠᠶᠢᠨ᠎ᠠ᠃ ᠡᠯ᠎ᠡ ᠤᠯᠤᠰ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠡᠨᠡ ᠪᠥᠮᠪᠥᠷᠴᠡᠭ ᠳᠡᠭᠡᠷ᠎ᠡ ᠥᠪᠡᠷ ᠥᠪᠡᠷ ᠤᠨ ᠭᠤᠸ᠎ᠠ ᠰᠠᠶᠢᠬᠠᠨ ᠢᠶᠠᠨ ᠪᠠᠭ᠋ᠠᠷᠬᠠᠵᠤ᠂ ᠭᠤᠸ᠎ᠠ ᠰᠠᠶᠢᠬᠠᠨ ᠢᠶᠠᠨ ᠬᠠᠮᠲᠤ ᠪᠠᠷ ᠡᠳ᠋ᠯᠡᠪᠡᠯ ᠵᠣᠬᠢᠨ᠎ᠠ᠃      ᠱᠧᠨᠵᠧᠨ ᠤ ᠣᠳᠣᠨ ᠲᠧᠯᠸᠢᠰ ᠤᠨ ᠰᠤᠷᠪᠤᠯᠵᠢᠯᠠᠭᠴᠢ᠄ ᠡᠨᠡ ᠵᠢᠯ ᠪᠣᠯ ᠳᠤᠮᠳᠠᠳᠤ ᠤᠯᠤᠰ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ 20 ᠵᠢᠯ ᠤᠨ ᠣᠶ ᠪᠣᠯᠤᠨ᠎ᠠ᠃ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠨᠢ ᠳᠤᠮᠳᠠᠳᠤ ᠤᠯᠤᠰ ᠤᠨ ᠳᠡᠯᠡᠬᠡᠶ ᠳ᠋ᠠᠬᠢᠨ ᠳᠤ ᠠᠭᠤᠰᠤᠯᠴᠠᠨ ᠣᠷᠣᠵᠤ᠂ ᠭᠠᠳᠠᠭᠰᠢ ᠨᠡᠭᠡᠭᠡᠯᠲᠡ ᠬᠢᠭᠰᠡᠨ ᠪᠡᠯᠭᠡ ᠲᠡᠮᠳᠡᠭ ᠤᠨ ᠴᠢᠨᠠᠷᠲᠠᠶ ᠬᠡᠷᠡᠭ ᠶᠠᠪᠤᠳᠠᠯ ᠪᠣᠯᠤᠨ᠎ᠠ᠃ ᠳᠤᠮᠳᠠᠳᠤ ᠤᠯᠤᠰ ᠡᠭᠦᠨ ᠢ ᠬᠡᠷᠬᠢᠨ ᠦᠵᠡᠵᠦ ᠪᠠᠶᠢᠬᠤ ᠪᠤᠢ︖      ᠸᠠᠩ ᠢ᠄ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠨᠢ ᠳᠤᠮᠳᠠᠳᠤ ᠤᠯᠤᠰ ᠤᠨ ᠭᠠᠳᠠᠭᠠᠳᠤ ᠨᠡᠬᠡᠬᠡᠯᠳᠡ ᠪᠣᠯᠤᠨ ᠳᠡᠯᠡᠬᠡᠢ ᠶᠢᠨ ᠠᠵᠤ ᠠᠬᠤᠢ ᠶᠢᠨ ᠳᠡᠯᠡᠬᠡᠶᠢᠵᠢᠯᠲᠡ ᠶᠢᠨ ᠶᠠᠪᠤᠴᠠ ᠳᠠᠬᠢ ᠬᠥᠰᠢ᠊ ᠡᠶ᠎ᠡ ᠲᠤᠷᠠᠳᠬᠠᠯ ᠤᠨ ᠠᠴᠢ ᠬᠤᠯᠪᠣᠭᠳᠠᠯ ᠲᠠᠢ ᠲᠤᠮᠤ ᠶᠠᠪᠤᠳᠠᠯ ᠪᠣᠯᠤᠨ᠎ᠠ᠃ ᠥᠩᠭᠡᠷᠡᠭᠰᠡᠨ 20 ᠵᠢᠯ ᠪᠢᠳᠡᠨ ᠳᠤ ᠳᠥᠷᠪᠡᠨ ᠴᠢᠬᠤᠯᠠ ᠰᠡᠩᠬᠡᠷᠡᠭᠦᠯᠦᠯ ᠣᠯᠭᠤᠪᠠ᠄ ᠨᠢᠭᠡᠳᠦᠭᠡᠷ ᠲᠤ᠂ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠤᠳᠤᠯᠭ᠎ᠠ ᠶᠢ ᠡᠷᠬᠡᠪᠰᠢ ᠪᠠᠷᠢᠮᠲᠠᠯᠠᠬᠤ ᠬᠡᠷᠡᠭᠲᠡᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠬᠰᠠᠨ 20 ᠵᠢᠯ ᠳᠤ᠂ ᠳᠤᠮᠳᠠᠳᠤ ᠤᠯᠤᠰ ᠬᠥᠭᠵᠢᠭᠡᠳ ᠪᠦᠬᠦ ᠪᠥᠮᠪᠥᠷᠴᠡᠭ ᠤᠨ ᠬᠤᠶᠠᠳᠤᠭᠠᠷ ᠲᠤᠮᠤ ᠠᠵᠤ ᠠᠬᠤᠢ ᠶᠢᠨ ᠴᠣᠭᠴᠠ᠂ ᠨᠢᠭᠡᠳᠦᠭᠡᠷ ᠲᠤᠮᠤ ᠪᠠᠷᠠᠭᠠᠨ ᠤ ᠠᠷᠠᠯᠵᠢᠶᠠᠨ ᠤ ᠤᠯᠤᠰ᠂ ᠨᠢᠭᠡᠳᠦᠭᠡᠷ ᠲᠤᠮᠤ ᠭᠠᠳᠠᠭᠠᠳᠤ ᠪᠡᠯᠡ ᠶᠢ ᠰᠢᠩᠭᠡᠭᠡᠨ ᠠᠪᠤᠭᠰᠠᠨ ᠤᠯᠤᠰ ᠪᠣᠯᠪᠠ᠃ ᠣᠳᠣᠬᠠᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠨᠡᠭᠡᠭᠡᠯᠳᠡ ᠬᠢᠬᠦ ᠨᠥᠬᠦᠴᠡᠯ ᠳᠣᠣᠷ᠎ᠠ ᠳᠡᠮᠡᠴᠡᠨ ᠣᠯᠤᠭᠰᠠᠨ ᠶᠤᠮ᠂ ᠬᠤᠶᠢᠰᠢᠳᠠ ᠶᠢᠨ ᠴᠢᠨᠠᠷ ᠰᠠᠶᠢᠲᠠᠢ ᠬᠥᠭᠵᠢᠯᠲᠡ ᠶᠢ ᠴᠦ ᠨᠡᠩ ᠨᠡᠭᠡᠭᠡᠯᠳᠡ ᠬᠢᠬᠦ ᠨᠥᠬᠦᠴᠡᠯ ᠳᠣᠣᠷ᠎ᠠ ᠶᠠᠪᠤᠭᠳᠠᠭᠤᠯᠬᠤ ᠬᠡᠷᠡᠭᠲᠡᠢ᠃      ᠬᠤᠶᠠᠳᠤᠭᠠᠷ ᠲᠤ᠂ ᠡᠷᠬᠡᠪᠰᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭᠠᠨ ᠤ ᠣᠶᠢᠯᠠᠭᠠᠭᠳᠠᠬᠤᠨ ᠢ ᠪᠠᠷᠢᠮᠲᠠᠯᠠᠬᠤ ᠬᠡᠷᠡᠭᠲᠡᠢ᠃ 20 ᠵᠢᠯ ᠤᠨ ᠲᠤᠷᠰᠢ᠂ ᠳᠤᠮᠳᠠᠳᠤ ᠤᠯᠤᠰ ᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠵᠢᠯ ᠳᠤᠮᠳᠠᠴᠢ ᠶᠢᠨ ᠬᠤᠪᠢ ᠨᠡᠮᠡᠷᠢ ᠶᠢᠨ ᠨᠤᠷᠮ᠎ᠠ 30% ᠰᠢᠬᠠᠮ ᠳᠤ ᠬᠦᠷᠴᠡᠢ᠃ ᠪᠣᠭᠤᠮᠲᠠ ᠶᠢᠨ ᠭᠠᠶᠢᠯᠢ ᠶᠢᠨ ᠶᠡᠷᠦᠩᠬᠡᠢ ᠲᠦᠪᠰᠢᠨ 15.3% ᠪᠠᠶᠢᠭᠰᠠᠨ ᠠᠴᠠ ᠪᠠᠨ 7.5%᠎ ᠠᠴᠠ ᠳᠣᠷᠤᠭᠰᠢ ᠪᠤᠯᠤᠨ ᠪᠠᠭᠤᠷᠠᠵᠦ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠠᠮᠠᠯᠠᠯᠲᠠ ᠶᠢᠨ 10%᠎ ᠠᠴᠠ ᠬᠤᠯᠠ ᠳᠣᠣᠷ᠎ᠠ ᠪᠠᠶᠢᠵᠦ᠂ ᠪᠤᠰᠤᠳ ᠭᠤᠣᠯ ᠪᠣᠯᠬᠤ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠠᠴᠠ ᠨᠡᠩ ᠳᠣᠣᠷ᠎ᠠ ᠪᠣᠯᠵᠠᠢ᠃ ᠡᠳ᠋ ᠪᠠᠷᠠᠭᠠᠨ ᠤ ᠭᠠᠳᠠᠭᠠᠳᠤ ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠨᠤᠷᠮ᠎ᠠ ᠬᠤᠶᠠᠷ ᠣᠷᠣᠨᠲᠤ ᠲᠤᠭ᠎ᠠ ᠶᠢ ᠳᠠᠪᠠᠵᠤ᠂ ᠳᠤᠮᠳᠠᠳᠤ ᠤᠯᠤᠰ ᠲᠤ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ 100 ᠲᠦᠮᠡ ᠶᠢ ᠳᠠᠪᠠᠪᠠ᠃ ᠡᠳᠡᠭᠡᠷ ᠲᠤᠭ᠎ᠠ ᠪᠠᠷᠢᠮᠲᠠ ᠨᠢ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠵᠦ᠂ ᠳᠡᠯᠡᠬᠡᠢ ᠳ᠋ᠠᠬᠢᠨ ᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠭᠤᠷᠪᠠᠳᠤᠭᠠᠷ ᠲᠤ᠂ ᠡᠷᠬᠡᠪᠰᠢ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠬᠰᠠᠨ ᠨᠢ ᠠᠵᠤ ᠠᠬᠤᠢ ᠶᠢᠨ ᠳᠡᠯᠡᠬᠡᠶᠢᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢ᠊ ᠡᠶ᠎ᠡ ᠶᠢ ᠰᠢᠯᠢᠳᠡᠭᠵᠢᠭᠦᠯᠬᠦ ᠪᠠ ᠡᠬᠢ ᠪᠠᠶᠠᠯᠢᠭ ᠤᠨ ᠬᠠᠮᠤᠭ ᠤᠨ ᠰᠠᠶᠢᠨ ᠲᠤᠬᠢᠷᠠᠭᠤᠯᠤᠯᠳᠠ ᠶᠢ ᠠᠬᠢᠭᠤᠯᠪᠠ᠃ ᠳᠡᠯᠡᠬᠡᠶᠢᠵᠢᠯᠲᠡ ᠶᠢᠨ ᠠᠪᠴᠢᠷᠠᠭᠰᠠᠨ ᠰᠢᠨ᠎ᠡ ᠠᠰᠠᠭᠤᠳᠠᠯ ᠰᠢᠨ᠎ᠡ ᠥᠷᠢᠰᠥᠯᠳᠦᠭᠡᠨ ᠤ ᠡᠮᠦᠨ᠎ᠡ᠂ ᠪᠢᠳᠡ ᠬᠠᠮᠠᠭᠠᠯᠠᠬᠤ ᠦᠵᠡᠯ ᠪᠣᠯᠤᠨ ᠭᠠᠭᠴᠠᠭᠠᠷᠳᠠᠮᠠᠯ ᠢᠶᠠᠷ ᠬᠠᠷᠢᠴᠠᠭ᠎ᠠ ᠪᠠᠨ ᠲᠠᠰᠤᠯᠬᠤ ᠪᠠᠶᠢᠳᠠᠯ ᠳᠤ ᠪᠤᠴᠠᠵᠤ ᠪᠣᠯᠬᠤ ᠦᠭᠡᠢ᠂ ᠬᠠᠷᠢᠨ ᠭᠠᠷ ᠬᠤᠯᠪᠣᠨ ᠡᠨᠡ ᠬᠦ ᠠᠬᠢᠴᠠ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃      ᠳᠥᠷᠪᠡᠳᠦᠭᠡᠷ ᠲᠤ᠂ ᠡᠷᠬᠡᠪᠰᠢ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠣᠯ ᠤᠯᠠᠨ ᠤᠯᠤᠰ ᠤᠨ ᠠᠷᠠᠯᠵᠢᠶᠠᠨ ᠤ ᠰᠠᠭᠤᠷᠢ ᠮᠥᠨ᠂ ᠪᠦᠬᠦ ᠪᠥᠮᠪᠥᠷᠴᠡᠭ ᠤᠨ ᠨᠡᠮᠡᠭᠳᠡᠯ ᠤᠨ ᠲᠤᠯᠭᠠᠭᠤᠷᠢ ᠮᠥᠨ᠃ ᠳᠤᠮᠳᠠᠳᠤ ᠤᠯᠤᠰ ᠣᠯᠠᠨ ᠲᠠᠯᠠᠲᠤ ᠠᠷᠠᠯᠵᠢᠶᠠᠨ ᠤ ᠲᠦᠷᠢᠮ ᠢ ᠡᠷᠡᠰ ᠵᠢᠷᠤᠮᠯᠠᠵᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠦᠵᠡᠭᠦᠯᠪᠡᠰᠦ ᠵᠣᠬᠢᠬᠤ ᠦᠶ᠋ᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠣᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠦ ᠴᠢᠨᠠᠷ ᠪᠣᠯᠤᠨ ᠡᠷᠬᠡ ᠰᠦᠷᠲᠦ ᠴᠢᠨᠠᠷ ᠢ ᠴᠢᠩᠭᠠᠳᠬᠠᠨ᠎ᠠ᠃ ᠶᠠᠫᠣᠨ ᠤ ᠺᠢᠤᠳᠣ᠋ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠨᠢᠳᠤᠨᠤᠨ ᠶᠠᠫᠣᠨ ᠳᠤᠮᠳᠠᠳᠤ ᠶᠢᠨ ᠬᠠᠷᠢᠯᠴᠠᠭ᠎ᠠ ᠰᠠᠶᠢᠵᠢᠷᠠᠬᠤ ᠬᠠᠨᠳᠤᠰᠢ ᠲᠠᠢ ᠪᠣᠯᠪᠠ᠃ ᠭᠡᠪᠡᠴᠦ ︽ᠪᠦᠭᠦᠳᠡ ᠨᠠᠶᠢᠷᠠᠮᠳᠠᠬᠪ᠊ ᠳᠣᠮᠳᠠᠳᠦ ᠠᠷᠠᠣᠠ ᠤᠯᠣᠰ ᠤᠨ ᠳᠠᠯᠠᠶ ᠶᠢᠨ ᠴᠠᠭᠳᠠᠭ᠎ᠠ ᠶᠢᠨ ᠬᠠᠤᠯᠢ︾ ᠨᠡᠶᠢᠲᠡᠯᠡᠭᠳᠡᠭᠰᠡᠨ ᠤ ᠳᠠᠷᠠᠭ᠎ᠠ᠂ ᠶᠠᠫᠣᠨ ᠤ ᠤᠯᠤᠰ ᠤᠨ ᠳᠣᠲᠣᠭᠠᠳᠤ ᠳᠤ ᠳᠤᠮᠳᠠᠳᠤ ᠤᠯᠤᠰ ᠢ ᠰᠡᠷᠡᠮᠵᠢᠯᠡᠬᠦ ᠰᠡᠳᠬᠢᠯᠭᠡ ᠨᠢ ᠳᠡᠭᠡᠭᠰᠢᠯᠡᠵᠡᠶ᠃ ᠲᠠ ᠡᠭᠦᠨ ᠳᠤ ᠶᠠᠮᠠᠷ ᠦᠨᠡᠯᠡᠯᠲᠡ ᠲᠠᠢ ᠪᠣᠢ︖ ᠳᠤᠮᠳᠠᠳᠤ ᠶᠢᠨ ᠲᠠᠯ᠎ᠠ ᠶᠠᠫᠣᠨ ᠤ ᠲᠠᠯ᠎ᠠ ᠲᠠᠢ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠪᠣᠯᠤᠯᠴᠠᠭ᠎ᠠ ᠲᠠᠢ ᠤᠤ︖      ᠸᠠᠩ ᠢ᠄ ᠤᠢᠢᠷ᠎ᠠ ᠶᠢᠨ ᠵᠢᠯ ᠳᠤ᠂ ᠳᠤᠮᠳᠠᠳᠤ ᠶᠠᠫᠣᠨ ᠬᠤᠶᠠᠷ ᠤᠯᠤᠰ ᠤᠨ ᠤᠳᠤᠷᠢᠳᠤᠯᠭ᠎ᠠ ᠬᠤᠶᠠᠷ ᠲᠠᠯ᠎ᠠ ᠪᠠᠷ ᠢᠶᠠᠨ ︽ᠬᠠᠷᠢᠯᠴᠠᠨ ᠬᠠᠮᠲᠤᠷᠠᠯᠴᠠᠭᠠᠨ ᠤ ᠬᠠᠨᠢᠲᠠᠨ ᠪᠣᠯᠤᠯᠴᠠᠵᠤ᠂ ᠬᠠᠷᠢᠯᠴᠠᠨ ᠰᠦᠷᠳᠡᠭᠦᠯᠦᠯ ᠪᠣᠯᠬᠤ ᠦᠭᠡᠢ︾ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠂ ᠬᠤᠶᠠᠷ ᠤᠯᠤᠰ ᠤᠨ ᠠᠷᠠᠳ ᠲᠦᠮᠡᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠳᠤᠮᠳᠠ ︽ᠠᠳᠠᠯᠢᠬᠠᠨ ᠨᠢᠭᠡᠨ ᠠᠭᠤᠯᠠ ᠤᠰᠤ ᠶᠢ ᠡᠳ᠋ᠯᠡᠭᠰᠡᠨ ᠦᠭᠡᠢ ᠴᠦ ᠠᠳᠠᠯᠢᠬᠠᠨ ᠨᠢᠭᠡᠨ ᠲᠡᠷᠭᠡᠯ ᠰᠠᠷᠠ ᠶᠢ ᠤᠯᠵᠦ ᠬᠠᠷᠡᠬᠤᠢ︾ ᠢᠷᠠᠭᠤ ᠲᠠᠭᠤᠨ ᠢ ᠲᠠᠭᠤᠷᠢᠰᠬᠠᠪᠠ᠂ ᠬᠤᠶᠠᠷ ᠤᠯᠤᠰ ᠤᠨ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ ᠳᠠᠪᠠᠵᠤ ᠰᠥᠷᠭᠡᠦ ᠨᠡᠮᠡᠭᠳᠡᠯ ᠢ ᠪᠡᠶᠡᠯᠡᠭᠦᠯᠪᠡ᠂ ᠡᠳᠡᠭᠡᠷ ᠢᠳᠡᠪᠬᠢᠲᠡᠢ ᠠᠬᠢᠴᠠ ᠨᠢ ᠳᠤᠮᠳᠠᠳᠤ ᠶᠠᠫᠣᠨ ᠤ ᠬᠠᠷᠢᠯᠴᠠᠭ᠎ᠠ ᠶᠢᠨ ᠰᠠᠶᠢᠵᠢᠷᠠᠯᠲᠠ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠳᠤ ᠨᠡᠶᠢᠴᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠠᠰᠢᠭᠲᠠᠢ᠂ ᠬᠢᠯᠪᠠᠷ ᠪᠤᠰᠤ ᠪᠠᠷ ᠢᠷᠡᠭᠰᠡᠨ ᠶᠤᠮ᠂ ᠡᠭᠦᠨ ᠢ ᠨᠠᠨᠳᠢᠩᠨᠠᠭᠤᠰᠢᠲᠠᠢ ᠶᠤᠮ᠃      ᠳᠤᠮᠳᠠᠳᠤ ᠶᠠᠫᠣᠨ ᠤ ᠬᠠᠷᠢᠯᠴᠠᠭ᠎ᠠ ᠪᠣᠯᠪᠠᠰᠤᠷᠠᠩᠭᠤᠢ ᠲᠣᠭᠲᠠᠭᠤᠨ ᠲᠡᠶᠢᠰᠢ ᠤᠷᠤᠭᠰᠢᠯᠠᠬᠤ ᠳᠤ ᠲᠣᠭᠲᠠᠯ ᠬᠦᠴᠦᠨ ᠢᠶᠠᠨ ᠪᠠᠲᠤᠯᠠᠵᠤ᠂ ᠨᠢᠭᠡ ᠴᠠᠭ ᠨᠢᠭᠡ ᠶᠠᠪᠤᠳᠠᠯ ᠳᠤ ᠨᠥᠯᠥᠭᠡᠯᠡᠭᠳᠡᠬᠦ ᠦᠭᠡᠢ ᠪᠠᠶᠢᠬᠤ ᠬᠡᠷᠡᠭᠲᠡᠢ᠃ ᠵᠢᠱᠢᠶᠡᠯᠡᠪᠡᠯ ᠲᠠᠨ ᠤ ᠳᠤᠷᠠᠳᠤᠭᠰᠠᠨ ᠳᠤᠮᠳᠠᠳᠤ ᠤᠯᠤᠰ ᠤᠨ ᠨᠡᠶᠢᠲᠡᠯᠡᠨ ᠬᠡᠷᠡᠭᠵᠢᠭᠦᠯᠦᠭᠰᠡᠨ ᠲᠡᠯᠡᠶ ᠶᠢᠨ ᠴᠠᠭᠳᠠᠭ᠎ᠠ ᠶᠢᠨ ᠬᠠᠤᠯᠢ ᠪᠣᠯ ᠵᠥᠪᠬᠡᠨ ᠨᠢᠭᠡ ᠵᠦᠶ᠋ᠯ ᠤᠨ ᠵᠤᠷᠰᠢᠯᠲᠤ ᠤᠯᠤᠰ ᠤᠨ ᠳᠣᠲᠣᠭᠠᠳᠤ ᠶᠢᠨ ᠬᠠᠤᠯᠢ ᠲᠣᠭᠲᠠᠭᠠᠯᠲᠠ ᠮᠥᠨ᠂ ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠪᠢᠰᠢ᠂ ᠣᠯᠠᠨ ᠤᠯᠤᠰ ᠤᠨ ᠬᠠᠤᠯᠢ ᠪᠠ ᠣᠯᠠᠨ ᠤᠯᠤᠰ ᠤᠨ ᠦᠶ᠋ᠯᠡᠳᠦᠯᠭᠡ ᠳᠤ ᠪᠦᠷᠢᠮᠦᠰᠦᠨ ᠨᠡᠶᠢᠴᠡᠵᠦ ᠪᠠᠶᠢᠨ᠎ᠠ᠃ ᠦᠨᠡᠨ ᠳᠡᠭᠡᠨ᠂ ᠶᠠᠫᠣᠨ ᠢ ᠪᠠᠭᠲᠠᠭᠠᠭᠰᠠᠨ ᠮᠠᠰᠢ ᠣᠯᠠᠨ ᠤᠯᠤᠰ ᠠᠯᠢ ᠡᠷᠲᠡ ᠠᠳᠠᠯᠢᠪᠲᠤᠷ ᠬᠠᠤᠯᠢ ᠳᠦᠷᠢᠮ ᠲᠣᠭᠲᠠᠭᠠᠪᠠ᠃ ᠲᠡᠯᠡᠶ ᠳᠡᠭᠡᠷᠡᠬᠢ ᠮᠠᠷᠭᠤᠯᠳᠤᠭᠠᠨ ᠢ ᠨᠥᠬᠦᠷᠰᠡᠭ ᠢᠶᠠᠷ ᠵᠥᠪᠳᠡᠯᠴᠡᠨ ᠰᠢᠶ᠋ᠳᠪᠦᠷᠢᠯᠡᠵᠦ᠂ ᠵᠡᠪᠰᠡᠭᠲᠦ ᠬᠦᠴᠦᠨ ᠬᠡᠷᠡᠭᠯᠡᠬᠦ ᠥᠬᠡᠶ ᠪᠤᠶᠤ ᠵᠡᠪᠰᠡᠭᠲᠦ ᠬᠦᠴᠦᠨ ᠢᠶᠠᠷ ᠰᠦᠷᠳᠡᠭᠦᠯᠬᠦ ᠥᠬᠡᠶ ᠪᠠᠶᠢᠬᠤ ᠪᠣᠯ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠢᠮᠠᠭᠲᠠ ᠶᠢᠨ ᠵᠣᠭᠰᠣᠯᠲᠠ ᠮᠥᠨ᠂ ᠪᠠᠰᠠ ᠴᠤ ᠳᠤᠮᠳᠠᠳᠤ ᠤᠯᠤᠰ ᠬᠢᠭᠡᠳ ᠡᠷᠬᠢᠨ ᠲᠣᠭᠤᠷᠢᠨ ᠤ ᠬᠥᠷᠰᠢ ᠤᠯᠤᠰ ᠤᠨ ᠬᠤᠭᠤᠷᠣᠨᠳᠣᠬᠢ ᠣᠷᠳᠣ ᠬᠤᠭᠤᠴᠠᠭᠠᠨ ᠤ ᠬᠠᠮᠲᠤ ᠶᠢᠨ ᠲᠠᠨᠢᠯᠲᠠ ᠮᠥᠨ᠃      ᠳᠤᠮᠳᠠᠳᠤ ᠶᠠᠫᠣᠨ ᠤ ᠶᠠᠪᠤᠯᠴᠠᠭ᠎ᠠ ᠳᠤᠮᠳᠠ ᠢᠯᠡᠷᠡᠭᠰᠡᠨ ᠶᠠᠮᠠᠷᠪᠠ ᠠᠰᠠᠭᠤᠳᠠᠯ ᠤᠨ ᠲᠤᠬᠠᠢ᠂ ᠬᠤᠶᠠᠷ ᠲᠠᠯ᠎ᠠ ᠪᠠᠷ ᠢᠶᠠᠨ ᠴᠥᠮ ᠶᠠᠷᠢᠯᠴᠠᠭ᠎ᠠ ᠤᠯᠤᠯᠴᠠᠭ᠎ᠠ ᠪᠠᠷ ᠳᠠᠮᠵᠢᠭᠤᠯᠤᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠢᠲᠡᠭᠡᠯᠴᠡᠭᠡ ᠪᠠᠶᠢᠭᠤᠯᠵᠤ ᠪᠣᠯᠤᠨ᠎ᠠ᠃ ᠶᠠᠫᠣᠨ ᠤ ᠨᠡᠶᠢᠭᠡᠮ ᠦᠨᠡᠨ ᠬᠦ ᠪᠤᠰᠤᠳᠴᠢ ᠣᠶᠤᠨᠴᠢ ᠪᠠᠷ ᠳᠤᠮᠳᠠᠳᠤ ᠤᠯᠤᠰ ᠤᠨ ᠲᠤᠬᠠᠢ ᠲᠠᠨᠢᠯᠳᠠ ᠶᠢ ᠪᠤᠢ ᠪᠣᠯᠭᠠᠵᠤ᠂ ᠳᠤᠮᠳᠠᠳᠤ ᠶᠠᠫᠣᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠠᠰᠢᠭᠲᠠᠢ ᠠᠷᠠᠳ ᠤᠨ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠶᠢ ᠬᠦᠰᠡᠵᠦ ᠪᠠᠶᠢᠨ᠎ᠠ᠃      ᠳᠤᠮᠳᠠᠳᠤ ᠶᠠᠫᠣᠨ ᠬᠤᠶᠠᠷ ᠤᠯᠤᠰ ᠲᠠᠷᠠᠭᠠᠯᠠᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠯᠴᠡᠵᠦ᠂ ᠠᠤᠭ᠎ᠠ ᠦᠢᠯᠡᠰ ᠢ ᠬᠠᠮᠲᠤ ᠪᠠᠷ ᠪᠦᠲᠦᠭᠡᠵᠦ᠂ ᠡᠨᠡ ᠬᠤᠶᠠᠷ ᠤᠳᠠᠭ᠎ᠠ ᠶᠢᠨ ᠦᠪᠡᠳᠡᠭᠰᠢ ᠴᠤᠭᠯᠠᠭᠠᠨ ᠢ ᠬᠤᠶᠠᠷ ᠤᠯᠤᠰ ᠤᠨ ᠠᠷᠠᠳ ᠲᠦᠮᠡᠨ ᠤ ᠨᠥᠬᠦᠷᠰᠡᠭ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠲᠠᠪᠴᠠᠩ ᠪᠣᠯᠭᠠᠵᠤ᠂ ᠳᠤᠮᠳᠠᠳᠤ ᠶᠠᠫᠣᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠠᠵᠠ ᠲᠣᠬᠢᠶᠠᠯ ᠪᠣᠯᠭᠠᠬᠤ ᠶᠣᠰᠣᠲᠠᠢ᠃ ᠪᠢᠳᠡ ᠡᠨᠡ ᠵᠤᠨ ᠲᠣᠣᠺᠢᠣ᠋ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠷᠠᠭ᠎ᠠ ᠵᠢᠯ ᠪᠡᠭᠡᠵᠢᠩ ᠳᠤ ᠪᠣᠯᠵᠣᠶ᠎ᠠ︕      ︽ᠪᠥᠮᠪᠥᠷᠴᠡᠭ ᠴᠠᠭ ᠤᠨ ᠰᠣᠨᠢᠨ︾᠎ ᠤ ᠣᠨᠴᠠ ᠤᠷᠢᠭᠰᠠᠨ ᠰᠤᠷᠪᠤᠯᠵᠢᠯᠠᠭᠴᠢ᠄ ᠠᠮᠧᠷᠢᠺᠠ ᠮᠡᠳᠤ ᠶᠢᠨ ᠥᠷᠥᠨᠡᠳᠠᠬᠢᠨ ᠤ ᠤᠯᠤᠰ ᠤᠳ ᠳᠤᠮᠳᠠᠳᠤ ᠤᠯᠤᠰ ᠢ ᠰᠢᠨᠵᠢᠶᠠᠩ ᠳᠤ ︽ᠦᠨᠳᠤᠰᠤᠳᠠᠨ ᠤ ᠤᠰᠠᠳᠬᠠᠯᠳᠠ︾᠎ ᠶᠢᠨ ᠠᠵᠢᠯᠯᠠᠭ᠎ᠠ ᠬᠢᠭᠰᠡᠨ ᠭᠡᠵᠤ ᠭᠦᠳᠬᠡᠵᠦ ᠪᠠᠶᠢᠭ᠎ᠠ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠢᠯᠢᠩ ᠬᠤᠷᠣᠰᠤᠯ ᠢ ᠳᠡᠭᠳᠡᠭᠡᠵᠦ ᠪᠠᠶᠢᠨ᠎ᠠ᠃ ᠳᠤᠮᠳᠠᠳᠤ ᠤᠯᠤᠰ ᠡᠬᠦᠨ ᠳᠤ ᠶᠠᠮᠠᠷᠬᠠᠨ ᠬᠠᠷᠢᠭᠤ ᠲᠤᠰᠬᠠᠯ ᠲᠠᠢ ᠪᠤᠢ︖      ᠸᠠᠩ ᠢ᠄ ︽ᠦᠨᠳᠤᠰᠤᠳᠠᠨ ᠤ ᠤᠰᠠᠳᠬᠠᠯᠳᠠ︾᠎ ᠶᠢᠨ ᠲᠤᠬᠠᠢ ᠶᠠᠷᠢᠪᠠᠯ᠂ ᠣᠯᠠᠩᠬᠢ ᠬᠥᠮᠦᠰ 16 ᠳ᠋ᠤᠭᠠᠷ ᠵᠠᠭᠤᠨ ᠤ ᠤᠮᠠᠷᠠᠲᠤ ᠠᠮᠧᠷᠢᠺᠠ ᠶᠢᠨ ᠢᠨᠳᠢᠶᠠᠨᠴᠤᠳ᠂ 19 ᠳ᠋ᠤᠭᠡᠷ ᠵᠠᠭᠤᠨ ᠤ ᠠᠹᠷᠢᠺᠠ ᠲᠢᠪ ᠤᠨ ᠬᠠᠷ᠎ᠠ ᠠᠷᠠᠰᠤᠲᠠᠨ ᠪᠣᠭᠤᠯᠴᠤᠳ᠂ 20 ᠳ᠋ᠤᠭᠠᠷ ᠵᠠᠭᠤᠨ ᠤ ᠢᠪᠷᠠᠶᠢᠴᠤᠳ ᠵᠢᠴᠢ ᠤᠳᠤ ᠪᠣᠯᠲᠠᠯ᠎ᠠ ᠡᠰᠡᠷᠭᠦᠴᠡᠭᠰᠡᠭᠡᠷ ᠪᠠᠶᠢᠭ᠎ᠠ ᠠᠦ᠋ᠰᠳ᠋ᠷᠠᠯᠢᠶ᠎ᠠ ᠶᠢᠨ ᠤᠤᠭᠠᠯᠴᠤᠳ ᠢ ᠪᠤᠳᠤᠵᠤ ᠣᠯᠳᠠᠭ᠃ ᠰᠢᠨᠵᠢᠶᠠᠩ ᠣᠷᠣᠨ ᠳᠤ ︽ᠦᠨᠳᠤᠰᠤᠳᠠᠨ ᠤ ᠤᠰᠠᠳᠬᠠᠯᠳᠠ︾ ᠬᠢᠭᠰᠡᠨ ᠭᠡᠳᠡᠭ ᠬᠡᠯᠡᠯᠭᠡ ᠪᠣᠯ ᠱᠠᠯ ᠳᠡᠮᠡᠶ ᠴᠠᠯᠴᠢᠶ᠎ᠠ ᠂ ᠪᠦᠷᠢᠮᠦᠰᠤᠨ ᠤᠨᠳᠤᠤ ᠵᠤᠷᠢᠯᠭ᠎ᠠ ᠲᠠᠢ ᠳᠠᠯᠪᠢᠬᠰᠠᠨ ᠴᠤᠤᠷᠬᠠᠯ᠂ ᠲᠡᠷᠡ ᠴᠢᠭ ᠢᠶᠠᠷ ᠢᠶᠠᠨ ᠬᠤᠳᠠᠯ ᠴᠠᠯᠴᠢᠶ᠎ᠠ ᠮᠥᠨ ᠃ ᠥᠩᠭᠡᠷᠡᠭᠰᠡᠨ 40 ᠭᠠᠷᠤᠶ ᠵᠢᠯ ᠤᠨ ᠲᠤᠷᠰᠢ᠂ ᠰᠢᠨᠵᠢᠶᠠᠩ ᠤᠨ ᠤᠶᠢᠭᠤᠷ ᠦᠨᠳᠦᠰᠦᠲᠡᠨ ᠤ ᠬᠥᠮᠦᠨ ᠠᠮᠠ 555 ᠲᠦᠮᠡ ᠪᠠᠶᠢᠭᠰᠠᠨ ᠠᠴᠠ ᠪᠠᠨ 1200 ᠭᠠᠷᠤᠶ ᠲᠦᠮᠡ ᠪᠣᠯᠤᠨ ᠨᠡᠮᠡᠭᠳᠡᠵᠦ᠂ ᠬᠤᠶᠠᠷ ᠳᠠᠬᠢᠨ ᠨᠡᠮᠡᠭᠳᠡᠵᠡᠢ᠃ ᠥᠩᠭᠡᠷᠡᠭᠰᠡᠨ 60 ᠭᠠᠷᠤᠶ ᠵᠢᠯ ᠤᠨ ᠲᠤᠷᠰᠢ᠂ ᠰᠢᠨᠵᠢᠶᠠᠩ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ 200 ᠭᠠᠷᠤᠶ ᠳᠠᠬᠢᠨ ᠨᠡᠮᠡᠭᠳᠡᠵᠦ᠂ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 30 ᠨᠠᠰᠤᠨ ᠠᠴᠠ 72 ᠨᠠᠰᠤ ᠪᠣᠯᠲᠠᠯ᠎ᠠ ᠳᠡᠭᠡᠭᠰᠢᠯᠡᠪᠡ᠃ ᠰᠢᠨᠵᠢᠶᠠᠩ ᠳᠤ ᠣᠴᠢᠵᠤ ᠥᠩᠭᠡᠷᠡᠭᠰᠡᠨ ᠮᠠᠰᠢ ᠣᠯᠠᠨ ᠭᠠᠳᠠᠭᠠᠳᠤ ᠶᠢᠨ ᠨᠠᠶᠢᠵᠠ ᠨᠠᠷ ᠤᠨ ᠣᠯᠵᠤ ᠦᠵᠡᠭᠰᠡᠨ ᠰᠢᠨᠵᠢᠶᠠᠩ ᠨᠢ ᠥᠷᠥᠨᠡᠳᠠᠬᠢᠨ ᠤ ᠣᠨᠴᠠ ᠵᠠᠷᠢᠮ ᠵᠠᠭᠤᠴᠢᠯᠠᠭᠤᠷ ᠤᠨ ᠮᠡᠳᠡᠭᠡᠯᠡᠯ ᠲᠠᠢ ᠪᠦᠷᠢᠮᠦᠰᠦᠨ ᠠᠳᠠᠯᠢ ᠦᠭᠡᠢ ᠪᠠᠶᠢᠨ᠎ᠠ ᠭᠡᠵᠦ ᠭᠡᠯᠡᠵᠦ ᠪᠤᠢ᠃ ᠹᠷᠠᠨᠼᠢ ᠶᠢᠨ ᠵᠣᠬᠢᠶᠠᠯᠴᠢ ᠸᠢᠸᠠᠰ ︽ᠤᠶᠢᠭᠤᠷ ᠦᠨᠳᠤᠰᠤᠳᠠᠨ ᠤ ᠬᠠᠭᠤᠷᠮᠠᠭ ᠰᠣᠨᠢᠨ ᠮᠡᠳᠡᠭᠡᠨ ᠤ ᠡᠴᠤᠰ ᠲᠡᠭᠦᠰᠬᠡᠯ︾ ᠭᠡᠳᠡᠭ ᠨᠢᠭᠡᠨ ᠨᠣᠮ ᠪᠢᠴᠢᠵᠡᠶ᠃ ᠲᠡᠷᠡ ᠨᠤᠮ ᠳᠠᠭᠠᠨ᠂ ᠰᠢᠨᠵᠢᠶᠠᠩ ᠳᠤ ᠬᠤᠶᠠᠷ ᠤᠳᠠᠭ᠎ᠠ ᠣᠴᠢᠭᠰᠠᠨ ᠥᠩᠭᠡᠷᠡᠯᠲᠡ ᠪᠠᠷ ᠢᠶᠠᠨ ᠬᠦᠭᠵᠢᠨ ᠴᠡᠴᠡᠭᠯᠡᠵᠦ ᠠᠮᠤᠷ ᠲᠣᠭᠲᠠᠭᠤᠨ ᠪᠠᠶᠢᠭ᠎ᠠ ᠦᠨᠡᠨ ᠪᠣᠳᠠᠲᠠᠶ ᠰᠢᠨᠵᠢᠶᠠᠩ ᠢ ᠶᠠᠷᠢᠪᠠ᠃ ᠲᠡᠷᠡ ᠨᠣᠮ ᠳᠠᠭᠠᠨ᠂ ᠰᠢᠨᠵᠢᠶᠠᠩ ᠳᠤ ᠶᠡᠷᠦ ᠠᠴᠠ ᠪᠠᠨ ᠣᠴᠢᠵᠤ ᠥᠩᠭᠡᠷᠡᠭᠰᠡᠨ ᠦᠭᠡᠢ ᠬᠥᠮᠦᠨ ᠬᠠᠭᠤᠷᠮᠠᠭ ᠰᠣᠨᠢᠨ ᠮᠡᠳᠡᠭᠡ ᠵᠣᠬᠢᠶᠠᠵᠤ᠂ ᠬᠠᠭᠤᠯᠤᠨ ᠪᠢᠴᠢᠬᠦ ᠳᠤᠮᠳᠠ ᠳᠠᠮ ᠳᠠᠮ ᠢᠶᠠᠷ ᠪᠤᠷᠤᠭᠤ ᠵᠦᠷᠢᠬᠦᠦ ᠳᠠᠮᠵᠢᠭᠤᠯᠤᠨ ᠪᠠᠶᠢᠬᠤ ᠶᠢ ᠲᠤᠪ ᠳᠤᠳᠤᠷᠬᠠᠢ ᠢᠯᠡᠷᠬᠡᠶᠢᠯᠡᠭᠰᠡᠨ ᠪᠠᠶᠢᠳᠠᠭ᠃ᠥᠷᠥᠨᠡᠳᠠᠬᠢᠨ ᠤ ᠵᠠᠷᠢᠮ ᠤᠯᠤᠰ ᠲᠦᠷᠦ ᠶᠢᠨ ᠵᠠᠪᠰᠢᠭᠴᠢ ᠬᠡᠳᠦᠨ ᠬᠥᠮᠦᠨ ᠤ ᠵᠣᠬᠢᠶᠠᠭᠰᠠᠨ ᠬᠤᠳᠠᠯ ᠦᠭᠡ ᠶᠢ ᠢᠲᠡᠭᠡᠬᠦ ᠠᠴᠠ ᠪᠢᠰᠢ ᠰᠢᠨᠵᠢᠶᠠᠩ ᠤᠨ 2500 ᠭᠠᠷᠤᠢ ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠰᠡᠳᠬᠢᠯ ᠤᠨ ᠦᠭᠡ ᠶᠢ ᠰᠣᠨᠣᠰᠬᠤ ᠳᠤᠷ᠎ᠠ ᠦᠭᠡᠢ ᠪᠠᠶᠢᠨ᠎ᠠ︔ ᠳᠤᠮᠳᠠᠳᠤ ᠤᠯᠤᠰ ᠢ ᠡᠰᠡᠷᠭᠦᠴᠡᠬᠦ ᠴᠥᠭᠡᠨ ᠲᠣᠭᠠᠨ ᠤ ᠡᠳᠡᠭᠡᠳ ᠤᠨ ᠪᠤᠯᠬᠢ ᠪᠦᠳᠦᠭᠦᠯᠢᠭ ᠲᠣᠭᠯᠠᠯᠲᠠ ᠳᠤ ᠬᠠᠮᠵᠢᠯᠴᠠᠬᠤ ᠠᠴᠠ ᠪᠢᠰᠢ᠂ ᠰᠢᠨᠵᠢᠶᠠᠩ ᠣᠷᠣᠨ ᠤ ᠬᠥᠭᠵᠢᠯᠲᠡ ᠲᠠᠪᠰᠢᠯᠳᠠ ᠪᠦ᠋ᠬᠦᠢ ᠦᠨᠳᠦᠰᠦᠨ ᠪᠣᠳᠠᠲᠤ ᠬᠡᠷᠡᠭ ᠲᠤ ᠵᠥᠪ ᠢᠶᠠᠷ ᠬᠠᠨᠳᠤᠬᠤ ᠳᠤᠷ᠎ᠠ ᠦᠭᠡᠢ ᠪᠠᠶᠢᠨ᠎ᠠ᠃ ᠡᠨᠡ ᠨᠢ ᠵᠥᠪᠬᠡᠨ ᠲᠡᠳᠡ ᠦᠨᠡᠨ ᠪᠠᠶᠢᠳᠠᠯ ᠶᠠᠮᠠᠷ ᠪᠠᠶᠢᠬᠤ ᠶᠢ ᠬᠠᠶᠢᠬᠤᠷᠬᠤ ᠦᠭᠡᠶ᠂ ᠬᠠᠷᠢᠨ ᠤᠯᠤᠰ ᠲᠥᠷᠥ ᠶᠢᠨ ᠥᠳᠥᠭᠡᠯᠭᠡ ᠳᠤ ᠦᠨᠡᠮᠰᠢᠵᠦ᠂ ᠰᠢᠨᠵᠢᠶᠠᠩ ᠳᠤ ᠬᠤᠯᠪᠣᠭᠳᠠᠭᠰᠠᠨ ᠠᠰᠠᠭᠤᠳᠠᠯ ᠭᠡᠭᠴᠢ ᠶᠢ ᠵᠣᠷᠢᠭᠤᠳᠠ ᠵᠣᠬᠢᠶᠠᠨ ᠭᠠᠷᠭᠠᠵᠤ᠂ ᠰᠢᠨᠵᠢᠶᠠᠩ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠡᠪᠳᠡᠵᠦ᠂ ᠳᠤᠮᠳᠠᠳᠤ ᠤᠯᠤᠰ ᠤᠨ ᠬᠥᠭᠵᠢᠨ ᠪᠤᠵᠠᠭᠠᠢᠢᠷᠠᠬᠤ ᠶᠢ ᠬᠠᠷᠰᠢᠯᠠᠬᠤ ᠪᠠᠷ ᠭᠤᠷᠢᠳᠠᠵᠤ ᠪᠠᠶᠢᠬᠤ ᠶᠢ ᠭᠡᠷᠡᠴᠢᠯᠡᠵᠦ ᠪᠠᠶᠢᠨ᠎ᠠ᠃       ᠪᠢᠳᠡ᠂ ᠡᠯ᠎ᠡ ᠤᠯᠤᠰ ᠤᠨ ᠨᠠᠩ ᠣᠯᠠᠨ ᠬᠥᠮᠦᠰ ᠰᠢᠨᠵᠢᠶᠠᠩ ᠳᠤ ᠬᠦᠷᠴᠦ ᠲᠣᠭᠤᠷᠢᠨ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠨᠢᠳᠦ ᠪᠠᠷ ᠢᠶᠠᠨ ᠦᠵᠡᠨ ᠪᠠᠶᠢᠵᠤ ᠯᠡ ᠢᠳᠡᠭᠡᠨ᠎ᠡ᠂ ᠴᠤᠤᠷᠬᠠᠯ ᠡᠴᠦᠰ ᠲᠡᠭᠡᠨ ᠯᠠ ᠠᠷᠢᠯᠤᠨ᠎ᠠ︕      ᠢᠨᠳᠣᠨᠧᠰᠢ᠊ ᠡᠶ᠎ᠡ ᠶᠢᠨ ᠠᠨᠲ᠋ᠠᠷ᠎ᠠ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠡᠨᠡ ᠵᠢᠯ ᠪᠣᠯ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠠᠷᠢᠯᠴᠠᠭᠠᠨ ᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠣᠯᠤᠨ᠎ᠠ᠂ ᠲᠠ᠂ ᠬᠤᠶᠠᠷ ᠳᠠᠯ᠎ᠠ ᠶᠢᠨ ᠬᠠᠷᠢᠯᠴᠠᠭᠠᠨ ᠤ ᠢᠷᠡᠭᠡᠳᠤᠢ ᠶᠢᠨ ᠬᠦᠭᠵᠢᠯᠳᠠ ᠶᠢᠨ ᠳᠤᠬᠠᠢ ᠭᠡᠷᠭᠢᠨ ᠦᠵᠡᠵᠦ ᠪᠠᠶᠢᠨ᠎ᠠ ᠪᠤᠢ︖      ᠸᠠᠩ ᠢ᠄ 30 ᠵᠢᠯ ᠤᠨ ᠡᠮᠦᠨ᠎ᠡ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠠᠷᠢᠯᠴᠠᠭᠠᠨ ᠤ ᠬᠠᠷᠢᠯᠴᠠᠭ᠎ᠠ ᠪᠠᠶᠢᠭᠤᠯᠵᠤ᠂ ᠡᠭᠦᠨᠴᠢᠯᠡᠨ ᠭᠠᠵᠠᠷ ᠣᠷᠣᠨ ᠤ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠣᠷᠣᠵᠠᠢ᠃ ᠺᠦᠩᠽᠢ ︽ᠭᠤᠴᠢ ᠬᠦᠷᠪᠡᠯ ᠦᠢᠯᠡᠰ ᠪᠦᠲᠦᠭᠡᠨ᠎ᠠ︾ ᠭᠡᠵᠤ ᠬᠡᠯᠡᠭᠰᠡᠨ ᠪᠠᠶᠢᠳᠠᠭ᠃ 30 ᠵᠢᠯ ᠤᠨ ᠰᠠᠯᠬᠢ ᠪᠣᠷᠣᠭᠠᠨ ᠢ ᠥᠩᠭᠡᠷᠡᠭᠡᠭᠡᠳ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠦᠯᠬᠦᠮᠳᠡᠨ ᠬᠠᠪᠰᠤᠷᠤᠯᠴᠠᠬᠤ᠂ ᠡᠷᠬᠡ ᠲᠡᠭᠰᠢ ᠪᠠᠷ ᠬᠠᠨᠳᠤᠬᠤ ᠬᠠᠮᠲᠤ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠵᠢᠷᠭᠠᠯ ᠵᠣᠪᠠᠯᠠᠩ ᠢᠶᠠᠨ ᠬᠤᠪᠢᠶᠠᠯᠴᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠬᠠᠮᠲᠤ ᠶᠢᠨ ᠬᠤᠪᠢ ᠵᠠᠶᠠᠭ᠎ᠠ ᠶᠢ ᠪᠤᠢ ᠪᠣᠯᠭᠠᠵᠤ᠂ ᠠᠽᠢᠶ᠎ᠠ ᠲᠢᠪ ᠢ ᠬᠥᠭᠵᠢᠭᠦᠯᠦᠨ ᠮᠠᠨᠳᠤᠭᠤᠯᠬᠤ᠂ ᠢᠷᠡᠭᠡᠳᠦᠢ ᠶᠢ ᠡᠭᠦᠳᠦᠨ ᠨᠡᠭᠡᠭᠡᠬᠦ ᠬᠠᠮᠲᠤ ᠶᠢᠨ ᠬᠦᠰᠡᠯ ᠡᠷᠡᠮᠡᠯᠵᠡᠯ ᠢ ᠪᠤᠢ ᠪᠣᠯᠭᠠᠵᠠᠢ᠃      ᠨᠢᠳᠤᠨᠤᠨ᠂ ᠲᠡᠷᠢᠭᠦᠯᠡᠭᠴᠢ ᠰᠢ ᠶᠢᠨ ᠫᠢᠩ ᠠᠩᠬ᠎ᠠ ᠤᠳᠠᠭ᠎ᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ ᠶᠡᠷᠦᠩᠬᠡᠢ ᠰᠠᠶᠢᠳ ᠯᠢ ᠺᠧ ᠴᠢᠶᠠᠩ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠪᠠ᠃ ᠡᠨᠡ ᠪᠦᠬᠦᠨ ᠨᠢ ᠳᠤᠮᠳᠠᠳᠤ ᠤᠯᠤᠰ ᠤᠨ ᠬᠢᠨ ᠳᠤᠮᠳᠠᠳᠤ ᠤᠯᠤᠰ ᠬᠢᠭᠡᠳ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠬᠠᠮᠲᠤᠷᠠᠯᠴᠠᠭ᠎ᠠ ᠶᠢ ᠴᠢᠬᠤᠯᠠᠴᠢᠯᠠᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠲᠥᠪ ᠪᠣᠯᠬᠤ ᠪᠠᠶᠢᠷᠢ ᠰᠠᠭᠤᠷᠢ ᠶᠢ ᠳᠡᠮᠵᠢᠵᠦ ᠪᠠᠶᠢᠭ᠎ᠠ ᠪᠠᠨ ᠭᠦᠢᠴᠡᠳ ᠬᠠᠷᠠᠭᠤᠯᠵᠤ ᠪᠠᠶᠢᠨ᠎ᠠ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠨᠡᠩ ᠰᠠᠶᠢᠨ ᠰᠠᠶᠢᠬᠠᠨ ᠳᠠᠷᠠᠭᠠᠴᠢ ᠶᠢᠨ 30 ᠵᠢᠯ ᠢ ᠡᠭᠦᠳᠦᠨ᠎ᠡ᠃      ᠪᠢᠳᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠬᠢᠵᠢᠭ ᠲᠠᠢ ᠲᠡᠮᠡᠴᠡᠬᠦ ᠳᠡᠮᠵᠢᠯᠭᠡ ᠬᠠᠩᠭᠠᠨ᠎ᠠ᠃ ᠳᠤᠮᠳᠠᠳᠤ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠡᠯ᠎ᠡ ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠬᠠᠩᠭᠠᠵᠤ ᠪᠠᠶᠢᠬᠤ ᠪᠥᠭᠡᠳ ᠢᠨᠳᠣᠨᠧᠰᠢ᠊ ᠡᠶ᠎ᠡ ᠶᠢ ᠬᠠᠪᠰᠤᠷᠤᠨ ᠵᠡᠭᠦᠨ ᠡᠮᠦᠨᠡᠲᠦ ᠠᠽᠢᠶ᠎ᠠ ᠶᠢᠨ ᠸᠠᠺᠼᠢᠨ ᠤ ᠦᠢᠯᠡᠳᠪᠦᠷᠢᠯᠡᠯ ᠤᠨ ᠲᠥᠪ ᠪᠠᠶᠢᠭᠤᠯᠵᠤ ᠪᠠᠶᠢᠨ᠎ᠠ ᠂ ᠲᠠᠷᠠᠭᠠᠴᠢ ᠶᠢᠨ ᠠᠯᠬᠤᠮ ᠳᠤ ᠪᠠᠰᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠤᠯᠤᠰ ᠤᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠭᠤᠣᠯᠳᠠᠯᠭ᠎ᠠ ᠲᠠᠢ ᠲᠡᠮᠵᠢᠨ᠎ᠠ᠃ ᠪᠢᠳᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠯᠤᠭ᠎ᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠵᠠᠪᠤᠳᠠᠯ ᠢ ︽ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠪᠦᠬᠦ ᠲᠠᠯ᠎ᠠ ᠶᠢᠨ ᠰᠡᠷᠭᠦᠯᠲᠡ ᠶᠢᠨ ᠪᠣᠷᠣ ᠲᠥᠯᠥᠪ︾᠎ ᠲᠠᠢ ᠵᠣᠯᠭᠠᠭᠤᠯᠬᠤ ᠶᠢᠨ ᠬᠠᠮᠲᠤ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭᠠᠨ ᠤ ᠬᠡᠯᠡᠯᠴᠡᠭᠡᠷ︾ ︵RCEP︶᠎ ᠢ ᠡᠷᠲᠡᠬᠡᠨ ᠬᠦᠴᠦᠨ ᠲᠠᠢ ᠪᠣᠯᠭᠠᠨ ᠬᠡᠷᠡᠭᠵᠢᠭᠦᠯᠬᠦ ᠶᠢ ᠠᠬᠢᠭᠤᠯᠵᠤ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠨᠡᠩ ᠭᠦᠢᠴᠡᠳ ᠪᠠᠳᠠᠷᠠᠭᠤᠯᠬᠤ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠂ ᠦᠷᠭᠦᠯᠵᠢᠯᠡᠬᠦ᠋ᠢᠴᠡ ᠬᠥᠭᠵᠢᠯᠲᠡ ᠵᠡᠷᠭᠡ ᠬᠦᠷᠢᠶᠡᠨ ᠳᠤ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ ᠪᠣᠯᠭᠠᠨ᠎ᠠ᠃      ᠪᠢᠳᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠯᠤᠭ᠎ᠠ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠨ᠎ᠠ᠃ ᠬᠠᠮᠲᠤ ᠪᠠᠷ ᠬᠠᠷᠰᠢ ᠰᠠᠭᠠᠳ ᠢ ᠠᠷᠢᠯᠭᠠᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾᠎ ᠶᠢᠨ ᠵᠥᠪᠳᠡᠯᠴᠡᠭᠡ ᠶᠢ ᠲᠦᠷᠭᠡᠳᠬᠡᠨ ᠠᠬᠢᠭᠤᠯᠵᠤ᠂ ᠳᠠᠯᠠᠢ ᠳᠡᠭᠡᠷᠡᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠭᠠᠵᠠᠷ ᠣᠷᠣᠨ ᠤ ᠡᠩᠬᠡ ᠲᠠᠶᠢᠪᠤᠩ ᠪᠠ ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠨ᠎ᠠ᠃      ᠹᠧᠩ ᠬᠤᠸᠠᠩ ᠣᠳᠣᠨ ᠲᠧᠯᠸᠢᠰ ᠤᠨ ᠰᠤᠷᠪᠤᠯᠵᠢᠯᠠᠭᠴᠢ᠄ ᠲᠧᠷᠠᠮᠫᠦ᠋ ᠶᠢᠨ ᠵᠠᠰᠠᠭ ᠤᠨ ᠣᠷᠳᠣᠨ ᠠᠮᠧᠷᠢᠺᠠ ᠲᠠᠶᠢᠸᠠᠨ ᠤ ᠬᠠᠷᠢᠯᠴᠠᠭᠠᠨ ᠤ ᠬᠢᠵᠠᠭᠠᠷᠯᠠᠯ ᠢ ᠬᠦᠴᠦᠨ ᠥᠬᠡᠶ ᠪᠣᠯᠭᠠᠪᠠ᠃ ᠵᠠᠷᠢᠮ ᠤᠶᠤᠨ ᠤ ᠬᠥᠮᠥᠷᠭᠡ ᠳᠤ ᠳᠤᠮᠳᠠᠳᠤ ᠠᠮᠧᠷᠢᠺᠠ ᠶᠢᠨ ᠲᠠᠶᠢᠸᠠᠨ ᠤ ᠠᠰᠠᠭᠤᠳᠠᠯ ᠳᠡᠭᠡᠷᠡᠬᠢ ᠬᠢᠮᠤᠷᠠᠯ ᠢ ᠪᠦᠬᠦ ᠪᠥᠮᠪᠥᠷᠴᠡᠭ ᠤᠨ ᠬᠠᠮᠤᠭ ᠤᠨ ᠶᠡᠭᠡ ᠳᠠᠯᠳᠠ ᠮᠥᠷᠭᠦᠯᠳᠦᠭᠡᠨ ᠢᠶᠠᠷ ᠣᠷᠣᠭᠤᠯᠪᠠ᠃ ᠳᠤᠮᠳᠠᠳᠤ ᠤᠯᠤᠰ ᠤᠨ ᠬᠢᠨ ᠠᠮᠧᠷᠢᠺᠠ ᠶᠢᠨ ᠲᠠᠶᠢᠸᠠᠨ ᠤ ᠲᠤᠬᠠᠶ ᠲᠥᠷᠥ ᠶᠢᠨ ᠪᠣᠳᠣᠯᠭ᠎ᠠ ᠶᠢ ᠬᠡᠷᠬᠢᠨ ᠦᠵᠡᠵᠦ ᠪᠠᠶᠢᠬᠤ ᠪᠣᠶ︖       ᠸᠠᠩ ᠢ᠄ ᠲᠠᠶᠢᠸᠠᠨ ᠤ ᠠᠰᠠᠭᠤᠳᠠᠯ ᠤᠨ ᠲᠤᠬᠠᠢ ᠪᠢ ᠭᠤᠷᠪᠠᠨ ᠲᠠᠯ᠎ᠠ ᠶᠢ ᠴᠢᠬᠤᠯᠠᠴᠢᠯᠠᠶ᠎ᠠ᠄ᠡᠩ ᠲᠡᠷᠢᠭᠦᠨ ᠳᠤ᠂ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠲᠠᠢ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ᠂ ᠡᠨᠡ ᠪᠣᠯ ᠲᠡᠦᠬᠡ ᠪᠠ ᠬᠠᠤᠯᠢ ᠵᠦᠢ ᠶᠢᠨ ᠪᠣᠳᠠᠲᠤ ᠬᠡᠷᠡᠭ᠂ ᠮᠦᠨ ᠴᠤ ᠳᠡᠯᠡᠬᠡᠢ ᠨᠡᠶᠢᠲᠡ ᠶᠢᠨ ᠨᠡᠶᠢᠳᠡᠮ ᠤᠨ ᠬᠠᠮᠲᠤ ᠶᠢᠨ ᠲᠠᠨᠢᠯᠲᠠ ᠮᠥᠨ᠃      ᠬᠤᠶᠠᠳᠤᠭᠠᠷ ᠲᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠶᠢᠯᠠᠰᠢ ᠦᠭᠡᠢ ᠨᠢᠭᠡᠳᠬᠦ ᠶᠤᠮ᠂ ᠡᠨᠡ ᠪᠣᠯ ᠶᠡᠭᠡ ᠬᠠᠨᠳᠤᠰᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠵᠣᠷᠢᠭ ᠰᠠᠨᠠᠭ᠎ᠠ᠂ ᠡᠨᠡ ᠪᠤᠯ ᠬᠤᠪᠢᠷᠠᠰᠢ ᠦᠭᠡᠢ ᠪᠥᠭᠡᠳ ᠬᠤᠪᠢᠷᠠᠭᠤᠯᠵᠤ ᠴᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠡᠷᠡᠰ ᠵᠣᠷᠢᠭ ᠭᠤᠶᠢᠪᠢᠰᠢ ᠦᠭᠡᠢ᠂ ᠪᠢᠳᠡ ᠶᠠᠮᠠᠷᠪᠠ ᠬᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠢᠯᠠᠬᠤ ᠴᠢᠳᠠᠪᠤᠷᠢ ᠲᠠᠢ ᠶᠤᠮ᠃ᠭᠤᠷᠪᠠᠳᠤᠭᠠᠷ ᠲᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ᠂ ᠳᠠᠪᠠᠵᠤ ᠪᠣᠯᠤᠰᠢ ᠦᠭᠡᠢ ᠤᠯᠠᠭᠠᠨ ᠱᠤᠭᠤᠮ ᠮᠥᠨ᠃ ᠳᠤᠮᠳᠠᠳᠤ ᠤᠯᠤᠰ ᠤᠨ ᠵᠠᠰᠠᠭ ᠤᠨ ᠣᠷᠳᠣᠨ ᠲᠠᠶᠢᠸᠠᠨ ᠤ ᠠᠰᠠᠭᠤᠳᠠᠯ ᠳᠡᠭᠡᠷ᠎ᠡ ᠡᠪᠰᠡᠬᠦ ᠣᠷᠣᠨ ᠵᠠᠢ ᠦᠭᠡᠢ᠂ ᠨᠠᠶᠢᠷ ᠲᠠᠯᠪᠢᠬᠤ ᠣᠷᠣᠨ ᠵᠠᠢ ᠦᠭᠡᠢ ᠶᠤᠮ᠃ ᠪᠢᠳᠡ ᠠᠮᠧᠷᠢᠺᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠳᠤ᠂ ᠲᠠᠶᠢᠸᠠᠨ ᠤ ᠠᠰᠠᠭᠤᠳᠠᠯ ᠤᠨ ᠳᠡᠭᠡᠳᠦ ᠬᠡᠮᠵᠢᠶᠡᠨ ᠤ ᠰᠡᠷᠭᠡᠭ ᠴᠢᠨᠠᠷ ᠢ ᠭᠦᠢᠴᠡᠳ ᠲᠠᠨᠢᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠦᠨᠡᠨ ᠬᠦ ᠬᠢᠴᠢᠶᠡᠩᠭᠦ᠋ᠢᠯᠡᠨ ᠵᠢᠷᠤᠮᠯᠠᠵᠤ᠂ ᠳᠡᠭᠡᠷ᠎ᠡ ᠬᠤᠭᠤᠴᠠᠭᠠᠨ ᠤ ᠵᠠᠰᠠᠭ ᠤᠨ ᠣᠷᠳᠣᠨ ᠤ ︽ᠱᠤᠭᠤᠮ ᠳᠠᠪᠠᠵᠤ︾᠂ ︽ᠭᠠᠯ ᠢᠶᠠᠷ ᠨᠠᠭᠠᠳᠬᠤ︾ ᠠᠶᠤᠯᠲᠠᠢ ᠠᠷᠭ᠎ᠠ ᠬᠢᠳᠡᠯ ᠢ ᠲᠦᠢᠯᠪᠤᠷᠢᠲᠠᠢ ᠬᠤᠪᠢᠷᠠᠭᠤᠯᠵᠤ᠂ ᠲᠠᠶᠢᠸᠠᠨ ᠳᠤ ᠬᠤᠯᠪᠣᠭᠳᠠᠭᠰᠠᠨ ᠠᠰᠠᠭᠤᠳᠠᠯ ᠢ ᠪᠣᠯᠭᠤᠮᠵᠢᠲᠠᠢ ᠪᠥᠭᠡᠳ ᠲᠣᠬᠢᠲᠠᠢ ᠰᠢᠢᠳᠪᠦᠷᠢᠯᠡᠬᠦ ᠶᠢ ᠱᠠᠭᠠᠷᠳᠠᠵᠤ ᠪᠠᠶᠢᠨ᠎ᠠ᠃ ︵ᠦᠷᠭᠦᠯᠵᠢᠯᠡᠯ ᠨᠢ ᠲᠤᠯᠤᠳᠤᠭᠠᠷ ᠨᠢᠭᠤᠷ ᠲᠤ︶ ︵ᠵᠢᠷᠭᠤᠳᠤᠭᠠᠷ ᠨᠢᠭᠤᠷ ᠤᠨ ᠦᠷᠭᠦᠯᠵᠢᠯᠡᠯ︶      ᠺᠠᠽᠠᠬᠰᠲ᠋ᠠᠨ ᠤ 24 KZ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠳᠤ ᠬᠢᠵᠢᠭ ᠠᠴᠠ ᠪᠤᠯᠤᠭᠰᠠᠨ ᠨᠥᠯᠥᠭᠡ ᠶᠢ ᠲᠠ ᠬᠡᠷᠬᠢᠨ ᠦᠵᠡᠵᠦ ᠪᠠᠶᠢᠬᠤ ᠪᠤᠢ︖ ᠳᠤᠮᠳᠠᠳᠤ ᠶᠢᠨ ᠲᠠᠯ᠎ᠠ ᠶᠢᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠢᠷᠡᠭᠡᠳᠦᠢ ᠶᠢᠨ ᠭᠤᠣᠯ ᠴᠢᠭᠯᠡᠯ ᠨᠢ ᠶᠠᠭᠤ ᠪᠤᠢ︖      ᠸᠠᠩ ᠢ᠄ ᠨᠢᠳᠤᠨᠤᠨ ᠠᠴᠠ ᠨᠠᠭᠠᠰᠢ᠂ ᠬᠢᠵᠢᠭ ᠳᠠᠬᠤᠯ ᠳᠡᠯᠡᠬᠡᠢ ᠳ᠋ᠠᠬᠢᠨ ᠢ ᠪᠦᠬᠦ ᠲᠠᠯ᠎ᠠ ᠪᠠᠷ ᠲᠠᠭᠠᠷᠢᠪᠠ᠃ ︽ᠨᠢᠭᠡ ᠪᠦᠰᠡ ᠨᠢᠭᠡ ᠵᠠᠮ︾᠎ ᠤᠨ ᠬᠠᠮᠲᠤᠷᠠᠯᠴᠠᠭ᠎ᠠ ᠨᠢ ︽ᠲᠦᠷ ᠵᠣᠭᠰᠣᠬᠤ ᠳᠠᠷᠤᠪᠴᠢ︾᠎ ᠪᠠᠨ ᠳᠠᠷᠤᠭᠰᠠᠨ ᠥᠬᠡᠶ ᠮᠥᠷᠲᠡᠭᠡᠨ ᠭᠡᠳᠡᠷᠭᠦ ᠪᠠᠨ ᠰᠠᠯᠬᠢ ᠰᠥᠷᠥᠨ ᠤᠷᠤᠭᠰᠢᠯᠠᠨ ᠰᠢᠨ᠎ᠡ ᠦᠷ᠎ᠡ ᠪᠦᠲᠦᠭᠡᠯ ᠭᠠᠷᠭᠠᠵᠦ᠂ ᠬᠦᠴᠦᠷᠬᠡᠭ ᠶᠡᠭᠡ ᠤᠶᠠᠨ ᠬᠠᠲᠠᠨ ᠴᠢᠨᠠᠷ ᠪᠠ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃      ᠪᠢᠳᠡ ︽ᠬᠠᠮᠲᠤ ᠪᠠᠷ ᠵᠥᠪᠳᠡᠯᠴᠡᠬᠦ︾᠎ ᠪᠠᠷ ᠤᠳᠤᠷᠢᠳᠤᠮᠵᠢ ᠪᠣᠯᠭᠠᠵᠤ᠂ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭᠠᠨ ᠤ ᠳᠡᠭᠡᠳᠦ ᠲᠡᠰ ᠤᠨ ᠸᠢᠳᠢᠣ᠋ ᠬᠤᠷᠠᠯ ᠵᠢᠴᠢ 30 ᠭᠠᠷᠤᠢ ᠤᠳᠠᠭ᠎ᠠ ᠶᠢᠨ ᠲᠤᠰᠬᠠᠢ ᠮᠡᠷᠭᠡᠵᠢᠯ ᠤᠨ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ᠎ᠡ ᠬᠠᠳᠠᠩᠰᠢᠭᠤᠯᠪᠠ᠃      ᠪᠢᠳᠡ ︽ᠬᠠᠮᠲᠤ ᠪᠠᠷ ᠪᠥᠲᠥᠭᠡᠨ ᠪᠠᠶᠢᠭᠤᠯᠬᠤ︾᠎ ᠪᠠᠷ ᠴᠢᠭᠯᠡᠯ ᠪᠣᠯᠭᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠢᠯ ᠦᠶ᠋ᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠠᠴᠠ ᠪᠤᠯᠵᠦ ᠭᠤᠤᠯᠳᠠᠯᠭ᠎ᠠ ᠲᠠᠢ ᠲᠥᠷᠥᠯ ᠵᠦᠶ᠋ᠯ ᠠᠵᠢᠯ ᠵᠣᠭᠰᠣᠭᠰᠠᠨ ᠵᠢᠱᠢᠶ᠎ᠡ ᠨᠢᠭᠡ ᠴᠦ ᠥᠬᠡᠶ᠂ ᠳᠤᠮᠳᠠᠳᠤ ᠫᠠᠺᠢᠰᠲ᠋ᠠᠨ ᠤ ᠠᠵᠤ ᠠᠬᠤᠶ ᠶᠢᠨ ᠬᠤᠩᠭᠢᠯ ᠤᠨ ᠲᠥᠷᠥᠯ ᠵᠦᠶ᠋ᠯ᠂ ᠵᠠᠺᠠᠷᠲ᠋ᠠ ᠪᠠᠨᠳᠦ᠋ᠩ ᠤᠨ ᠲᠦᠷᠭᠡᠨ ᠤ ᠲᠡᠮᠦᠷ ᠵᠠᠮ ᠂ ᠳᠤᠮᠳᠠᠳᠤ ᠯᠠᠤᠰ ᠤᠨ ᠲᠡᠮᠦᠷ ᠵᠠᠮ᠂ ᠬᠠᠩᠭᠠᠷᠢ ᠰᠧᠷᠪᠢᠶ᠎ᠠ ᠶᠢᠨ ᠲᠡᠮᠦᠷ ᠵᠠᠮ ᠵᠡᠷᠭᠡ ᠶᠢᠨ ᠠᠵᠢᠯ ᠤᠨ ᠠᠬᠢᠴᠠ ᠮᠠᠰᠢ ᠰᠠᠶᠢᠨ ᠪᠠᠶᠢᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠪᠢᠳᠡ ︽ᠬᠠᠮᠲᠤ ᠪᠠᠷ ᠡᠳ᠋ᠯᠡᠬᠦ︾᠎ ᠪᠠᠷ ᠭᠤᠣᠯᠳᠠᠯᠭ᠎ᠠ ᠪᠣᠯᠭᠠᠵᠤ᠂ 2020 ᠣᠨ ᠳᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠭᠰᠠᠨ ᠲᠤᠭ᠎ᠠ ᠬᠡᠮᠵᠢᠶ᠎ᠡ ᠪᠠ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ︽ᠡᠬᠡ ᠬᠠᠭᠤᠷᠠᠢ ᠳᠠᠯᠠᠢ ᠶᠢᠨ ᠰᠢᠨ᠎ᠡ ᠵᠠᠮ︾ ᠳᠠᠭᠠᠤ ᠶᠢᠨ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠵᠦ᠂ ᠤᠯᠠᠨ ᠤᠯᠤᠰ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠦᠴᠦᠲᠡᠢ ᠪᠠᠲᠤᠯᠠᠪᠠ᠃       ᠬᠢᠵᠢᠭ ᠳᠠᠬᠤᠯ ᠬᠥᠮᠦᠰ ᠤᠨ ᠶᠠᠪᠤᠯᠴᠠᠭ᠎ᠠ ᠶᠢ ᠬᠠᠷᠰᠢᠯᠠᠭᠰᠠᠨ ᠪᠣᠯᠪᠠᠴᠤ ᠬᠠᠨᠢᠲᠠᠨ ᠤᠯᠤᠰ ᠤᠳ ᠤᠨ ︽ᠨᠢᠭᠡ ᠪᠦᠰᠡ ᠨᠢᠭᠡ ᠵᠠᠮ︾᠎ ᠤᠨ ᠬᠠᠮᠲᠤ ᠶᠢᠨ ᠪᠦᠲᠦᠭᠡᠨ ᠪᠠᠶᠢᠭᠤᠯᠤᠯᠳᠠ ᠶᠢᠨ ᠪᠡᠯᠡ ᠣᠷᠣᠭᠤᠯᠬᠤ ᠪᠠ ᠳᠡᠮᠵᠢᠯᠭᠡ ᠦᠵᠡᠭᠦᠯᠬᠦ ᠶᠢ ᠬᠤᠷᠢᠭᠯᠠᠵᠤ ᠳᠡᠶᠢᠯᠦᠭᠰᠡᠨ ᠦᠭᠡᠢ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ︽ᠡᠷᠡᠭᠦᠯ ᠡᠩᠬᠡ ᠲᠣᠷᠭᠠᠨ ᠵᠠᠮ︾᠎ ᠢ ᠴᠢᠷᠮᠠᠶᠢᠨ ᠴᠣᠭᠴᠠᠯᠠᠵᠤ᠂ ᠬᠢᠵᠢᠭ ᠲᠠᠢ ᠲᠡᠮᠡᠴᠡᠬᠦ ᠤᠯᠠᠨ ᠤᠯᠤᠰ ᠤᠨ ᠬᠠᠮᠲᠤᠷᠠᠯᠴᠠᠭ᠎ᠠ ᠪᠠᠷ ᠳᠠᠮᠵᠢᠭᠤᠯᠤᠨ ︽ᠨᠢᠭᠡ ᠪᠦᠰᠡ ᠨᠢᠭᠡ ᠵᠠᠮ︾᠎ ᠢ ᠨᠡᠷ᠎ᠡ ᠨᠢᠳᠡᠷ ᠲᠡᠭᠡᠨ ᠨᠡᠶᠢᠴᠡᠭᠰᠡᠨ ︽ᠠᠮᠢ ᠨᠠᠰᠤᠨ ᠤ ᠵᠠᠮ︾ ᠪᠣᠯᠭᠠᠪᠠ᠃ ᠪᠢᠳᠡ ︽ᠲᠣᠭᠠᠴᠢᠯᠠᠭᠰᠠᠨ ᠲᠣᠷᠭᠠᠨ ᠵᠠᠮ︾᠎ ᠢ ᠪᠠᠶᠢᠭᠤᠯᠵᠤ᠂ ︽ᠮᠡᠳᠡᠭᠡ ᠵᠠᠩᠭᠢ ᠶᠢᠨ ᠬᠤᠩᠬᠢᠯ︾᠎ ᠢ ᠢᠳᠡᠪᠬᠢᠲᠡᠢ ᠪᠠᠶᠢᠭᠤᠯᠵᠤ᠂ ︽ᠨᠢᠭᠡ ᠪᠦᠰᠡ ᠨᠢᠭᠡ ᠵᠠᠮ︾᠎ ᠢ ᠡᠭᠦᠷᠢᠳᠡ ᠰᠦᠯᠵᠢᠶᠡᠨ ᠳᠡᠭᠡᠷ᠎ᠡ ᠨᠡᠪᠳᠡᠷᠡᠭᠦᠯᠵᠠᠢ᠃ ᠪᠢᠳᠡ ︽ᠪᠣᠬᠢᠷᠲᠤᠯ ᠥᠬᠡᠶ ᠲᠣᠷᠭᠠᠨ ᠵᠠᠮ︾᠎ ᠢ ᠪᠠᠶᠢᠭᠤᠯᠵᠤ᠂ ᠪᠣᠬᠢᠷᠲᠤᠯ ᠥᠬᠡᠶ ᠡᠨᠧᠷᠭᠢ᠂ ᠪᠣᠬᠢᠷᠲᠤᠯ ᠥᠬᠡᠶ ᠰᠠᠭᠤᠷᠢ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠮᠥᠩᠭᠦᠨ ᠭᠦᠶ᠋ᠯᠭᠡᠭᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾᠎ ᠢ ᠪᠥᠬᠦ ᠪᠥᠮᠪᠥᠷᠴᠡᠭ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ ᠬᠤᠪᠢᠷᠠᠭᠤᠯᠬᠤ ᠪᠠ ᠬᠢᠵᠢᠭ ᠤᠨ ᠳᠠᠷᠠᠭᠠᠬᠢ ᠪᠣᠬᠢᠷᠲᠤᠯ ᠥᠬᠡᠶ ᠰᠡᠷᠭᠦᠯᠲᠡ ᠶᠢᠨ ᠴᠢᠬᠤᠯᠠ ᠬᠥᠳᠡᠯᠭᠡᠭᠦᠷ ᠪᠣᠯᠭᠠᠪᠠ᠃ ᠬᠢᠵᠢᠭ ᠳᠠᠬᠤᠯ ᠳᠡᠯᠡᠬᠡᠢ ᠳ᠋ᠠᠬᠢᠨ ᠢ ᠭᠦᠨᠵᠡᠭᠡᠢ ᠬᠤᠪᠢᠷᠠᠭᠤᠯᠤᠭᠰᠠᠨ ᠪᠣᠯᠪᠠᠴᠤ ᠡᠯ᠎ᠡ ᠲᠠᠯ᠎ᠠ ᠶᠢᠨ ᠬᠢᠨ ᠤ ︽ᠨᠢᠭᠡ ᠪᠦᠰᠡ ᠨᠢᠭᠡ ᠵᠠᠮ︾᠎ ᠤᠨ ᠲᠤᠬᠠᠢ ᠬᠡᠷᠡᠭᠴᠡᠭᠡ ᠬᠤᠪᠢᠷᠠᠭ᠎ᠠ ᠦᠭᠡᠢ᠂ ᠳᠤᠮᠳᠠᠳᠤ ᠶᠢᠨ ᠲᠠᠯ᠎ᠠ ᠶᠢᠨ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠡᠷᠴᠢ ᠵᠣᠷᠢᠭ ᠨᠡᠩ ᠬᠤᠪᠢᠷᠠᠭ᠎ᠠ ᠦᠭᠡᠢ᠃ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠳᠠᠮᠵᠢᠨ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠠᠷᠭ᠎ᠠ ᠵᠠᠮ ᠬᠠᠩᠭᠠᠵᠤ᠂ ︽ᠨᠢᠭᠡ ᠪᠦᠰᠡ ᠨᠢᠭᠡ ᠵᠠᠮ︾᠎ ᠤᠨ ᠬᠠᠮᠲᠤᠷᠠᠯᠴᠠᠭᠠᠨ ᠤ ᠬᠠᠨᠢᠲᠠᠨ ᠳᠤ ᠨᠡᠩ ᠤᠯᠠᠨ ᠠᠵᠠ ᠲᠣᠬᠢᠶᠠᠯ ᠣᠯᠭᠤᠨ᠎ᠠ᠃ ᠪᠢᠳᠡ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠥᠳᠡᠯᠭᠡᠬᠦ ᠴᠢᠳᠠᠪᠤᠷᠢ ᠪᠠᠭᠤᠷᠠᠬᠤ ᠦᠭᠡᠢ ᠪᠠᠶᠢᠬᠤ᠂ ᠤᠶᠠᠨ ᠬᠠᠳᠠᠨ ᠴᠢᠨᠠᠷ ᠨᠡᠩ ᠴᠢᠩᠭ᠎ᠠ ᠪᠠᠶᠢᠬᠤ ᠶᠢ ᠪᠠᠲᠤᠯᠠᠵᠤ᠂ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠲᠠ ᠶᠢ ᠡᠯ᠎ᠡ ᠲᠠᠯ᠎ᠠ ᠶᠢᠨ ᠬᠠᠮᠲᠤ ᠪᠠᠷ ᠬᠥᠭᠵᠢᠬᠦ᠂ ᠬᠠᠮᠲᠤ ᠪᠠᠷ ᠴᠡᠴᠡᠭᠯᠡᠨ ᠬᠥᠭᠵᠢᠬᠦ ᠰᠠᠷᠠᠭᠤᠯ ᠳᠠᠷᠳᠠᠩ ᠵᠠᠮ ᠪᠣᠯᠭᠠᠨ᠎ᠠ᠃      ︽ᠪᠡᠭᠡᠵᠢᠩ ᠤᠨ ᠡᠳᠦᠷ ᠤᠨ ᠰᠣᠨᠢᠨ︾᠎ ᠤ ᠰᠤᠷᠪᠤᠯᠵᠢᠯᠠᠭᠴᠢ᠄ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ ᠭᠡᠵᠦ ᠳᠤᠷᠠᠳᠤᠭᠰᠠᠨ ᠨᠢ ᠳᠡᠯᠡᠬᠡᠢ ᠳ᠋ᠠᠬᠢᠨ ᠳᠤ ᠶᠠᠮᠠᠷ ᠨᠥᠯᠥᠭᠡ ᠠᠪᠴᠢᠷᠠᠬᠤ ᠪᠣᠯ︖       ᠸᠠᠩ ᠢ᠄ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠪᠠᠶᠢᠭ᠎ᠠ ᠨᠢ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠬᠡᠷᠡᠭᠴᠡᠭᠡᠨ ᠳᠤ ᠵᠣᠬᠢᠴᠠᠵᠤ᠂ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠬᠦᠴᠦᠯᠡᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠬᠤ ᠶᠢᠨ ᠬᠠᠮᠲᠤ ᠭᠠᠳᠠᠭᠠᠳᠤ ᠨᠡᠬᠡᠬᠡᠯᠳᠡ ᠪᠠᠨ ᠤᠯᠠᠮ ᠴᠢᠨᠠᠭᠰᠢᠳᠠ ᠥᠷᠭᠡᠳᠬᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠵᠠᠬ᠎ᠠ ᠳᠡᠯᠭᠡᠭᠦᠷ ᠢ ᠨᠡᠩ ᠰᠠᠶᠢᠲᠤᠷ ᠨᠡᠪᠲᠡᠷᠡᠭᠦᠯᠵᠦ᠂ ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ ᠶᠢ ᠬᠤᠯᠪᠣᠬᠤ ᠬᠤᠶᠠᠷ ᠶᠡᠭᠡ ᠵᠠᠮ ᠢ ᠨᠡᠩ ᠰᠠᠶᠢᠲᠤᠷ ᠨᠡᠪᠲᠡᠷᠡᠭᠦᠯᠬᠦ ᠶᠢᠨ ᠲᠥᠯᠥᠭᠡ ᠶᠤᠮ᠃ ᠡᠨᠡ ᠨᠢ ᠳᠡᠯᠡᠬᠡᠢ ᠶᠢᠨ ᠡᠯ᠎ᠡ ᠤᠯᠤᠰ ᠲᠤ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠬᠠᠩᠭᠠᠵᠤ᠂ ᠨᠡᠩ ᠶᠡᠭᠡ ᠵᠠᠬ᠎ᠠ ᠳᠡᠯᠭᠡᠭᠦᠷ ᠤᠨ ᠣᠷᠣᠨ ᠵᠠᠢ ᠶᠢ ᠨᠡᠭᠡᠭᠡᠵᠦ᠂ ᠨᠡᠩ ᠥᠷᠭᠡᠨ ᠠᠭᠤᠳᠠᠮ ᠬᠠᠮᠲᠤᠷᠠᠯᠴᠠᠭᠠᠨ ᠤ ᠠᠯᠤᠰ ᠢᠷᠡᠭᠡᠳᠦᠢ ᠶᠢ ᠤᠭᠲᠤᠨ ᠠᠪᠴᠢᠷᠠᠬᠤ ᠪᠣᠯᠤᠨ᠎ᠠ᠃ ᠳᠤᠮᠳᠠᠳᠤ ᠤᠯᠤᠰ ᠨᠠᠩ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠨᠠᠩ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠡᠯ᠎ᠡ ᠤᠯᠤᠰ ᠲᠠᠢ ᠬᠠᠮᠲᠤ ᠪᠠᠷ ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠳᠦᠷᠰᠦᠯᠢᠭ ᠢᠶᠠᠷ ᠬᠡᠯᠡᠪᠡᠯ᠂ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠠ ᠳᠤᠮᠳᠠᠳᠤ ᠤᠯᠤᠰ ᠬᠥᠳᠡᠯᠭᠡᠬᠦ ᠴᠢᠳᠠᠪᠤᠷᠢ ᠪᠠᠷ ᠨᠡᠩ ᠴᠢᠩᠭ᠎ᠠ᠂ ᠠᠴᠢᠶᠠᠯᠠᠬᠤ ᠬᠦᠴᠦᠨ ᠢᠶᠠᠷ ᠨᠡᠩ ᠶᠡᠭᠡ ︽ᠳᠤᠮᠳᠠᠳᠤ ᠤᠯᠤᠰ ᠤᠨ ᠬᠤᠷᠳᠤᠨ ᠲᠡᠷᠭᠡ︾ ᠰᠢᠭ ᠪᠠᠶᠢᠵᠤ᠂ ᠰᠢᠨ᠎ᠡ ᠬᠠᠷᠠᠯᠲᠠ ᠲᠡᠶᠢᠰᠢ ᠲᠦᠷᠭᠡᠨ ᠤᠷᠤᠭᠰᠢᠯᠠᠵᠤ ᠪᠠᠶᠢᠨ᠎ᠠ᠂ ᠪᠢᠳᠡ ᠡᠯ᠎ᠡ ᠤᠯᠤᠰ ᠤᠨ ᠬᠢᠨ ᠬᠠᠮᠲᠤ ᠪᠠᠷ ᠤᠷᠤᠭᠰᠢᠯᠠᠵᠤ᠂ ᠬᠠᠮᠲᠤ ᠪᠠᠷ ᠬᠦᠭᠵᠢᠨ ᠴᠡᠴᠡᠭᠯᠡᠬᠦ ᠶᠢ ᠪᠠᠶᠠᠷᠯᠠᠨ ᠤᠭᠲᠤᠵᠤ ᠪᠠᠶᠢᠨ᠎ᠠ᠃      ᠡᠨᠡᠳᠬᠡᠭ ᠤᠨ ᠰᠣᠨᠢᠨ ᠤ ᠦᠢᠯᠡᠰ ᠤᠨ ᠲᠷᠦ᠋ᠰᠲ ᠬᠤᠷᠢᠶᠠᠨ ᠤ ᠰᠤᠷᠪᠤᠯᠵᠢᠯᠠᠭᠴᠢ᠄ ᠲᠠ ᠳᠤᠮᠳᠠᠳᠤ ᠡᠨᠡᠳᠬᠡᠭ ᠤᠨ ᠬᠢᠯᠢ ᠶᠢᠨ ᠡᠩᠬᠡ ᠲᠠᠶᠢᠪᠤᠩ ᠤᠨ ᠠᠯᠤᠰ ᠢᠷᠡᠭᠡᠳᠦᠢ ᠶᠢᠨ ᠲᠤᠬᠠᠢ ᠬᠡᠷᠬᠢᠨ ᠦᠵᠡᠵᠦ ᠪᠠᠶᠢᠬᠤ ᠪᠤᠢ︖ ᠳᠤᠮᠳᠠᠳᠤ ᠡᠨᠡᠳᠬᠡᠭ ᠬᠤᠶᠠᠷ ᠲᠠᠯ᠎ᠠ ᠶᠢᠨ ᠬᠢᠯᠢ ᠶᠢᠨ ᠵᠠᠭᠠᠭ ᠤᠨ ᠠᠰᠠᠭᠤᠳᠠᠯ ᠤᠨ ᠲᠤᠬᠠᠶ ᠠᠳᠠᠯᠢ ᠪᠤᠰᠤ ᠦᠵᠡᠯᠲᠡ ᠨᠢ ᠳᠤᠮᠳᠠᠳᠤ ᠡᠨᠡᠳᠬᠡᠭ ᠤᠨ ᠬᠠᠷᠢᠯᠴᠠᠭᠠᠨ ᠤ ᠢᠷᠡᠭᠡᠳᠦᠶ ᠶᠢᠨ ᠬᠥᠭᠵᠢᠯᠲᠡ ᠶᠢ ᠬᠡᠷᠬᠢᠨ ᠨᠥᠯᠥᠭᠡᠯᠡᠬᠦ ᠪᠤᠶ      ᠸᠠᠩ ᠢ᠄ ᠳᠤᠮᠳᠠᠳᠤ ᠡᠨᠡᠳᠬᠡᠭ ᠤᠨ ᠬᠠᠷᠢᠯᠴᠠᠭᠠᠨ ᠤ ᠮᠥᠨ ᠴᠢᠨᠠᠷ ᠪᠣᠯ ᠳᠡᠯᠡᠬᠡᠢ ᠳᠡᠭᠡᠷᠡᠬᠢ ᠬᠠᠮᠤᠭ ᠤᠨ ᠶᠡᠭᠡ ᠬᠤᠶᠠᠷ ᠬᠥᠭᠵᠢᠵᠦ ᠪᠠᠶᠢᠭ᠎ᠠ ᠤᠯᠤᠰ ᠬᠡᠷᠬᠢᠨ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠬᠠᠮᠲᠤ ᠪᠠᠷ ᠬᠥᠭᠵᠢᠨ ᠮᠠᠨᠳᠤᠬᠤ ᠠᠰᠠᠭᠤᠳᠠᠯ ᠪᠣᠯᠤᠨ᠎ᠠ᠃      ᠬᠥᠷᠰᠢ ᠵᠡᠷᠭᠡᠯᠡᠳᠡᠭᠡ ᠰᠠᠭᠤᠷᠢᠰᠢᠵᠤ ᠪᠠᠶᠢᠭ᠎ᠠ ᠬᠤᠶᠠᠷ ᠶᠡᠭᠡ ᠡᠷᠲᠡᠨ ᠤ ᠪᠣᠯᠪᠠᠰᠤᠨ ᠤᠯᠤᠰ ᠪᠤᠯᠤᠭᠰᠠᠨ ᠤ ᠬᠤᠪᠢ ᠳᠤ᠂ ᠣᠳᠣᠬᠠᠨ ᠤ ᠳᠡᠯᠡᠬᠡᠢ ᠳᠠᠬᠢ 10 ᠳ᠋ᠦᠩᠰᠢᠭᠤᠷ ᠬᠥᠮᠦᠨ ᠠᠮᠠ ᠪᠦ᠋ᠬᠦᠢ ᠲᠡᠰ ᠤᠨ ᠬᠤᠶᠠᠷ ᠶᠡᠭᠡ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠳᠤᠮᠳᠠᠳᠤ ᠡᠨᠡᠳᠬᠡᠭ ᠬᠤᠶᠠᠷ ᠤᠯᠤᠰ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠯᠤᠲᠤ ᠶᠡᠭᠡ ᠬᠠᠮᠲᠤᠷᠠᠯᠴᠠᠭᠠᠨ ᠤ ᠳᠠᠯᠳᠠ ᠬᠦᠴᠦᠨ ᠲᠠᠢ ᠶᠤᠮ᠃ ᠬᠤᠶᠠᠷ ᠲᠠᠯ᠎ᠠ ᠪᠠᠷ ᠢᠶᠠᠨ ᠤᠯᠤᠰ ᠤᠨ ᠳᠣᠲᠣᠭᠠᠳᠤ ᠳᠠᠭᠠᠨ ᠴᠥᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠶᠢ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠳᠡᠯᠡᠬᠡᠢ ᠳᠡᠭᠡᠷ᠎ᠡ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ᠂ ᠳᠡᠯᠡᠬᠡᠢ ᠶᠢᠨ ᠤᠯᠠᠨ ᠲᠦᠢᠯᠰᠢᠷᠠᠬᠤ ᠠᠬᠢᠴᠠ ᠶᠢ ᠠᠬᠢᠭᠤᠯᠬᠤ ᠬᠠᠮᠲᠤ ᠶᠢᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ ᠳᠤᠮᠳᠠᠳᠤ ᠡᠨᠡᠳᠬᠡᠭ ᠤᠨ ᠤᠯᠤᠰ ᠤᠨ ᠪᠠᠶᠢᠳᠠᠯ ᠠᠳᠠᠯᠢᠪᠲᠤᠷ ᠪᠠᠶᠢᠭ᠎ᠠ ᠨᠢ ᠪᠠᠰᠠ ᠬᠤᠶᠠᠷ ᠲᠠᠯ᠎ᠠ ᠪᠠᠷ ᠢᠶᠠᠨ ᠮᠠᠰᠢ ᠤᠯᠠᠨ ᠴᠢᠬᠤᠯᠠ ᠶᠡᠭᠡ ᠠᠰᠠᠭᠤᠳᠠᠯ ᠳᠡᠭᠡᠷ᠎ᠡ ᠠᠳᠠᠯᠢ ᠪᠤᠶᠤ ᠠᠳᠠᠯᠢᠪᠲᠤᠷ ᠵᠣᠭᠰᠣᠯᠲᠠ ᠲᠠᠢ ᠪᠠᠶᠢᠬᠤ ᠶᠢ ᠲᠣᠭᠲᠠᠭᠠᠵᠠᠢ᠃ ᠡᠶᠢᠮᠦ ᠠᠴᠠ᠂ ᠳᠤᠮᠳᠠᠳᠤ ᠡᠨᠡᠳᠬᠡᠭ ᠬᠤᠶᠠᠷ ᠤᠯᠤᠰ ᠪᠣᠯ ᠨᠠᠶᠢᠵᠠ ᠪᠠ ᠬᠠᠨᠢᠲᠠᠨ ᠮᠥᠨ᠂ ᠬᠠᠷᠢᠨ ᠰᠦᠷᠳᠡᠭᠦᠯᠦᠯ ᠪᠠ ᠥᠷᠢᠰᠥᠯᠳᠦᠭᠴᠢ ᠪᠢᠰᠢ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠳᠬᠦᠵᠦ ᠳᠡᠮᠵᠢᠬᠦ ᠠᠴᠠ ᠪᠢᠰᠢ᠂ ᠬᠠᠷᠢᠨ ᠬᠠᠷᠢᠯᠴᠠᠨ ᠰᠠᠭᠠᠷᠠᠭᠤᠯᠵᠦ ᠪᠤᠯᠬᠤ ᠦᠭᠡᠢ᠂ ᠬᠠᠮᠲᠤᠷᠠᠯᠴᠠᠭ᠎ᠠ ᠪᠠᠨ ᠴᠢᠩᠭᠠᠳᠬᠠᠬᠤ ᠠᠴᠠ ᠪᠢᠰᠢ ᠬᠠᠷᠢᠨ ᠬᠠᠷᠢᠯᠴᠠᠨ ᠰᠡᠷᠭᠡᠶᠢᠯᠡᠬᠦ ᠪᠢᠰᠢ ᠶᠤᠮ᠃      ᠬᠢᠯᠢ ᠶᠢᠨ ᠵᠠᠭᠠᠭ ᠤᠨ ᠮᠠᠷᠭᠤᠯᠳᠤᠭᠠᠨ ᠪᠣᠯ ᠲᠡᠦᠬᠡ ᠶᠢᠨ ᠦᠯᠡᠳᠡᠭᠳᠡᠯ ᠠᠰᠠᠭᠤᠳᠠᠯ ᠮᠥᠨ᠂ ᠳᠤᠮᠳᠠᠳᠤ ᠡᠨᠡᠳᠬᠡᠭ ᠤᠨ ᠬᠠᠷᠢᠯᠴᠠᠭᠠᠨ ᠤ ᠪᠦᠬᠦ ᠵᠦᠢᠯ ᠪᠢᠰᠢ᠂ ᠲᠡᠭᠦᠨ ᠢ ᠲᠣᠬᠢᠲᠠᠢ ᠬᠠᠮᠢᠶᠠᠷᠤᠨ ᠡᠵᠡᠮᠳᠡᠬᠦ ᠶᠢᠨ ᠬᠠᠮᠲᠤ ᠬᠠᠮᠲᠤᠷᠠᠯᠴᠠᠭ᠎ᠠ ᠪᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠮᠵᠢᠭᠤᠯᠤᠨ ᠬᠢᠯᠢ ᠶᠢᠨ ᠵᠠᠭᠠᠭ ᠤᠨ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠪᠡᠯ ᠵᠤᠬᠢᠨ᠎ᠠ᠃ ᠨᠢᠳᠤᠨᠤᠨ ᠬᠢᠯᠢ ᠬᠢᠵᠠᠭᠠᠷ ᠣᠷᠣᠨ ᠳᠤ ᠡᠭᠦᠰᠦᠭᠰᠡᠨ ᠮᠥᠷᠭᠦᠯᠳᠦᠭᠡᠨ ᠤ ᠵᠥᠪ ᠪᠤᠷᠤᠭᠤ ᠨᠢ ᠮᠠᠰᠢ ᠲᠣᠳᠣᠷᠬᠠᠶ᠂ ᠠᠰᠢᠭ ᠬᠤᠤᠷ ᠣᠯᠵᠤ ᠠᠯᠳᠠᠭᠰᠠᠨ ᠨᠢ ᠲᠣᠪ ᠲᠣᠳᠣᠷᠬᠠᠶ᠃ ᠭᠠᠭᠴᠠ ᠲᠠᠯ᠎ᠠ ᠪᠠᠷ ᠡᠰᠡᠷᠭᠦᠴᠡᠯᠳᠦᠯ ᠭᠠᠷᠭᠠᠬᠤ ᠨᠢ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ᠂ ᠨᠠᠶᠢᠷᠠᠮᠳᠠᠯ ᠢᠶᠠᠷ ᠬᠡᠯᠡᠯᠴᠡᠭᠡ ᠬᠢᠬᠦ ᠪᠣᠯ ᠰᠠᠶ᠋ᠢ ᠵᠥᠪ ᠵᠠᠮ ᠮᠥᠨ ᠭᠡᠳᠡᠭ ᠢ ᠪᠣᠳᠠᠲᠤ ᠬᠡᠷᠡᠭ ᠳᠠᠬᠢᠨᠲᠠ ᠭᠡᠷᠡᠴᠢᠯᠡᠪᠡ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠬᠢᠯᠢ ᠶᠢᠨ ᠮᠠᠷᠭᠤᠯᠳᠤᠭᠠᠨ ᠰᠢᠶ᠋ᠳᠪᠦᠷᠢᠯᠡᠬᠦ ᠶᠢ ᠪᠠᠷᠢᠮᠲᠠᠯᠠᠬᠤ ᠵᠣᠭᠰᠣᠯᠲᠠ ᠪᠣᠯ ᠲᠣᠳᠣᠷᠬᠠᠶ ᠶᠤᠮ᠂ ᠲᠣᠰ ᠪᠡᠶ᠎ᠡ ᠶᠢᠨ ᠡᠷᠬᠡ ᠮᠡᠳᠡᠯ ᠡᠷᠬᠡ ᠠᠰᠢᠭ ᠢᠶᠠᠨ ᠬᠠᠮᠠᠭᠠᠯᠠᠬᠤ ᠵᠣᠷᠢᠭ ᠰᠠᠨᠠᠭ᠎ᠠ ᠴᠤ ᠡᠷᠡᠰ ᠪᠠᠲᠤ ᠶᠤᠮ᠃ ᠬᠤᠶᠠᠷ ᠲᠠᠯ᠎ᠠ ᠪᠠᠷ ᠢᠶᠠᠨ ᠬᠠᠮᠲᠤ ᠶᠢᠨ ᠲᠠᠨᠢᠯᠲᠠ ᠪᠠᠨ ᠪᠠᠬᠢᠵᠢᠭᠦᠯᠵᠦ᠂ ᠶᠠᠷᠢᠯᠴᠠᠭ᠎ᠠ ᠤᠯᠤᠯᠴᠠᠭ᠎ᠠ ᠪᠠᠨ ᠴᠢᠩᠭᠠᠳᠬᠠᠨ᠂ ᠬᠠᠮᠢᠶᠠᠷᠤᠨ ᠡᠵᠡᠮᠳᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠪᠠᠯ ᠵᠣᠬᠢᠨ᠎ᠠ᠃ᠰᠢᠨ᠎ᠡ ᠨᠢᠭᠡ ᠵᠢᠯ ᠳᠤ᠂ ᠡᠨᠡᠳᠬᠡᠭ ᠤᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ︽ᠬᠠᠷᠢᠯᠴᠠᠨ ᠰᠦᠷᠳᠡᠭᠦᠯᠦᠯ ᠪᠣᠯᠬᠤ ᠦᠭᠡᠢ᠂ ᠬᠠᠷᠢᠯᠴᠠᠨ ᠬᠥᠭᠵᠢᠯᠲᠡ ᠶᠢᠨ ᠠᠵᠠ ᠲᠣᠬᠢᠶᠠᠯ ᠠᠪᠴᠢᠷᠠᠬᠤ︾ ᠬᠤᠶᠠᠷ ᠤᠯᠤᠰ ᠤᠨ ᠤᠳᠤᠷᠢᠳᠬᠤ ᠬᠥᠮᠦᠰ ᠤᠨ ᠬᠠᠮᠲᠤ ᠶᠢᠨ ᠲᠠᠨᠢᠯᠲᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠡᠨᠡᠳᠬᠡᠭ ᠤᠨ 27 ᠳ᠋ᠦᠩᠰᠢᠭᠤᠷ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠠᠽᠢᠶ᠎ᠠ ᠲᠢᠪ ᠤᠨ ᠡᠷᠢᠨ ᠵᠠᠭᠤᠨ ᠬᠦᠷᠴᠦ ᠢᠷᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃      ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠭᠴᠢ᠄ ᠥᠩᠭᠡᠷᠡᠭᠰᠡᠨ ᠨᠢᠭᠡ ᠵᠢᠯ ᠳᠤ᠂ ᠭᠠᠳᠠᠭᠠᠳᠤ ᠶᠠᠪᠤᠳᠠᠯ ᠤᠨ ᠶᠠᠮᠤᠨ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠢ ᠬᠠᠪᠰᠤᠷᠤᠨ ᠬᠢᠵᠢᠭ ᠲᠠᠢ ᠲᠡᠮᠡᠴᠡᠬᠦ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠪᠠ᠃ ᠭᠠᠳᠠᠭᠠᠳᠤ ᠬᠠᠷᠢᠯᠴᠠᠭᠠᠨ ᠤ ᠶᠠᠮᠤᠨ ᠪᠠᠰᠠ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠠᠷ ᠪᠠᠶᠢᠬᠤ ᠪᠣᠶ︖      ᠸᠠᠩ ᠢ᠄ ᠨᠢᠳᠤᠨᠤᠨ ᠨᠢᠭᠡ ᠵᠢᠯ ᠤᠨ ᠳᠤᠷᠰᠢ᠂ ᠭᠠᠳᠠᠭᠠᠳᠤ ᠳᠤ ᠪᠠᠶᠢᠭ᠎ᠠ ᠠᠬᠠᠨ ᠳᠡᠬᠦᠤᠰ ᠨᠡᠭᠡᠷᠡᠨ ᠭᠡᠴᠡᠬᠦᠦ ᠪᠠᠶᠢᠭᠰᠠᠨ᠃ ᠭᠡᠨᠡᠳᠲᠡ ᠡᠭᠦᠰᠦᠭᠰᠡᠨ ᠬᠢᠵᠢᠭ ᠳᠠᠬᠤᠯ ᠭᠠᠳᠠᠭᠠᠳᠤ ᠳᠤ ᠪᠠᠶᠢᠭ᠎ᠠ ᠬᠦᠮᠦᠰ ᠤᠨ ᠭᠡᠷ ᠲᠡᠭᠡᠨ ᠬᠠᠷᠢᠬᠤ ᠵᠠᠮ ᠢ ᠲᠠᠰᠤᠯᠵᠤ᠂ ᠠᠬᠠᠨ ᠳᠡᠬᠦᠤᠰ ᠤᠨ ᠠᠮᠢ ᠨᠠᠰᠤ ᠪᠣᠯᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠪᠠ᠃ ᠡᠩ ᠲᠡᠷᠢᠭᠦᠨ ᠳᠤ᠂ ᠪᠢ ᠭᠠᠳᠠᠭᠠᠳᠤ ᠳᠤ ᠪᠠᠶᠢᠭ᠎ᠠ ᠪᠦᠬᠦ ᠠᠬᠠᠨ ᠳᠡᠬᠦᠤᠰ ᠲᠡᠭᠡᠨ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠦᠶ᠎ᠡ᠃ ᠬᠠᠮᠲᠤ ᠳᠤᠨᠢ᠂ ᠭᠠᠰᠢᠭᠤᠨ ᠵᠤᠪᠠᠯᠠᠩ ᠤᠨ ᠡᠮᠦᠨ᠎ᠠ ᠭᠠᠷᠴᠠᠭ᠎ᠠ ᠦᠭᠡᠢ ᠶᠡᠭᠡ ᠬᠠᠶᠢᠷ᠎ᠠ ᠪᠠᠶᠢᠳᠠᠭ᠃ ᠨᠠᠮ ᠪᠠ ᠵᠠᠰᠠᠭ ᠤᠨ ᠣᠷᠳᠣᠨ ᠭᠠᠳᠠᠭᠠᠳᠤ ᠳᠤ ᠪᠠᠶᠢᠭ᠎ᠠ ᠠᠬᠠᠨ ᠳᠡᠬᠦᠤᠰ ᠨᠢᠭᠡᠪᠦᠷᠢ ᠶᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠢᠮᠠᠭᠲᠠ ᠪᠤᠳᠤᠯᠬᠢᠯᠠᠵᠤ ᠪᠠᠶᠢᠳᠠᠭ᠃ ᠭᠠᠳᠠᠭᠠᠳᠤ ᠶᠠᠪᠤᠳᠠᠯ ᠤᠨ ᠶᠠᠮᠤᠨ ᠪᠣᠯᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠪᠠᠴᠢᠮ ᠬᠥᠳᠡᠯᠦᠯᠴᠡᠵᠦ᠂ ᠪᠥᠬᠦ ᠭᠠᠳᠠᠭᠠᠳᠤ ᠶᠠᠪᠤᠳᠠᠯ ᠤᠨ ᠠᠵᠢᠯᠲᠠᠳ ᠪᠥᠬᠦ ᠬᠦᠴᠦᠨ ᠢᠶᠠᠷ ᠢᠶᠠᠨ ᠬᠥᠳᠡᠯᠦᠯᠴᠡᠨ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠡᠳᠦᠷ ᠰᠥᠨᠢ ᠥᠬᠡᠶ ᠲᠡᠮᠡᠴᠡᠵᠦ᠂ ᠪᠥᠬᠦ ᠪᠥᠮᠪᠥᠷᠴᠡᠭ ᠤᠨ ᠬᠡᠪᠴᠢᠶᠡᠨ ᠳᠤ ᠺᠤᠨᠰᠦ᠋ᠯ ᠤᠨ ᠬᠠᠮᠠᠭᠠᠯᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ᠃      ᠪᠢᠳᠡ ᠬᠢᠵᠢᠭ ᠤᠨ ᠣᠷᠣᠨ ᠳᠤ ᠭᠦᠨᠵᠡᠭᠡᠶᠢᠷᠡᠨ ᠲᠣᠬᠤᠨᠢᠭᠤᠯᠵᠤ᠂ 100 ᠭᠠᠷᠤᠢ ᠤᠯᠤᠰ ᠲᠠᠬᠢ 500 ᠭᠠᠷᠤᠢ ᠲᠦᠮᠡᠨ ᠭᠠᠳᠠᠭᠠᠳᠤ ᠳᠤ ᠰᠠᠭᠤᠭ᠎ᠠ ᠠᠬᠠᠨ ᠳᠡᠬᠦᠤᠰ ᠲᠤ ︽ᠡᠷᠡᠭᠦᠯ ᠮᠡᠨᠳᠦ ᠶᠢᠨ ᠪᠣᠭᠴᠣ︾᠂ ︽ᠴᠠᠭᠠᠨ ᠰᠠᠷ᠎ᠠ ᠶᠢᠨ ᠪᠣᠭᠴᠣ︾ ᠲᠦᠭᠡᠭᠡᠵᠦ᠂ ᠵᠤᠯ ᠪᠤᠰᠤ ᠪᠠᠷ ᠬᠢᠵᠢᠭ ᠲᠤ ᠬᠠᠯᠳᠠᠪᠤᠷᠢᠯᠠᠭᠳᠠᠭᠰᠠᠨ ᠪᠤᠢ ᠪᠦᠬᠦᠢ ᠠᠬᠠᠨ ᠳᠡᠬᠦᠤᠰ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠠᠪᠤᠷᠠᠨ ᠡᠮᠨᠡᠪᠡ᠃ 12308 ᠤᠲᠠᠰᠤ ᠶᠢ 24 ᠴᠠᠭ ᠢᠶᠠᠷ ᠵᠢᠵᠢᠭᠦᠷᠯᠡᠨ ᠰᠠᠬᠢᠵᠤ᠂ ᠠᠬᠠᠨ ᠳᠡᠬᠦᠤᠰ ᠤᠨ ᠲᠤᠰᠠᠯᠠᠮᠵᠢ ᠭᠤᠶᠤᠴᠢᠯᠠᠭᠰᠠᠨ ᠠᠰᠠᠭᠤᠳᠠᠯ ᠢ ᠡᠳᠦᠷ ᠳᠤᠮᠳᠠᠴᠢ ᠪᠠᠷ 3000 ᠰᠢᠬᠠᠮ ᠰᠢᠶ᠋ᠳᠪᠦᠷᠢᠯᠡᠵᠦ᠂ ᠥᠩᠭᠡᠷᠡᠭᠰᠡᠨ ᠵᠢᠯ ᠤᠨ ᠬᠢ ᠠᠴᠠ 3 ᠳᠠᠬᠢᠨ ᠤᠷᠴᠢᠮ ᠨᠡᠮᠡᠭᠳᠡᠵᠡᠶ᠃ ᠪᠢᠳᠡ ᠤᠯᠠᠨ ᠤᠳᠠᠭᠠᠨ ᠤ ᠬᠦᠨᠳᠦ ᠶᠡᠭᠡ ᠺᠤᠨᠰᠦ᠋ᠯ ᠤᠨ ᠬᠠᠮᠠᠭᠠᠯᠠᠯᠲᠠ ᠶᠢᠨ ᠬᠡᠷᠡᠭ ᠢ ᠪᠠᠴᠢᠮ ᠰᠢᠢᠳᠪᠦᠷᠢᠯᠡᠵᠦ᠂ ᠡᠽᠢᠦᠫᠢᠶ᠎ᠠ ᠶᠢᠨ ᠪᠠᠶᠢᠯᠳᠤᠭᠠᠨ ᠤ ᠲᠣᠭᠤᠷᠢᠭ ᠲᠤ ᠬᠠᠮᠤᠷᠤᠭᠳᠠᠭᠰᠠᠨ ᠳᠤᠮᠳᠠᠳᠤ ᠤᠯᠤᠰ ᠤᠨ ᠠᠷᠠᠳ ᠢᠷᠭᠡᠨ ᠢ ᠵᠠᠶᠢᠯᠠᠭᠤᠯᠵᠤ᠂ ᠲᠠᠯᠠᠢ ᠶᠢᠨ ᠳᠡᠭᠡᠷᠡᠮ ᠳᠤ ᠤᠤᠯᠭᠠᠯᠠᠭᠳᠠᠭᠰᠠᠨ ᠠᠬᠠᠨ ᠳᠡᠬᠦᠤᠰ ᠢ ᠪᠦᠬᠦ ᠬᠦᠴᠦ ᠪᠠᠷ ᠢᠶᠠᠨ ᠠᠪᠤᠷᠠᠪᠠ᠃ ᠪᠢᠳᠡ ᠪᠤᠳᠠᠳᠤ ᠠᠵᠢᠯᠯᠠᠭ᠎ᠠ ᠪᠠᠷ ᠢᠶᠠᠨ ᠭᠠᠳᠠᠭᠠᠳᠤ ᠳᠤ ᠪᠠᠶᠢᠭ᠎ᠠ ᠠᠬᠠᠨ ᠳᠡᠬᠦᠤᠰ ᠲᠤ ᠭᠠᠳᠠᠭᠠᠳᠤ ᠬᠠᠷᠢᠯᠴᠠᠭ᠎ᠠ ᠠᠷᠠᠳ ᠲᠦᠮᠡᠨ ᠤ ᠲᠥᠯᠥᠭᠡ ᠪᠠᠶᠢᠵᠤ᠂ ᠨᠢᠭᠡ ᠶᠢ ᠴᠦ ᠣᠷᠬᠢᠭᠳᠠᠭᠤᠯᠬᠤ ᠦᠭᠡᠢ︔ ᠬᠢᠵᠢᠭ ᠠᠷᠢᠯᠬᠤ ᠦᠭᠡᠢ ᠪᠣᠯ ᠭᠠᠳᠠᠭᠠᠳᠤ ᠶᠠᠪᠤᠳᠠᠯ ᠤᠨ ᠲᠤᠰᠢᠶᠠᠯᠲᠠᠨ ᠴᠤ ᠤᠬᠤᠷᠢᠬᠤ ᠦᠭᠡᠢ ᠭᠡᠳᠡᠭ ᠢ ᠮᠡᠳᠡᠭᠦᠯᠦᠭᠰᠡᠨ ᠪᠢᠯᠡ᠃ᠠᠳᠡ ᠪᠢ ᠣᠯᠠᠨ ᠳᠤ ᠬᠡᠳᠦᠨ ᠰᠠᠶᠢᠨ ᠴᠢᠮᠡᠭᠡ ᠬᠡᠯᠡᠵᠦ ᠥᠭᠭᠦᠶ᠎ᠡ᠄      ᠨᠢᠭᠡ ᠳᠤ᠂ ᠪᠢᠳᠠ ︽ᠬᠠᠪᠤᠷ ᠤᠨ ᠸᠠᠺᠼᠢᠨ ᠤ ᠠᠵᠢᠯᠯᠠᠭ᠎ᠠ︾᠎ ᠶᠢ ᠥᠷᠨᠢᠭᠦᠯᠵᠦ᠂ ᠭᠠᠳᠠᠭᠠᠳᠤ ᠳᠤ ᠪᠠᠶᠢᠭ᠎ᠠ ᠠᠬᠠᠨ ᠳᠡᠬᠦᠤᠰ ᠤᠨ ᠤᠯᠤᠰ ᠤᠨ ᠳᠤᠳᠤᠭᠠᠳᠤ ᠶᠢᠨ ᠦᠢᠯᠡᠳᠪᠦᠷᠢᠯᠡᠭᠰᠡᠨ ᠸᠠᠺᠼᠢᠨ ᠪᠤᠶᠤ ᠭᠠᠳᠠᠭᠠᠳᠤ ᠶᠢᠨ ᠸᠠᠺᠼᠢᠨ ᠳᠠᠷᠢᠭᠤᠯᠬᠤ ᠳᠤ ᠢᠳᠡᠪᠬᠢᠲᠡᠢ ᠬᠠᠮᠵᠢᠯᠴᠠᠬᠤ ᠪᠠᠷ ᠴᠢᠷᠮᠠᠶᠢᠨ᠎ᠠ᠃ 50 ᠭᠠᠷᠤᠶ ᠤᠯᠤᠰ ᠵᠠᠯᠭᠠᠭ᠎ᠠ ᠪᠠᠷ ᠳᠤᠮᠳᠠᠳᠤ ᠤᠯᠤᠰ ᠤᠨ ᠠᠷᠠᠳ ᠢᠷᠭᠡᠨ ᠢ ᠲᠣᠰ ᠤᠯᠤᠰ ᠤᠨ ᠢᠶᠠᠨ ᠲᠠᠷᠢᠯᠭ᠎ᠠ ᠬᠢᠬᠦ ᠲᠥᠯᠥᠪᠯᠡᠭᠡ ᠳᠤ ᠣᠷᠣᠭᠤᠯᠵᠤ᠂ ᠪᠠᠰᠠ ᠴᠥᠭᠡᠨ ᠪᠤᠰᠤ ᠳᠤᠮᠳᠠᠳᠤ ᠤᠯᠤᠰ ᠤᠨ ᠠᠷᠠᠳ ᠢᠷᠭᠡᠨ ᠲᠤᠬᠠᠶ ᠶᠢᠨ ᠭᠠᠵᠠᠷ ᠲᠠᠭᠠᠨ ᠳᠤᠮᠳᠠᠳᠤ ᠤᠯᠤᠰ ᠤᠨ ᠸᠠᠺᠼᠢᠨ ᠢ ᠬᠠᠤᠯᠢ ᠶᠣᠰᠣᠭᠠᠷ ᠳᠠᠷᠢᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠨᠥᠬᠦᠴᠡᠯ ᠪᠦᠷᠢᠯᠳᠦᠭᠦᠯᠦᠭᠰᠡᠨ ᠤᠯᠤᠰ ᠲᠤ ᠤᠯᠤᠰ ᠤᠨ ᠳᠤᠳᠤᠭᠠᠳᠤ ᠳᠤ ᠦᠶ᠋ᠯᠡᠳᠪᠦᠷᠢᠯᠡᠭᠰᠡᠨ ᠸᠠᠺᠼᠢᠨ ᠳᠠᠷᠢᠬᠤ ᠭᠠᠵᠠᠷ ᠤᠷᠤᠨ ᠭᠠᠷᠭᠠᠵᠤ᠂ ᠡᠷᠬᠢᠨ ᠲᠣᠭᠤᠷᠢᠨ ᠤ ᠤᠯᠤᠰ ᠲᠤ ᠪᠠᠶᠢᠭ᠎ᠠ ᠠᠬᠠᠨ ᠳᠡᠬᠦᠤᠰ ᠤᠨ ᠭᠡᠷᠡᠭᠴᠡᠭᠡ ᠱᠠᠭᠠᠷᠳᠠᠯᠭ᠎ᠠ ᠪᠠᠷ ᠦᠶ᠋ᠯᠡᠴᠢᠯᠡᠭᠡ ᠬᠠᠩᠭᠠᠬᠤ ᠪᠠᠷ ᠪᠠᠶᠢᠨ᠎ᠠ᠃      ᠬᠤᠶᠠᠷ ᠲᠤ᠂ ᠪᠢᠳᠡ ᠣᠯᠠᠨ ᠤᠯᠤᠰ ᠤᠨ ᠵᠢᠭᠤᠯᠴᠢᠯᠠᠯ ᠤᠨ ᠡᠷᠡᠭᠦᠯ ᠮᠡᠨᠳᠦ ᠶᠢᠨ ᠭᠡᠷᠡᠴᠢ ᠭᠠᠷᠭᠠᠨ᠎ᠠ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠡᠷᠡᠭᠦᠯ ᠮᠡᠨᠳᠦ ᠶᠢᠨ ᠺᠣᠳ᠋ ᠢ ᠣᠯᠠᠨ ᠤᠯᠤᠰ ᠲᠤ ᠬᠠᠷᠢᠯᠴᠠᠨ ᠮᠡᠳᠡᠷᠡᠬᠦ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠬᠡᠪᠯᠡᠯ ᠤᠨ ᠣᠯᠠᠨ ᠤᠯᠤᠰ ᠤᠨ ᠵᠢᠭᠤᠯᠴᠢᠯᠠᠯ ᠤᠨ ᠡᠷᠡᠭᠦᠯ ᠮᠡᠨᠳᠦ ᠶᠢᠨ ᠭᠡᠷᠡᠴᠢᠯᠡᠯ ᠤᠨ ᠡᠯᠧᠺᠲᠷᠣᠨ ᠪᠢᠴᠢᠭ ᠮᠠᠲ᠋ᠧᠷᠢᠶᠠᠯ ᠢ ᠭᠠᠷᠭᠠᠵᠤ᠂ ᠬᠤᠪᠢ ᠬᠥᠮᠦᠨ ᠤ ᠨᠢᠭᠤᠴᠠ ᠶᠢ ᠭᠦᠶ᠋ᠴᠡᠳ ᠬᠠᠮᠠᠭᠠᠯᠠᠭᠰᠠᠨ ᠤᠷᠢᠲᠠᠯ ᠳᠣᠤᠷ᠎ᠠ᠂ ᠪᠥᠭᠡᠮ ᠬᠦᠴᠢᠯ ᠤᠨ ᠪᠠᠶᠢᠴᠠᠭᠠᠯᠲᠠ ᠪᠠ ᠸᠠᠺᠼᠢᠨ ᠤ ᠲᠠᠷᠢᠯᠭ᠎ᠠ ᠵᠡᠷᠭᠡ ᠮᠡᠳᠡᠭᠡ ᠵᠠᠩᠭᠢ ᠶᠢᠨ ᠬᠠᠷᠢᠯᠴᠠᠨ ᠰᠢᠯᠭᠠᠨ ᠪᠠᠲᠤᠯᠠᠬᠤ ᠶᠢ ᠪᠡᠶᠡᠯᠡᠭᠦᠯᠵᠦ᠂ ᠠᠮᠤᠷ ᠲᠦᠪᠰᠢᠨ ᠡᠮᠬᠢ ᠵᠢᠷᠤᠮ ᠲᠠᠢ ᠬᠥᠮᠦᠰ ᠤᠨ ᠶᠠᠪᠤᠯᠴᠠᠭᠠᠨ ᠳᠤ ᠬᠦᠴᠦᠨ ᠨᠡᠮᠡᠷᠢᠯᠡᠨ᠎ᠡ᠃      ᠭᠤᠷᠪᠠ ᠳᠤ᠂ ᠪᠢᠳᠡ ᠭᠠᠳᠠᠭᠠᠳᠤ ᠳᠠᠬᠢ ᠺᠤᠨᠰᠦ᠋ᠯ ᠤᠨ ︽ᠡᠭᠦᠯᠡᠨ ᠦᠶ᠋ᠯᠡᠴᠢᠯᠡᠭᠡ︾᠎ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ 5 ᠰᠠᠷ᠎ᠠ ᠳᠤ ︽ᠳᠤᠮᠳᠠᠳᠤ ᠤᠯᠤᠰ ᠤᠨ ᠺᠤᠨᠰᠦ᠋ᠯ ᠤᠨ APP︾᠎ ᠢ ᠨᠡᠶᠢᠲᠡᠯᠡᠵᠦ᠂ ᠭᠠᠳᠠᠭᠠᠳᠤ ᠳᠤ ᠰᠠᠭᠤᠭ᠎ᠠ ᠠᠬᠠᠨ ᠳᠡᠬᠦᠤᠰ ᠰᠢᠭᠤᠳ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠲᠤ ᠬᠦᠷᠴᠦ᠂ ︽ᠠᠯᠠᠭᠠᠨ ᠳᠡᠭᠡᠷ᠎ᠡ ᠪᠠᠨ ᠭᠦᠶ᠋ᠴᠡᠳᠬᠡᠬᠦ︾᠂ ︽ᠨᠠᠭᠠᠰᠢ ᠴᠠᠭᠠᠰᠢ ᠭᠦᠶᠦᠬᠦ ᠥᠬᠡᠶ︾᠎ ᠶᠢ ᠪᠡᠶᠡᠯᠡᠭᠦᠯᠦᠨ᠂ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠳ ᠤᠨ ᠵᠢᠭᠤᠯᠴᠢᠯᠠᠯ ᠤᠨ ᠭᠡᠷᠡᠴᠢ ᠦᠨᠡᠮᠯᠡᠯ ᠪᠠ ᠺᠤᠨᠰᠦ᠋ᠯ ᠤᠨ ᠦᠶ᠋ᠯᠡᠴᠢᠯᠡᠭᠡ ᠶᠢ ︽ᠪᠦᠬᠦᠯᠢ ᠡᠳᠦᠷ ᠢᠶᠠᠷ︾ ᠰᠦᠯᠵᠢᠶᠡᠨ ᠳᠡᠭᠡᠷ᠎ᠡ ᠭᠦᠶ᠋ᠴᠡᠳᠬᠡᠬᠦ ᠶᠢ ᠪᠡᠶᠡᠯᠡᠬᠦᠯᠦᠨ᠎ᠠ᠃      ᠢᠲ᠋ᠠᠯᠢ ᠶᠢᠨ ᠪᠦᠬᠦ ᠤᠯᠤᠰ ᠤᠨ ᠰᠤᠨᠢᠨ ᠤ ᠬᠤᠯᠪᠤᠭᠠᠲᠤ ᠬᠤᠷᠢᠶᠠᠨ ᠤ ᠰᠤᠷᠪᠤᠯᠵᠢᠯᠠᠭᠴᠢ᠄ ᠠᠮᠧᠷᠢᠺᠠ ᠶᠢᠨ ᠪᠠᠶᠢᠳᠧᠨ ᠤ ᠵᠠᠰᠠᠭ ᠤᠨ ᠣᠷᠳᠣᠨ ︽ᠫᠠᠷᠢᠰ ᠤᠨ ᠬᠡᠯᠡᠯᠴᠡᠭᠡᠷ︾᠎ ᠲᠤ ᠳᠠᠬᠢᠨ ᠤᠷᠤᠯᠴᠠᠪᠠ᠃ ᠳᠤᠮᠳᠠᠳᠤ ᠤᠯᠤᠰ ᠡᠨᠡ ᠵᠢᠯ ᠺᠦᠨᠮᠢᠩ ᠳᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠲᠠᠪᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠃ ᠳᠤᠮᠳᠠᠳᠤ ᠤᠯᠤᠰ ᠬᠡᠷᠬᠢᠨ ᠠᠮᠧᠷᠢᠺᠠ ᠧᠦ᠋ᠷᠣᠫᠠ ᠲᠠᠢ ᠬᠠᠮᠲᠤᠷᠠᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠤᠢ︖      ᠸᠠᠩ ᠢ᠄ ᠬᠥᠮᠦᠨ ᠲᠥᠷᠥᠯᠬᠢᠲᠡᠨ ᠳᠤ ᠭᠠᠭᠴᠠᠬᠠᠨ ᠳᠡᠯᠡᠬᠡᠢ ᠶᠢᠨ ᠪᠥᠮᠪᠥᠷᠴᠡᠭ ᠪᠤᠢ᠃ ᠪᠣᠬᠢᠷᠲᠤᠯ ᠦᠭᠡᠢ ᠣᠷᠣᠰᠢᠨ ᠠᠮᠢᠳᠤᠷᠠᠬᠤ ᠳᠤ ᠲᠣᠬᠢᠷᠠᠮᠵᠢᠳᠠᠢ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠬᠠᠮᠲᠤ ᠪᠠᠷ ᠪᠠᠶᠢᠭᠤᠯᠵᠤ ᠂ ᠦᠷᠭᠦᠯᠵᠢᠯᠡᠬᠦ ᠬᠥᠭᠵᠢᠯᠲᠡ ᠶᠢᠨ ᠵᠠᠮ ᠢ ᠨᠡᠭᠡᠭᠡᠬᠦ ᠪᠣᠯ ᠳᠡᠯᠡᠬᠡᠢ ᠨᠠᠶᠢᠳᠠ ᠶᠢᠨ ᠬᠠᠮᠲᠤ ᠶᠢᠨ ᠬᠠᠷᠢᠭᠤᠴᠠᠯᠭ᠎ᠠ ᠮᠥᠨ᠃ ᠴᠠᠭ ᠦᠶ᠎ᠡ ᠶᠢᠨ ᠠᠰᠠᠭᠤᠯᠳᠠ ᠶᠢᠨ ᠡᠮᠦᠨ᠎ᠠ᠂ ᠣᠷᠴᠢᠨ ᠲᠣᠭᠤᠷᠢᠨ ᠢ ᠬᠠᠮᠠᠭᠠᠯᠠᠬᠤ ᠡᠰᠡᠬᠦ ᠨᠢ ᠰᠣᠩᠭᠤᠨ ᠬᠠᠷᠢᠭᠤᠯᠬᠤ ᠰᠡᠳᠦᠪ ᠪᠢᠰᠢ᠂ ᠬᠠᠷᠢᠨ ᠪᠦᠬᠦ ᠬᠦᠴᠦ ᠪᠠᠷ ᠢᠶᠠᠨ ᠵᠠᠪᠠᠯ ᠬᠠᠷᠢᠭᠤᠯᠬᠤ ᠰᠡᠳᠦᠪ ᠪᠣᠯᠤᠨ᠎ᠠ᠃      ᠳᠤᠮᠳᠠᠳᠤ ᠤᠯᠤᠰ ᠪᠣᠯ ᠶᠡᠷᠦ ᠠᠴᠠ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡᠵᠢᠭᠦᠯᠦᠭᠴᠢ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢᠨ ᠪᠤᠳᠠᠲᠠᠢ ᠠᠵᠢᠯᠯᠠᠭᠴᠢ ᠮᠥᠨ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠨᠢᠭᠡᠨᠲᠡ ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠣᠯᠵᠠᠢ᠃ ᠳᠤᠮᠳᠠᠳᠤ ᠤᠯᠤᠰ ︽ᠫᠠᠷᠢᠰ ᠤᠨ ᠬᠡᠯᠡᠯᠴᠡᠭᠡᠷ︾᠎ ᠢ ᠲᠤᠬᠢᠷᠠᠯᠴᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠂ ᠨᠢᠳᠤᠨᠤᠨ ᠪᠠᠰᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠵᠡᠷᠭᠡ ᠤᠯᠤᠰ ᠤᠨ ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠰᠢᠨ᠎ᠡ ᠬᠠᠷᠠᠯᠲᠠ ᠶᠢ ᠨᠡᠶᠢᠲᠡᠯᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠬᠤ ᠪᠠᠳᠤ ᠵᠣᠷᠢᠭ ᠢ ᠢᠯᠡᠷᠡᠭᠦᠯᠪᠡ᠃ ᠬᠤᠶᠢᠰᠢᠳᠠ᠂ ᠳᠤᠮᠳᠠᠳᠤ ᠤᠯᠤᠰ ᠬᠠᠮᠲᠤ ᠶᠢᠨ ᠪᠦᠭᠡᠳ ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃      ᠡᠨᠡ ᠵᠢᠯ ᠳᠤᠮᠳᠠᠳᠤ ᠤᠯᠤᠰ ᠶᠦᠨᠨᠠᠨ ᠤ ᠺᠦᠨᠮᠢᠩ ᠬᠤᠲᠠ ᠳᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠲᠠᠪᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠃ ᠡᠷᠬᠢᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠶᠡᠭᠡ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠵᠤ᠂ ᠢᠷᠡᠭᠡᠳᠦᠢ ᠶᠢᠨ 10 ᠵᠢᠯ ᠳᠤ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠵᠤ᠂ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠳᠤ ᠰᠢᠨ᠎ᠡ ᠠᠵᠢᠯᠯᠠᠭ᠎ᠠ ᠠᠪᠤᠨ᠎ᠠ᠃      ᠳᠤᠮᠳᠠᠳᠤ ᠤᠯᠤᠰ ᠬᠢᠭᠡᠳ ᠠᠮᠧᠷᠢᠺᠠ ᠧᠦ᠋ᠷᠣᠫᠠ ᠶᠢᠨ ᠬᠥᠭᠵᠢᠯᠲᠡ ᠶᠢᠨ ᠱᠠᠲᠤ ᠦᠶ᠎ᠡ ᠠᠳᠠᠯᠢ ᠪᠤᠰᠤ᠂ ᠲᠤᠯᠭᠠᠷᠠᠵᠤ ᠪᠠᠶᠢᠭ᠎ᠠ ᠥᠷᠢᠰᠥᠯᠳᠦᠭᠡᠨ ᠠᠳᠠᠯᠢ ᠪᠤᠰᠤ ᠪᠠᠶᠢᠳᠠᠭ᠂ ᠭᠡᠪᠡᠴᠦ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠠᠯ᠎ᠠ ᠪᠠᠷ ᠬᠠᠮᠲᠤ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠤᠯᠤᠯᠴᠠᠭ᠎ᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠡᠯᠡᠬᠡᠢ ᠳᠡᠭᠡᠷ᠎ᠡ ᠭᠡᠪ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠪᠠᠯ ᠵᠤᠬᠢᠨ᠎ᠠ᠃ ᠳᠤᠮᠳᠠᠳᠤ ᠶᠢᠨ ᠳᠠᠯ᠎ᠠ ᠠᠮᠧᠷᠢᠺᠠ ᠶᠢᠨ ᠲᠠᠯ᠎ᠠ ᠶᠢᠨ ᠬᠢᠨ ᠤ ︽ᠫᠠᠷᠢᠰ ᠤᠨ ᠬᠡᠯᠡᠯᠴᠡᠭᠡᠷ︾᠎ ᠲᠤ ᠳᠠᠬᠢᠨᠳᠠ ᠪᠤᠴᠠᠭᠰᠠᠨ ᠢ ᠪᠠᠶᠠᠷᠯᠠᠨ ᠤᠭᠲᠤᠵᠤ᠂ ᠠᠮᠧᠷᠢᠺᠠ ᠶᠢᠨ ᠲᠠᠯ᠎ᠠ ᠶᠢᠨ ᠬᠢᠨ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ ᠃ ᠳᠤᠮᠳᠠᠳᠤ ᠠᠮᠧᠷᠢᠺᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠬᠠᠮᠲᠤᠷᠠᠯᠴᠠᠭ᠎ᠠ ᠶᠢ ᠳᠠᠬᠢᠨᠳᠠ ᠡᠬᠢᠯᠡᠬᠦᠯᠦᠭᠰᠡᠨ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠴᠤ ᠢᠳᠡᠪᠬᠢᠲᠡᠢ ︽ᠠᠭᠤᠷ ᠠᠮᠢᠰᠬᠤᠯ ᠤᠨ ᠬᠤᠪᠢᠷᠠᠯᠲᠠ︾ ᠠᠪᠴᠢᠷᠠᠬᠤ ᠶᠢ ᠬᠦᠰᠡᠵᠦ ᠪᠠᠶᠢᠨ᠎ᠠ᠃      ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠲᠥᠪ ᠷᠠᠳᠢᠣ᠋ ᠶᠢᠨ ᠰᠤᠷᠪᠤᠯᠵᠢᠯᠠᠭᠴᠢ᠄ ᠠᠮᠧᠷᠢᠺᠠ ᠶᠢᠨ ᠤᠳᠤᠬᠠᠨ ᠤ ᠵᠠᠰᠠᠭ ᠤᠨ ᠤᠷᠳᠤᠨ ᠢᠷᠠᠨ ᠤ ᠴᠥᠮ᠎ᠡ ᠶᠢᠨ ᠠᠰᠠᠭᠤᠳᠠᠯ ᠤᠨ ᠪᠥᠬᠦ ᠲᠠᠯ᠎ᠠ ᠶᠢᠨ ᠬᠡᠯᠡᠯᠴᠡᠭᠡᠷ ᠲᠤ ᠳᠠᠬᠢᠨ ᠣᠷᠣᠯᠴᠠᠬᠤ ᠪᠠᠷ ᠲᠥᠯᠥᠪᠯᠡᠵᠦ ᠪᠠᠶᠢᠨ᠎ᠠ ᠭᠡᠵᠦ ᠢᠯᠡᠷᠬᠡᠶᠢᠯᠡᠵᠤ ᠪᠠᠶᠢᠨ᠎ᠠ᠂ ᠭᠡᠪᠡᠴᠦ ᠠᠮᠧᠷᠢᠺᠠ ᠢᠷᠠᠨ ᠬᠤᠶᠠᠷ ᠲᠠᠯ᠎ᠠ ᠪᠠᠷ ᠢᠶᠠᠨ ᠨᠡᠯᠢᠶᠡᠳ ᠶᠡᠭᠡ ᠵᠥᠷᠢᠴᠡᠯ ᠲᠠᠢ ᠪᠠᠶᠢᠨ᠎ᠠ᠃ ᠲᠠ ᠣᠳᠣᠬᠠᠨ ᠤ ᠳᠤᠮᠳᠠᠳᠤ ᠳᠣᠷᠣᠨᠠᠲᠤ ᠶᠢᠨ ᠲᠡᠯᠡᠶ ᠶᠢᠨ ᠪᠤᠯᠤᠩ ᠤᠨ ᠪᠠᠶᠢᠳᠠᠯ ᠤᠨ ᠲᠤᠬᠠᠢ ᠬᠡᠷᠬᠢᠨ ᠦᠵᠡᠵᠦ ᠪᠠᠶᠢᠬᠤ ᠪᠣᠶ︖      ᠸᠠᠩ ᠢ᠄ ᠢᠷᠠᠨ ᠤ ᠴᠥᠮ᠎ᠡ ᠶᠢᠨ ᠠᠰᠠᠭᠤᠳᠠᠯ ᠪᠣᠯ ᠳᠤᠮᠳᠠᠳᠤ ᠳᠣᠷᠣᠨᠠᠲᠤ ᠶᠢᠨ ᠳᠠᠯᠠᠢ ᠶᠢᠨ ᠪᠤᠯᠤᠩ ᠤᠨ ᠪᠠᠶᠢᠳᠠᠯ ᠤᠨ ᠬᠦᠨᠳᠡᠬᠦᠷᠢ ᠠᠰᠠᠭᠤᠳᠠᠯ ᠪᠣᠯᠤᠨ᠎ᠠ᠃ ᠥᠩᠭᠡᠷᠡᠭᠰᠡᠨ ᠳᠥᠷᠪᠡᠨ ᠵᠢᠯ ᠳᠤ᠂ ᠠᠮᠧᠷᠢᠺᠠ ᠶᠢᠨ ᠲᠠᠯ᠎ᠠ ᠶᠢᠨ ᠬᠢᠨ ᠠᠮᠠᠯᠠᠯᠲᠠ ᠠᠴᠠ ᠪᠠᠨ ᠢᠯᠡ ᠪᠠᠷ ᠵᠥᠷᠢᠴᠡᠵᠦ᠂ ᠭᠠᠭᠴᠠ ᠲᠠᠯ᠎ᠠ ᠠᠴᠠ ᠢᠷᠠᠨ ᠤ ᠴᠥᠮ᠎ᠡ ᠶᠢᠨ ᠵᠡᠪᠰᠡᠭ ᠤᠨ ᠪᠥᠬᠦ ᠲᠠᠯ᠎ᠠ ᠶᠢᠨ ᠬᠡᠯᠡᠯᠴᠡᠭᠡᠷ ᠠᠴᠠ ᠤᠬᠤᠷᠢᠨ ᠭᠠᠷᠤᠭᠰᠠᠨ ᠪᠥᠭᠡᠳ ᠢᠷᠠᠨ ᠤ ᠬᠢᠨ ᠳᠤ ᠲᠦᠢᠯ ᠤᠨ ᠶᠡᠭᠡ ᠳᠠᠷᠤᠯᠲᠠ ᠦᠵᠡᠭᠦᠯᠦᠭᠰᠡᠨ ᠠᠴᠠ ᠭᠠᠵᠠᠷ ᠣᠷᠣᠨ ᠤ ᠪᠠᠶᠢᠳᠠᠯ ᠳᠠᠬᠢᠨᠲᠠ ᠪᠠᠴᠢᠮ ᠪᠣᠯᠪᠠ᠃ ᠠᠮᠧᠷᠢᠺᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢᠭᠡᠨᠲᠡ ᠪᠦᠬᠦ ᠲᠠᠯ᠎ᠠ ᠶᠢᠨ ᠬᠡᠯᠡᠯᠴᠡᠭᠡᠷ ᠲᠡᠭᠡᠨ ᠪᠤᠴᠠᠬᠤ ᠳᠤᠷᠠᠲᠠᠶ ᠭᠡᠵᠦ ᠢᠯᠡᠷᠬᠡᠶᠢᠯᠡᠵᠡᠶ᠂ ᠠᠮᠧᠷᠢᠺᠠ ᠶᠢᠨ ᠲᠠᠯ᠎ᠠ ᠶᠢᠨ ᠬᠢᠨ ᠦᠨᠡᠨ ᠰᠡᠳᠬᠢᠯ ᠠᠴᠠ ᠪᠠᠨ ᠠᠯᠢ ᠲᠦᠷᠭᠡᠨ ᠢᠶᠠᠷ ᠠᠵᠢᠯᠯᠠᠭ᠎ᠠ ᠠᠪᠬᠤ ᠶᠢ ᠬᠦᠰᠡᠵᠦ ᠪᠠᠶᠢᠨ᠎ᠠ᠂ ᠡᠭᠦᠨ ᠳᠤ ᠬᠠᠤᠯᠢ ᠶᠣᠰᠣᠨ ᠤ ᠪᠤᠰᠤ ᠭᠠᠭᠴᠠ ᠲᠠᠯ᠎ᠠ ᠶᠢᠨ ᠵᠠᠯᠬᠠᠭᠠᠯ ᠢ ᠬᠦᠴᠦᠨ ᠦᠭᠡᠶ ᠪᠣᠯᠭᠠᠬᠤ᠂ ᠭᠤᠷᠪᠠᠳᠠᠬᠢ ᠡᠲᠡᠭᠡᠳ ᠤᠨ ᠪᠣᠳᠠᠲᠤ ᠴᠣᠭᠴᠠ ᠪᠣᠯᠤᠨ ᠬᠤᠪᠢ ᠬᠥᠮᠦᠨ ᠤ ᠠᠰᠢᠭ ᠲᠤᠰᠠ ᠳᠤ ᠭᠠᠷ ᠲᠦᠷᠦᠬᠦ ᠶᠢ ᠬᠦᠴᠦᠨ ᠦᠭᠡᠶ ᠪᠣᠯᠭᠠᠬᠤ ᠵᠡᠷᠭᠡ ᠪᠠᠭᠲᠠᠨ᠎ᠠ᠃ ᠡᠭᠦᠨ ᠤ ᠬᠠᠮᠲᠤ᠂ ᠢᠷᠠᠨ ᠴᠤ ᠭᠡᠷ᠎ᠡ ᠪᠠᠨ ᠪᠦᠬᠦ ᠲᠠᠯ᠎ᠠ ᠪᠠᠷ ᠰᠡᠷᠭᠦᠭᠡᠵᠦ᠂ ᠴᠥᠮ᠎ᠡ ᠶᠢᠨ ᠵᠡᠪᠰᠡᠭ ᠢ ᠦᠯᠦ ᠲᠠᠷᠬᠠᠭᠠᠬᠤ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ ᠠᠮᠧᠷᠢᠺᠠ ᠢᠷᠡᠨ ᠬᠤᠶᠠᠷ ᠲᠠᠯ᠎ᠠ ᠶᠢᠨ ᠠᠵᠢᠯᠯᠠᠭ᠎ᠠ ᠠᠯᠬᠤᠮ ᠬᠤᠪᠢᠶᠠᠨ ᠠᠳᠠᠯᠢ ᠲᠡᠭᠰᠢ ᠪᠠᠷ ᠤᠷᠤᠭᠰᠢ ᠠᠬᠢᠵᠤ ᠪᠣᠯᠤᠨ᠎ᠠ᠃      ᠬᠡᠯᠡᠯᠭᠡᠨ ᠦᠭᠡᠢ᠂ ᠪᠦᠬᠦ ᠲᠠᠯ᠎ᠠ ᠶᠢᠨ ᠬᠡᠯᠡᠯᠴᠡᠭᠡᠷ ᠳᠤᠮᠳᠠᠳᠤ ᠳᠣᠷᠣᠨᠠᠲᠤ ᠶᠢᠨ ᠲᠠᠯᠠᠢ ᠶᠢᠨ ᠪᠤᠯᠤᠩ ᠤᠨ ᠭᠠᠵᠠᠷ ᠣᠷᠣᠨ ᠤ ᠪᠤᠢ ᠪᠦᠬᠦᠢ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠢᠷᠠᠨ ᠤ ᠴᠥᠮ᠎ᠡ ᠶᠢᠨ ᠠᠰᠠᠭᠤᠳᠠᠯ ᠠᠴᠠ ᠭᠠᠳᠠᠨᠠᠬᠢ ᠪᠤᠰᠤᠳ ᠭᠠᠵᠠᠷ ᠣᠷᠣᠨ ᠤ ᠠᠮᠤᠷ ᠲᠦᠪᠰᠢᠨ ᠤ ᠠᠰᠠᠭᠤᠳᠠᠯ ᠤᠨ ᠲᠤᠬᠠᠢ ᠪᠢᠳᠡ ᠪᠦᠬᠦ ᠲᠠᠯ᠎ᠠ ᠶᠢᠨ ᠬᠡᠯᠡᠯᠴᠡᠭᠡᠷ ᠢ ᠬᠠᠮᠠᠭᠠᠯᠠᠬᠤ ᠶᠢ ᠤᠷᠢᠶᠠᠯᠠᠭᠰᠠᠨ ᠤᠷᠢᠲᠠᠯ ᠳᠣᠣᠷ᠎ᠠ᠂ ᠳᠠᠯᠠᠢ ᠶᠢᠨ ᠪᠤᠯᠤᠩ ᠤᠨ ᠣᠷᠣᠨ ᠤ ᠤᠯᠠᠨ ᠲᠠᠯᠠᠲᠤ ᠶᠠᠷᠢᠯᠴᠠᠭᠠᠨ ᠤ ᠲᠠᠪᠴᠠᠩ ᠢ ᠪᠠᠶᠢᠭᠤᠯᠬᠤ ᠶᠢ ᠰᠠᠨᠠᠭᠠᠴᠢᠯᠠᠵᠤ ᠪᠠᠶᠢᠨ᠎ᠠ᠂ ᠡᠯ᠎ᠡ ᠲᠠᠯ᠎ᠠ ᠶᠢᠨ ᠬᠢᠨ ᠡᠨᠡ ᠬᠦ ᠲᠠᠪᠴᠠᠩ ᠢ ᠠᠰᠢᠠᠠᠯᠠᠨ᠂ ᠬᠠᠮᠲᠤ ᠪᠠᠷ ᠵᠥᠪᠳᠡᠯᠴᠡᠬᠦ ᠪᠠᠷ ᠳᠠᠮᠵᠢᠭᠤᠯᠤᠨ ᠵᠥᠷᠢᠴᠡᠯ ᠮᠦᠷᠬᠦᠯᠳᠤᠭᠡᠨ ᠢ ᠬᠠᠮᠢᠶᠠᠷᠤᠨ ᠡᠵᠡᠮᠳᠡᠵᠦ᠂ ᠪᠠᠴᠢᠮ ᠪᠠᠶᠢᠳᠠᠯ ᠢ ᠨᠠᠮᠳᠠᠭᠤᠯᠵᠤ᠂ ᠭᠠᠵᠠᠷ ᠣᠷᠣᠨ ᠤ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ ᠪᠣᠯᠤᠨ᠎ᠠ᠃      ᠰᠢᠩᠭᠠᠫᠣᠷ ᠤᠨ ︽ᠲᠠᠯᠠᠢ ᠶᠢᠨ ᠬᠤᠭᠤᠯᠠᠢ ᠶᠢᠨ ᠴᠠᠭ ᠰᠣᠨᠢᠨ︾᠎ ᠤ ᠰᠤᠷᠪᠤᠯᠵᠢᠯᠠᠭᠴᠢ᠄ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ︽ᠡᠮᠦᠨᠡᠲᠦ ᠲᠠᠩᠭᠢᠰ ᠤᠨ ᠠᠵᠢᠯᠯᠠᠭᠠᠨ ᠤ ᠵᠠᠷᠴᠢᠮ︾᠎ ᠤᠨ ᠵᠥᠪᠳᠡᠯᠴᠡᠭᠡ ᠶᠢ ᠬᠡᠷᠬᠢᠨ ᠠᠬᠢᠭᠤᠯᠵᠤ᠂ ᠡᠮᠦᠨᠡᠲᠦ ᠲᠠᠩᠭᠢᠰ ᠢ ᠮᠥᠷᠭᠦᠯᠳᠦᠭᠡᠨ ᠤ ᠲᠦᠭᠰᠢᠭᠦᠷᠢᠲᠦ ᠭᠠᠵᠠᠷ ᠪᠤᠯᠭᠠᠬᠤ ᠠᠴᠠ ᠵᠠᠶᠢᠯᠠᠰᠬᠢᠵᠤ ᠴᠢᠳᠠᠬᠤ ᠪᠤᠢ︖      ᠸᠠᠩ ᠢ᠄ ᠤᠢᠢᠷ᠎ᠠ ᠶᠢᠨ ᠵᠢᠯ ᠠᠴᠠ᠂ ᠭᠠᠵᠠᠷ ᠣᠷᠣᠨ ᠤ ᠤᠯᠤᠰ ᠤᠳ ᠪᠣᠯᠤᠨ ᠳᠡᠯᠡᠬᠡᠢ ᠨᠠᠶᠢᠳᠠ ᠶᠢᠨ ᠬᠢᠨ ᠴᠥᠮ ᠡᠮᠦᠨᠡᠲᠦ ᠲᠠᠩᠭᠢᠰ ᠲᠤ ᠲᠤᠯᠭᠠᠷᠠᠵᠤ ᠪᠠᠶᠢᠭ᠎ᠠ ᠲᠣᠭᠲᠠᠭᠤᠨ ᠪᠤᠰᠤ ᠡᠯᠧᠮᠧᠨ᠋ᠲ ᠪᠣᠯᠤᠨ ᠠᠮᠤᠷ ᠲᠦᠪᠰᠢᠨ ᠤ ᠲᠦᠭᠰᠢᠭᠦᠷᠢ ᠭᠤᠣᠯᠳᠠᠭᠤ ᠬᠢᠯᠢ ᠶᠢᠨ ᠭᠠᠳᠠᠨ᠎ᠠ ᠠᠴᠠ ᠢᠷᠡᠵᠦ ᠪᠠᠶᠢᠬᠤ ᠶᠢ ᠲᠣᠳᠣᠷᠬᠠᠢ ᠣᠯᠵᠤ ᠬᠠᠷᠠᠪᠠ᠃ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ᠡᠮᠦᠨᠡᠲᠦ ᠲᠠᠩᠭᠢᠰ ᠤᠨ ᠲᠠᠶᠢᠪᠤᠩ ᠲᠣᠭᠲᠠᠭᠤᠨ ᠢ ᠬᠠᠮᠠᠭᠠᠯᠠᠬᠤ ᠲᠤᠬᠠᠶ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠣ᠂ ᠬᠦᠴᠦ ᠪᠠᠨ ᠲᠥᠪᠯᠡᠷᠡᠭᠦᠯᠦᠨ ︽ᠡᠮᠦᠨᠡᠲᠦ ᠲᠠᠩᠭᠢᠰ ᠤᠨ ᠠᠵᠢᠯᠯᠠᠭᠠᠨ ᠤ ᠵᠠᠷᠴᠢᠮ︾᠎ ᠤᠨ ᠵᠥᠪᠳᠡᠯᠴᠡᠭᠡ ᠶᠢ ᠠᠬᠢᠭᠤᠯᠵᠤ ᠪᠠᠶᠢᠭ᠎ᠠ ᠪᠠᠶᠢᠳᠠᠯ ᠳᠣᠤᠷ᠎ᠠ᠂ ᠠᠮᠧᠷᠢᠺᠠ ᠵᠡᠷᠭᠡ ᠥᠷᠥᠨᠡᠳᠠᠬᠢᠨ ᠤ ᠵᠠᠷᠢᠮ ᠤᠯᠤᠰ ᠤᠳ ᠬᠠᠷᠢᠨ ᠡᠮᠦᠨᠡᠲᠦ ᠲᠠᠩᠭᠢᠰ ᠢ ᠰᠠᠮᠠᠭᠤᠷᠠᠬᠤ ᠦᠭᠡᠢ ᠠᠴᠠ ᠯᠡ ᠠᠶᠤᠵᠤ᠂ ︽ᠴᠢᠯᠥᠭᠡᠲᠡᠶ ᠠᠶᠠᠯᠠᠬᠤ︾ ᠲᠤᠭ ᠢ ᠡᠷᠭᠦᠵᠦ᠂ ᠡᠮᠦᠨᠡᠲᠦ ᠲᠠᠩᠭᠢᠰ ᠲᠤ ᠪᠠᠶᠢᠨ ᠳᠠᠬᠢᠨ ᠢᠷᠡᠭᠡᠳ ᠦᠶ᠋ᠮᠡᠭᠡᠨ ᠳᠡᠭᠳᠡᠭᠡᠵᠦ᠂ ᠡᠯ᠎ᠡ ᠵᠦᠶ᠋ᠯ ᠤᠨ ᠪᠠᠶᠢᠳᠠᠯ ᠳᠤᠤᠷ᠎ᠠ ᠡᠮᠦᠨᠡᠲᠦ ᠲᠠᠩᠭᠢᠰ ᠤᠨ ᠠᠰᠠᠭᠤᠳᠠᠯ ᠤᠨ ᠲᠤᠬᠠᠶ ᠬᠠᠳᠬᠤᠨ ᠵᠠᠪᠰᠠᠷᠳᠠᠭᠤᠯᠵᠤ ᠪᠠᠶᠢᠨ᠎ᠠ᠃ ᠲᠡᠳᠡᠨ ᠤ ᠢᠩᠭᠢᠵᠦ ᠬᠢᠵᠦ ᠪᠠᠶᠢᠭ᠎ᠠ ᠶᠢᠨ ᠵᠣᠷᠢᠯᠭ᠎ᠠ ᠨᠢ ᠵᠥᠪᠬᠡᠨ ᠡᠮᠦᠨᠡᠲᠦ ᠲᠠᠩᠭᠢᠰ ᠤᠨ ᠡᠩᠭᠡ ᠲᠠᠶᠢᠪᠤᠩ ᠢ ᠡᠪᠳᠡᠵᠦ᠂ ᠭᠠᠵᠠᠷ ᠣᠷᠣᠨ ᠤ ᠲᠣᠭᠲᠠᠭᠤᠨ ᠪᠠᠶᠢᠳᠠᠯ ᠢ ᠰᠠᠮᠠᠭᠤᠷᠠᠭᠤᠯᠬᠤ ᠶᠢᠨ ᠲᠥᠯᠥᠭᠡ ᠶᠤᠮ᠃ᠠᠽᠢᠶ᠎ᠠ ᠣᠷᠣᠨ ᠤ ᠤᠯᠤᠰ ᠤᠳ ᠮᠦᠷᠬᠦᠯᠳᠦᠭᠡᠨ ᠢᠶᠠᠨ ᠵᠣᠬᠢᠰᠲᠠᠢ ᠬᠠᠮᠢᠶᠠᠷᠤᠨ ᠡᠵᠡᠮᠳᠡᠬᠦ ᠳᠤ ᠢᠲᠡᠭᠡᠯ᠂ ᠴᠢᠳᠠᠪᠤᠷᠢ ᠪᠠ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠤᠯᠤᠰ ᠤᠳ ᠤᠨ ᠡᠨᠡ ᠬᠡᠳᠦᠨ ᠵᠢᠯ ᠤᠨ ᠴᠢᠷᠮᠠᠶᠢᠯᠭ᠎ᠠ ᠭᠦᠢᠴᠡᠳ ᠭᠡᠷᠡᠴᠢᠯᠡᠵᠦ ᠪᠤᠢ᠃ ᠵᠠᠯᠭᠠᠭᠠᠳ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ᠡᠮᠦᠨᠡᠲᠦ ᠲᠠᠩᠭᠢᠰ ᠤᠨ ᠠᠰᠠᠭᠤᠳᠠᠯ ᠳᠡᠭᠡᠷ᠎ᠡ ᠦᠷᠭᠦᠯᠵᠢᠯᠡᠨ ᠬᠤᠶᠠᠷ ᠲᠠᠯ᠎ᠠ ᠶᠢ ᠪᠤᠳᠤᠯᠬᠢᠯᠠᠨ ᠵᠠᠮᠨᠠᠨ᠎ᠠ᠃ ᠨᠢᠭᠡ ᠳᠤ᠂ ᠬᠠᠷᠰᠢ ᠰᠠᠭᠠᠳ ᠢ ᠠᠷᠢᠯᠭᠠᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠵᠠᠷᠴᠢᠮ︾᠎ ᠤᠨ ᠵᠥᠪᠳᠡᠯᠴᠡᠭᠡ ᠶᠢ ᠠᠬᠢᠭᠤᠯᠵᠤ᠂ ᠠᠯᠢ ᠲᠦᠷᠭᠡᠨ ᠢᠶᠠᠷ ᠤᠯᠠᠨ ᠤᠯᠤᠰ ᠤᠨ ᠬᠠᠤᠯᠢ ᠳᠤ ᠨᠡᠶᠢᠴᠡᠬᠦ᠂ ᠡᠯ᠎ᠡ ᠲᠠᠯ᠎ᠠ ᠶᠢᠨ ᠬᠡᠷᠡᠭᠴᠡᠭᠡ ᠳᠤ ᠨᠡᠶᠢᠴᠡᠬᠦ᠂ ᠨᠡᠩ ᠪᠣᠳᠠᠲᠠᠢ ᠠᠭᠤᠯᠭ᠎ᠠ ᠲᠠᠢ᠂ ᠨᠡᠩ ᠪᠦᠲᠦᠮᠵᠢᠲᠡᠢ ᠭᠠᠵᠠᠷ ᠣᠷᠣᠨ ᠤ ᠲᠦᠷᠢᠮ ᠲᠠᠢ ᠪᠣᠯᠬᠤ ᠪᠠᠷ ᠴᠢᠷᠮᠠᠶᠢᠨ᠎ᠠ︔ ᠬᠤᠶᠠᠷ ᠲᠤ᠂ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾᠎ ᠢ ᠦᠷᠭᠦᠯᠵᠢᠯᠡᠨ ᠪᠦᠬᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠠᠮᠲᠤ ᠶᠢᠨ ᠲᠠᠨᠢᠯᠲᠠ ᠪᠠᠨ ᠲᠠᠰᠤᠷᠠᠯᠳᠠ ᠦᠭᠡᠢ ᠨᠢᠭᠲᠠᠷᠠᠭᠤᠯᠵᠤ ᠂ ᠢᠲᠡᠭᠡᠯᠴᠡᠭᠡ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠠᠬᠢᠭᠤᠯᠵᠤ᠂ ᠡᠮᠦᠨᠡᠲᠦ ᠲᠠᠩᠭᠢᠰ ᠤᠨ ᠶᠡᠷᠦᠩᠬᠡᠢ ᠴᠣᠭᠴᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠨ᠎ᠠ᠃      ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ᠄ ᠳᠤᠮᠳᠠᠳᠤ ᠤᠯᠤᠰ ᠪᠢᠷᠮᠠ ᠶᠢᠨ ᠪᠠᠶᠢᠳᠠᠯ ᠳᠤ ᠶᠠᠮᠠᠷ ᠵᠣᠭᠰᠣᠯᠲᠠ ᠲᠠᠢ ᠪᠤᠢ︖      ᠸᠠᠩ ᠢ᠄ ᠪᠢᠷᠮᠠ ᠶᠢᠨ ᠪᠠᠶᠢᠳᠠᠯ ᠤᠨ ᠲᠤᠬᠠᠢ ᠪᠢ ᠳᠤᠮᠳᠠᠳᠤ ᠤᠯᠤᠰ ᠤᠨ ᠭᠤᠷᠪᠠᠨ ᠲᠠᠯ᠎ᠠ ᠶᠢᠨ ᠵᠣᠷᠢᠯᠲᠠ ᠶᠢ ᠳᠤᠷᠠᠳᠤᠶ᠎ᠠ᠄ ᠨᠢᠭᠡᠳᠦᠭᠡᠷ ᠲᠤ᠂ ᠡᠩᠬᠡ ᠲᠠᠶᠢᠪᠤᠩ ᠲᠣᠭᠲᠠᠭᠤᠨ ᠪᠠᠶᠢᠬᠤ ᠪᠣᠯ ᠤᠯᠤᠰ ᠤᠨ ᠬᠥᠭᠵᠢᠯᠲᠡ ᠶᠢᠨ ᠤᠷᠢᠲᠠᠯ ᠪᠣᠯᠤᠨ᠎ᠠ᠃ ᠪᠢᠷᠮᠠ ᠶᠢᠨ ᠡᠯ᠎ᠡ ᠲᠠᠯ᠎ᠠ ᠶᠢᠨ ᠬᠢᠨ ᠯᠠᠪᠳᠠᠭᠤᠨ ᠪᠣᠯᠭᠤᠮᠵᠢᠲᠠᠢ ᠬᠦᠯᠢᠴᠡᠩᠭᠦᠢ ᠪᠠᠶᠢᠵᠤ᠂ ᠪᠢᠷᠮᠠ ᠶᠢᠨ ᠠᠷᠠᠳ ᠲᠦᠮᠡᠨ ᠤ ᠦᠨᠳᠦᠰᠦᠨ ᠠᠰᠢᠭ ᠲᠤᠰᠠ ᠠᠴᠠ ᠡᠭᠦᠰᠴᠦ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠣᠷ᠎ᠠ ᠵᠥᠷᠢᠴᠡᠯ ᠮᠦᠷᠬᠦᠯᠳᠤᠭᠡᠨ ᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠠᠷᠠᠳᠴᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠦᠷᠭᠦᠯᠵᠢᠯᠡᠨ ᠠᠬᠢᠭᠤᠯᠬᠤ ᠶᠢ ᠬᠦᠰᠡᠵᠦ ᠪᠠᠶᠢᠨ᠎ᠠ᠃ ᠣᠳᠣᠬᠠᠨ ᠤ ᠪᠠᠴᠢᠮ ᠡᠭᠦᠷᠭᠡ ᠪᠣᠯ ᠴᠢᠰᠤ ᠤᠷᠤᠰᠬᠠᠬᠤ ᠰᠢᠨ᠎ᠡ ᠮᠥᠷᠭᠦᠯᠳᠦᠭᠡᠨ ᠡᠭᠦᠰᠬᠦ ᠶᠢ ᠰᠡᠷᠭᠡᠶᠢᠯᠡᠵᠦ᠂ ᠪᠠᠶᠢᠳᠠᠯ ᠢ ᠨᠠᠮᠳᠠᠭᠤᠯᠬᠤ ᠶᠢ ᠲᠦᠷᠭᠡᠨ ᠪᠡᠶᠡᠯᠡᠭᠦᠯᠬᠦ ᠶᠠᠪᠤᠳᠠᠯ ᠪᠣᠯᠤᠨ᠎ᠠ᠃      ᠬᠤᠶᠠᠳᠤᠭᠠᠷ ᠲᠤ᠂ ᠪᠢᠷᠮᠠ ᠪᠣᠯ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠶᠡᠭᠡ ᠭᠡᠷ ᠪᠦᠯᠢ ᠶᠢᠨ ᠪᠦᠷᠢᠯᠳᠦᠬᠦᠨ ᠮᠥᠨ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠳᠣᠲᠣᠭᠠᠳᠤ ᠶᠠᠪᠤᠳᠠᠯ ᠳᠤ ᠦᠯᠦ ᠭᠠᠷ ᠲᠦᠷᠦᠭᠦ ᠪᠠ ᠵᠥᠪᠳᠡᠯᠴᠡᠵᠦ ᠰᠠᠨᠠᠯ ᠢᠶᠠᠨ ᠨᠢᠭᠡᠳᠬᠡᠬᠦ ᠵᠠᠷᠴᠢᠮ ᠢ ᠪᠠᠷᠢᠮᠲᠠᠯᠠᠵᠤ᠂ ︽ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ᠤᠨ ᠠᠷᠭ᠎ᠠ ᠬᠡᠯᠪᠡᠷᠢ︾᠎ ᠪᠠᠷ ᠳᠤᠮᠳᠠ ᠠᠴᠠ ᠨᠢ ᠡᠶᠡᠳᠡᠭᠦᠯᠵᠦ᠂ ᠬᠠᠮᠲᠤ ᠶᠢᠨ ᠲᠠᠨᠢᠯᠲᠠ ᠲᠠᠢ ᠪᠣᠯᠬᠤ ᠶᠢ ᠳᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠪᠢᠷᠮᠠ ᠶᠢᠨ ᠡᠷᠬᠡ ᠮᠡᠳᠡᠯ ᠪᠣᠯᠤᠨ ᠠᠷᠠᠳ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠰᠠᠭᠤᠷᠢᠨ ᠳᠡᠭᠡᠷ᠎ᠡ᠂ ᠡᠯ᠎ᠡ ᠲᠠᠯ᠎ᠠ ᠶᠢᠨ ᠬᠢᠨ ᠲᠠᠢ ᠤᠢᠢᠯᠠᠭᠠᠯᠴᠠᠵᠤ᠂ ᠪᠠᠴᠢᠮ ᠪᠠᠶᠢᠳᠠᠯ ᠢ ᠨᠠᠮᠳᠠᠭᠤᠯᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ᠃      ᠭᠤᠷᠪᠠᠳᠤᠭᠠᠷ ᠲᠤ᠂ ᠪᠢᠷᠮᠠ ᠪᠣᠯᠤᠨ ᠳᠤᠮᠳᠠᠳᠤ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ︽ᠠᠬ᠎ᠠ ᠳᠡᠭᠦᠦ︾ ᠪᠤᠯᠤᠨ᠎ᠠ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠨ᠎ᠠ᠃ ᠳᠤᠮᠳᠠᠳᠤ ᠤᠯᠤᠰ ᠤᠨ ᠪᠢᠷᠮᠠ ᠶᠢᠨ ᠲᠤᠬᠠᠶ ᠨᠥᠬᠦᠷᠰᠡᠭ ᠲᠥᠷᠥ ᠶᠢᠨ ᠪᠣᠳᠣᠯᠭ᠎ᠠ ᠪᠦᠬᠦ ᠪᠢᠷᠮᠠ ᠶᠢᠨ ᠠᠷᠠᠳ ᠲᠦᠮᠡᠨ ᠳᠤ ᠬᠠᠨᠳᠤᠨ᠎ᠠ᠃ ᠳᠤᠮᠳᠠᠳᠤ ᠤᠯᠤᠰ ᠪᠢᠷᠮᠠ ᠶᠢᠨ ᠠᠷᠠᠳᠴᠢᠯᠠᠭᠰᠠᠨ ᠬᠤᠯᠪᠣᠭ᠎ᠠ ᠶᠢ ᠪᠠᠭᠲᠠᠭᠠᠭᠰᠠᠨ ᠡᠯ᠎ᠡ ᠨᠠᠮ ᠪᠦᠯᠦᠭ ᠲᠠᠢ ᠴᠥᠮ ᠤᠷᠳᠤ ᠬᠤᠭᠤᠴᠠᠭᠠᠨ ᠤ ᠨᠥᠬᠦᠷᠰᠡᠭ ᠶᠠᠪᠤᠯᠴᠠᠭ᠎ᠠ ᠲᠠᠢ ᠶᠤᠮ᠂ ᠳᠤᠮᠳᠠᠳᠤ ᠤᠯᠤᠰ ᠯᠤᠭ᠎ᠠ ᠶᠢᠨ ᠨᠥᠬᠦᠷᠯᠡᠯ ᠪᠣᠯ ᠮᠥᠨ ᠴᠦ ᠪᠢᠷᠮᠠ ᠶᠢᠨ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠪᠣᠯᠤᠨ᠎ᠠ᠃ ᠪᠢᠷᠮᠠ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠤᠨ ᠳᠤᠮᠳᠠᠳᠤ ᠪᠢᠷᠮᠠ ᠶᠢᠨ ᠬᠠᠷᠢᠯᠴᠠᠭ᠎ᠠ ᠶᠢ ᠠᠬᠢᠭᠤᠯᠬᠤ ᠡᠷᠴᠢ ᠵᠣᠷᠢᠭ ᠭᠤᠶᠢᠪᠢᠯᠵᠠᠬᠤ ᠦᠭᠡᠢ᠂ ᠨᠥᠬᠦᠷᠰᠡᠭ ᠬᠠᠮᠲᠤᠷᠠᠯᠴᠠᠭ᠎ᠠ ᠶᠢ ᠠᠬᠢᠭᠤᠯᠬᠤ ᠴᠢᠭᠯᠡᠯ ᠴᠦ ᠬᠤᠪᠢᠷᠠᠬᠤ ᠦᠭᠡᠢ ᠶᠤᠮ᠃      ᠺᠦᠪᠠ ᠶᠢᠨ ᠯᠠᠲ᠋ᠢᠨ ᠠᠮᠧᠷᠢᠺᠠ ᠶᠢᠨ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠬᠢᠵᠢᠭ ᠤᠨ ᠳᠠᠷᠠᠭᠠᠬᠢ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠬᠠᠷᠢᠯᠴᠠᠭᠠᠨ ᠤ ᠢᠷᠡᠭᠡᠳᠦᠢ ᠶᠢ ᠲᠠ ᠬᠡᠷᠬᠢᠨ ᠦᠵᠡᠬᠦ ᠪᠤᠢ︖ ᠳᠤᠮᠳᠠᠳᠤ ᠤᠯᠤᠰ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠯᠠᠲ᠋ᠢᠨ ᠠᠮᠧᠷᠢᠺᠠ ᠶᠢᠨ ᠤᠯᠤᠰ ᠤᠳ ᠢ ᠬᠠᠪᠰᠤᠷᠤᠨ ᠬᠢᠵᠢᠭ ᠢ ᠢᠯᠠᠨ ᠳᠠᠪᠠᠭ᠋ᠤ ᠪᠤᠢ︖      ᠸᠠᠩ ᠢ᠄ ᠨᠢᠳᠤᠨᠤᠨ ᠵᠢᠯ ᠪᠣᠯ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠲᠢᠪ ᠬᠢᠵᠢᠭ ᠲᠠᠢ ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠵᠤ ᠠᠬᠤᠢ ᠪᠠᠨ ᠰᠡᠷᠭᠦᠭᠡᠬᠦ ᠳᠤ ᠬᠠᠮᠲᠤ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠤᠶᠠᠷ ᠲᠠᠯ᠎ᠠ ᠪᠠᠷ ᠢᠶᠠᠨ ᠨᠦᠬᠦᠷᠯᠡᠯ ᠤᠨ ᠤᠳᠬ᠎ᠠ ᠤᠴᠢᠷ ᠢ ᠪᠣᠳᠠᠲᠤ ᠠᠵᠢᠯᠯᠠᠭ᠎ᠠ ᠪᠠᠷ ᠢᠶᠠᠨ ᠲᠠᠶᠢᠯᠪᠤᠷᠢᠯᠠᠵᠠᠢ᠃      ᠬᠢᠵᠢᠭ ᠡᠭᠦᠰᠦᠭᠰᠡᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠯᠠᠲ᠋ᠢᠨ ᠠᠮᠧᠷᠢᠺᠠ ᠶᠢᠨ ᠤᠯᠠᠨ ᠤᠯᠤᠰ ᠤᠨ ᠤᠳᠤᠷᠢᠳᠬᠤ ᠬᠥᠮᠦᠰ ᠲᠠᠢ ᠬᠠᠷᠢᠯᠴᠠᠨ ᠴᠠᠬᠢᠯᠭᠠᠨ ᠮᠡᠳᠡᠭᠡ ᠢᠯᠡᠭᠡᠵᠦ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠳᠦᠯᠦᠨ ᠳᠠᠭᠠᠭᠤᠯᠪᠠ᠃ ᠳᠤᠮᠳᠠᠳᠤ ᠤᠯᠤᠰ ᠠᠽᠢᠶ᠎ᠠ ᠣᠷᠣᠨ ᠤ 30 ᠤᠯᠤᠰ ᠲᠤ 3400 ᠭᠠᠷᠤᠶ ᠲᠦᠮᠡᠨ ᠬᠤᠪᠢ ᠡᠮᠴᠢᠯᠡᠭᠡᠨ ᠤ ᠡᠳ᠋ ᠪᠣᠳᠠᠰ ᠲᠥᠬᠦᠭᠡᠷᠦᠮᠵᠢ ᠬᠠᠨᠳᠢᠪᠯᠠᠵᠤ᠂ ᠲᠤᠷᠰᠢᠯᠭ᠎ᠠ ᠰᠣᠯᠢᠯᠴᠠᠬᠤ ᠸᠢᠳᠢᠣ᠋ ᠬᠤᠷᠠᠯ ᠢ 40 ᠭᠠᠷᠤᠶ ᠤᠳᠠᠭ᠎ᠠ ᠬᠤᠷᠠᠯᠳᠤᠭᠤᠯᠪᠠ᠂ ᠪᠢᠳᠡ ᠪᠠᠰᠠ ᠯᠠᠲ᠋ᠢᠨ ᠠᠮᠧᠷᠢᠺᠠ ᠶᠢᠨ 12 ᠤᠯᠤᠰ ᠲᠤ ᠬᠡᠷᠡᠭᠴᠡᠭᠡ ᠳᠤ ᠨᠢ ᠲᠤᠬᠢᠷᠠᠭᠤᠯᠤᠨ ᠸᠠᠺᠼᠢᠨ ᠬᠠᠩᠭᠠᠵᠤ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠳᠤᠮᠳᠠᠳᠤ ᠯᠠᠲ᠋ᠢᠨ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠳᠠᠬᠢᠨᠲᠠ ᠰᠠᠶᠢᠨ ᠪᠦᠲᠦᠮᠵᠢ ᠣᠯᠵᠤ᠂ ᠭᠤᠷᠪᠠᠨ ᠵᠢᠯ ᠳᠠᠷᠠᠭᠠᠯᠠᠨ 3000 ᠳ᠋ᠦᠩᠰᠢᠭᠤᠷ ᠳ᠋ᠣᠯᠯᠠᠷ ᠢ ᠳᠠᠪᠠᠵᠤ᠂ ᠯᠠᠲ᠋ᠢᠨ ᠠᠮᠧᠷᠢᠺᠠ ᠶᠢᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠨᠡᠮᠡᠭᠳᠡᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠯᠠᠲ᠋ᠢᠨ ᠠᠮᠧᠷᠢᠺᠠ ᠲᠢᠪ ᠪᠤᠯᠤᠨ ᠷᠠᠭ᠎ᠠ ᠶᠢᠨ ᠠᠵᠤ ᠠᠬᠤᠢ ᠠᠷᠠᠯᠵᠢᠶᠠᠨ ᠤ ᠵᠥᠪᠯᠡᠯ ᠠᠴᠠ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠨᠢᠭᠡᠨᠲᠡ ᠲᠤᠰ ᠭᠠᠵᠠᠷ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠳᠠᠶᠢᠴᠢᠯᠠᠬᠤ ᠴᠢᠬᠤᠯᠠ ᠬᠦᠴᠦᠨ ᠪᠣᠯᠵᠠᠢ ᠭᠡᠵᠦ ᠵᠢᠭᠠᠵᠤ ᠭᠠᠷᠭᠠᠪᠠ᠃ ᠬᠢᠵᠢᠭ ᠳᠠᠬᠤᠯ ᠳᠤᠮᠳᠠᠳᠤ ᠯᠠᠲ᠋ᠢᠨ ᠠᠮᠧᠷᠢᠺᠠ ᠶᠢᠨ ᠬᠠᠮᠲᠤᠷᠠᠯᠴᠠᠭ᠎ᠠ ᠶᠢ ᠬᠠᠷᠰᠢᠯᠠᠭᠰᠠᠨ ᠦᠭᠡᠢ ᠮᠥᠷᠲᠡᠭᠡᠨ ᠬᠠᠷᠢᠨ ᠳᠤᠮᠳᠠᠳᠤ ᠯᠠᠲ᠋ᠢᠨ ᠠᠮᠧᠷᠢᠺᠠ ᠶᠢᠨ ᠠᠷᠠᠳ ᠲᠦᠮᠡᠨ ᠤ ᠰᠡᠳᠬᠢᠯ ᠢ ᠨᠡᠩ ᠤᠢᠢᠷᠠᠳᠤᠭᠤᠯᠵᠦ᠂ ᠠᠰᠢᠭ ᠲᠤᠰᠠ ᠶᠢᠨ ᠬᠤᠯᠪᠣᠭᠠᠰᠤ ᠶᠢ ᠨᠡᠩ ᠴᠢᠩᠭᠠᠷᠠᠭᠤᠯᠤᠯ᠎ᠠ ᠭᠡᠵᠦ ᠬᠡᠯᠡᠵᠦ ᠪᠣᠯᠤᠨ᠎ᠠ᠃ᠴᠢᠯᠢ ᠶᠢᠨ ᠰᠢᠯᠦᠭᠴᠢᠨ ᠨᠧᠷᠦ᠋ᠳᠡ᠄ ︽ᠮᠥᠩᠬᠡ ᠶᠢᠨ ᠨᠥᠬᠦᠷᠯᠡᠯ ᠠᠴᠠ ᠲᠠ ᠶᠢᠷᠲᠢᠨᠴᠦ ᠶᠢᠨ ᠰᠠᠶᠢᠨ ᠰᠠᠶᠢᠬᠠᠨ ᠢ ᠢᠲᠡᠭᠡᠨ᠎ᠡ᠂ ᠲᠠᠨ ᠤ ᠨᠡᠭᠡᠭᠡᠬᠦ ᠶᠢ ᠬᠦᠯᠢᠶᠡᠵᠦ ᠪᠠᠶᠢᠭ᠎ᠠ ᠬᠠᠭᠠᠯᠭ᠎ᠠ ᠪᠠᠶᠢᠨ᠎ᠠ ᠭᠡᠳᠡᠭ ᠢ ᠢᠲᠡᠭᠡᠨ᠎ᠡ︾ ᠭᠡᠵᠦ ᠶᠠᠷᠢᠵᠤ ᠦᠩᠭᠡᠷᠡᠭᠰᠡᠨ ᠶᠤᠮ᠃ ᠳᠤᠮᠳᠠᠳᠤ ᠤᠯᠤᠰ ᠦᠷᠭᠦᠯᠵᠢᠯᠡᠨ ᠯᠠᠲ᠋ᠢᠨ ᠠᠮᠧᠷᠢᠺᠠ ᠶᠢᠨ ᠨᠠᠶᠢᠵᠠ ᠨᠠᠷ ᠲᠠᠢ ᠬᠠᠮᠲᠤ ᠨᠥ᠋ᠬᠦᠷᠯᠡᠯ ᠢᠶᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠥᠷᠭᠡᠳᠬᠡᠨ᠂ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠢᠳᠡᠪᠬᠢᠲᠡᠢ ᠪᠠᠶᠢᠭᠤᠯᠵᠤ᠂ ᠳᠤᠮᠳᠠᠳᠤ ᠯᠠᠲ᠋ᠢᠨ ᠠᠮᠧᠷᠢᠺᠠ ᠶᠢᠨ ᠠᠷᠠᠳ ᠲᠦᠮᠡᠨ ᠳᠤ ᠨᠡᠩ ᠰᠠᠶᠢᠨ ᠪᠤᠶᠠᠨ ᠵᠢᠷᠭᠠᠯ ᠡᠳ᠋ᠯᠡᠭᠦᠯᠦᠨ᠎ᠡ᠃︽ᠳᠤᠮᠳᠠᠳᠤ ᠤᠯᠤᠰ ᠤᠨ ᠡᠳᠦᠷ ᠤᠨ ᠰᠣᠨᠢᠨ︾᠎ ᠤ ᠰᠤᠷᠪᠤᠯᠵᠢᠯᠠᠭᠴᠢ᠄ ᠪᠢ ᠪᠥᠬᠦ ᠳᠡᠯᠡᠬᠡᠶ ᠶᠢᠨ ᠰᠦᠯᠵᠢᠶᠡᠨ ᠠᠨᠳᠠ ᠶᠢᠨ ᠡᠮᠦᠨ᠎ᠡ ᠠᠴᠠ ᠨᠢᠭᠡ ᠠᠰᠠᠭᠤᠯᠳᠠ ᠲᠤᠷᠠᠳᠤᠶ᠎ᠠ᠂ ᠵᠠᠷᠢᠮ ᠭᠠᠳᠠᠭᠠᠳᠤ ᠶᠢᠨ ᠵᠠᠭᠤᠴᠢᠯᠠᠭᠤᠷ ᠢᠯᠠᠩᠭᠤᠶ᠎ᠠ ᠥᠷᠥᠨᠡᠳᠠᠬᠢᠨ ᠤ ᠵᠠᠭᠤᠴᠢᠯᠠᠭᠤᠷ ᠤᠳ ᠳᠤᠮᠳᠠᠳᠤ ᠤᠯᠤᠰ ᠤᠨ ᠲᠤᠬᠠᠢ ᠰᠣᠩᠭᠤᠯᠲᠠ ᠶᠢᠨ ᠴᠢᠨᠠᠷᠲᠠᠶ ᠮᠡᠳᠡᠭᠡᠯᠡᠯ ᠬᠢᠬᠦ ᠳᠡᠭᠡᠨ ᠳᠠᠳᠮᠠᠭᠠᠶ ᠪᠠᠶᠢᠳᠠᠭ᠃ ᠶᠠᠨ ᠠᠨ ᠤ ᠦᠶ᠎ᠡ ᠶᠢ ᠬᠤᠯᠪᠣᠨ ᠪᠤᠳᠤᠬᠤᠶ᠎ᠠ᠂ ᠠᠮᠧᠷᠢᠺᠠ ᠶᠢᠨ ᠰᠤᠷᠪᠤᠯᠵᠢᠯᠠᠭᠴᠢ ᠰᠨᠤᠸ᠋ ᠶᠢᠨ ︽ᠤᠯᠠᠭᠠᠨ ᠤᠳᠤ ᠳᠤᠮᠳᠠᠳᠤ ᠤᠯᠤᠰ ᠢ ᠭᠡᠶᠢᠭᠦᠯᠪᠡ︾ ᠭᠡᠬᠦ ᠪᠦᠲᠦᠭᠡᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠢ ᠳᠡᠯᠡᠬᠡᠢ ᠳ᠋ᠠᠬᠢᠨ ᠳᠤ ᠠᠩᠬ᠎ᠠ ᠤᠳᠠᠭ᠎ᠠ ᠣᠶᠢᠯᠠᠭᠠᠭᠤᠯᠵᠠᠢ᠃ ᠲᠠᠨ ᠤ ᠦᠵᠡᠬᠦ ᠪᠠᠷ ᠥᠨᠥᠳᠦᠷ ᠤᠨ ᠭᠠᠳᠠᠭᠠᠳᠤ ᠶᠢᠨ ᠰᠤᠷᠪᠤᠯᠵᠢᠯᠠᠭᠴᠢ ᠶᠢᠨ ᠲᠤᠮᠳᠠ ᠠᠴᠠ ︽ᠰᠨᠤᠸ᠋︾ ᠰᠢᠭ᠋ ᠬᠦᠮᠦᠨ ᠭᠠᠷᠤᠨ᠎ᠠ ᠤᠤ︖      ᠸᠠᠩ ᠢ᠄ ᠡᠩ ᠲᠡᠷᠢᠭᠦᠨ ᠳᠤ᠂ ᠪᠢ ᠡᠨᠡ ᠲᠣᠬᠢᠶᠠᠯ ᠢᠶᠠᠷ ᠭᠠᠳᠠᠭᠠᠳᠤ ᠶᠢᠨ ᠵᠠᠭᠤᠴᠢᠯᠠᠭᠤᠷ ᠤᠨ ᠨᠠᠶᠢᠵᠠ ᠨᠠᠷ ᠤᠨ ᠰᠢᠷᠭᠠᠭᠤ ᠬᠦᠳᠡᠯᠮᠦᠷᠢ ᠳᠤ ᠲᠠᠯᠠᠷᠬᠠᠵᠤ ᠪᠠᠶᠢᠨ᠎ᠠ᠃ ᠵᠠᠭᠤᠴᠢᠯᠠᠭᠤᠷ ᠪᠣᠯ ᠡᠯ᠎ᠡ ᠤᠯᠤᠰ ᠤᠨ ᠬᠠᠷᠢᠯᠴᠠᠨ ᠣᠶᠢᠯᠠᠭᠠᠯᠴᠠᠬᠤ ᠴᠢᠬᠤᠯᠠ ᠬᠤᠯᠪᠤᠭᠠᠰᠤ ᠮᠥᠨ᠃ ᠨᠢᠳᠤᠨᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠭᠠᠷᠤᠭᠰᠠᠨ ᠠᠴᠠ ᠨᠠᠭᠠᠰᠢ᠂ ᠮᠠᠰᠢ ᠤᠯᠠᠨ ᠭᠠᠳᠠᠭᠠᠳᠤ ᠶᠢᠨ ᠵᠠᠭᠤᠴᠢᠯᠠᠭᠤᠷ ᠤᠨ ᠨᠠᠶᠢᠵᠠ ᠨᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠠᠷᠠᠳ ᠲᠦᠮᠡᠨ ᠤ ᠬᠢᠵᠢᠭ ᠲᠠᠢ ᠲᠡᠮᠡᠴᠡᠭᠰᠡᠨ ᠦᠯᠢᠭᠡᠷ ᠢ ᠦᠷᠭᠦᠯᠵᠢᠯᠡᠨ ᠶᠠᠷᠢᠵᠤ ᠥᠭᠴᠡᠢ᠃ ᠲᠠ ᠨᠠᠷ ᠵᠦᠳᠡᠷᠡᠯ᠎ᠡ︕ 80 ᠭᠠᠷᠤᠶ ᠵᠢᠯ ᠤᠨ ᠡᠮᠦᠨ᠎ᠡ᠂ ᠰᠨᠤᠸ᠋ ᠪᠣᠯᠤᠨ ᠰᠲᠷᠤᠩ᠂ ᠰᠮᠧᠳ᠋ᠯᠧ ᠵᠡᠷᠭᠡ ᠨᠢᠭᠡ ᠪᠦᠯᠦᠭ ᠭᠠᠳᠠᠭᠠᠳᠤ ᠶᠢᠨ ᠰᠤᠷᠪᠤᠯᠵᠢᠯᠠᠭᠴᠢ ᠳᠤᠮᠳᠠᠳᠤ ᠤᠯᠤᠰ ᠤᠨ ᠱᠠᠨᠪᠸᠢ ᠶᠢᠨ ᠶᠠᠨ ᠠᠨ ᠳᠤ ᠢᠷᠡᠵᠦ᠂ ᠦᠵᠡᠵᠦ ᠰᠣᠨᠣᠰᠤᠭᠰᠠᠨ ᠪᠤᠳᠤᠵᠤ ᠰᠡᠳᠭᠢᠭᠰᠡᠨ ᠪᠦᠬᠦ ᠵᠦᠢᠯ ᠢᠶᠠᠨ ᠳᠡᠯᠡᠬᠡᠶ ᠳ᠋ᠠᠬᠢᠨ ᠳᠤ ᠲᠠᠨᠢᠯᠴᠠᠭᠤᠯᠵᠠᠢ᠃ ᠰᠨᠤᠸ᠋ ᠡᠪ ᠬᠠᠮᠲᠤ ᠶᠢᠨ ᠦᠵᠡᠯᠲᠡᠨ ᠪᠢᠰᠢ᠂ ᠭᠡᠪᠡᠴᠦ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠳᠤ ᠬᠠᠨᠳᠤᠬᠤ ᠳᠠᠭᠠᠨ ᠦᠵᠡᠯ ᠤᠬᠠᠮᠰᠠᠷ ᠤᠨ ᠬᠡᠯᠪᠡᠷᠢ ᠶᠢᠨ ᠬᠡᠯᠪᠠᠶᠢᠭᠦᠦ ᠦᠵᠡᠯᠲᠡ ᠦᠭᠡᠢ᠂ ᠢᠮᠠᠭᠲᠠ ᠪᠤᠰᠤᠳᠴᠢ ᠦᠨᠡᠨ ᠢ ᠪᠠᠲᠤ ᠰᠠᠬᠢᠵᠤ᠂ ᠢᠮᠠᠭᠲᠠ ᠲᠥᠪ ᠭᠤᠣᠯᠴᠢ ᠨᠢᠩᠵᠢᠨ ᠰᠡᠳᠬᠢᠯ ᠢ ᠪᠠᠷᠢᠮᠳᠠᠯᠠᠪᠠ᠃ ᠲᠡᠭᠦᠨ ᠤ ᠢᠯᠡᠷᠡᠭᠦᠯᠦᠭᠰᠡᠨ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠪᠣᠯᠤᠨ ᠶᠣᠰᠣ ᠰᠤᠷᠲᠠᠬᠤᠨ ᠤ ᠪᠠᠷᠢᠮᠲᠠᠯᠠᠯ ᠨᠢ ᠬᠥᠮᠦᠰ ᠢ ᠪᠢᠰᠢᠷᠡᠭᠦᠯᠦᠨ᠎ᠡ᠂ ᠲᠡᠷᠡ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠣᠶᠢᠯᠠᠭᠠᠯᠴᠠᠭ᠎ᠠ ᠶᠢ ᠨᠡᠮᠡᠭᠳᠡᠭᠦᠯᠬᠦ ᠳᠤ ᠨᠢᠭᠡ ᠨᠠᠰᠤᠨ ᠤ ᠬᠦᠴᠦ ᠬᠥᠯᠥᠰᠥ ᠪᠠᠨ ᠤᠷᠤᠰᠬᠠᠵᠤ᠂ ᠳᠤᠮᠳᠠᠳᠤ ᠤᠯᠤᠰ ᠤᠨ ᠠᠷᠠᠳ ᠲᠦᠮᠡᠨ ᠤᠳᠤ ᠪᠣᠯᠲᠠᠯ᠎ᠠ ᠲᠡᠭᠦᠨ ᠢ ᠳᠤᠷᠠᠰᠤᠨ ᠰᠠᠨᠠᠭᠠᠯᠵᠠᠭᠰᠠᠭᠠᠷ ᠪᠠᠶᠢᠨ᠎ᠠ᠃      ᠥᠨᠥᠳᠦᠷ ᠤᠨ ᠳᠤᠮᠳᠠᠳᠤ ᠤᠯᠤᠰ ᠳᠡᠯᠡᠬᠡᠢ ᠳ᠋ᠠᠬᠢᠨ ᠢ ᠨᠡᠩ ᠰᠠᠶᠢᠲᠤᠷ ᠣᠶᠢᠯᠠᠭᠠᠬᠤ ᠴᠢᠬᠤᠯᠠᠲᠠᠢ᠂ ᠳᠡᠯᠡᠬᠡᠢ ᠳ᠋ᠠᠬᠢᠨ ᠴᠤ ᠳᠤᠮᠳᠠᠳᠤ ᠤᠯᠤᠰ ᠢ ᠨᠡᠩ ᠰᠠᠶᠢᠲᠤᠷ ᠣᠶᠢᠯᠠᠭᠠᠬᠤ ᠴᠢᠬᠤᠯᠠᠲᠠᠢ᠃ ᠴᠠᠭ ᠦᠶ᠎ᠡ ᠬᠡᠷᠬᠢᠨ ᠬᠤᠪᠢᠷᠠᠭᠰᠠᠨ ᠴᠤ ᠵᠠᠭᠤᠴᠢᠯᠠᠭᠤᠷ ᠤᠨ ᠬᠢᠨ ᠴᠥᠮ ᠲᠤᠬᠠᠢᠢᠯᠠᠭᠰᠠᠨ ᠠᠵᠢᠯ ᠤᠨ ᠶᠣᠰᠣ ᠰᠤᠷᠲᠠᠯ ᠢ ᠪᠠᠲᠤ ᠰᠠᠬᠢᠪᠠᠯ ᠵᠤᠬᠢᠨ᠎ᠠ᠃ ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠭᠴᠢ ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠬᠦ ᠦᠶ᠎ᠡ ᠳᠤ᠂ ︽ᠵᠢᠰᠦ ᠭᠤᠶᠣᠯᠠᠬᠤ ᠬᠡᠷᠡᠯ ᠵᠢᠷᠤᠭ ᠤᠨ ᠮᠠᠰᠢᠨ︾᠎ ᠢ ᠬᠡᠷᠡᠭᠯᠡᠬᠦ ᠥᠬᠡᠶ ᠮᠥᠷᠲᠡᠭᠡᠨ ︽ᠪᠤᠳᠤᠩᠭᠤᠶ ᠰᠢᠯ︾᠎ ᠢ ᠴᠦ ᠬᠡᠷᠡᠭᠯᠡᠬᠦ ᠥᠬᠡᠶ ᠪᠠᠶᠢᠬᠤ ᠶᠢ ᠪᠢ ᠬᠦᠰᠡᠵᠦ ᠪᠠᠶᠢᠨ᠎ᠠ᠃ ᠦᠨᠡᠨ ᠪᠣᠳᠠᠲᠠᠢ᠂ ᠪᠤᠰᠤᠳᠴᠢ᠂ ᠭᠤᠣᠯᠴᠢ ᠪᠠᠶᠢᠳᠠᠭ ᠯᠠ ᠶᠤᠮ ᠪᠣᠯ ᠲᠠ ᠨᠠᠷ ᠤᠨ ᠮᠡᠳᠡᠭᠡᠯᠡᠯ ᠳᠠᠷᠤᠢ ᠪᠠᠶᠠᠯᠢᠭ ᠰᠠᠶᠢᠬᠠᠨ ᠪᠤᠯᠵᠦ᠂ ᠲᠡᠦᠬᠡ ᠶᠢᠨ ᠰᠢᠯᠭᠠᠭᠤᠷ ᠢ ᠳᠠᠭᠠᠭᠠᠵᠤ ᠴᠢᠳᠠᠬᠤ ᠶᠤᠮ᠃ ᠳᠤᠮᠳᠠᠳᠤ ᠤᠯᠤᠰ ᠨᠡᠩ ᠤᠯᠠᠨ ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠭᠴᠢ ︽ᠰᠢᠨ᠎ᠡ ᠴᠠᠭ ᠦᠶ᠎ᠡ ᠶᠢᠨ ᠰᠨᠤᠸ᠋︾ ᠪᠣᠯᠬᠤ ᠶᠢ ᠬᠦᠰᠡᠵᠦ ᠪᠠᠶᠢᠬᠤ ᠪᠥᠭᠡᠳ ᠪᠠᠶᠠᠷᠯᠠᠨ ᠤᠭᠲᠤᠨ᠎ᠠ᠃      ᠸᠠᠩ ᠢ᠄ ᠥᠨᠥᠳᠦᠷ ᠤᠨ ᠰᠣᠷᠪᠣᠯᠵᠢᠯᠠᠭᠴᠢᠳ ᠤᠨ ᠬᠤᠷᠠᠯ ᠲᠡᠭᠦᠰᠬᠦ ᠠᠴᠠ ᠡᠮᠦᠨ᠎ᠡ᠂ ᠪᠢ ᠪᠠᠰᠠ ᠨᠢᠭᠡ ᠤᠴᠢᠷ ᠢ ᠳᠤᠷᠠᠳᠬᠤ ᠰᠠᠨᠠᠭ᠎ᠠ ᠲᠠᠢ᠃ ᠪᠠᠰᠠ ᠨᠢᠭᠡ ᠰᠠᠷ᠎ᠠ ᠥᠩᠭᠡᠷᠡᠪᠡᠯ ᠬᠤᠪᠸᠢ ᠶᠢᠨ ᠦᠬᠠᠨ ᠤ ︽ᠬᠤᠷᠢᠭ᠎ᠠ ᠲᠠᠶᠢᠯᠤᠭᠳᠠᠭᠰᠠᠨ︾ ᠨᠢᠭᠡ ᠵᠢᠯ ᠤᠨ ᠤᠢ ᠪᠣᠯᠤᠨ᠎ᠠ᠃ ᠡᠷᠡᠯᠬᠡᠭ ᠪᠠᠭᠠᠲᠤᠷᠯᠢᠭ ᠬᠤᠪᠸᠢ ᠶᠢᠨ ᠠᠷᠠᠳ ᠲᠦᠮᠡᠨ᠂ ᠦᠬᠠᠨ ᠤ ᠠᠷᠠᠳ ᠲᠦᠮᠡᠨ ᠶᠡᠭᠡ ᠭᠡᠷ ᠪᠦᠯᠢ ᠶᠢᠨ ᠲᠥᠯᠥᠭᠡ ᠪᠠᠭ᠎ᠠ ᠭᠡᠷ ᠪᠦᠯᠢ ᠪᠠᠨ ᠦᠷᠡᠭᠳᠡᠭᠦᠯᠵᠦ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠯᠤᠲᠤ ᠶᠡᠭᠡ ᠦᠷᠡᠭᠳᠡᠯ ᠭᠠᠷᠭᠠᠵᠤ᠂ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠠᠵᠢᠯ ᠢ ᠳᠡᠮᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠭᠠᠳᠠᠭᠠᠳᠤ ᠶᠠᠪᠤᠳᠠᠯ ᠤᠨ ᠶᠠᠮᠤᠨ ᠡᠨᠡ ᠵᠢᠯ ᠤᠨ 4 ᠰᠠᠷ᠎ᠠ ᠳᠤ ᠬᠠᠪᠤᠷ ᠤᠨ ᠠᠭᠤᠷ ᠣᠷᠣᠵᠤ ᠬᠤᠸᠠᠷ ᠴᠡᠴᠡᠭ ᠳᠡᠯᠭᠡᠷᠡᠬᠦ ᠦᠶ᠎ᠡ ᠳᠤ᠂ ᠬᠤᠪᠸᠢ ᠳᠤ ᠪᠦᠬᠦ ᠪᠥᠮᠪᠥᠷᠴᠡᠭ ᠤᠨ ᠣᠨᠴᠠᠭᠠᠢ ᠲᠠᠨᠢᠯᠴᠠᠭᠤᠯᠭ᠎ᠠ ᠶᠢᠨ ᠬᠤᠷᠠᠯ ᠬᠢᠵᠦ᠂ ᠬᠤᠪᠸᠢ ᠶᠢᠨ ᠲᠠᠬᠢᠨ ᠠᠮᠢᠯᠠᠭᠰᠠᠨ ᠰᠢᠨ᠎ᠡ ᠳᠦᠷᠢ ᠳᠦᠷᠬᠦ ᠶᠢ ᠳᠡᠯᠡᠬᠡᠢ ᠳ᠋ᠠᠬᠢᠨ ᠳᠤ ᠲᠠᠨᠢᠯᠴᠠᠭᠤᠯᠵᠤ᠂ ᠬᠤᠪᠸᠢ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠰᠢᠨ᠎ᠡ ᠬᠥᠭᠦᠷᠭᠡ ᠪᠠᠶᠢᠭᠤᠯᠬᠤ ᠶᠢ ᠳᠡᠮᠵᠢᠨ᠎ᠡ᠃ ᠣᠯᠠᠨ ᠢᠶᠠᠷ ᠢᠶᠠᠨ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠃ᠰᠤᠷᠪᠤᠯᠵᠢᠯᠠᠭᠴᠢ ᠶᠢᠨ ᠬᠤᠷᠠᠯ 1 ᠴᠠᠭ 40 ᠮᠢᠨᠦ᠋ᠲ ᠶᠠᠪᠤᠭᠳᠠᠵᠠᠶ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1