ᠠᠮᠧᠷᠢᠺᠠ ᠶᠢᠨ ᠬᠠᠹᠦ᠋ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠢᠨ ᠨᠢᠭᠡᠨ | ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ᠂ ᠭᠠᠷᠠᠭ ᠪᠦᠷᠢ ᠲᠦᠷᠪᠡ ᠤᠳᠠᠭ᠎ᠠ ᠲᠦᠮᠦᠰᠦ ᠢᠳᠡᠪᠡᠯ ᠴᠢᠰᠤᠨ | ᠳᠠᠷᠤᠯᠳᠠ ᠦᠨᠳᠦᠷᠵᠢᠬᠦ ᠨᠤᠷᠮ᠎ᠠ ᠶᠢ ᠨᠡᠮᠡᠭᠳᠡᠬᠦᠯᠳᠡᠭ᠃ | ᠰᠤᠳᠤᠯᠭᠠᠳᠠᠳ 18.7 ᠲᠦᠮᠡᠨ ᠳᠤᠷᠰᠢᠯᠳᠠ ᠳᠤ ᠤᠷᠤᠯᠴᠠᠭᠴᠢ ᠶᠢ 20 ᠵᠢᠯ ᠮᠦᠷᠲᠡᠨ ᠪᠠᠶᠢᠴᠠᠭᠠᠯᠳᠠ | ᠬᠢᠭᠰᠡᠨ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠤ ᠳ᠋ᠦᠩ ᠳᠤ᠂ ᠰᠠᠷ᠎ᠠ ᠪᠦᠷᠢ ᠨᠢᠭᠡ ᠤᠳᠠᠭ᠎ᠠ ᠠᠴᠠ ᠢᠯᠡᠬᠦᠦ | ᠲᠦᠮᠦᠰᠦ ᠢᠳᠡᠳᠡᠭ ᠦᠭᠡᠢ ᠬᠦᠮᠦᠰ ᠲᠠᠢ ᠬᠠᠷᠢᠴᠠᠭᠤᠯᠪᠠᠯ ᠭᠠᠷᠠᠭ ᠪᠦᠷᠢ ᠨᠠᠭᠠᠳᠤ ᠵᠠᠬ᠎ᠠ ᠳᠠᠭᠠᠨ ᠲᠦᠷᠪᠡ ᠤᠳᠠᠭ᠎ᠠ | ᠲᠦᠮᠦᠰᠦ ᠪᠠᠷ ᠬᠢᠭᠰᠡᠨ ᠢᠳᠡᠭᠡᠨ ᠢᠳᠡᠳᠡᠭ ᠬᠦᠮᠦᠰ ᠤᠨ ᠴᠢᠰᠤᠨ ᠳᠠᠷᠤᠯᠳᠠ ᠦᠨᠳᠦᠷᠵᠢᠬᠦ ᠨᠤᠷᠮ᠎ᠠ 11% ᠪᠠᠷ | ᠦᠨᠳᠦᠷ ᠪᠠᠶᠢᠪᠠ᠃ ᠭᠠᠷᠠᠭ ᠪᠦᠷᠢ ᠨᠠᠭᠠᠳᠤ ᠵᠠᠬ᠎ᠠ ᠳᠠᠭᠠᠨ ᠲᠦᠷᠪᠡ ᠤᠳᠠᠭ᠎ᠠ ᠰᠢᠷᠭᠠᠭᠠᠭᠰᠠᠨ ᠲᠦᠮᠦᠰᠦ ᠶᠢᠨ | ᠭᠡᠷᠴᠢᠮᠡᠯ ᠢᠳᠡᠳᠡᠭ ᠬᠦᠮᠦᠰ ᠤᠨ ᠴᠢᠰᠤᠨ ᠳᠠᠷᠤᠯᠳᠠ ᠦᠨᠳᠦᠷᠵᠢᠬᠦ ᠨᠤᠷᠮ᠎ᠠ 17% ᠪᠠᠷ ᠦᠨᠳᠦᠷ ᠪᠤᠯᠳᠠᠭ᠃ | ᠭᠡᠷᠪᠡ ᠡᠳᠦᠷ ᠪᠦᠷᠢ ᠴᠠᠷᠳᠠᠭᠤᠯ ᠤᠨ ᠪᠤᠰᠤ ᠢᠳᠡᠰᠢᠨ ᠨᠤᠭᠤᠭ᠎ᠠ ᠪᠠᠷ ᠲᠦᠮᠦᠰᠦ ᠶᠢ ᠤᠷᠤᠯᠠᠭᠤᠯᠵᠤ ᠢᠳᠡᠪᠡᠯ | ᠴᠢᠰᠤᠨ ᠳᠠᠷᠤᠯᠳᠠ ᠦᠨᠳᠦᠷᠵᠢᠬᠦ ᠨᠤᠷᠮ᠎ᠠ ᠶᠢ 7% ᠪᠠᠷ ᠪᠠᠭᠤᠷᠠᠭᠤᠯᠤᠨ᠎ᠠ᠃ | ᠤᠴᠢᠷ ᠨᠢ ᠲᠦᠮᠦᠰᠦᠨ ᠳᠤ ᠶᠡᠭᠡ ᠭᠡᠮᠵᠢᠶᠡᠨ ᠤ ᠴᠠᠷᠳᠠᠭᠤᠯ ᠠᠭᠤᠯᠤᠭᠳᠠᠵᠤ᠂ ᠰᠢᠬᠢᠷ ᠢ ᠨᠡᠮᠡᠭᠳᠡᠬᠦᠯᠬᠦ | ᠵᠢᠭᠠᠯᠳᠠ ᠳᠤᠭ᠎ᠠ ᠨᠢ ᠦᠨᠳᠦᠷ᠂ ᠰᠢᠬᠢᠷ ᠨᠡᠮᠡᠭᠳᠡᠬᠦᠯᠳᠡᠭ ᠢᠳᠡᠭᠡᠨ ᠨᠢ ᠳᠠᠬᠢᠭᠠᠳ ᠴᠢᠰᠤᠨ ᠤ ᠰᠢᠬᠢᠷ ᠢ | ᠭᠡᠨᠡᠳᠳᠡ ᠪᠠᠷ ᠨᠡᠮᠡᠭᠳᠡᠬᠦᠯᠳᠡᠭ᠃ ᠲᠦᠮᠦᠰᠦ ᠶᠢᠨ ᠳᠤᠳᠤᠷ᠎ᠠ ᠶᠡᠭᠡ ᠭᠡᠮᠵᠢᠶᠡᠨ ᠤ ᠸᠢᠲ᠋ᠠᠮᠢᠨ C ᠪᠠ ᠺᠠᠯᠢ ᠵᠡᠷᠭᠡ | ᠤᠯᠠᠨ ᠲᠦᠷᠦᠯ ᠤᠨ ᠰᠢᠮ᠎ᠡ ᠲᠡᠵᠢᠭᠡᠯᠳᠦ ᠡᠳ᠋ ᠠᠭᠤᠯᠤᠭᠳᠠᠳᠠᠭ ᠳᠤᠯᠠ ᠭᠡᠮᠵᠢᠶ᠎ᠡ ᠲᠠᠢ ᠢᠳᠡᠪᠡᠯ ᠬᠠᠷᠢᠨ ᠰᠢᠮ᠎ᠡ | ᠲᠡᠵᠢᠭᠡᠯ ᠰᠠᠶᠢᠳᠠᠢ ᠪᠤᠯᠳᠠᠭ᠃ |