ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠲᠡᠭᠡ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯ 7 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠳᠢᠣ᠋ ᠰᠤᠷᠪᠤᠯᠵᠢᠯᠠᠭᠴᠢᠳ ᠤᠨ | ᠬᠤᠷᠠᠯ ᠬᠢᠵᠦ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ | ᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠪᠠ ᠭᠠᠳᠠᠭᠠᠳᠤ ᠯᠤᠭ᠎ᠠ ᠶᠢᠨ | ᠬᠠᠷᠢᠴᠠᠭᠠᠨ ᠤ ᠲᠤᠬᠠᠢ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠵᠠᠢ᠃ | ᠸᠠᠩ ᠢ᠄ ᠰᠤᠷᠪᠤᠯᠵᠢᠯᠠᠭᠴᠢ ᠨᠠᠶᠢᠵᠠ ᠨᠠᠷ ᠡ᠂ ᠰᠠᠶᠢᠨ ᠪᠠᠶᠢᠵᠠᠭᠠᠨ᠎ᠠ ᠤᠤ︕ ᠡᠨᠡ ᠵᠢᠯ ᠤᠨ | ᠰᠣᠷᠪᠣᠯᠵᠢᠯᠠᠭᠴᠢᠳ ᠤᠨ ᠬᠤᠷᠠᠯ ᠮᠥᠨ ᠯᠡ ᠸᠢᠳᠢᠣ᠋ ᠬᠡᠯᠪᠡᠷᠢ ᠪᠠᠷ ᠣᠯᠠᠨ ᠲᠠᠢ ᠠᠭᠤᠯᠵᠠᠬᠰᠠᠨ ᠣᠨᠴᠠᠭᠠᠶ | ᠰᠣᠷᠪᠣᠯᠵᠢᠯᠠᠭᠴᠢᠳ ᠤᠨ ᠬᠤᠷᠠᠯ ᠪᠣᠯᠤᠯ᠎ᠠ᠃ ᠳᠤᠮᠳᠠᠳᠤ ᠤᠯᠤᠰ ᠬᠡᠳᠦ᠋ᠢᠪᠡᠷ ᠬᠢᠵᠢᠭ ᠤᠨ ᠪᠠᠶᠢᠳᠠᠯ ᠢ ᠨᠢᠭᠡᠨᠲᠡ | ᠪᠦᠲᠦᠮᠵᠢᠲᠡᠢ ᠡᠵᠡᠮᠳᠡᠵᠦ ᠴᠢᠳᠠᠭᠰᠠᠨ ᠪᠣᠯᠪᠠᠴᠤ ᠴᠥᠭᠡᠨ ᠪᠤᠰᠤ ᠤᠯᠤᠰ ᠮᠥᠨ ᠯᠡ ᠸᠢᠷᠦ᠋ᠰ ᠲᠠᠢ ᠡᠷᠡᠯᠬᠡᠭᠯᠡᠨ | ᠲᠡᠮᠡᠴᠡᠵᠦ ᠪᠠᠶᠢᠨ᠎ᠠ᠃ ᠵᠦᠪᠬᠡᠨ ᠨᠢᠭᠡᠯᠡ ᠤᠯᠤᠰ ᠲᠤ ᠬᠢᠵᠢᠭ ᠤᠨ ᠪᠠᠶᠢᠳᠠᠯ ᠣᠷᠣᠰᠢᠵᠤ ᠪᠠᠶᠢᠪᠠᠯ᠂ ᠳᠡᠯᠡᠬᠡᠢ | ᠨᠡᠶᠢᠭᠡᠮ ᠢᠶᠠᠷ ᠢᠶᠠᠨ ᠪᠦᠯᠬᠦᠮᠳᠡᠨ ᠬᠢᠵᠢᠭ ᠲᠠᠢ ᠲᠡᠮᠡᠴᠡᠬᠦ ᠴᠢᠷᠮᠠᠶᠢᠯᠭ᠎ᠠ ᠪᠠᠨ ᠵᠣᠭᠰᠣᠭᠠᠵᠤ ᠪᠣᠯᠬᠤ ᠦᠭᠡᠢ︔ ᠵᠦᠪᠬᠡᠨ | ᠨᠢᠭᠡᠯᠡ ᠬᠥᠮᠦᠨ ᠸᠢᠷᠦ᠋ᠰ ᠲᠤ ᠬᠠᠯᠳᠠᠪᠤᠷᠢᠯᠠᠬᠲᠠᠭᠰᠠᠨ ᠪᠤᠯ ᠪᠢᠳᠡ ᠴᠠᠭ ᠲᠤᠬᠠᠶ ᠳᠤᠨᠢ ᠲᠤᠰᠠᠯᠠᠮᠵᠢ ᠦᠵᠡᠭᠦᠯᠬᠦ | ᠬᠠᠷᠢᠭᠤᠴᠠᠯᠭ᠎ᠠ ᠲᠠᠢ᠃ ᠪᠦᠯᠬᠦᠮᠳᠡᠯ ᠪᠣᠯ ᠬᠦᠴᠦᠨ᠂ ᠪᠠᠷᠢᠮᠲᠠᠯᠠᠯ ᠪᠣᠯ ᠢᠯᠠᠯᠲᠠ᠂ ᠥᠦᠷ ᠤᠨ ᠲᠤᠶᠠᠭ᠎ᠠ ᠨᠢᠳᠦᠨ | ᠡᠮᠦᠨ᠎ᠡ ᠪᠠᠶᠢᠨ᠎ᠠ᠃ ᠳᠤᠮᠳᠠᠳᠤ ᠤᠯᠤᠰ ᠦᠷᠭᠦᠯᠵᠢᠯᠡᠨ ᠡᠯ᠎ᠡ ᠤᠯᠤᠰ ᠯᠤᠭ᠎ᠠ ᠪᠦᠯᠬᠦᠮᠳᠡᠨ ᠬᠠᠮᠲᠤᠷᠠᠯᠴᠠᠵᠤ᠂ | ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠬᠤ ᠶᠢᠨ ᠲᠥᠯᠥᠭᠡ ᠴᠥᠬᠦᠷᠡᠰᠢ ᠦᠭᠡᠢ | ᠴᠢᠷᠮᠠᠶᠢᠨ᠎ᠠ᠃ ᠤᠳᠤ ᠪᠢ ᠳᠤᠷᠠᠲᠠᠶ᠎ᠠ ᠤᠯᠠᠨ ᠤ ᠲᠤᠷᠠᠳᠤᠬᠰᠠᠨ ᠠᠰᠠᠭᠤᠯᠲᠠ ᠶᠢ ᠬᠠᠷᠢᠭᠤᠯᠤᠶ᠎ᠠ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠲᠥᠪ ᠲᠧᠯᠸᠢᠰ ᠤᠨ ᠰᠤᠷᠪᠤᠯᠵᠢᠯᠠᠭᠴᠢ᠄ ᠲᠠ | ᠥᠩᠭᠡᠷᠡᠭᠰᠡᠨ ᠨᠢᠭᠡ ᠵᠢᠯ ᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠬᠡᠷᠬᠢᠨ ᠦᠨᠡᠯᠡᠬᠦ ᠪᠣᠶ︖ ᠡᠨᠡ | ᠵᠢᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠳᠤ ᠶᠠᠮᠠᠷ ᠶᠠᠮᠠᠷ ᠭᠤᠤᠯᠳᠠᠯᠭ᠎ᠠ ᠪᠠ ᠬᠢᠯᠠᠰ ᠴᠡᠭ ᠪᠠᠶᠢᠬᠤ ᠪᠣᠢ | ︖ | ᠸᠠᠩ ᠢ᠄ 2020 ᠣᠨ ᠳᠤ᠂ ᠳᠤᠮᠳᠠᠳᠤ ᠤᠯᠤᠰ ᠪᠤᠯᠤᠨ ᠳᠡᠯᠡᠬᠡᠢ ᠶᠢᠨ ᠡᠯ᠎ᠡ ᠤᠯᠤᠰ ᠲᠦᠢᠯ ᠤᠨ ᠶᠡᠷᠦ | ᠪᠤᠰᠤ ᠶᠢᠨ ᠲᠡᠦᠬᠡᠨ ᠶᠠᠪᠤᠴᠠ ᠶᠢ ᠲᠤᠭᠤᠯᠪᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ | ᠤᠯᠤᠰ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠤ ᠲᠥᠯᠥᠭᠡ ᠬᠦᠨᠳᠦ ᠡᠭᠦᠷᠭᠡ ᠡᠭᠦᠷᠭᠡᠯᠡᠵᠦ | ᠂ ᠳᠡᠯᠡᠬᠡᠢ ᠳ᠋ᠠᠬᠢᠨ ᠳᠤ ᠬᠠᠷᠢᠭᠤᠴᠠᠯᠭ᠎ᠠ ᠪᠠᠨ ᠭᠦᠢᠴᠡᠳᠬᠡᠵᠦ᠂ ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠢ | ᠪᠦᠬᠦ ᠬᠦᠴᠦᠨ ᠢᠶᠠᠷ ᠢᠶᠠᠨ ᠠᠷᠭᠠᠴᠠᠭᠠᠵᠤ᠂ ᠳᠤᠮᠳᠠᠳᠤ ᠤᠯᠤᠰ ᠤᠨ ᠦᠵᠡᠭᠦᠯᠪᠡᠰᠦ ᠵᠣᠬᠢᠬᠤ ᠦᠢᠯᠡᠳᠦᠯ ᠢ | ᠢᠳᠡᠪᠬᠢᠲᠡᠢ ᠪᠠᠳᠠᠷᠠᠭᠤᠯᠪᠠ᠃ | ᠡᠨᠡ ᠨᠢᠭᠡ ᠵᠢᠯ ᠳᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠬᠠᠮᠤᠭ ᠤᠨ ᠪᠠᠭ᠋ᠠᠳᠤᠭᠤᠰᠢᠲᠠᠢ | ᠪᠣᠯᠵᠠᠢ᠃ ᠲᠡᠷᠢᠭᠦᠯᠡᠭᠴᠢ ᠰᠢ ᠶᠢᠨ ᠫᠢᠩ ︽ᠡᠭᠦᠯᠡᠨ ᠭᠠᠳᠠᠭᠠᠳᠤ ᠬᠠᠷᠢᠯᠴᠠᠭ᠎ᠠ︾ ᠶᠢᠨ ᠰᠢᠨ᠎ᠡ ᠶᠢ ᠡᠭᠦᠳᠬᠦ ᠠᠷᠭ᠎ᠠ | ᠬᠡᠯᠪᠡᠷᠢ ᠪᠠᠷ ᠡᠯ᠎ᠡ ᠤᠯᠤᠰ ᠤᠨ ᠤᠳᠤᠷᠢᠳᠬᠤ ᠬᠥᠮᠦᠰ ᠲᠠᠢ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ | ᠵᠥᠪᠳᠡᠯᠴᠡᠵᠦ᠂ ᠲᠣᠮᠣ ᠤᠯᠤᠰ ᠤᠨ ᠤᠳᠤᠷᠢᠳᠤᠭᠴᠢ ᠶᠢᠨ ᠳᠡᠯᠡᠬᠡᠶ ᠳ᠋ᠠᠬᠢᠨ ᠯᠤᠭ᠎ᠠ ᠶᠢᠨ ᠬᠠᠶᠢᠷ᠎ᠠ ᠰᠡᠳᠬᠢᠯᠭᠡ ᠶᠢ | ᠢᠯᠡᠷᠡᠭᠦᠯᠦᠭᠰᠡᠨ ᠪᠥᠭᠡᠳ ᠳᠡᠯᠡᠬᠡᠶ ᠨᠡᠶᠢᠲᠡ ᠶᠢᠨ ᠪᠦᠯᠬᠦᠮᠳᠡᠨ ᠬᠢᠵᠢᠭ ᠲᠠᠢ ᠲᠡᠮᠡᠴᠡᠬᠦ ᠳᠤ ᠴᠢᠭᠯᠡᠯ ᠢ ᠲᠣᠳᠣᠷᠬᠠᠶ | ᠵᠢᠭᠠᠵᠤ᠂ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠡᠨᠡ ᠨᠢᠭᠡ ᠵᠢᠯ ᠳᠤ᠂ ᠤᠯᠤᠰ ᠤᠨ ᠠᠰᠢᠭ ᠲᠤᠰᠠ ᠶᠢ ᠬᠠᠮᠠᠭᠠᠯᠠᠬᠤ ᠨᠢ ᠬᠠᠮᠤᠭ ᠤᠨ ᠡᠷᠡᠰ ᠪᠠᠲᠤ ᠶᠠᠪᠤᠳᠠᠯ ᠪᠣᠯᠵᠠᠢ᠃ | ᠪᠢᠳᠡ ᠳᠡᠯᠡᠬᠡᠢ ᠳᠡᠭᠡᠷᠡᠬᠢ ᠡᠵᠡᠷᠬᠡᠭᠯᠡᠯ ᠬᠠᠷᠭᠢᠰᠯᠠᠯ ᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ ᠳᠣᠲᠣᠭᠠᠳᠤ | ᠶᠠᠪᠤᠳᠠᠯ ᠳᠤ ᠶᠣᠰᠣ ᠪᠤᠰᠤ ᠪᠠᠷ ᠭᠠᠷ ᠲᠦᠷᠦᠭᠦ ᠶᠢ ᠡᠷᠡᠰ ᠡᠰᠡᠷᠬᠦᠴᠡᠪᠡ᠃ ᠲᠤᠮᠳᠠᠳᠤ ᠤᠯᠤᠰ ᠤᠨ ᠡᠷᠬᠡ ᠮᠡᠳᠡᠯ ᠳᠤ | ᠬᠠᠯᠳᠠᠵᠤ ᠪᠣᠯᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠨᠡᠷ᠎ᠡ ᠬᠦᠨᠳᠦ ᠶᠢ ᠭᠤᠲᠤᠭᠠᠵᠤ ᠪᠣᠯᠬᠤ ᠦᠭᠡᠢ᠂ | ᠳᠤᠮᠳᠠᠳᠤ ᠤᠯᠤᠰ ᠤᠨ ᠠᠷᠠᠳ ᠲᠦᠮᠡᠨ ᠤ ᠵᠦᠢ ᠶᠣᠰᠣᠨ ᠤ ᠡᠷᠬᠡ ᠠᠰᠢᠭ ᠢ ᠡᠷᠬᠡᠪᠰᠢ ᠬᠠᠮᠠᠭᠠᠯᠠᠬᠤ ᠬᠡᠷᠡᠭᠲᠡᠢ᠃ | ᠡᠨᠡ ᠨᠢᠭᠡ ᠵᠢᠯ ᠳᠤ᠂ ᠬᠠᠮᠤᠭ ᠠᠴᠠ ᠢᠯᠡᠭᠦᠦ ᠬᠦᠴᠦ ᠣᠷᠣᠭᠤᠯᠤᠭᠰᠠᠨ ᠨᠢ ᠬᠢᠵᠢᠭ ᠲᠠᠢ ᠲᠡᠮᠡᠴᠡᠭᠰᠡᠨ | ᠭᠠᠳᠠᠭᠠᠳᠤ ᠬᠠᠷᠢᠯᠴᠠᠭ᠎ᠠ ᠪᠣᠯᠤᠨ᠎ᠠ᠃ ᠪᠢᠳᠡ ᠤᠯᠤᠰ ᠤᠨ ᠳᠣᠲᠣᠭᠠᠳᠤ ᠶᠢᠨ ᠬᠢᠵᠢᠭ ᠲᠠᠢ ᠲᠡᠮᠡᠴᠡᠬᠦ ᠳᠤ ᠪᠦᠬᠦ | ᠰᠡᠳᠬᠢᠯ ᠢᠶᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠯᠡᠬᠡᠢ ᠨᠡᠶᠢᠭᠡᠮ ᠲᠠᠢ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠡᠪᠴᠢᠶ᠎ᠡ ᠪᠠᠷ ᠬᠠᠮᠤᠭ ᠤᠨ | ᠶᠡᠭᠡ ᠪᠠᠴᠢᠮ ᠲᠤᠯᠭᠠᠮ ᠬᠥᠮᠦᠯᠢᠭ ᠦᠵᠡᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠪᠥᠮᠪᠥᠷᠴᠡᠭ ᠤᠨ ᠬᠢᠵᠢᠭ ᠲᠠᠢ | ᠲᠡᠮᠡᠴᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠪᠡ᠃ | ᠡᠨᠡ ᠨᠢᠭᠡ ᠵᠢᠯ ᠳᠤ᠂ ᠭᠠᠳᠠᠭᠠᠳᠤ ᠳᠤ ᠪᠠᠶᠢᠭ᠎ᠠ ᠠᠬ᠎ᠠ ᠳᠡᠭᠦᠦ ᠨᠡᠷ ᠤᠨ ᠠᠮᠤᠷ ᠲᠦᠪᠰᠢᠨ ᠢ ᠬᠠᠮᠤᠭ ᠠᠴᠠ | ᠢᠯᠡᠭᠦᠦ ᠠᠩᠬᠠᠷᠤᠭᠰᠠᠭᠠᠷ ᠢᠷᠡᠪᠡ᠃ ᠬᠢᠵᠢᠭ ᠤᠨ ᠪᠠᠶᠢᠳᠠᠯ ᠳᠣᠣᠷ᠎ᠠ᠂ ᠪᠢᠳᠡ ᠲᠤᠰᠠᠯᠠᠮᠵᠢ ᠬᠦᠰᠡᠭᠰᠡᠨ | ᠭᠠᠳᠠᠭᠠᠳᠤ ᠳᠤ ᠪᠠᠶᠢᠭ᠎ᠠ ᠠᠷᠠᠳ ᠢᠷᠭᠡᠨ ᠳᠤ ᠴᠠᠭ ᠲᠤᠬᠠᠢ ᠳᠤᠨᠢ ᠲᠤᠰᠠᠯᠠᠮᠵᠢ ᠦᠵᠡᠭᠦᠯᠵᠦ᠂ ᠪᠦᠬᠦ | ᠬᠦᠴᠦᠨ ᠢᠶᠠᠷ ᠢᠶᠠᠨ ᠬᠠᠮᠠᠭᠠᠯᠠᠯᠲᠠ ᠲᠤᠰᠠᠯᠠᠮᠵᠢ ᠬᠠᠩᠭᠠᠵᠤ᠂ ᠭᠠᠳᠠᠭᠠᠳᠤ ᠬᠠᠷᠢᠯᠴᠠᠭ᠎ᠠ ᠶᠢ ᠠᠷᠠᠳ ᠲᠦᠮᠡᠨ ᠤ | ᠲᠥᠯᠥᠭᠡ ᠡᠭᠦᠷᠭᠡᠯᠡᠬᠦ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃ | ᠡᠨᠡ ᠨᠢᠭᠡ ᠵᠢᠯ ᠳᠤ᠂ ᠬᠠᠮᠤᠭ ᠠᠴᠠ ᠢᠯᠡᠭᠦᠦ ᠠᠩᠬᠠᠷᠤᠯ ᠲᠠᠯᠪᠢᠭᠰᠠᠨ ᠨᠢ ᠪᠦᠬᠦ ᠪᠥᠮᠪᠥᠷᠴᠡᠭ ᠤᠨ | ᠵᠠᠰᠠᠯᠲᠠ ᠶᠢᠨ ᠴᠢᠭᠯᠡᠯ ᠢ ᠡᠵᠡᠮᠳᠡᠬᠦ ᠶᠠᠪᠤᠳᠠᠯ ᠪᠣᠯᠤᠨ᠎ᠠ᠃ ᠭᠠᠭᠴᠠ ᠲᠠᠯᠠᠲᠤ ᠦᠵᠡᠯ ᠤᠨ ᠲᠠᠯᠬᠢᠭᠲᠠᠯ ᠤᠨ ᠡᠮᠦᠨ᠎ᠡ᠂ | ᠳᠤᠮᠳᠠᠳᠤ ᠤᠯᠤᠰ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠠᠷᠢᠴᠠᠭᠠᠨ ᠤ ᠪᠠᠷᠢᠮᠵᠢᠶ᠎ᠠ ᠶᠢ ᠬᠠᠮᠠᠭᠠᠯᠠᠪᠠ᠃ ᠬᠠᠮᠠᠭᠠᠯᠠᠬᠤ | ᠦᠵᠡᠯ ᠲᠣᠯᠣᠭᠠᠢ ᠥᠨᠳᠡᠶᠢᠭᠰᠡᠨ ᠪᠠᠶᠢᠲᠠᠯ ᠳᠤ ᠴᠢᠭᠯᠡᠭᠦᠯᠦᠨ᠂ ᠪᠢᠳᠡ ᠨᠡᠭᠡᠭᠡᠯᠲᠡ ᠪᠠᠨ ᠪᠡᠶᠡᠴᠢᠯᠡᠨ ᠥᠷᠭᠡᠳᠬᠡᠵᠦ᠂ | ᠳᠤᠮᠳᠠᠳᠤ ᠤᠯᠤᠰ ᠤᠨ ᠬᠡᠲᠦ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ | ᠤᠯᠤᠰ ᠲᠤ ᠨᠠᠩ ᠣᠯᠠᠨ ᠬᠥᠭᠵᠢᠯᠲᠡ ᠶᠢᠨ ᠠᠵᠠ ᠲᠣᠬᠢᠶᠠᠯ ᠬᠠᠩᠭᠠᠪᠠ᠃ | ᠳᠤᠮᠳᠠᠳᠤ ᠤᠯᠤᠰ ᠲᠤ ᠠᠪᠴᠤ ᠬᠡᠯᠡᠪᠡᠯ᠂ 2021 ᠣᠨ ᠪᠣᠯ ᠴᠠᠭ ᠦᠶ᠎ᠡ ᠶᠢ ᠵᠠᠭᠠᠭᠯᠠᠭᠰᠠᠨ ᠠᠴᠢ | ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠤᠢ ᠶᠢ ᠤᠭᠲᠤᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠴᠤ ᠰᠢᠨ᠎ᠡ ᠠᠶᠠᠨ ᠢᠶᠠᠨ | ᠡᠬᠢᠯᠡᠭᠦᠯᠬᠦ ᠪᠣᠯᠤᠨ᠎ᠠ᠃ | ᠪᠢᠳᠡ ᠨᠠᠮ ᠪᠣᠯᠤᠨ ᠤᠯᠤᠰ ᠤᠨ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠯ᠎ᠡ ᠤᠯᠤᠰ ᠯᠤᠭ᠎ᠠ ᠶᠢᠨ | ᠨᠥᠬᠦᠷᠰᠡᠭ ᠬᠠᠷᠢᠯᠴᠠᠭ᠎ᠠ ᠪᠠᠨ ᠢᠳᠡᠪᠬᠢᠲᠡᠢ ᠬᠥᠭᠵᠢᠭᠦᠯᠵᠦ᠂ ᠳᠤᠮᠳᠠᠳᠤ ᠤᠯᠤᠰ ᠪᠣᠯᠤᠨ ᠳᠡᠯᠡᠬᠡᠢ ᠶᠢᠷᠲᠢᠨᠴᠦ ᠶᠢᠨ | ᠣᠶᠢᠯᠠᠭᠠᠯᠴᠠᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠳᠤ ᠦᠷᠭᠦᠯᠵᠢᠯᠡᠨ ᠰᠠᠶᠢᠨ ᠰᠠᠶᠢᠬᠠᠨ ᠭᠠᠳᠠᠭᠠᠳᠤ ᠣᠷᠴᠢᠨ ᠲᠣᠭᠤᠷᠢᠨ ᠢ ᠪᠤᠢ ᠪᠣᠯᠭᠠᠨ᠎ᠠ᠃ | ᠪᠢᠳᠠ ︽ᠤᠯᠤᠰ ᠤᠨ ᠶᠡᠭᠡ ᠶᠠᠪᠤᠲᠠᠯ︾ ᠢ ᠰᠡᠳᠬᠢᠯ ᠳᠡᠭᠡᠨ ᠲᠡᠭᠡᠭᠡᠵᠦ᠂ ᠳᠤᠮᠳᠠᠳᠤ ᠤᠯᠤᠰ ᠤᠨ | ᠬᠥᠭᠵᠢᠯᠲᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠲᠠᠢ ᠬᠤᠭᠤᠴᠠᠭ᠎ᠠ ᠶᠢ ᠢᠳᠡᠪᠬᠢᠲᠡᠢ | ᠬᠠᠮᠠᠭᠠᠯᠠᠨ ᠥᠷᠭᠡᠳᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠭᠦᠯᠬᠦ ᠳᠤ | ᠪᠦᠬᠦ ᠬᠦᠴᠦᠨ ᠢᠶᠠᠷ ᠢᠶᠠᠨ ᠦᠢᠯᠡᠴᠢᠯᠡᠬᠦ ᠪᠠᠷ ᠳᠠᠮᠵᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | | ᠪᠢᠳᠡ ᠬᠢᠵᠢᠭ ᠦᠩᠭᠡᠷᠡᠰᠡᠨ ᠤ ᠳᠠᠷᠠᠭᠠᠬᠢ ᠴᠠᠭ ᠦᠶ᠎ᠡ ᠳᠤ ᠠᠩᠬᠠᠷᠤᠯ ᠢᠶᠠᠨ ᠬᠠᠨᠳᠤᠭᠤᠯᠤᠨ᠂ ᠣᠯᠠᠨ | ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠵᠦ᠂ ᠬᠥᠮᠦᠨ ᠲᠥᠷᠥᠯᠬᠢᠲᠡᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠢ | ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠵᠤ᠂ ᠳᠡᠯᠡᠬᠡᠶ ᠶᠢᠨ ᠠᠵᠤ ᠠᠬᠤᠶ ᠶᠢᠨ ᠡᠷᠲᠡᠬᠡᠨ | ᠰᠡᠷᠭᠦᠬᠦ ᠳᠤ ᠬᠦᠴᠦᠨ ᠨᠡᠮᠡᠷᠢᠯᠡᠵᠦ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠥᠬᠦ ᠪᠥᠮᠪᠥᠷᠴᠡᠭ ᠤᠨ | ᠥᠷᠢᠰᠥᠯᠳᠦᠭᠡᠨ ᠢ ᠬᠠᠮᠲᠤ ᠪᠠᠷ ᠠᠷᠭᠠᠴᠠᠭᠠᠨ᠎ᠠ᠃ | ᠪᠢᠳᠡ ᠲᠡᠦᠬᠡ ᠶᠢᠨ ᠤᠷᠤᠰᠬᠠᠯ ᠢ ᠳᠠᠭᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ | ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ | ᠶᠣᠰᠣ᠂ ᠠᠷᠠᠳᠴᠢᠯᠠᠯ᠂ ᠡᠷᠬᠡ ᠴᠢᠯᠥᠭᠡ ᠶᠢᠨ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ | ᠪᠠᠳᠠᠷᠠᠭᠤᠯᠵᠤ᠂ ᠡᠯ᠎ᠡ ᠤᠯᠤᠰ ᠲᠠᠢ ᠭᠠᠷ ᠬᠤᠯᠪᠣᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠤᠨ᠎ᠠ᠃ | ᠡᠨᠡ ᠵᠢᠯ ᠪᠣᠯ ᠳᠤᠮᠳᠠᠳᠤ ᠤᠯᠤᠰ ᠤᠨ ᠦᠬᠡᠷ ᠵᠢᠯ᠂ ᠦᠬᠡᠷ ᠲᠡᠰᠪᠦᠷᠢ ᠲᠡᠪᠴᠢᠶᠡᠷᠢ ᠪᠠ ᠬᠦᠴᠦᠨ ᠴᠢᠳᠠᠯ ᠢ | ᠪᠡᠯᠭᠡᠳᠡᠲᠡᠭ᠃ ᠰᠢᠨ᠎ᠡ ᠨᠢᠭᠡ ᠵᠢᠯ ᠳᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠦᠷᠭᠦᠯᠵᠢᠯᠡᠨ | ᠴᠢᠭᠯᠡᠯ ᠢ ᠳᠠᠭᠠᠭᠤᠯᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠨᠡᠩ ᠭᠤᠶᠢᠳᠠ ᠰᠠᠶᠢᠬᠠᠨ | ᠬᠠᠭᠤᠳᠠᠰᠤ ᠶᠢ ᠪᠢᠴᠢᠭᠯᠡᠬᠦ ᠪᠣᠯᠤᠨ᠎ᠠ᠃ ᠨᠠᠶᠢᠷ ᠵᠢᠷᠤᠮ ᠢ ᠡᠷᠬᠢᠮᠯᠡᠳᠡᠭ᠂ ᠲᠣᠭᠲᠠᠯ ᠬᠦᠴᠦᠨ ᠲᠠᠢ᠂ ᠵᠠᠷᠴᠢᠮ ᠢ | ᠡᠷᠬᠢᠮᠯᠡᠳᠡᠭ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠳᠤᠮᠳᠠᠳᠤ ᠤᠯᠤᠰ ᠯᠠᠪᠲᠠᠢ ᠳᠡᠯᠡᠬᠡᠢ ᠳ᠋ᠠᠬᠢᠨ ᠳᠤ ᠨᠡᠩ | ᠤᠯᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠳᠠᠮᠵᠢᠭᠤᠯᠵᠤ᠂ ᠡᠯ᠎ᠡ ᠤᠯᠤᠰ ᠤᠨ ᠬᠠᠮᠲᠤ ᠶᠢᠨ | ᠬᠥᠭᠵᠢᠯᠲᠡ ᠳᠤ ᠨᠡᠩ ᠤᠯᠠᠨ ᠢᠲᠡᠭᠡᠯ ᠵᠣᠷᠢᠭ ᠪᠠ ᠬᠦᠴᠦᠨ ᠴᠢᠳᠠᠯ ᠨᠡᠮᠡᠷᠢᠯᠡᠬᠦ ᠪᠣᠯᠤᠨ᠎ᠠ᠃ | ᠲᠠᠰᠰ ᠬᠤᠷᠢᠶᠠᠨ ᠤ ᠰᠤᠷᠪᠤᠯᠵᠢᠯᠠᠭᠴᠢ᠄ ᠳᠤᠮᠳᠠᠳᠤ ᠣᠷᠣᠰ ᠪᠣᠯ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠮᠥᠨ᠃ ᠡᠨᠡ ᠤᠳᠠᠭᠠᠨ ᠤ ᠬᠢᠵᠢᠭ ᠨᠢ ᠤᠷᠤᠰ ᠳᠤᠮᠳᠠᠳᠤ ᠶᠢᠨ ᠬᠠᠷᠢᠯᠴᠠᠭ᠎ᠠ ᠶᠢ | ᠬᠡᠷᠬᠢᠨ ᠨᠥᠯᠥᠭᠡᠯᠡᠭᠰᠡᠨ ᠪᠤᠢ︖ | ᠸᠠᠩ ᠢ᠄ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠤᠷᠤᠰ ᠮᠥᠷᠥ ᠵᠡᠷᠭᠡᠴᠡᠨ | ᠬᠠᠮᠲᠤ ᠵᠣᠭᠰᠣᠵᠤ᠂ ᠨᠢᠭᠲᠠ ᠬᠠᠮᠲᠤᠷᠠᠯᠴᠠᠵᠤ᠂ ᠭᠠᠷ ᠬᠤᠯᠪᠣᠨ ᠰᠢᠨ᠎ᠡ ᠲᠢᠲᠢᠮᠯᠢᠭ ᠸᠢᠷᠦ᠋ᠰ ᠢ ᠡᠰᠡᠷᠭᠦᠴᠡᠵᠦ᠂ | ᠬᠠᠮᠲᠤ ᠪᠠᠷ ︽ᠤᠯᠤᠰ ᠲᠦᠷᠦ ᠶᠢᠨ ᠸᠢᠷᠦ᠋ᠰ︾ ᠲᠠᠢ ᠲᠡᠮᠡᠴᠡᠪᠡ᠃ ︽ᠳᠤᠮᠳᠠᠳᠤ ᠤᠷᠤᠰ ᠤᠨ ᠬᠠᠮᠲᠤᠷᠠᠯ︾ | ᠪᠦᠯᠬᠦᠮᠳᠠᠯ ᠠᠭᠤᠯᠠ ᠮᠡᠲᠦ ᠪᠠᠲᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠤ ᠭᠤᠣᠯ ᠲᠤᠯᠭᠠᠭᠤᠷᠢ | ᠪᠣᠯᠤᠭᠰᠠᠭᠠᠷ ᠢᠷᠡᠵᠠᠢ᠃ | ᠳᠡᠯᠡᠬᠡᠢ ᠳ᠋ᠠᠬᠢᠨ ᠬᠡᠳᠦᠢ ᠲᠣᠭᠲᠠᠭᠤᠨ ᠪᠤᠰᠤ ᠪᠣᠯᠬᠤ ᠲᠤᠳᠤᠮ ᠳᠤᠮᠳᠠᠳᠤ ᠤᠷᠤᠰ ᠤᠨ ᠬᠠᠮᠲᠤᠷᠠᠯᠴᠠᠭ᠎ᠠ | ᠲᠡᠳᠦᠢ ᠡᠷᠡᠰ ᠪᠠᠲᠤ ᠤᠷᠤᠭᠰᠢᠯᠠᠬᠤ ᠬᠡᠷᠡᠭᠲᠡᠢ᠃ ᠬᠤᠶᠠᠷ ᠤᠯᠤᠰ ᠢᠶᠠᠷ ᠢᠶᠠᠨ ᠬᠠᠷᠢᠯᠴᠠᠨ ᠪᠠᠶᠢᠯᠳᠤᠬᠤ | ᠪᠤᠳᠤᠯᠭ᠎ᠠ ᠶᠢᠨ ᠲᠦᠰᠢᠭ ᠪᠣᠯᠭᠠᠵᠤ᠂ ᠬᠠᠷᠢᠯᠴᠠᠨ ᠬᠥᠭᠵᠢᠯᠲᠡ ᠶᠢᠨ ᠠᠵᠠ ᠲᠣᠬᠢᠶᠠᠯ ᠪᠣᠯᠭᠠᠵᠤ᠂ ᠬᠠᠷᠢᠯᠴᠠᠨ ᠪᠦᠬᠦ | ᠪᠥᠮᠪᠥᠷᠴᠡᠭ ᠤᠨ ᠬᠠᠨᠢᠲᠠᠨ ᠪᠣᠯᠬᠤ ᠬᠡᠷᠡᠭᠲᠡᠢ᠂ ᠡᠨᠡ ᠪᠣᠯ ᠲᠡᠦᠬᠡ ᠶᠢᠨ ᠲᠤᠷᠰᠢᠯᠭ᠎ᠠ ᠪᠣᠯᠬᠤ ᠪᠥᠭᠡᠳ ᠪᠠᠰᠠ ᠴᠤ | ᠴᠠᠭ ᠦᠶ᠎ᠡ ᠶᠢᠨ ᠱᠠᠭᠠᠷᠳᠠᠯᠭ᠎ᠠ ᠪᠣᠯᠤᠨ᠎ᠠ᠃ | ᠡᠨᠡ ᠵᠢᠯ ᠪᠣᠯ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ | ᠲᠣᠭᠲᠠᠭᠰᠠᠨ 20 ᠵᠢᠯ ᠤᠨ ᠤᠢ ᠪᠣᠯᠤᠨ᠎ᠠ᠂ ᠬᠤᠶᠠᠷ ᠲᠠᠯ᠎ᠠ ᠪᠠᠷ ᠢᠶᠠᠨ ᠭᠡᠷ᠎ᠡ ᠶᠢ ᠬᠤᠶᠢᠰᠢᠯᠠᠭᠤᠯᠬᠤ ᠪᠠᠷ ᠬᠡᠯᠡᠯᠴᠡᠵᠦ | ᠲᠣᠭᠲᠠᠭᠰᠠᠨ ᠪᠥᠭᠡᠳ ᠲᠡᠭᠦᠨ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠣᠯᠭᠤᠪᠠ᠃ ᠡᠨᠡ ᠪᠣᠯ ᠳᠤᠮᠳᠠᠳᠤ | ᠤᠷᠤᠰ ᠤᠨ ᠬᠠᠷᠢᠯᠴᠠᠭᠠᠨ ᠤ ᠬᠦᠰᠢᠶ᠎ᠡ ᠲᠡᠮᠳᠡᠭ᠂ ᠨᠡᠩ ᠴᠤ ᠰᠢᠨ᠎ᠡ ᠭᠠᠷᠤᠭ᠎ᠠ ᠪᠣᠯᠤᠨ᠎ᠠ᠃ ᠬᠤᠶᠠᠷ ᠲᠠᠯ᠎ᠠ ᠪᠠᠷ ᠢᠶᠠᠨ | ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠭᠡᠷ᠎ᠡ ᠶᠢᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠬᠠᠭᠤᠴᠢᠨ ᠢ ᠤᠷᠬᠢᠨ | ᠰᠢᠨ᠎ᠡ ᠶᠢ ᠡᠭᠦᠳᠴᠦ᠂ ᠨᠡᠩ ᠶᠡᠭᠡ ᠬᠡᠪᠴᠢᠶ᠎ᠡ᠂ ᠨᠡᠩ ᠥᠷᠭᠡᠨ ᠭᠦᠷᠢᠶ᠎ᠡ᠂ ᠨᠡᠩ ᠭᠦᠨ ᠳᠠᠪᠬᠤᠷᠭ᠎ᠠ ᠠᠴᠠ | ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠠᠬᠢᠭᠤᠯᠤᠨ᠎ᠠ᠃ | ᠪᠢᠳᠡ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠶᠢᠨ ᠬᠡᠪ ᠳᠠᠭᠤᠷᠢᠶᠠᠯ ᠢ ᠪᠤᠢ ᠪᠣᠯᠭᠠᠵᠤ᠂ ᠨᠦᠬᠦᠬᠡ | ᠡᠲᠡᠭᠡᠳ ᠤᠨ ᠢᠶᠠᠨ ᠭᠤᠣᠯᠯᠠᠭᠴᠢ ᠴᠢᠬᠤᠯᠠ ᠶᠡᠭᠡ ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ︽ | ᠦᠩᠬᠡ ᠶᠢᠨ ᠬᠤᠪᠢᠰᠬᠠᠯ︾ ᠢ ᠭᠠᠷ ᠬᠤᠯᠪᠣᠨ ᠡᠰᠡᠷᠭᠦᠴᠡᠵᠦ᠂ ᠡᠯ᠎ᠡ ᠵᠦᠢᠯ ᠤᠨ ᠬᠤᠳᠠᠯ ᠬᠠᠭᠤᠷᠮᠠᠭ ᠮᠡᠳᠡᠭᠡ | ᠵᠠᠩᠭᠢ ᠳᠤ ᠴᠣᠬᠢᠯᠲᠠ ᠥᠭᠴᠦ᠂ ᠡᠵᠡᠨ ᠮᠡᠳᠡᠬᠦ ᠡᠷᠬᠡ ᠪᠣᠯᠤᠨ ᠵᠠᠰᠠᠭ ᠤᠨ ᠡᠷᠬᠡ ᠶᠢᠨ ᠠᠮᠤᠷ ᠲᠦᠪᠰᠢᠨ ᠢ | ᠬᠠᠮᠠᠭᠠᠯᠠᠨ᠎ᠠ᠃ | ᠪᠢᠳᠡ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠬᠡᠪ ᠳᠠᠭᠤᠷᠢᠶᠠᠯ ᠢ ᠡᠭᠦᠳᠴᠦ᠂ ︽ᠨᠢᠭᠡ ᠪᠦᠰᠡ ᠨᠢᠭᠡ | ᠵᠠᠮ︾ ᠪᠣᠯᠤᠨ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ | ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ | ᠲᠡᠰ ᠳᠡᠪᠰᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠨ᠎ᠡ᠃ | ᠪᠢᠳᠡ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢᠨ ᠬᠡᠪ ᠳᠠᠭᠤᠷᠢᠶᠠᠯ ᠢ ᠡᠭᠦᠳᠴᠦ᠂ ᠤᠯᠠᠮᠵᠢᠯᠠᠯᠲᠤ | ᠨᠥᠬᠦᠷᠯᠡᠯ ᠢᠶᠠᠨ ᠪᠠᠳᠠᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠵᠤ᠂ ᠳᠤᠮᠳᠠᠳᠤ ᠤᠷᠤᠰ ᠤᠨ | ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠨ᠎ᠠ᠃ | ᠪᠢᠳᠡ ᠪᠠᠰᠠ ᠲᠥᠪ ᠭᠤᠣᠯᠴᠢ ᠰᠢᠳᠤᠷᠭᠤ ᠶᠣᠰᠣᠨ ᠤ ᠬᠡᠪ ᠳᠠᠭᠤᠷᠢᠶᠠᠯ ᠢ ᠪᠤᠢ ᠪᠣᠯᠭᠠᠵᠤ᠂ ᠭᠠᠷ ᠬᠤᠯᠪᠣᠨ ᠤᠯᠠᠨ | ᠲᠠᠯᠠᠲᠤ ᠦᠵᠡᠯ ᠢ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠬᠠᠮᠠᠭᠠᠯᠠᠵᠤ᠂ | ᠤᠯᠠᠨ ᠤᠯᠤᠰ ᠤᠨ ᠬᠠᠤᠯᠢ ᠪᠣᠯᠤᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ | ᠂ ᠪᠦᠬᠦ ᠪᠥᠮᠪᠥᠷᠴᠡᠭ ᠤᠨ ᠪᠠᠶᠢᠯᠳᠤᠬᠤ ᠪᠤᠳᠤᠯᠭ᠎ᠠ ᠶᠢᠨ ᠲᠣᠭᠲᠠᠭᠤᠨ ᠢ ᠬᠠᠮᠠᠭᠠᠯᠠᠨ᠎ᠠ᠃ | ︽ᠠᠷᠠᠳ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠨᠠᠮ ᠤᠨ ᠤᠳᠤᠷᠢᠳᠤᠯᠭ᠎ᠠ ᠪᠣᠯ ᠳᠤᠮᠳᠠᠳᠤ | ᠤᠯᠤᠰ ᠤᠨ ᠭᠠᠳᠠᠭᠠᠳᠤ ᠬᠠᠷᠢᠯᠴᠠᠭᠠᠨ ᠤ ᠠᠮᠢᠨ ᠰᠦᠨᠡᠰᠦ ᠮᠥᠨ᠃ ᠡᠨᠡ ᠵᠢᠯ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ ᠨᠠᠮ ᠠᠴᠠ ᠭᠠᠳᠠᠭᠠᠳᠤ ᠬᠠᠷᠢᠯᠴᠠᠭ᠎ᠠ ᠶᠢ | ᠤᠳᠤᠷᠢᠳᠤᠭᠰᠠᠨ ᠬᠦᠨ ᠭᠦᠨᠵᠡᠭᠡᠶ ᠤᠳᠬ᠎ᠠ ᠠᠭᠤᠯᠭ᠎ᠠ ᠶᠢ ᠬᠡᠷᠬᠢᠨ ᠣᠶᠢᠯᠠᠭᠠᠬᠤ ᠪᠣᠶ︖ | ᠸᠠᠩ ᠢ᠄ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠨᠠᠮ ᠤᠨ ᠤᠳᠤᠷᠢᠳᠤᠯᠭ᠎ᠠ ᠳᠣᠣᠷᠠᠬᠢ ᠠᠷᠠᠳ ᠤᠨ | ᠭᠠᠳᠠᠭᠠᠳᠤ ᠬᠠᠷᠢᠯᠴᠠᠭᠠᠨ ᠤ ᠦᠢᠯᠡᠰ ᠮᠦᠨ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ | ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠮᠥᠨ᠂ ᠪᠠᠰᠠ ᠴᠤ ᠳᠤᠮᠳᠠᠳᠤ ᠤᠯᠤᠰ ᠤᠨ ᠭᠠᠳᠠᠭᠠᠳᠤ | ᠬᠠᠷᠢᠯᠴᠠᠭᠠᠨ ᠤ ᠲᠣᠭᠲᠠᠪᠤᠷᠢᠵᠢᠭᠤᠯᠤᠭᠴᠢ ᠮᠥᠨ᠃ | ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠲᠥᠯᠥᠭᠡ ᠨᠠᠮ ᠤᠨ ᠡᠨᠡ ᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠨᠢ ᠳᠤᠮᠳᠠᠳᠤ ᠤᠯᠤᠰ ᠤᠨ | ᠭᠠᠳᠠᠭᠠᠳᠤ ᠬᠠᠷᠢᠯᠴᠠᠭᠠᠨ ᠤ ᠭᠦᠢᠴᠡᠳᠬᠡᠬᠦ ᠬᠠᠷᠢᠭᠤᠴᠠᠯᠭ᠎ᠠ ᠪᠠ ᠡᠭᠦᠷᠭᠡᠯᠡᠯ ᠢ ᠲᠣᠭᠲᠠᠭᠠᠵᠠᠢ᠃ ᠪᠡᠶ᠎ᠡ ᠪᠠᠨ | ᠳᠠᠭᠠᠭᠠᠵᠤ ᠡᠵᠡᠨ ᠮᠡᠳᠡᠬᠦ ᠶᠢ ᠨᠠᠨᠳᠢᠩᠨᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠳᠠᠷᠠᠭᠤᠯᠬᠤ ᠬᠡᠷᠡᠭᠲᠡᠢ᠂ | ᠨᠠᠮ ᠤᠨ ᠡᠳᠡᠭᠡᠷ ᠦᠷᠳᠡᠭ ᠤᠨ ᠬᠥᠭᠡᠭᠡᠴᠡᠯᠳᠦᠯ ᠨᠢ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ | ᠪᠠᠷᠢᠮᠲᠠᠯᠠᠬᠤ ᠦᠨᠳᠦᠰᠦᠨ ᠵᠠᠷᠴᠢᠮ ᠢ ᠲᠣᠭᠲᠠᠭᠠᠵᠠᠢ᠃ ᠡᠩᠬᠡ ᠲᠠᠶᠢᠪᠤᠩ ᠬᠥᠭᠵᠢᠯᠲᠡ ᠶᠢ ᠪᠠᠷᠢᠮᠲᠠᠯᠠᠵᠤ᠂ | ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠶᠢ ᠡᠷᠢᠯᠬᠢᠯᠡᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠨᠠᠮ ᠤᠨ ᠲᠦᠷᠢᠮ ᠪᠠ ᠦᠨᠳᠦᠰᠦᠨ ᠬᠠᠤᠯᠢ ᠶᠢᠨ | ᠲᠣᠭᠲᠠᠭᠠᠯ ᠪᠣᠯᠬᠤ ᠪᠥᠭᠡᠳ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠴᠢᠷᠮᠠᠶᠢᠬᠤ ᠵᠠᠮ ᠪᠠ ᠴᠢᠭᠯᠡᠯ | ᠪᠣᠯᠤᠨ᠎ᠠ᠃ | ᠭᠠᠳᠠᠭᠠᠳᠤ ᠬᠠᠷᠢᠯᠴᠠᠭᠠᠨ ᠤ ᠠᠵᠢᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠ ᠠᠮᠵᠢᠯᠲᠠ | ᠪᠦᠲᠦᠮᠵᠢ ᠨᠢ ᠴᠥᠮ ᠨᠠᠮ ᠤᠨ ᠲᠥᠪ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠠᠷᠭ᠎ᠠ | ᠪᠤᠳᠤᠯᠭ᠎ᠠ ᠭᠠᠷᠭᠠᠭᠰᠠᠨ ᠠᠴᠠ ᠢᠷᠡᠭᠰᠡᠨ ᠶᠤᠮ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠦᠬᠦ ᠪᠥᠮᠪᠥᠷᠴᠡᠭ ᠤᠨ ᠦᠷᠭᠡᠨ ᠬᠠᠷᠠᠭᠠᠰᠤ᠂ ᠯᠠᠪᠳᠠᠭᠤᠨ | ᠲᠣᠭᠲᠠᠭᠤᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ᠂ ᠡᠷᠡᠰ ᠪᠠᠲᠤ ᠬᠠᠷᠢᠭᠤᠴᠠᠯᠭ᠎ᠠ ᠡᠭᠦᠷᠭᠡᠯᠡᠯ ᠢᠶᠠᠷ | ᠭᠠᠳᠠᠭᠠᠳᠤ ᠬᠠᠷᠢᠯᠴᠠᠭᠠᠨ ᠤ ᠤᠨᠤᠯ ᠤᠨ ᠦᠢᠯᠡᠳᠦᠯᠭᠡ ᠶᠢᠨ ᠰᠢᠨ᠎ᠡ ᠶᠢ ᠡᠭᠦᠳᠴᠦ᠂ ᠭᠠᠳᠠᠭᠠᠳᠤ ᠬᠠᠷᠢᠯᠴᠠᠭᠠᠨ ᠤ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ᠂ ᠳᠤᠮᠳᠠᠳᠤ ᠤᠯᠤᠰ ᠢ ᠳᠠᠭᠠᠭᠤᠯᠤᠨ ᠢᠮᠠᠭᠲᠠ ᠲᠡᠦᠬᠡ ᠶᠢᠨ | ᠤᠷᠤᠭᠰᠢᠯᠠᠯᠲᠠ ᠶᠢᠨ ᠵᠥᠪ ᠴᠢᠭᠯᠡᠯ ᠳᠤ ᠵᠣᠭᠰᠣᠪᠠ᠃ | ᠮᠢᠩᠭᠠᠨ ᠣᠨ ᠤ ᠠᠭᠤᠤ ᠦᠢᠯᠡᠰ ᠲᠤ ᠵᠠᠭᠤᠨ ᠵᠢᠯ ᠪᠣᠯ ᠵᠥᠪᠬᠡᠨ ᠣᠷᠣᠰᠢᠯ ᠲᠡᠳᠦᠢ ᠶᠤᠮ᠂ ᠢᠷᠡᠭᠡᠳᠦᠢ | ᠯᠠᠪᠲᠠᠢ ᠪᠡᠶᠡᠯᠡᠭᠳᠡᠬᠦ ᠶᠤᠮ᠃ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ | ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ | ᠦᠢᠯᠡᠰ ᠤᠨ ᠲᠠᠰᠤᠷᠠᠯᠳᠠ ᠦᠭᠡᠢ ᠢᠯᠠᠯᠲᠠ ᠤᠯᠬᠤ ᠦᠨᠳᠦᠰᠦᠨ ᠪᠠᠲᠤᠯᠠᠭ᠎ᠠ ᠮᠥᠨ ᠭᠡᠳᠡᠭ ᠢ ᠦᠢᠯᠡᠳᠦᠯᠭᠡ | ᠨᠢᠭᠡᠨᠲᠡ ᠭᠡᠷᠡᠴᠢᠯᠡᠭᠰᠡᠨ ᠪᠠᠶᠢᠨ᠎ᠠ᠃ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠭᠠᠳᠠᠭᠠᠳᠤ ᠬᠠᠷᠢᠯᠴᠠᠭᠠᠨ ᠤ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠢᠶᠠᠷ ᠭᠠᠳᠠᠭᠠᠳᠤ | ᠬᠠᠷᠢᠯᠴᠠᠭᠠᠨ ᠤ ᠰᠦᠷ ᠵᠢᠪᠬᠤᠭ᠎ᠠ ᠶᠢ ᠱᠤᠭᠤᠵᠤ᠂ ᠨᠠᠮ ᠤᠨ ᠲᠡᠦᠬᠡᠨ ᠲᠤᠷᠰᠢᠯᠭ᠎ᠠ ᠪᠠᠷ ᠭᠠᠳᠠᠭᠠᠳᠤ ᠬᠠᠷᠢᠯᠴᠠᠭᠠᠨ ᠤ | ᠤᠶᠤᠨ ᠤᠬᠠᠭᠠᠨ ᠢ ᠰᠡᠩᠬᠡᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠶᠡᠭᠡ ᠤᠯᠤᠰ ᠤᠨ ᠭᠠᠳᠠᠭᠠᠳᠤ | ᠬᠠᠷᠢᠯᠴᠠᠭᠠᠨ ᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠡ᠃ | ᠶᠧᠵᠢᠫᠲ ᠤᠨ ᠳᠤᠮᠳᠠᠳᠤ ᠳᠣᠷᠣᠨᠠᠲᠤ ᠶᠢᠨ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠡᠨᠡ ᠵᠢᠯ | ᠳᠤᠮᠳᠠᠳᠤ ᠠᠹᠷᠢᠺᠠ ᠶᠢᠨ ᠬᠢᠨ ᠰᠧᠨᠧᠭᠠᠯ ᠳᠤ ᠰᠢᠨ᠎ᠡ ᠨᠢᠭᠡ ᠬᠤᠭᠤᠴᠠᠭᠠᠨ ᠤ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠢ ᠡᠷᠬᠢᠯᠡᠨ ᠶᠠᠪᠤᠭᠳᠠᠭᠤᠯᠤᠨ᠎ᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠢ ᠬᠡᠷᠬᠢᠨ | ᠬᠠᠪᠰᠤᠷᠴᠤ ᠬᠢᠵᠢᠭ ᠤᠨ ᠪᠠᠶᠢᠳᠠᠯ ᠢ ᠠᠷᠭᠠᠴᠠᠭᠠᠬᠤ ᠪᠤᠢ︖ ᠳᠤᠮᠳᠠᠳᠤ ᠤᠯᠤᠰ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠶᠠᠮᠠᠷ ᠪᠣᠳᠣᠯᠬᠢᠯᠠᠯ ᠲᠠᠢ ᠪᠤᠢ︖ | ᠸᠠᠩ ᠢ᠄ ᠳᠤᠮᠳᠠᠳᠤ ᠠᠹᠷᠢᠺᠠ ᠶᠢᠨ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠪᠣᠯ ᠤᠯᠤᠰ ᠤᠨ ᠲᠤᠰᠠᠭᠠᠷ | ᠲᠣᠭᠲᠠᠨᠢᠯ᠂ ᠦᠨᠳᠦᠰᠦᠲᠡᠨ ᠤ ᠴᠢᠯᠥᠭᠡᠯᠡᠯᠲᠡ ᠶᠢ ᠬᠥᠭᠡᠭᠡᠴᠡᠯᠳᠦᠬᠦ ᠬᠠᠲᠠᠭᠤᠵᠢᠯᠲᠠᠢ ᠲᠡᠮᠡᠴᠡᠯ ᠤᠨ ᠳᠤᠮᠳᠠ | ᠪᠦᠷᠢᠯᠳᠦᠭᠰᠡᠨ ᠶᠤᠮ᠂ ᠬᠤᠶᠠᠷ ᠲᠠᠯ᠎ᠠ ᠪᠠᠷ ᠢᠶᠠᠨ ᠲᠠᠶᠢᠴᠢᠨ ᠬᠠᠨᠢ ᠪᠣᠯᠬᠤ ᠪᠥᠭᠡᠳ ᠠᠬ᠎ᠠ ᠳᠡᠭᠦᠦ ᠪᠣᠯᠤᠨ᠎ᠠ᠃ ᠡᠨᠡ | ᠬᠦ ᠬᠠᠶᠢᠷ᠎ᠠ ᠰᠡᠳᠬᠢᠯᠭᠡ ᠬᠠᠳᠠ ᠴᠢᠯᠠᠭᠤ ᠮᠡᠲᠦ ᠪᠠᠲᠤ ᠪᠠᠬᠢ᠂ ᠶᠠᠪᠤᠬᠤ ᠲᠤᠳᠤᠮ ᠪᠠᠬᠢᠵᠢᠨᠠ᠂ ᠳᠤᠮᠳᠠᠳᠤ ᠠᠹᠷᠢᠺᠠ | ᠡᠭᠦᠷᠢᠳᠡ ᠬᠤᠪᠢ ᠵᠠᠶᠠᠭ᠎ᠠ ᠪᠠᠨ ᠬᠠᠮᠲᠤᠳᠬᠠᠭᠰᠠᠨ ᠰᠠᠶᠢᠨ ᠨᠠᠶᠢᠵᠠ᠂ ᠰᠠᠶᠢᠨ ᠬᠠᠨᠢᠲᠠᠨ ᠮᠥᠨ᠃ ᠨᠢᠳᠤᠨᠤᠨ ᠪᠣᠯ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 20 ᠵᠢᠯ ᠤᠨ ᠤᠢ | ᠪᠣᠯᠤᠨ᠎ᠠ᠃ 20 ᠵᠢᠯ ᠤᠨ ᠲᠤᠷᠰᠢ᠂ ᠳᠤᠮᠳᠠᠳᠤ ᠠᠹᠷᠢᠺᠠ ᠵᠠᠯᠭᠠᠭ᠎ᠠ ᠪᠠᠷ ︽ᠠᠷᠪᠠᠨ ᠶᠡᠭᠡ ᠬᠠᠮᠲᠤᠷᠠᠯᠴᠠᠭᠠᠨ ᠤ | ᠲᠥᠯᠥᠪᠯᠡᠭᠡ︾᠂ ︽ᠨᠠᠢᠮᠠᠨ ᠶᠡᠭᠡ ᠠᠵᠢᠯᠯᠠᠭ᠎ᠠ︾ ᠶᠢ ᠲᠣᠭᠲᠠᠭᠠᠨ ᠬᠡᠷᠡᠭᠵᠢᠭᠦᠯᠵᠦ᠂ ᠬᠤᠶᠠᠷ ᠲᠠᠯ᠎ᠠ ᠶᠢᠨ | ᠠᠷᠠᠯᠵᠢᠶᠠᠨ ᠤ ᠭᠡᠮᠵᠢᠶ᠎ᠡ 20 ᠲᠠᠬᠢᠨ ᠨᠡᠮᠡᠭᠳᠡᠵᠦ᠂ ᠳᠤᠮᠳᠠᠳᠤ ᠤᠯᠤᠰ ᠤᠨ ᠠᠹᠷᠢᠺᠠ ᠲᠢᠪ ᠲᠠᠬᠢ ᠰᠢᠭᠤᠳ ᠪᠡᠯᠡ | ᠣᠷᠣᠭᠤᠯᠤᠯᠲᠠ 100 ᠲᠠᠬᠢᠨ ᠨᠡᠮᠡᠭᠳᠡᠵᠦ᠂ ᠨᠥᠬᠦᠷᠰᠡᠭ ᠬᠤᠳᠠ ᠶᠢᠨ ᠶᠡᠷᠦᠩᠬᠡᠢ ᠲᠤᠭ᠎ᠠ 150 ᠬᠤᠣᠰ ᠲᠤ | ᠬᠦᠷᠴᠡᠢ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠨᠢᠭᠡᠨᠲᠡ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭ᠎ᠠ ᠶᠢᠨ ᠦᠯᠢᠭᠡᠷ ᠳᠠᠭᠤᠷᠢᠶᠠᠯ᠂ ᠤᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢᠨ | ᠦᠯᠢᠭᠡᠷ ᠳᠠᠭᠤᠷᠢᠶᠠᠯ ᠪᠣᠯᠵᠠᠢ᠃ | ᠣᠳᠣᠬᠠᠨ ᠳᠤ᠂ ᠠᠹᠷᠢᠺᠠ ᠲᠢᠪ ᠤᠨ ᠡᠯ᠎ᠡ ᠤᠯᠤᠰ ᠢ ᠬᠠᠪᠰᠤᠷᠤᠨ ᠬᠢᠵᠢᠭ ᠲᠠᠢ ᠲᠡᠮᠡᠴᠡᠵᠦ᠂ ᠠᠵᠤ ᠠᠬᠤᠢ ᠶᠢ | ᠰᠡᠷᠭᠦᠭᠡᠬᠦ ᠪᠣᠯ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ | ᠪᠣᠯᠤᠨ᠎ᠠ᠃ ᠨᠢᠳᠤᠨᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠠᠹᠷᠢᠺᠠ ᠪᠦᠯᠬᠦᠮᠳᠡᠨ ᠬᠢᠵᠢᠭ ᠲᠠᠢ ᠲᠡᠮᠡᠴᠡᠬᠦ | ᠣᠨᠴᠠᠭᠠᠢ ᠲᠦᠷᠦᠭᠦᠴᠦᠳ ᠤᠨ ᠬᠤᠷᠠᠯ ᠢ ᠰᠠᠨᠠᠭᠠᠴᠢᠯᠠᠵᠤ᠂ ᠠᠹᠷᠢᠺᠠ ᠲᠢᠪ ᠢ ᠲᠤᠰᠠᠯᠠᠬᠤ ᠠᠯᠢ ᠤᠯᠠᠨ ᠰᠢᠨ᠎ᠡ | ᠠᠷᠭ᠎ᠠ ᠬᠡᠮᠵᠢᠶ᠎ᠡ ᠨᠡᠶᠢᠲᠡᠯᠡᠪᠡ᠃ ᠤᠳᠤ ᠪᠣᠯᠲᠠᠯ᠎ᠠ ᠳᠤᠮᠳᠠᠳᠤ ᠤᠯᠤᠰ ᠠᠹᠷᠢᠺᠠ ᠲᠢᠪ ᠲᠤ 120 ᠰᠢᠬᠠᠮ ᠪᠦᠯᠦᠭ | ᠪᠠᠴᠢᠮ ᠬᠢᠵᠢᠭ ᠲᠠᠢ ᠲᠡᠮᠡᠴᠡᠬᠦ ᠡᠳ᠋ ᠪᠣᠳᠠᠰ ᠬᠠᠩᠭᠠᠵᠤ᠂ 15 ᠤᠯᠤᠰ ᠲᠤ ᠬᠢᠵᠢᠭ ᠲᠠᠢ ᠲᠡᠮᠡᠴᠡᠬᠦ ᠡᠮᠴᠢᠯᠡᠭᠡᠨ ᠤ | ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ᠂ ᠠᠹᠷᠢᠺᠠ ᠲᠢᠪ ᠤᠨ 35 ᠤᠯᠤᠰ ᠵᠢᠴᠢ ᠠᠹᠷᠢᠺᠠ ᠲᠢᠪ ᠤᠨ | ᠤᠯᠤᠰ ᠤᠳ ᠤᠨ ᠬᠤᠯᠪᠣᠭ᠎ᠠ ᠶᠢᠨ ᠵᠥᠪᠯᠡᠯ ᠳᠤ ᠸᠠᠺᠼᠢᠨ ᠬᠠᠩᠭᠠᠭᠰᠠᠨ ᠪᠥᠭᠡᠳ ᠸᠠᠺᠼᠢᠨ ᠬᠠᠩᠭᠠᠬᠤ ᠪᠣᠯᠤᠨ᠎ᠠ᠂ | ᠳᠤᠮᠳᠠᠳᠤ ᠤᠯᠤᠰ ᠤᠨ ᠲᠤᠰᠠᠯᠠᠨ ᠪᠠᠶᠢᠭᠤᠯᠤᠭᠰᠠᠨ ᠠᠹᠷᠢᠺᠠ ᠲᠢᠪ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠶᠡᠷᠦᠩᠬᠡᠢ ᠬᠡᠯᠲᠡᠰ ᠤᠨ ᠲᠤᠮᠤ ᠠᠰᠠᠷ ᠤᠨ ᠲᠦᠷᠦᠯ ᠵᠦᠢᠯ ᠢ ᠨᠢᠭᠡᠨᠲᠡ ᠵᠢᠩᠬᠢᠨᠢ ᠪᠠᠷ ᠡᠬᠢᠯᠡᠭᠦᠯᠵᠦ᠂ | ᠳᠤᠮᠳᠠᠳᠤ ᠠᠹᠷᠢᠺᠠ ᠶᠢᠨ ᠠᠵᠢᠯ ᠲᠦᠷᠦᠯ ᠨᠢᠭᠡᠲᠡᠢ 30 ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭᠠᠨ ᠤ | ᠲᠣᠭᠲᠠᠴᠠ ᠶᠢ ᠶᠠᠭ ᠱᠠᠯᠠᠪᠳᠠᠨ ᠠᠬᠢᠭᠤᠯᠵᠤ ᠪᠠᠶᠢᠨ᠎ᠠ᠃ ᠡᠨᠡ ᠵᠢᠯ᠂ ᠪᠢᠳᠡ ᠰᠧᠨᠧᠭᠠᠯ ᠳᠤ ᠰᠢᠨ᠎ᠡ ᠨᠢᠭᠡ | ᠬᠤᠭᠤᠴᠠᠭᠠᠨ ᠤ ᠶᠠᠷᠢᠶᠠᠨ ᠤ ᠲᠠᠪᠴᠠᠩ ᠡᠷᠬᠢᠯᠡᠨ᠎ᠡ᠂ ᠪᠢᠳᠡ ᠳᠤᠷᠠᠲᠠᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ | ᠠᠹᠷᠢᠺᠠ ᠲᠢᠪ ᠤᠨ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠨ ᠳᠠᠪᠠᠵᠤ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠵᠠᠰᠠᠯᠲᠠ ᠶᠢᠨ ᠰᠢᠰᠲᠧᠮ ᠢ ᠴᠢᠩᠭᠠᠳᠬᠠᠨ᠎ᠠ︔ ᠠᠹᠷᠢᠺᠠ ᠲᠢᠪ ᠤᠨ ᠠᠵᠤ ᠦᠢᠯᠡᠳᠪᠦᠷᠢᠵᠢᠯᠲᠡ ᠶᠢᠨ | ᠪᠦᠳᠤᠭᠡᠨ ᠪᠠᠶᠢᠭᠤᠯᠤᠯᠲᠠ ᠪᠠᠨ ᠲᠦᠷᠭᠡᠳᠬᠡᠬᠦ᠂ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢ ᠲᠡᠮᠵᠢᠨ᠎ᠡ︔ ᠠᠹᠷᠢᠺᠠ ᠲᠢᠪ ᠤᠨ ᠨᠢᠭᠡ ᠴᠤᠬᠴᠠᠵᠢᠯᠳᠠ ᠶᠢᠨ ᠠᠬᠢᠴᠠ ᠪᠠᠨ ᠲᠦᠷᠭᠡᠳᠬᠡᠵᠦ᠂ | ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠳᠤ ᠠᠭᠤᠰᠤᠯᠴᠠᠬᠤ ᠶᠢ ᠳᠡᠮᠵᠢᠨ᠎ᠠ︔ | ᠠᠹᠷᠢᠺᠠ ᠲᠢᠪ ᠤᠨ ᠤᠯᠤᠰ ᠲᠦᠷᠦ ᠶᠢ ᠲᠡᠮᠵᠢᠵᠦ ᠬᠠᠯᠠᠮᠰᠢᠯ ᠠᠰᠠᠭᠤᠳᠠᠯ ᠢ ᠰᠢᠢᠳᠪᠦᠷᠢᠯᠡᠨ᠂ ᠠᠹᠷᠢᠺᠠ ᠲᠢᠪ ᠤᠨ | ᠡᠬᠡ ᠬᠠᠭᠤᠷᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠳᠤᠮᠳᠠᠳᠤ ᠠᠹᠷᠢᠺᠠ ︽ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠳᠦᠭᠡᠨ ᠪᠠᠶᠢᠭᠤᠯᠵᠤ᠂ ᠭᠠᠷ ᠬᠤᠯᠪᠣᠨ ᠨᠡᠩ ᠨᠢᠭᠲᠠ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠠᠹᠷᠢᠺᠠ ᠲᠢᠪ ᠤᠨ ᠬᠥᠭᠵᠢᠯ ᠮᠠᠨᠳᠤᠯ ᠳᠤ | ᠲᠠᠰᠤᠷᠠᠯᠳᠠ ᠦᠭᠡᠢ ᠬᠥᠳᠡᠯᠭᠡᠬᠦ ᠬᠦᠴᠦᠨ ᠬᠠᠩᠭᠠᠬᠤ ᠪᠣᠯᠤᠨ᠎ᠠ᠃ | ᠰᠢᠶᠠᠩᠭᠠᠩ ᠳᠠᠬᠢ ᠲᠤᠮᠳᠠᠳᠤ ᠤᠯᠤᠰ ᠤᠨ ᠰᠢᠬᠦᠮᠵᠢ ᠴᠢᠮᠡᠭᠡᠯᠡᠯ ᠤᠨ ᠬᠤᠷᠢᠶ ᠠ ᠶᠢᠨ ᠰᠤᠷᠪᠤᠯᠵᠢᠯᠠᠭᠴᠢ᠄ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠰᠢᠶᠠᠩᠭᠠᠩ ᠣᠨᠴᠠᠭᠠᠢ ᠵᠠᠰᠠᠭ | ᠵᠠᠬᠢᠷᠭᠠᠨ ᠤ ᠣᠷᠣᠨ ᠤ ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠬᠦ ᠲᠤᠬᠠᠢ ᠲᠣᠭᠲᠠᠭᠠᠯ ᠭᠠᠷᠭᠠᠵᠤ᠂ ᠵᠠᠷᠢᠮ | ᠤᠯᠤᠰ ᠠᠴᠠ ᠳᠤᠮᠳᠠᠳᠤ ᠤᠯᠤᠰ ᠤᠨ ᠬᠠᠮᠢᠶ᠎ᠠ ᠪᠦᠬᠦᠢ ᠠᠵᠢᠯᠯᠠᠭ᠎ᠠ ᠨᠢ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠴᠢᠭᠯᠡᠯᠲᠡ ᠠᠴᠠ ᠵᠥᠷᠢᠴᠡᠭᠰᠡᠨ ᠬᠡᠵᠤ ᠦᠵᠡᠵᠤ ᠪᠤᠢ᠂ ᠳᠤᠮᠳᠠᠳᠤ ᠤᠯᠤᠰ ᠡᠬᠦᠨ ᠢ ᠬᠡᠷᠬᠢᠨ | ᠦᠨᠡᠯᠡᠬᠦ ᠪᠤᠢ︖ | ᠸᠠᠩ ᠢ᠄ ᠪᠢ ᠡᠩ ᠲᠡᠷᠢᠭᠦᠨ ᠳᠤ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ | ᠰᠣᠩᠭᠤᠭᠤᠯᠢ ᠶᠢᠨ ᠲᠦᠷᠢᠮ ᠢ ᠲᠡᠭᠦᠯᠳᠡᠷᠵᠢᠭᠦᠯᠵᠦ᠂ ︽ᠤᠯᠤᠰ ᠢᠶᠠᠨ ᠬᠠᠶᠢᠷᠠᠯᠠᠵᠤ ᠰᠢᠶᠠᠩᠭᠠᠩ ᠢ ᠵᠠᠰᠠᠬᠤ︾ ᠶᠢ | ᠨᠠᠶᠢᠳᠠᠪᠤᠷᠢᠵᠢᠭᠤᠯᠬᠤ ᠪᠣᠯ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠢ ᠠᠬᠢᠭᠤᠯᠵᠤ᠂ | ᠰᠢᠶᠠᠩᠭᠠᠩ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠪᠣᠳᠠᠲᠠᠢ ᠬᠡᠷᠡᠭᠴᠡᠭᠡ ᠪᠣᠯᠬᠤ ᠪᠥᠭᠡᠳ | ᠪᠠᠰᠠ ᠦᠨᠳᠦᠰᠦᠨ ᠬᠠᠤᠯᠢ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠣᠯᠭᠤᠭᠰᠠᠨ ᠡᠷᠬᠡ ᠪᠠ ᠬᠠᠷᠢᠭᠤᠴᠠᠯᠭ᠎ᠠ ᠪᠠᠶᠢᠵᠤ᠂ ᠪᠦᠷᠢᠮᠦᠰᠦᠨ ᠦᠨᠳᠦᠰᠦᠨ ᠬᠠᠤᠯᠢ ᠳᠤ ᠨᠡᠶᠢᠴᠡᠵᠦ᠂ ᠵᠦᠢ | ᠶᠣᠰᠣᠨ ᠳᠤ ᠨᠡᠶᠢᠴᠡᠨ᠎ᠡ ᠭᠡᠵᠦ ᠴᠢᠬᠤᠯᠠᠴᠢᠯᠠᠶ᠎ᠠ᠃ | ᠳᠡᠯᠡᠬᠡᠶ ᠳ᠋ᠠᠬᠢᠨ ᠢ ᠪᠠᠷᠠᠯᠠᠬᠤᠶ᠎ᠠ᠂ ᠶᠠᠮᠠᠷᠪᠠ ᠤᠯᠤᠰ ᠲᠤ ᠴᠤ ᠭᠡᠰᠡᠨ ᠥᠪᠡᠷ ᠤᠨ ᠡᠬᠡ ᠣᠷᠣᠨ ᠳᠠᠭᠠᠨ ᠦᠨᠡᠨᠴᠢ | ᠰᠢᠳᠤᠷᠭᠤ ᠪᠠᠶᠢᠬᠤ ᠪᠣᠯ ᠪᠤᠢ ᠪᠦᠬᠦᠢ ᠠᠯᠪᠠᠨ ᠲᠤᠰᠢᠶᠠᠯᠲᠠᠨ ᠪᠠ ᠠᠯᠪᠠᠨ ᠲᠤᠰᠢᠶᠠᠯ ᠳᠤ ᠥᠷᠢᠰᠥᠯᠳᠦᠬᠦ | ᠬᠥᠮᠦᠰ ᠤᠨ ᠡᠷᠬᠡᠪᠰᠢ ᠵᠢᠷᠤᠮᠯᠠᠬᠤ ᠤᠯᠤᠰ ᠲᠥᠷᠥ ᠶᠢᠨ ᠦᠨᠳᠦᠰᠦᠨ ᠶᠣᠰᠣ ᠰᠤᠷᠲᠠᠬᠤᠨ ᠮᠥᠨ᠃ ᠰᠢᠶᠠᠩᠭᠠᠩ ᠳᠤ | ᠴᠤ ᠠᠲᠠᠯᠢᠬᠠᠨ᠃ ᠰᠢᠶᠠᠩᠭᠠᠩ ᠪᠣᠯ ᠳᠤᠮᠳᠠᠳᠤ ᠤᠯᠤᠰ ᠤᠨ ᠵᠠᠰᠠᠭ ᠵᠠᠬᠢᠷᠭᠠᠨ ᠤ ᠣᠨᠴᠠᠭᠠᠢ ᠣᠷᠣᠨ ᠮᠥᠨ᠂ | ᠪᠦᠬᠦᠲᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠡ ᠬᠡᠰᠡᠭ ᠮᠥᠨ᠃ ᠤᠯᠤᠰ ᠢᠶᠠᠨ ᠬᠠᠶᠢᠷᠠᠯᠠᠬᠤ ᠦᠭᠡᠢ | ᠪᠣᠯ ᠰᠢᠶᠠᠩᠭᠠᠩ ᠢᠶᠠᠨ ᠬᠡᠷᠬᠢᠨ ᠬᠠᠶᠢᠷᠠᠯᠠᠬᠤ ᠪᠤᠢ᠃ ᠰᠢᠶᠠᠩᠭᠠᠩ ᠢᠶᠠᠨ ᠬᠠᠶᠢᠷᠠᠯᠠᠬᠤ ᠪᠠ ᠤᠯᠤᠰ ᠢᠶᠠᠨ ᠬᠠᠶᠢᠷᠠᠯᠠᠬᠤ | ᠪᠣᠯ ᠪᠦᠷᠢᠮᠦᠰᠦᠨ ᠨᠢᠭᠡᠳᠦᠯᠲᠡᠢ ᠪᠠᠶᠢᠳᠠᠭ᠃ ᠰᠢᠶᠠᠩᠭᠠᠩ ᠤᠨ ᠺᠣᠯᠣᠨᠢ ᠶᠢᠨ ᠨᠣᠶᠠᠷᠬᠠᠯ ᠤᠨ ᠦᠶ᠎ᠡ ᠳᠤ ᠶᠠᠮᠠᠷ ᠴᠤ | ᠠᠷᠠᠳᠴᠢᠯᠠᠯ ᠪᠠᠶᠢᠭᠰᠠᠨ ᠦᠭᠡᠢ᠃ ᠡᠭᠡ ᠤᠯᠤᠰ ᠲᠠᠭᠠᠨ ᠪᠤᠴᠠᠵᠤ ᠢᠷᠡᠭᠰᠡᠨ 24 ᠵᠢᠯ ᠤᠨ ᠲᠤᠷᠰᠢ᠂ | ᠰᠢᠶᠠᠩᠭᠠᠩ ᠤᠨ ᠠᠷᠠᠳᠴᠢᠯᠠᠯ ᠤᠨ ᠬᠥᠭᠵᠢᠯᠲᠡ ᠳᠤ ᠲᠥᠪ ᠵᠠᠰᠠᠭ ᠤᠨ ᠣᠷᠳᠣᠨ ᠠᠴᠠ ᠢᠯᠡᠭᠦᠦ ᠰᠡᠳᠬᠢᠯ | ᠲᠠᠯᠪᠢᠭᠰᠠᠨ ᠬᠥᠮᠦᠨ ᠪᠠᠶᠢᠬᠤ ᠦᠭᠡᠢ᠂ ᠰᠢᠶᠠᠩᠭᠠᠩ ᠤᠨ ᠴᠡᠴᠡᠭᠯᠡᠯ ᠬᠥᠭᠵᠢᠯ ᠲᠣᠭᠲᠠᠭᠤᠨ ᠪᠠᠶᠢᠳᠠᠯ ᠢᠶᠠᠨ | ᠪᠠᠲᠤᠯᠠᠬᠤ ᠶᠢ ᠨᠡᠩ ᠬᠦᠰᠡᠵᠦ ᠪᠠᠶᠢᠨ᠎ᠠ᠃ ᠰᠢᠶᠠᠩᠭᠠᠩ ᠲᠤᠭᠲᠠᠭᠤᠨ ᠪᠤᠯᠤᠭᠰᠠᠨ ᠨᠢ ᠡᠯ᠎ᠡ ᠲᠠᠯ᠎ᠠ ᠶᠢᠨ ᠠᠰᠢᠭ | ᠲᠤᠰᠠ ᠳᠤ ᠪᠦᠷᠢᠮᠦᠰᠦᠨ ᠨᠡᠶᠢᠴᠡᠬᠦ ᠪᠥᠭᠡᠳ ᠰᠢᠶᠠᠩᠭᠠᠩ ᠤᠨ ᠰᠠᠭᠤᠭᠠᠯᠢ ᠠᠷᠠᠳ ᠤᠨ ᠡᠯ᠎ᠡ ᠵᠦᠢᠯ ᠤᠨ ᠡᠷᠬᠡ ᠪᠠ | ᠭᠠᠳᠠᠭᠠᠳᠤ ᠶᠢᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠬᠤ ᠳᠤ ᠨᠡᠩ ᠪᠠᠲᠤ | ᠪᠠᠬᠢ ᠪᠠᠲᠤᠯᠠᠭ᠎ᠠ ᠬᠠᠩᠭᠠᠬᠤ ᠪᠣᠯᠤᠨ᠎ᠠ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ︽ | ᠰᠢᠶᠠᠩᠭᠠᠩ ᠤᠨ ᠬᠥᠮᠦᠨ ᠢᠶᠠᠷ ᠰᠢᠶᠠᠩᠭᠠᠩ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠶᠢ | ᠦᠷᠭᠦᠯᠵᠢᠯᠡᠨ ᠪᠠᠷᠢᠮᠲᠠᠯᠠᠬᠤ ᠡᠷᠡᠰ ᠵᠣᠷᠢᠭ ᠲᠠᠢ ᠪᠥᠭᠡᠳ ᠰᠢᠶᠠᠩᠭᠠᠩ ᠤᠨ ᠢᠷᠡᠭᠡᠳᠦᠢ ᠶᠢ ᠤᠯᠠᠮ ᠠᠴᠠ ᠤᠯᠠᠮ | ᠰᠠᠶᠢᠵᠢᠷᠠᠭᠤᠯᠬᠤ ᠢᠲᠡᠭᠡᠯ ᠵᠣᠷᠢᠭ ᠲᠠᠢ ᠪᠠᠶᠢᠨ᠎ᠠ᠃ | ᠠᠮᠧᠷᠢᠺᠠ ᠶᠢᠨ ᠪᠦᠬᠦ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ ᠰᠤᠷᠪᠤᠯᠵᠢᠯᠠᠭᠴᠢ᠄ | ᠠᠮᠧᠷᠢᠺᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠡᠮᠦᠨᠡᠲᠦ ᠲᠠᠩᠭᠢᠰ᠂ ᠲᠠᠶᠢᠸᠠᠨ᠂ ᠰᠢᠨᠵᠢᠶᠠᠩ᠂ | ᠰᠢᠶᠠᠩᠭᠠᠩ ᠪᠠ ᠲᠥᠪᠡᠳ ᠵᠡᠷᠭᠡ ᠵᠥᠪᠯᠡᠬᠦ ᠰᠡᠳᠦᠪ ᠢ ᠠᠩᠬᠠᠷᠴᠤ ᠪᠠᠶᠢᠨ᠎ᠠ᠃ ᠳᠤᠮᠳᠠᠳᠤ ᠠᠮᠧᠷᠢᠺᠠ ᠶᠢᠨ | ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢᠨ ᠲᠥᠯᠥᠭᠡ᠂ ᠳᠤᠮᠳᠠᠳᠤ ᠤᠯᠤᠰ ᠳᠡᠭᠡᠷᠡᠬᠢ ᠳᠤᠷ᠎ᠠ ᠶᠢᠨ ᠨᠢᠭᠡ | ᠵᠥᠪᠯᠡᠬᠦ ᠵᠦᠢᠯ ᠳᠡᠭᠡᠷ᠎ᠡ ᠨᠠᠶᠢᠷ ᠲᠠᠯᠪᠢᠬᠤ ᠪᠣᠯᠤᠯᠴᠠᠭ᠎ᠠ ᠲᠠᠢ ᠤᠤ︖ | ᠸᠠᠩ ᠢ᠄ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠪᠠᠶᠢᠬᠤ ᠪᠣᠯ ︽ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ︾ ᠤᠨ ᠲᠣᠳᠣᠷᠬᠠᠢ ᠲᠣᠭᠲᠠᠭᠠᠯ ᠪᠣᠯᠤᠨ᠎ᠠ᠂ | ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠤᠨ᠎ᠠ᠂ ᠳᠤᠮᠳᠠᠳᠤ ᠠᠮᠧᠷᠢᠺᠠ ᠶᠢ ᠪᠠᠭᠲᠠᠭᠠᠭᠰᠠᠨ | ᠡᠯ᠎ᠡ ᠤᠯᠤᠰ ᠴᠥᠮ ᠦᠨᠡᠨ ᠬᠦ ᠵᠢᠷᠤᠮᠯᠠᠪᠠᠯ ᠵᠣᠬᠢᠨ᠎ᠠ᠃ ᠴᠢᠨᠦ ᠰᠠᠶ᠋ᠢ ᠶᠢᠨ ᠳᠤᠷᠠᠳᠤᠭᠰᠠᠨ ᠠᠷᠪᠢᠨ ᠠᠰᠠᠭᠤᠳᠠᠯ | ᠪᠦᠷ ᠳᠤᠮᠳᠠᠳᠤ ᠤᠯᠤᠰ ᠤᠨ ᠳᠣᠲᠣᠭᠠᠳᠤ ᠶᠢᠨ ᠶᠠᠪᠤᠲᠠᠯ᠃ ᠳᠤᠮᠳᠠᠳᠤ ᠤᠯᠤᠰ ᠰᠡᠶᠢᠠ ᠬᠢᠵᠦ ᠴᠢᠳᠠᠬᠤ ᠡᠰᠡᠬᠦ | ᠲᠤᠬᠠᠢ ᠳᠤᠮᠳᠠᠳᠤ ᠤᠯᠤᠰ ᠤᠨ ᠠᠷᠠᠳ ᠲᠦᠮᠡᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ ᠶᠤᠮ︔ | ᠳᠤᠮᠳᠠᠳᠤ ᠤᠯᠤᠰ ᠶᠠᠭᠠᠬᠢᠵᠤ ᠬᠢᠪᠡᠯ ᠵᠣᠬᠢᠬᠤ ᠪᠤᠢ᠂ ᠳᠤᠮᠳᠠᠳᠤ ᠤᠯᠤᠰ ᠤᠨ ᠠᠷᠠᠳ ᠲᠦᠮᠡᠨ ᠪᠣᠯ ᠰᠠᠶ᠋ᠢ ᠡᠵᠡᠨ | ᠬᠥᠮᠦᠨ ᠮᠥᠨ᠃ ᠡᠭᠦᠨ ᠤ ᠬᠠᠮᠲᠤ᠂ ᠪᠢᠳᠡ ᠳᠤᠷᠠᠲᠠᠶ᠎ᠠ ᠤᠯᠤᠰ ᠤᠨ ᠡᠷᠬᠡ ᠮᠡᠳᠡᠯ ᠢ ᠬᠦᠨᠳᠦᠳᠬᠡᠭᠰᠡᠨ ᠤᠷᠢᠲᠠᠯ | ᠳᠣᠣᠷ᠎ᠠ᠂ ᠡᠯ᠎ᠡ ᠲᠠᠯ᠎ᠠ ᠶᠢᠨ ᠬᠢᠨ ᠲᠠᠢ ᠢᠲᠡᠭᠡᠯᠴᠡᠭᠡ ᠪᠠᠨ ᠨᠡᠮᠡᠭᠳᠡᠭᠦᠯᠦᠨ ᠰᠡᠵᠢᠭ ᠢᠶᠠᠨ ᠠᠯᠳᠠᠷᠠᠭᠠᠵᠤ᠂ ᠪᠣᠳᠠᠲᠤ | ᠬᠡᠷᠡᠭ ᠤᠨ ᠦᠨᠡᠨ ᠪᠠᠶᠢᠳᠠᠯ ᠢ ᠲᠣᠳᠣᠷᠬᠠᠢ ᠶᠠᠷᠢᠨ᠎ᠠ᠃ ᠭᠡᠪᠡᠴᠦ ᠪᠢᠳᠡ ᠥᠴᠦᠬᠡᠨ ᠴᠦ ᠦᠨᠳᠦᠰᠦ ᠪᠠᠷᠢᠮᠲᠠ | ᠦᠭᠡᠢ ᠪᠠᠷ ᠵᠢᠮᠡᠯᠡᠵᠦ ᠭᠦᠳᠬᠡᠬᠦ ᠶᠢ ᠶᠠᠭᠠᠬᠢᠭᠰᠠᠨ ᠴᠤ ᠬᠦᠯᠢᠶᠡᠬᠦ ᠦᠭᠡᠢ᠂ ᠭᠤᠣᠯᠯᠠᠬᠤ ᠠᠰᠢᠭ ᠲᠤᠰᠠ | ᠬᠠᠯᠳᠠᠯᠭ᠎ᠠ ᠳᠤ ᠤᠴᠠᠷᠠᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠤᠷᠳᠤ ᠬᠤᠭᠤᠴᠠᠭᠠᠨ ᠤ ᠲᠤᠷᠰᠢ᠂ | ᠠᠮᠧᠷᠢᠺᠠ ᠬᠠᠯᠲᠤᠰᠬᠢᠪᠡᠯ ᠠᠷᠠᠳᠴᠢᠯᠠᠯ ᠬᠡᠮᠡᠭᠴᠢ ᠪᠠᠨ ᠡᠷᠭᠦᠵᠦ᠂ ᠬᠥᠮᠦᠨ ᠤ ᠡᠷᠬᠡ ᠶᠢᠨ ᠲᠤᠭ ᠢ ᠡᠷᠭᠦᠵᠦ ᠪᠤᠰᠤᠳ | ᠤᠯᠤᠰ ᠤᠨ ᠳᠣᠲᠣᠭᠠᠳᠤ ᠵᠠᠰᠠᠭ ᠲᠤ ᠳᠤᠷ᠎ᠠ ᠪᠠᠷ ᠢᠶᠠᠨ ᠭᠠᠷ ᠲᠦᠷᠦᠵᠤ᠂ ᠳᠡᠯᠡᠬᠡᠢ ᠳᠡᠭᠡᠷ᠎ᠡ ᠮᠠᠰᠢ ᠤᠯᠠᠨ ᠶᠠᠷᠰᠢᠭ | ᠲᠦᠪᠡᠭ ᠢ ᠪᠤᠢ ᠪᠣᠯᠭᠠᠵᠤ᠂ ᠴᠢᠨᠠᠭᠰᠢᠯᠠᠪᠠᠯ ᠦᠢᠮᠡᠭᠡᠨ ᠳᠡᠪᠵᠢᠶᠡᠨ ᠤ ᠦᠨᠳᠦᠰᠦ ᠰᠤᠷᠪᠤᠯᠵᠢ ᠪᠣᠯᠤᠭᠰᠠᠨ ᠪᠠᠶᠢᠨ᠎ᠠ᠃ | ᠠᠮᠧᠷᠢᠺᠠ ᠶᠢᠨ ᠲᠠᠯ᠎ᠠ ᠶᠢᠨ ᠬᠢᠨ ᠡᠭᠦᠨ ᠢ ᠡᠷᠲᠡᠬᠡᠨ ᠲᠠᠨᠢᠵᠤ ᠤᠯᠬᠤ ᠬᠡᠷᠡᠭᠲᠡᠢ᠂ ᠡᠰᠡ ᠲᠡᠭᠡᠪᠡᠯ ᠡᠨᠡ ᠳᠡᠯᠡᠬᠡᠢ | ᠮᠥᠨ ᠯᠡ ᠠᠮᠤᠷ ᠲᠠᠶᠢᠪᠤᠩ ᠪᠠᠶᠢᠵᠤ ᠴᠢᠳᠠᠬᠤ ᠦᠭᠡᠢ ᠶᠤᠮ᠃ | ᠨᠡᠶᠢᠭᠡᠮ ᠤᠨ ᠪᠠᠶᠢᠭᠤᠯᠤᠯ ᠢᠶᠠᠷ ᠠᠳᠠᠯᠢ ᠪᠤᠰᠤ ᠬᠤᠶᠠᠷ ᠤᠯᠤᠰ ᠪᠣᠯᠤᠭᠰᠠᠨ ᠤ ᠬᠤᠪᠢ ᠳᠤ᠂ ᠳᠤᠮᠳᠠᠳᠤ | ᠠᠮᠧᠷᠢᠺᠠ ᠶᠢᠨ ᠬᠤᠭᠤᠷᠣᠨᠳᠣ ᠵᠥᠷᠢᠯᠳᠦᠭᠡᠨ ᠪᠠ ᠵᠥᠷᠢᠴᠡᠯ ᠪᠠᠶᠢᠬᠤ ᠨᠢ ᠲᠠᠮᠵᠢᠭ ᠦᠭᠡᠢ ᠶᠤᠮ᠂ ᠡᠭᠦᠨ ᠤ | ᠵᠠᠩᠭᠢᠯᠠᠭ᠎ᠠ ᠨᠢ ᠦᠨᠡᠨᠴᠢ ᠪᠠᠷ ᠨᠡᠪᠲᠡᠷᠡᠯᠴᠡᠬᠦ ᠪᠠᠷ ᠳᠠᠮᠵᠢᠭᠤᠯᠤᠨ ᠪᠦᠲᠦᠮᠵᠢᠲᠡᠢ ᠪᠠᠷ ᠬᠠᠮᠢᠶᠠᠷᠤᠨ ᠡᠵᠡᠮᠳᠡᠵᠦ᠂ | ᠪᠠᠶᠢᠯᠳᠤᠬᠤ ᠪᠤᠳᠤᠯᠭ᠎ᠠ ᠶᠢᠨ ᠪᠤᠷᠤᠭᠤ ᠮᠠᠭᠠᠳᠯᠠᠯᠲᠠ ᠶᠢ ᠰᠡᠷᠭᠡᠶᠢᠯᠡᠨ᠂ ᠮᠥᠷᠭᠦᠯᠳᠦᠭᠡᠨ ᠡᠰᠡᠷᠭᠦᠴᠡᠯᠳᠦᠯ ᠠᠴᠠ | ᠵᠠᠶᠢᠯᠠᠰᠬᠢᠬᠦ ᠳᠤ ᠪᠠᠶᠢᠨ᠎ᠠ᠃ ᠳᠡᠯᠡᠬᠡᠢ ᠶᠢᠨ ᠬᠤᠶᠠᠷ ᠲᠤᠮᠤ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ | ᠳᠤᠮᠳᠠᠳᠤ ᠠᠮᠧᠷᠢᠺᠠ ᠶᠢᠨ ᠬᠤᠭᠤᠷᠣᠨᠳᠣ ᠠᠰᠢᠭ ᠲᠤᠰᠠ ᠶᠢᠨ ᠠᠭᠤᠰᠤᠯᠴᠠᠯ ᠳᠤᠮᠳᠠ ᠥᠷᠢᠰᠥᠯᠳᠦᠭᠡᠨ ᠭᠠᠷᠬᠤ ᠨᠢ | ᠬᠠᠴᠢᠨ ᠶᠠᠪᠤᠳᠠᠯ ᠪᠢᠰᠢ᠂ ᠵᠠᠩᠭᠢᠯᠠᠭ᠎ᠠ ᠨᠢ ᠡᠷᠬᠡ ᠲᠡᠭᠰᠢ ᠲᠥᠪ ᠭᠤᠣᠯᠴᠢ ᠶᠢᠨ ᠰᠠᠭᠤᠷᠢᠨ ᠳᠡᠭᠡᠷ᠎ᠡ ᠵᠦᠪ | ᠥᠷᠢᠰᠥᠯᠳᠦᠭᠡᠨ ᠬᠢᠵᠤ᠂ ᠥᠪᠡᠷ ᠢ ᠪᠠᠨ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠨᠦᠬᠦᠭᠡ ᠡᠲᠡᠭᠡᠳ ᠢᠶᠠᠨ | ᠭᠡᠷᠡᠯᠳᠦᠬᠦᠯᠬᠦ ᠬᠡᠷᠡᠭᠲᠡᠢ᠂ ᠬᠠᠷᠢᠨ ᠬᠠᠷᠢᠯᠴᠠᠨ ᠲᠠᠭᠠᠷᠢᠬᠤ᠂ ᠡᠪᠯᠡᠷᠡᠰᠢ ᠦᠭᠡᠢ ᠪᠠᠶᠢᠵᠦ ᠪᠣᠯᠬᠤ ᠦᠭᠡᠢ᠃ ᠨᠡᠩ | ᠴᠢᠬᠤᠯᠠ ᠨᠢ᠂ ᠬᠤᠶᠠᠷ ᠤᠯᠤᠰ ᠪᠤᠶᠤ ᠳᠡᠯᠡᠬᠡᠢ ᠶᠢᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠠᠴᠠ | ᠡᠭᠦᠰᠦᠭᠰᠡᠨ ᠴᠦ᠂ ᠬᠠᠮᠲᠤᠷᠠᠯᠴᠠᠭ᠎ᠠ ᠨᠢ ᠴᠥᠮ ᠳᠤᠮᠳᠠᠳᠤ ᠠᠮᠧᠷᠢᠺᠠ ᠬᠤᠶᠠᠷ ᠲᠠᠯ᠎ᠠ ᠶᠢᠨ ᠬᠥᠭᠡᠭᠡᠴᠡᠯᠳᠦᠬᠦ ᠭᠤᠣᠯ | ᠬᠠᠷᠠᠯᠲᠠ ᠪᠣᠯᠬᠤ ᠶᠣᠰᠣᠲᠠᠢ᠃ ᠳᠤᠮᠳᠠᠳᠤ ᠠᠮᠧᠷᠢᠺᠠ ᠬᠠᠮᠲᠤᠷᠠᠯᠴᠠᠵᠤ ᠪᠣᠯᠬᠤ ᠪᠦᠭᠡᠳ ᠬᠠᠮᠲᠤᠷᠠᠯᠴᠠᠬᠤ | ᠴᠢᠬᠤᠯᠠᠲᠠᠢ ᠭᠡᠳᠡᠭ ᠨᠠᠷᠢᠨ ᠲᠠᠩᠰᠠ ᠮᠠᠨ ᠤ ᠡᠮᠦᠨ᠎ᠡ ᠲᠠᠯᠪᠢᠭᠳᠠᠵᠤ ᠪᠠᠶᠢᠨ᠎ᠠ᠂ ᠡᠭᠦᠨ ᠳᠤ ᠬᠢᠵᠢᠭ ᠲᠠᠢ ᠲᠡᠮᠡᠴᠡᠬᠦ᠂ | ᠠᠵᠤ ᠠᠬᠤᠢ ᠶᠢᠨ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠶᠢ ᠪᠠᠭᠲᠠᠭᠠᠨ᠎ᠠ᠂ ᠪᠢᠳᠡ ᠳᠤᠷᠠᠲᠠᠶ᠎ᠠ | ᠨᠡᠭᠡᠭᠡᠯᠲᠡᠲᠦ ᠣᠪᠣᠷ ᠢᠶᠠᠷ ᠠᠮᠧᠷᠢᠺᠠ ᠶᠢᠨ ᠲᠠᠯ᠎ᠠ ᠲᠠᠢ ᠰᠤᠳᠤᠯᠤᠨ ᠶᠠᠷᠢᠯᠴᠠᠵᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠠᠮᠧᠷᠢᠺᠠ ᠶᠢᠨ ᠬᠢᠨ ᠳᠤᠮᠳᠠᠳᠤ ᠤᠯᠤᠰ ᠲᠠᠢ ᠢᠵᠢᠯᠢ ᠴᠢᠭᠯᠡᠯ ᠢᠶᠠᠷ ᠤᠷᠤᠭᠰᠢᠯᠠᠵᠤ᠂ | ᠳᠤᠮᠳᠠᠳᠤ ᠠᠮᠧᠷᠢᠺᠠ ᠶᠢᠨ ᠬᠠᠮᠲᠤᠷᠠᠯᠴᠠᠭ᠎ᠠ ᠳᠤ ᠭᠠᠷᠭᠠᠭᠰᠠᠨ ᠤᠳᠤ ᠪᠣᠯᠲᠠᠯᠠᠬᠢ ᠡᠯ᠎ᠡ ᠵᠦᠢᠯ ᠤᠨ ᠵᠤᠬᠢᠰ ᠦᠭᠡᠢ | ᠬᠢᠵᠠᠭᠠᠷᠯᠠᠯ ᠢ ᠳᠠᠷᠤᠢ ᠲᠦᠷᠭᠡᠨ ᠬᠦᠴᠦᠨ ᠦᠭᠡᠢ ᠪᠣᠯᠭᠠᠵᠤ᠂ ᠨᠡᠩ ᠴᠤ ᠰᠢᠨ᠎ᠡ ᠬᠠᠷᠰᠢ ᠰᠠᠭᠠᠳ ᠢ ᠵᠣᠷᠢᠭᠤᠳᠠ | ᠪᠤᠢ ᠪᠣᠯᠭᠠᠵᠤ ᠪᠣᠯᠬᠤ ᠦᠭᠡᠢ᠃ | ᠳᠡᠭᠡᠷ᠎ᠡ ᠰᠠᠷ᠎ᠠ ᠳᠤᠮᠳᠠᠳᠤ ᠤᠯᠤᠰ ᠤᠨ ᠪᠢᠯᠢᠭ ᠤᠨ ᠤᠯᠠᠷᠢᠯ ᠤᠨ ᠪᠢᠲᠡᠭᠦᠨ ᠤ ᠡᠳᠦᠷ ᠲᠡᠷᠢᠭᠦᠯᠡᠭᠴᠢ ᠰᠢ ᠶᠢᠨ ᠫᠢᠩ | ᠪᠣᠯᠵᠤᠭ᠎ᠠ ᠪᠠᠷ ᠶᠡᠷᠦᠩᠬᠡᠶᠢᠯᠡᠭᠴᠢ ᠪᠠᠶᠢᠳ᠋ᠸᠠ ᠲᠠᠢ ᠤᠲᠠᠰᠤ ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠤᠶᠠᠷ ᠤᠯᠤᠰ ᠤᠨ | ᠬᠠᠷᠢᠯᠴᠠᠭ᠎ᠠ ᠲᠠᠬᠢᠨ ᠵᠥᠪ ᠵᠠᠮ ᠳᠠᠭᠠᠨ ᠣᠷᠣᠬᠤ ᠳᠤ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠪᠠ᠃ ᠪᠢᠳᠡ | ᠳᠤᠷᠠᠲᠠᠶ᠎ᠠ ᠠᠮᠧᠷᠢᠺᠠ ᠶᠢᠨ ᠲᠠᠯ᠎ᠠ ᠲᠠᠢ ᠬᠠᠮᠲᠤ ᠪᠠᠷ᠂ ᠡᠨᠡ ᠤᠳᠠᠭ᠎ᠠ ᠶᠢᠨ ᠴᠢᠬᠤᠯᠠ ᠶᠠᠷᠢᠯᠴᠠᠭ᠎ᠠ ᠶᠢᠨ ᠦᠷ᠎ᠡ | ᠪᠦᠲᠦᠭᠡᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ︽ᠬᠠᠭᠤᠴᠢᠨ | ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ︾ ᠶᠢ ᠬᠠᠮᠲᠤ ᠪᠠᠷ ᠠᠬᠢᠭᠤᠯᠵᠤ᠂ ᠡᠷᠡᠭᠦᠯ ᠲᠣᠭᠲᠠᠭᠤᠨ | ᠬᠦᠭᠵᠢᠯᠲᠠ ᠲᠠᠢ ᠪᠠᠶᠢᠬᠤ ᠶᠢ ᠪᠡᠶᠡᠯᠡᠭᠦᠯᠦᠨ᠎ᠡ᠃ | ᠲᠦᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠲᠧᠯᠸᠢᠰ | ᠬᠤᠷᠢᠶᠠᠨ ᠤ ᠰᠤᠷᠪᠤᠯᠵᠢᠯᠠᠬᠴᠢ᠄ ᠡᠨᠡ ᠵᠢᠯ ᠪᠤᠯ ᠰᠢᠨ᠎ᠠ ᠲᠤᠮᠳᠠᠳᠤ ᠤᠯᠤᠰ ᠤᠨ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠳᠠᠬᠢ ᠬᠠᠤᠯᠢ ᠶᠤᠰᠤᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠤᠯᠤᠨ᠎ᠠ᠃ | ᠲᠤᠮᠳᠠᠳᠤ ᠤᠯᠤᠰ ᠡᠬᠦᠨ ᠢ ᠬᠡᠷᠬᠢᠨ ᠦᠵᠡᠵᠦ ᠪᠠᠶᠢᠬᠤ ᠪᠤᠢ︖ ᠮᠠᠰᠢ ᠤᠯᠠᠨ ᠤᠯᠤᠰ ᠤᠯᠠᠨ ᠤᠯᠤᠰ ᠤᠨ | ᠬᠤᠯᠪᠤᠭᠠᠳᠤ ᠪᠠᠶᠢᠭᠤᠯᠭ᠎ᠠ ᠶᠢᠨ ᠦᠭᠡᠷᠡᠴᠢᠯᠡᠯᠳᠠ ᠶᠢ ᠬᠦᠰᠡᠵᠦ ᠪᠠᠶᠢᠨ᠎ᠠ᠂ ᠲᠤᠮᠳᠠᠳᠤ ᠤᠯᠤᠰ ᠶᠠᠮᠠᠷ ᠵᠤᠷᠢᠯᠳᠠ ᠲᠠᠢ | ᠪᠤᠢ︖ | ᠸᠠᠩ ᠢ᠄ 50 ᠵᠢᠯ ᠤᠨ ᠡᠮᠦᠨ᠎ᠠ᠂ 26 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠶᠢᠨ ᠶᠡᠭᠡ ᠬᠤᠷᠠᠯ ᠠᠴᠠ ᠰᠢᠢᠳᠪᠤᠷᠢ ᠪᠠᠳᠤᠯᠠᠵᠤ᠂ ᠪᠦᠬᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠬᠠᠤᠯᠢ ᠶᠤᠰᠤᠨ ᠤ ᠪᠠᠶᠢᠷᠢ ᠰᠠᠭᠤᠷᠢ ᠶᠢ ᠰᠡᠷᠬᠦᠬᠡᠪᠡ᠃ ᠲᠤᠬᠠᠢ ᠶᠢᠨ ᠦᠶ᠎ᠠ ᠳᠤ᠂ ᠬᠤᠷᠠᠯ ᠤᠨ ᠶᠡᠭᠡ | ᠲᠢᠩᠭᠢᠮ ᠳᠤ ᠤᠳᠠᠳᠠᠯ᠎ᠠ ᠠᠯᠠᠭ᠎ᠠ ᠲᠠᠰᠢᠵᠤ᠂ ᠮᠠᠰᠢ ᠤᠯᠠᠨ ᠠᠽᠢᠶ᠎ᠠ ᠠᠹᠷᠢᠺᠠ ᠯᠠᠲ᠋ᠢᠨ ᠠᠮᠧᠷᠢᠺᠡ ᠲᠢᠪ ᠤᠨ ᠠᠬ᠎ᠠ | ᠲᠡᠭᠦᠦ ᠨᠡᠷ ᠪᠠᠶᠠᠷᠯᠠᠨ ᠲᠡᠪᠡᠷᠢᠯᠴᠡᠵᠦ᠂ 57 ᠤᠯᠤᠰ ᠤᠨ ᠲᠦᠯᠦᠭᠡᠯᠡᠭᠴᠢ ᠡᠭᠡᠯᠵᠢᠯᠡᠨ ᠲᠠᠶᠢᠰᠠᠨ ᠳᠤ ᠭᠠᠷᠴᠤ ᠪᠠᠶᠠᠷ | ᠬᠦᠷᠭᠡᠪᠡ᠃ ᠲᠡᠷᠡ ᠬᠦ ᠲᠡᠤᠬᠡᠳᠦ ᠴᠢᠨᠠᠷᠳᠠᠢ ᠴᠠᠭ ᠮᠦᠴᠡ ᠠᠴᠠ ᠡᠬᠢᠯᠡᠨ᠂ ᠲᠡᠯᠡᠭᠡᠢ ᠶᠢᠨ 1/4 ᠬᠦᠮᠦᠨ ᠠᠮᠠ ᠲᠠᠢ | ᠲᠤᠮᠤ ᠤᠯᠤᠰ ᠲᠠᠬᠢᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠤᠮᠤ ᠭᠡᠷ ᠪᠦᠯᠢ ᠳᠤ ᠪᠤᠴᠠᠵᠤ᠂ | ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠦᠨᠡᠨ ᠬᠦ ᠲᠦᠭᠡᠮᠡᠯ ᠴᠢᠨᠠᠷᠳᠠᠢ ᠪᠤᠯᠵᠠᠢ᠃ ᠲᠡᠯᠡᠭᠡᠢ ᠶᠢᠨ ᠡᠩᠭᠡ | ᠲᠠᠶᠢᠪᠤᠡᠭ ᠪᠤᠯᠤᠨ ᠭᠦᠭᠵᠢᠯᠳᠠ ᠶᠢᠨ ᠦᠢᠯᠡᠰ ᠲᠤ ᠢᠳᠡᠭᠡᠭᠦᠰᠢᠳᠠᠢ ᠪᠦᠭᠡᠳ ᠨᠠᠶᠢᠳᠠᠪᠤᠷᠢᠳᠡᠢ ᠲᠤᠯᠭᠠᠭᠤᠷᠢ ᠬᠦᠴᠦᠨ | ᠨᠡᠮᠡᠭᠳᠡᠵᠦ᠂ ᠲᠡᠷᠡ ᠨᠢ ᠲᠠᠷᠤᠢ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠤᠯᠤᠨ᠎ᠠ᠃ | ᠬᠠᠭᠠᠰ ᠵᠠᠭᠤᠨ ᠤ ᠲᠤᠷᠰᠢ᠂ ᠲᠤᠮᠳᠠᠳᠤ ᠤᠯᠤᠰ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠠᠷ ᠭᠤᠤᠯ | ᠪᠤᠯᠭᠠᠬᠰᠠᠨ ᠤᠯᠠᠨ ᠤᠯᠤᠰ ᠤᠨ ᠰᠢᠰᠲᠧᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠲᠢᠭᠯᠢᠮ ᠢ ᠡᠷᠡᠰ ᠬᠦᠷᠢᠶᠡᠯᠡᠪᠡ᠃ ᠲᠤᠮᠳᠠᠳᠤ ᠤᠯᠤᠰ ᠪᠠᠷᠤᠭ ᠪᠤᠢ ᠪᠦᠬᠦᠢ | ᠵᠠᠰᠠᠭ ᠤᠨ ᠤᠷᠳᠤᠨ ᠤ ᠬᠤᠭᠤᠷᠤᠨᠳᠤᠬᠢ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠠ 500 ᠭᠠᠷᠤᠢ | ᠵᠦᠢᠯ ᠤᠨ ᠤᠯᠠᠨ ᠤᠯᠤᠰ ᠤᠨ ᠨᠡᠶᠢᠳᠡ ᠶᠢᠨ ᠭᠡᠷ᠎ᠠ ᠳᠤ ᠤᠷᠤᠯᠴᠠᠵᠤ᠂ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠶᠢᠨ ᠡᠩᠭᠡ ᠲᠠᠶᠢᠪᠤᠡᠭ ᠢ ᠬᠠᠮᠠᠭᠠᠯᠠᠬᠤ ᠠᠵᠢᠯᠯᠠᠭ᠎ᠠ ᠶᠢᠨ ᠬᠤᠶᠠᠳᠤᠭᠠᠷ ᠲᠤᠮᠤ ᠪᠡᠯᠡ ᠮᠦᠡᠭᠭᠦ | ᠭᠠᠷᠭᠠᠬᠰᠠᠨ ᠪᠠ ᠪᠠᠶᠢᠡᠭᠭᠤ ᠶᠢᠨ ᠬᠡᠷᠡᠭ ᠡᠷᠬᠢᠯᠡᠬᠦ ᠤᠯᠤᠰ ᠠᠴᠠ ᠡᠩᠭᠡ ᠲᠠᠶᠢᠪᠤᠡᠭ ᠢ ᠬᠠᠮᠠᠭᠠᠯᠠᠬᠤ ᠬᠦᠮᠦᠰ ᠬᠠᠮᠤᠭ | ᠤᠯᠠᠨ ᠲᠤᠮᠢᠯᠠᠬᠰᠠᠨ ᠤᠯᠤᠰ ᠪᠤᠯᠤᠬᠰᠠᠨ ᠪᠠᠶᠢᠨ᠎ᠠ᠃ ᠲᠤᠮᠳᠠᠳᠤ ᠤᠯᠤᠰ ᠢᠮᠠᠬᠳᠠ ᠲᠦᠪ ᠭᠤᠤᠯᠴᠢ ᠰᠢᠳᠤᠷᠭᠤ | ᠶᠤᠰᠤ ᠶᠢ ᠪᠠᠷᠢᠮᠳᠠᠯᠠᠵᠤ᠂ ᠲᠤᠮᠤ ᠵᠢᠵᠢᠭ ᠤᠯᠤᠰ ᠪᠦᠬᠦᠨ ᠡᠷᠭᠡ ᠲᠡᠭᠰᠢ ᠶᠢ ᠪᠠᠷᠢᠮᠳᠠᠯᠠᠵᠤ᠂ ᠮᠠᠨ ᠤ ᠡᠨᠡ ᠬᠦ | ᠪᠢᠯᠧᠲ ᠨᠢ ᠡᠬᠦᠷᠢᠳᠡ ᠭᠦᠭᠵᠢᠵᠦ ᠪᠠᠶᠢᠭ᠎ᠠ ᠤᠯᠤᠰ ᠤᠨ ᠬᠢ ᠪᠤᠯᠤᠨ᠎ᠠ᠃ | ᠲᠡᠯᠡᠭᠡᠢ ᠶᠢᠨ ᠪᠠᠶᠢᠳᠠᠯ ᠲᠠᠰᠤᠷᠠᠯᠳᠠ ᠦᠭᠡᠢ ᠭᠦᠨᠵᠡᠭᠡᠢ ᠤᠯᠠᠷᠢᠨ ᠬᠤᠪᠢᠰᠬᠤ ᠶᠢ ᠲᠠᠭᠠᠯᠳᠤᠨ᠂ ᠲᠡᠯᠡᠭᠡᠢ | ᠨᠡᠶᠢᠳᠡ ᠪᠠᠷ ᠢᠶᠠᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢ ᠴᠠᠭ ᠦᠶ᠎ᠠ ᠲᠠᠢ ᠵᠡᠷᠭᠡ ᠪᠠᠷ ᠤᠷᠤᠬᠰᠢᠯᠠᠵᠤ᠂ | ᠲᠠᠰᠤᠷᠠᠯᠳᠠ ᠦᠭᠡᠢ ᠦᠭᠡᠷᠡᠴᠢᠯᠡᠨ ᠲᠡᠭᠦᠯᠳᠡᠷᠵᠢᠬᠦᠯᠬᠦ ᠶᠢ ᠬᠦᠰᠡᠵᠦ ᠪᠠᠶᠢᠨ᠎ᠠ᠃ ᠲᠤᠮᠳᠠᠳᠤ ᠤᠯᠤᠰ ᠠᠴᠠ᠂ ᠪᠠᠶᠢᠳᠠᠯ | ᠬᠡᠷᠬᠢᠨ ᠬᠤᠪᠢᠷᠠᠬᠰᠠᠨ ᠴᠤ᠂ ᠦᠭᠡᠷᠡᠴᠢᠯᠡᠯᠳᠠ ᠶᠢ ᠶᠠᠭᠠᠬᠢᠵᠤ ᠬᠢᠭᠰᠡᠨ ᠴᠤ᠂ ᠲᠤᠤᠷᠠᠬᠢ ᠬᠡᠳᠦᠨ ᠲᠠᠯ᠎ᠠ ᠶᠢ ᠡᠷᠭᠡᠪᠰᠢ | ᠪᠠᠷᠢᠮᠳᠠᠯᠠᠬᠤ ᠬᠡᠷᠡᠭᠳᠡᠢ ᠭᠡᠵᠦ ᠦᠵᠡᠵᠦ ᠪᠠᠶᠢᠨ᠎ᠠ᠃ | ᠡᠩ ᠲᠡᠷᠢᠬᠦᠨ ᠳᠤ᠂ ︽ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠦᠨᠳᠦᠰᠦᠨ ᠲᠦᠷᠢᠮ︾ ᠤᠨ | ᠵᠤᠷᠢᠯᠳᠠ ᠪᠠ ᠵᠠᠷᠴᠢᠮ ᠢ ᠪᠠᠷᠢᠮᠳᠠᠯᠠᠨ᠎ᠠ᠃ ᠦᠨᠳᠦᠰᠦᠨ ᠲᠦᠷᠢᠮ ᠨᠢ ᠡᠯ᠎ᠠ ᠤᠯᠤᠰ ᠤᠨ ᠶᠠᠪᠤᠯᠴᠠᠭ᠎ᠠ ᠪᠠ | ᠮᠦᠷᠬᠦᠯᠳᠦᠭᠡᠨ ᠢ ᠰᠢᠢᠤᠡᠪᠤᠷᠢᠯᠡᠬᠦ ᠦᠨᠳᠦᠰᠦᠨ ᠪᠠᠷᠢᠮᠵᠢᠶ᠎ᠠ ᠶᠢ ᠲᠤᠬᠳᠠᠭᠠᠵᠤ ᠦᠭᠪᠡ᠃ ᠶᠠᠮᠠᠷᠪᠠ ᠦᠨᠳᠦᠰᠦᠨ | ᠲᠦᠷᠢᠮ ᠢ ᠵᠦᠷᠢᠴᠡᠬᠦ ᠠᠵᠢᠯᠯᠠᠭ᠎ᠠ ᠨᠢ ᠴᠦᠮ ᠲᠡᠯᠡᠭᠡᠢ ᠶᠢᠨ ᠡᠩᠭᠡ ᠲᠠᠶᠢᠪᠤᠡᠭ ᠲᠤᠬᠳᠠᠭᠤᠨ ᠢ ᠡᠪᠳᠡᠵᠦ ᠪᠠᠶᠢᠨ᠎ᠠ᠃ | ᠬᠤᠶᠡᠷ ᠲᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠡᠯᠡᠭᠡᠢ ᠶᠢᠨ ᠰᠢᠰᠲᠧᠮ ᠤᠨ ᠭᠤᠤᠯᠯᠠᠬᠤ | ᠪᠠᠶᠢᠷᠢ ᠰᠠᠭᠤᠷᠢ ᠶᠢ ᠪᠠᠷᠢᠮᠳᠠᠯᠠᠨ᠎ᠠ᠃ ᠤᠳᠤ ᠦᠶ᠎ᠠ ᠶᠢᠨ ᠲᠡᠯᠡᠭᠡᠢ ᠶᠢᠨ ᠬᠠᠮᠤᠭ ᠤᠨ ᠲᠦᠭᠡᠮᠡᠯ ᠴᠢᠨᠠᠷᠳᠠᠢ᠂ | ᠲᠦᠯᠦᠭᠡᠯᠡᠬᠦ ᠴᠢᠨᠠᠷᠳᠠᠢ᠂ ᠡᠷᠭᠡ ᠰᠦᠷᠳᠦ ᠴᠢᠨᠠᠷᠳᠠᠢ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠪᠤᠯᠤᠬᠰᠠᠨ ᠤ | ᠬᠤᠪᠢ ᠳᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠦᠢᠯᠡᠳᠦᠯ ᠢ ᠴᠢᠩᠭᠠᠳᠬᠠᠬᠤ ᠠᠴᠠ ᠪᠢᠰᠢ᠂ | ᠪᠠᠭᠤᠷᠠᠭᠤᠯᠵᠤ ᠪᠤᠯᠬᠤ ᠦᠭᠡᠢ᠂ ᠡᠯ᠎ᠠ ᠤᠯᠤᠰ ᠪᠦᠷ ᠰᠠᠨᠠᠭᠠᠴᠢᠯᠠᠭ᠎ᠠ ᠠᠴᠠ ᠪᠠᠨ ᠤᠯᠠᠨ ᠤᠯᠤᠰ ᠤᠨ ᠬᠤᠯᠪᠤᠭᠠᠳᠤ | ᠪᠠᠶᠢᠭᠤᠯᠭ᠎ᠠ ᠶᠢᠨ ᠡᠷᠭᠡ ᠰᠦᠷ ᠢ ᠬᠠᠮᠠᠭᠠᠯᠠᠨ᠎ᠠ᠃ | ᠭᠤᠷᠪᠠ ᠳᠤ᠂ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠡᠷᠭᠡ ᠲᠡᠭᠰᠢ ᠪᠠᠷ ᠵᠦᠪᠳᠡᠯᠴᠡᠬᠦ | ᠦᠨᠳᠦᠰᠦᠨ ᠲᠦᠷᠢᠮ ᠢ ᠪᠠᠷᠢᠮᠳᠠᠯᠠᠨ᠎ᠠ᠃ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠪᠤᠯ ᠲᠤᠮᠤ ᠤᠯᠤᠰ ᠤᠨ | ᠺᠯᠦ᠋ᠪ ᠪᠢᠰᠢ᠂ ᠨᠠᠩ ᠴᠤ ᠪᠠᠶᠠᠨ ᠬᠦᠮᠦᠨ ᠤ ᠺᠯᠦ᠋ᠪ ᠪᠢᠰᠢ᠃ ᠡᠯ᠎ᠠ ᠤᠯᠤᠰ ᠤᠨ ᠡᠷᠭᠡ ᠮᠡᠳᠡᠯ ᠡᠷᠭᠡ ᠲᠡᠭᠰᠢ᠂ | ᠶᠠᠮᠠᠷᠪᠠ ᠤᠯᠤᠰ ᠴᠦᠮ ᠲᠡᠯᠡᠭᠡᠢ ᠶᠢᠨ ᠬᠡᠷᠡᠭ ᠶᠠᠪᠤᠳᠠᠯ ᠢ ᠲᠠᠭᠠᠭᠠᠨ ᠠᠪᠬᠤ ᠡᠷᠭᠡ ᠦᠭᠡᠢ᠃ ᠭᠦᠭᠵᠢᠵᠦ ᠪᠠᠶᠢᠭ᠎ᠠ | ᠤᠯᠤᠰ ᠤᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠲᠦᠯᠦᠭᠡᠯᠡᠬᠦ ᠴᠢᠨᠠᠷ ᠪᠠ ᠦᠬᠡ ᠬᠡᠯᠡᠬᠦ ᠡᠷᠭᠡ ᠶᠢ | ᠲᠡᠭᠡᠭᠰᠢᠯᠡᠬᠦᠯᠵᠦ᠂ ᠤᠯᠠᠨ ᠲᠤᠭᠠᠨ ᠤ ᠤᠯᠤᠰ ᠤᠨ ᠬᠠᠮᠳᠤ ᠶᠢᠨ ᠬᠦᠰᠡᠯ ᠡᠷᠡᠮᠡᠯᠵᠡᠯ ᠢ ᠨᠠᠩ ᠤᠯᠠᠨ ᠲᠤᠰᠬᠠᠬᠤ | ᠬᠡᠷᠡᠭᠳᠡᠢ᠃ | ᠲᠡᠤᠬᠡ ᠶᠢᠨ ᠰᠢᠨ᠎ᠠ ᠭᠠᠷᠤᠭ᠎ᠠ ᠲᠡᠭᠡᠷ᠎ᠠ ᠵᠤᠬᠰᠤᠵᠤ᠂ ᠲᠤᠮᠳᠠᠳᠤ ᠤᠯᠤᠰ ᠲᠡᠷᠢᠬᠦᠯᠡᠭᠴᠢ ᠰᠢ ᠶᠢᠨ ᠫᠢᠡᠭ ᠤᠨ | ᠨᠡᠶᠢᠳᠡᠯᠡᠭᠰᠡᠨ ᠴᠢᠬᠤᠯᠠ ᠶᠡᠭᠡ ᠰᠠᠨᠠᠭᠠᠴᠢᠯᠠᠭ᠎ᠠ ᠪᠠ ᠠᠷᠭ᠎ᠠ ᠠᠪᠴᠠᠯ ᠢ ᠬᠢᠨᠠᠮᠠᠭᠠᠢ ᠲᠤᠭᠤᠰᠢᠯᠠᠭᠤᠯᠵᠤ᠂ ᠤᠯᠠᠨ | ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠭᠡᠷᠡᠭ ᠶᠠᠪᠤᠳᠠᠯ ᠳᠤ ᠨᠠᠩ ᠢᠳᠡᠪᠬᠢᠳᠡᠢ ᠤᠷᠤᠯᠴᠠᠵᠤ᠂ ᠪᠠᠶᠢᠯᠳᠤᠭᠠᠨ ᠤ | ᠵᠡᠪᠰᠡᠭ ᠢ ᠬᠠᠶᠢᠯᠤᠭᠤᠯᠵᠤ᠂ ᠲᠠᠷᠢᠶᠠᠯᠠᠩ ᠤᠨ ᠪᠠᠭᠠᠵᠢ ᠪᠤᠯᠭᠠᠨ᠂ ᠡᠬᠦᠷᠢᠳᠡ ᠲᠠᠬᠢᠨ ᠪᠠᠶᠢᠯᠳᠤᠬᠤ ᠦᠭᠡᠢ ᠤᠯᠠᠨ | ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠬᠦᠰᠡᠯᠡᠩ ᠢ ᠪᠡᠶᠡᠯᠡᠬᠦᠯᠬᠦ ᠶᠢᠨ ᠲᠦᠯᠦᠭᠡ ᠦᠷᠬᠦᠯᠵᠢᠯᠡᠨ ᠴᠢᠷᠮᠠᠶᠢᠨ᠎ᠠ᠃ | | ᠹᠷᠠᠨᠼᠢ ᠶᠢᠨ ᠰᠤᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠬᠴᠢ᠄ ᠪᠠᠶᠢᠳᠧᠨ ᠤ ᠵᠠᠰᠠᠭ ᠤᠨ ᠤᠷᠳᠤᠨ | ᠠᠳ᠋ᠯᠠᠨᠲ ᠲᠠᠯᠠᠢ ᠶᠢ ᠠᠯᠤᠰᠯᠠᠬᠰᠠᠨ ᠬᠤᠯᠪᠤᠭᠠᠳᠠᠨ ᠤ ᠬᠠᠷᠢᠯᠴᠠᠭ᠎ᠠ ᠲᠠᠬᠢᠨ ᠪᠤᠴᠠᠵᠤ ᠢᠷᠡᠭᠰᠡᠨ ᠭᠡᠵᠦ ᠬᠡᠯᠡᠪᠡ᠃ | ᠲᠤᠮᠳᠠᠳᠤ ᠤᠯᠤᠰ ᠬᠡᠷᠬᠢᠨ ᠡᠸᠦ᠋ᠷᠦᠫᠠ ᠠᠮᠧᠷᠢᠺᠠ ᠯᠤᠭ᠎ᠠ ᠶᠢᠨ ᠬᠠᠷᠢᠯᠴᠠᠭ᠎ᠠ ᠪᠠᠨ ᠰᠢᠢᠳᠪᠦᠷᠢᠯᠡᠬᠦ ᠪᠤᠢ︖ | ᠸᠠᠩ ᠢ᠄ ᠦᠡᠭᠭᠡᠷᠡᠭᠰᠡᠨ ᠨᠢᠭᠡ ᠵᠢᠯ ᠳᠤ᠂ ᠲᠡᠷᠢᠬᠦᠯᠡᠭᠴᠢ ᠰᠢ ᠶᠢᠨ ᠫᠢᠡᠭ ᠡᠸᠦ᠋ᠷᠦᠫᠠ ᠶᠢᠨ ᠲᠠᠯ᠎ᠠ ᠶᠢᠨ | ᠤᠳᠤᠷᠢᠳᠬᠤ ᠬᠦᠮᠦᠰ ᠲᠠᠢ ᠭᠤᠷᠪᠠ ᠤᠳᠠᠭ᠎ᠠ ᠸᠢᠳᠢᠣ᠋ ᠪᠠᠷ ᠠᠭᠤᠯᠵᠠᠯᠳᠠ ᠬᠢᠵᠤ᠂ ᠲᠡᠭᠡᠳᠤ ᠲᠠᠪᠬᠤᠷᠭ᠎ᠠ ᠶᠢᠨ | ᠨᠢᠬᠳᠠ ᠰᠤᠯᠢᠯᠴᠠᠭ᠎ᠠ ᠶᠢ ᠪᠠᠳᠤᠯᠠᠪᠠ᠃ ᠬᠤᠶᠠᠷ ᠲᠠᠯ᠎ᠠ ᠪᠠᠷ ᠢᠶᠠᠨ ᠭᠠᠷ ᠬᠤᠯᠪᠤᠯᠴᠠᠨ ᠬᠢᠵᠢᠭ ᠢ ᠡᠰᠡᠷᠬᠦᠴᠡᠬᠦ | ᠲᠤᠮᠳᠠ ᠬᠠᠷᠢᠯᠴᠠᠨ ᠢᠳᠡᠭᠡᠭᠦ ᠪᠠᠨ ᠨᠡᠮᠡᠭᠳᠡᠬᠦᠯᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠬᠰᠠᠨ 45 ᠵᠢᠯ ᠤᠨ | ᠤᠢ ᠶᠢ ᠲᠤᠷᠠᠰᠬᠠᠬᠤ ᠳᠤ ᠬᠠᠮᠳᠤᠷᠠᠯᠴᠠᠭ᠎ᠠ ᠪᠠᠨ ᠲᠡᠭᠡᠭᠰᠢᠯᠡᠬᠦᠯᠵᠦ᠂ ᠲᠤᠮᠳᠠᠳᠤ ᠡᠸᠦ᠋ᠷᠦᠫᠠ ᠶᠢᠨ ᠭᠠᠵᠠᠷ ᠵᠦᠢ ᠶᠢᠨ | ᠲᠡᠮᠳᠡᠭ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠲᠤᠮᠳᠠᠳᠤ ᠡᠸᠦ᠋ᠷᠦᠫᠠ ᠶᠢᠨ ᠪᠡᠯᠡ ᠤᠷᠤᠭᠤᠯᠬᠤ | ᠬᠡᠯᠡᠯᠴᠡᠭᠡᠷ ᠤᠨ ᠵᠦᠪᠳᠡᠯᠴᠡᠭᠡᠷ ᠢ ᠬᠤᠭᠤᠴᠠᠭ᠎ᠠ ᠶᠤᠰᠤᠭᠠᠷ ᠬᠦᠢᠴᠡᠳᠭᠡᠵᠦ᠂ ᠲᠤᠮᠳᠠᠳᠤ ᠤᠯᠤᠰ ᠠᠩᠬᠠᠳᠠᠬᠴᠢ | ᠤᠳᠠᠭ᠎ᠠ ᠡᠸᠦ᠋ᠷᠥᠫᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠳᠠᠨ | ᠪᠤᠯᠪᠠ᠃ ᠲᠤᠮᠳᠠᠳᠤ ᠡᠸᠦ᠋ᠷᠥᠫᠠ ᠶᠢᠨ ᠬᠠᠷᠢᠴᠠᠭ᠎ᠠ ᠲᠦᠭᠰᠢᠬᠦᠷᠢ ᠪᠤᠯᠤᠨ ᠦᠷᠢᠰᠦᠯᠳᠦᠭᠡᠨ ᠤ ᠡᠮᠦᠨ᠎ᠠ ᠤᠶᠠᠨ | ᠬᠠᠳᠠᠨ ᠠᠮᠢᠵᠢᠷᠠᠯ ᠤᠨ ᠬᠦᠴᠦᠨ ᠢ ᠢᠯᠡᠷᠡᠬᠦᠯᠵᠦ᠂ ᠲᠡᠯᠡᠭᠡᠢ ᠳ᠋ᠠᠬᠢᠨ ᠳᠤ ᠢᠳᠡᠪᠬᠢᠳᠡᠢ ᠲᠤᠬᠢᠶ᠎ᠠ ᠲᠠᠮᠵᠢᠭᠤᠯᠤᠬᠰᠠᠨ | ᠪᠠᠶᠢᠨ᠎ᠠ᠃ | ᠲᠤᠮᠳᠠᠳᠤ ᠡᠸᠦ᠋ᠷᠦᠫᠠ ᠶᠢᠨ ᠬᠠᠷᠢᠯᠴᠠᠭᠠᠨ ᠤ ᠲᠡᠤᠭᠡᠨ ᠶᠠᠪᠤᠴᠠ ᠬᠦᠢᠴᠡᠳ ᠬᠡᠷᠡᠴᠢᠯᠡᠭᠰᠡᠨ ᠨᠢ᠂ ᠲᠤᠮᠳᠠᠳᠤ | ᠡᠸᠦ᠋ᠷᠦᠫᠠ ᠶᠢᠨ ᠬᠤᠭᠤᠷᠤᠨᠳᠤ ᠦᠷᠭᠡᠨ ᠲᠡᠯᠭᠡᠷ ᠬᠠᠮᠳᠤ ᠶᠢᠨ ᠠᠰᠢᠭ ᠲᠤᠰᠠ ᠪᠠᠶᠢᠵᠤ᠂ ᠬᠠᠮᠳᠤᠷᠠᠯᠴᠠᠭ᠎ᠠ | ᠪᠠᠶᠢᠭᠤᠯᠵᠤ ᠬᠠᠮᠳᠤ ᠪᠠᠷ ᠠᠰᠢᠭ ᠬᠦᠷᠳᠡᠭᠦ ᠪᠤᠯ ᠬᠤᠶᠠᠷ ᠡᠳᠡᠭᠡᠳ ᠤᠨ ᠬᠠᠷᠢᠯᠴᠠᠭ᠎ᠠ ᠶᠢᠨ ᠭᠤᠤᠯ ᠭᠦᠭ ᠠᠶᠠᠰ | ᠪᠤᠯᠤᠨ᠎ᠠ᠂ ᠲᠤᠮᠳᠠᠳᠤ ᠡᠸᠦ᠋ᠷᠦᠫᠠ ᠶᠢᠨ ᠬᠤᠶᠠᠷ ᠶᠡᠭᠡ ᠪᠤᠯᠪᠠᠰᠤᠨ ᠶᠠᠷᠢᠯᠴᠠᠨ ᠰᠤᠯᠢᠯᠴᠠᠵᠤ᠂ ᠪᠢᠳᠡ ᠪᠤᠯ | ᠪᠠᠶᠢᠭᠤᠯᠤᠯ ᠤᠨ ᠴᠢᠨᠠᠷᠳᠠᠢ ᠦᠷᠢᠰᠦᠯᠳᠦᠭᠴᠢ ᠪᠢᠰᠢ︔ ᠲᠤᠮᠳᠠᠳᠤ ᠡᠸᠦ᠋ᠷᠥᠫᠠ ᠪᠡᠶ᠎ᠠ ᠪᠠᠨ ᠲᠠᠭᠠᠭᠠᠵᠤ ᠡᠵᠡᠨ | ᠮᠡᠳᠡᠵᠦ ᠬᠠᠮᠳᠤᠷᠠᠯᠴᠠᠭ᠎ᠠ ᠪᠠᠶᠢᠭᠤᠯᠪᠠᠯ ᠮᠠᠰᠢ ᠤᠯᠠᠨ ᠲᠤᠮᠤ ᠶᠠᠪᠤᠳᠠᠯ ᠢ ᠪᠦᠳᠦᠭᠡᠵᠦ ᠴᠢᠳᠠᠨ᠎ᠠ᠃ ᠲᠤᠮᠳᠠᠳᠤ ᠤᠯᠤᠰ | ᠲᠤᠷᠠᠳᠠᠶ᠎ᠠ ᠡᠸᠦ᠋ᠷᠦᠫᠠ ᠲᠢᠪ ᠤᠨ ᠨᠢᠭᠡ ᠴᠤᠬᠴᠠᠵᠢᠬᠰᠠᠨ ᠠᠬᠢᠴᠠ ᠶᠢ ᠦᠷᠬᠦᠯᠵᠢᠯᠡᠨ ᠲᠡᠮᠵᠢᠵᠦ᠂ ᠡᠸᠦ᠋ᠷᠦᠫᠠ | ᠲᠢᠪ ᠤᠨ ᠤᠯᠤᠰ ᠤᠳ ᠤᠨ ᠬᠤᠯᠪᠤᠭ᠎ᠠ ᠶᠢᠨ ᠪᠦᠯᠬᠦᠮᠳᠡᠨ ᠬᠦᠴᠦᠷᠭᠡᠭᠵᠢᠬᠦᠯᠬᠦ ᠶᠢ ᠲᠡᠮᠵᠢᠵᠦ᠂ ᠤᠯᠠᠨ ᠤᠯᠤᠰ ᠤᠨ | ᠬᠡᠷᠡᠭ ᠶᠠᠪᠤᠳᠠᠯ ᠳᠤ ᠡᠸᠦ᠋ᠷᠦᠫᠠ ᠲᠢᠪ ᠤᠨ ᠤᠯᠤᠰ ᠤᠳ ᠤᠨ ᠨᠠᠩ ᠶᠡᠭᠡ ᠦᠢᠯᠡᠳᠦᠯ ᠦᠵᠡᠬᠦᠯᠬᠦ ᠶᠢ ᠲᠠᠮᠵᠢᠨ᠎ᠠ᠃ | ᠲᠤᠮᠳᠠᠳᠤ ᠤᠯᠤᠰ ᠤᠨ ᠲᠠᠯ᠎ᠠ ᠶᠢᠨ ᠬᠢᠨ᠂ ᠲᠤᠮᠳᠠᠳᠤ ᠡᠸᠦ᠋ᠷᠥᠫᠠ ᠤᠯᠠᠨ ᠲᠦᠢᠯᠳᠤ ᠶᠢᠨ ᠲᠡᠯᠡᠭᠡᠢ ᠶᠢᠨ | ᠬᠤᠶᠠᠷ ᠰᠠᠯᠪᠤᠷᠢ ᠴᠢᠬᠤᠯᠠ ᠬᠦᠴᠦᠨ ᠴᠢᠳᠠᠯ ᠢ ᠲᠦᠯᠦᠭᠡᠯᠡᠵᠤ᠂ ᠬᠤᠶᠠᠷ ᠲᠠᠯ᠎ᠠ ᠶᠢᠨ ᠬᠠᠷᠢᠴᠠᠭ᠎ᠠ ᠨᠢ ᠡᠷᠭᠡ ᠲᠡᠭᠰᠢ᠂ | ᠨᠡᠭᠡᠭᠡᠯᠳᠡᠳᠡᠢ᠂ ᠭᠤᠷᠪᠠᠳᠤᠭᠠᠷ ᠡᠳᠡᠭᠡᠳ ᠲᠤ ᠴᠢᠭᠯᠡᠬᠦᠯᠬᠦ ᠦᠭᠡᠢ ᠪᠦᠭᠡᠳ ᠭᠤᠷᠪᠠᠳᠤᠭᠠᠷ ᠡᠳᠡᠭᠡᠳ ᠲᠤ | ᠬᠢᠵᠠᠭᠠᠷᠯᠠᠬᠳᠠᠬᠤ ᠦᠭᠡᠢ ᠭᠡᠵᠦ ᠦᠵᠡᠨ᠎ᠠ᠃ ᠲᠤᠮᠳᠠᠳᠤ ᠶᠢᠨ ᠲᠠᠯ᠎ᠠ ᠡᠸᠦ᠋ᠷᠥᠫᠠ ᠲᠢᠪ ᠤᠨ ᠤᠯᠤᠰ ᠤᠳ ᠤᠨ | ᠬᠤᠯᠪᠤᠭ᠎ᠠ ᠶᠢᠨ ᠬᠢᠨ ᠪᠠᠶᠢᠯᠳᠤᠬᠤ ᠪᠤᠳᠤᠯᠭ᠎ᠠ ᠶᠢᠨ ᠡᠵᠡᠨ ᠮᠡᠳᠡᠬᠦ ᠪᠠᠨ ᠲᠠᠰᠤᠷᠠᠯᠳᠠ ᠦᠭᠡᠢ ᠴᠢᠩᠭᠠᠷᠠᠭᠤᠯᠵᠤ᠂ | ᠤᠯᠠᠨ ᠲᠠᠯᠠᠳᠤ ᠦᠵᠡᠯ ᠤᠨ ᠤᠢᠢᠯᠠᠭᠠᠬᠳᠠᠬᠤᠨ ᠢ ᠪᠠᠷᠢᠮᠳᠠᠯᠠᠵᠤ᠂ ᠲᠤᠮᠤ ᠤᠯᠤᠰ ᠤᠨ ᠵᠤᠬᠢᠴᠠᠭᠤᠯᠭ᠎ᠠ | ᠬᠠᠮᠳᠤᠷᠠᠯᠴᠠᠭ᠎ᠠ ᠶᠢᠨ ᠲᠦᠯᠦᠭᠡ ᠴᠢᠷᠮᠠᠶᠢᠬᠤ ᠶᠢ ᠬᠦᠰᠡᠵᠦ ᠪᠠᠶᠢᠨ᠎ᠠ᠃ ᠪᠢᠳᠠ ᠲᠤᠷᠠᠳᠠᠶ᠎ᠠ ᠡᠸᠦ᠋ᠷᠥᠫᠠ ᠲᠢᠪ ᠤᠨ | ᠤᠯᠤᠰ ᠤᠳ ᠤᠨ ᠬᠤᠯᠪᠤᠭ᠎ᠠ ᠲᠠᠢ ᠬᠠᠮᠳᠤ ᠪᠠᠷ ᠡᠯ᠎ᠠ ᠵᠦᠢᠯ ᠤᠨ ᠪᠦᠬᠦ ᠪᠦᠮᠪᠦᠷᠴᠡᠭ ᠤᠨ ᠴᠢᠨᠠᠷᠳᠠᠢ | ᠦᠷᠢᠰᠦᠯᠳᠦᠭᠡᠨ ᠢ ᠠᠷᠭᠠᠴᠠᠵᠤ᠂ ᠲᠡᠯᠡᠭᠡᠢ ᠨᠡᠶᠢᠭᠡᠮ ᠤᠨ ᠬᠢᠵᠢᠭ ᠢ ᠡᠰᠡᠷᠭᠦᠴᠡᠬᠦ᠂ ᠠᠵᠤ ᠠᠬᠤᠢ ᠪᠠᠨ ᠰᠡᠷᠭᠦᠭᠡᠭᠦ᠂ | ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠳᠤ ᠨᠠᠩ ᠤᠯᠠᠨ ᠢᠳᠡᠪᠬᠢ ᠬᠦᠴᠦᠨ ᠨᠡᠮᠡᠷᠢᠯᠡᠵᠦ᠂ ᠤᠯᠠᠨ | ᠤᠯᠤᠰ ᠤᠨ ᠬᠠᠷᠢᠯᠴᠠᠭ᠎ᠠ ᠳᠤ ᠨᠠᠩ ᠤᠯᠠᠨ ᠲᠤᠬᠳᠠᠭᠤᠨ ᠴᠢᠨᠠᠷ ᠢ ᠬᠠᠨᠭ᠍ᠭᠠᠨ᠎ᠠ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶᠠᠨ ᠤ ᠤᠯᠠᠨ ᠤᠯᠤᠰ ᠤᠨ ᠷᠠᠳᠢᠣ᠋ ᠬᠤᠷᠢᠶᠠᠨ ᠤ ᠰᠤᠷᠪᠤᠯᠵᠢᠯᠠᠭᠴᠢ | ᠄ ᠳᠤᠮᠳᠠᠳᠤ ᠤᠯᠤᠰ ᠨᠢᠭᠡᠨᠲᠡ ᠮᠠᠰᠢ ᠤᠯᠠᠨ ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠠᠺᠼᠢᠨ ᠢ ᠲᠤᠰᠠᠯᠠᠭᠰᠠᠨ ᠪᠤᠶᠤ ᠭᠠᠳᠠᠬᠰᠢ ᠭᠠᠷᠭᠠᠵᠤ ᠪᠠᠶᠢᠨ᠎ᠠ᠂ ᠭᠡᠪᠡᠴᠦ ᠵᠠᠷᠢᠮ ᠬᠥᠮᠦᠰ ᠳᠤᠮᠳᠠᠳᠤ ᠤᠯᠤᠰ | ᠸᠠᠺᠼᠢᠨ ᠤ ᠭᠠᠳᠠᠭᠠᠳᠤ ᠬᠠᠷᠢᠯᠴᠠᠭ᠎ᠠ ᠪᠠᠶᠢᠭᠤᠯᠵᠤ ᠪᠠᠶᠢᠨ᠎ᠠ ᠭᠡᠵᠦ ᠰᠡᠵᠢᠭᠯᠡᠵᠦ ᠪᠠᠶᠢᠨ᠎ᠠ᠃ ᠲᠠ ᠡᠭᠦᠨ ᠢ ᠬᠡᠷᠬᠢᠨ | ᠦᠵᠡᠬᠦ ᠪᠣᠢ︖ | ᠸᠠᠩ ᠢ᠄ ᠸᠠᠺᠼᠢᠨ ᠪᠣᠯ ᠸᠢᠷᠦ᠋ᠰ ᠢ ᠡᠰᠡᠷᠭᠦᠴᠡᠬᠦ ᠬᠤᠷᠴᠠ ᠵᠡᠪᠰᠡᠭ ᠮᠥᠨ᠂ ᠠᠮᠢ ᠨᠠᠰᠤ ᠶᠢ ᠠᠪᠤᠷᠠᠬᠤ | ᠬᠦᠰᠡᠯ ᠡᠷᠡᠮᠡᠯᠵᠡᠯ ᠮᠥᠨ᠂ ᠪᠦᠬᠦ ᠳᠡᠯᠡᠬᠡᠢ ᠳᠤ ᠦᠢᠯᠡᠴᠢᠯᠡᠵᠦ᠂ ᠪᠦᠬᠦ ᠬᠥᠮᠦᠨ ᠲᠥᠷᠥᠯᠬᠢᠲᠡᠨ ᠳᠤ ᠪᠤᠶᠠᠨ | ᠦᠢᠯᠡᠳᠪᠡᠯ ᠵᠤᠬᠢᠨ᠎ᠠ᠃ | ᠳᠤᠮᠳᠠᠳᠤ ᠤᠯᠤᠰ ᠸᠠᠺᠼᠢᠨ ᠤ ᠣᠯᠠᠨ ᠨᠡᠶᠢᠲᠡ ᠶᠢᠨ ᠦᠶ᠋ᠯᠡᠳᠬᠦᠨ ᠤ ︽ᠨᠢᠭᠡᠳᠦᠭᠡᠷ ᠬᠠᠷᠢᠶᠠᠯᠠᠬᠤ ᠴᠢᠨᠠᠷ︾ | ᠢ ᠡᠷᠡᠰ ᠪᠠᠷᠢᠮᠲᠠᠯᠠᠨ᠎ᠠ᠃ ᠪᠢᠳᠡ ᠤᠷᠢᠳ ᠢᠶᠠᠷ ᠸᠠᠺᠼᠢᠨ ᠢ ᠰᠤᠳᠤᠯᠤᠨ ᠨᠡᠭᠡᠭᠡᠭᠰᠡᠨ ᠤ ᠳᠠᠷᠠᠭ᠎ᠠ ᠪᠥᠬᠦ ᠳᠡᠯᠡᠬᠡᠶ ᠶᠢᠨ | ᠣᠯᠠᠨ ᠨᠡᠶᠢᠲᠡ ᠶᠢᠨ ᠦᠶ᠋ᠯᠡᠳᠬᠦᠨ ᠪᠣᠯᠭᠠᠵᠤ᠂ ᠸᠠᠺᠼᠢᠨ ᠤ ᠬᠥᠭᠵᠢᠵᠦ ᠪᠠᠶᠢᠭ᠎ᠠ ᠤᠯᠤᠰ ᠲᠤ ᠬᠦᠷᠴᠦ ᠪᠣᠯᠬᠤᠶᠢᠴᠠ | ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ ᠭᠡᠵᠦ ᠠᠮᠠᠯᠳᠠᠪᠠ᠃ | ᠳᠤᠮᠳᠠᠳᠤ ᠤᠯᠤᠰ ᠸᠠᠺᠼᠢᠨ ᠤ ᠣᠯᠠᠨ ᠤᠯᠤᠰ ᠤᠨ ᠬᠠᠮᠲᠤᠷᠠᠯᠴᠠᠭᠠᠨ ᠤ ︽ᠨᠢᠭᠡᠳᠦᠭᠡᠷ ᠵᠢᠭᠰᠠᠭᠠᠯ︾ ᠳᠤ | ᠡᠷᠡᠰ ᠵᠣᠭᠰᠣᠨ᠎ᠠ᠃ ᠪᠢᠳᠡ ᠨᠢᠭᠡᠨᠲᠡ 10 ᠭᠠᠷᠤᠶ ᠤᠯᠤᠰ ᠲᠠᠢ ᠸᠠᠺᠼᠢᠨ ᠰᠤᠳᠤᠯᠤᠨ ᠨᠡᠭᠡᠭᠡᠬᠦ ᠪᠠ | ᠦᠶ᠋ᠯᠡᠳᠪᠦᠷᠢᠯᠡᠯ ᠤᠨ ᠬᠠᠮᠲᠤᠷᠠᠯᠴᠠᠭ᠎ᠠ ᠥᠷᠨᠢᠭᠦᠯᠵᠦ᠂ 100 ᠭᠠᠷᠤᠶ ᠤᠯᠤᠰ ᠤᠨ ᠬᠠᠷᠢᠶ᠎ᠠ ᠲᠠᠢ 10 ᠭᠠᠷᠤᠶ | ᠲᠦᠮᠡᠨ ᠰᠠᠶᠢᠨ ᠳᠤᠷᠠᠴᠤᠤᠯ ᠡᠭᠦᠨ ᠳᠤ ᠣᠷᠣᠯᠴᠠᠪᠠ᠃ ᠳᠤᠮᠳᠠᠳᠤ ᠤᠯᠤᠰ ᠤᠨ 17 ᠵᠦᠢᠯ ᠤᠨ ᠸᠠᠺᠼᠢᠨ | ᠨᠢᠭᠡᠨᠲᠡ ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ ᠣᠷᠣᠵᠤ᠂ 60 ᠭᠠᠷᠤᠶ ᠤᠯᠤᠰ ᠲᠤ ᠳᠤᠮᠳᠠᠳᠤ ᠤᠯᠤᠰ ᠤᠨ | ᠸᠠᠺᠼᠢᠨ ᠢ ᠬᠡᠷᠡᠭᠯᠡᠬᠦ ᠡᠷᠬᠡ ᠣᠯᠭᠤᠭᠰᠠᠨ ᠪᠠᠶᠢᠨ᠎ᠠ᠃ ᠳᠤᠮᠳᠠᠳᠤ ᠤᠯᠤᠰ ᠤᠨ ᠸᠠᠺᠼᠢᠨ ᠤ ᠠᠮᠤᠷ ᠲᠦᠪᠰᠢᠨ ᠴᠢᠨᠠᠷ | ᠂ ᠪᠦᠳᠦᠮᠵᠢᠳᠤ ᠴᠢᠨᠠᠷ ᠶᠠᠭ ᠡᠯ᠎ᠡ ᠤᠯᠤᠰ ᠲᠤ ᠥᠷᠭᠡᠨ ᠢᠶᠠᠷ ᠮᠡᠳᠡᠷᠡᠭᠳᠡᠵᠦ ᠪᠠᠶᠢᠨ᠎ᠠ᠃ ᠪᠢᠳᠠ ᠪᠠᠰᠠ ᠳᠤᠷᠠᠲᠠᠶ᠎ᠠ | ᠡᠯ᠎ᠡ ᠤᠯᠤᠰ ᠲᠠᠢ ᠸᠠᠺᠼᠢᠨ ᠤ ᠲᠠᠷᠢᠯᠭ᠎ᠠ ᠶᠢ ᠬᠠᠷᠢᠯᠴᠠᠨ ᠮᠡᠳᠡᠷᠡᠬᠦ ᠪᠣᠯᠤᠮᠵᠢᠲᠤ ᠴᠢᠨᠠᠷ ᠪᠠ ᠠᠵᠢᠯᠯᠠᠭᠠᠨ ᠤ | ᠲᠥᠰᠦᠯ ᠢ ᠰᠤᠳᠤᠯᠤᠨ ᠶᠠᠷᠢᠯᠴᠠᠨ᠎ᠠ᠃ | ᠳᠤᠮᠳᠠᠳᠤ ᠤᠯᠤᠰ ᠸᠠᠺᠼᠢᠨ ᠢ ᠡᠷᠬᠡ ᠲᠡᠭᠰᠢ ᠪᠠᠷ ᠬᠤᠪᠢᠶᠠᠷᠢᠯᠠᠬᠤ ︽ᠨᠢᠭᠡᠳᠦᠭᠡᠷ ᠵᠢᠭᠰᠠᠭᠠᠯ︾ ᠤᠨ | ᠡᠭᠦᠷᠭᠡ ᠶᠢ ᠡᠷᠡᠰ ᠡᠭᠦᠷᠭᠡᠯᠡᠨ᠎ᠡ᠃ ᠳᠤᠮᠳᠠᠳᠤ ᠤᠯᠤᠰ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ︽ᠰᠢᠨ᠎ᠡ ᠲᠢᠲᠢᠮᠯᠢᠭ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠳᠤ ᠣᠷᠣᠯᠴᠠᠵᠤ᠂ | ᠲᠦᠷᠦᠭᠦᠦ ᠪᠦᠯᠦᠭ ᠲᠤ 1000 ᠲᠦᠮᠡᠨ ᠸᠠᠺᠼᠢᠨ ᠬᠠᠩᠭᠠᠬᠤ ᠪᠠᠷ ᠠᠮᠠᠯᠳᠠᠵᠤ᠂ ᠬᠥᠭᠵᠢᠵᠦ ᠪᠠᠶᠢᠭ᠎ᠠ ᠤᠯᠤᠰ ᠤᠨ | ᠪᠠᠴᠢᠮ ᠬᠡᠷᠡᠭᠴᠡᠭᠡ ᠳᠤ ᠬᠡᠷᠡᠭᠯᠡᠨ᠎ᠠ ᠭᠡᠵᠦ ᠲᠣᠳᠣᠷᠬᠠᠶᠢᠯᠠᠪᠠ᠃ ᠳᠤᠮᠳᠠᠳᠤ ᠤᠯᠤᠰ ᠨᠢᠭᠡᠨᠲᠡ ᠪᠠᠴᠢᠮ ᠬᠡᠷᠡᠭᠴᠡᠭᠡ ᠲᠠᠢ | 69 ᠬᠥᠭᠵᠢᠵᠦ ᠪᠠᠶᠢᠭ᠎ᠠ ᠤᠯᠤᠰ ᠲᠤ ᠦᠨ᠎ᠠ ᠲᠦᠯᠦᠪᠤᠷᠢ ᠦᠭᠡᠢ ᠸᠠᠺᠼᠢᠨ ᠤ ᠲᠤᠰᠠᠯᠠᠮᠵᠢ ᠬᠠᠩᠭᠠᠭᠰᠠᠨ ᠪᠥᠭᠡᠳ | 43 ᠤᠯᠤᠰ ᠲᠤ ᠸᠠᠺᠼᠢᠨ ᠢ ᠭᠠᠷᠭᠠᠵᠤ ᠪᠠᠶᠢᠨ᠎ᠠ᠃ ᠪᠢᠳᠡ ᠪᠠᠰᠠ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠤᠷᠢᠶᠠᠯᠠᠭ᠎ᠠ ᠶᠢ ᠳᠠᠭᠠᠵᠤ᠂ ᠡᠯ᠎ᠡ ᠤᠯᠤᠰ ᠤᠨ ᠡᠩᠬᠡ ᠲᠠᠶᠢᠪᠤᠩ ᠢ ᠬᠠᠮᠠᠭᠠᠯᠠᠬᠤ ᠬᠥᠮᠦᠰ ᠲᠤ | ᠸᠠᠺᠼᠢᠨ ᠬᠠᠨᠳᠢᠪᠯᠠᠪᠠ᠃ ᠪᠢᠳᠠ ᠪᠠᠰᠠ ᠳᠤᠷᠠᠲᠠᠶ᠎ᠠ ᠤᠯᠠᠨ ᠤᠯᠤᠰ ᠤᠨ ᠣᠯᠢᠮᠫᠢᠺ ᠤᠨ ᠵᠥᠪᠯᠡᠯ ᠲᠠᠢ | ᠬᠠᠮᠲᠤᠷᠠᠯᠴᠠᠵᠤ᠂ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠤ ᠪᠠᠷ ᠪᠡᠯᠡᠳᠬᠡᠵᠦ ᠪᠠᠶᠢᠭ᠎ᠠ | ᠲᠠᠮᠢᠷᠴᠢᠳ ᠲᠤ ᠸᠠᠺᠼᠢᠨ ᠬᠠᠩᠭᠠᠨ᠎ᠠ᠃ ᠳᠤᠮᠳᠠᠳᠤ ᠤᠯᠤᠰ ᠤᠨ ᠸᠠᠺᠼᠢᠨ ᠪᠦᠬᠦ ᠪᠥᠮᠪᠥᠷᠴᠡᠭ ᠤᠨ ᠬᠢᠵᠢᠭ ᠢ | ᠡᠰᠡᠷᠭᠦᠴᠡᠬᠦ ᠳᠤ ᠨᠡᠩ ᠤᠯᠠᠨ ᠢᠲᠡᠭᠡᠯ ᠪᠠ ᠬᠦᠰᠡᠯ ᠡᠷᠡᠮᠡᠯᠵᠡᠯ ᠣᠯᠭᠤᠬᠤ ᠶᠢ ᠬᠦᠰᠡᠵᠦ ᠪᠠᠶᠢᠨ᠎ᠠ᠃ | ᠣᠳᠣᠬᠠᠨ ᠳᠤ᠂ ᠪᠥᠬᠦ ᠳᠡᠯᠡᠬᠡᠶ ᠶᠢᠨ ᠣᠯᠠᠨ ᠵᠦᠶ᠋ᠯ ᠤᠨ ᠸᠠᠺᠼᠢᠨ ᠨᠢᠭᠡᠨᠳᠡ ᠵᠠᠬ᠎ᠠ ᠳᠡᠯᠭᠡᠭᠦᠷ ᠲᠤ ᠭᠠᠷᠴᠤ᠂ | ᠠᠯᠢ ᠵᠦᠶ᠋ᠯ ᠤᠨ ᠸᠠᠺᠼᠢᠨ ᠢ ᠰᠣᠩᠭᠤᠬᠤ ᠶᠢ ᠡᠯ᠎ᠡ ᠤᠯᠤᠰ ᠥᠪᠡᠷ ᠲᠡᠭᠡᠨ ᠲᠣᠭᠲᠠᠭᠠᠨ᠎ᠠ᠃ ᠳᠤᠮᠳᠠᠳᠤ ᠤᠯᠤᠰ ᠤᠨ | ᠸᠠᠺᠼᠢᠨ ᠭᠡᠰᠡᠨ ᠥᠬᠡᠶ᠂ ᠭᠠᠳᠠᠭᠠᠳᠤ ᠤᠯᠤᠰ ᠤᠨ ᠸᠠᠺᠼᠢᠨ ᠭᠡᠰᠡᠨ ᠥᠬᠡᠶ᠂ ᠠᠮᠤᠷ ᠲᠦᠪᠰᠢᠨ ᠨᠠᠶᠢᠳᠠᠪᠤᠷᠢᠲᠠᠶ | ᠯᠠ ᠶᠤᠮ ᠪᠣᠯ ᠳᠠᠷᠤᠶ ᠰᠠᠶᠢᠨ ᠸᠠᠺᠼᠢᠨ ᠪᠣᠯᠤᠨ᠎ᠠ᠃ ᠪᠢᠳᠡ ︽ᠸᠠᠺᠼᠢᠨ ᠤ ᠦᠨᠳᠦᠰᠦᠲᠡᠨ ᠤ ᠦᠵᠡᠯ︾ ᠢ | ᠡᠰᠡᠷᠭᠦᠴᠡᠵᠦ᠂ ︽ᠡᠭᠡᠯᠢᠯᠡᠭᠡ ᠶᠢᠨ ᠵᠠᠭᠠᠭ︾ ᠢ ᠪᠤᠢ ᠪᠤᠯᠭᠠᠬᠤ ᠶᠢ ᠬᠦᠯᠢᠶᠡᠬᠦ ᠦᠭᠡᠢ᠂ ᠨᠡᠩ ᠴᠤ ᠸᠠᠺᠼᠢᠨ ᠤ | ᠬᠠᠮᠳᠤᠷᠠᠯᠴᠠᠭ᠎ᠠ ᠶᠢ ᠤᠯᠤᠰ ᠲᠦᠷᠦᠴᠢᠯᠡᠬᠦ ᠶᠠᠮᠠᠷᠪᠠ ᠭᠤᠷᠢᠳᠠᠯᠭ᠎ᠠ ᠶᠢ ᠡᠰᠡᠷᠭᠦᠴᠡᠨ᠎ᠡ᠃ ᠪᠢᠳᠡ ᠴᠢᠳᠠᠪᠤᠷᠢ ᠲᠠᠢ | ᠤᠯᠤᠰ ᠪᠦᠬᠦᠨ ᠴᠥᠮ ᠬᠡᠷᠡᠭᠴᠡᠭᠡ ᠲᠠᠢ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠲᠤ ᠸᠠᠺᠼᠢᠨ | ᠬᠠᠩᠭᠠᠵᠤ᠂ ᠡᠯ᠎ᠡ ᠤᠯᠤᠰ ᠤᠨ ᠠᠷᠠᠳ ᠲᠦᠮᠡᠨ ᠤ ᠬᠡᠷᠡᠭᠯᠡᠵᠦ ᠳᠡᠶᠢᠯᠬᠦ᠂ ᠬᠡᠷᠡᠭᠯᠡᠵᠦ ᠴᠢᠳᠠᠬᠤ᠂ ᠦᠨᠡᠨ ᠬᠦ ︽ | ᠠᠷᠠᠳ ᠲᠦᠮᠡᠨ ᠤ ᠸᠠᠺᠼᠢᠨ︾ ᠪᠣᠯᠬᠤ ᠶᠢ ᠬᠦᠰᠡᠵᠦ ᠪᠠᠶᠢᠨ᠎ᠠ᠃ | ᠠᠷᠠᠪ ᠤᠨ ᠬᠤᠯᠪᠣᠭᠠᠲᠤ ᠠᠬᠠᠮᠠᠳᠳᠦ ᠤᠯᠤᠰ ᠤᠨ ᠳᠤᠮᠳᠠᠳᠤ ᠠᠷᠠᠪ ᠤᠨ ᠤᠳᠤᠨ ᠲᠧᠯᠸᠢᠰ ᠤᠨ ᠰᠤᠷᠪᠤᠯᠵᠢᠯᠠᠭᠴᠢ᠄ | ᠲᠠ ᠥᠩᠭᠡᠷᠡᠭᠰᠡᠨ ᠨᠢᠭᠡ ᠵᠢᠯ ᠤᠨ ᠳᠤᠮᠳᠠᠳᠤ ᠠᠷᠠᠪ ᠤᠨ ᠬᠠᠷᠢᠯᠴᠠᠭ᠎ᠠ ᠶᠢ ᠬᠡᠷᠬᠢᠨ ᠦᠨᠡᠯᠡᠬᠦ ᠪᠤᠢ︖ ᠳᠤᠮᠳᠠᠳᠤ | ᠠᠷᠠᠪ ᠤᠨ ᠲᠦᠷᠦᠭᠦᠴᠦᠳ ᠤᠨ ᠬᠤᠷᠠᠯ ᠬᠡᠵᠢᠶ᠎ᠡ ᠬᠤᠷᠠᠯᠳᠤᠬᠤ ᠪᠣᠶ︖ | ᠸᠠᠩ ᠢ᠄ ᠬᠢᠵᠢᠭ ᠤᠨ ᠪᠠᠶᠢᠳᠠᠯ ᠤᠨ ᠳᠠᠭᠠᠷᠢᠯᠲᠠ ᠳᠤ᠂ ᠨᠢᠳᠤᠨᠤᠨ ᠳᠤᠮᠳᠠᠳᠤ ᠠᠷᠠᠪ ᠤᠨ ᠬᠠᠷᠢᠯᠴᠠᠭ᠎ᠠ | ᠪᠠᠶᠢᠳᠠᠯ ᠢ ᠰᠥᠷᠥᠨ ᠤᠷᠤᠭᠰᠢᠯᠠᠵᠤ᠂ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠪᠠᠳᠠᠷᠠᠭᠤᠯᠪᠠ᠃ ᠳᠤᠮᠳᠠᠳᠤ | ᠠᠷᠠᠪ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠶᠢᠰᠦᠳᠦᠭᠡᠷ ᠬᠤᠭᠤᠴᠠᠭᠠᠨ ᠤ ᠰᠠᠶᠢᠳ ᠤᠨ ᠲᠡᠰ ᠤᠨ | ᠬᠤᠷᠠᠯ ᠠᠮᠵᠢᠯᠲᠠ ᠲᠠᠢ ᠬᠤᠷᠠᠯᠳᠤᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠠᠷᠠᠪ ᠤᠨ ᠲᠦᠷᠦᠭᠦᠴᠦᠳ ᠤᠨ | ᠬᠤᠷᠠᠯ ᠬᠤᠷᠠᠯᠳᠤᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ᠃ ᠳᠤᠮᠳᠠᠳᠤ ᠠᠷᠠᠪ ᠤᠨ ᠤᠯᠤᠰ ᠲᠦᠷᠦ ᠶᠢᠨ | ᠬᠠᠷᠢᠯᠴᠠᠭ᠎ᠠ ᠰᠢᠨ᠎ᠡ ᠬᠠᠭᠤᠳᠠᠰᠤ ᠶᠢ ᠨᠡᠭᠡᠭᠡᠪᠡ᠃ | ᠰᠠᠦ᠋ᠳᠢ ᠠᠷᠠᠪ ᠤᠨ ᠤᠯᠤᠰ ᠤᠨ ᠸᠠᠩ ᠪᠣᠯ ᠲᠡᠷᠢᠭᠦᠯᠡᠭᠴᠢ ᠰᠢ ᠶᠢᠨ ᠫᠢᠩ ᠳᠤ ᠬᠠᠮᠤᠭ ᠤᠨ ᠲᠦᠷᠦᠭᠦᠨ ᠳᠤ | ᠤᠳᠠᠰᠤ ᠶᠠᠪᠤᠭᠤᠯᠵᠤ ᠳᠤᠮᠳᠠᠳᠤ ᠤᠯᠤᠰ ᠤᠨ ᠬᠢᠵᠢᠭ ᠲᠠᠢ ᠲᠡᠮᠡᠴᠡᠬᠦ ᠶᠢ ᠳᠡᠮᠵᠢᠭᠰᠡᠨ ᠭᠠᠳᠠᠭᠠᠳᠤ ᠤᠯᠤᠰ ᠤᠨ | ᠲᠡᠷᠢᠭᠦᠨ ᠮᠥᠨ᠂ ᠠᠷᠠᠪ ᠤᠨ ᠬᠤᠯᠪᠣᠭᠠᠲᠤ ᠠᠬᠠᠮᠠᠳᠳᠦ ᠤᠯᠤᠰ ᠪᠣᠯ ᠬᠠᠮᠤᠭ ᠤᠨ ᠲᠦᠷᠦᠭᠦᠨ ᠳᠤ ᠳᠤᠮᠳᠠᠳᠤ | ᠤᠯᠤᠰ ᠤᠨ ᠸᠠᠺᠼᠢᠨ ᠤ ᠭᠤᠷᠪᠠᠳᠤᠭᠠᠷ ᠬᠤᠭᠤᠴᠠᠭ᠎ᠠ ᠶᠢᠨ ᠬᠢᠯᠢ ᠶᠢᠨ ᠭᠠᠳᠠᠨᠠᠬᠢ ᠲᠤᠷᠰᠢᠯᠲᠠ ᠶᠢ ᠬᠦᠯᠢᠶᠡᠭᠰᠡᠨ | ᠤᠯᠤᠰ ᠪᠣᠯᠤᠨ᠎ᠠ᠃ ᠳᠤᠮᠳᠠᠳᠤ ᠠᠷᠠᠪ ᠪᠦᠯᠬᠦᠮᠳᠡᠨ ᠬᠢᠵᠢᠭ ᠲᠠᠢ ᠲᠡᠮᠡᠴᠡᠵᠦ ᠰᠢᠨ᠎ᠡ ᠬᠡᠪ ᠳᠠᠭᠤᠷᠢᠶᠠᠯ ᠪᠣᠯᠪᠠ᠃ | ᠨᠢᠳᠤᠨᠤᠨ᠂ ᠳᠤᠮᠳᠠᠳᠤ ᠠᠷᠠᠪ ᠤᠨ ᠠᠷᠠᠯᠵᠢᠶᠠᠨ ᠤ ᠬᠡᠮᠵᠢ᠊ ᠡᠶ᠎ᠡ 2400 ᠳ᠋ᠦᠩᠰᠢᠭᠤᠷ ᠳ᠋ᠣᠯᠯᠠᠷ ᠲᠤ ᠬᠦᠷᠴᠦ | ᠂ ᠳᠤᠮᠳᠠᠳᠤ ᠤᠯᠤᠰ ᠠᠷᠠᠪ ᠤᠨ ᠤᠯᠤᠰ ᠤᠳ ᠤᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠤᠯᠤᠰ ᠤᠨ ᠪᠠᠶᠢᠷᠢ | ᠰᠠᠭᠤᠷᠢ ᠶᠢ ᠯᠠᠪᠳᠠᠭᠤᠨ ᠢᠶᠠᠷ ᠡᠵᠡᠯᠡᠪᠡ︔ ᠳᠤᠮᠳᠠᠳᠤ ᠠᠷᠠᠪ ᠤᠨ ︽ᠨᠢᠭᠡ ᠪᠦᠰᠡ ᠨᠢᠭᠡ ᠵᠠᠮ︾ ᠤᠨ | ᠭᠤᠣᠯᠳᠠᠯᠭ᠎ᠠ ᠲᠠᠢ ᠲᠦᠷᠦᠯ ᠵᠦᠢᠯ ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ | ᠠᠬᠢᠭᠤᠯᠵᠤ᠂ 5 G᠂ ᠵᠤᠬᠢᠶᠠᠮᠠᠯ ᠤᠶᠤᠨᠴᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠳᠡᠭᠡᠳᠦ ᠰᠢᠨ᠎ᠡ | ᠮᠡᠷᠭᠡᠵᠢᠯ ᠤᠨ ᠬᠠᠮᠲᠤᠷᠠᠯᠴᠠᠭ᠎ᠠ ᠶᠠᠭ ᠥᠷᠨᠢᠨ ᠬᠥᠭᠵᠢᠵᠦ ᠪᠠᠶᠢᠨ᠎ᠠ᠃ ᠳᠤᠮᠳᠠᠳᠤ ᠠᠷᠠᠪ ᠤᠨ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠰᠢᠨ᠎ᠡ ᠳᠡᠭᠲᠡᠷ ᠲᠤ ᠭᠠᠷᠪᠠ᠃ | ᠠᠷᠠᠪ ᠤᠨ ᠵᠦᠢᠷ ᠦᠭᠡᠨ ᠳᠤ ᠨᠥᠬᠦᠷᠯᠡᠯ ᠪᠣᠯ ᠮᠣᠳᠣ᠂ ᠦᠨᠡᠨᠴᠢ ᠪᠣᠯ ᠦᠨᠳᠦᠰᠦ᠂ ᠨᠥᠬᠦᠷᠰᠡᠭ ᠪᠣᠯ ᠰᠠᠯᠠᠭ᠎ᠠ | ᠭᠡᠳᠡᠭ᠃ ᠳᠤᠮᠳᠠᠳᠤ ᠤᠯᠤᠰ ᠳᠤᠷᠠᠲᠠᠶ᠎ᠠ ᠠᠷᠠᠪ ᠤᠨ ᠬᠢᠨ ᠲᠠᠢ ᠬᠠᠮᠲᠤ ᠪᠠᠷ ᠴᠢᠷᠮᠠᠶᠢᠵᠤ᠂ ᠴᠢᠩ ᠦᠨᠡᠨᠴᠢ ᠪᠠᠷ | ᠪᠦᠯᠬᠦᠮᠳᠡᠵᠦ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠠᠷᠠᠪ ᠤᠨ ᠲᠦᠷᠦᠭᠦᠴᠦᠳ ᠤᠨ ᠬᠤᠷᠠᠯ ᠢ | ᠬᠠᠮᠲᠤ ᠪᠠᠷ ᠰᠠᠶᠢᠲᠤᠷ ᠪᠡᠯᠡᠳᠬᠡᠵᠦ᠂ ᠳᠤᠮᠳᠠᠳᠤ ᠠᠷᠠᠪ ᠤᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ | ᠬᠠᠷᠢᠯᠴᠠᠭ᠎ᠠ ᠳᠤ ᠨᠡᠩ ᠤᠯᠠᠨ ᠰᠢᠨ᠎ᠡ ᠠᠭᠤᠯᠤᠭᠳᠠᠬᠤᠨ ᠨᠡᠮᠡᠷᠢᠯᠡᠵᠦ᠂ ᠳᠤᠮᠳᠠᠳᠤ ᠠᠷᠠᠪ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠲᠡᠷᠢᠭᠦᠯᠡᠭᠴᠢ ᠰᠢ ᠶᠢᠨ ᠫᠢᠩ 2017 ᠣᠨ ᠳᠤ ᠠᠵᠤ | ᠠᠬᠤᠢ ᠶᠢᠨ ᠳᠡᠯᠡᠬᠡᠶᠢᠵᠢᠯᠲᠡ ᠶᠢᠨ ᠲᠤᠬᠠᠢ ᠴᠢᠬᠤᠯᠠ ᠶᠠᠷᠢᠶ᠎ᠠ ᠲᠠᠯᠪᠢᠵᠤ᠂ ᠡᠨᠡ ᠵᠢᠯ ᠪᠠᠰᠠ ᠳᠡᠯᠡᠬᠡᠢ ᠶᠢᠨ ᠠᠵᠤ | ᠠᠬᠤᠢ ᠶᠢᠨ ᠶᠠᠷᠢᠯᠴᠠᠭᠠᠨ ᠤ ᠲᠠᠪᠴᠠᠩ ᠳᠤ ᠤᠯᠠᠨ ᠲᠠᠯᠠᠲᠤ ᠦᠵᠡᠯ ᠤᠨ ᠲᠤᠬᠠᠢ ᠲᠤᠰᠬᠠᠢ ᠪᠠᠶᠠᠷ ᠤᠨ ᠦᠭᠡ | ᠬᠡᠯᠡᠵᠡᠢ᠃ ᠳᠤᠮᠳᠠᠳᠤ ᠤᠯᠤᠰ ᠣᠯᠠᠨ ᠲᠠᠯᠠᠲᠤ ᠦᠵᠡᠯ ᠢ ᠬᠠᠮᠠᠭᠠᠯᠠᠬᠤ ᠪᠠ ᠪᠥᠬᠦ ᠪᠥᠮᠪᠥᠷᠴᠡᠭ ᠤᠨ ᠵᠠᠰᠠᠯᠲᠠ ᠳᠤ | ᠣᠷᠣᠯᠴᠠᠬᠤ ᠲᠠᠯ᠎ᠠ ᠪᠠᠷ ᠬᠥᠲᠥᠯᠥᠨ ᠳᠠᠭᠠᠭᠤᠯᠬᠤ ᠦᠶ᠋ᠯᠡᠳᠦᠯ ᠦᠵᠡᠭᠦᠯᠪᠡ ᠭᠡᠵᠦ ᠳᠡᠯᠡᠬᠡᠶ ᠨᠡᠶᠢᠲᠡ ᠪᠠᠷ ᠢᠶᠠᠨ | ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃ ᠡᠨᠡ ᠲᠤᠬᠠᠢ ᠲᠠ ᠶᠠᠭᠠᠬᠢᠵᠤ ᠦᠵᠡᠬᠦ ᠪᠣᠶ︖ | ᠸᠠᠩ ᠢ᠄ ᠲᠡᠷᠢᠭᠦᠯᠡᠭᠴᠢ ᠰᠢ ᠶᠢᠨ ᠫᠢᠩ ᠤᠨ ᠲᠦᠷᠪᠡᠨ ᠵᠢᠯ ᠠᠯᠤᠰᠯᠠᠭᠰᠠᠨ ᠬᠤᠶᠠᠷ ᠤᠳᠠᠭ᠎ᠠ ᠶᠢᠨ | ᠴᠢᠬᠤᠯᠠ ᠶᠠᠷᠢᠶ᠎ᠠ ᠪᠣᠯ ᠴᠥᠮ ᠤᠯᠠᠨ ᠤᠯᠤᠰ ᠤᠨ ᠪᠠᠶᠢᠷᠢᠰᠢᠯ ᠤᠨ ᠬᠤᠪᠢᠰᠤᠯᠲᠠ ᠡᠷᠬᠢᠯᠳᠡ ᠶᠢᠨ ᠵᠠᠩᠭᠢᠯᠠᠭ᠎ᠠ ᠶᠢᠨ | ᠦᠶ᠎ᠡ ᠳᠤ ᠭᠠᠷᠭᠠᠭᠰᠠᠨ ᠴᠢᠬᠤᠯᠠ ᠶᠡᠭᠡ ᠲᠤᠩᠬᠠᠭᠯᠠᠯ ᠪᠣᠯᠤᠨ᠎ᠠ᠂ ᠡᠨᠡ ᠨᠢ ᠳᠡᠯᠡᠬᠡᠢ ᠳ᠋ᠠᠬᠢᠨ ᠳᠤ ᠴᠢᠬᠤᠯᠠ ᠶᠡᠭᠡ | ᠠᠴᠢ ᠬᠤᠯᠪᠣᠭᠳᠠᠯ ᠲᠠᠢ᠂ ᠠᠯᠤᠰ ᠬᠡᠳᠤ ᠶᠢᠨ ᠨᠥᠯᠥᠭᠡ ᠲᠠᠢ ᠶᠤᠮ᠃ | 4 ᠵᠢᠯ ᠤᠨ ᠡᠮᠦᠨ᠎ᠡ᠂ ᠳᠡᠯᠡᠬᠡᠶᠢᠵᠢᠯᠲᠡ ᠶᠢᠨ ︽ᠦᠯᠡᠳᠡᠭᠡᠬᠦ ᠪᠠ ᠬᠠᠶᠠᠭᠳᠠᠬᠤ ᠲᠡᠮᠡᠴᠡᠯ︾ ᠤᠨ ᠡᠮᠦᠨ᠎ᠡ᠂ | ᠲᠡᠷᠢᠭᠦᠯᠡᠭᠴᠢ ᠰᠢ ᠶᠢᠨ ᠫᠢᠩ ᠤᠷᠤᠰᠬᠠᠯ ᠤᠨ ᠡᠮᠦᠨ᠎ᠡ ᠵᠣᠭᠰᠣᠵᠤ᠂ ᠠᠵᠤ ᠠᠬᠤᠢ ᠶᠢᠨ ᠳᠡᠯᠡᠬᠡᠶᠢᠵᠢᠯᠲᠡ ᠶᠢ | ᠳᠡᠮᠵᠢᠬᠦ ᠴᠠᠭ ᠦᠶ᠎ᠡ ᠶᠢᠨ ᠬᠦᠴᠦᠷᠬᠡᠭ ᠳᠠᠭᠤᠨ ᠢ ᠴᠤᠤᠷᠢᠶᠠᠲᠤᠭᠤᠯᠪᠠ︔ 4 ᠵᠢᠯ ᠤᠨ ᠳᠠᠷᠠᠭ᠎ᠠ᠂ ᠤᠯᠠᠨ ᠲᠠᠯᠠᠲᠤ | ᠦᠵᠡᠯ ᠤᠨ ︽ᠬᠠᠮᠢᠭᠠᠰᠢ ᠶᠠᠪᠤᠬᠤ︾ ᠪᠠᠶᠢᠳᠠᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠤᠯᠠᠨ ᠲᠠᠯᠠᠲᠤ | ᠦᠵᠡᠯ ᠢ ᠦᠢᠯᠡᠳᠦᠯᠭᠡᠵᠢᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤᠮᠳᠠᠳᠤ ᠤᠯᠤᠰ ᠤᠨ ᠲᠥᠰᠦᠯ ᠢ ᠳᠤᠷᠠᠳᠪᠠ᠃ ᠡᠨᠡ ᠬᠤᠶᠠᠷ ᠤᠳᠠᠭ᠎ᠠ ᠶᠢᠨ ᠴᠢᠬᠤᠯᠠ ᠶᠠᠷᠢᠶ᠎ᠠ ᠨᠢ | ᠴᠠᠭ ᠦᠶ᠎ᠡ ᠶᠢᠨ ᠵᠠᠯᠠᠭᠤᠷ ᠢ ᠠᠳᠬᠤᠨ ᠴᠢᠭᠯᠡᠯ ᠢ ᠲᠣᠭᠲᠠᠭᠠᠵᠤ᠂ ᠳᠡᠯᠡᠬᠡᠢ ᠳ᠋ᠠᠬᠢᠨ ᠤ ᠰᠡᠵᠢᠭ ᠲᠦᠭᠡᠷᠢᠭᠳᠡᠯ ᠢ | ᠠᠯᠳᠠᠷᠠᠭᠠᠵᠤ᠂ ᠳᠡᠯᠡᠬᠡᠢ ᠨᠡᠶᠢᠲᠡ ᠶᠢᠨ ᠮᠠᠭᠲᠠᠭᠠᠯ ᠰᠠᠶᠢᠰᠢᠶᠠᠯ ᠢ ᠤᠯᠪᠠ᠃ | ᠤᠯᠠᠨ ᠲᠠᠯᠠᠲᠤ ᠦᠵᠡᠯ ᠪᠣᠯ ᠳᠤᠮᠳᠠᠳᠤ ᠤᠯᠤᠰ ᠤᠨ ᠢᠮᠠᠭᠲᠠ ᠶᠢᠨ ᠡᠷᠡᠰ ᠪᠠᠲᠤ ᠰᠣᠩᠭᠤᠯᠲᠠ ᠮᠥᠨ᠂ ᠶᠡᠷᠦ ᠠᠴᠠ | ᠴᠠᠭ ᠦᠶ᠎ᠡ ᠪᠠ ᠤᠴᠢᠷ ᠶᠠᠪᠤᠳᠠᠯ ᠠᠴᠠ ᠰᠢᠯᠳᠠᠭᠠᠯᠠᠭᠳᠠᠨ ᠬᠤᠪᠢᠷᠠᠵᠤ ᠥᠩᠭᠡᠷᠡᠭᠰᠡᠨ ᠦᠭᠡᠢ ᠶᠤᠮ᠃ ᠳᠡᠯᠡᠬᠡᠢ | ᠳᠡᠭᠡᠷ᠎ᠡ ᠲᠠᠰᠤᠷᠠᠯᠳᠠ ᠦᠭᠡᠢ ᠡᠭᠦᠰᠴᠦ ᠪᠠᠶᠢᠭ᠎ᠠ ᠬᠦᠴᠢᠷ ᠠᠰᠠᠭᠤᠳᠠᠯ ᠪᠠ ᠥᠷᠢᠰᠥᠯᠳᠦᠭᠡᠨ ᠤ ᠡᠮᠦᠨ᠎ᠡ᠂ | ᠰᠢᠢᠳᠪᠦᠷᠢᠯᠡᠬᠦ ᠠᠷᠭ᠎ᠠ ᠵᠠᠮ ᠨᠢ ᠡᠯ᠎ᠡ ᠤᠯᠤᠰ ᠴᠥᠮ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠬᠤ ᠳᠤ ᠪᠠᠶᠢᠨ᠎ᠠ | ᠃ ᠳᠤᠮᠳᠠᠳᠤ ᠤᠯᠤᠰ ᠤᠨ ᠦᠵᠡᠬᠦ ᠪᠠᠷ᠂ ᠵᠢᠩᠬᠢᠨᠢ ᠤᠯᠠᠨ ᠲᠠᠯᠠᠲᠤ ᠦᠵᠡᠯ ᠨᠢ ︽ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ︾ ᠤᠨ ᠵᠣᠷᠢᠯᠲᠠ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠢ | ᠬᠠᠮᠠᠭᠠᠯᠠᠵᠤ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠪᠠᠯ ᠵᠣᠬᠢᠨ᠎ᠠ᠃ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠪᠢᠳᠡᠬᠦᠮᠵᠢᠯᠡᠨ ᠪᠤᠰᠤᠳ ᠢ ᠭᠠᠳᠠᠭᠤᠷᠴᠢᠯᠠᠵᠤ ᠪᠣᠯᠬᠤ ᠦᠭᠡᠢ︔ ᠡᠷᠬᠡ | ᠲᠡᠭᠰᠢ ᠪᠠᠷ ᠵᠥᠪᠳᠡᠯᠴᠡᠬᠦ ᠶᠢ ᠪᠠᠷᠢᠮᠲᠠᠯᠠᠵᠤ᠂ ᠵᠤᠷᠢᠭ ᠢᠶᠠᠷ ᠢᠶᠠᠨ ᠵᠤᠳᠤᠵᠦ᠂ ᠰᠠᠨᠠᠭ᠎ᠠ ᠪᠠᠷ ᠢᠶᠠᠨ ᠰᠠᠪᠠᠵᠦ ᠪᠤᠯᠬᠤ | ᠦᠭᠡᠢ᠃ ᠤᠯᠠᠨ ᠲᠠᠯᠠᠲᠤ ᠦᠵᠡᠯ ᠪᠣᠯ ᠲᠤᠭ ᠲᠡᠮᠳᠡᠭ ᠮᠥᠨ᠂ ᠬᠠᠷᠢᠨ ᠬᠠᠯᠬᠠᠪᠴᠢ ᠪᠢᠰᠢ︔ ᠢᠲᠡᠭᠡᠯ ᠮᠦᠨ᠂ | ᠬᠠᠷᠢᠨ ᠦᠭᠡ ᠬᠡᠯᠡᠬᠦ ᠲᠡᠳᠦᠢ ᠪᠢᠰᠢ᠃ ︽ᠵᠢᠵᠢᠭ ᠪᠦᠯᠬᠦᠮ ᠤᠨ ᠣᠯᠠᠨ ᠲᠠᠯᠠᠲᠤ ᠦᠵᠡᠯ︾ ᠪᠣᠯ ᠮᠥᠨ ᠯᠡ | ᠪᠦᠯᠦᠭᠯᠡᠯ ᠤᠨ ᠤᠯᠤᠰ ᠲᠥᠷᠥ ᠮᠥᠨ᠂ ︽ᠲᠣᠰ ᠤᠯᠤᠰ ᠢᠶᠠᠨ ᠤᠷᠢᠳ ᠢᠶᠠᠷ ᠪᠤᠳᠤᠯᠬᠢᠯᠠᠬᠤ ᠣᠯᠠᠨ ᠲᠠᠯᠠᠲᠤ | ᠦᠵᠡᠯ︾ ᠪᠣᠯ ᠪᠠᠰᠠ ᠴᠤ ᠭᠠᠭᠴᠠ ᠲᠠᠯᠠᠲᠤ ᠰᠡᠳᠬᠢᠬᠦᠶ ᠮᠥᠨ᠂ ︽ᠰᠣᠩᠭᠤᠯᠲᠠ ᠲᠠᠢ ᠣᠯᠠᠨ ᠲᠠᠯᠠᠲᠤ ᠦᠵᠡᠯ︾ | ᠪᠣᠯ ᠵᠥᠪ ᠰᠣᠩᠭᠤᠯᠲᠠ ᠪᠢᠰᠢ᠃ ᠳᠡᠯᠡᠬᠡᠢ ᠨᠡᠶᠢᠭᠡᠮ ᠤᠨ ᠪᠤᠢ ᠪᠦᠬᠦᠢ ᠪᠦᠷᠢᠯᠳᠦᠬᠦᠨ ᠬᠠᠮᠲᠤ ᠪᠠᠷ ᠴᠢᠷᠮᠠᠶᠢᠵᠤ᠂ | ᠤᠯᠠᠨ ᠲᠠᠯᠠᠲᠤ ᠦᠵᠡᠯ ᠤᠨ ᠭᠠᠯ ᠪᠠᠮᠪᠠᠷ ᠢᠶᠠᠷ ᠬᠥᠮᠦᠨ ᠲᠥᠷᠥᠯᠬᠢᠲᠡᠨ ᠤ ᠢᠷᠡᠭᠡᠳᠦᠢ ᠶᠢᠨ ᠵᠠᠮ ᠢ ᠬᠡᠷᠡᠯᠳᠦᠬᠦᠯᠬᠦ ᠶᠢ | ᠳᠤᠮᠳᠠᠳᠤ ᠤᠯᠤᠰ ᠬᠦᠰᠡᠵᠦ ᠪᠠᠶᠢᠨ᠎ᠠ᠃ | ᠰᠢᠩᠭᠠᠫᠣᠷ ᠤᠨ ︽ᠬᠠᠮᠲᠤᠷᠠᠭᠰᠠᠨ ᠥᠷᠯᠥᠭᠡ ᠶᠢᠨ ᠰᠣᠨᠢᠨ︾ ᠤ ᠰᠤᠷᠪᠤᠯᠵᠢᠯᠠᠭᠴᠢ᠄ ᠮᠠᠰᠢ ᠤᠯᠠᠨ | ᠬᠥᠮᠦᠨ ᠤ ᠦᠵᠡᠬᠦ ᠪᠠᠷ᠂ ᠳᠤᠮᠳᠠᠳᠤ ᠤᠯᠤᠰ ᠤᠨ ᠬᠥᠭᠵᠢᠨ ᠮᠠᠨᠳᠤᠭᠰᠠᠨ ᠪᠠᠶᠢᠳᠠᠯ ᠳᠣᠣᠷ᠎ᠠ᠂ ᠳᠤᠮᠳᠠᠳᠤ ᠤᠯᠤᠰ | ᠪᠣᠯᠤᠨ ᠥᠷᠥᠨᠡᠳᠠᠬᠢᠨ ᠤ ᠦᠵᠡᠯ ᠤᠬᠠᠮᠰᠠᠷ ᠤᠨ ᠬᠡᠯᠪᠡᠷᠢ ᠪᠣᠯᠤᠨ ᠪᠠᠶᠢᠭᠤᠯᠤᠯ ᠤᠨ ᠥᠷᠢᠰᠥᠯᠳᠦᠭᠡᠨ ᠨᠡᠩ | ᠰᠢᠷᠦᠭᠦᠰᠴᠦ᠂ ᠳᠤᠮᠳᠠᠳᠤ ᠤᠯᠤᠰ ᠪᠣᠯᠤᠨ ᠠᠮᠧᠷᠢᠺᠠ ᠵᠡᠷᠭᠡ ᠥᠷᠥᠨᠡᠳᠠᠬᠢᠨ ᠤ ᠤᠯᠤᠰ ᠤᠳ ᠤᠨ ᠵᠥᠷᠢᠴᠡᠯ ᠨᠢ | ᠳᠡᠯᠡᠬᠡᠢ ᠳ᠋ᠠᠬᠢᠨ ᠢ ᠬᠠᠭᠠᠴᠠᠭᠤᠯᠵᠤ ᠮᠡᠳᠡᠨ᠎ᠠ᠃ ᠡᠨᠡ ᠲᠤᠬᠠᠢ ᠲᠠ ᠶᠠᠭᠠᠬᠢᠵᠤ ᠦᠵᠡᠬᠦ ᠪᠣᠶ︖ | ᠸᠠᠩ ᠢ᠄ ᠳᠡᠯᠡᠬᠡᠢ ᠶᠢᠷᠲᠢᠨᠴᠦ ᠤᠤᠯ ᠠᠴᠠ ᠪᠠᠨ ᠪᠠᠶᠠᠯᠢᠭ ᠰᠠᠶᠢᠬᠠᠨ ᠪᠠᠶᠢᠳᠠᠭ᠃ ᠬᠥᠮᠦᠨ ᠲᠥᠷᠥᠯᠬᠢᠲᠡᠨ ᠤ | ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠢᠭᠡ ᠯᠡ ᠠᠷᠭ᠎ᠠ ᠵᠠᠮ ᠪᠠᠶᠢᠬᠤ ᠪᠣᠯᠤᠯᠴᠠᠭ᠎ᠠ ᠦᠭᠡᠢ᠂ ᠨᠢᠭᠡ ᠯᠡ | ᠵᠦᠢᠯ ᠤᠨ ᠵᠠᠭᠪᠤᠷ ᠪᠠᠶᠢᠬᠤ ᠶᠣᠰᠣ ᠪᠠᠰᠠ ᠦᠭᠡᠢ᠃ ᠪᠠᠶᠢᠭᠤᠯᠤᠯ ᠤᠨ ᠰᠣᠩᠭᠤᠯᠲᠠ ᠳᠤ ᠪᠡᠶ᠎ᠡ ᠪᠠᠨ ᠬᠡᠮᠵᠢᠵᠦ | ᠬᠤᠪᠴᠠᠰᠤ ᠡᠰᠬᠡᠬᠦ ᠴᠢᠬᠤᠯᠠᠳᠠᠢ᠂ ᠬᠥᠯ ᠢᠶᠠᠨ ᠱᠤᠯᠤᠵᠤ ᠭᠤᠲᠤᠯ ᠳᠠᠭᠠᠨ ᠳᠠᠭᠠᠷᠠᠭᠤᠯᠵᠤ ᠪᠣᠯᠬᠤ ᠦᠭᠡᠢ᠃ ᠨᠢᠭᠡ | ᠤᠯᠤᠰ ᠤᠨ ᠶᠠᠪᠤᠭᠰᠠᠨ ᠵᠠᠮ ᠤᠨ ᠵᠥᠪ ᠡᠰᠡᠬᠦ ᠶᠢᠨ ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ | ᠪᠠᠶᠢᠳᠠᠯ ᠳᠤ ᠨᠡᠶᠢᠴᠡᠬᠦ ᠡᠰᠡᠬᠦ ᠳᠤ ᠪᠠᠶᠢᠨ᠎ᠠ᠃ ᠭᠦᠳᠬᠡᠬᠦ᠂ ᠥᠪᠡᠷ ᠲᠠᠢ ᠨᠢ ᠠᠳᠠᠯᠢ ᠪᠤᠰᠤ ᠪᠠᠶᠢᠭᠤᠯᠤᠯ ᠢ ᠳᠠᠷᠤᠬᠤ᠂ | ᠴᠢᠨᠠᠭᠰᠢᠯᠠᠪᠠᠯ ᠵᠤᠷᠢᠭ ᠢᠶᠠᠷ ᠢᠶᠠᠨ ᠵᠤᠳᠤᠵᠦ᠂ ᠰᠠᠨᠠᠭ᠎ᠠ ᠪᠠᠷ ᠢᠶᠠᠨ ᠰᠠᠪᠠᠭ᠋ᠤ ᠨᠢ ᠮᠥᠨ ᠴᠢᠨᠠᠷ ᠳᠡᠭᠡᠷ᠎ᠡ ᠪᠠᠨ ᠨᠢᠭᠡ | ᠵᠦᠢᠯ ᠤᠨ ︽ᠪᠠᠶᠢᠭᠤᠯᠤᠯ ᠤᠨ ᠡᠵᠡᠷᠬᠡᠭᠯᠡᠯ︾ ᠮᠥᠨ᠃ | ᠥᠩᠭᠡᠷᠡᠭᠰᠡᠨ ᠨᠢᠭᠡ ᠵᠢᠯ ᠤᠨ ᠲᠤᠷᠰᠢ᠂ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠬᠥᠮᠦᠨ ᠲᠥᠷᠥᠯᠬᠢᠲᠡᠨ ᠪᠣᠯ ᠬᠤᠪᠢ ᠵᠠᠶᠠᠭ᠎ᠠ | ᠨᠢᠭᠡᠲᠡᠢ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠠᠮᠲᠤ ᠶᠢᠨ ᠴᠣᠭᠴᠠ ᠪᠣᠯᠬᠤ ᠶᠢ ᠬᠥᠮᠦᠰ ᠲᠤ ᠳᠠᠬᠢᠨᠲᠠ | ᠰᠡᠷᠡᠮᠵᠢᠯᠡᠭᠦᠯᠪᠡ᠃ ᠣᠳᠣᠬᠢ ᠳᠡᠯᠡᠬᠡᠶ ᠶᠢᠷᠲᠢᠨᠴᠦ ᠨᠢᠭᠡᠨᠲᠡ ᠬᠠᠭᠠᠴᠠᠯ ᠤᠨ ᠦᠷ᠎ᠡ ᠳ᠋ᠦᠩ ᠢ ᠡᠭᠦᠷᠭᠡᠯᠡᠬᠦ ᠶᠢᠨ ᠠᠷᠭ᠎ᠠ | ᠦᠭᠡᠢ ᠪᠣᠯᠵᠠᠶ᠂ ᠨᠠᠩ ᠴᠤ ᠮᠥᠷᠭᠦᠯᠳᠦᠭᠡᠨ ᠤ ᠵᠠᠮ ᠢᠶᠠᠷ ᠳᠠᠬᠢᠨ ᠶᠠᠪᠤᠵᠤ ᠪᠣᠯᠬᠤ ᠦᠭᠡᠢ᠃ ᠣᠯᠠᠨ ᠶᠠᠩᠵᠤᠲᠤ | ᠴᠢᠨᠠᠷ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠣᠨᠴᠠᠯᠢᠭ ᠮᠥᠨ᠂ ᠪᠠᠶᠢᠭᠤᠯᠤᠯ ᠤᠨ | ᠵᠥᠷᠢᠶ᠎ᠡ ᠨᠢ ᠡᠰᠡᠷᠭᠦᠴᠡᠯᠳᠦᠬᠦ ᠶᠢᠨ ᠰᠢᠯᠲᠠᠭᠠᠨ ᠪᠣᠯᠵᠣ ᠪᠣᠯᠬᠤ ᠥᠬᠡᠶ᠂ ᠬᠠᠷᠢᠯᠴᠠᠨ ᠰᠣᠯᠢᠯᠴᠠᠵᠤ ᠬᠠᠷᠢᠯᠴᠠᠨ | ᠲᠣᠯᠢᠯᠠᠪᠠᠯ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤ ᠪᠠᠷ ᠳᠠᠪᠰᠢᠬᠤ ᠶᠢ ᠵᠣᠷᠢᠭᠵᠢᠭᠤᠯᠵᠤ ᠪᠣᠯᠤᠨ᠎ᠠ ᠭᠡᠵᠦ | ᠳᠤᠮᠳᠠᠳᠤ ᠤᠯᠤᠰ ᠡᠷᠡᠰ ᠪᠠᠲᠤ ᠦᠵᠡᠵᠦ ᠪᠠᠶᠢᠨ᠎ᠠ᠃ ᠳᠤᠮᠳᠠᠳᠤ ᠤᠯᠤᠰ ᠤᠨ ᠰᠣᠶᠣᠯ ᠳᠤ᠂ ᠨᠠᠶᠢᠷᠠᠮᠳᠠᠭᠤ ᠠᠲᠠᠯ᠎ᠠ | ᠠᠳᠠᠯᠢ ᠪᠤᠰᠤ ᠪᠠᠶᠢᠬᠤ ᠨᠢ ᠰᠠᠶᠢᠳ ᠡᠷᠳᠡᠮᠲᠡᠨ ᠤ ᠮᠣᠷᠠᠯ᠃ ᠥᠷᠥᠨᠡᠳᠠᠬᠢᠨ ᠤ ᠰᠣᠶᠣᠯ ᠳᠤ ᠪᠤᠰᠤᠳ ᠢ | ᠬᠦᠨᠳᠦᠳᠬᠡᠬᠦ ᠪᠣᠯ ᠲᠣᠮᠣᠭᠠᠲᠠᠨ ᠤ ᠨᠠᠮᠪᠠ᠃ ︽ᠲᠦᠮᠡᠨ ᠪᠣᠳᠠᠰ ᠵᠡᠷᠭᠡᠴᠡᠨ ᠣᠷᠣᠰᠢᠵᠤ ᠬᠠᠷᠢᠯᠴᠠᠨ ᠬᠤᠬᠢᠷᠠᠭᠤᠯᠬᠤ | ᠦᠭᠡᠢ᠂ ᠶᠣᠰᠣ ᠰᠤᠷᠲᠠᠬᠤᠨ ᠵᠡᠷᠭᠡᠴᠡᠨ ᠣᠷᠣᠰᠢᠵᠤ ᠬᠠᠷᠢᠯᠴᠠᠨ ᠬᠠᠷᠰᠢᠯᠳᠤᠬᠤ ᠦᠭᠡᠢ︾᠂ 2000 ᠭᠠᠷᠤᠢ | ᠵᠢᠯ ᠤᠨ ᠡᠮᠦᠨᠡᠬᠢ ᠳᠤᠮᠳᠠᠳᠤ ᠤᠯᠤᠰ ᠳᠠᠷᠤᠢ ᠡᠶᠢᠮᠦ ᠪᠠᠭᠲᠠᠭᠠᠮᠵᠢ ᠶᠢᠨ ᠭᠦᠨ ᠤᠬᠠᠭᠠᠨ ᠲᠠᠢ ᠪᠣᠯᠵᠠᠢ᠃ | ᠥᠨᠥᠳᠦᠷ ᠤᠨ ᠥᠷᠥᠨᠡᠳᠠᠬᠢᠨ ᠤ ᠤᠯᠤᠰ ᠤᠳ ᠴᠤ ᠡᠶᠢᠮᠦ ᠪᠠᠭᠳᠠᠭᠠᠮᠵᠢ ᠪᠠ ᠪᠣᠯᠪᠠᠰᠤᠷᠠᠯ ᠲᠠᠢ ᠪᠣᠯᠬᠤ ᠶᠢ ᠪᠢᠳᠠ | ᠬᠦᠰᠡᠵᠦ ᠪᠠᠶᠢᠨ᠎ᠠ᠃ ᠡᠯ᠎ᠡ ᠤᠯᠤᠰ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠡᠨᠡ ᠪᠥᠮᠪᠥᠷᠴᠡᠭ | ᠳᠡᠭᠡᠷ᠎ᠡ ᠥᠪᠡᠷ ᠥᠪᠡᠷ ᠤᠨ ᠭᠤᠸ᠎ᠠ ᠰᠠᠶᠢᠬᠠᠨ ᠢᠶᠠᠨ ᠪᠠᠭ᠋ᠠᠷᠬᠠᠵᠤ᠂ ᠭᠤᠸ᠎ᠠ ᠰᠠᠶᠢᠬᠠᠨ ᠢᠶᠠᠨ ᠬᠠᠮᠲᠤ ᠪᠠᠷ ᠡᠳ᠋ᠯᠡᠪᠡᠯ | ᠵᠣᠬᠢᠨ᠎ᠠ᠃ | ᠱᠧᠨᠵᠧᠨ ᠤ ᠣᠳᠣᠨ ᠲᠧᠯᠸᠢᠰ ᠤᠨ ᠰᠤᠷᠪᠤᠯᠵᠢᠯᠠᠭᠴᠢ᠄ ᠡᠨᠡ ᠵᠢᠯ ᠪᠣᠯ ᠳᠤᠮᠳᠠᠳᠤ ᠤᠯᠤᠰ ᠳᠡᠯᠡᠬᠡᠶ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ 20 ᠵᠢᠯ ᠤᠨ ᠣᠶ ᠪᠣᠯᠤᠨ᠎ᠠ᠃ ᠳᠡᠯᠡᠬᠡᠶ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠨᠢ ᠳᠤᠮᠳᠠᠳᠤ ᠤᠯᠤᠰ ᠤᠨ ᠳᠡᠯᠡᠬᠡᠶ ᠳ᠋ᠠᠬᠢᠨ ᠳᠤ | ᠠᠭᠤᠰᠤᠯᠴᠠᠨ ᠣᠷᠣᠵᠤ᠂ ᠭᠠᠳᠠᠭᠰᠢ ᠨᠡᠭᠡᠭᠡᠯᠲᠡ ᠬᠢᠭᠰᠡᠨ ᠪᠡᠯᠭᠡ ᠲᠡᠮᠳᠡᠭ ᠤᠨ ᠴᠢᠨᠠᠷᠲᠠᠶ ᠬᠡᠷᠡᠭ ᠶᠠᠪᠤᠳᠠᠯ ᠪᠣᠯᠤᠨ᠎ᠠ᠃ | ᠳᠤᠮᠳᠠᠳᠤ ᠤᠯᠤᠰ ᠡᠭᠦᠨ ᠢ ᠬᠡᠷᠬᠢᠨ ᠦᠵᠡᠵᠦ ᠪᠠᠶᠢᠬᠤ ᠪᠤᠢ︖ | ᠸᠠᠩ ᠢ᠄ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠨᠢ | ᠳᠤᠮᠳᠠᠳᠤ ᠤᠯᠤᠰ ᠤᠨ ᠭᠠᠳᠠᠭᠠᠳᠤ ᠨᠡᠬᠡᠬᠡᠯᠳᠡ ᠪᠣᠯᠤᠨ ᠳᠡᠯᠡᠬᠡᠢ ᠶᠢᠨ ᠠᠵᠤ ᠠᠬᠤᠢ ᠶᠢᠨ ᠳᠡᠯᠡᠬᠡᠶᠢᠵᠢᠯᠲᠡ ᠶᠢᠨ | ᠶᠠᠪᠤᠴᠠ ᠳᠠᠬᠢ ᠬᠥᠰᠢ᠊ ᠡᠶ᠎ᠡ ᠲᠤᠷᠠᠳᠬᠠᠯ ᠤᠨ ᠠᠴᠢ ᠬᠤᠯᠪᠣᠭᠳᠠᠯ ᠲᠠᠢ ᠲᠤᠮᠤ ᠶᠠᠪᠤᠳᠠᠯ ᠪᠣᠯᠤᠨ᠎ᠠ᠃ ᠥᠩᠭᠡᠷᠡᠭᠰᠡᠨ | 20 ᠵᠢᠯ ᠪᠢᠳᠡᠨ ᠳᠤ ᠳᠥᠷᠪᠡᠨ ᠴᠢᠬᠤᠯᠠ ᠰᠡᠩᠬᠡᠷᠡᠭᠦᠯᠦᠯ ᠣᠯᠭᠤᠪᠠ᠄ | ᠨᠢᠭᠡᠳᠦᠭᠡᠷ ᠲᠤ᠂ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠤᠳᠤᠯᠭ᠎ᠠ ᠶᠢ ᠡᠷᠬᠡᠪᠰᠢ ᠪᠠᠷᠢᠮᠲᠠᠯᠠᠬᠤ | ᠬᠡᠷᠡᠭᠲᠡᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠬᠰᠠᠨ 20 ᠵᠢᠯ ᠳᠤ᠂ ᠳᠤᠮᠳᠠᠳᠤ | ᠤᠯᠤᠰ ᠬᠥᠭᠵᠢᠭᠡᠳ ᠪᠦᠬᠦ ᠪᠥᠮᠪᠥᠷᠴᠡᠭ ᠤᠨ ᠬᠤᠶᠠᠳᠤᠭᠠᠷ ᠲᠤᠮᠤ ᠠᠵᠤ ᠠᠬᠤᠢ ᠶᠢᠨ ᠴᠣᠭᠴᠠ᠂ ᠨᠢᠭᠡᠳᠦᠭᠡᠷ ᠲᠤᠮᠤ | ᠪᠠᠷᠠᠭᠠᠨ ᠤ ᠠᠷᠠᠯᠵᠢᠶᠠᠨ ᠤ ᠤᠯᠤᠰ᠂ ᠨᠢᠭᠡᠳᠦᠭᠡᠷ ᠲᠤᠮᠤ ᠭᠠᠳᠠᠭᠠᠳᠤ ᠪᠡᠯᠡ ᠶᠢ ᠰᠢᠩᠭᠡᠭᠡᠨ ᠠᠪᠤᠭᠰᠠᠨ ᠤᠯᠤᠰ | ᠪᠣᠯᠪᠠ᠃ ᠣᠳᠣᠬᠠᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠨᠡᠭᠡᠭᠡᠯᠳᠡ ᠬᠢᠬᠦ ᠨᠥᠬᠦᠴᠡᠯ ᠳᠣᠣᠷ᠎ᠠ ᠳᠡᠮᠡᠴᠡᠨ | ᠣᠯᠤᠭᠰᠠᠨ ᠶᠤᠮ᠂ ᠬᠤᠶᠢᠰᠢᠳᠠ ᠶᠢᠨ ᠴᠢᠨᠠᠷ ᠰᠠᠶᠢᠲᠠᠢ ᠬᠥᠭᠵᠢᠯᠲᠡ ᠶᠢ ᠴᠦ ᠨᠡᠩ ᠨᠡᠭᠡᠭᠡᠯᠳᠡ ᠬᠢᠬᠦ ᠨᠥᠬᠦᠴᠡᠯ | ᠳᠣᠣᠷ᠎ᠠ ᠶᠠᠪᠤᠭᠳᠠᠭᠤᠯᠬᠤ ᠬᠡᠷᠡᠭᠲᠡᠢ᠃ | ᠬᠤᠶᠠᠳᠤᠭᠠᠷ ᠲᠤ᠂ ᠡᠷᠬᠡᠪᠰᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭᠠᠨ ᠤ | ᠣᠶᠢᠯᠠᠭᠠᠭᠳᠠᠬᠤᠨ ᠢ ᠪᠠᠷᠢᠮᠲᠠᠯᠠᠬᠤ ᠬᠡᠷᠡᠭᠲᠡᠢ᠃ 20 ᠵᠢᠯ ᠤᠨ ᠲᠤᠷᠰᠢ᠂ ᠳᠤᠮᠳᠠᠳᠤ ᠤᠯᠤᠰ ᠤᠨ ᠪᠦᠬᠦ | ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠵᠢᠯ ᠳᠤᠮᠳᠠᠴᠢ ᠶᠢᠨ ᠬᠤᠪᠢ ᠨᠡᠮᠡᠷᠢ ᠶᠢᠨ ᠨᠤᠷᠮ᠎ᠠ | 30% ᠰᠢᠬᠠᠮ ᠳᠤ ᠬᠦᠷᠴᠡᠢ᠃ ᠪᠣᠭᠤᠮᠲᠠ ᠶᠢᠨ ᠭᠠᠶᠢᠯᠢ ᠶᠢᠨ ᠶᠡᠷᠦᠩᠬᠡᠢ ᠲᠦᠪᠰᠢᠨ 15.3% | ᠪᠠᠶᠢᠭᠰᠠᠨ ᠠᠴᠠ ᠪᠠᠨ 7.5% ᠠᠴᠠ ᠳᠣᠷᠤᠭᠰᠢ ᠪᠤᠯᠤᠨ ᠪᠠᠭᠤᠷᠠᠵᠦ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠣᠷᠣᠬᠤ ᠠᠮᠠᠯᠠᠯᠲᠠ ᠶᠢᠨ 10% ᠠᠴᠠ ᠬᠤᠯᠠ ᠳᠣᠣᠷ᠎ᠠ ᠪᠠᠶᠢᠵᠦ᠂ ᠪᠤᠰᠤᠳ ᠭᠤᠣᠯ ᠪᠣᠯᠬᠤ | ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠠᠴᠠ ᠨᠡᠩ ᠳᠣᠣᠷ᠎ᠠ ᠪᠣᠯᠵᠠᠢ᠃ ᠡᠳ᠋ ᠪᠠᠷᠠᠭᠠᠨ ᠤ ᠭᠠᠳᠠᠭᠠᠳᠤ | ᠣᠷᠣᠭᠤᠯᠤᠯᠲᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠨᠤᠷᠮ᠎ᠠ ᠬᠤᠶᠠᠷ ᠣᠷᠣᠨᠲᠤ ᠲᠤᠭ᠎ᠠ ᠶᠢ ᠳᠠᠪᠠᠵᠤ᠂ | ᠳᠤᠮᠳᠠᠳᠤ ᠤᠯᠤᠰ ᠲᠤ ᠪᠠᠶᠢᠭᠤᠯᠤᠭᠰᠠᠨ ᠭᠠᠳᠠᠭᠠᠳᠤ ᠪᠡᠯᠡ ᠶᠢᠨ ᠠᠵᠤ ᠠᠬᠤᠶᠢᠯᠠᠯ 100 ᠲᠦᠮᠡ ᠶᠢ ᠳᠠᠪᠠᠪᠠ᠃ | ᠡᠳᠡᠭᠡᠷ ᠲᠤᠭ᠎ᠠ ᠪᠠᠷᠢᠮᠲᠠ ᠨᠢ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ | ᠤᠷᠤᠵᠦ᠂ ᠳᠡᠯᠡᠬᠡᠢ ᠳ᠋ᠠᠬᠢᠨ ᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | ᠭᠤᠷᠪᠠᠳᠤᠭᠠᠷ ᠲᠤ᠂ ᠡᠷᠬᠡᠪᠰᠢ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠬᠤ | ᠬᠡᠷᠡᠭᠲᠡᠢ᠃ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠬᠰᠠᠨ ᠨᠢ ᠠᠵᠤ | ᠠᠬᠤᠢ ᠶᠢᠨ ᠳᠡᠯᠡᠬᠡᠶᠢᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ | ᠠᠵᠤ ᠦᠢᠯᠡᠰ ᠤᠨ ᠬᠡᠯᠬᠢ᠊ ᠡᠶ᠎ᠡ ᠶᠢ ᠰᠢᠯᠢᠳᠡᠭᠵᠢᠭᠦᠯᠬᠦ ᠪᠠ ᠡᠬᠢ ᠪᠠᠶᠠᠯᠢᠭ ᠤᠨ ᠬᠠᠮᠤᠭ ᠤᠨ ᠰᠠᠶᠢᠨ | ᠲᠤᠬᠢᠷᠠᠭᠤᠯᠤᠯᠳᠠ ᠶᠢ ᠠᠬᠢᠭᠤᠯᠪᠠ᠃ ᠳᠡᠯᠡᠬᠡᠶᠢᠵᠢᠯᠲᠡ ᠶᠢᠨ ᠠᠪᠴᠢᠷᠠᠭᠰᠠᠨ ᠰᠢᠨ᠎ᠡ ᠠᠰᠠᠭᠤᠳᠠᠯ ᠰᠢᠨ᠎ᠡ | ᠥᠷᠢᠰᠥᠯᠳᠦᠭᠡᠨ ᠤ ᠡᠮᠦᠨ᠎ᠡ᠂ ᠪᠢᠳᠡ ᠬᠠᠮᠠᠭᠠᠯᠠᠬᠤ ᠦᠵᠡᠯ ᠪᠣᠯᠤᠨ ᠭᠠᠭᠴᠠᠭᠠᠷᠳᠠᠮᠠᠯ ᠢᠶᠠᠷ ᠬᠠᠷᠢᠴᠠᠭ᠎ᠠ ᠪᠠᠨ | ᠲᠠᠰᠤᠯᠬᠤ ᠪᠠᠶᠢᠳᠠᠯ ᠳᠤ ᠪᠤᠴᠠᠵᠤ ᠪᠣᠯᠬᠤ ᠦᠭᠡᠢ᠂ ᠬᠠᠷᠢᠨ ᠭᠠᠷ ᠬᠤᠯᠪᠣᠨ ᠡᠨᠡ ᠬᠦ ᠠᠬᠢᠴᠠ ᠶᠢᠨ ᠨᠡᠩ | ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ | ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ᠃ | ᠳᠥᠷᠪᠡᠳᠦᠭᠡᠷ ᠲᠤ᠂ ᠡᠷᠬᠡᠪᠰᠢ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ | ᠦᠢᠯᠡᠳᠦᠯ ᠢ ᠪᠠᠷᠢᠮᠲᠠᠯᠠᠬᠤ ᠬᠡᠷᠡᠭᠲᠡᠢ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠣᠯ ᠤᠯᠠᠨ | ᠤᠯᠤᠰ ᠤᠨ ᠠᠷᠠᠯᠵᠢᠶᠠᠨ ᠤ ᠰᠠᠭᠤᠷᠢ ᠮᠥᠨ᠂ ᠪᠦᠬᠦ ᠪᠥᠮᠪᠥᠷᠴᠡᠭ ᠤᠨ ᠨᠡᠮᠡᠭᠳᠡᠯ ᠤᠨ ᠲᠤᠯᠭᠠᠭᠤᠷᠢ ᠮᠥᠨ᠃ | ᠳᠤᠮᠳᠠᠳᠤ ᠤᠯᠤᠰ ᠣᠯᠠᠨ ᠲᠠᠯᠠᠲᠤ ᠠᠷᠠᠯᠵᠢᠶᠠᠨ ᠤ ᠲᠦᠷᠢᠮ ᠢ ᠡᠷᠡᠰ ᠵᠢᠷᠤᠮᠯᠠᠵᠤ᠂ ᠳᠡᠯᠡᠬᠡᠶ ᠶᠢᠨ ᠠᠷᠠᠯᠵᠢᠶᠠᠨ ᠤ | ᠵᠣᠬᠢᠶᠠᠨ ᠪᠠᠶᠢᠭᠤᠯᠤᠯᠲᠠ ᠶᠢᠨ ᠦᠵᠡᠭᠦᠯᠪᠡᠰᠦ ᠵᠣᠬᠢᠬᠤ ᠦᠶ᠋ᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠣᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠦ ᠴᠢᠨᠠᠷ | ᠪᠣᠯᠤᠨ ᠡᠷᠬᠡ ᠰᠦᠷᠲᠦ ᠴᠢᠨᠠᠷ ᠢ ᠴᠢᠩᠭᠠᠳᠬᠠᠨ᠎ᠠ᠃ | ᠶᠠᠫᠣᠨ ᠤ ᠺᠢᠤᠳᠣ᠋ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠨᠢᠳᠤᠨᠤᠨ ᠶᠠᠫᠣᠨ ᠳᠤᠮᠳᠠᠳᠤ ᠶᠢᠨ ᠬᠠᠷᠢᠯᠴᠠᠭ᠎ᠠ | ᠰᠠᠶᠢᠵᠢᠷᠠᠬᠤ ᠬᠠᠨᠳᠤᠰᠢ ᠲᠠᠢ ᠪᠣᠯᠪᠠ᠃ ᠭᠡᠪᠡᠴᠦ ︽ᠪᠦᠭᠦᠳᠡ ᠨᠠᠶᠢᠷᠠᠮᠳᠠᠬᠪ᠊ ᠳᠣᠮᠳᠠᠳᠦ ᠠᠷᠠᠣᠠ ᠤᠯᠣᠰ ᠤᠨ | ᠳᠠᠯᠠᠶ ᠶᠢᠨ ᠴᠠᠭᠳᠠᠭ᠎ᠠ ᠶᠢᠨ ᠬᠠᠤᠯᠢ︾ ᠨᠡᠶᠢᠲᠡᠯᠡᠭᠳᠡᠭᠰᠡᠨ ᠤ ᠳᠠᠷᠠᠭ᠎ᠠ᠂ ᠶᠠᠫᠣᠨ ᠤ ᠤᠯᠤᠰ ᠤᠨ ᠳᠣᠲᠣᠭᠠᠳᠤ ᠳᠤ | ᠳᠤᠮᠳᠠᠳᠤ ᠤᠯᠤᠰ ᠢ ᠰᠡᠷᠡᠮᠵᠢᠯᠡᠬᠦ ᠰᠡᠳᠬᠢᠯᠭᠡ ᠨᠢ ᠳᠡᠭᠡᠭᠰᠢᠯᠡᠵᠡᠶ᠃ ᠲᠠ ᠡᠭᠦᠨ ᠳᠤ ᠶᠠᠮᠠᠷ ᠦᠨᠡᠯᠡᠯᠲᠡ ᠲᠠᠢ ᠪᠣᠢ︖ | ᠳᠤᠮᠳᠠᠳᠤ ᠶᠢᠨ ᠲᠠᠯ᠎ᠠ ᠶᠠᠫᠣᠨ ᠤ ᠲᠠᠯ᠎ᠠ ᠲᠠᠢ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯ᠎ᠠ ᠪᠠᠷ ᠬᠠᠮᠲᠤᠷᠠᠯᠴᠠᠭ᠎ᠠ | ᠥᠷᠨᠢᠭᠦᠯᠬᠦ ᠪᠣᠯᠤᠯᠴᠠᠭ᠎ᠠ ᠲᠠᠢ ᠤᠤ︖ | ᠸᠠᠩ ᠢ᠄ ᠤᠢᠢᠷ᠎ᠠ ᠶᠢᠨ ᠵᠢᠯ ᠳᠤ᠂ ᠳᠤᠮᠳᠠᠳᠤ ᠶᠠᠫᠣᠨ ᠬᠤᠶᠠᠷ ᠤᠯᠤᠰ ᠤᠨ ᠤᠳᠤᠷᠢᠳᠤᠯᠭ᠎ᠠ ᠬᠤᠶᠠᠷ | ᠲᠠᠯ᠎ᠠ ᠪᠠᠷ ᠢᠶᠠᠨ ︽ᠬᠠᠷᠢᠯᠴᠠᠨ ᠬᠠᠮᠲᠤᠷᠠᠯᠴᠠᠭᠠᠨ ᠤ ᠬᠠᠨᠢᠲᠠᠨ ᠪᠣᠯᠤᠯᠴᠠᠵᠤ᠂ ᠬᠠᠷᠢᠯᠴᠠᠨ ᠰᠦᠷᠳᠡᠭᠦᠯᠦᠯ ᠪᠣᠯᠬᠤ | ᠦᠭᠡᠢ︾ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠂ ᠬᠤᠶᠠᠷ ᠤᠯᠤᠰ ᠤᠨ ᠠᠷᠠᠳ ᠲᠦᠮᠡᠨ | ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠳᠤᠮᠳᠠ ︽ᠠᠳᠠᠯᠢᠬᠠᠨ ᠨᠢᠭᠡᠨ ᠠᠭᠤᠯᠠ ᠤᠰᠤ ᠶᠢ ᠡᠳ᠋ᠯᠡᠭᠰᠡᠨ ᠦᠭᠡᠢ ᠴᠦ | ᠠᠳᠠᠯᠢᠬᠠᠨ ᠨᠢᠭᠡᠨ ᠲᠡᠷᠭᠡᠯ ᠰᠠᠷ᠎ᠠ ᠶᠢ ᠤᠯᠵᠦ ᠬᠠᠷᠡᠬᠤᠢ︾ ᠢᠷᠠᠭᠤ ᠲᠠᠭᠤᠨ ᠢ ᠲᠠᠭᠤᠷᠢᠰᠬᠠᠪᠠ᠂ ᠬᠤᠶᠠᠷ | ᠤᠯᠤᠰ ᠤᠨ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠬᠢᠵᠢᠭ ᠤᠨ ᠪᠠᠶᠢᠳᠠᠯ ᠤᠨ ᠨᠥᠯᠥᠭᠡ ᠶᠢ ᠢᠯᠠᠨ | ᠳᠠᠪᠠᠵᠤ ᠰᠥᠷᠭᠡᠦ ᠨᠡᠮᠡᠭᠳᠡᠯ ᠢ ᠪᠡᠶᠡᠯᠡᠭᠦᠯᠪᠡ᠂ ᠡᠳᠡᠭᠡᠷ ᠢᠳᠡᠪᠬᠢᠲᠡᠢ ᠠᠬᠢᠴᠠ ᠨᠢ ᠳᠤᠮᠳᠠᠳᠤ ᠶᠠᠫᠣᠨ ᠤ | ᠬᠠᠷᠢᠯᠴᠠᠭ᠎ᠠ ᠶᠢᠨ ᠰᠠᠶᠢᠵᠢᠷᠠᠯᠲᠠ ᠬᠥᠭᠵᠢᠯᠲᠡ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠳᠤ | ᠨᠡᠶᠢᠴᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠠᠰᠢᠭᠲᠠᠢ᠂ ᠬᠢᠯᠪᠠᠷ ᠪᠤᠰᠤ ᠪᠠᠷ | ᠢᠷᠡᠭᠰᠡᠨ ᠶᠤᠮ᠂ ᠡᠭᠦᠨ ᠢ ᠨᠠᠨᠳᠢᠩᠨᠠᠭᠤᠰᠢᠲᠠᠢ ᠶᠤᠮ᠃ | ᠳᠤᠮᠳᠠᠳᠤ ᠶᠠᠫᠣᠨ ᠤ ᠬᠠᠷᠢᠯᠴᠠᠭ᠎ᠠ ᠪᠣᠯᠪᠠᠰᠤᠷᠠᠩᠭᠤᠢ ᠲᠣᠭᠲᠠᠭᠤᠨ ᠲᠡᠶᠢᠰᠢ ᠤᠷᠤᠭᠰᠢᠯᠠᠬᠤ ᠳᠤ ᠲᠣᠭᠲᠠᠯ | ᠬᠦᠴᠦᠨ ᠢᠶᠠᠨ ᠪᠠᠲᠤᠯᠠᠵᠤ᠂ ᠨᠢᠭᠡ ᠴᠠᠭ ᠨᠢᠭᠡ ᠶᠠᠪᠤᠳᠠᠯ ᠳᠤ ᠨᠥᠯᠥᠭᠡᠯᠡᠭᠳᠡᠬᠦ ᠦᠭᠡᠢ ᠪᠠᠶᠢᠬᠤ ᠬᠡᠷᠡᠭᠲᠡᠢ᠃ | ᠵᠢᠱᠢᠶᠡᠯᠡᠪᠡᠯ ᠲᠠᠨ ᠤ ᠳᠤᠷᠠᠳᠤᠭᠰᠠᠨ ᠳᠤᠮᠳᠠᠳᠤ ᠤᠯᠤᠰ ᠤᠨ ᠨᠡᠶᠢᠲᠡᠯᠡᠨ ᠬᠡᠷᠡᠭᠵᠢᠭᠦᠯᠦᠭᠰᠡᠨ ᠲᠡᠯᠡᠶ ᠶᠢᠨ | ᠴᠠᠭᠳᠠᠭ᠎ᠠ ᠶᠢᠨ ᠬᠠᠤᠯᠢ ᠪᠣᠯ ᠵᠥᠪᠬᠡᠨ ᠨᠢᠭᠡ ᠵᠦᠶ᠋ᠯ ᠤᠨ ᠵᠤᠷᠰᠢᠯᠲᠤ ᠤᠯᠤᠰ ᠤᠨ ᠳᠣᠲᠣᠭᠠᠳᠤ ᠶᠢᠨ ᠬᠠᠤᠯᠢ | ᠲᠣᠭᠲᠠᠭᠠᠯᠲᠠ ᠮᠥᠨ᠂ ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠪᠢᠰᠢ᠂ ᠣᠯᠠᠨ ᠤᠯᠤᠰ ᠤᠨ ᠬᠠᠤᠯᠢ | ᠪᠠ ᠣᠯᠠᠨ ᠤᠯᠤᠰ ᠤᠨ ᠦᠶ᠋ᠯᠡᠳᠦᠯᠭᠡ ᠳᠤ ᠪᠦᠷᠢᠮᠦᠰᠦᠨ ᠨᠡᠶᠢᠴᠡᠵᠦ ᠪᠠᠶᠢᠨ᠎ᠠ᠃ ᠦᠨᠡᠨ ᠳᠡᠭᠡᠨ᠂ ᠶᠠᠫᠣᠨ ᠢ | ᠪᠠᠭᠲᠠᠭᠠᠭᠰᠠᠨ ᠮᠠᠰᠢ ᠣᠯᠠᠨ ᠤᠯᠤᠰ ᠠᠯᠢ ᠡᠷᠲᠡ ᠠᠳᠠᠯᠢᠪᠲᠤᠷ ᠬᠠᠤᠯᠢ ᠳᠦᠷᠢᠮ ᠲᠣᠭᠲᠠᠭᠠᠪᠠ᠃ ᠲᠡᠯᠡᠶ ᠳᠡᠭᠡᠷᠡᠬᠢ | ᠮᠠᠷᠭᠤᠯᠳᠤᠭᠠᠨ ᠢ ᠨᠥᠬᠦᠷᠰᠡᠭ ᠢᠶᠠᠷ ᠵᠥᠪᠳᠡᠯᠴᠡᠨ ᠰᠢᠶ᠋ᠳᠪᠦᠷᠢᠯᠡᠵᠦ᠂ ᠵᠡᠪᠰᠡᠭᠲᠦ ᠬᠦᠴᠦᠨ ᠬᠡᠷᠡᠭᠯᠡᠬᠦ ᠥᠬᠡᠶ ᠪᠤᠶᠤ | ᠵᠡᠪᠰᠡᠭᠲᠦ ᠬᠦᠴᠦᠨ ᠢᠶᠠᠷ ᠰᠦᠷᠳᠡᠭᠦᠯᠬᠦ ᠥᠬᠡᠶ ᠪᠠᠶᠢᠬᠤ ᠪᠣᠯ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠢᠮᠠᠭᠲᠠ ᠶᠢᠨ ᠵᠣᠭᠰᠣᠯᠲᠠ ᠮᠥᠨ᠂ ᠪᠠᠰᠠ ᠴᠤ ᠳᠤᠮᠳᠠᠳᠤ ᠤᠯᠤᠰ ᠬᠢᠭᠡᠳ ᠡᠷᠬᠢᠨ ᠲᠣᠭᠤᠷᠢᠨ ᠤ ᠬᠥᠷᠰᠢ | ᠤᠯᠤᠰ ᠤᠨ ᠬᠤᠭᠤᠷᠣᠨᠳᠣᠬᠢ ᠣᠷᠳᠣ ᠬᠤᠭᠤᠴᠠᠭᠠᠨ ᠤ ᠬᠠᠮᠲᠤ ᠶᠢᠨ ᠲᠠᠨᠢᠯᠲᠠ ᠮᠥᠨ᠃ | ᠳᠤᠮᠳᠠᠳᠤ ᠶᠠᠫᠣᠨ ᠤ ᠶᠠᠪᠤᠯᠴᠠᠭ᠎ᠠ ᠳᠤᠮᠳᠠ ᠢᠯᠡᠷᠡᠭᠰᠡᠨ ᠶᠠᠮᠠᠷᠪᠠ ᠠᠰᠠᠭᠤᠳᠠᠯ ᠤᠨ ᠲᠤᠬᠠᠢ᠂ ᠬᠤᠶᠠᠷ | ᠲᠠᠯ᠎ᠠ ᠪᠠᠷ ᠢᠶᠠᠨ ᠴᠥᠮ ᠶᠠᠷᠢᠯᠴᠠᠭ᠎ᠠ ᠤᠯᠤᠯᠴᠠᠭ᠎ᠠ ᠪᠠᠷ ᠳᠠᠮᠵᠢᠭᠤᠯᠤᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ | ᠢᠲᠡᠭᠡᠯᠴᠡᠭᠡ ᠪᠠᠶᠢᠭᠤᠯᠵᠤ ᠪᠣᠯᠤᠨ᠎ᠠ᠃ ᠶᠠᠫᠣᠨ ᠤ ᠨᠡᠶᠢᠭᠡᠮ ᠦᠨᠡᠨ ᠬᠦ ᠪᠤᠰᠤᠳᠴᠢ ᠣᠶᠤᠨᠴᠢ ᠪᠠᠷ ᠳᠤᠮᠳᠠᠳᠤ | ᠤᠯᠤᠰ ᠤᠨ ᠲᠤᠬᠠᠢ ᠲᠠᠨᠢᠯᠳᠠ ᠶᠢ ᠪᠤᠢ ᠪᠣᠯᠭᠠᠵᠤ᠂ ᠳᠤᠮᠳᠠᠳᠤ ᠶᠠᠫᠣᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ | ᠠᠶᠠᠯᠠᠬᠤ ᠳᠤ ᠠᠰᠢᠭᠲᠠᠢ ᠠᠷᠠᠳ ᠤᠨ ᠰᠠᠨᠠᠭᠠᠨ ᠤ ᠰᠠᠭᠤᠷᠢ ᠶᠢ ᠪᠠᠲᠤ ᠴᠣᠭᠴᠠᠯᠠᠬᠤ ᠶᠢ ᠬᠦᠰᠡᠵᠦ ᠪᠠᠶᠢᠨ᠎ᠠ᠃ | ᠳᠤᠮᠳᠠᠳᠤ ᠶᠠᠫᠣᠨ ᠬᠤᠶᠠᠷ ᠤᠯᠤᠰ ᠲᠠᠷᠠᠭᠠᠯᠠᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ | ᠪᠣᠯᠤᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠮᠵᠢᠯᠴᠡᠵᠦ᠂ ᠠᠤᠭ᠎ᠠ ᠦᠢᠯᠡᠰ ᠢ ᠬᠠᠮᠲᠤ ᠪᠠᠷ ᠪᠦᠲᠦᠭᠡᠵᠦ᠂ | ᠡᠨᠡ ᠬᠤᠶᠠᠷ ᠤᠳᠠᠭ᠎ᠠ ᠶᠢᠨ ᠦᠪᠡᠳᠡᠭᠰᠢ ᠴᠤᠭᠯᠠᠭᠠᠨ ᠢ ᠬᠤᠶᠠᠷ ᠤᠯᠤᠰ ᠤᠨ ᠠᠷᠠᠳ ᠲᠦᠮᠡᠨ ᠤ ᠨᠥᠬᠦᠷᠰᠡᠭ | ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠲᠠᠪᠴᠠᠩ ᠪᠣᠯᠭᠠᠵᠤ᠂ ᠳᠤᠮᠳᠠᠳᠤ ᠶᠠᠫᠣᠨ ᠤ ᠬᠠᠷᠢᠯᠴᠠᠭ᠎ᠠ ᠶᠢᠨ | ᠬᠥᠭᠵᠢᠯᠲᠡ ᠶᠢ ᠠᠬᠢᠭᠤᠯᠬᠤ ᠠᠵᠠ ᠲᠣᠬᠢᠶᠠᠯ ᠪᠣᠯᠭᠠᠬᠤ ᠶᠣᠰᠣᠲᠠᠢ᠃ ᠪᠢᠳᠡ ᠡᠨᠡ ᠵᠤᠨ ᠲᠣᠣᠺᠢᠣ᠋ ᠳᠤ | ᠠᠩᠬᠠᠷᠤᠯ ᠢᠶᠠᠨ ᠲᠥᠪᠯᠡᠷᠡᠭᠦᠯᠵᠦ᠂ ᠳᠠᠷᠠᠭ᠎ᠠ ᠵᠢᠯ ᠪᠡᠭᠡᠵᠢᠩ ᠳᠤ ᠪᠣᠯᠵᠣᠶ᠎ᠠ︕ | ︽ᠪᠥᠮᠪᠥᠷᠴᠡᠭ ᠴᠠᠭ ᠤᠨ ᠰᠣᠨᠢᠨ︾ ᠤ ᠣᠨᠴᠠ ᠤᠷᠢᠭᠰᠠᠨ ᠰᠤᠷᠪᠤᠯᠵᠢᠯᠠᠭᠴᠢ᠄ ᠠᠮᠧᠷᠢᠺᠠ ᠮᠡᠳᠤ ᠶᠢᠨ | ᠥᠷᠥᠨᠡᠳᠠᠬᠢᠨ ᠤ ᠤᠯᠤᠰ ᠤᠳ ᠳᠤᠮᠳᠠᠳᠤ ᠤᠯᠤᠰ ᠢ ᠰᠢᠨᠵᠢᠶᠠᠩ ᠳᠤ ︽ᠦᠨᠳᠤᠰᠤᠳᠠᠨ ᠤ ᠤᠰᠠᠳᠬᠠᠯᠳᠠ︾ ᠶᠢᠨ | ᠠᠵᠢᠯᠯᠠᠭ᠎ᠠ ᠬᠢᠭᠰᠡᠨ ᠭᠡᠵᠤ ᠭᠦᠳᠬᠡᠵᠦ ᠪᠠᠶᠢᠭ᠎ᠠ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠢᠯᠢᠩ | ᠬᠤᠷᠣᠰᠤᠯ ᠢ ᠳᠡᠭᠳᠡᠭᠡᠵᠦ ᠪᠠᠶᠢᠨ᠎ᠠ᠃ ᠳᠤᠮᠳᠠᠳᠤ ᠤᠯᠤᠰ ᠡᠬᠦᠨ ᠳᠤ ᠶᠠᠮᠠᠷᠬᠠᠨ ᠬᠠᠷᠢᠭᠤ ᠲᠤᠰᠬᠠᠯ ᠲᠠᠢ ᠪᠤᠢ︖ | ᠸᠠᠩ ᠢ᠄ ︽ᠦᠨᠳᠤᠰᠤᠳᠠᠨ ᠤ ᠤᠰᠠᠳᠬᠠᠯᠳᠠ︾ ᠶᠢᠨ ᠲᠤᠬᠠᠢ ᠶᠠᠷᠢᠪᠠᠯ᠂ ᠣᠯᠠᠩᠬᠢ ᠬᠥᠮᠦᠰ 16 ᠳ᠋ᠤᠭᠠᠷ | ᠵᠠᠭᠤᠨ ᠤ ᠤᠮᠠᠷᠠᠲᠤ ᠠᠮᠧᠷᠢᠺᠠ ᠶᠢᠨ ᠢᠨᠳᠢᠶᠠᠨᠴᠤᠳ᠂ 19 ᠳ᠋ᠤᠭᠡᠷ ᠵᠠᠭᠤᠨ ᠤ ᠠᠹᠷᠢᠺᠠ ᠲᠢᠪ ᠤᠨ ᠬᠠᠷ᠎ᠠ | ᠠᠷᠠᠰᠤᠲᠠᠨ ᠪᠣᠭᠤᠯᠴᠤᠳ᠂ 20 ᠳ᠋ᠤᠭᠠᠷ ᠵᠠᠭᠤᠨ ᠤ ᠢᠪᠷᠠᠶᠢᠴᠤᠳ ᠵᠢᠴᠢ ᠤᠳᠤ ᠪᠣᠯᠲᠠᠯ᠎ᠠ ᠡᠰᠡᠷᠭᠦᠴᠡᠭᠰᠡᠭᠡᠷ | ᠪᠠᠶᠢᠭ᠎ᠠ ᠠᠦ᠋ᠰᠳ᠋ᠷᠠᠯᠢᠶ᠎ᠠ ᠶᠢᠨ ᠤᠤᠭᠠᠯᠴᠤᠳ ᠢ ᠪᠤᠳᠤᠵᠤ ᠣᠯᠳᠠᠭ᠃ | ᠰᠢᠨᠵᠢᠶᠠᠩ ᠣᠷᠣᠨ ᠳᠤ ︽ᠦᠨᠳᠤᠰᠤᠳᠠᠨ ᠤ ᠤᠰᠠᠳᠬᠠᠯᠳᠠ︾ ᠬᠢᠭᠰᠡᠨ ᠭᠡᠳᠡᠭ ᠬᠡᠯᠡᠯᠭᠡ ᠪᠣᠯ ᠱᠠᠯ ᠳᠡᠮᠡᠶ ᠴᠠᠯᠴᠢᠶ᠎ᠠ | ᠂ ᠪᠦᠷᠢᠮᠦᠰᠤᠨ ᠤᠨᠳᠤᠤ ᠵᠤᠷᠢᠯᠭ᠎ᠠ ᠲᠠᠢ ᠳᠠᠯᠪᠢᠬᠰᠠᠨ ᠴᠤᠤᠷᠬᠠᠯ᠂ ᠲᠡᠷᠡ ᠴᠢᠭ ᠢᠶᠠᠷ ᠢᠶᠠᠨ ᠬᠤᠳᠠᠯ ᠴᠠᠯᠴᠢᠶ᠎ᠠ ᠮᠥᠨ | ᠃ ᠥᠩᠭᠡᠷᠡᠭᠰᠡᠨ 40 ᠭᠠᠷᠤᠶ ᠵᠢᠯ ᠤᠨ ᠲᠤᠷᠰᠢ᠂ ᠰᠢᠨᠵᠢᠶᠠᠩ ᠤᠨ ᠤᠶᠢᠭᠤᠷ ᠦᠨᠳᠦᠰᠦᠲᠡᠨ ᠤ ᠬᠥᠮᠦᠨ ᠠᠮᠠ | 555 ᠲᠦᠮᠡ ᠪᠠᠶᠢᠭᠰᠠᠨ ᠠᠴᠠ ᠪᠠᠨ 1200 ᠭᠠᠷᠤᠶ ᠲᠦᠮᠡ ᠪᠣᠯᠤᠨ ᠨᠡᠮᠡᠭᠳᠡᠵᠦ᠂ ᠬᠤᠶᠠᠷ ᠳᠠᠬᠢᠨ ᠨᠡᠮᠡᠭᠳᠡᠵᠡᠢ᠃ | ᠥᠩᠭᠡᠷᠡᠭᠰᠡᠨ 60 ᠭᠠᠷᠤᠶ ᠵᠢᠯ ᠤᠨ ᠲᠤᠷᠰᠢ᠂ ᠰᠢᠨᠵᠢᠶᠠᠩ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ 200 | ᠭᠠᠷᠤᠶ ᠳᠠᠬᠢᠨ ᠨᠡᠮᠡᠭᠳᠡᠵᠦ᠂ ᠬᠥᠮᠦᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 30 ᠨᠠᠰᠤᠨ ᠠᠴᠠ 72 ᠨᠠᠰᠤ | ᠪᠣᠯᠲᠠᠯ᠎ᠠ ᠳᠡᠭᠡᠭᠰᠢᠯᠡᠪᠡ᠃ ᠰᠢᠨᠵᠢᠶᠠᠩ ᠳᠤ ᠣᠴᠢᠵᠤ ᠥᠩᠭᠡᠷᠡᠭᠰᠡᠨ ᠮᠠᠰᠢ ᠣᠯᠠᠨ ᠭᠠᠳᠠᠭᠠᠳᠤ ᠶᠢᠨ ᠨᠠᠶᠢᠵᠠ ᠨᠠᠷ ᠤᠨ | ᠣᠯᠵᠤ ᠦᠵᠡᠭᠰᠡᠨ ᠰᠢᠨᠵᠢᠶᠠᠩ ᠨᠢ ᠥᠷᠥᠨᠡᠳᠠᠬᠢᠨ ᠤ ᠣᠨᠴᠠ ᠵᠠᠷᠢᠮ ᠵᠠᠭᠤᠴᠢᠯᠠᠭᠤᠷ ᠤᠨ ᠮᠡᠳᠡᠭᠡᠯᠡᠯ ᠲᠠᠢ | ᠪᠦᠷᠢᠮᠦᠰᠦᠨ ᠠᠳᠠᠯᠢ ᠦᠭᠡᠢ ᠪᠠᠶᠢᠨ᠎ᠠ ᠭᠡᠵᠦ ᠭᠡᠯᠡᠵᠦ ᠪᠤᠢ᠃ ᠹᠷᠠᠨᠼᠢ ᠶᠢᠨ ᠵᠣᠬᠢᠶᠠᠯᠴᠢ ᠸᠢᠸᠠᠰ ︽ᠤᠶᠢᠭᠤᠷ | ᠦᠨᠳᠤᠰᠤᠳᠠᠨ ᠤ ᠬᠠᠭᠤᠷᠮᠠᠭ ᠰᠣᠨᠢᠨ ᠮᠡᠳᠡᠭᠡᠨ ᠤ ᠡᠴᠤᠰ ᠲᠡᠭᠦᠰᠬᠡᠯ︾ ᠭᠡᠳᠡᠭ ᠨᠢᠭᠡᠨ ᠨᠣᠮ ᠪᠢᠴᠢᠵᠡᠶ᠃ ᠲᠡᠷᠡ | ᠨᠤᠮ ᠳᠠᠭᠠᠨ᠂ ᠰᠢᠨᠵᠢᠶᠠᠩ ᠳᠤ ᠬᠤᠶᠠᠷ ᠤᠳᠠᠭ᠎ᠠ ᠣᠴᠢᠭᠰᠠᠨ ᠥᠩᠭᠡᠷᠡᠯᠲᠡ ᠪᠠᠷ ᠢᠶᠠᠨ ᠬᠦᠭᠵᠢᠨ ᠴᠡᠴᠡᠭᠯᠡᠵᠦ ᠠᠮᠤᠷ | ᠲᠣᠭᠲᠠᠭᠤᠨ ᠪᠠᠶᠢᠭ᠎ᠠ ᠦᠨᠡᠨ ᠪᠣᠳᠠᠲᠠᠶ ᠰᠢᠨᠵᠢᠶᠠᠩ ᠢ ᠶᠠᠷᠢᠪᠠ᠃ ᠲᠡᠷᠡ ᠨᠣᠮ ᠳᠠᠭᠠᠨ᠂ ᠰᠢᠨᠵᠢᠶᠠᠩ ᠳᠤ | ᠶᠡᠷᠦ ᠠᠴᠠ ᠪᠠᠨ ᠣᠴᠢᠵᠤ ᠥᠩᠭᠡᠷᠡᠭᠰᠡᠨ ᠦᠭᠡᠢ ᠬᠥᠮᠦᠨ ᠬᠠᠭᠤᠷᠮᠠᠭ ᠰᠣᠨᠢᠨ ᠮᠡᠳᠡᠭᠡ ᠵᠣᠬᠢᠶᠠᠵᠤ᠂ ᠬᠠᠭᠤᠯᠤᠨ | ᠪᠢᠴᠢᠬᠦ ᠳᠤᠮᠳᠠ ᠳᠠᠮ ᠳᠠᠮ ᠢᠶᠠᠷ ᠪᠤᠷᠤᠭᠤ ᠵᠦᠷᠢᠬᠦᠦ ᠳᠠᠮᠵᠢᠭᠤᠯᠤᠨ ᠪᠠᠶᠢᠬᠤ ᠶᠢ ᠲᠤᠪ ᠳᠤᠳᠤᠷᠬᠠᠢ | ᠢᠯᠡᠷᠬᠡᠶᠢᠯᠡᠭᠰᠡᠨ ᠪᠠᠶᠢᠳᠠᠭ᠃ | ᠥᠷᠥᠨᠡᠳᠠᠬᠢᠨ ᠤ ᠵᠠᠷᠢᠮ ᠤᠯᠤᠰ ᠲᠦᠷᠦ ᠶᠢᠨ ᠵᠠᠪᠰᠢᠭᠴᠢ ᠬᠡᠳᠦᠨ ᠬᠥᠮᠦᠨ ᠤ ᠵᠣᠬᠢᠶᠠᠭᠰᠠᠨ ᠬᠤᠳᠠᠯ ᠦᠭᠡ ᠶᠢ | ᠢᠲᠡᠭᠡᠬᠦ ᠠᠴᠠ ᠪᠢᠰᠢ ᠰᠢᠨᠵᠢᠶᠠᠩ ᠤᠨ 2500 ᠭᠠᠷᠤᠢ ᠲᠦᠮᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠶᠢᠨ ᠰᠡᠳᠬᠢᠯ ᠤᠨ ᠦᠭᠡ ᠶᠢ ᠰᠣᠨᠣᠰᠬᠤ ᠳᠤᠷ᠎ᠠ ᠦᠭᠡᠢ ᠪᠠᠶᠢᠨ᠎ᠠ︔ ᠳᠤᠮᠳᠠᠳᠤ ᠤᠯᠤᠰ ᠢ ᠡᠰᠡᠷᠭᠦᠴᠡᠬᠦ | ᠴᠥᠭᠡᠨ ᠲᠣᠭᠠᠨ ᠤ ᠡᠳᠡᠭᠡᠳ ᠤᠨ ᠪᠤᠯᠬᠢ ᠪᠦᠳᠦᠭᠦᠯᠢᠭ ᠲᠣᠭᠯᠠᠯᠲᠠ ᠳᠤ ᠬᠠᠮᠵᠢᠯᠴᠠᠬᠤ ᠠᠴᠠ ᠪᠢᠰᠢ᠂ ᠰᠢᠨᠵᠢᠶᠠᠩ | ᠣᠷᠣᠨ ᠤ ᠬᠥᠭᠵᠢᠯᠲᠡ ᠲᠠᠪᠰᠢᠯᠳᠠ ᠪᠦ᠋ᠬᠦᠢ ᠦᠨᠳᠦᠰᠦᠨ ᠪᠣᠳᠠᠲᠤ ᠬᠡᠷᠡᠭ ᠲᠤ ᠵᠥᠪ ᠢᠶᠠᠷ ᠬᠠᠨᠳᠤᠬᠤ ᠳᠤᠷ᠎ᠠ ᠦᠭᠡᠢ | ᠪᠠᠶᠢᠨ᠎ᠠ᠃ ᠡᠨᠡ ᠨᠢ ᠵᠥᠪᠬᠡᠨ ᠲᠡᠳᠡ ᠦᠨᠡᠨ ᠪᠠᠶᠢᠳᠠᠯ ᠶᠠᠮᠠᠷ ᠪᠠᠶᠢᠬᠤ ᠶᠢ ᠬᠠᠶᠢᠬᠤᠷᠬᠤ ᠦᠭᠡᠶ᠂ ᠬᠠᠷᠢᠨ ᠤᠯᠤᠰ | ᠲᠥᠷᠥ ᠶᠢᠨ ᠥᠳᠥᠭᠡᠯᠭᠡ ᠳᠤ ᠦᠨᠡᠮᠰᠢᠵᠦ᠂ ᠰᠢᠨᠵᠢᠶᠠᠩ ᠳᠤ ᠬᠤᠯᠪᠣᠭᠳᠠᠭᠰᠠᠨ ᠠᠰᠠᠭᠤᠳᠠᠯ ᠭᠡᠭᠴᠢ ᠶᠢ ᠵᠣᠷᠢᠭᠤᠳᠠ | ᠵᠣᠬᠢᠶᠠᠨ ᠭᠠᠷᠭᠠᠵᠤ᠂ ᠰᠢᠨᠵᠢᠶᠠᠩ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠡᠪᠳᠡᠵᠦ᠂ ᠳᠤᠮᠳᠠᠳᠤ | ᠤᠯᠤᠰ ᠤᠨ ᠬᠥᠭᠵᠢᠨ ᠪᠤᠵᠠᠭᠠᠢᠢᠷᠠᠬᠤ ᠶᠢ ᠬᠠᠷᠰᠢᠯᠠᠬᠤ ᠪᠠᠷ ᠭᠤᠷᠢᠳᠠᠵᠤ ᠪᠠᠶᠢᠬᠤ ᠶᠢ ᠭᠡᠷᠡᠴᠢᠯᠡᠵᠦ ᠪᠠᠶᠢᠨ᠎ᠠ᠃ | ᠪᠢᠳᠡ᠂ ᠡᠯ᠎ᠡ ᠤᠯᠤᠰ ᠤᠨ ᠨᠠᠩ ᠣᠯᠠᠨ ᠬᠥᠮᠦᠰ ᠰᠢᠨᠵᠢᠶᠠᠩ ᠳᠤ ᠬᠦᠷᠴᠦ ᠲᠣᠭᠤᠷᠢᠨ ᠠᠶᠢᠯᠴᠢᠯᠠᠬᠤ ᠶᠢ | ᠪᠠᠶᠠᠷᠯᠠᠨ ᠤᠭᠲᠤᠵᠤ ᠪᠠᠶᠢᠨ᠎ᠠ᠃ ᠨᠢᠳᠦ ᠪᠠᠷ ᠢᠶᠠᠨ ᠦᠵᠡᠨ ᠪᠠᠶᠢᠵᠤ ᠯᠡ ᠢᠳᠡᠭᠡᠨ᠎ᠡ᠂ ᠴᠤᠤᠷᠬᠠᠯ ᠡᠴᠦᠰ ᠲᠡᠭᠡᠨ ᠯᠠ | ᠠᠷᠢᠯᠤᠨ᠎ᠠ︕ | ᠢᠨᠳᠣᠨᠧᠰᠢ᠊ ᠡᠶ᠎ᠡ ᠶᠢᠨ ᠠᠨᠲ᠋ᠠᠷᠠ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠡᠨᠡ ᠵᠢᠯ ᠪᠣᠯ ᠳᠤᠮᠳᠠᠳᠤ | ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠠᠷᠢᠯᠴᠠᠭᠠᠨ ᠤ ᠬᠠᠷᠢᠯᠴᠠᠭ᠎ᠠ | ᠪᠠᠶᠢᠭᠤᠯᠤᠭᠰᠠᠨ 30 ᠵᠢᠯ ᠤᠨ ᠤᠢ ᠪᠣᠯᠤᠨ᠎ᠠ᠂ ᠲᠠ᠂ ᠬᠤᠶᠠᠷ ᠳᠠᠯ᠎ᠠ ᠶᠢᠨ ᠬᠠᠷᠢᠯᠴᠠᠭᠠᠨ ᠤ ᠢᠷᠡᠭᠡᠳᠤᠢ ᠶᠢᠨ | ᠬᠦᠭᠵᠢᠯᠳᠠ ᠶᠢᠨ ᠳᠤᠬᠠᠢ ᠭᠡᠷᠭᠢᠨ ᠦᠵᠡᠵᠦ ᠪᠠᠶᠢᠨ᠎ᠠ ᠪᠤᠢ︖ | ᠸᠠᠩ ᠢ᠄ 30 ᠵᠢᠯ ᠤᠨ ᠡᠮᠦᠨ᠎ᠡ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠠᠷᠢᠯᠴᠠᠭᠠᠨ ᠤ ᠬᠠᠷᠢᠯᠴᠠᠭ᠎ᠠ ᠪᠠᠶᠢᠭᠤᠯᠵᠤ᠂ ᠡᠭᠦᠨᠴᠢᠯᠡᠨ ᠭᠠᠵᠠᠷ ᠣᠷᠣᠨ ᠤ | ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠣᠷᠣᠵᠠᠢ᠃ ᠺᠦᠩᠽᠢ ︽ᠭᠤᠴᠢ ᠬᠦᠷᠪᠡᠯ ᠦᠢᠯᠡᠰ ᠪᠦᠲᠦᠭᠡᠨ᠎ᠠ︾ | ᠭᠡᠵᠤ ᠬᠡᠯᠡᠭᠰᠡᠨ ᠪᠠᠶᠢᠳᠠᠭ᠃ 30 ᠵᠢᠯ ᠤᠨ ᠰᠠᠯᠬᠢ ᠪᠣᠷᠣᠭᠠᠨ ᠢ ᠥᠩᠭᠡᠷᠡᠭᠡᠭᠡᠳ᠂ ᠳᠤᠮᠳᠠᠳᠤ ᠤᠯᠤᠰ ᠪᠣᠯᠤᠨ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠦᠯᠬᠦᠮᠳᠡᠨ ᠬᠠᠪᠰᠤᠷᠤᠯᠴᠠᠬᠤ᠂ ᠡᠷᠬᠡ ᠲᠡᠭᠰᠢ ᠪᠠᠷ | ᠬᠠᠨᠳᠤᠬᠤ ᠬᠠᠮᠲᠤ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠵᠢᠷᠭᠠᠯ ᠵᠣᠪᠠᠯᠠᠩ ᠢᠶᠠᠨ ᠬᠤᠪᠢᠶᠠᠯᠴᠠᠵᠤ᠂ ᠵᠢᠷᠭᠠᠯ | ᠵᠣᠪᠠᠯᠠᠩ ᠢᠶᠠᠨ ᠬᠠᠮᠲᠤᠳᠬᠠᠬᠤ ᠬᠠᠮᠲᠤ ᠶᠢᠨ ᠬᠤᠪᠢ ᠵᠠᠶᠠᠭ᠎ᠠ ᠶᠢ ᠪᠤᠢ ᠪᠣᠯᠭᠠᠵᠤ᠂ ᠠᠽᠢᠶ᠎ᠠ ᠲᠢᠪ ᠢ ᠬᠥᠭᠵᠢᠭᠦᠯᠦᠨ | ᠮᠠᠨᠳᠤᠭᠤᠯᠬᠤ᠂ ᠢᠷᠡᠭᠡᠳᠦᠢ ᠶᠢ ᠡᠭᠦᠳᠦᠨ ᠨᠡᠭᠡᠭᠡᠬᠦ ᠬᠠᠮᠲᠤ ᠶᠢᠨ ᠬᠦᠰᠡᠯ ᠡᠷᠡᠮᠡᠯᠵᠡᠯ ᠢ ᠪᠤᠢ ᠪᠣᠯᠭᠠᠵᠠᠢ᠃ | ᠨᠢᠳᠤᠨᠤᠨ᠂ ᠲᠡᠷᠢᠭᠦᠯᠡᠭᠴᠢ ᠰᠢ ᠶᠢᠨ ᠫᠢᠩ ᠠᠩᠬ᠎ᠠ ᠤᠳᠠᠭ᠎ᠠ ᠳᠤᠮᠳᠠᠳᠤ ᠤᠯᠤᠰ — ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ ᠶᠡᠷᠦᠩᠬᠡᠢ | ᠰᠠᠶᠢᠳ ᠯᠢ ᠺᠧ ᠴᠢᠶᠠᠩ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ | ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠪᠠ᠃ ᠡᠨᠡ ᠪᠦᠬᠦᠨ ᠨᠢ ᠳᠤᠮᠳᠠᠳᠤ ᠤᠯᠤᠰ ᠤᠨ ᠬᠢᠨ ᠳᠤᠮᠳᠠᠳᠤ | ᠤᠯᠤᠰ ᠬᠢᠭᠡᠳ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠬᠠᠮᠲᠤᠷᠠᠯᠴᠠᠭ᠎ᠠ ᠶᠢ | ᠴᠢᠬᠤᠯᠠᠴᠢᠯᠠᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠲᠥᠪ ᠪᠣᠯᠬᠤ ᠪᠠᠶᠢᠷᠢ | ᠰᠠᠭᠤᠷᠢ ᠶᠢ ᠳᠡᠮᠵᠢᠵᠦ ᠪᠠᠶᠢᠭ᠎ᠠ ᠪᠠᠨ ᠭᠦᠢᠴᠡᠳ ᠬᠠᠷᠠᠭᠤᠯᠵᠤ ᠪᠠᠶᠢᠨ᠎ᠠ᠃ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ | ᠪᠢᠳᠡ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠨᠡᠩ ᠨᠢᠭᠲᠠ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠨᠡᠩ ᠰᠠᠶᠢᠨ ᠰᠠᠶᠢᠬᠠᠨ ᠳᠠᠷᠠᠭᠠᠴᠢ ᠶᠢᠨ 30 ᠵᠢᠯ ᠢ | ᠡᠭᠦᠳᠦᠨ᠎ᠡ᠃ | ᠪᠢᠳᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠬᠢᠵᠢᠭ ᠲᠠᠢ ᠲᠡᠮᠡᠴᠡᠬᠦ ᠳᠡᠮᠵᠢᠯᠭᠡ | ᠬᠠᠩᠭᠠᠨ᠎ᠠ᠃ ᠳᠤᠮᠳᠠᠳᠤ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠡᠯ᠎ᠡ | ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠬᠠᠩᠭᠠᠵᠤ ᠪᠠᠶᠢᠬᠤ ᠪᠥᠭᠡᠳ ᠢᠨᠳᠣᠨᠧᠰᠢ᠊ | ᠡᠶ᠎ᠡ ᠶᠢ ᠬᠠᠪᠰᠤᠷᠤᠨ ᠵᠡᠭᠦᠨ ᠡᠮᠦᠨᠡᠲᠦ ᠠᠽᠢᠶ᠎ᠠ ᠶᠢᠨ ᠸᠠᠺᠼᠢᠨ ᠤ ᠦᠢᠯᠡᠳᠪᠦᠷᠢᠯᠡᠯ ᠤᠨ ᠲᠥᠪ ᠪᠠᠶᠢᠭᠤᠯᠵᠤ ᠪᠠᠶᠢᠨ᠎ᠠ | ᠂ ᠲᠠᠷᠠᠭᠠᠴᠢ ᠶᠢᠨ ᠠᠯᠬᠤᠮ ᠳᠤ ᠪᠠᠰᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠤᠯᠤᠰ ᠤᠨ | ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠭᠤᠣᠯᠳᠠᠯᠭ᠎ᠠ ᠲᠠᠢ ᠲᠡᠮᠵᠢᠨ᠎ᠠ᠃ | ᠪᠢᠳᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠯᠤᠭ᠎ᠠ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠦᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠵᠠᠪᠤᠳᠠᠯ ᠢ ︽ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠨ ᠤ ᠪᠦᠬᠦ ᠲᠠᠯ᠎ᠠ ᠶᠢᠨ | ᠰᠡᠷᠭᠦᠯᠲᠡ ᠶᠢᠨ ᠪᠣᠷᠣ ᠲᠥᠯᠥᠪ︾ ᠲᠠᠢ ᠵᠣᠯᠭᠠᠭᠤᠯᠬᠤ ᠶᠢᠨ ᠬᠠᠮᠲᠤ ︽ᠣᠷᠣᠨ ᠪᠦᠰᠡ ᠶᠢᠨ ᠪᠦᠬᠦ ᠲᠠᠯ᠎ᠠ ᠶᠢᠨ | ᠠᠵᠤ ᠠᠬᠤᠢ ᠶᠢᠨ ᠬᠠᠨᠢᠲᠠᠨ ᠤ ᠬᠠᠷᠢᠯᠴᠠᠭᠠᠨ ᠤ ᠬᠡᠯᠡᠯᠴᠡᠭᠡᠷ︾ ︵RCEP︶ ᠢ ᠡᠷᠲᠡᠬᠡᠨ ᠬᠦᠴᠦᠨ ᠲᠠᠢ | ᠪᠣᠯᠭᠠᠨ ᠬᠡᠷᠡᠭᠵᠢᠭᠦᠯᠬᠦ ᠶᠢ ᠠᠬᠢᠭᠤᠯᠵᠤ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ | ᠳᠠᠯᠳᠠ ᠬᠦᠴᠦᠨ ᠢ ᠨᠡᠩ ᠭᠦᠢᠴᠡᠳ ᠪᠠᠳᠠᠷᠠᠭᠤᠯᠬᠤ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠂ | ᠦᠷᠭᠦᠯᠵᠢᠯᠡᠬᠦ᠋ᠢᠴᠡ ᠬᠥᠭᠵᠢᠯᠲᠡ ᠵᠡᠷᠭᠡ ᠬᠦᠷᠢᠶᠡᠨ ᠳᠤ ᠰᠢᠨ᠎ᠡ ᠬᠠᠮᠲᠤᠷᠠᠯᠴᠠᠭᠠᠨ ᠤ ᠨᠡᠮᠡᠭᠳᠡᠯ ᠤᠨ ᠴᠡᠭ ᠢ ᠪᠤᠢ | ᠪᠣᠯᠭᠠᠨ᠎ᠠ᠃ | ᠪᠢᠳᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠯᠤᠭ᠎ᠠ ᠪᠠᠶᠢᠯᠳᠤᠬᠤ ᠪᠤᠳᠤᠯᠭ᠎ᠠ ᠶᠢᠨ | ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠨ᠎ᠠ᠃ ᠬᠠᠮᠲᠤ ᠪᠠᠷ ᠬᠠᠷᠰᠢ ᠰᠠᠭᠠᠳ ᠢ ᠠᠷᠢᠯᠭᠠᠵᠤ᠂ ︽ | ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ ᠵᠥᠪᠳᠡᠯᠴᠡᠭᠡ ᠶᠢ ᠲᠦᠷᠭᠡᠳᠬᠡᠨ ᠠᠬᠢᠭᠤᠯᠵᠤ᠂ ᠳᠠᠯᠠᠢ | ᠳᠡᠭᠡᠷᠡᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠭᠠᠵᠠᠷ ᠣᠷᠣᠨ ᠤ ᠡᠩᠬᠡ | ᠲᠠᠶᠢᠪᠤᠩ ᠪᠠ ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠨ᠎ᠠ᠃ | ᠹᠧᠩ ᠬᠤᠸᠠᠩ ᠣᠳᠣᠨ ᠲᠧᠯᠸᠢᠰ ᠤᠨ ᠰᠤᠷᠪᠤᠯᠵᠢᠯᠠᠭᠴᠢ᠄ ᠲᠧᠷᠠᠮᠫᠦ᠋ ᠶᠢᠨ ᠵᠠᠰᠠᠭ ᠤᠨ ᠣᠷᠳᠣᠨ ᠠᠮᠧᠷᠢᠺᠠ | ᠲᠠᠶᠢᠸᠠᠨ ᠤ ᠬᠠᠷᠢᠯᠴᠠᠭᠠᠨ ᠤ ᠬᠢᠵᠠᠭᠠᠷᠯᠠᠯ ᠢ ᠬᠦᠴᠦᠨ ᠥᠬᠡᠶ ᠪᠣᠯᠭᠠᠪᠠ᠃ ᠵᠠᠷᠢᠮ ᠤᠶᠤᠨ ᠤ ᠬᠥᠮᠥᠷᠭᠡ ᠳᠤ | ᠳᠤᠮᠳᠠᠳᠤ ᠠᠮᠧᠷᠢᠺᠠ ᠶᠢᠨ ᠲᠠᠶᠢᠸᠠᠨ ᠤ ᠠᠰᠠᠭᠤᠳᠠᠯ ᠳᠡᠭᠡᠷᠡᠬᠢ ᠬᠢᠮᠤᠷᠠᠯ ᠢ ᠪᠦᠬᠦ ᠪᠥᠮᠪᠥᠷᠴᠡᠭ ᠤᠨ ᠬᠠᠮᠤᠭ ᠤᠨ ᠶᠡᠭᠡ | ᠳᠠᠯᠳᠠ ᠮᠥᠷᠭᠦᠯᠳᠦᠭᠡᠨ ᠢᠶᠠᠷ ᠣᠷᠣᠭᠤᠯᠪᠠ᠃ ᠳᠤᠮᠳᠠᠳᠤ ᠤᠯᠤᠰ ᠤᠨ ᠬᠢᠨ ᠠᠮᠧᠷᠢᠺᠠ ᠶᠢᠨ ᠲᠠᠶᠢᠸᠠᠨ ᠤ ᠲᠤᠬᠠᠶ | ᠲᠥᠷᠥ ᠶᠢᠨ ᠪᠣᠳᠣᠯᠭ᠎ᠠ ᠶᠢ ᠬᠡᠷᠬᠢᠨ ᠦᠵᠡᠵᠦ ᠪᠠᠶᠢᠬᠤ ᠪᠣᠶ︖ | ᠸᠠᠩ ᠢ᠄ ᠲᠠᠶᠢᠸᠠᠨ ᠤ ᠠᠰᠠᠭᠤᠳᠠᠯ ᠤᠨ ᠲᠤᠬᠠᠢ ᠪᠢ ᠭᠤᠷᠪᠠᠨ ᠲᠠᠯ᠎ᠠ ᠶᠢ ᠴᠢᠬᠤᠯᠠᠴᠢᠯᠠᠶ᠎ᠠ᠄ | ᠡᠩ ᠲᠡᠷᠢᠭᠦᠨ ᠳᠤ᠂ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠲᠠᠢ᠂ ᠲᠠᠶᠢᠸᠠᠨ ᠪᠣᠯ ᠳᠤᠮᠳᠠᠳᠤ ᠤᠯᠤᠰ ᠤᠨ | ᠨᠤᠲᠤᠭ ᠳᠡᠪᠢᠰᠬᠡᠷ ᠤᠨ ᠰᠠᠯᠵᠤ ᠪᠣᠯᠤᠰᠢ ᠦᠭᠡᠢ ᠨᠢᠭᠡ ᠬᠡᠰᠡᠭ᠂ ᠡᠨᠡ ᠪᠣᠯ ᠲᠡᠦᠬᠡ ᠪᠠ ᠬᠠᠤᠯᠢ ᠵᠦᠢ ᠶᠢᠨ ᠪᠣᠳᠠᠲᠤ | ᠬᠡᠷᠡᠭ᠂ ᠮᠦᠨ ᠴᠤ ᠳᠡᠯᠡᠬᠡᠢ ᠨᠡᠶᠢᠲᠡ ᠶᠢᠨ ᠨᠡᠶᠢᠳᠡᠮ ᠤᠨ ᠬᠠᠮᠲᠤ ᠶᠢᠨ ᠲᠠᠨᠢᠯᠲᠠ ᠮᠥᠨ᠃ | ᠬᠤᠶᠠᠳᠤᠭᠠᠷ ᠲᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠡᠷᠬᠡᠪᠰᠢ ᠨᠢᠭᠡᠳᠬᠦ ᠬᠡᠷᠡᠭᠲᠡᠢ ᠪᠥᠭᠡᠳ | ᠵᠠᠶᠢᠯᠠᠰᠢ ᠦᠭᠡᠢ ᠨᠢᠭᠡᠳᠬᠦ ᠶᠤᠮ᠂ ᠡᠨᠡ ᠪᠣᠯ ᠶᠡᠭᠡ ᠬᠠᠨᠳᠤᠰᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠵᠣᠷᠢᠭ ᠰᠠᠨᠠᠭ᠎ᠠ᠂ ᠡᠨᠡ ᠪᠤᠯ ᠬᠤᠪᠢᠷᠠᠰᠢ ᠦᠭᠡᠢ ᠪᠥᠭᠡᠳ ᠬᠤᠪᠢᠷᠠᠭᠤᠯᠵᠤ ᠴᠤ ᠴᠢᠳᠠᠬᠤ ᠦᠭᠡᠢ ᠶᠤᠮ᠃ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠶᠢ ᠬᠠᠮᠠᠭᠠᠯᠠᠬᠤ ᠡᠷᠡᠰ ᠵᠣᠷᠢᠭ ᠭᠤᠶᠢᠪᠢᠰᠢ ᠦᠭᠡᠢ᠂ ᠪᠢᠳᠡ ᠶᠠᠮᠠᠷᠪᠠ ᠬᠡᠯᠪᠡᠷᠢ ᠶᠢᠨ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠢᠯᠠᠬᠤ ᠴᠢᠳᠠᠪᠤᠷᠢ ᠲᠠᠢ ᠶᠤᠮ᠃ | ᠭᠤᠷᠪᠠᠳᠤᠭᠠᠷ ᠲᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠣᠯ ᠳᠤᠮᠳᠠᠳᠤ ᠠᠮᠧᠷᠢᠺᠠ ᠶᠢᠨ | ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ᠂ ᠳᠠᠪᠠᠵᠤ ᠪᠣᠯᠤᠰᠢ ᠦᠭᠡᠢ ᠤᠯᠠᠭᠠᠨ ᠱᠤᠭᠤᠮ ᠮᠥᠨ᠃ ᠳᠤᠮᠳᠠᠳᠤ | ᠤᠯᠤᠰ ᠤᠨ ᠵᠠᠰᠠᠭ ᠤᠨ ᠣᠷᠳᠣᠨ ᠲᠠᠶᠢᠸᠠᠨ ᠤ ᠠᠰᠠᠭᠤᠳᠠᠯ ᠳᠡᠭᠡᠷ᠎ᠡ ᠡᠪᠰᠡᠬᠦ ᠣᠷᠣᠨ ᠵᠠᠢ ᠦᠭᠡᠢ᠂ ᠨᠠᠶᠢᠷ ᠲᠠᠯᠪᠢᠬᠤ | ᠣᠷᠣᠨ ᠵᠠᠢ ᠦᠭᠡᠢ ᠶᠤᠮ᠃ ᠪᠢᠳᠡ ᠠᠮᠧᠷᠢᠺᠠ ᠶᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠳᠤ᠂ | ᠲᠠᠶᠢᠸᠠᠨ ᠤ ᠠᠰᠠᠭᠤᠳᠠᠯ ᠤᠨ ᠳᠡᠭᠡᠳᠦ ᠬᠡᠮᠵᠢᠶᠡᠨ ᠤ ᠰᠡᠷᠭᠡᠭ ᠴᠢᠨᠠᠷ ᠢ ᠭᠦᠢᠴᠡᠳ ᠲᠠᠨᠢᠵᠤ᠂ ᠨᠢᠭᠡ ᠯᠡ ᠳᠤᠮᠳᠠᠳᠤ | ᠤᠯᠤᠰ ᠪᠠᠶᠢᠬᠤ ᠵᠠᠷᠴᠢᠮ ᠪᠠ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠦᠨᠡᠨ ᠬᠦ | ᠬᠢᠴᠢᠶᠡᠩᠭᠦ᠋ᠢᠯᠡᠨ ᠵᠢᠷᠤᠮᠯᠠᠵᠤ᠂ ᠳᠡᠭᠡᠷ᠎ᠡ ᠬᠤᠭᠤᠴᠠᠭᠠᠨ ᠤ ᠵᠠᠰᠠᠭ ᠤᠨ ᠣᠷᠳᠣᠨ ᠤ ︽ᠱᠤᠭᠤᠮ ᠳᠠᠪᠠᠵᠤ︾᠂ ︽ | ᠭᠠᠯ ᠢᠶᠠᠷ ᠨᠠᠭᠠᠳᠬᠤ︾ ᠠᠶᠤᠯᠲᠠᠢ ᠠᠷᠭ᠎ᠠ ᠬᠢᠳᠡᠯ ᠢ ᠲᠦᠢᠯᠪᠤᠷᠢᠲᠠᠢ ᠬᠤᠪᠢᠷᠠᠭᠤᠯᠵᠤ᠂ ᠲᠠᠶᠢᠸᠠᠨ ᠳᠤ | ᠬᠤᠯᠪᠣᠭᠳᠠᠭᠰᠠᠨ ᠠᠰᠠᠭᠤᠳᠠᠯ ᠢ ᠪᠣᠯᠭᠤᠮᠵᠢᠲᠠᠢ ᠪᠥᠭᠡᠳ ᠲᠣᠬᠢᠲᠠᠢ ᠰᠢᠢᠳᠪᠦᠷᠢᠯᠡᠬᠦ ᠶᠢ ᠱᠠᠭᠠᠷᠳᠠᠵᠤ ᠪᠠᠶᠢᠨ᠎ᠠ᠃ ︵ | ᠦᠷᠭᠦᠯᠵᠢᠯᠡᠯ ᠨᠢ ᠲᠤᠯᠤᠳᠤᠭᠠᠷ ᠨᠢᠭᠤᠷ ᠲᠤ︶ | ︵ᠵᠢᠷᠭᠤᠳᠤᠭᠠᠷ ᠨᠢᠭᠤᠷ ᠤᠨ ᠦᠷᠭᠦᠯᠵᠢᠯᠡᠯ︶ | ᠺᠠᠽᠠᠬᠰᠲ᠋ᠠᠨ ᠤ 24 KZ ᠲᠧᠯᠸᠢᠰ ᠬᠤᠷᠢᠶᠠᠨ ᠤ ᠰᠤᠷᠪᠤᠯᠵᠢᠯᠠᠭᠴᠢ᠄ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠳᠤ ᠬᠢᠵᠢᠭ ᠠᠴᠠ ᠪᠤᠯᠤᠭᠰᠠᠨ ᠨᠥᠯᠥᠭᠡ ᠶᠢ ᠲᠠ ᠬᠡᠷᠬᠢᠨ ᠦᠵᠡᠵᠦ ᠪᠠᠶᠢᠬᠤ ᠪᠤᠢ︖ | ᠳᠤᠮᠳᠠᠳᠤ ᠶᠢᠨ ᠲᠠᠯ᠎ᠠ ᠶᠢᠨ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ | ᠢᠷᠡᠭᠡᠳᠦᠢ ᠶᠢᠨ ᠭᠤᠣᠯ ᠴᠢᠭᠯᠡᠯ ᠨᠢ ᠶᠠᠭᠤ ᠪᠤᠢ︖ | ᠸᠠᠩ ᠢ᠄ ᠨᠢᠳᠤᠨᠤᠨ ᠠᠴᠠ ᠨᠠᠭᠠᠰᠢ᠂ ᠬᠢᠵᠢᠭ ᠳᠠᠬᠤᠯ ᠳᠡᠯᠡᠬᠡᠢ ᠳ᠋ᠠᠬᠢᠨ ᠢ ᠪᠦᠬᠦ ᠲᠠᠯ᠎ᠠ ᠪᠠᠷ ᠲᠠᠭᠠᠷᠢᠪᠠ᠃ | ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭ᠎ᠠ ᠨᠢ ︽ᠲᠦᠷ ᠵᠣᠭᠰᠣᠬᠤ ᠳᠠᠷᠤᠪᠴᠢ︾ ᠪᠠᠨ ᠳᠠᠷᠤᠭᠰᠠᠨ | ᠥᠬᠡᠶ ᠮᠥᠷᠲᠡᠭᠡᠨ ᠭᠡᠳᠡᠷᠭᠦ ᠪᠠᠨ ᠰᠠᠯᠬᠢ ᠰᠥᠷᠥᠨ ᠤᠷᠤᠭᠰᠢᠯᠠᠨ ᠰᠢᠨ᠎ᠡ ᠦᠷ᠎ᠡ ᠪᠦᠲᠦᠭᠡᠯ ᠭᠠᠷᠭᠠᠵᠦ᠂ ᠬᠦᠴᠦᠷᠬᠡᠭ | ᠶᠡᠭᠡ ᠤᠶᠠᠨ ᠬᠠᠲᠠᠨ ᠴᠢᠨᠠᠷ ᠪᠠ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ | ᠪᠢᠳᠡ ︽ᠬᠠᠮᠲᠤ ᠪᠠᠷ ᠵᠥᠪᠳᠡᠯᠴᠡᠬᠦ︾ ᠪᠠᠷ ᠤᠳᠤᠷᠢᠳᠤᠮᠵᠢ ᠪᠣᠯᠭᠠᠵᠤ᠂ ︽ᠨᠢᠭᠡ ᠪᠦᠰᠡ ᠨᠢᠭᠡ ᠵᠠᠮ︾ ᠤᠨ | ᠤᠯᠠᠨ ᠤᠯᠤᠰ ᠤᠨ ᠬᠠᠮᠲᠤᠷᠠᠯᠴᠠᠭᠠᠨ ᠤ ᠳᠡᠭᠡᠳᠦ ᠲᠡᠰ ᠤᠨ ᠸᠢᠳᠢᠣ᠋ ᠬᠤᠷᠠᠯ ᠵᠢᠴᠢ 30 ᠭᠠᠷᠤᠢ ᠤᠳᠠᠭ᠎ᠠ ᠶᠢᠨ | ᠲᠤᠰᠬᠠᠢ ᠮᠡᠷᠭᠡᠵᠢᠯ ᠤᠨ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠭᠦᠨ᠎ᠡ | ᠬᠠᠳᠠᠩᠰᠢᠭᠤᠯᠪᠠ᠃ | ᠪᠢᠳᠡ ︽ᠬᠠᠮᠲᠤ ᠪᠠᠷ ᠪᠥᠲᠥᠭᠡᠨ ᠪᠠᠶᠢᠭᠤᠯᠬᠤ︾ ᠪᠠᠷ ᠴᠢᠭᠯᠡᠯ ᠪᠣᠯᠭᠠᠵᠤ᠂ ᠬᠢᠵᠢᠭ ᠢ ᠰᠡᠷᠭᠡᠶᠢᠯᠡᠨ ᠡᠵᠡᠮᠳᠡᠬᠦ | ᠪᠠ ᠠᠵᠢᠯ ᠦᠶ᠋ᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠠᠴᠠ | ᠪᠤᠯᠵᠦ ᠭᠤᠤᠯᠳᠠᠯᠭ᠎ᠠ ᠲᠠᠢ ᠲᠥᠷᠥᠯ ᠵᠦᠶ᠋ᠯ ᠠᠵᠢᠯ ᠵᠣᠭᠰᠣᠭᠰᠠᠨ ᠵᠢᠱᠢᠶ᠎ᠡ ᠨᠢᠭᠡ ᠴᠦ ᠥᠬᠡᠶ᠂ ᠳᠤᠮᠳᠠᠳᠤ | ᠫᠠᠺᠢᠰᠲ᠋ᠠᠨ ᠤ ᠠᠵᠤ ᠠᠬᠤᠶ ᠶᠢᠨ ᠬᠤᠩᠭᠢᠯ ᠤᠨ ᠲᠥᠷᠥᠯ ᠵᠦᠶ᠋ᠯ᠂ ᠵᠠᠺᠠᠷᠲ᠋ᠠ ᠪᠠᠨᠳᠦ᠋ᠩ ᠤᠨ ᠲᠦᠷᠭᠡᠨ ᠤ ᠲᠡᠮᠦᠷ ᠵᠠᠮ | ᠂ ᠳᠤᠮᠳᠠᠳᠤ ᠯᠠᠤᠰ ᠤᠨ ᠲᠡᠮᠦᠷ ᠵᠠᠮ᠂ ᠬᠠᠩᠭᠠᠷᠢ ᠰᠧᠷᠪᠢᠶ᠎ᠠ ᠶᠢᠨ ᠲᠡᠮᠦᠷ ᠵᠠᠮ ᠵᠡᠷᠭᠡ ᠶᠢᠨ ᠠᠵᠢᠯ ᠤᠨ ᠠᠬᠢᠴᠠ ᠮᠠᠰᠢ | ᠰᠠᠶᠢᠨ ᠪᠠᠶᠢᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠪᠢᠳᠡ ︽ᠬᠠᠮᠲᠤ ᠪᠠᠷ ᠡᠳ᠋ᠯᠡᠬᠦ︾ ᠪᠠᠷ ᠭᠤᠣᠯᠳᠠᠯᠭ᠎ᠠ ᠪᠣᠯᠭᠠᠵᠤ᠂ 2020 ᠣᠨ ᠳᠤ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠭᠰᠠᠨ ᠲᠤᠭ᠎ᠠ ᠬᠡᠮᠵᠢᠶ᠎ᠡ ᠪᠠ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ︽ᠡᠬᠡ ᠬᠠᠭᠤᠷᠠᠢ ᠳᠠᠯᠠᠢ ᠶᠢᠨ ᠰᠢᠨ᠎ᠡ ᠵᠠᠮ︾ | ᠳᠠᠭᠠᠤ ᠶᠢᠨ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠵᠦ᠂ ᠤᠯᠠᠨ | ᠤᠯᠤᠰ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ | ᠨᠡᠪᠲᠡᠷᠡᠬᠦ ᠶᠢ ᠬᠦᠴᠦᠲᠡᠢ ᠪᠠᠲᠤᠯᠠᠪᠠ᠃ | ᠬᠢᠵᠢᠭ ᠳᠠᠬᠤᠯ ᠬᠥᠮᠦᠰ ᠤᠨ ᠶᠠᠪᠤᠯᠴᠠᠭ᠎ᠠ ᠶᠢ ᠬᠠᠷᠰᠢᠯᠠᠭᠰᠠᠨ ᠪᠣᠯᠪᠠᠴᠤ ᠬᠠᠨᠢᠲᠠᠨ ᠤᠯᠤᠰ ᠤᠳ ᠤᠨ ︽ | ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠳᠠ ᠶᠢᠨ ᠪᠡᠯᠡ ᠣᠷᠣᠭᠤᠯᠬᠤ ᠪᠠ ᠳᠡᠮᠵᠢᠯᠭᠡ | ᠦᠵᠡᠭᠦᠯᠬᠦ ᠶᠢ ᠬᠤᠷᠢᠭᠯᠠᠵᠤ ᠳᠡᠶᠢᠯᠦᠭᠰᠡᠨ ᠦᠭᠡᠢ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠪᠢᠳᠡ ︽ | ᠡᠷᠡᠭᠦᠯ ᠡᠩᠬᠡ ᠲᠣᠷᠭᠠᠨ ᠵᠠᠮ︾ ᠢ ᠴᠢᠷᠮᠠᠶᠢᠨ ᠴᠣᠭᠴᠠᠯᠠᠵᠤ᠂ ᠬᠢᠵᠢᠭ ᠲᠠᠢ ᠲᠡᠮᠡᠴᠡᠬᠦ ᠤᠯᠠᠨ ᠤᠯᠤᠰ ᠤᠨ | ᠬᠠᠮᠲᠤᠷᠠᠯᠴᠠᠭ᠎ᠠ ᠪᠠᠷ ᠳᠠᠮᠵᠢᠭᠤᠯᠤᠨ ︽ᠨᠢᠭᠡ ᠪᠦᠰᠡ ᠨᠢᠭᠡ ᠵᠠᠮ︾ ᠢ ᠨᠡᠷ᠎ᠡ ᠨᠢᠳᠡᠷ ᠲᠡᠭᠡᠨ ᠨᠡᠶᠢᠴᠡᠭᠰᠡᠨ ︽ᠠᠮᠢ | ᠨᠠᠰᠤᠨ ᠤ ᠵᠠᠮ︾ ᠪᠣᠯᠭᠠᠪᠠ᠃ ᠪᠢᠳᠡ ︽ᠲᠣᠭᠠᠴᠢᠯᠠᠭᠰᠠᠨ ᠲᠣᠷᠭᠠᠨ ᠵᠠᠮ︾ ᠢ ᠪᠠᠶᠢᠭᠤᠯᠵᠤ᠂ ︽ᠮᠡᠳᠡᠭᠡ | ᠵᠠᠩᠭᠢ ᠶᠢᠨ ᠬᠤᠩᠬᠢᠯ︾ ᠢ ᠢᠳᠡᠪᠬᠢᠲᠡᠢ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ ᠡᠭᠦᠷᠢᠳᠡ ᠰᠦᠯᠵᠢᠶᠡᠨ | ᠳᠡᠭᠡᠷ᠎ᠡ ᠨᠡᠪᠳᠡᠷᠡᠭᠦᠯᠵᠠᠢ᠃ ᠪᠢᠳᠡ ︽ᠪᠣᠬᠢᠷᠲᠤᠯ ᠥᠬᠡᠶ ᠲᠣᠷᠭᠠᠨ ᠵᠠᠮ︾ ᠢ ᠪᠠᠶᠢᠭᠤᠯᠵᠤ᠂ ᠪᠣᠬᠢᠷᠲᠤᠯ ᠥᠬᠡᠶ | ᠡᠨᠧᠷᠭᠢ᠂ ᠪᠣᠬᠢᠷᠲᠤᠯ ᠥᠬᠡᠶ ᠰᠠᠭᠤᠷᠢ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠮᠥᠩᠭᠦᠨ ᠭᠦᠶ᠋ᠯᠭᠡᠭᠡᠨ ᠤ | ᠬᠠᠮᠲᠤᠷᠠᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠪᠥᠬᠦ ᠪᠥᠮᠪᠥᠷᠴᠡᠭ ᠤᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠪᠠᠨ ᠬᠤᠪᠢᠷᠠᠭᠤᠯᠬᠤ ᠪᠠ ᠬᠢᠵᠢᠭ ᠤᠨ ᠳᠠᠷᠠᠭᠠᠬᠢ | ᠪᠣᠬᠢᠷᠲᠤᠯ ᠥᠬᠡᠶ ᠰᠡᠷᠭᠦᠯᠲᠡ ᠶᠢᠨ ᠴᠢᠬᠤᠯᠠ ᠬᠥᠳᠡᠯᠭᠡᠭᠦᠷ ᠪᠣᠯᠭᠠᠪᠠ᠃ | ᠬᠢᠵᠢᠭ ᠳᠠᠬᠤᠯ ᠳᠡᠯᠡᠬᠡᠢ ᠳ᠋ᠠᠬᠢᠨ ᠢ ᠭᠦᠨᠵᠡᠭᠡᠢ ᠬᠤᠪᠢᠷᠠᠭᠤᠯᠤᠭᠰᠠᠨ ᠪᠣᠯᠪᠠᠴᠤ ᠡᠯ᠎ᠡ ᠲᠠᠯ᠎ᠠ ᠶᠢᠨ ᠬᠢᠨ ᠤ ︽ᠨᠢᠭᠡ | ᠪᠦᠰᠡ ᠨᠢᠭᠡ ᠵᠠᠮ︾ ᠤᠨ ᠲᠤᠬᠠᠢ ᠬᠡᠷᠡᠭᠴᠡᠭᠡ ᠬᠤᠪᠢᠷᠠᠭ᠎ᠠ ᠦᠭᠡᠢ᠂ ᠳᠤᠮᠳᠠᠳᠤ ᠶᠢᠨ ᠲᠠᠯ᠎ᠠ ᠶᠢᠨ ︽ᠨᠢᠭᠡ ᠪᠦᠰᠡ | ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠡᠷᠴᠢ ᠵᠣᠷᠢᠭ ᠨᠡᠩ ᠬᠤᠪᠢᠷᠠᠭ᠎ᠠ ᠦᠭᠡᠢ᠃ | ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠳᠠᠮᠵᠢᠨ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠰᠠᠶᠢᠨ ᠠᠷᠭ᠎ᠠ ᠵᠠᠮ ᠬᠠᠩᠭᠠᠵᠤ᠂ ︽ᠨᠢᠭᠡ ᠪᠦᠰᠡ ᠨᠢᠭᠡ ᠵᠠᠮ︾ | ᠤᠨ ᠬᠠᠮᠲᠤᠷᠠᠯᠴᠠᠭᠠᠨ ᠤ ᠬᠠᠨᠢᠲᠠᠨ ᠳᠤ ᠨᠡᠩ ᠤᠯᠠᠨ ᠠᠵᠠ ᠲᠣᠬᠢᠶᠠᠯ ᠣᠯᠭᠤᠨ᠎ᠠ᠃ ᠪᠢᠳᠡ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ | ᠪᠠᠶᠢᠭᠤᠯᠬᠤ ᠬᠥᠳᠡᠯᠭᠡᠬᠦ ᠴᠢᠳᠠᠪᠤᠷᠢ ᠪᠠᠭᠤᠷᠠᠬᠤ ᠦᠭᠡᠢ ᠪᠠᠶᠢᠬᠤ᠂ ᠤᠶᠠᠨ ᠬᠠᠳᠠᠨ ᠴᠢᠨᠠᠷ ᠨᠡᠩ ᠴᠢᠩᠭ᠎ᠠ ᠪᠠᠶᠢᠬᠤ ᠶᠢ | ᠪᠠᠲᠤᠯᠠᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠶᠢ ᠡᠯ᠎ᠡ ᠲᠠᠯ᠎ᠠ ᠶᠢᠨ ᠬᠠᠮᠲᠤ ᠪᠠᠷ | ᠬᠥᠭᠵᠢᠬᠦ᠂ ᠬᠠᠮᠲᠤ ᠪᠠᠷ ᠴᠡᠴᠡᠭᠯᠡᠨ ᠬᠥᠭᠵᠢᠬᠦ ᠰᠠᠷᠠᠭᠤᠯ ᠳᠠᠷᠳᠠᠩ ᠵᠠᠮ ᠪᠣᠯᠭᠠᠨ᠎ᠠ᠃ | ︽ᠪᠡᠭᠡᠵᠢᠩ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠳᠤᠮᠳᠠᠳᠤ ᠤᠯᠤᠰ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠤᠨ᠎ᠠ ᠭᠡᠵᠦ ᠳᠤᠷᠠᠳᠤᠭᠰᠠᠨ ᠨᠢ ᠳᠡᠯᠡᠬᠡᠢ ᠳ᠋ᠠᠬᠢᠨ ᠳᠤ ᠶᠠᠮᠠᠷ ᠨᠥᠯᠥᠭᠡ ᠠᠪᠴᠢᠷᠠᠬᠤ ᠪᠣᠯ︖ | ᠸᠠᠩ ᠢ᠄ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠪᠠᠶᠢᠭ᠎ᠠ ᠨᠢ ᠰᠢᠨ᠎ᠡ | ᠬᠥᠭᠵᠢᠯᠲᠡ ᠶᠢᠨ ᠱᠠᠲᠤᠨ ᠳᠤ ᠣᠷᠣᠬᠤ ᠬᠡᠷᠡᠭᠴᠡᠭᠡᠨ ᠳᠤ ᠵᠣᠬᠢᠴᠠᠵᠤ᠂ ᠪᠡᠶ᠎ᠡ ᠪᠠᠨ ᠳᠠᠭᠠᠭᠠᠵᠤ ᠬᠥᠭᠵᠢᠬᠦ | ᠴᠢᠳᠠᠪᠤᠷᠢ ᠪᠠᠨ ᠳᠡᠭᠡᠭᠰᠢᠯᠡᠭᠦᠯᠬᠦ ᠪᠠᠷ ᠬᠦᠴᠦᠯᠡᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ | ᠴᠢᠷᠮᠠᠶᠢᠬᠤ ᠶᠢᠨ ᠬᠠᠮᠲᠤ ᠭᠠᠳᠠᠭᠠᠳᠤ ᠨᠡᠬᠡᠬᠡᠯᠳᠡ ᠪᠠᠨ ᠤᠯᠠᠮ ᠴᠢᠨᠠᠭᠰᠢᠳᠠ ᠥᠷᠭᠡᠳᠬᠡᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠶᠡᠭᠡ ᠵᠠᠬ᠎ᠠ ᠳᠡᠯᠭᠡᠭᠦᠷ ᠢ ᠨᠡᠩ ᠰᠠᠶᠢᠲᠤᠷ ᠨᠡᠪᠲᠡᠷᠡᠭᠦᠯᠵᠦ᠂ ᠭᠠᠳᠠᠭᠠᠳᠤ ᠣᠷᠣᠭᠤᠯᠤᠯᠲᠠ | ᠭᠠᠳᠠᠭᠠᠳᠤ ᠭᠠᠷᠭᠠᠯᠲᠠ ᠶᠢ ᠬᠤᠯᠪᠣᠬᠤ ᠬᠤᠶᠠᠷ ᠶᠡᠭᠡ ᠵᠠᠮ ᠢ ᠨᠡᠩ ᠰᠠᠶᠢᠲᠤᠷ ᠨᠡᠪᠲᠡᠷᠡᠭᠦᠯᠬᠦ ᠶᠢᠨ ᠲᠥᠯᠥᠭᠡ ᠶᠤᠮ᠃ | ᠡᠨᠡ ᠨᠢ ᠳᠡᠯᠡᠬᠡᠢ ᠶᠢᠨ ᠡᠯ᠎ᠡ ᠤᠯᠤᠰ ᠲᠤ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠬᠠᠩᠭᠠᠵᠤ᠂ ᠨᠡᠩ ᠶᠡᠭᠡ | ᠵᠠᠬ᠎ᠠ ᠳᠡᠯᠭᠡᠭᠦᠷ ᠤᠨ ᠣᠷᠣᠨ ᠵᠠᠢ ᠶᠢ ᠨᠡᠭᠡᠭᠡᠵᠦ᠂ ᠨᠡᠩ ᠥᠷᠭᠡᠨ ᠠᠭᠤᠳᠠᠮ ᠬᠠᠮᠲᠤᠷᠠᠯᠴᠠᠭᠠᠨ ᠤ ᠠᠯᠤᠰ | ᠢᠷᠡᠭᠡᠳᠦᠢ ᠶᠢ ᠤᠭᠲᠤᠨ ᠠᠪᠴᠢᠷᠠᠬᠤ ᠪᠣᠯᠤᠨ᠎ᠠ᠃ ᠳᠤᠮᠳᠠᠳᠤ ᠤᠯᠤᠰ ᠨᠠᠩ ᠰᠠᠶᠢᠨ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ᠂ ᠨᠠᠩ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠡᠯ᠎ᠡ ᠤᠯᠤᠰ ᠲᠠᠢ ᠬᠠᠮᠲᠤ ᠪᠠᠷ | ᠨᠡᠭᠡᠭᠡᠯᠲᠡᠲᠦ ᠬᠡᠯᠪᠡᠷᠢ ᠶᠢᠨ ᠳᠡᠯᠡᠬᠡᠶ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠳᠦᠷᠰᠦᠯᠢᠭ ᠢᠶᠠᠷ ᠬᠡᠯᠡᠪᠡᠯ᠂ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠠ ᠳᠤᠮᠳᠠᠳᠤ | ᠤᠯᠤᠰ ᠬᠥᠳᠡᠯᠭᠡᠬᠦ ᠴᠢᠳᠠᠪᠤᠷᠢ ᠪᠠᠷ ᠨᠡᠩ ᠴᠢᠩᠭ᠎ᠠ᠂ ᠠᠴᠢᠶᠠᠯᠠᠬᠤ ᠬᠦᠴᠦᠨ ᠢᠶᠠᠷ ᠨᠡᠩ ᠶᠡᠭᠡ ︽ᠳᠤᠮᠳᠠᠳᠤ | ᠤᠯᠤᠰ ᠤᠨ ᠬᠤᠷᠳᠤᠨ ᠲᠡᠷᠭᠡ︾ ᠰᠢᠭ ᠪᠠᠶᠢᠵᠤ᠂ ᠰᠢᠨ᠎ᠡ ᠬᠠᠷᠠᠯᠲᠠ ᠲᠡᠶᠢᠰᠢ ᠲᠦᠷᠭᠡᠨ ᠤᠷᠤᠭᠰᠢᠯᠠᠵᠤ ᠪᠠᠶᠢᠨ᠎ᠠ᠂ | ᠪᠢᠳᠡ ᠡᠯ᠎ᠡ ᠤᠯᠤᠰ ᠤᠨ ᠬᠢᠨ ᠬᠠᠮᠲᠤ ᠪᠠᠷ ᠤᠷᠤᠭᠰᠢᠯᠠᠵᠤ᠂ ᠬᠠᠮᠲᠤ ᠪᠠᠷ ᠬᠦᠭᠵᠢᠨ ᠴᠡᠴᠡᠭᠯᠡᠬᠦ ᠶᠢ ᠪᠠᠶᠠᠷᠯᠠᠨ | ᠤᠭᠲᠤᠵᠤ ᠪᠠᠶᠢᠨ᠎ᠠ᠃ | ᠡᠨᠡᠳᠬᠡᠭ ᠤᠨ ᠰᠣᠨᠢᠨ ᠤ ᠦᠢᠯᠡᠰ ᠤᠨ ᠲᠷᠦ᠋ᠰᠲ ᠬᠤᠷᠢᠶᠠᠨ ᠤ ᠰᠤᠷᠪᠤᠯᠵᠢᠯᠠᠭᠴᠢ᠄ ᠲᠠ ᠳᠤᠮᠳᠠᠳᠤ | ᠡᠨᠡᠳᠬᠡᠭ ᠤᠨ ᠬᠢᠯᠢ ᠶᠢᠨ ᠡᠩᠬᠡ ᠲᠠᠶᠢᠪᠤᠩ ᠤᠨ ᠠᠯᠤᠰ ᠢᠷᠡᠭᠡᠳᠦᠢ ᠶᠢᠨ ᠲᠤᠬᠠᠢ ᠬᠡᠷᠬᠢᠨ ᠦᠵᠡᠵᠦ ᠪᠠᠶᠢᠬᠤ ᠪᠤᠢ︖ | ᠳᠤᠮᠳᠠᠳᠤ ᠡᠨᠡᠳᠬᠡᠭ ᠬᠤᠶᠠᠷ ᠲᠠᠯ᠎ᠠ ᠶᠢᠨ ᠬᠢᠯᠢ ᠶᠢᠨ ᠵᠠᠭᠠᠭ ᠤᠨ ᠠᠰᠠᠭᠤᠳᠠᠯ ᠤᠨ ᠲᠤᠬᠠᠶ ᠠᠳᠠᠯᠢ ᠪᠤᠰᠤ | ᠦᠵᠡᠯᠲᠡ ᠨᠢ ᠳᠤᠮᠳᠠᠳᠤ ᠡᠨᠡᠳᠬᠡᠭ ᠤᠨ ᠬᠠᠷᠢᠯᠴᠠᠭᠠᠨ ᠤ ᠢᠷᠡᠭᠡᠳᠦᠶ ᠶᠢᠨ ᠬᠥᠭᠵᠢᠯᠲᠡ ᠶᠢ ᠬᠡᠷᠬᠢᠨ ᠨᠥᠯᠥᠭᠡᠯᠡᠬᠦ ᠪᠤᠶ | ︖ | ᠸᠠᠩ ᠢ᠄ ᠳᠤᠮᠳᠠᠳᠤ ᠡᠨᠡᠳᠬᠡᠭ ᠤᠨ ᠬᠠᠷᠢᠯᠴᠠᠭᠠᠨ ᠤ ᠮᠥᠨ ᠴᠢᠨᠠᠷ ᠪᠣᠯ ᠳᠡᠯᠡᠬᠡᠢ ᠳᠡᠭᠡᠷᠡᠬᠢ ᠬᠠᠮᠤᠭ ᠤᠨ | ᠶᠡᠭᠡ ᠬᠤᠶᠠᠷ ᠬᠥᠭᠵᠢᠵᠦ ᠪᠠᠶᠢᠭ᠎ᠠ ᠤᠯᠤᠰ ᠬᠡᠷᠬᠢᠨ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠬᠠᠮᠲᠤ ᠪᠠᠷ | ᠬᠥᠭᠵᠢᠨ ᠮᠠᠨᠳᠤᠬᠤ ᠠᠰᠠᠭᠤᠳᠠᠯ ᠪᠣᠯᠤᠨ᠎ᠠ᠃ | ᠬᠥᠷᠰᠢ ᠵᠡᠷᠭᠡᠯᠡᠳᠡᠭᠡ ᠰᠠᠭᠤᠷᠢᠰᠢᠵᠤ ᠪᠠᠶᠢᠭ᠎ᠠ ᠬᠤᠶᠠᠷ ᠶᠡᠭᠡ ᠡᠷᠲᠡᠨ ᠤ ᠪᠣᠯᠪᠠᠰᠤᠨ ᠤᠯᠤᠰ ᠪᠤᠯᠤᠭᠰᠠᠨ ᠤ | ᠬᠤᠪᠢ ᠳᠤ᠂ ᠣᠳᠣᠬᠠᠨ ᠤ ᠳᠡᠯᠡᠬᠡᠢ ᠳᠠᠬᠢ 10 ᠳ᠋ᠦᠩᠰᠢᠭᠤᠷ ᠬᠥᠮᠦᠨ ᠠᠮᠠ ᠪᠦ᠋ᠬᠦᠢ ᠲᠡᠰ ᠤᠨ ᠬᠤᠶᠠᠷ ᠶᠡᠭᠡ | ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠳᠤᠮᠳᠠᠳᠤ ᠡᠨᠡᠳᠬᠡᠭ ᠬᠤᠶᠠᠷ | ᠤᠯᠤᠰ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠯᠤᠲᠤ ᠶᠡᠭᠡ ᠬᠠᠮᠲᠤᠷᠠᠯᠴᠠᠭᠠᠨ ᠤ ᠳᠠᠯᠳᠠ ᠬᠦᠴᠦᠨ ᠲᠠᠢ | ᠶᠤᠮ᠃ ᠬᠤᠶᠠᠷ ᠲᠠᠯ᠎ᠠ ᠪᠠᠷ ᠢᠶᠠᠨ ᠤᠯᠤᠰ ᠤᠨ ᠳᠣᠲᠣᠭᠠᠳᠤ ᠳᠠᠭᠠᠨ ᠴᠥᠮ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠬᠥᠭᠵᠢᠯᠲᠡ ᠶᠢ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠳᠡᠯᠡᠬᠡᠢ ᠳᠡᠭᠡᠷ᠎ᠡ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ᠂ ᠳᠡᠯᠡᠬᠡᠢ ᠶᠢᠨ ᠤᠯᠠᠨ | ᠲᠦᠢᠯᠰᠢᠷᠠᠬᠤ ᠠᠬᠢᠴᠠ ᠶᠢ ᠠᠬᠢᠭᠤᠯᠬᠤ ᠬᠠᠮᠲᠤ ᠶᠢᠨ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ ᠳᠤᠮᠳᠠᠳᠤ | ᠡᠨᠡᠳᠬᠡᠭ ᠤᠨ ᠤᠯᠤᠰ ᠤᠨ ᠪᠠᠶᠢᠳᠠᠯ ᠠᠳᠠᠯᠢᠪᠲᠤᠷ ᠪᠠᠶᠢᠭ᠎ᠠ ᠨᠢ ᠪᠠᠰᠠ ᠬᠤᠶᠠᠷ ᠲᠠᠯ᠎ᠠ ᠪᠠᠷ ᠢᠶᠠᠨ ᠮᠠᠰᠢ ᠤᠯᠠᠨ | ᠴᠢᠬᠤᠯᠠ ᠶᠡᠭᠡ ᠠᠰᠠᠭᠤᠳᠠᠯ ᠳᠡᠭᠡᠷ᠎ᠡ ᠠᠳᠠᠯᠢ ᠪᠤᠶᠤ ᠠᠳᠠᠯᠢᠪᠲᠤᠷ ᠵᠣᠭᠰᠣᠯᠲᠠ ᠲᠠᠢ ᠪᠠᠶᠢᠬᠤ ᠶᠢ ᠲᠣᠭᠲᠠᠭᠠᠵᠠᠢ᠃ | ᠡᠶᠢᠮᠦ ᠠᠴᠠ᠂ ᠳᠤᠮᠳᠠᠳᠤ ᠡᠨᠡᠳᠬᠡᠭ ᠬᠤᠶᠠᠷ ᠤᠯᠤᠰ ᠪᠣᠯ ᠨᠠᠶᠢᠵᠠ ᠪᠠ ᠬᠠᠨᠢᠲᠠᠨ ᠮᠥᠨ᠂ ᠬᠠᠷᠢᠨ ᠰᠦᠷᠳᠡᠭᠦᠯᠦᠯ | ᠪᠠ ᠥᠷᠢᠰᠥᠯᠳᠦᠭᠴᠢ ᠪᠢᠰᠢ᠃ ᠬᠤᠶᠠᠷ ᠲᠠᠯ᠎ᠠ ᠪᠠᠷ ᠢᠶᠠᠨ ᠬᠠᠷᠢᠯᠴᠠᠨ ᠳᠡᠳᠬᠦᠵᠦ ᠳᠡᠮᠵᠢᠬᠦ ᠠᠴᠠ ᠪᠢᠰᠢ᠂ ᠬᠠᠷᠢᠨ | ᠬᠠᠷᠢᠯᠴᠠᠨ ᠰᠠᠭᠠᠷᠠᠭᠤᠯᠵᠦ ᠪᠤᠯᠬᠤ ᠦᠭᠡᠢ᠂ ᠬᠠᠮᠲᠤᠷᠠᠯᠴᠠᠭ᠎ᠠ ᠪᠠᠨ ᠴᠢᠩᠭᠠᠳᠬᠠᠬᠤ ᠠᠴᠠ ᠪᠢᠰᠢ ᠬᠠᠷᠢᠨ ᠬᠠᠷᠢᠯᠴᠠᠨ | ᠰᠡᠷᠭᠡᠶᠢᠯᠡᠬᠦ ᠪᠢᠰᠢ ᠶᠤᠮ᠃ | ᠬᠢᠯᠢ ᠶᠢᠨ ᠵᠠᠭᠠᠭ ᠤᠨ ᠮᠠᠷᠭᠤᠯᠳᠤᠭᠠᠨ ᠪᠣᠯ ᠲᠡᠦᠬᠡ ᠶᠢᠨ ᠦᠯᠡᠳᠡᠭᠳᠡᠯ ᠠᠰᠠᠭᠤᠳᠠᠯ ᠮᠥᠨ᠂ ᠳᠤᠮᠳᠠᠳᠤ | ᠡᠨᠡᠳᠬᠡᠭ ᠤᠨ ᠬᠠᠷᠢᠯᠴᠠᠭᠠᠨ ᠤ ᠪᠦᠬᠦ ᠵᠦᠢᠯ ᠪᠢᠰᠢ᠂ ᠲᠡᠭᠦᠨ ᠢ ᠲᠣᠬᠢᠲᠠᠢ ᠬᠠᠮᠢᠶᠠᠷᠤᠨ ᠡᠵᠡᠮᠳᠡᠬᠦ ᠶᠢᠨ ᠬᠠᠮᠲᠤ | ᠬᠠᠮᠲᠤᠷᠠᠯᠴᠠᠭ᠎ᠠ ᠪᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠮᠵᠢᠭᠤᠯᠤᠨ ᠬᠢᠯᠢ ᠶᠢᠨ ᠵᠠᠭᠠᠭ ᠤᠨ | ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠨᠥᠬᠦᠴᠡᠯ ᠢ ᠪᠦᠷᠢᠯᠳᠦᠭᠦᠯᠪᠡᠯ ᠵᠤᠬᠢᠨ᠎ᠠ᠃ | ᠨᠢᠳᠤᠨᠤᠨ ᠬᠢᠯᠢ ᠬᠢᠵᠠᠭᠠᠷ ᠣᠷᠣᠨ ᠳᠤ ᠡᠭᠦᠰᠦᠭᠰᠡᠨ ᠮᠥᠷᠭᠦᠯᠳᠦᠭᠡᠨ ᠤ ᠵᠥᠪ ᠪᠤᠷᠤᠭᠤ ᠨᠢ ᠮᠠᠰᠢ ᠲᠣᠳᠣᠷᠬᠠᠶ᠂ | ᠠᠰᠢᠭ ᠬᠤᠤᠷ ᠣᠯᠵᠤ ᠠᠯᠳᠠᠭᠰᠠᠨ ᠨᠢ ᠲᠣᠪ ᠲᠣᠳᠣᠷᠬᠠᠶ᠃ ᠭᠠᠭᠴᠠ ᠲᠠᠯ᠎ᠠ ᠪᠠᠷ ᠡᠰᠡᠷᠭᠦᠴᠡᠯᠳᠦᠯ ᠭᠠᠷᠭᠠᠬᠤ ᠨᠢ | ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ᠂ ᠨᠠᠶᠢᠷᠠᠮᠳᠠᠯ ᠢᠶᠠᠷ ᠬᠡᠯᠡᠯᠴᠡᠭᠡ ᠬᠢᠬᠦ ᠪᠣᠯ ᠰᠠᠶ᠋ᠢ ᠵᠥᠪ ᠵᠠᠮ ᠮᠥᠨ | ᠭᠡᠳᠡᠭ ᠢ ᠪᠣᠳᠠᠲᠤ ᠬᠡᠷᠡᠭ ᠳᠠᠬᠢᠨᠲᠠ ᠭᠡᠷᠡᠴᠢᠯᠡᠪᠡ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ ᠪᠠᠷ | ᠳᠠᠮᠵᠢᠭᠤᠯᠤᠨ ᠬᠢᠯᠢ ᠶᠢᠨ ᠮᠠᠷᠭᠤᠯᠳᠤᠭᠠᠨ ᠰᠢᠶ᠋ᠳᠪᠦᠷᠢᠯᠡᠬᠦ ᠶᠢ ᠪᠠᠷᠢᠮᠲᠠᠯᠠᠬᠤ ᠵᠣᠭᠰᠣᠯᠲᠠ ᠪᠣᠯ ᠲᠣᠳᠣᠷᠬᠠᠶ ᠶᠤᠮ᠂ | ᠲᠣᠰ ᠪᠡᠶ᠎ᠡ ᠶᠢᠨ ᠡᠷᠬᠡ ᠮᠡᠳᠡᠯ ᠡᠷᠬᠡ ᠠᠰᠢᠭ ᠢᠶᠠᠨ ᠬᠠᠮᠠᠭᠠᠯᠠᠬᠤ ᠵᠣᠷᠢᠭ ᠰᠠᠨᠠᠭ᠎ᠠ ᠴᠤ ᠡᠷᠡᠰ ᠪᠠᠲᠤ ᠶᠤᠮ᠃ ᠬᠤᠶᠠᠷ | ᠲᠠᠯ᠎ᠠ ᠪᠠᠷ ᠢᠶᠠᠨ ᠬᠠᠮᠲᠤ ᠶᠢᠨ ᠲᠠᠨᠢᠯᠲᠠ ᠪᠠᠨ ᠪᠠᠬᠢᠵᠢᠭᠦᠯᠵᠦ᠂ ᠶᠠᠷᠢᠯᠴᠠᠭ᠎ᠠ ᠤᠯᠤᠯᠴᠠᠭ᠎ᠠ ᠪᠠᠨ ᠴᠢᠩᠭᠠᠳᠬᠠᠨ᠂ | ᠬᠠᠮᠢᠶᠠᠷᠤᠨ ᠡᠵᠡᠮᠳᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ | ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠪᠠᠯ ᠵᠣᠬᠢᠨ᠎ᠠ᠃ | ᠰᠢᠨ᠎ᠡ ᠨᠢᠭᠡ ᠵᠢᠯ ᠳᠤ᠂ ᠡᠨᠡᠳᠬᠡᠭ ᠤᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ | ᠤᠷᠤᠭᠰᠢᠯᠠᠵᠤ᠂ ︽ᠬᠠᠷᠢᠯᠴᠠᠨ ᠰᠦᠷᠳᠡᠭᠦᠯᠦᠯ ᠪᠣᠯᠬᠤ ᠦᠭᠡᠢ᠂ ᠬᠠᠷᠢᠯᠴᠠᠨ ᠬᠥᠭᠵᠢᠯᠲᠡ ᠶᠢᠨ ᠠᠵᠠ ᠲᠣᠬᠢᠶᠠᠯ | ᠠᠪᠴᠢᠷᠠᠬᠤ︾ ᠬᠤᠶᠠᠷ ᠤᠯᠤᠰ ᠤᠨ ᠤᠳᠤᠷᠢᠳᠬᠤ ᠬᠥᠮᠦᠰ ᠤᠨ ᠬᠠᠮᠲᠤ ᠶᠢᠨ ᠲᠠᠨᠢᠯᠲᠠ ᠶᠢ ᠦᠨᠡᠨ ᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠡᠨᠡᠳᠬᠡᠭ ᠤᠨ 27 ᠳ᠋ᠦᠩᠰᠢᠭᠤᠷ ᠠᠷᠠᠳ ᠲᠦᠮᠡᠨ ᠳᠤ ᠨᠡᠩ | ᠤᠯᠠᠨ ᠪᠤᠶᠠᠨ ᠦᠢᠯᠡᠳᠴᠦ᠂ ᠠᠽᠢᠶ᠎ᠠ ᠲᠢᠪ ᠤᠨ ᠡᠷᠢᠨ ᠵᠠᠭᠤᠨ ᠬᠦᠷᠴᠦ ᠢᠷᠡᠬᠦ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠭᠴᠢ᠄ ᠥᠩᠭᠡᠷᠡᠭᠰᠡᠨ ᠨᠢᠭᠡ ᠵᠢᠯ ᠳᠤ᠂ | ᠭᠠᠳᠠᠭᠠᠳᠤ ᠶᠠᠪᠤᠳᠠᠯ ᠤᠨ ᠶᠠᠮᠤᠨ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠢ ᠬᠠᠪᠰᠤᠷᠤᠨ | ᠬᠢᠵᠢᠭ ᠲᠠᠢ ᠲᠡᠮᠡᠴᠡᠬᠦ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠪᠠ᠃ ᠭᠠᠳᠠᠭᠠᠳᠤ ᠬᠠᠷᠢᠯᠴᠠᠭᠠᠨ ᠤ ᠶᠠᠮᠤᠨ ᠪᠠᠰᠠ | ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠠᠷ ᠪᠠᠶᠢᠬᠤ ᠪᠣᠶ︖ | ᠸᠠᠩ ᠢ᠄ ᠨᠢᠳᠤᠨᠤᠨ ᠨᠢᠭᠡ ᠵᠢᠯ ᠤᠨ ᠳᠤᠷᠰᠢ᠂ ᠭᠠᠳᠠᠭᠠᠳᠤ ᠳᠤ ᠪᠠᠶᠢᠭ᠎ᠠ ᠠᠬᠠᠨ ᠳᠡᠬᠦᠤᠰ ᠨᠡᠭᠡᠷᠡᠨ | ᠭᠡᠴᠡᠬᠦᠦ ᠪᠠᠶᠢᠭᠰᠠᠨ᠃ ᠭᠡᠨᠡᠳᠲᠡ ᠡᠭᠦᠰᠦᠭᠰᠡᠨ ᠬᠢᠵᠢᠭ ᠳᠠᠬᠤᠯ ᠭᠠᠳᠠᠭᠠᠳᠤ ᠳᠤ ᠪᠠᠶᠢᠭ᠎ᠠ ᠬᠦᠮᠦᠰ ᠤᠨ ᠭᠡᠷ ᠲᠡᠭᠡᠨ | ᠬᠠᠷᠢᠬᠤ ᠵᠠᠮ ᠢ ᠲᠠᠰᠤᠯᠵᠤ᠂ ᠠᠬᠠᠨ ᠳᠡᠬᠦᠤᠰ ᠤᠨ ᠠᠮᠢ ᠨᠠᠰᠤ ᠪᠣᠯᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠪᠠ᠃ | ᠡᠩ ᠲᠡᠷᠢᠭᠦᠨ ᠳᠤ᠂ ᠪᠢ ᠭᠠᠳᠠᠭᠠᠳᠤ ᠳᠤ ᠪᠠᠶᠢᠭ᠎ᠠ ᠪᠦᠬᠦ ᠠᠬᠠᠨ ᠳᠡᠬᠦᠤᠰ ᠲᠡᠭᠡᠨ ᠴᠢᠩ ᠰᠡᠳᠬᠢᠯ ᠤᠨ | ᠲᠣᠬᠤᠨᠢᠭᠤᠯᠤᠯ ᠳᠡᠪᠰᠢᠭᠦᠯᠦᠶ᠎ᠡ᠃ ᠬᠠᠮᠲᠤ ᠳᠤᠨᠢ᠂ ᠭᠠᠰᠢᠭᠤᠨ ᠵᠤᠪᠠᠯᠠᠩ ᠤᠨ ᠡᠮᠦᠨ᠎ᠠ ᠭᠠᠷᠴᠠᠭ᠎ᠠ ᠦᠭᠡᠢ ᠶᠡᠭᠡ | ᠬᠠᠶᠢᠷ᠎ᠠ ᠪᠠᠶᠢᠳᠠᠭ᠃ ᠨᠠᠮ ᠪᠠ ᠵᠠᠰᠠᠭ ᠤᠨ ᠣᠷᠳᠣᠨ ᠭᠠᠳᠠᠭᠠᠳᠤ ᠳᠤ ᠪᠠᠶᠢᠭ᠎ᠠ ᠠᠬᠠᠨ ᠳᠡᠬᠦᠤᠰ ᠨᠢᠭᠡᠪᠦᠷᠢ ᠶᠢᠨ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠢᠮᠠᠭᠲᠠ ᠪᠤᠳᠤᠯᠬᠢᠯᠠᠵᠤ ᠪᠠᠶᠢᠳᠠᠭ᠃ | ᠭᠠᠳᠠᠭᠠᠳᠤ ᠶᠠᠪᠤᠳᠠᠯ ᠤᠨ ᠶᠠᠮᠤᠨ ᠪᠣᠯᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ | ᠭᠠᠵᠠᠷ ᠤᠨ ᠬᠢᠨ ᠪᠠᠴᠢᠮ ᠬᠥᠳᠡᠯᠦᠯᠴᠡᠵᠦ᠂ ᠪᠥᠬᠦ ᠭᠠᠳᠠᠭᠠᠳᠤ ᠶᠠᠪᠤᠳᠠᠯ ᠤᠨ ᠠᠵᠢᠯᠲᠠᠳ ᠪᠥᠬᠦ ᠬᠦᠴᠦᠨ ᠢᠶᠠᠷ ᠢᠶᠠᠨ | ᠬᠥᠳᠡᠯᠦᠯᠴᠡᠨ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠡᠳᠦᠷ ᠰᠥᠨᠢ ᠥᠬᠡᠶ ᠲᠡᠮᠡᠴᠡᠵᠦ᠂ ᠪᠥᠬᠦ | ᠪᠥᠮᠪᠥᠷᠴᠡᠭ ᠤᠨ ᠬᠡᠪᠴᠢᠶᠡᠨ ᠳᠤ ᠺᠤᠨᠰᠦ᠋ᠯ ᠤᠨ ᠬᠠᠮᠠᠭᠠᠯᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ᠃ | ᠪᠢᠳᠡ ᠬᠢᠵᠢᠭ ᠤᠨ ᠣᠷᠣᠨ ᠳᠤ ᠭᠦᠨᠵᠡᠭᠡᠶᠢᠷᠡᠨ ᠲᠣᠬᠤᠨᠢᠭᠤᠯᠵᠤ᠂ 100 ᠭᠠᠷᠤᠢ ᠤᠯᠤᠰ ᠲᠠᠬᠢ 500 | ᠭᠠᠷᠤᠢ ᠲᠦᠮᠡᠨ ᠭᠠᠳᠠᠭᠠᠳᠤ ᠳᠤ ᠰᠠᠭᠤᠭ᠎ᠠ ᠠᠬᠠᠨ ᠳᠡᠬᠦᠤᠰ ᠲᠤ ︽ᠡᠷᠡᠭᠦᠯ ᠮᠡᠨᠳᠦ ᠶᠢᠨ ᠪᠣᠭᠴᠣ︾᠂ ︽ᠴᠠᠭᠠᠨ | ᠰᠠᠷ᠎ᠠ ᠶᠢᠨ ᠪᠣᠭᠴᠣ︾ ᠲᠦᠭᠡᠭᠡᠵᠦ᠂ ᠵᠤᠯ ᠪᠤᠰᠤ ᠪᠠᠷ ᠬᠢᠵᠢᠭ ᠲᠤ ᠬᠠᠯᠳᠠᠪᠤᠷᠢᠯᠠᠭᠳᠠᠭᠰᠠᠨ ᠪᠤᠢ ᠪᠦᠬᠦᠢ ᠠᠬᠠᠨ | ᠳᠡᠬᠦᠤᠰ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠠᠪᠤᠷᠠᠨ ᠡᠮᠨᠡᠪᠡ᠃ 12308 ᠤᠲᠠᠰᠤ ᠶᠢ 24 | ᠴᠠᠭ ᠢᠶᠠᠷ ᠵᠢᠵᠢᠭᠦᠷᠯᠡᠨ ᠰᠠᠬᠢᠵᠤ᠂ ᠠᠬᠠᠨ ᠳᠡᠬᠦᠤᠰ ᠤᠨ ᠲᠤᠰᠠᠯᠠᠮᠵᠢ ᠭᠤᠶᠤᠴᠢᠯᠠᠭᠰᠠᠨ ᠠᠰᠠᠭᠤᠳᠠᠯ ᠢ ᠡᠳᠦᠷ | ᠳᠤᠮᠳᠠᠴᠢ ᠪᠠᠷ 3000 ᠰᠢᠬᠠᠮ ᠰᠢᠶ᠋ᠳᠪᠦᠷᠢᠯᠡᠵᠦ᠂ ᠥᠩᠭᠡᠷᠡᠭᠰᠡᠨ ᠵᠢᠯ ᠤᠨ ᠬᠢ ᠠᠴᠠ 3 ᠳᠠᠬᠢᠨ ᠤᠷᠴᠢᠮ | ᠨᠡᠮᠡᠭᠳᠡᠵᠡᠶ᠃ ᠪᠢᠳᠡ ᠤᠯᠠᠨ ᠤᠳᠠᠭᠠᠨ ᠤ ᠬᠦᠨᠳᠦ ᠶᠡᠭᠡ ᠺᠤᠨᠰᠦ᠋ᠯ ᠤᠨ ᠬᠠᠮᠠᠭᠠᠯᠠᠯᠲᠠ ᠶᠢᠨ ᠬᠡᠷᠡᠭ ᠢ ᠪᠠᠴᠢᠮ | ᠰᠢᠢᠳᠪᠦᠷᠢᠯᠡᠵᠦ᠂ ᠡᠽᠢᠦᠫᠢᠶᠠ ᠶᠢᠨ ᠪᠠᠶᠢᠯᠳᠤᠭᠠᠨ ᠤ ᠲᠣᠭᠤᠷᠢᠭ ᠲᠤ ᠬᠠᠮᠤᠷᠤᠭᠳᠠᠭᠰᠠᠨ ᠳᠤᠮᠳᠠᠳᠤ ᠤᠯᠤᠰ ᠤᠨ | ᠠᠷᠠᠳ ᠢᠷᠭᠡᠨ ᠢ ᠵᠠᠶᠢᠯᠠᠭᠤᠯᠵᠤ᠂ ᠲᠠᠯᠠᠢ ᠶᠢᠨ ᠳᠡᠭᠡᠷᠡᠮ ᠳᠤ ᠤᠤᠯᠭᠠᠯᠠᠭᠳᠠᠭᠰᠠᠨ ᠠᠬᠠᠨ ᠳᠡᠬᠦᠤᠰ ᠢ ᠪᠦᠬᠦ | ᠬᠦᠴᠦ ᠪᠠᠷ ᠢᠶᠠᠨ ᠠᠪᠤᠷᠠᠪᠠ᠃ ᠪᠢᠳᠡ ᠪᠤᠳᠠᠳᠤ ᠠᠵᠢᠯᠯᠠᠭ᠎ᠠ ᠪᠠᠷ ᠢᠶᠠᠨ ᠭᠠᠳᠠᠭᠠᠳᠤ ᠳᠤ ᠪᠠᠶᠢᠭ᠎ᠠ ᠠᠬᠠᠨ | ᠳᠡᠬᠦᠤᠰ ᠲᠤ ᠭᠠᠳᠠᠭᠠᠳᠤ ᠬᠠᠷᠢᠯᠴᠠᠭ᠎ᠠ ᠠᠷᠠᠳ ᠲᠦᠮᠡᠨ ᠤ ᠲᠥᠯᠥᠭᠡ ᠪᠠᠶᠢᠵᠤ᠂ ᠨᠢᠭᠡ ᠶᠢ ᠴᠦ ᠣᠷᠬᠢᠭᠳᠠᠭᠤᠯᠬᠤ | ᠦᠭᠡᠢ︔ ᠬᠢᠵᠢᠭ ᠠᠷᠢᠯᠬᠤ ᠦᠭᠡᠢ ᠪᠣᠯ ᠭᠠᠳᠠᠭᠠᠳᠤ ᠶᠠᠪᠤᠳᠠᠯ ᠤᠨ ᠲᠤᠰᠢᠶᠠᠯᠲᠠᠨ ᠴᠤ ᠤᠬᠤᠷᠢᠬᠤ ᠦᠭᠡᠢ ᠭᠡᠳᠡᠭ ᠢ | ᠮᠡᠳᠡᠭᠦᠯᠦᠭᠰᠡᠨ ᠪᠢᠯᠡ᠃ | ᠠᠳᠡ ᠪᠢ ᠣᠯᠠᠨ ᠳᠤ ᠬᠡᠳᠦᠨ ᠰᠠᠶᠢᠨ ᠴᠢᠮᠡᠭᠡ ᠬᠡᠯᠡᠵᠦ ᠥᠭᠭᠦᠶ᠎ᠡ᠄ | ᠨᠢᠭᠡ ᠳᠤ᠂ ᠪᠢᠳᠠ ︽ᠬᠠᠪᠤᠷ ᠤᠨ ᠸᠠᠺᠼᠢᠨ ᠤ ᠠᠵᠢᠯᠯᠠᠭ᠎ᠠ︾ ᠶᠢ ᠥᠷᠨᠢᠭᠦᠯᠵᠦ᠂ ᠭᠠᠳᠠᠭᠠᠳᠤ ᠳᠤ ᠪᠠᠶᠢᠭ᠎ᠠ | ᠠᠬᠠᠨ ᠳᠡᠬᠦᠤᠰ ᠤᠨ ᠤᠯᠤᠰ ᠤᠨ ᠳᠤᠳᠤᠭᠠᠳᠤ ᠶᠢᠨ ᠦᠢᠯᠡᠳᠪᠦᠷᠢᠯᠡᠭᠰᠡᠨ ᠸᠠᠺᠼᠢᠨ ᠪᠤᠶᠤ ᠭᠠᠳᠠᠭᠠᠳᠤ ᠶᠢᠨ | ᠸᠠᠺᠼᠢᠨ ᠳᠠᠷᠢᠭᠤᠯᠬᠤ ᠳᠤ ᠢᠳᠡᠪᠬᠢᠲᠡᠢ ᠬᠠᠮᠵᠢᠯᠴᠠᠬᠤ ᠪᠠᠷ ᠴᠢᠷᠮᠠᠶᠢᠨ᠎ᠠ᠃ 50 ᠭᠠᠷᠤᠶ ᠤᠯᠤᠰ ᠵᠠᠯᠭᠠᠭ᠎ᠠ ᠪᠠᠷ | ᠳᠤᠮᠳᠠᠳᠤ ᠤᠯᠤᠰ ᠤᠨ ᠠᠷᠠᠳ ᠢᠷᠭᠡᠨ ᠢ ᠲᠣᠰ ᠤᠯᠤᠰ ᠤᠨ ᠢᠶᠠᠨ ᠲᠠᠷᠢᠯᠭ᠎ᠠ ᠬᠢᠬᠦ ᠲᠥᠯᠥᠪᠯᠡᠭᠡ ᠳᠤ ᠣᠷᠣᠭᠤᠯᠵᠤ᠂ | ᠪᠠᠰᠠ ᠴᠥᠭᠡᠨ ᠪᠤᠰᠤ ᠳᠤᠮᠳᠠᠳᠤ ᠤᠯᠤᠰ ᠤᠨ ᠠᠷᠠᠳ ᠢᠷᠭᠡᠨ ᠲᠤᠬᠠᠶ ᠶᠢᠨ ᠭᠠᠵᠠᠷ ᠲᠠᠭᠠᠨ ᠳᠤᠮᠳᠠᠳᠤ ᠤᠯᠤᠰ ᠤᠨ | ᠸᠠᠺᠼᠢᠨ ᠢ ᠬᠠᠤᠯᠢ ᠶᠣᠰᠣᠭᠠᠷ ᠳᠠᠷᠢᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠨᠥᠬᠦᠴᠡᠯ | ᠪᠦᠷᠢᠯᠳᠦᠭᠦᠯᠦᠭᠰᠡᠨ ᠤᠯᠤᠰ ᠲᠤ ᠤᠯᠤᠰ ᠤᠨ ᠳᠤᠳᠤᠭᠠᠳᠤ ᠳᠤ ᠦᠶ᠋ᠯᠡᠳᠪᠦᠷᠢᠯᠡᠭᠰᠡᠨ ᠸᠠᠺᠼᠢᠨ ᠳᠠᠷᠢᠬᠤ ᠭᠠᠵᠠᠷ | ᠤᠷᠤᠨ ᠭᠠᠷᠭᠠᠵᠤ᠂ ᠡᠷᠬᠢᠨ ᠲᠣᠭᠤᠷᠢᠨ ᠤ ᠤᠯᠤᠰ ᠲᠤ ᠪᠠᠶᠢᠭ᠎ᠠ ᠠᠬᠠᠨ ᠳᠡᠬᠦᠤᠰ ᠤᠨ ᠭᠡᠷᠡᠭᠴᠡᠭᠡ | ᠱᠠᠭᠠᠷᠳᠠᠯᠭ᠎ᠠ ᠪᠠᠷ ᠦᠶ᠋ᠯᠡᠴᠢᠯᠡᠭᠡ ᠬᠠᠩᠭᠠᠬᠤ ᠪᠠᠷ ᠪᠠᠶᠢᠨ᠎ᠠ᠃ | ᠬᠤᠶᠠᠷ ᠲᠤ᠂ ᠪᠢᠳᠡ ᠣᠯᠠᠨ ᠤᠯᠤᠰ ᠤᠨ ᠵᠢᠭᠤᠯᠴᠢᠯᠠᠯ ᠤᠨ ᠡᠷᠡᠭᠦᠯ ᠮᠡᠨᠳᠦ ᠶᠢᠨ ᠭᠡᠷᠡᠴᠢ ᠭᠠᠷᠭᠠᠨ᠎ᠠ᠃ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠡᠷᠡᠭᠦᠯ ᠮᠡᠨᠳᠦ ᠶᠢᠨ ᠺᠣᠳ᠋ ᠢ ᠣᠯᠠᠨ ᠤᠯᠤᠰ ᠲᠤ ᠬᠠᠷᠢᠯᠴᠠᠨ | ᠮᠡᠳᠡᠷᠡᠬᠦ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠬᠡᠪᠯᠡᠯ ᠤᠨ ᠣᠯᠠᠨ ᠤᠯᠤᠰ ᠤᠨ | ᠵᠢᠭᠤᠯᠴᠢᠯᠠᠯ ᠤᠨ ᠡᠷᠡᠭᠦᠯ ᠮᠡᠨᠳᠦ ᠶᠢᠨ ᠭᠡᠷᠡᠴᠢᠯᠡᠯ ᠤᠨ ᠡᠯᠧᠺᠲᠷᠣᠨ ᠪᠢᠴᠢᠭ ᠮᠠᠲ᠋ᠧᠷᠢᠶᠠᠯ ᠢ ᠭᠠᠷᠭᠠᠵᠤ᠂ ᠬᠤᠪᠢ | ᠬᠥᠮᠦᠨ ᠤ ᠨᠢᠭᠤᠴᠠ ᠶᠢ ᠭᠦᠶ᠋ᠴᠡᠳ ᠬᠠᠮᠠᠭᠠᠯᠠᠭᠰᠠᠨ ᠤᠷᠢᠲᠠᠯ ᠳᠣᠤᠷ᠎ᠠ᠂ ᠪᠥᠭᠡᠮ ᠬᠦᠴᠢᠯ ᠤᠨ ᠪᠠᠶᠢᠴᠠᠭᠠᠯᠲᠠ ᠪᠠ | ᠸᠠᠺᠼᠢᠨ ᠤ ᠲᠠᠷᠢᠯᠭ᠎ᠠ ᠵᠡᠷᠭᠡ ᠮᠡᠳᠡᠭᠡ ᠵᠠᠩᠭᠢ ᠶᠢᠨ ᠬᠠᠷᠢᠯᠴᠠᠨ ᠰᠢᠯᠭᠠᠨ ᠪᠠᠲᠤᠯᠠᠬᠤ ᠶᠢ ᠪᠡᠶᠡᠯᠡᠭᠦᠯᠵᠦ᠂ ᠠᠮᠤᠷ | ᠲᠦᠪᠰᠢᠨ ᠡᠮᠬᠢ ᠵᠢᠷᠤᠮ ᠲᠠᠢ ᠬᠥᠮᠦᠰ ᠤᠨ ᠶᠠᠪᠤᠯᠴᠠᠭᠠᠨ ᠳᠤ ᠬᠦᠴᠦᠨ ᠨᠡᠮᠡᠷᠢᠯᠡᠨ᠎ᠡ᠃ | ᠭᠤᠷᠪᠠ ᠳᠤ᠂ ᠪᠢᠳᠡ ᠭᠠᠳᠠᠭᠠᠳᠤ ᠳᠠᠬᠢ ᠺᠤᠨᠰᠦ᠋ᠯ ᠤᠨ ︽ᠡᠭᠦᠯᠡᠨ ᠦᠶ᠋ᠯᠡᠴᠢᠯᠡᠭᠡ︾ ᠶᠢ ᠪᠥᠬᠦ ᠲᠠᠯ᠎ᠠ ᠪᠠᠷ | ᠪᠡᠶᠡᠯᠡᠭᠦᠯᠦᠨ᠎ᠡ᠃ 5 ᠰᠠᠷ᠎ᠠ ᠳᠤ ︽ᠳᠤᠮᠳᠠᠳᠤ ᠤᠯᠤᠰ ᠤᠨ ᠺᠤᠨᠰᠦ᠋ᠯ ᠤᠨ APP︾ ᠢ ᠨᠡᠶᠢᠲᠡᠯᠡᠵᠦ᠂ | ᠭᠠᠳᠠᠭᠠᠳᠤ ᠳᠤ ᠰᠠᠭᠤᠭ᠎ᠠ ᠠᠬᠠᠨ ᠳᠡᠬᠦᠤᠰ ᠰᠢᠭᠤᠳ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ | ᠺᠤᠨᠰᠦ᠋ᠯ ᠤᠨ ᠭᠠᠵᠠᠷ ᠲᠤ ᠬᠦᠷᠴᠦ᠂ ︽ᠠᠯᠠᠭᠠᠨ ᠳᠡᠭᠡᠷ᠎ᠡ ᠪᠠᠨ ᠭᠦᠶ᠋ᠴᠡᠳᠬᠡᠬᠦ︾᠂ ︽ᠨᠠᠭᠠᠰᠢ ᠴᠠᠭᠠᠰᠢ ᠭᠦᠶᠦᠬᠦ | ᠥᠬᠡᠶ︾ ᠶᠢ ᠪᠡᠶᠡᠯᠡᠭᠦᠯᠦᠨ᠂ ᠭᠠᠳᠠᠭᠠᠳᠤ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠳ ᠤᠨ | ᠵᠢᠭᠤᠯᠴᠢᠯᠠᠯ ᠤᠨ ᠭᠡᠷᠡᠴᠢ ᠦᠨᠡᠮᠯᠡᠯ ᠪᠠ ᠺᠤᠨᠰᠦ᠋ᠯ ᠤᠨ ᠦᠶ᠋ᠯᠡᠴᠢᠯᠡᠭᠡ ᠶᠢ ︽ᠪᠦᠬᠦᠯᠢ ᠡᠳᠦᠷ ᠢᠶᠠᠷ︾ ᠰᠦᠯᠵᠢᠶᠡᠨ | ᠳᠡᠭᠡᠷ᠎ᠡ ᠭᠦᠶ᠋ᠴᠡᠳᠬᠡᠬᠦ ᠶᠢ ᠪᠡᠶᠡᠯᠡᠬᠦᠯᠦᠨ᠎ᠠ᠃ | ᠢᠲ᠋ᠠᠯᠢ ᠶᠢᠨ ᠪᠦᠬᠦ ᠤᠯᠤᠰ ᠤᠨ ᠰᠤᠨᠢᠨ ᠤ ᠬᠤᠯᠪᠤᠭᠠᠲᠤ ᠬᠤᠷᠢᠶᠠᠨ ᠤ ᠰᠤᠷᠪᠤᠯᠵᠢᠯᠠᠭᠴᠢ᠄ ᠠᠮᠧᠷᠢᠺᠠ ᠶᠢᠨ | ᠪᠠᠶᠢᠳᠧᠨ ᠤ ᠵᠠᠰᠠᠭ ᠤᠨ ᠣᠷᠳᠣᠨ ︽ᠫᠠᠷᠢᠰ ᠤᠨ ᠬᠡᠯᠡᠯᠴᠡᠭᠡᠷ︾ ᠲᠤ ᠳᠠᠬᠢᠨ ᠤᠷᠤᠯᠴᠠᠪᠠ᠃ ᠳᠤᠮᠳᠠᠳᠤ ᠤᠯᠤᠰ | ᠡᠨᠡ ᠵᠢᠯ ᠺᠦᠨᠮᠢᠩ ᠳᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ | ᠲᠠᠪᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠃ ᠳᠤᠮᠳᠠᠳᠤ ᠤᠯᠤᠰ | ᠬᠡᠷᠬᠢᠨ ᠠᠮᠧᠷᠢᠺᠠ ᠧᠦ᠋ᠷᠣᠫᠠ ᠲᠠᠢ ᠬᠠᠮᠲᠤᠷᠠᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠤᠢ︖ | ᠸᠠᠩ ᠢ᠄ ᠬᠥᠮᠦᠨ ᠲᠥᠷᠥᠯᠬᠢᠲᠡᠨ ᠳᠤ ᠭᠠᠭᠴᠠᠬᠠᠨ ᠳᠡᠯᠡᠬᠡᠢ ᠶᠢᠨ ᠪᠥᠮᠪᠥᠷᠴᠡᠭ ᠪᠤᠢ᠃ ᠪᠣᠬᠢᠷᠲᠤᠯ ᠦᠭᠡᠢ | ᠣᠷᠣᠰᠢᠨ ᠠᠮᠢᠳᠤᠷᠠᠬᠤ ᠳᠤ ᠲᠣᠬᠢᠷᠠᠮᠵᠢᠳᠠᠢ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠬᠠᠮᠲᠤ ᠪᠠᠷ ᠪᠠᠶᠢᠭᠤᠯᠵᠤ | ᠂ ᠦᠷᠭᠦᠯᠵᠢᠯᠡᠬᠦ ᠬᠥᠭᠵᠢᠯᠲᠡ ᠶᠢᠨ ᠵᠠᠮ ᠢ ᠨᠡᠭᠡᠭᠡᠬᠦ ᠪᠣᠯ ᠳᠡᠯᠡᠬᠡᠢ ᠨᠠᠶᠢᠳᠠ ᠶᠢᠨ ᠬᠠᠮᠲᠤ ᠶᠢᠨ ᠬᠠᠷᠢᠭᠤᠴᠠᠯᠭ᠎ᠠ ᠮᠥᠨ᠃ | ᠴᠠᠭ ᠦᠶ᠎ᠡ ᠶᠢᠨ ᠠᠰᠠᠭᠤᠯᠳᠠ ᠶᠢᠨ ᠡᠮᠦᠨ᠎ᠠ᠂ ᠣᠷᠴᠢᠨ ᠲᠣᠭᠤᠷᠢᠨ ᠢ ᠬᠠᠮᠠᠭᠠᠯᠠᠬᠤ ᠡᠰᠡᠬᠦ ᠨᠢ ᠰᠣᠩᠭᠤᠨ | ᠬᠠᠷᠢᠭᠤᠯᠬᠤ ᠰᠡᠳᠦᠪ ᠪᠢᠰᠢ᠂ ᠬᠠᠷᠢᠨ ᠪᠦᠬᠦ ᠬᠦᠴᠦ ᠪᠠᠷ ᠢᠶᠠᠨ ᠵᠠᠪᠠᠯ ᠬᠠᠷᠢᠭᠤᠯᠬᠤ ᠰᠡᠳᠦᠪ ᠪᠣᠯᠤᠨ᠎ᠠ᠃ | ᠳᠤᠮᠳᠠᠳᠤ ᠤᠯᠤᠰ ᠪᠣᠯ ᠶᠡᠷᠦ ᠠᠴᠠ ᠠᠮᠢ ᠠᠬᠤᠢ ᠶᠢᠨ ᠪᠣᠯᠪᠠᠰᠤᠨ ᠤ ᠦᠢᠯᠡᠳᠦᠯᠭᠡᠵᠢᠭᠦᠯᠦᠭᠴᠢ᠂ ᠪᠦᠬᠦ | ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢᠨ ᠪᠤᠳᠠᠲᠠᠢ ᠠᠵᠢᠯᠯᠠᠭᠴᠢ ᠮᠥᠨ᠃ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ | ᠭᠡᠬᠦ ᠣᠶᠢᠯᠠᠭᠠᠭᠳᠠᠬᠤᠨ ᠨᠢᠭᠡᠨᠲᠡ ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ | ᠪᠣᠯᠵᠠᠢ᠃ ᠳᠤᠮᠳᠠᠳᠤ ᠤᠯᠤᠰ ︽ᠫᠠᠷᠢᠰ ᠤᠨ ᠬᠡᠯᠡᠯᠴᠡᠭᠡᠷ︾ ᠢ ᠲᠤᠬᠢᠷᠠᠯᠴᠠᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠂ ᠨᠢᠳᠤᠨᠤᠨ ᠪᠠᠰᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠭᠤᠯᠤᠯᠲᠠ ᠶᠢ ᠤᠷᠬᠢᠯ | ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠵᠡᠷᠭᠡ ᠤᠯᠤᠰ ᠤᠨ | ᠪᠡᠶ᠎ᠡ ᠪᠠᠨ ᠳᠠᠭᠠᠭᠠᠵᠤ ᠬᠤᠪᠢ ᠨᠡᠮᠡᠷᠢ ᠦᠵᠡᠭᠦᠯᠬᠦ ᠰᠢᠨ᠎ᠡ ᠬᠠᠷᠠᠯᠲᠠ ᠶᠢ ᠨᠡᠶᠢᠲᠡᠯᠡᠵᠦ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠲᠤᠭᠤᠰᠢᠯᠠᠭᠤᠯᠬᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ | ᠪᠦᠳᠦᠭᠡᠨ ᠪᠠᠶᠢᠭᠤᠯᠬᠤ ᠪᠠᠳᠤ ᠵᠣᠷᠢᠭ ᠢ ᠢᠯᠡᠷᠡᠭᠦᠯᠪᠡ᠃ ᠬᠤᠶᠢᠰᠢᠳᠠ᠂ ᠳᠤᠮᠳᠠᠳᠤ ᠤᠯᠤᠰ ᠬᠠᠮᠲᠤ ᠶᠢᠨ ᠪᠦᠭᠡᠳ | ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ᠃ | ᠡᠨᠡ ᠵᠢᠯ ᠳᠤᠮᠳᠠᠳᠤ ᠤᠯᠤᠰ ᠶᠦᠨᠨᠠᠨ ᠤ ᠺᠦᠨᠮᠢᠩ ᠬᠤᠲᠠ ᠳᠤ ︽ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠢ | ᠬᠤᠷᠠᠯᠳᠤᠭᠤᠯᠬᠤ ᠪᠣᠯᠤᠨ᠎ᠠ᠃ ᠡᠷᠬᠢᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠶᠡᠭᠡ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠤᠯᠬᠤ ᠶᠢ ᠦᠨᠡᠨ ᠬᠦ | ᠪᠠᠲᠤᠯᠠᠵᠤ᠂ ᠢᠷᠡᠭᠡᠳᠦᠢ ᠶᠢᠨ 10 ᠵᠢᠯ ᠳᠤ ᠪᠦᠬᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠢ ᠬᠠᠮᠠᠭᠠᠯᠠᠬᠤ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠵᠤ᠂ ᠳᠡᠯᠡᠬᠡᠢ ᠶᠢᠨ ᠪᠥᠮᠪᠥᠷᠴᠡᠭ ᠤᠨ ᠠᠮᠢ | ᠨᠠᠰᠤᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠳᠤ ᠰᠢᠨ᠎ᠡ ᠠᠵᠢᠯᠯᠠᠭ᠎ᠠ ᠠᠪᠤᠨ᠎ᠠ᠃ | ᠳᠤᠮᠳᠠᠳᠤ ᠤᠯᠤᠰ ᠬᠢᠭᠡᠳ ᠠᠮᠧᠷᠢᠺᠠ ᠧᠦ᠋ᠷᠣᠫᠠ ᠶᠢᠨ ᠬᠥᠭᠵᠢᠯᠲᠡ ᠶᠢᠨ ᠱᠠᠲᠤ ᠦᠶ᠎ᠡ ᠠᠳᠠᠯᠢ ᠪᠤᠰᠤ᠂ | ᠲᠤᠯᠭᠠᠷᠠᠵᠤ ᠪᠠᠶᠢᠭ᠎ᠠ ᠥᠷᠢᠰᠥᠯᠳᠦᠭᠡᠨ ᠠᠳᠠᠯᠢ ᠪᠤᠰᠤ ᠪᠠᠶᠢᠳᠠᠭ᠂ ᠭᠡᠪᠡᠴᠦ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠲᠠᠯ᠎ᠠ ᠪᠠᠷ ᠬᠠᠮᠲᠤ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠤᠯᠤᠯᠴᠠᠭ᠎ᠠ ᠬᠠᠮᠵᠢᠯᠴᠠᠭ᠎ᠠ ᠪᠠᠨ | ᠤᠯᠠᠮ ᠨᠢᠭᠡ ᠠᠯᠬᠤᠮ ᠴᠢᠩᠭᠠᠳᠬᠠᠵᠤ᠂ ᠳᠡᠯᠡᠬᠡᠢ ᠳᠡᠭᠡᠷ᠎ᠡ ᠭᠡᠪ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠪᠠᠯ | ᠵᠤᠬᠢᠨ᠎ᠠ᠃ ᠳᠤᠮᠳᠠᠳᠤ ᠶᠢᠨ ᠳᠠᠯ᠎ᠠ ᠠᠮᠧᠷᠢᠺᠠ ᠶᠢᠨ ᠲᠠᠯ᠎ᠠ ᠶᠢᠨ ᠬᠢᠨ ᠤ ︽ᠫᠠᠷᠢᠰ ᠤᠨ ᠬᠡᠯᠡᠯᠴᠡᠭᠡᠷ︾ ᠲᠤ ᠳᠠᠬᠢᠨᠳᠠ | ᠪᠤᠴᠠᠭᠰᠠᠨ ᠢ ᠪᠠᠶᠠᠷᠯᠠᠨ ᠤᠭᠲᠤᠵᠤ᠂ ᠠᠮᠧᠷᠢᠺᠠ ᠶᠢᠨ ᠲᠠᠯ᠎ᠠ ᠶᠢᠨ ᠬᠢᠨ ᠭᠦᠢᠴᠡᠳᠬᠡᠪᠡᠰᠦ ᠵᠣᠬᠢᠬᠤ | ᠬᠠᠷᠢᠭᠤᠴᠠᠯᠭ᠎ᠠ ᠪᠠᠨ ᠡᠭᠦᠷᠭᠡᠯᠡᠵᠦ᠂ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ | ᠃ ᠳᠤᠮᠳᠠᠳᠤ ᠠᠮᠧᠷᠢᠺᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠬᠠᠮᠲᠤᠷᠠᠯᠴᠠᠭ᠎ᠠ ᠶᠢ ᠳᠠᠬᠢᠨᠳᠠ | ᠡᠬᠢᠯᠡᠬᠦᠯᠦᠭᠰᠡᠨ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠴᠤ ᠢᠳᠡᠪᠬᠢᠲᠡᠢ ︽ᠠᠭᠤᠷ ᠠᠮᠢᠰᠬᠤᠯ ᠤᠨ | ᠬᠤᠪᠢᠷᠠᠯᠲᠠ︾ ᠠᠪᠴᠢᠷᠠᠬᠤ ᠶᠢ ᠬᠦᠰᠡᠵᠦ ᠪᠠᠶᠢᠨ᠎ᠠ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠲᠥᠪ ᠷᠠᠳᠢᠣ᠋ ᠶᠢᠨ ᠰᠤᠷᠪᠤᠯᠵᠢᠯᠠᠭᠴᠢ᠄ | ᠠᠮᠧᠷᠢᠺᠠ ᠶᠢᠨ ᠤᠳᠤᠬᠠᠨ ᠤ ᠵᠠᠰᠠᠭ ᠤᠨ ᠤᠷᠳᠤᠨ ᠢᠷᠠᠨ ᠤ ᠴᠥᠮ᠎ᠡ ᠶᠢᠨ ᠠᠰᠠᠭᠤᠳᠠᠯ ᠤᠨ ᠪᠥᠬᠦ ᠲᠠᠯ᠎ᠠ ᠶᠢᠨ | ᠬᠡᠯᠡᠯᠴᠡᠭᠡᠷ ᠲᠤ ᠳᠠᠬᠢᠨ ᠣᠷᠣᠯᠴᠠᠬᠤ ᠪᠠᠷ ᠲᠥᠯᠥᠪᠯᠡᠵᠦ ᠪᠠᠶᠢᠨ᠎ᠠ ᠭᠡᠵᠦ ᠢᠯᠡᠷᠬᠡᠶᠢᠯᠡᠵᠤ ᠪᠠᠶᠢᠨ᠎ᠠ᠂ ᠭᠡᠪᠡᠴᠦ | ᠠᠮᠧᠷᠢᠺᠠ ᠢᠷᠠᠨ ᠬᠤᠶᠠᠷ ᠲᠠᠯ᠎ᠠ ᠪᠠᠷ ᠢᠶᠠᠨ ᠨᠡᠯᠢᠶᠡᠳ ᠶᠡᠭᠡ ᠵᠥᠷᠢᠴᠡᠯ ᠲᠠᠢ ᠪᠠᠶᠢᠨ᠎ᠠ᠃ ᠲᠠ ᠣᠳᠣᠬᠠᠨ ᠤ | ᠳᠤᠮᠳᠠᠳᠤ ᠳᠣᠷᠣᠨᠠᠲᠤ ᠶᠢᠨ ᠲᠡᠯᠡᠶ ᠶᠢᠨ ᠪᠤᠯᠤᠩ ᠤᠨ ᠪᠠᠶᠢᠳᠠᠯ ᠤᠨ ᠲᠤᠬᠠᠢ ᠬᠡᠷᠬᠢᠨ ᠦᠵᠡᠵᠦ ᠪᠠᠶᠢᠬᠤ ᠪᠣᠶ︖ | ᠸᠠᠩ ᠢ᠄ ᠢᠷᠠᠨ ᠤ ᠴᠥᠮ᠎ᠡ ᠶᠢᠨ ᠠᠰᠠᠭᠤᠳᠠᠯ ᠪᠣᠯ ᠳᠤᠮᠳᠠᠳᠤ ᠳᠣᠷᠣᠨᠠᠲᠤ ᠶᠢᠨ ᠳᠠᠯᠠᠢ ᠶᠢᠨ ᠪᠤᠯᠤᠩ ᠤᠨ | ᠪᠠᠶᠢᠳᠠᠯ ᠤᠨ ᠬᠦᠨᠳᠡᠬᠦᠷᠢ ᠠᠰᠠᠭᠤᠳᠠᠯ ᠪᠣᠯᠤᠨ᠎ᠠ᠃ ᠥᠩᠭᠡᠷᠡᠭᠰᠡᠨ ᠳᠥᠷᠪᠡᠨ ᠵᠢᠯ ᠳᠤ᠂ ᠠᠮᠧᠷᠢᠺᠠ ᠶᠢᠨ | ᠲᠠᠯ᠎ᠠ ᠶᠢᠨ ᠬᠢᠨ ᠠᠮᠠᠯᠠᠯᠲᠠ ᠠᠴᠠ ᠪᠠᠨ ᠢᠯᠡ ᠪᠠᠷ ᠵᠥᠷᠢᠴᠡᠵᠦ᠂ ᠭᠠᠭᠴᠠ ᠲᠠᠯ᠎ᠠ ᠠᠴᠠ ᠢᠷᠠᠨ ᠤ ᠴᠥᠮ᠎ᠡ ᠶᠢᠨ | ᠵᠡᠪᠰᠡᠭ ᠤᠨ ᠪᠥᠬᠦ ᠲᠠᠯ᠎ᠠ ᠶᠢᠨ ᠬᠡᠯᠡᠯᠴᠡᠭᠡᠷ ᠠᠴᠠ ᠤᠬᠤᠷᠢᠨ ᠭᠠᠷᠤᠭᠰᠠᠨ ᠪᠥᠭᠡᠳ ᠢᠷᠠᠨ ᠤ ᠬᠢᠨ ᠳᠤ ᠲᠦᠢᠯ ᠤᠨ | ᠶᠡᠭᠡ ᠳᠠᠷᠤᠯᠲᠠ ᠦᠵᠡᠭᠦᠯᠦᠭᠰᠡᠨ ᠠᠴᠠ ᠭᠠᠵᠠᠷ ᠣᠷᠣᠨ ᠤ ᠪᠠᠶᠢᠳᠠᠯ ᠳᠠᠬᠢᠨᠲᠠ ᠪᠠᠴᠢᠮ ᠪᠣᠯᠪᠠ᠃ ᠠᠮᠧᠷᠢᠺᠠ ᠶᠢᠨ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠢᠭᠡᠨᠲᠡ ᠪᠦᠬᠦ ᠲᠠᠯ᠎ᠠ ᠶᠢᠨ ᠬᠡᠯᠡᠯᠴᠡᠭᠡᠷ ᠲᠡᠭᠡᠨ ᠪᠤᠴᠠᠬᠤ | ᠳᠤᠷᠠᠲᠠᠶ ᠭᠡᠵᠦ ᠢᠯᠡᠷᠬᠡᠶᠢᠯᠡᠵᠡᠶ᠂ ᠠᠮᠧᠷᠢᠺᠠ ᠶᠢᠨ ᠲᠠᠯ᠎ᠠ ᠶᠢᠨ ᠬᠢᠨ ᠦᠨᠡᠨ ᠰᠡᠳᠬᠢᠯ ᠠᠴᠠ ᠪᠠᠨ ᠠᠯᠢ ᠲᠦᠷᠭᠡᠨ ᠢᠶᠠᠷ | ᠠᠵᠢᠯᠯᠠᠭ᠎ᠠ ᠠᠪᠬᠤ ᠶᠢ ᠬᠦᠰᠡᠵᠦ ᠪᠠᠶᠢᠨ᠎ᠠ᠂ ᠡᠭᠦᠨ ᠳᠤ ᠬᠠᠤᠯᠢ ᠶᠣᠰᠣᠨ ᠤ ᠪᠤᠰᠤ ᠭᠠᠭᠴᠠ ᠲᠠᠯ᠎ᠠ ᠶᠢᠨ ᠵᠠᠯᠬᠠᠭᠠᠯ ᠢ | ᠬᠦᠴᠦᠨ ᠦᠭᠡᠶ ᠪᠣᠯᠭᠠᠬᠤ᠂ ᠭᠤᠷᠪᠠᠳᠠᠬᠢ ᠡᠲᠡᠭᠡᠳ ᠤᠨ ᠪᠣᠳᠠᠲᠤ ᠴᠣᠭᠴᠠ ᠪᠣᠯᠤᠨ ᠬᠤᠪᠢ ᠬᠥᠮᠦᠨ ᠤ ᠠᠰᠢᠭ | ᠲᠤᠰᠠ ᠳᠤ ᠭᠠᠷ ᠲᠦᠷᠦᠬᠦ ᠶᠢ ᠬᠦᠴᠦᠨ ᠦᠭᠡᠶ ᠪᠣᠯᠭᠠᠬᠤ ᠵᠡᠷᠭᠡ ᠪᠠᠭᠲᠠᠨ᠎ᠠ᠃ ᠡᠭᠦᠨ ᠤ ᠬᠠᠮᠲᠤ᠂ ᠢᠷᠠᠨ ᠴᠤ | ᠭᠡᠷ᠎ᠡ ᠪᠠᠨ ᠪᠦᠬᠦ ᠲᠠᠯ᠎ᠠ ᠪᠠᠷ ᠰᠡᠷᠭᠦᠭᠡᠵᠦ᠂ ᠴᠥᠮ᠎ᠡ ᠶᠢᠨ ᠵᠡᠪᠰᠡᠭ ᠢ ᠦᠯᠦ ᠲᠠᠷᠬᠠᠭᠠᠬᠤ ᠬᠠᠷᠢᠭᠤᠴᠠᠯᠭ᠎ᠠ ᠶᠢ | ᠡᠭᠦᠷᠭᠡᠯᠡᠪᠡᠯ ᠵᠣᠬᠢᠨ᠎ᠠ᠃ ᠠᠮᠧᠷᠢᠺᠠ ᠢᠷᠡᠨ ᠬᠤᠶᠠᠷ ᠲᠠᠯ᠎ᠠ ᠶᠢᠨ ᠠᠵᠢᠯᠯᠠᠭ᠎ᠠ ᠠᠯᠬᠤᠮ ᠬᠤᠪᠢᠶᠠᠨ ᠠᠳᠠᠯᠢ | ᠲᠡᠭᠰᠢ ᠪᠠᠷ ᠤᠷᠤᠭᠰᠢ ᠠᠬᠢᠵᠤ ᠪᠣᠯᠤᠨ᠎ᠠ᠃ | ᠬᠡᠯᠡᠯᠭᠡᠨ ᠦᠭᠡᠢ᠂ ᠪᠦᠬᠦ ᠲᠠᠯ᠎ᠠ ᠶᠢᠨ ᠬᠡᠯᠡᠯᠴᠡᠭᠡᠷ ᠳᠤᠮᠳᠠᠳᠤ ᠳᠣᠷᠣᠨᠠᠲᠤ ᠶᠢᠨ ᠲᠠᠯᠠᠢ ᠶᠢᠨ ᠪᠤᠯᠤᠩ ᠤᠨ | ᠭᠠᠵᠠᠷ ᠣᠷᠣᠨ ᠤ ᠪᠤᠢ ᠪᠦᠬᠦᠢ ᠠᠰᠠᠭᠤᠳᠠᠯ ᠢ ᠰᠢᠢᠳᠪᠦᠷᠢᠯᠡᠵᠦ ᠴᠢᠳᠠᠬᠤ ᠦᠭᠡᠢ ᠶᠤᠮ᠃ ᠢᠷᠠᠨ ᠤ ᠴᠥᠮ᠎ᠡ ᠶᠢᠨ | ᠠᠰᠠᠭᠤᠳᠠᠯ ᠠᠴᠠ ᠭᠠᠳᠠᠨᠠᠬᠢ ᠪᠤᠰᠤᠳ ᠭᠠᠵᠠᠷ ᠣᠷᠣᠨ ᠤ ᠠᠮᠤᠷ ᠲᠦᠪᠰᠢᠨ ᠤ ᠠᠰᠠᠭᠤᠳᠠᠯ ᠤᠨ ᠲᠤᠬᠠᠢ ᠪᠢᠳᠡ | ᠪᠦᠬᠦ ᠲᠠᠯ᠎ᠠ ᠶᠢᠨ ᠬᠡᠯᠡᠯᠴᠡᠭᠡᠷ ᠢ ᠬᠠᠮᠠᠭᠠᠯᠠᠬᠤ ᠶᠢ ᠤᠷᠢᠶᠠᠯᠠᠭᠰᠠᠨ ᠤᠷᠢᠲᠠᠯ ᠳᠣᠣᠷ᠎ᠠ᠂ ᠳᠠᠯᠠᠢ ᠶᠢᠨ ᠪᠤᠯᠤᠩ ᠤᠨ | ᠣᠷᠣᠨ ᠤ ᠤᠯᠠᠨ ᠲᠠᠯᠠᠲᠤ ᠶᠠᠷᠢᠯᠴᠠᠭᠠᠨ ᠤ ᠲᠠᠪᠴᠠᠩ ᠢ ᠪᠠᠶᠢᠭᠤᠯᠬᠤ ᠶᠢ ᠰᠠᠨᠠᠭᠠᠴᠢᠯᠠᠵᠤ ᠪᠠᠶᠢᠨ᠎ᠠ᠂ ᠡᠯ᠎ᠡ | ᠲᠠᠯ᠎ᠠ ᠶᠢᠨ ᠬᠢᠨ ᠡᠨᠡ ᠬᠦ ᠲᠠᠪᠴᠠᠩ ᠢ ᠠᠰᠢᠠᠠᠯᠠᠨ᠂ ᠬᠠᠮᠲᠤ ᠪᠠᠷ ᠵᠥᠪᠳᠡᠯᠴᠡᠬᠦ ᠪᠠᠷ ᠳᠠᠮᠵᠢᠭᠤᠯᠤᠨ ᠵᠥᠷᠢᠴᠡᠯ | ᠮᠦᠷᠬᠦᠯᠳᠤᠭᠡᠨ ᠢ ᠬᠠᠮᠢᠶᠠᠷᠤᠨ ᠡᠵᠡᠮᠳᠡᠵᠦ᠂ ᠪᠠᠴᠢᠮ ᠪᠠᠶᠢᠳᠠᠯ ᠢ ᠨᠠᠮᠳᠠᠭᠤᠯᠵᠤ᠂ ᠭᠠᠵᠠᠷ ᠣᠷᠣᠨ ᠤ ᠲᠠᠶᠢᠪᠤᠩ | ᠲᠣᠭᠲᠠᠭᠤᠨ ᠢ ᠬᠠᠮᠲᠤ ᠪᠠᠷ ᠬᠠᠮᠠᠭᠠᠯᠠᠵᠤ ᠪᠣᠯᠤᠨ᠎ᠠ᠃ | ᠰᠢᠩᠭᠠᠫᠣᠷ ᠤᠨ ︽ᠲᠠᠯᠠᠢ ᠶᠢᠨ ᠬᠤᠭᠤᠯᠠᠢ ᠶᠢᠨ ᠴᠠᠭ ᠰᠣᠨᠢᠨ︾ ᠤ ᠰᠤᠷᠪᠤᠯᠵᠢᠯᠠᠭᠴᠢ᠄ ᠳᠤᠮᠳᠠᠳᠤ ᠤᠯᠤᠰ | ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ︽ᠡᠮᠦᠨᠡᠲᠦ ᠲᠠᠩᠭᠢᠰ ᠤᠨ ᠠᠵᠢᠯᠯᠠᠭᠠᠨ ᠤ | ᠵᠠᠷᠴᠢᠮ︾ ᠤᠨ ᠵᠥᠪᠳᠡᠯᠴᠡᠭᠡ ᠶᠢ ᠬᠡᠷᠬᠢᠨ ᠠᠬᠢᠭᠤᠯᠵᠤ᠂ ᠡᠮᠦᠨᠡᠲᠦ ᠲᠠᠩᠭᠢᠰ ᠢ ᠮᠥᠷᠭᠦᠯᠳᠦᠭᠡᠨ ᠤ ᠲᠦᠭᠰᠢᠭᠦᠷᠢᠲᠦ | ᠭᠠᠵᠠᠷ ᠪᠤᠯᠭᠠᠬᠤ ᠠᠴᠠ ᠵᠠᠶᠢᠯᠠᠰᠬᠢᠵᠤ ᠴᠢᠳᠠᠬᠤ ᠪᠤᠢ︖ | ᠸᠠᠩ ᠢ᠄ ᠤᠢᠢᠷ᠎ᠠ ᠶᠢᠨ ᠵᠢᠯ ᠠᠴᠠ᠂ ᠭᠠᠵᠠᠷ ᠣᠷᠣᠨ ᠤ ᠤᠯᠤᠰ ᠤᠳ ᠪᠣᠯᠤᠨ ᠳᠡᠯᠡᠬᠡᠢ ᠨᠠᠶᠢᠳᠠ ᠶᠢᠨ ᠬᠢᠨ | ᠴᠥᠮ ᠡᠮᠦᠨᠡᠲᠦ ᠲᠠᠩᠭᠢᠰ ᠲᠤ ᠲᠤᠯᠭᠠᠷᠠᠵᠤ ᠪᠠᠶᠢᠭ᠎ᠠ ᠲᠣᠭᠲᠠᠭᠤᠨ ᠪᠤᠰᠤ ᠡᠯᠧᠮᠧᠨ᠋ᠲ ᠪᠣᠯᠤᠨ ᠠᠮᠤᠷ ᠲᠦᠪᠰᠢᠨ ᠤ | ᠲᠦᠭᠰᠢᠭᠦᠷᠢ ᠭᠤᠣᠯᠳᠠᠭᠤ ᠬᠢᠯᠢ ᠶᠢᠨ ᠭᠠᠳᠠᠨ᠎ᠠ ᠠᠴᠠ ᠢᠷᠡᠵᠦ ᠪᠠᠶᠢᠬᠤ ᠶᠢ ᠲᠣᠳᠣᠷᠬᠠᠢ ᠣᠯᠵᠤ ᠬᠠᠷᠠᠪᠠ᠃ | ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ᠡᠮᠦᠨᠡᠲᠦ ᠲᠠᠩᠭᠢᠰ ᠤᠨ | ᠲᠠᠶᠢᠪᠤᠩ ᠲᠣᠭᠲᠠᠭᠤᠨ ᠢ ᠬᠠᠮᠠᠭᠠᠯᠠᠬᠤ ᠲᠤᠬᠠᠶ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠣ᠂ ᠬᠦᠴᠦ ᠪᠠᠨ | ᠲᠥᠪᠯᠡᠷᠡᠭᠦᠯᠦᠨ ︽ᠡᠮᠦᠨᠡᠲᠦ ᠲᠠᠩᠭᠢᠰ ᠤᠨ ᠠᠵᠢᠯᠯᠠᠭᠠᠨ ᠤ ᠵᠠᠷᠴᠢᠮ︾ ᠤᠨ ᠵᠥᠪᠳᠡᠯᠴᠡᠭᠡ ᠶᠢ ᠠᠬᠢᠭᠤᠯᠵᠤ ᠪᠠᠶᠢᠭ᠎ᠠ | ᠪᠠᠶᠢᠳᠠᠯ ᠳᠣᠤᠷ᠎ᠠ᠂ ᠠᠮᠧᠷᠢᠺᠠ ᠵᠡᠷᠭᠡ ᠥᠷᠥᠨᠡᠳᠠᠬᠢᠨ ᠤ ᠵᠠᠷᠢᠮ ᠤᠯᠤᠰ ᠤᠳ ᠬᠠᠷᠢᠨ ᠡᠮᠦᠨᠡᠲᠦ ᠲᠠᠩᠭᠢᠰ ᠢ | ᠰᠠᠮᠠᠭᠤᠷᠠᠬᠤ ᠦᠭᠡᠢ ᠠᠴᠠ ᠯᠡ ᠠᠶᠤᠵᠤ᠂ ︽ᠴᠢᠯᠥᠭᠡᠲᠡᠶ ᠠᠶᠠᠯᠠᠬᠤ︾ ᠲᠤᠭ ᠢ ᠡᠷᠭᠦᠵᠦ᠂ ᠡᠮᠦᠨᠡᠲᠦ ᠲᠠᠩᠭᠢᠰ ᠲᠤ | ᠪᠠᠶᠢᠨ ᠳᠠᠬᠢᠨ ᠢᠷᠡᠭᠡᠳ ᠦᠶ᠋ᠮᠡᠭᠡᠨ ᠳᠡᠭᠳᠡᠭᠡᠵᠦ᠂ ᠡᠯ᠎ᠡ ᠵᠦᠶ᠋ᠯ ᠤᠨ ᠪᠠᠶᠢᠳᠠᠯ ᠳᠤᠤᠷ᠎ᠠ ᠡᠮᠦᠨᠡᠲᠦ ᠲᠠᠩᠭᠢᠰ ᠤᠨ | ᠠᠰᠠᠭᠤᠳᠠᠯ ᠤᠨ ᠲᠤᠬᠠᠶ ᠬᠠᠳᠬᠤᠨ ᠵᠠᠪᠰᠠᠷᠳᠠᠭᠤᠯᠵᠤ ᠪᠠᠶᠢᠨ᠎ᠠ᠃ ᠲᠡᠳᠡᠨ ᠤ ᠢᠩᠭᠢᠵᠦ ᠬᠢᠵᠦ ᠪᠠᠶᠢᠭ᠎ᠠ ᠶᠢᠨ | ᠵᠣᠷᠢᠯᠭ᠎ᠠ ᠨᠢ ᠵᠥᠪᠬᠡᠨ ᠡᠮᠦᠨᠡᠲᠦ ᠲᠠᠩᠭᠢᠰ ᠤᠨ ᠡᠩᠭᠡ ᠲᠠᠶᠢᠪᠤᠩ ᠢ ᠡᠪᠳᠡᠵᠦ᠂ ᠭᠠᠵᠠᠷ ᠣᠷᠣᠨ ᠤ ᠲᠣᠭᠲᠠᠭᠤᠨ | ᠪᠠᠶᠢᠳᠠᠯ ᠢ ᠰᠠᠮᠠᠭᠤᠷᠠᠭᠤᠯᠬᠤ ᠶᠢᠨ ᠲᠥᠯᠥᠭᠡ ᠶᠤᠮ᠃ | ᠠᠽᠢᠶ᠎ᠠ ᠣᠷᠣᠨ ᠤ ᠤᠯᠤᠰ ᠤᠳ ᠮᠦᠷᠬᠦᠯᠳᠦᠭᠡᠨ ᠢᠶᠠᠨ ᠵᠣᠬᠢᠰᠲᠠᠢ ᠬᠠᠮᠢᠶᠠᠷᠤᠨ ᠡᠵᠡᠮᠳᠡᠬᠦ ᠳᠤ ᠢᠲᠡᠭᠡᠯ᠂ ᠴᠢᠳᠠᠪᠤᠷᠢ | ᠪᠠ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ | ᠬᠤᠯᠪᠣᠭᠠᠨ ᠤ ᠤᠯᠤᠰ ᠤᠳ ᠤᠨ ᠡᠨᠡ ᠬᠡᠳᠦᠨ ᠵᠢᠯ ᠤᠨ ᠴᠢᠷᠮᠠᠶᠢᠯᠭ᠎ᠠ ᠭᠦᠢᠴᠡᠳ ᠭᠡᠷᠡᠴᠢᠯᠡᠵᠦ ᠪᠤᠢ᠃ ᠵᠠᠯᠭᠠᠭᠠᠳ᠂ | ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ᠡᠮᠦᠨᠡᠲᠦ ᠲᠠᠩᠭᠢᠰ ᠤᠨ | ᠠᠰᠠᠭᠤᠳᠠᠯ ᠳᠡᠭᠡᠷ᠎ᠡ ᠦᠷᠭᠦᠯᠵᠢᠯᠡᠨ ᠬᠤᠶᠠᠷ ᠲᠠᠯ᠎ᠠ ᠶᠢ ᠪᠤᠳᠤᠯᠬᠢᠯᠠᠨ ᠵᠠᠮᠨᠠᠨ᠎ᠠ᠃ ᠨᠢᠭᠡ ᠳᠤ᠂ ᠬᠠᠷᠰᠢ ᠰᠠᠭᠠᠳ ᠢ | ᠠᠷᠢᠯᠭᠠᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠵᠠᠷᠴᠢᠮ︾ ᠤᠨ ᠵᠥᠪᠳᠡᠯᠴᠡᠭᠡ ᠶᠢ ᠠᠬᠢᠭᠤᠯᠵᠤ᠂ ᠠᠯᠢ | ᠲᠦᠷᠭᠡᠨ ᠢᠶᠠᠷ ᠤᠯᠠᠨ ᠤᠯᠤᠰ ᠤᠨ ᠬᠠᠤᠯᠢ ᠳᠤ ᠨᠡᠶᠢᠴᠡᠬᠦ᠂ ᠡᠯ᠎ᠡ ᠲᠠᠯ᠎ᠠ ᠶᠢᠨ ᠬᠡᠷᠡᠭᠴᠡᠭᠡ ᠳᠤ ᠨᠡᠶᠢᠴᠡᠬᠦ᠂ ᠨᠡᠩ | ᠪᠣᠳᠠᠲᠠᠢ ᠠᠭᠤᠯᠭ᠎ᠠ ᠲᠠᠢ᠂ ᠨᠡᠩ ᠪᠦᠲᠦᠮᠵᠢᠲᠡᠢ ᠭᠠᠵᠠᠷ ᠣᠷᠣᠨ ᠤ ᠲᠦᠷᠢᠮ ᠲᠠᠢ ᠪᠣᠯᠬᠤ ᠪᠠᠷ ᠴᠢᠷᠮᠠᠶᠢᠨ᠎ᠠ︔ | ᠬᠤᠶᠠᠷ ᠲᠤ᠂ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠢ ᠦᠷᠭᠦᠯᠵᠢᠯᠡᠨ ᠪᠦᠬᠦ | ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠠᠮᠲᠤ ᠶᠢᠨ ᠲᠠᠨᠢᠯᠲᠠ ᠪᠠᠨ ᠲᠠᠰᠤᠷᠠᠯᠳᠠ ᠦᠭᠡᠢ ᠨᠢᠭᠲᠠᠷᠠᠭᠤᠯᠵᠤ | ᠂ ᠢᠲᠡᠭᠡᠯᠴᠡᠭᠡ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠠᠬᠢᠭᠤᠯᠵᠤ᠂ ᠡᠮᠦᠨᠡᠲᠦ ᠲᠠᠩᠭᠢᠰ ᠤᠨ ᠶᠡᠷᠦᠩᠬᠡᠢ | ᠴᠣᠭᠴᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠨ᠎ᠠ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠭᠴᠢ᠄ ᠳᠤᠮᠳᠠᠳᠤ ᠤᠯᠤᠰ ᠪᠢᠷᠮᠠ ᠶᠢᠨ ᠪᠠᠶᠢᠳᠠᠯ ᠳᠤ ᠶᠠᠮᠠᠷ | ᠵᠣᠭᠰᠣᠯᠲᠠ ᠲᠠᠢ ᠪᠤᠢ︖ | ᠸᠠᠩ ᠢ᠄ ᠪᠢᠷᠮᠠ ᠶᠢᠨ ᠪᠠᠶᠢᠳᠠᠯ ᠤᠨ ᠲᠤᠬᠠᠢ ᠪᠢ ᠳᠤᠮᠳᠠᠳᠤ ᠤᠯᠤᠰ ᠤᠨ ᠭᠤᠷᠪᠠᠨ ᠲᠠᠯ᠎ᠠ ᠶᠢᠨ | ᠵᠣᠷᠢᠯᠲᠠ ᠶᠢ ᠳᠤᠷᠠᠳᠤᠶ᠎ᠠ᠄ ᠨᠢᠭᠡᠳᠦᠭᠡᠷ ᠲᠤ᠂ ᠡᠩᠬᠡ ᠲᠠᠶᠢᠪᠤᠩ ᠲᠣᠭᠲᠠᠭᠤᠨ ᠪᠠᠶᠢᠬᠤ ᠪᠣᠯ ᠤᠯᠤᠰ ᠤᠨ | ᠬᠥᠭᠵᠢᠯᠲᠡ ᠶᠢᠨ ᠤᠷᠢᠲᠠᠯ ᠪᠣᠯᠤᠨ᠎ᠠ᠃ ᠪᠢᠷᠮᠠ ᠶᠢᠨ ᠡᠯ᠎ᠡ ᠲᠠᠯ᠎ᠠ ᠶᠢᠨ ᠬᠢᠨ ᠯᠠᠪᠳᠠᠭᠤᠨ ᠪᠣᠯᠭᠤᠮᠵᠢᠲᠠᠢ | ᠬᠦᠯᠢᠴᠡᠩᠭᠦᠢ ᠪᠠᠶᠢᠵᠤ᠂ ᠪᠢᠷᠮᠠ ᠶᠢᠨ ᠠᠷᠠᠳ ᠲᠦᠮᠡᠨ ᠤ ᠦᠨᠳᠦᠰᠦᠨ ᠠᠰᠢᠭ ᠲᠤᠰᠠ ᠠᠴᠠ ᠡᠭᠦᠰᠴᠦ᠂ | ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠪᠣᠷᠣ | ᠲᠥᠯᠥᠪ ᠤᠨ ᠳᠣᠣᠷ᠎ᠠ ᠵᠥᠷᠢᠴᠡᠯ ᠮᠦᠷᠬᠦᠯᠳᠤᠭᠡᠨ ᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠤᠯᠤᠰ ᠤᠨ | ᠳᠣᠲᠣᠭᠠᠳᠤ ᠶᠢᠨ ᠠᠷᠠᠳᠴᠢᠯᠠᠯ ᠤᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠦᠷᠭᠦᠯᠵᠢᠯᠡᠨ ᠠᠬᠢᠭᠤᠯᠬᠤ ᠶᠢ | ᠬᠦᠰᠡᠵᠦ ᠪᠠᠶᠢᠨ᠎ᠠ᠃ ᠣᠳᠣᠬᠠᠨ ᠤ ᠪᠠᠴᠢᠮ ᠡᠭᠦᠷᠭᠡ ᠪᠣᠯ ᠴᠢᠰᠤ ᠤᠷᠤᠰᠬᠠᠬᠤ ᠰᠢᠨ᠎ᠡ ᠮᠥᠷᠭᠦᠯᠳᠦᠭᠡᠨ ᠡᠭᠦᠰᠬᠦ ᠶᠢ | ᠰᠡᠷᠭᠡᠶᠢᠯᠡᠵᠦ᠂ ᠪᠠᠶᠢᠳᠠᠯ ᠢ ᠨᠠᠮᠳᠠᠭᠤᠯᠬᠤ ᠶᠢ ᠲᠦᠷᠭᠡᠨ ᠪᠡᠶᠡᠯᠡᠭᠦᠯᠬᠦ ᠶᠠᠪᠤᠳᠠᠯ ᠪᠣᠯᠤᠨ᠎ᠠ᠃ | ᠬᠤᠶᠠᠳᠤᠭᠠᠷ ᠲᠤ᠂ ᠪᠢᠷᠮᠠ ᠪᠣᠯ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠶᠡᠭᠡ ᠭᠡᠷ | ᠪᠦᠯᠢ ᠶᠢᠨ ᠪᠦᠷᠢᠯᠳᠦᠬᠦᠨ ᠮᠥᠨ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠤᠭᠠᠨ ᠤ ᠳᠣᠲᠣᠭᠠᠳᠤ ᠶᠠᠪᠤᠳᠠᠯ ᠳᠤ ᠦᠯᠦ ᠭᠠᠷ ᠲᠦᠷᠦᠭᠦ ᠪᠠ ᠵᠥᠪᠳᠡᠯᠴᠡᠵᠦ ᠰᠠᠨᠠᠯ ᠢᠶᠠᠨ ᠨᠢᠭᠡᠳᠬᠡᠬᠦ | ᠵᠠᠷᠴᠢᠮ ᠢ ᠪᠠᠷᠢᠮᠲᠠᠯᠠᠵᠤ᠂ ︽ᠵᠡᠭᠦᠨ ᠡᠮᠦᠨᠡᠲᠦ ᠠᠽᠢᠶ᠎ᠠ ᠶᠢᠨ ᠬᠤᠯᠪᠤᠭᠠᠨ ᠤ ᠤᠯᠤᠰ ᠤᠳ ᠤᠨ ᠠᠷᠭ᠎ᠠ ᠬᠡᠯᠪᠡᠷᠢ︾ | ᠪᠠᠷ ᠳᠤᠮᠳᠠ ᠠᠴᠠ ᠨᠢ ᠡᠶᠡᠳᠡᠭᠦᠯᠵᠦ᠂ ᠬᠠᠮᠲᠤ ᠶᠢᠨ ᠲᠠᠨᠢᠯᠲᠠ ᠲᠠᠢ ᠪᠣᠯᠬᠤ ᠶᠢ ᠳᠡᠮᠵᠢᠨ᠎ᠠ᠃ ᠳᠤᠮᠳᠠᠳᠤ ᠤᠯᠤᠰ | ᠳᠤᠷᠠᠲᠠᠶ᠎ᠠ ᠪᠢᠷᠮᠠ ᠶᠢᠨ ᠡᠷᠬᠡ ᠮᠡᠳᠡᠯ ᠪᠣᠯᠤᠨ ᠠᠷᠠᠳ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠭᠰᠡᠨ ᠰᠠᠭᠤᠷᠢᠨ | ᠳᠡᠭᠡᠷ᠎ᠡ᠂ ᠡᠯ᠎ᠡ ᠲᠠᠯ᠎ᠠ ᠶᠢᠨ ᠬᠢᠨ ᠲᠠᠢ ᠤᠢᠢᠯᠠᠭᠠᠯᠴᠠᠵᠤ᠂ ᠪᠠᠴᠢᠮ ᠪᠠᠶᠢᠳᠠᠯ ᠢ ᠨᠠᠮᠳᠠᠭᠤᠯᠬᠤ ᠳᠤ ᠪᠦᠲᠦᠭᠡᠯᠴᠢ | ᠴᠢᠨᠠᠷᠲᠠᠢ ᠦᠢᠯᠡᠳᠦᠯ ᠦᠵᠡᠭᠦᠯᠦᠨ᠎ᠡ᠃ | ᠭᠤᠷᠪᠠᠳᠤᠭᠠᠷ ᠲᠤ᠂ ᠪᠢᠷᠮᠠ ᠪᠣᠯᠤᠨ ᠳᠤᠮᠳᠠᠳᠤ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ︽ | ᠠᠬ᠎ᠠ ᠳᠡᠭᠦᠦ︾ ᠪᠤᠯᠤᠨ᠎ᠠ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ | ᠪᠣᠯᠤᠨ᠎ᠠ᠃ ᠳᠤᠮᠳᠠᠳᠤ ᠤᠯᠤᠰ ᠤᠨ ᠪᠢᠷᠮᠠ ᠶᠢᠨ ᠲᠤᠬᠠᠶ ᠨᠥᠬᠦᠷᠰᠡᠭ ᠲᠥᠷᠥ ᠶᠢᠨ ᠪᠣᠳᠣᠯᠭ᠎ᠠ ᠪᠦᠬᠦ ᠪᠢᠷᠮᠠ ᠶᠢᠨ | ᠠᠷᠠᠳ ᠲᠦᠮᠡᠨ ᠳᠤ ᠬᠠᠨᠳᠤᠨ᠎ᠠ᠃ ᠳᠤᠮᠳᠠᠳᠤ ᠤᠯᠤᠰ ᠪᠢᠷᠮᠠ ᠶᠢᠨ ᠠᠷᠠᠳᠴᠢᠯᠠᠭᠰᠠᠨ ᠬᠤᠯᠪᠣᠭ᠎ᠠ ᠶᠢ ᠪᠠᠭᠲᠠᠭᠠᠭᠰᠠᠨ | ᠡᠯ᠎ᠡ ᠨᠠᠮ ᠪᠦᠯᠦᠭ ᠲᠠᠢ ᠴᠥᠮ ᠤᠷᠳᠤ ᠬᠤᠭᠤᠴᠠᠭᠠᠨ ᠤ ᠨᠥᠬᠦᠷᠰᠡᠭ ᠶᠠᠪᠤᠯᠴᠠᠭ᠎ᠠ ᠲᠠᠢ ᠶᠤᠮ᠂ ᠳᠤᠮᠳᠠᠳᠤ | ᠤᠯᠤᠰ ᠯᠤᠭ᠎ᠠ ᠶᠢᠨ ᠨᠥᠬᠦᠷᠯᠡᠯ ᠪᠣᠯ ᠮᠥᠨ ᠴᠦ ᠪᠢᠷᠮᠠ ᠶᠢᠨ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠪᠣᠯᠤᠨ᠎ᠠ᠃ | ᠪᠢᠷᠮᠠ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠤᠨ ᠳᠤᠮᠳᠠᠳᠤ ᠪᠢᠷᠮᠠ ᠶᠢᠨ | ᠬᠠᠷᠢᠯᠴᠠᠭ᠎ᠠ ᠶᠢ ᠠᠬᠢᠭᠤᠯᠬᠤ ᠡᠷᠴᠢ ᠵᠣᠷᠢᠭ ᠭᠤᠶᠢᠪᠢᠯᠵᠠᠬᠤ ᠦᠭᠡᠢ᠂ ᠨᠥᠬᠦᠷᠰᠡᠭ ᠬᠠᠮᠲᠤᠷᠠᠯᠴᠠᠭ᠎ᠠ ᠶᠢ ᠠᠬᠢᠭᠤᠯᠬᠤ | ᠴᠢᠭᠯᠡᠯ ᠴᠦ ᠬᠤᠪᠢᠷᠠᠬᠤ ᠦᠭᠡᠢ ᠶᠤᠮ᠃ | ᠺᠦᠪᠠ ᠶᠢᠨ ᠯᠠᠲ᠋ᠢᠨ ᠠᠮᠧᠷᠢᠺᠠ ᠶᠢᠨ ᠴᠢᠮᠡᠭᠡᠯᠡᠯ ᠤᠨ ᠬᠤᠷᠢᠶᠠᠨ ᠤ ᠰᠤᠷᠪᠤᠯᠵᠢᠯᠠᠭᠴᠢ᠄ ᠬᠢᠵᠢᠭ ᠤᠨ ᠳᠠᠷᠠᠭᠠᠬᠢ | ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠬᠠᠷᠢᠯᠴᠠᠭᠠᠨ ᠤ ᠢᠷᠡᠭᠡᠳᠦᠢ ᠶᠢ ᠲᠠ ᠬᠡᠷᠬᠢᠨ ᠦᠵᠡᠬᠦ ᠪᠤᠢ︖ | ᠳᠤᠮᠳᠠᠳᠤ ᠤᠯᠤᠰ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠯᠠᠲ᠋ᠢᠨ ᠠᠮᠧᠷᠢᠺᠠ ᠶᠢᠨ ᠤᠯᠤᠰ ᠤᠳ ᠢ ᠬᠠᠪᠰᠤᠷᠤᠨ | ᠬᠢᠵᠢᠭ ᠢ ᠢᠯᠠᠨ ᠳᠠᠪᠠᠭ᠋ᠤ ᠪᠤᠢ︖ | ᠸᠠᠩ ᠢ᠄ ᠨᠢᠳᠤᠨᠤᠨ ᠵᠢᠯ ᠪᠣᠯ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠶᠢᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 60 ᠵᠢᠯ ᠤᠨ ᠤᠢ ᠪᠣᠯᠤᠨ᠎ᠠ᠃ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠲᠢᠪ ᠬᠢᠵᠢᠭ ᠲᠠᠢ | ᠲᠡᠮᠡᠴᠡᠬᠦ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠵᠤ ᠠᠬᠤᠢ ᠪᠠᠨ ᠰᠡᠷᠭᠦᠭᠡᠬᠦ ᠳᠤ ᠬᠠᠮᠲᠤ ᠪᠠᠷ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠤᠶᠠᠷ ᠲᠠᠯ᠎ᠠ ᠪᠠᠷ ᠢᠶᠠᠨ ᠨᠦᠬᠦᠷᠯᠡᠯ ᠤᠨ ᠤᠳᠬ᠎ᠠ ᠤᠴᠢᠷ ᠢ ᠪᠣᠳᠠᠲᠤ | ᠠᠵᠢᠯᠯᠠᠭ᠎ᠠ ᠪᠠᠷ ᠢᠶᠠᠨ ᠲᠠᠶᠢᠯᠪᠤᠷᠢᠯᠠᠵᠠᠢ᠃ | ᠬᠢᠵᠢᠭ ᠡᠭᠦᠰᠦᠭᠰᠡᠨ ᠠᠴᠠ ᠨᠠᠭᠠᠰᠢ᠂ ᠲᠡᠷᠢᠭᠦᠯᠡᠭᠴᠢ ᠰᠢ ᠶᠢᠨ ᠫᠢᠩ ᠯᠠᠲ᠋ᠢᠨ ᠠᠮᠧᠷᠢᠺᠠ ᠶᠢᠨ ᠤᠯᠠᠨ | ᠤᠯᠤᠰ ᠤᠨ ᠤᠳᠤᠷᠢᠳᠬᠤ ᠬᠥᠮᠦᠰ ᠲᠠᠢ ᠬᠠᠷᠢᠯᠴᠠᠨ ᠴᠠᠬᠢᠯᠭᠠᠨ ᠮᠡᠳᠡᠭᠡ ᠢᠯᠡᠭᠡᠵᠦ᠂ ᠳᠤᠮᠳᠠᠳᠤ ᠤᠯᠤᠰ ᠪᠤᠯᠤᠨ | ᠯᠠᠲ᠋ᠢᠨ ᠠᠮᠧᠷᠢᠺᠠ ᠶᠢᠨ ᠰᠡᠳᠬᠢᠯ ᠨᠢᠭᠡᠳᠦᠨ ᠬᠢᠵᠢᠭ ᠲᠠᠢ ᠲᠡᠮᠡᠴᠡᠬᠦ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ | ᠬᠦᠳᠦᠯᠦᠨ ᠳᠠᠭᠠᠭᠤᠯᠪᠠ᠃ ᠳᠤᠮᠳᠠᠳᠤ ᠤᠯᠤᠰ ᠠᠽᠢᠶ᠎ᠠ ᠣᠷᠣᠨ ᠤ 30 ᠤᠯᠤᠰ ᠲᠤ 3400 ᠭᠠᠷᠤᠶ ᠲᠦᠮᠡᠨ | ᠬᠤᠪᠢ ᠡᠮᠴᠢᠯᠡᠭᠡᠨ ᠤ ᠡᠳ᠋ ᠪᠣᠳᠠᠰ ᠲᠥᠬᠦᠭᠡᠷᠦᠮᠵᠢ ᠬᠠᠨᠳᠢᠪᠯᠠᠵᠤ᠂ ᠲᠤᠷᠰᠢᠯᠭ᠎ᠠ ᠰᠣᠯᠢᠯᠴᠠᠬᠤ ᠸᠢᠳᠢᠣ᠋ ᠬᠤᠷᠠᠯ ᠢ | 40 ᠭᠠᠷᠤᠶ ᠤᠳᠠᠭ᠎ᠠ ᠬᠤᠷᠠᠯᠳᠤᠭᠤᠯᠪᠠ᠂ ᠪᠢᠳᠡ ᠪᠠᠰᠠ ᠯᠠᠲ᠋ᠢᠨ ᠠᠮᠧᠷᠢᠺᠠ ᠶᠢᠨ 12 ᠤᠯᠤᠰ ᠲᠤ | ᠬᠡᠷᠡᠭᠴᠡᠭᠡ ᠳᠤ ᠨᠢ ᠲᠤᠬᠢᠷᠠᠭᠤᠯᠤᠨ ᠸᠠᠺᠼᠢᠨ ᠬᠠᠩᠭᠠᠵᠤ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠳᠤᠮᠳᠠᠳᠤ | ᠯᠠᠲ᠋ᠢᠨ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠳᠠᠬᠢᠨᠲᠠ ᠰᠠᠶᠢᠨ ᠪᠦᠲᠦᠮᠵᠢ ᠣᠯᠵᠤ᠂ | ᠭᠤᠷᠪᠠᠨ ᠵᠢᠯ ᠳᠠᠷᠠᠭᠠᠯᠠᠨ 3000 ᠳ᠋ᠦᠩᠰᠢᠭᠤᠷ ᠳ᠋ᠣᠯᠯᠠᠷ ᠢ ᠳᠠᠪᠠᠵᠤ᠂ ᠯᠠᠲ᠋ᠢᠨ ᠠᠮᠧᠷᠢᠺᠠ ᠶᠢᠨ ᠳᠤᠮᠳᠠᠳᠤ | ᠤᠯᠤᠰ ᠲᠠᠬᠢ ᠭᠠᠳᠠᠭᠠᠳᠤ ᠭᠠᠷᠭᠠᠯᠲᠠ ᠨᠡᠮᠡᠭᠳᠡᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠯᠠᠲ᠋ᠢᠨ | ᠠᠮᠧᠷᠢᠺᠠ ᠲᠢᠪ ᠪᠤᠯᠤᠨ ᠷᠠᠭᠠ ᠶᠢᠨ ᠠᠵᠤ ᠠᠬᠤᠢ ᠠᠷᠠᠯᠵᠢᠶᠠᠨ ᠤ ᠵᠥᠪᠯᠡᠯ ᠠᠴᠠ ᠳᠤᠮᠳᠠᠳᠤ ᠤᠯᠤᠰ ᠯᠤᠭ᠎ᠠ ᠶᠢᠨ | ᠬᠠᠮᠲᠤᠷᠠᠯᠴᠠᠭ᠎ᠠ ᠨᠢᠭᠡᠨᠲᠡ ᠲᠤᠰ ᠭᠠᠵᠠᠷ ᠣᠷᠣᠨ ᠤ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ | ᠳᠠᠶᠢᠴᠢᠯᠠᠬᠤ ᠴᠢᠬᠤᠯᠠ ᠬᠦᠴᠦᠨ ᠪᠣᠯᠵᠠᠢ ᠭᠡᠵᠦ ᠵᠢᠭᠠᠵᠤ ᠭᠠᠷᠭᠠᠪᠠ᠃ ᠬᠢᠵᠢᠭ ᠳᠠᠬᠤᠯ ᠳᠤᠮᠳᠠᠳᠤ ᠯᠠᠲ᠋ᠢᠨ | ᠠᠮᠧᠷᠢᠺᠠ ᠶᠢᠨ ᠬᠠᠮᠲᠤᠷᠠᠯᠴᠠᠭ᠎ᠠ ᠶᠢ ᠬᠠᠷᠰᠢᠯᠠᠭᠰᠠᠨ ᠦᠭᠡᠢ ᠮᠥᠷᠲᠡᠭᠡᠨ ᠬᠠᠷᠢᠨ ᠳᠤᠮᠳᠠᠳᠤ ᠯᠠᠲ᠋ᠢᠨ ᠠᠮᠧᠷᠢᠺᠠ ᠶᠢᠨ | ᠠᠷᠠᠳ ᠲᠦᠮᠡᠨ ᠤ ᠰᠡᠳᠬᠢᠯ ᠢ ᠨᠡᠩ ᠤᠢᠢᠷᠠᠳᠤᠭᠤᠯᠵᠦ᠂ ᠠᠰᠢᠭ ᠲᠤᠰᠠ ᠶᠢᠨ ᠬᠤᠯᠪᠣᠭᠠᠰᠤ ᠶᠢ ᠨᠡᠩ | ᠴᠢᠩᠭᠠᠷᠠᠭᠤᠯᠤᠯᠠ ᠭᠡᠵᠦ ᠬᠡᠯᠡᠵᠦ ᠪᠣᠯᠤᠨ᠎ᠠ᠃ | ᠴᠢᠯᠢ ᠶᠢᠨ ᠰᠢᠯᠦᠭᠴᠢᠨ ᠨᠧᠷᠦ᠋ᠳᠡ᠄ ︽ᠮᠥᠩᠬᠡ ᠶᠢᠨ ᠨᠥᠬᠦᠷᠯᠡᠯ ᠠᠴᠠ ᠲᠠ ᠶᠢᠷᠲᠢᠨᠴᠦ ᠶᠢᠨ ᠰᠠᠶᠢᠨ ᠰᠠᠶᠢᠬᠠᠨ ᠢ | ᠢᠲᠡᠭᠡᠨ᠎ᠡ᠂ ᠲᠠᠨ ᠤ ᠨᠡᠭᠡᠭᠡᠬᠦ ᠶᠢ ᠬᠦᠯᠢᠶᠡᠵᠦ ᠪᠠᠶᠢᠭ᠎ᠠ ᠬᠠᠭᠠᠯᠭ᠎ᠠ ᠪᠠᠶᠢᠨ᠎ᠠ ᠭᠡᠳᠡᠭ ᠢ ᠢᠲᠡᠭᠡᠨ᠎ᠡ︾ ᠭᠡᠵᠦ ᠶᠠᠷᠢᠵᠤ | ᠦᠩᠭᠡᠷᠡᠭᠰᠡᠨ ᠶᠤᠮ᠃ ᠳᠤᠮᠳᠠᠳᠤ ᠤᠯᠤᠰ ᠦᠷᠭᠦᠯᠵᠢᠯᠡᠨ ᠯᠠᠲ᠋ᠢᠨ ᠠᠮᠧᠷᠢᠺᠠ ᠶᠢᠨ ᠨᠠᠶᠢᠵᠠ ᠨᠠᠷ ᠲᠠᠢ ᠬᠠᠮᠲᠤ | ᠨᠥ᠋ᠬᠦᠷᠯᠡᠯ ᠢᠶᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠥᠷᠭᠡᠳᠬᠡᠨ᠂ ᠳᠤᠮᠳᠠᠳᠤ ᠯᠠᠲ᠋ᠢᠨ ᠠᠮᠧᠷᠢᠺᠠ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠢᠳᠡᠪᠬᠢᠲᠡᠢ ᠪᠠᠶᠢᠭᠤᠯᠵᠤ᠂ ᠳᠤᠮᠳᠠᠳᠤ ᠯᠠᠲ᠋ᠢᠨ ᠠᠮᠧᠷᠢᠺᠠ ᠶᠢᠨ | ᠠᠷᠠᠳ ᠲᠦᠮᠡᠨ ᠳᠤ ᠨᠡᠩ ᠰᠠᠶᠢᠨ ᠪᠤᠶᠠᠨ ᠵᠢᠷᠭᠠᠯ ᠡᠳ᠋ᠯᠡᠭᠦᠯᠦᠨ᠎ᠡ᠃ | ︽ᠳᠤᠮᠳᠠᠳᠤ ᠤᠯᠤᠰ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠪᠢ ᠪᠥᠬᠦ ᠳᠡᠯᠡᠬᠡᠶ ᠶᠢᠨ ᠰᠦᠯᠵᠢᠶᠡᠨ | ᠠᠨᠳᠠ ᠶᠢᠨ ᠡᠮᠦᠨ᠎ᠡ ᠠᠴᠠ ᠨᠢᠭᠡ ᠠᠰᠠᠭᠤᠯᠳᠠ ᠲᠤᠷᠠᠳᠤᠶ᠎ᠠ᠂ ᠵᠠᠷᠢᠮ ᠭᠠᠳᠠᠭᠠᠳᠤ ᠶᠢᠨ ᠵᠠᠭᠤᠴᠢᠯᠠᠭᠤᠷ ᠢᠯᠠᠩᠭᠤᠶ᠎ᠠ | ᠥᠷᠥᠨᠡᠳᠠᠬᠢᠨ ᠤ ᠵᠠᠭᠤᠴᠢᠯᠠᠭᠤᠷ ᠤᠳ ᠳᠤᠮᠳᠠᠳᠤ ᠤᠯᠤᠰ ᠤᠨ ᠲᠤᠬᠠᠢ ᠰᠣᠩᠭᠤᠯᠲᠠ ᠶᠢᠨ ᠴᠢᠨᠠᠷᠲᠠᠶ ᠮᠡᠳᠡᠭᠡᠯᠡᠯ | ᠬᠢᠬᠦ ᠳᠡᠭᠡᠨ ᠳᠠᠳᠮᠠᠭᠠᠶ ᠪᠠᠶᠢᠳᠠᠭ᠃ ᠶᠠᠨ ᠠᠨ ᠤ ᠦᠶ᠎ᠡ ᠶᠢ ᠬᠤᠯᠪᠣᠨ ᠪᠤᠳᠤᠬᠤᠶ᠎ᠠ᠂ ᠠᠮᠧᠷᠢᠺᠠ ᠶᠢᠨ | ᠰᠤᠷᠪᠤᠯᠵᠢᠯᠠᠭᠴᠢ ᠰᠨᠤᠸ᠋ ᠶᠢᠨ ︽ᠤᠯᠠᠭᠠᠨ ᠤᠳᠤ ᠳᠤᠮᠳᠠᠳᠤ ᠤᠯᠤᠰ ᠢ ᠭᠡᠶᠢᠭᠦᠯᠪᠡ︾ ᠭᠡᠬᠦ ᠪᠦᠲᠦᠭᠡᠯ ᠨᠢ | ᠳᠤᠮᠳᠠᠳᠤ ᠤᠯᠤᠰ ᠤᠨ ᠡᠪ ᠬᠠᠮᠲᠤ ᠨᠠᠮ ᠢ ᠳᠡᠯᠡᠬᠡᠢ ᠳ᠋ᠠᠬᠢᠨ ᠳᠤ ᠠᠩᠬ᠎ᠠ ᠤᠳᠠᠭ᠎ᠠ ᠣᠶᠢᠯᠠᠭᠠᠭᠤᠯᠵᠠᠢ᠃ ᠲᠠᠨ ᠤ | ᠦᠵᠡᠬᠦ ᠪᠠᠷ ᠥᠨᠥᠳᠦᠷ ᠤᠨ ᠭᠠᠳᠠᠭᠠᠳᠤ ᠶᠢᠨ ᠰᠤᠷᠪᠤᠯᠵᠢᠯᠠᠭᠴᠢ ᠶᠢᠨ ᠲᠤᠮᠳᠠ ᠠᠴᠠ ︽ᠰᠨᠤᠸ᠋︾ ᠰᠢᠭ᠋ ᠬᠦᠮᠦᠨ | ᠭᠠᠷᠤᠨ᠎ᠠ ᠤᠤ︖ | ᠸᠠᠩ ᠢ᠄ ᠡᠩ ᠲᠡᠷᠢᠭᠦᠨ ᠳᠤ᠂ ᠪᠢ ᠡᠨᠡ ᠲᠣᠬᠢᠶᠠᠯ ᠢᠶᠠᠷ ᠭᠠᠳᠠᠭᠠᠳᠤ ᠶᠢᠨ ᠵᠠᠭᠤᠴᠢᠯᠠᠭᠤᠷ ᠤᠨ ᠨᠠᠶᠢᠵᠠ | ᠨᠠᠷ ᠤᠨ ᠰᠢᠷᠭᠠᠭᠤ ᠬᠦᠳᠡᠯᠮᠦᠷᠢ ᠳᠤ ᠲᠠᠯᠠᠷᠬᠠᠵᠤ ᠪᠠᠶᠢᠨ᠎ᠠ᠃ ᠵᠠᠭᠤᠴᠢᠯᠠᠭᠤᠷ ᠪᠣᠯ ᠡᠯ᠎ᠡ ᠤᠯᠤᠰ ᠤᠨ ᠬᠠᠷᠢᠯᠴᠠᠨ | ᠣᠶᠢᠯᠠᠭᠠᠯᠴᠠᠬᠤ ᠴᠢᠬᠤᠯᠠ ᠬᠤᠯᠪᠤᠭᠠᠰᠤ ᠮᠥᠨ᠃ ᠨᠢᠳᠤᠨᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠭᠠᠷᠤᠭᠰᠠᠨ ᠠᠴᠠ ᠨᠠᠭᠠᠰᠢ᠂ ᠮᠠᠰᠢ ᠤᠯᠠᠨ ᠭᠠᠳᠠᠭᠠᠳᠤ ᠶᠢᠨ ᠵᠠᠭᠤᠴᠢᠯᠠᠭᠤᠷ ᠤᠨ ᠨᠠᠶᠢᠵᠠ ᠨᠠᠷ ᠠᠵᠢᠯ ᠤᠨ | ᠪᠠᠶᠢᠷᠢ ᠪᠠᠨ ᠪᠠᠲᠤ ᠰᠠᠬᠢᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠠᠷᠠᠳ ᠲᠦᠮᠡᠨ ᠤ ᠬᠢᠵᠢᠭ ᠲᠠᠢ | ᠲᠡᠮᠡᠴᠡᠭᠰᠡᠨ ᠦᠯᠢᠭᠡᠷ ᠢ ᠦᠷᠭᠦᠯᠵᠢᠯᠡᠨ ᠶᠠᠷᠢᠵᠤ ᠥᠭᠴᠡᠢ᠃ ᠲᠠ ᠨᠠᠷ ᠵᠦᠳᠡᠷᠡᠯ᠎ᠡ︕ | 80 ᠭᠠᠷᠤᠶ ᠵᠢᠯ ᠤᠨ ᠡᠮᠦᠨ᠎ᠡ᠂ ᠰᠨᠤᠸ᠋ ᠪᠣᠯᠤᠨ ᠰᠲᠷᠤᠩ᠂ ᠰᠮᠧᠳ᠋ᠯᠧ ᠵᠡᠷᠭᠡ ᠨᠢᠭᠡ ᠪᠦᠯᠦᠭ ᠭᠠᠳᠠᠭᠠᠳᠤ ᠶᠢᠨ | ᠰᠤᠷᠪᠤᠯᠵᠢᠯᠠᠭᠴᠢ ᠳᠤᠮᠳᠠᠳᠤ ᠤᠯᠤᠰ ᠤᠨ ᠱᠠᠨᠪᠸᠢ ᠶᠢᠨ ᠶᠠᠨ ᠠᠨ ᠳᠤ ᠢᠷᠡᠵᠦ᠂ ᠦᠵᠡᠵᠦ ᠰᠣᠨᠣᠰᠤᠭᠰᠠᠨ | ᠪᠤᠳᠤᠵᠤ ᠰᠡᠳᠭᠢᠭᠰᠡᠨ ᠪᠦᠬᠦ ᠵᠦᠢᠯ ᠢᠶᠠᠨ ᠳᠡᠯᠡᠬᠡᠶ ᠳ᠋ᠠᠬᠢᠨ ᠳᠤ ᠲᠠᠨᠢᠯᠴᠠᠭᠤᠯᠵᠠᠢ᠃ ᠰᠨᠤᠸ᠋ ᠡᠪ ᠬᠠᠮᠲᠤ ᠶᠢᠨ | ᠦᠵᠡᠯᠲᠡᠨ ᠪᠢᠰᠢ᠂ ᠭᠡᠪᠡᠴᠦ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠳᠤ ᠬᠠᠨᠳᠤᠬᠤ ᠳᠠᠭᠠᠨ ᠦᠵᠡᠯ | ᠤᠬᠠᠮᠰᠠᠷ ᠤᠨ ᠬᠡᠯᠪᠡᠷᠢ ᠶᠢᠨ ᠬᠡᠯᠪᠠᠶᠢᠭᠦᠦ ᠦᠵᠡᠯᠲᠡ ᠦᠭᠡᠢ᠂ ᠢᠮᠠᠭᠲᠠ ᠪᠤᠰᠤᠳᠴᠢ ᠦᠨᠡᠨ ᠢ ᠪᠠᠲᠤ ᠰᠠᠬᠢᠵᠤ᠂ | ᠢᠮᠠᠭᠲᠠ ᠲᠥᠪ ᠭᠤᠣᠯᠴᠢ ᠨᠢᠩᠵᠢᠨ ᠰᠡᠳᠬᠢᠯ ᠢ ᠪᠠᠷᠢᠮᠳᠠᠯᠠᠪᠠ᠃ ᠲᠡᠭᠦᠨ ᠤ ᠢᠯᠡᠷᠡᠭᠦᠯᠦᠭᠰᠡᠨ ᠲᠤᠬᠠᠶᠢᠯᠠᠭᠰᠠᠨ | ᠠᠵᠢᠯ ᠤᠨ ᠵᠣᠷᠢᠭ ᠰᠠᠨᠠᠭ᠎ᠠ ᠪᠣᠯᠤᠨ ᠶᠣᠰᠣ ᠰᠤᠷᠲᠠᠬᠤᠨ ᠤ ᠪᠠᠷᠢᠮᠲᠠᠯᠠᠯ ᠨᠢ ᠬᠥᠮᠦᠰ ᠢ ᠪᠢᠰᠢᠷᠡᠭᠦᠯᠦᠨ᠎ᠡ᠂ ᠲᠡᠷᠡ | ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠣᠶᠢᠯᠠᠭᠠᠯᠴᠠᠭ᠎ᠠ ᠶᠢ ᠨᠡᠮᠡᠭᠳᠡᠭᠦᠯᠬᠦ ᠳᠤ ᠨᠢᠭᠡ ᠨᠠᠰᠤᠨ ᠤ ᠬᠦᠴᠦ | ᠬᠥᠯᠥᠰᠥ ᠪᠠᠨ ᠤᠷᠤᠰᠬᠠᠵᠤ᠂ ᠳᠤᠮᠳᠠᠳᠤ ᠤᠯᠤᠰ ᠤᠨ ᠠᠷᠠᠳ ᠲᠦᠮᠡᠨ ᠤᠳᠤ ᠪᠣᠯᠲᠠᠯ᠎ᠠ ᠲᠡᠭᠦᠨ ᠢ ᠳᠤᠷᠠᠰᠤᠨ | ᠰᠠᠨᠠᠭᠠᠯᠵᠠᠭᠰᠠᠭᠠᠷ ᠪᠠᠶᠢᠨ᠎ᠠ᠃ | ᠥᠨᠥᠳᠦᠷ ᠤᠨ ᠳᠤᠮᠳᠠᠳᠤ ᠤᠯᠤᠰ ᠳᠡᠯᠡᠬᠡᠢ ᠳ᠋ᠠᠬᠢᠨ ᠢ ᠨᠡᠩ ᠰᠠᠶᠢᠲᠤᠷ ᠣᠶᠢᠯᠠᠭᠠᠬᠤ ᠴᠢᠬᠤᠯᠠᠲᠠᠢ᠂ ᠳᠡᠯᠡᠬᠡᠢ | ᠳ᠋ᠠᠬᠢᠨ ᠴᠤ ᠳᠤᠮᠳᠠᠳᠤ ᠤᠯᠤᠰ ᠢ ᠨᠡᠩ ᠰᠠᠶᠢᠲᠤᠷ ᠣᠶᠢᠯᠠᠭᠠᠬᠤ ᠴᠢᠬᠤᠯᠠᠲᠠᠢ᠃ ᠴᠠᠭ ᠦᠶ᠎ᠡ ᠬᠡᠷᠬᠢᠨ ᠬᠤᠪᠢᠷᠠᠭᠰᠠᠨ | ᠴᠤ ᠵᠠᠭᠤᠴᠢᠯᠠᠭᠤᠷ ᠤᠨ ᠬᠢᠨ ᠴᠥᠮ ᠲᠤᠬᠠᠢᠢᠯᠠᠭᠰᠠᠨ ᠠᠵᠢᠯ ᠤᠨ ᠶᠣᠰᠣ ᠰᠤᠷᠲᠠᠯ ᠢ ᠪᠠᠲᠤ ᠰᠠᠬᠢᠪᠠᠯ ᠵᠤᠬᠢᠨ᠎ᠠ᠃ | ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠭᠴᠢ ᠳᠤᠮᠳᠠᠳᠤ ᠤᠯᠤᠰ ᠲᠤ ᠠᠩᠬᠠᠷᠤᠯ ᠢᠶᠠᠨ ᠲᠥᠪᠯᠡᠷᠡᠭᠦᠯᠬᠦ | ᠦᠶ᠎ᠡ ᠳᠤ᠂ ︽ᠵᠢᠰᠦ ᠭᠤᠶᠣᠯᠠᠬᠤ ᠬᠡᠷᠡᠯ ᠵᠢᠷᠤᠭ ᠤᠨ ᠮᠠᠰᠢᠨ︾ ᠢ ᠬᠡᠷᠡᠭᠯᠡᠬᠦ ᠥᠬᠡᠶ ᠮᠥᠷᠲᠡᠭᠡᠨ ︽ᠪᠤᠳᠤᠩᠭᠤᠶ | ᠰᠢᠯ︾ ᠢ ᠴᠦ ᠬᠡᠷᠡᠭᠯᠡᠬᠦ ᠥᠬᠡᠶ ᠪᠠᠶᠢᠬᠤ ᠶᠢ ᠪᠢ ᠬᠦᠰᠡᠵᠦ ᠪᠠᠶᠢᠨ᠎ᠠ᠃ ᠦᠨᠡᠨ ᠪᠣᠳᠠᠲᠠᠢ᠂ ᠪᠤᠰᠤᠳᠴᠢ᠂ ᠭᠤᠣᠯᠴᠢ | ᠪᠠᠶᠢᠳᠠᠭ ᠯᠠ ᠶᠤᠮ ᠪᠣᠯ ᠲᠠ ᠨᠠᠷ ᠤᠨ ᠮᠡᠳᠡᠭᠡᠯᠡᠯ ᠳᠠᠷᠤᠢ ᠪᠠᠶᠠᠯᠢᠭ ᠰᠠᠶᠢᠬᠠᠨ ᠪᠤᠯᠵᠦ᠂ ᠲᠡᠦᠬᠡ ᠶᠢᠨ ᠰᠢᠯᠭᠠᠭᠤᠷ ᠢ | ᠳᠠᠭᠠᠭᠠᠵᠤ ᠴᠢᠳᠠᠬᠤ ᠶᠤᠮ᠃ ᠳᠤᠮᠳᠠᠳᠤ ᠤᠯᠤᠰ ᠨᠡᠩ ᠤᠯᠠᠨ ᠭᠠᠳᠠᠭᠠᠳᠤ ᠶᠢᠨ ᠵᠠᠭᠤᠴᠢᠯᠠᠭᠤᠷ ᠤᠨ | ᠰᠤᠷᠪᠤᠯᠵᠢᠯᠠᠭᠴᠢ ︽ᠰᠢᠨ᠎ᠡ ᠴᠠᠭ ᠦᠶ᠎ᠡ ᠶᠢᠨ ᠰᠨᠤᠸ᠋︾ ᠪᠣᠯᠬᠤ ᠶᠢ ᠬᠦᠰᠡᠵᠦ ᠪᠠᠶᠢᠬᠤ ᠪᠥᠭᠡᠳ ᠪᠠᠶᠠᠷᠯᠠᠨ | ᠤᠭᠲᠤᠨ᠎ᠠ᠃ | ᠸᠠᠩ ᠢ᠄ ᠥᠨᠥᠳᠦᠷ ᠤᠨ ᠰᠣᠷᠪᠣᠯᠵᠢᠯᠠᠭᠴᠢᠳ ᠤᠨ ᠬᠤᠷᠠᠯ ᠲᠡᠭᠦᠰᠬᠦ ᠠᠴᠠ ᠡᠮᠦᠨ᠎ᠡ᠂ ᠪᠢ ᠪᠠᠰᠠ ᠨᠢᠭᠡ | ᠤᠴᠢᠷ ᠢ ᠳᠤᠷᠠᠳᠬᠤ ᠰᠠᠨᠠᠭ᠎ᠠ ᠲᠠᠢ᠃ ᠪᠠᠰᠠ ᠨᠢᠭᠡ ᠰᠠᠷ᠎ᠠ ᠥᠩᠭᠡᠷᠡᠪᠡᠯ ᠬᠤᠪᠸᠢ ᠶᠢᠨ ᠦᠬᠠᠨ ᠤ ︽ᠬᠤᠷᠢᠭ᠎ᠠ | ᠲᠠᠶᠢᠯᠤᠭᠳᠠᠭᠰᠠᠨ︾ ᠨᠢᠭᠡ ᠵᠢᠯ ᠤᠨ ᠤᠢ ᠪᠣᠯᠤᠨ᠎ᠠ᠃ ᠡᠷᠡᠯᠬᠡᠭ ᠪᠠᠭᠠᠲᠤᠷᠯᠢᠭ ᠬᠤᠪᠸᠢ ᠶᠢᠨ ᠠᠷᠠᠳ ᠲᠦᠮᠡᠨ᠂ | ᠦᠬᠠᠨ ᠤ ᠠᠷᠠᠳ ᠲᠦᠮᠡᠨ ᠶᠡᠭᠡ ᠭᠡᠷ ᠪᠦᠯᠢ ᠶᠢᠨ ᠲᠥᠯᠥᠭᠡ ᠪᠠᠭ᠎ᠠ ᠭᠡᠷ ᠪᠦᠯᠢ ᠪᠠᠨ ᠦᠷᠡᠭᠳᠡᠭᠦᠯᠵᠦ᠂ ᠪᠦᠬᠦ | ᠤᠯᠤᠰ ᠤᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠯᠤᠲᠤ ᠶᠡᠭᠡ ᠦᠷᠡᠭᠳᠡᠯ ᠭᠠᠷᠭᠠᠵᠤ᠂ ᠪᠦᠬᠦ | ᠪᠥᠮᠪᠥᠷᠴᠡᠭ ᠤᠨ ᠬᠢᠵᠢᠭ ᠲᠠᠢ ᠲᠡᠮᠡᠴᠡᠬᠦ ᠠᠵᠢᠯ ᠢ ᠳᠡᠮᠵᠢᠬᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠭᠠᠳᠠᠭᠠᠳᠤ ᠶᠠᠪᠤᠳᠠᠯ ᠤᠨ ᠶᠠᠮᠤᠨ ᠡᠨᠡ ᠵᠢᠯ ᠤᠨ 4 ᠰᠠᠷ᠎ᠠ ᠳᠤ ᠬᠠᠪᠤᠷ ᠤᠨ ᠠᠭᠤᠷ ᠣᠷᠣᠵᠤ ᠬᠤᠸᠠᠷ ᠴᠡᠴᠡᠭ | ᠳᠡᠯᠭᠡᠷᠡᠬᠦ ᠦᠶ᠎ᠡ ᠳᠤ᠂ ᠬᠤᠪᠸᠢ ᠳᠤ ᠪᠦᠬᠦ ᠪᠥᠮᠪᠥᠷᠴᠡᠭ ᠤᠨ ᠣᠨᠴᠠᠭᠠᠢ ᠲᠠᠨᠢᠯᠴᠠᠭᠤᠯᠭ᠎ᠠ ᠶᠢᠨ ᠬᠤᠷᠠᠯ ᠬᠢᠵᠦ᠂ | ᠬᠤᠪᠸᠢ ᠶᠢᠨ ᠲᠠᠬᠢᠨ ᠠᠮᠢᠯᠠᠭᠰᠠᠨ ᠰᠢᠨ᠎ᠡ ᠳᠦᠷᠢ ᠳᠦᠷᠬᠦ ᠶᠢ ᠳᠡᠯᠡᠬᠡᠢ ᠳ᠋ᠠᠬᠢᠨ ᠳᠤ ᠲᠠᠨᠢᠯᠴᠠᠭᠤᠯᠵᠤ᠂ ᠬᠤᠪᠸᠢ ᠶᠢᠨ | ᠭᠠᠳᠠᠭᠠᠳᠤ ᠯᠤᠭ᠎ᠠ ᠶᠢᠨ ᠬᠠᠮᠲᠤᠷᠠᠯᠴᠠᠭᠠᠨ ᠤ ᠰᠢᠨ᠎ᠡ ᠬᠥᠭᠦᠷᠭᠡ ᠪᠠᠶᠢᠭᠤᠯᠬᠤ ᠶᠢ ᠳᠡᠮᠵᠢᠨ᠎ᠡ᠃ ᠣᠯᠠᠨ ᠢᠶᠠᠷ ᠢᠶᠠᠨ | ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠃ | ᠰᠤᠷᠪᠤᠯᠵᠢᠯᠠᠭᠴᠢ ᠶᠢᠨ ᠬᠤᠷᠠᠯ 1 ᠴᠠᠭ 40 ᠮᠢᠨᠦ᠋ᠲ ᠶᠠᠪᠤᠭᠳᠠᠵᠠᠶ᠃ | | |