ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠠᠬᠢᠭᠤᠯᠵᠥ ᠬᠦᠳᠡᠭᠡ ᠠᠵᠥ ᠠᠬᠤᠢ ᠬᠦᠳᠡᠭᠡ ᠳᠤᠰᠬᠤᠨ ᠤ ᠤᠳᠤᠬᠢᠴᠢᠯᠡᠯᠳᠡ ᠶᠢ ᠳᠦᠷᠬᠡᠳᠬᠡᠬᠦ ᠳᠤᠬᠠᠢ ᠨᠠᠮ ᠤᠨ ᠳᠦᠪ ᠬᠤᠷᠢᠶ᠎ᠠ ᠳᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ
ᠨᠡᠶᠢᠲᠡᠯᠡᠭᠰᠡᠨ ᠴᠠᠭ᠄
2021/3/15
     ︵2021 ᠤᠨ ᠤ 1 ᠰᠠᠷ᠎ᠠ ᠶᠢᠨ 4 ᠤ ᠡᠳᠦᠷ︶      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠬᠢᠨᠡᠨ ᠵᠦᠪᠯᠡᠵᠦ ᠪᠠᠳᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠨᠢ ᠰᠢᠨ᠎ᠠ ᠬᠦᠭᠵᠢᠯᠳᠠ ᠶᠢᠨ ᠱᠠᠳᠤᠨ ᠳᠤ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠶᠡᠷᠦᠩᠭᠡᠢ ᠪᠠᠶᠢᠷᠢᠯᠠᠭᠤᠯᠤᠯᠳᠠ ᠬᠢᠵᠦ᠂ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠢ ᠰᠠᠶᠢᠳᠤᠷ ᠬᠢᠬᠦ ᠳᠤ ᠴᠢᠭᠯᠡᠯ ᠢ ᠳᠤᠳᠤᠷᠬᠠᠢᠢᠯᠠᠵᠦ ᠦᠭᠴᠠᠢ᠃      ︽ᠠᠷᠪᠡᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠤᠳᠤ ᠦᠶ᠎ᠠ ᠶᠢᠨ ᠬᠦᠳᠡᠭᠡ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠴᠢᠬᠤᠯᠠ ᠶᠡᠭᠡ ᠠᠬᠢᠴᠠ ᠲᠠᠢ ᠪᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠰᠠᠶᠢᠨ ᠡᠬᠢᠯᠡᠯᠳᠠ ᠲᠠᠢ ᠪᠤᠯᠬᠤ ᠶᠢ ᠪᠡᠶᠡᠯᠡᠬᠦᠯᠵᠡᠢ᠃ ᠠᠮᠤ ᠪᠤᠳᠠᠭᠠᠨ ᠤ ᠵᠢᠯ ᠤᠨ ᠤᠨᠠᠯᠳᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢᠬᠢ ᠪᠠᠶᠢᠬᠤ ᠶᠢ ᠦᠷᠬᠦᠯᠵᠢᠯᠡᠨ ᠪᠠᠳᠤᠯᠠᠵᠦ᠂ ᠲᠠᠷᠢᠶᠠᠴᠢᠨ ᠤ ᠬᠦᠮᠦᠨ ᠳᠤᠮᠳᠠᠴᠢ ᠶᠢᠨ ᠤᠷᠤᠯᠭ᠎ᠠ 2010 ᠤᠨ ᠤ ᠬᠢ ᠠᠴᠠ ᠬᠤᠶᠠᠷ ᠲᠠᠬᠢᠨ ᠭᠠᠷᠤᠢ ᠨᠡᠮᠡᠭᠳᠡᠪᠡ᠃ ᠰᠢᠨ᠎ᠠ ᠴᠠᠭ ᠦᠶ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠵᠦ᠂ ᠤᠳᠤ ᠶᠢᠨ ᠪᠠᠷᠢᠮᠵᠢᠶ᠎ᠠ ᠪᠠᠷ ᠬᠦᠳᠡᠭᠡ ᠲᠤᠰᠬᠤᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠤᠨ᠂ ᠶᠠᠳᠠᠭᠤ ᠬᠦᠴᠢᠷᠳᠡᠯᠳᠠᠢ ᠰᠢᠶᠠᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠦ᠂ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠳᠡᠳᠬᠦᠬᠦ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠦᠨ᠂ ᠲᠦᠢᠯ ᠤᠨ ᠶᠠᠳᠠᠭᠤ ᠬᠦᠴᠢᠷᠳᠡᠯ ᠪᠠ ᠤᠷᠤᠨ ᠪᠦᠰᠡ ᠶᠢᠨ ᠴᠢᠨᠠᠷᠳᠠᠢ ᠪᠦᠬᠦᠯᠢ ᠴᠤᠬᠴᠠ ᠶᠢᠨ ᠶᠠᠳᠠᠭᠤ ᠬᠦᠴᠢᠷᠳᠡᠯ ᠢ ᠠᠷᠢᠯᠭᠠᠵᠦ᠂ ᠬᠦᠮᠦᠨ ᠲᠦᠷᠦᠯᠬᠢᠳᠡᠨ ᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠲᠡᠦᠭᠡᠨ ᠳᠠᠬᠢ ᠭᠠᠶᠢᠬᠠᠮᠰᠢᠬ ᠢ ᠡᠬᠦᠳᠴᠠᠢ᠃ ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢᠯᠡᠳᠳᠡ ᠰᠠᠶᠢᠵᠢᠷᠠᠵᠦ᠂ ᠬᠦᠳᠡᠭᠡ ᠲᠤᠰᠬᠤᠨ ᠤ ᠦᠭᠡᠷᠡᠴᠢᠯᠡᠯᠳᠠ ᠬᠦᠨᠵᠡᠭᠡᠶᠢᠷᠡᠨ ᠠᠬᠢᠵᠦ᠂ ᠬᠦᠳᠡᠭᠡ ᠲᠤᠰᠬᠤᠨ ᠤ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠪᠠᠶᠢᠳᠠᠯ ᠢ ᠪᠠᠳᠤᠯᠠᠨ᠂ ᠬᠦᠳᠡᠭᠡ ᠲᠤᠰᠬᠤᠨ ᠤᠳᠠᠯ ᠦᠭᠡᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠶᠢ ᠢᠵᠢᠯᠢ ᠠᠯᠬᠤᠮ ᠢᠶᠠᠷ ᠪᠡᠶᠡᠯᠡᠬᠦᠯᠬᠦ ᠪᠤᠯᠤᠨ᠎ᠠ᠃ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠳᠠ ᠰᠢᠨ᠎ᠠ ᠲᠡᠦᠭᠡᠳᠦ ᠴᠢᠨᠠᠷᠳᠠᠢ ᠠᠮᠵᠢᠯᠳᠠ ᠤᠯᠵᠦ᠂ ᠨᠠᠮ ᠪᠤᠯᠤᠨ ᠤᠯᠤᠰ ᠤᠨ ᠡᠯ᠎ᠠ ᠵᠦᠢᠯ ᠤᠨ ᠬᠦᠴᠢᠷ ᠪᠡᠷᠭᠡ ᠬᠠᠷᠰᠢ ᠰᠠᠭᠠᠳ ᠢ ᠢᠯᠠᠨ ᠲᠠᠪᠠᠭ᠋ᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠶᠡᠭᠡ ᠲᠠᠯ᠎ᠠ ᠶᠢ ᠲᠤᠭᠳᠠᠪᠤᠷᠢᠵᠢᠭᠤᠯᠬᠤ ᠳᠤ ᠲᠤᠭᠳᠠᠪᠤᠷᠢᠵᠢᠭᠤᠯᠤᠬᠴᠢ ᠶᠢᠨ ᠦᠢᠯᠡᠳᠦᠯ ᠢ ᠪᠠᠳᠠᠷᠠᠭᠤᠯᠵᠠᠢ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠴᠦᠬᠦᠷᠡᠰᠢ ᠦᠭᠡᠢ ᠪᠠᠷ ᠬᠦᠳᠡᠭᠡ ᠠᠵᠤ ᠠᠬᠤᠢ ᠶᠢ ᠴᠢᠬᠤᠯᠠᠴᠢᠯᠠᠨ ᠬᠦᠳᠡᠭᠡ ᠠᠵᠤ ᠠᠬᠤᠢ ᠶᠢ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠦ ᠪᠤᠳᠤᠯᠭ᠎ᠠ ᠪᠦᠷᠢᠮᠤᠰᠦᠨ ᠵᠦᠪ ᠪᠠᠶᠢᠬᠤ᠂ ᠨᠠᠮ ᠤᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠲᠦᠷᠦ ᠶᠢᠨ ᠪᠤᠳᠤᠯᠭ᠎ᠠ ᠲᠦᠭ ᠲᠦᠮᠡᠨ ᠲᠠᠷᠢᠶᠠᠴᠢᠨ ᠤ ᠴᠢᠩ ᠰᠡᠳᠬᠢᠯ ᠤᠨ ᠬᠦᠷᠢᠶᠡᠯᠡᠯ ᠢ ᠤᠯᠤᠬᠰᠠᠨ ᠢ ᠦᠢᠯᠡᠳᠦᠯᠭᠡ ᠭᠡᠷᠡᠴᠢᠯᠡᠵᠡᠢ᠃      ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠤᠯ ᠢᠯᠠᠯᠳᠠ ᠶᠢᠨ ᠡᠷᠴᠢᠨ ᠲᠡᠭᠡᠷ᠎ᠡ ᠤᠷᠤᠬᠰᠢᠯᠠᠨ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠶᠢᠰᠢ ᠤᠷᠤᠬᠰᠢᠯᠠᠬᠤ ᠠᠩᠬᠠᠳᠤᠭᠠᠷ ᠲᠠᠪᠤᠨ ᠵᠢᠯ ᠪᠤᠯᠤᠨ᠎ᠠ᠃ ᠦᠨᠳᠦᠰᠦᠳᠡᠨ ᠤ ᠰᠡᠷᠭᠦᠨ ᠮᠠᠨᠳᠤᠯᠳᠠ ᠶᠢ ᠪᠡᠶᠡᠯᠡᠭᠦᠯᠬᠦ ᠳᠤ᠂ ᠬᠦᠳᠡᠭᠡ ᠲᠤᠰᠬᠤᠨ ᠢ ᠡᠷᠬᠡᠪᠰᠢ ᠬᠦᠭᠵᠢᠭᠦᠯᠤᠨ ᠮᠠᠨᠳᠤᠭᠤᠯᠬᠤ ᠬᠡᠷᠡᠭᠳᠠᠢ᠃ ᠨᠡᠶᠢᠭᠡᠮ ᠵᠢᠷᠤᠮᠳᠦ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠢᠨ ᠬᠠᠮᠤᠭ ᠤᠨ ᠪᠡᠷᠭᠡ ᠬᠠᠳᠠᠭᠤᠵᠢᠯᠳᠠᠢ ᠬᠠᠮᠤᠭ ᠤᠨ ᠬᠦᠨᠳᠦ ᠨᠦᠰᠡᠷ ᠡᠬᠦᠷᠭᠡ ᠨᠢ ᠮᠦᠨ ᠬᠦ ᠬᠦᠳᠡᠭᠡ ᠲᠤᠰᠬᠤᠨ ᠳᠤ ᠪᠤᠢ᠂ ᠬᠠᠮᠤᠭ ᠤᠨ ᠦᠷᠭᠡᠨ ᠳᠡᠯᠭᠡᠷ ᠬᠠᠮᠤᠭ ᠤᠨ ᠬᠦᠨ ᠵᠤᠵᠠᠭᠠᠨ ᠰᠠᠭᠤᠷᠢ ᠨᠢ ᠮᠦᠨ ᠴᠦ ᠬᠦᠳᠡᠭᠡ ᠲᠤᠰᠬᠤᠨ ᠳᠤ ᠪᠤᠢ᠃ ᠬᠦᠭᠵᠢᠯᠳᠠ ᠲᠡᠩᠴᠡᠬᠦᠷᠢ ᠦᠭᠡᠢ ᠬᠦᠢᠴᠡᠳ ᠦᠭᠡᠢ ᠪᠠᠶᠢᠬᠤ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠶᠢᠨ ᠭᠤᠤᠯᠳᠠᠯᠭ᠎ᠠ ᠪᠠ ᠬᠦᠴᠢᠷᠳᠡᠯ ᠨᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ︾ ᠳᠤ ᠪᠤᠢ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠲᠤᠳᠠᠭᠤᠳᠠᠯ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠶᠢ ᠲᠤᠯᠭᠠᠮ ᠱᠠᠭᠠᠷᠳᠠᠵᠦ ᠪᠠᠶᠢᠨ᠎ᠠ︔ ᠰᠢᠨ᠎ᠡ ᠬᠦᠭᠵᠢᠯᠳᠠ ᠶᠢᠨ ᠪᠠᠶᠢᠷᠢᠰᠢᠯ ᠢ ᠪᠠᠶᠢᠭᠤᠯᠬᠤ ᠶᠢᠨ ᠲᠠᠯᠳᠠ ᠬᠦᠴᠤᠨ ᠨᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠪᠤᠢ᠂ ᠬᠦᠳᠡᠭᠡ ᠲᠤᠰᠬᠤᠨ ᠤ ᠭᠡᠷᠡᠭᠴᠡᠭᠡ ᠶᠢ ᠦᠷᠭᠡᠳᠭᠡᠵᠤ᠂ ᠬᠤᠳᠠ ᠬᠦᠳᠡᠭᠡ ᠶᠢᠨ ᠠᠵᠤ ᠠᠬᠤᠢ ᠶᠢᠨ ᠡᠷᠬᠢᠯᠳᠠ ᠶᠢ ᠰᠢᠯᠤᠭᠤᠳᠬᠠᠬᠤ ᠶᠢ ᠲᠤᠯᠭᠠᠮ ᠱᠠᠭᠠᠷᠳᠠᠵᠤ ᠪᠠᠶᠢᠨ᠎ᠡ︔ ᠤᠯᠤᠰ ᠤᠨ ᠲᠤᠳᠤᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠬᠦᠷᠢ ᠦᠷᠢᠰᠦᠯᠳᠤᠭᠡᠨ ᠢ ᠠᠷᠭᠠᠴᠠᠭᠠᠬᠤ ᠶᠢᠨ ᠰᠠᠭᠤᠷᠢ ᠲᠤᠯᠭᠠᠭᠤᠷᠢᠯᠠᠯ ᠨᠢ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠳᠤ ᠪᠤᠢ᠂ ᠬᠦᠳᠡᠭᠡ ᠠᠵᠤ ᠠᠬᠤᠢ ᠶᠢᠨ ᠦᠨᠳᠤᠰᠤᠨ ᠪᠠᠶᠢᠳᠠᠯ ᠢ ᠲᠤᠬᠳᠠᠪᠤᠷᠢᠵᠢᠭᠤᠯᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠰᠠᠭᠤᠷᠢ ᠶᠢ ᠰᠠᠶᠢᠳᠤᠷ ᠰᠠᠬᠢᠬᠤ ᠶᠢ ᠲᠤᠯᠭᠠᠮ ᠱᠠᠭᠠᠷᠳᠠᠵᠤ ᠪᠠᠶᠢᠨ᠎ᠡ᠃ ᠨᠡᠮ ᠤᠨ ᠲᠦᠪ ᠬᠤᠷᠢᠶ᠎ᠡ ᠠᠴᠠ ᠦᠵᠡᠬᠦ ᠳᠡᠭᠡᠨ᠂ ᠰᠢᠨ᠎ᠡ ᠬᠦᠭᠵᠢᠯᠳᠠ ᠶᠢᠨ ᠱᠠᠳᠤᠨ ᠳᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠮᠦᠨ ᠬᠦ ᠲᠦᠢᠯ ᠤᠨ ᠴᠢᠬᠤᠯᠠ ᠶᠤᠮ᠂ ᠤᠬᠳᠦ ᠰᠤᠯᠠᠷᠠᠭᠤᠯᠵᠤ ᠪᠤᠯᠬᠤ ᠦᠭᠡᠢ᠂ ᠡᠷᠬᠡᠪᠰᠢ ᠴᠢᠩᠭ᠎ᠠ ᠠᠳᠬᠤᠵᠤ ᠪᠤᠳᠠᠳᠠᠢ ᠠᠳᠬᠤᠬᠤ ᠭᠡᠷᠡᠭᠳᠠᠢ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠳᠤᠷ ᠰᠢᠢᠳᠪᠤᠷᠢᠯᠡᠬᠦ ᠪᠠᠷ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠡ ᠪᠠᠷ ᠠᠬᠢᠭᠤᠯᠬᠤ ᠶᠢ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠠᠶᠠᠯᠡᠬᠦᠯᠬᠦ‍ ᠨᠢᠭᠡ ᠵᠦᠢᠯ ᠤᠨ ᠴᠢᠬᠤᠯᠠ ᠶᠡᠭᠡ ᠡᠬᠦᠷᠭᠡ ᠪᠤᠯᠭᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠤᠨ ᠢ ᠲᠠᠶᠢᠴᠢᠯᠡᠨ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠵᠤ᠂ ᠦᠷᠭᠡᠨ ᠤᠯᠠᠨ ᠲᠡᠷᠢᠶᠠᠴᠢᠨ ᠢ ᠤᠯᠠᠮ ᠰᠠᠶᠢᠨ ᠰᠠᠶᠢᠬᠠᠨ ᠠᠮᠢᠳᠤᠷᠠᠭᠤᠯᠬᠤ ᠭᠡᠷᠡᠭᠳᠠᠢ ᠭᠡᠪᠡ᠃      ᠨᠢᠭᠡ᠂ ᠶᠡᠷᠤᠩᠭᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠡ ᠶᠢᠰᠤᠳᠤᠭᠡᠷ ᠶᠡᠭᠡ ᠬᠤᠷᠠᠯ ᠪᠠ ᠠᠷᠪᠡ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠭᠡᠷ᠂ ᠲᠠᠪᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠡ ᠪᠠᠷ ᠲᠤᠭᠤᠰᠢᠯᠠᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ ᠶᠢ ᠨᠢᠭᠡᠳᠤᠯᠳᠠᠢ ᠲᠦᠯᠦᠪᠵᠢᠬᠦᠯᠤᠨ ᠠᠬᠢᠭᠤᠯᠵᠤ᠂ ︽ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠤᠩᠭᠡᠢ ᠬᠦᠭ ᠠᠶᠠᠰ ᠢ ᠪᠠᠷᠢᠮᠳᠠᠯᠠᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠡ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠬᠦᠯᠬᠦ ᠶᠢ ᠪᠠᠷᠢᠮᠳᠠᠯᠠᠵᠤ᠂ ᠬᠦᠳᠡᠭᠡ ᠠᠵᠤ ᠠᠬᠤᠢ ᠶᠢᠨ ᠤᠳᠤᠬᠢᠴᠢᠯᠠᠯᠳᠠ ᠪᠠ ᠬᠦᠳᠡᠭᠡ ᠲᠤᠰᠬᠤᠨ ᠤ ᠤᠳᠤᠬᠢᠴᠢᠯᠠᠯᠳᠠ ᠶᠢ ᠨᠢᠭᠡ ᠴᠤᠬᠴᠠᠵᠢᠭᠤᠯᠤᠨ ᠲᠦᠯᠦᠪᠵᠢᠭᠦᠯᠵᠦ᠂ ᠵᠡᠷᠭᠡ ᠪᠠᠷ ᠠᠬᠢᠭᠤᠯᠬᠤ ᠶᠢ ᠪᠠᠷᠢᠮᠳᠠᠯᠠᠵᠤ᠂ ᠰᠢᠨ᠎ᠡ ᠶᠢ ᠡᠬᠦᠳᠬᠦ ᠪᠠᠷ ᠬᠦᠭᠵᠢᠯᠳᠠ ᠶᠢᠨ ᠬᠦᠳᠡᠯᠭᠡᠬᠦᠷ ᠪᠤᠯᠭᠠᠬᠤ ᠶᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠦᠭᠵᠢᠯᠳᠠ ᠪᠠ ᠠᠮᠤᠷ ᠲᠦᠪᠰᠢᠨ ᠢ ᠨᠢᠭᠡᠳᠤᠯᠳᠠᠢ ᠲᠦᠯᠦᠪᠵᠢᠬᠦᠯᠤᠨ᠂ ᠰᠢᠨ᠎ᠡ ᠬᠦᠭᠵᠢᠯᠳᠠ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠤ ᠦᠨᠳᠤᠰᠤᠨ ᠡᠵᠡᠩᠨᠡᠯᠳᠠ ᠶᠢᠨ ᠲᠦᠷᠢᠮ ᠢ ᠪᠠᠬᠢᠵᠢᠬᠦᠯᠤᠨ ᠲᠡᠬᠦᠯᠳᠡᠷᠵᠢᠬᠦᠯᠵᠤ᠂ ᠬᠦᠳᠡᠭᠡ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠠᠬᠦᠯᠤᠨ ᠠᠬᠢᠭᠤᠯᠵᠤ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠬᠦᠳᠡᠭᠡ ᠲᠤᠰᠬᠤᠨ ᠤ ᠠᠵᠤ ᠦᠢᠯᠡᠰ᠂ ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠶᠢᠨ ᠬᠦᠭᠵᠢᠨ ᠮᠠᠨᠳᠤᠬᠤ ᠶᠢ ᠪᠦᠬᠦ ᠲᠠᠯ᠎ᠡ ᠪᠠᠷ ᠠᠬᠢᠭᠤᠯᠵᠤ᠂ ᠬᠦᠳᠡᠭᠡ ᠠᠵᠤ ᠠᠬᠤᠢ ᠶᠢᠨ ᠪᠦᠳᠦᠭᠡᠭᠳᠡᠬᠦᠨ ᠤ ᠬᠠᠨᠭ᠍ᠭᠠᠯᠭ᠎ᠠ᠂ ᠠᠮᠢ ᠠᠬᠤᠢ ᠶᠢᠨ ᠬᠠᠯᠬᠠᠪᠴᠢ᠂ ᠰᠤᠶᠤᠯ ᠤᠨ ᠤᠯᠠᠮᠵᠢᠯᠠᠯ ᠵᠡᠷᠭᠡ ᠡᠬᠦᠷᠭᠡ ᠴᠢᠳᠠᠪᠬᠢ ᠶᠢ ᠬᠦᠢᠴᠡᠳ ᠪᠠᠳᠠᠷᠠᠭᠤᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠵᠠᠮ ᠢᠶᠠᠷ ᠵᠠᠮᠨᠠᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠲᠦᠷᠭᠡᠳᠭᠡᠨ᠂ ᠠᠵᠤ ᠦᠢᠯᠡᠳᠪᠤᠷᠢ ᠲᠠᠷᠢᠶᠠᠯᠠᠩ ᠬᠠᠷᠢᠯᠴᠠᠨ ᠠᠬᠢᠭᠤᠯᠬᠤ᠂ ᠬᠤᠳᠠ ᠬᠦᠳᠡᠭᠡ ᠬᠠᠷᠢᠯᠴᠠᠨ ᠨᠦᠬᠦᠪᠤᠷᠢᠯᠡᠬᠦ᠂ ᠵᠤᠬᠢᠴᠠᠩᠭᠤᠢ ᠪᠠᠷ ᠬᠦᠭᠵᠢᠬᠦ᠂ ᠬᠠᠮᠳᠤ ᠪᠠᠷ ᠴᠡᠴᠡᠭᠯᠡᠨ ᠬᠦᠭᠵᠢᠭᠰᠡᠨ ᠰᠢᠨ᠎ᠡ ᠬᠡᠯᠪᠡᠷᠢ ᠶᠢᠨ ᠠᠵᠤ ᠦᠢᠯᠡᠳᠪᠤᠷᠢ ᠲᠡᠷᠢᠶᠠᠯᠠᠩ ᠬᠤᠳᠠ ᠬᠦᠳᠡᠭᠡ ᠶᠢᠨ ᠬᠠᠷᠢᠴᠠᠭ᠎ᠠ ᠶᠢ ᠲᠦᠷᠭᠡᠳᠭᠡᠨ ᠪᠦᠷᠢᠯᠳᠦᠬᠦᠯᠵᠤ᠂ ᠬᠦᠳᠡᠭᠡ ᠠᠵᠤ ᠠᠬᠤᠢ ᠴᠢᠨᠠᠷ ᠰᠠᠶᠢᠳᠠᠢ ᠦᠨᠳᠤᠷ ᠦᠷ᠎ᠡ ᠠᠰᠢᠬᠳᠠᠢ᠂ ᠬᠦᠳᠡᠭᠡ ᠲᠤᠰᠬᠤᠨ ᠠᠵᠢᠯᠯᠠᠵᠤ ᠠᠮᠢᠳᠤᠷᠠᠬᠤ ᠳᠤ ᠲᠤᠬᠢᠷᠠᠮᠵᠢᠳᠠᠢ᠂ ᠲᠠᠷᠢᠶᠠᠴᠢᠳ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠵᠤ᠂ ᠨᠡᠶᠢᠭᠡᠮ ᠵᠢᠷᠤᠮᠳᠤ ᠤᠳᠤᠬᠢᠴᠢᠯᠠᠬᠰᠡᠨ ᠤᠯᠤᠰ ᠢ ᠪᠦᠬᠦ ᠲᠠᠯ᠎ᠡ ᠪᠠᠷ ᠪᠦᠳᠤᠭᠡᠨ ᠪᠠᠶᠢᠭᠤᠯᠬᠤ ᠡᠵᠢᠯ ᠢ ᠰᠠᠶᠢᠳᠤᠷ ᠡᠬᠢᠯᠡᠭᠦᠯᠵᠦ᠂ ᠠᠩᠬᠠᠨ ᠤ ᠠᠯᠬᠤᠮ ᠢ ᠰᠠᠶᠢᠳᠤᠷ ᠠᠯᠬᠤᠬᠤ ᠳᠤ ᠬᠦᠴᠤᠳᠦ ᠲᠤᠯᠭᠠᠭᠤᠷᠢᠯᠠᠯ ᠬᠠᠨᠭ᠍ᠭᠠᠬᠤ ᠭᠡᠷᠡᠭᠳᠠᠢ᠃      ︵ᠬᠤᠶᠠᠷ︶ ᠬᠠᠷᠠᠯᠳᠠ ᠡᠬᠦᠷᠬᠡ᠃ 2021 ᠤᠨ ᠳᠤ᠂ ᠬᠦᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢ ᠬᠦᠨᠵᠡᠬᠡᠶᠢᠷᠡᠭᠦᠯᠤᠨ ᠠᠬᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢᠨ ᠲᠤᠭᠳᠠᠭᠤᠨ ᠪᠠᠶᠢᠳᠠᠯ ᠢ ᠪᠠᠳᠤᠯᠠᠵᠤ᠂ ᠤᠨᠠᠯᠳᠠ ᠶᠢ 1.3 ᠲᠦᠮᠡᠨ ᠳ᠋ᠦᠩᠰᠢᠭᠤᠷ ᠵᠢᠩ ᠠᠴᠠ ᠲᠠᠪᠠᠭᠤᠯᠵᠦ᠂ ᠭᠠᠭ᠋ᠠᠢ ᠲᠡᠵᠢᠬᠡᠬᠦ ᠤᠢᠢᠯᠡᠳᠪᠤᠷᠢᠯᠠᠯ ᠢ ᠲᠤᠭᠳᠠᠭᠤᠨ ᠢᠶᠠᠷ ᠬᠦᠭᠵᠢᠬᠦᠯᠤᠨ᠂ ᠲᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠠᠷ ᠪᠤᠯᠤᠨ ᠢᠳᠡᠬᠡᠨ ᠤ ᠠᠮᠤᠷ ᠲᠦᠪᠰᠢᠨ ᠤ ᠲᠦᠪᠰᠢᠨ ᠢ ᠤᠯᠠᠮ ᠴᠢᠨᠠᠬᠰᠢᠳᠠ ᠲᠡᠭᠡᠭᠰᠢᠯᠡᠬᠦᠯᠵᠤ᠂ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠢ ᠠᠴᠠ ᠦᠷᠬᠦᠯᠵᠢᠯᠠᠨ ᠲᠦᠷᠬᠡᠨ ᠪᠠᠶᠢᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠦᠷᠬᠦᠯᠵᠢᠯᠠᠨ ᠪᠠᠬᠢᠵᠢᠬᠦᠯᠤᠨ᠎ᠠ᠃ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢᠨ ᠲᠦᠯᠤᠪᠵᠢᠬᠦᠯᠬᠡ ᠶᠢ ᠡᠬᠢᠯᠡᠨ ᠭᠡᠷᠡᠭᠵᠢᠬᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠦᠷᠤ ᠶᠢᠨ ᠪᠤᠳᠤᠯᠭ᠎ᠠ ᠶᠢᠨ ᠰᠢᠰᠲ᠋ᠧᠮ ᠪᠤᠯᠤᠨ ᠠᠵᠢᠯ ᠤᠨ ᠲᠤᠭᠳᠠᠴᠠ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠤᠷᠭᠠᠨᠢᠬ ᠢᠶᠠᠷ ᠵᠤᠯᠭᠠᠭᠤᠯᠵᠤ᠂ ᠲᠤᠬᠳᠠᠭᠤᠨ ᠢᠶᠠᠷ ᠰᠢᠯᠵᠢᠬᠦᠯᠤᠨ᠂ ᠬᠦᠳᠡᠭᠡ ᠲᠤᠰᠬᠤᠨ ᠤ ᠪᠦᠳᠤᠬᠡᠨ ᠪᠠᠶᠢᠭᠤᠯᠤᠯᠳᠠ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠬᠦᠯᠵᠤ᠂ ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠵᠤ ᠲᠡᠰ ᠲᠡᠪᠰᠢᠬᠦᠯᠵᠤ᠂ ᠬᠦᠳᠡᠭᠡ ᠲᠤᠰᠬᠤᠨ ᠤ ᠦᠬᠡᠷᠡᠴᠢᠯᠠᠯᠳᠠ ᠶᠢᠨ ᠭᠤᠤᠯᠳᠠᠯᠭ᠎ᠠ ᠲᠠᠢ ᠡᠬᠦᠷᠬᠡ ᠶᠢ ᠬᠦᠨᠵᠡᠬᠡᠶᠢᠷᠡᠭᠦᠯᠤᠨ ᠠᠬᠢᠭᠤᠯᠵᠤ᠂ ᠬᠦᠳᠡᠭᠡ ᠲᠤᠰᠬᠤᠨ ᠤ ᠨᠡᠶᠢᠬᠡᠮ ᠠᠬᠤᠢ ᠡᠶ᠎ᠡ ᠵᠤᠬᠢᠴᠠᠩᠭᠤᠢ ᠲᠤᠬᠳᠠᠭᠤᠨ ᠪᠠᠶᠢᠬᠤ ᠶᠢ ᠪᠠᠳᠤᠯᠠᠨ᠎ᠠ᠃      2025 ᠤᠨ ᠪᠤᠯᠬᠤ ᠳᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠤᠳᠤᠬᠢᠴᠢᠯᠠᠯᠳᠠ ᠶᠢ ᠴᠢᠬᠤᠯᠠ ᠠᠬᠢᠴᠠ ᠲᠠᠢ ᠪᠤᠯᠭᠠᠵᠤ᠂ ᠬᠦᠳᠡᠭᠡ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠤᠳᠤᠬᠢᠴᠢᠯᠠᠯᠳᠠ ᠶᠢ ᠰᠢᠨ᠎ᠠ ᠲᠡᠭᠳᠡᠷ ᠲᠤ ᠭᠠᠷᠭᠠᠵᠤ᠂ ᠬᠦᠳᠡᠭᠡ ᠲᠤᠰᠬᠤᠨ ᠤ ᠠᠮᠢᠳᠤᠷᠠᠯ ᠤᠨ ᠲᠦᠬᠦᠬᠡᠷᠤᠮᠵᠢ ᠶᠢ ᠲᠦᠬᠦᠮᠴᠢᠯᠡᠬᠦ ᠶᠢ ᠠᠩᠬ᠎ᠠ ᠠᠯᠬᠤᠮ ᠪᠡᠶᠡᠯᠡᠬᠦᠯᠵᠤ᠂ ᠬᠤᠳᠠ ᠬᠦᠳᠡᠭᠡ ᠶᠢᠨ ᠦᠨᠳᠤᠰᠤᠨ ᠤᠯᠠᠨ ᠨᠡᠶᠢᠳᠠ ᠶᠢᠨ ᠤᠢᠢᠯᠡᠴᠢᠯᠡᠭᠡ ᠶᠢ ᠲᠡᠩᠴᠡᠬᠦᠷᠢᠰᠢᠭᠦᠯᠬᠦ ᠲᠦᠪᠰᠢᠨ ᠢ ᠢᠯᠡᠳᠳᠡ ᠲᠡᠭᠡᠭᠰᠢᠯᠠᠬᠦᠯᠦᠨ᠎ᠠ᠃ ᠬᠦᠳᠡᠭᠡ ᠠᠵᠤ ᠠᠬᠤᠢ ᠶᠢᠨ ᠰᠠᠭᠤᠷᠢ ᠶᠢ ᠤᠯᠠᠮ ᠪᠠᠬᠢᠵᠢᠬᠦᠯᠵᠤ᠂ ᠠᠮᠤ ᠪᠤᠳᠠᠭ᠎ᠠ ᠪᠤᠯᠤᠨ ᠴᠢᠬᠤᠯᠠ ᠲᠠᠷᠢᠶᠠᠯᠠᠩ ᠤᠨ ᠪᠦᠳᠦᠬᠡᠭᠳᠡᠬᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠤᠯᠠᠮ ᠴᠢᠩᠭᠠᠳᠬᠠᠵᠦ᠂ ᠬᠦᠳᠡᠭᠡ ᠠᠵᠤ ᠠᠬᠤᠢ ᠶᠢᠨ ᠤᠢᠢᠯᠡᠳᠪᠤᠷᠢᠯᠡᠯ ᠤᠨ ᠪᠦᠳᠤᠴᠠ ᠪᠤᠯᠤᠨ ᠤᠷᠤᠨ ᠪᠦᠰᠠ ᠶᠢᠨ ᠪᠠᠶᠢᠷᠢᠰᠢᠭᠤᠯᠤᠯᠲᠠ ᠶᠢ ᠢᠯᠡᠳᠳᠡ ᠰᠢᠯᠢᠳᠡᠭᠵᠢᠬᠦᠯᠵᠤ᠂ ᠬᠦᠳᠡᠭᠡ ᠠᠵᠤ ᠠᠬᠤᠢ ᠶᠢᠨ ᠶᠠᠰᠤ ᠴᠢᠨᠠᠷ ᠦᠷ᠎ᠠ ᠠᠰᠢᠬ ᠪᠤᠯᠤᠨ ᠦᠷᠢᠰᠤᠯᠳᠤᠬᠦ ᠬᠦᠴᠤᠨ ᠢ ᠢᠯᠡᠳᠳᠡ ᠲᠡᠭᠡᠭᠰᠢᠯᠡᠬᠦᠯᠤᠨ᠂ ᠤᠳᠤ ᠦᠶ᠎ᠡ ᠶᠢᠨ ᠬᠦᠳᠡᠭᠡ ᠲᠤᠰᠬᠤᠨ ᠤ ᠠᠵᠤ ᠤᠢᠢᠯᠡᠰ ᠤᠨ ᠰᠢᠰᠲ᠋ᠧᠮ ᠢ ᠦᠨᠳᠤᠰᠤᠨ ᠳᠡᠭᠡᠨ ᠪᠦᠷᠢᠯᠳᠤᠬᠦᠯᠵᠤ᠂ ᠨᠦᠬᠦᠴᠠᠯ ᠲᠠᠢ ᠭᠠᠵᠠᠷ ᠤᠷᠤᠨ ᠤ ᠬᠢᠨ ᠲᠦᠷᠦᠭᠦᠯᠡᠨ ᠬᠦᠳᠡᠭᠡ ᠠᠵᠤ ᠠᠬᠤᠢ ᠶᠢᠨ ᠤᠳᠤᠬᠢᠴᠢᠯᠠᠯᠳᠠ ᠶᠢ ᠦᠨᠳᠤᠰᠤᠨ ᠳᠡᠭᠡᠨ ᠪᠡᠶᠡᠯᠡᠬᠦᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠪᠠᠬᠢᠵᠢᠭᠦᠯᠤᠨ ᠦᠷᠬᠡᠳᠬᠡᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠵᠦᠷᠢᠶ᠎ᠠ ᠶᠢ ᠦᠷᠬᠦᠯᠵᠢᠯᠠᠨ ᠪᠠᠭᠠᠰᠬᠠᠨ᠎ᠠ᠃ ᠬᠦᠳᠡᠭᠡ ᠲᠤᠰᠬᠤᠨ ᠤ ᠤᠢᠢᠯᠡᠳᠪᠤᠷᠢᠯᠡᠯ ᠠᠮᠢᠳᠤᠷᠠᠯ ᠤᠨ ᠭᠡᠯᠪᠡᠷᠢ ᠪᠤᠬᠢᠷᠳᠤᠯ ᠦᠬᠡᠢ ᠲᠡᠶᠢᠰᠢ ᠰᠢᠯᠵᠢᠬᠦ ᠠᠵᠢᠯ ᠢ ᠢᠳᠡᠪᠬᠢᠳᠠᠢ ᠠᠬᠢᠭᠤᠯᠵᠦ᠂ ᠬᠢᠮᠢ ᠶᠢᠨ ᠪᠤᠷᠳᠤᠭᠤᠷ ᠲᠠᠷᠢᠶᠠᠨ ᠡᠮ ᠭᠡᠷᠡᠭᠯᠡᠬᠦ ᠬᠡᠮᠵᠢᠶ᠎ᠠ ᠶᠢ ᠦᠷᠬᠦᠯᠵᠢᠯᠠᠨ ᠪᠠᠭᠠᠰᠬᠠᠵᠤ᠂ ᠬᠦᠳᠡᠭᠡ ᠲᠤᠰᠬᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠢᠯᠡᠳᠳᠡ ᠰᠠᠶᠢᠵᠢᠷᠠᠭᠤᠯᠤᠨ᠎ᠠ᠃ ᠬᠦᠳᠡᠭᠡ ᠲᠤᠰᠬᠤᠨ ᠤ ᠪᠦᠳᠤᠬᠡᠨ ᠪᠠᠶᠢᠭᠤᠯᠤᠯᠳᠠ ᠶᠢᠨ ᠠᠵᠢᠯᠯᠠᠭ᠎ᠠ ᠶᠢ ᠢᠯᠡᠳᠳᠡ ᠠᠮᠵᠢᠯᠳᠠ ᠪᠦᠳᠤᠮᠵᠢ ᠲᠠᠢ ᠪᠤᠯᠭᠠᠵᠦ᠂ ᠬᠦᠳᠡᠭᠡ ᠲᠤᠰᠬᠤᠨ ᠤ ᠲᠦᠷᠰᠤ ᠪᠠᠶᠢᠳᠠᠯ ᠳᠤ ᠢᠯᠡᠳᠳᠡ ᠬᠤᠪᠢᠷᠠᠯᠳᠠ ᠭᠠᠷᠭᠠᠵᠤ᠂ ᠬᠦᠳᠡᠭᠡ ᠲᠤᠰᠬᠤᠨ ᠤ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠬᠦᠢᠴᠡᠳ ᠬᠦᠭᠵᠢᠬᠡᠨ᠂ ᠬᠦᠳᠡᠭᠡ ᠲᠤᠰᠬᠤᠨ ᠤ ᠪᠤᠯᠪᠠᠰᠤᠨ ᠤ ᠭᠡᠮᠵᠢᠶ᠎ᠠ ᠶᠢ ᠰᠢᠨ᠎ᠠ ᠲᠡᠭᠡᠭᠰᠢᠯᠠᠯᠳᠠ ᠲᠠᠢ ᠪᠤᠯᠭᠠᠵᠤ᠂ ᠬᠦᠳᠡᠭᠡ ᠲᠤᠰᠬᠤᠨ ᠤ ᠬᠦᠭᠵᠢᠯᠳᠠ ᠶᠢᠨ ᠠᠮᠤᠷ ᠲᠦᠪᠰᠢᠨ ᠤ ᠪᠠᠳᠤᠯᠠᠭ᠎ᠠ ᠶᠢ ᠤᠯᠠᠮ ᠴᠢᠩᠭᠠᠳᠬᠠᠵᠦ᠂ ᠲᠠᠷᠢᠶᠠᠴᠢᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠢᠯᠡᠳᠳᠡ ᠲᠡᠭᠡᠭᠰᠢᠯᠠᠬᠦᠯᠦᠨ᠎ᠠ᠃      ᠬᠤᠶᠠᠷ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠭᠡᠯ ᠢ ᠪᠠᠬᠢᠵᠢᠬᠦᠯᠬᠦ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠤᠷᠭᠠᠨᠢᠬ ᠢᠶᠠᠷ ᠵᠤᠯᠭᠠᠭᠤᠯᠬᠤ ᠶᠢ ᠪᠡᠶᠡᠯᠡᠬᠦᠯᠤᠨ᠎ᠠ      ︵ᠭᠤᠷᠪᠠ︶ ᠵᠤᠯᠭᠠᠭᠤᠯᠬᠤ ᠰᠢᠯᠵᠢᠯᠳᠡ ᠶᠢᠨ ᠬᠤᠭᠤᠴᠠᠭ᠎ᠠ ᠶᠢ ᠲᠤᠭᠳᠠᠭᠠᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠬᠡ ᠶᠢ ᠪᠡᠶᠡᠯᠡᠬᠦᠯᠦᠭᠰᠡᠨ ᠤ ᠲᠠᠷᠠᠭ᠎ᠠ᠂ ᠶᠠᠳᠠᠭᠤ ᠠᠴᠠ ᠠᠩᠬᠢᠵᠢᠷᠠᠭᠰᠠᠨ ᠰᠢᠶᠠᠨ ᠳᠤ ᠶᠠᠳᠠᠭᠤ ᠠᠴᠠ ᠠᠩᠬᠢᠵᠢᠷᠠᠬᠰᠠᠨ ᠡᠳᠤᠷ ᠠᠴᠠ ᠡᠬᠢᠯᠠᠵᠤ 5 ᠵᠢᠯ ᠤᠨ ᠰᠢᠯᠵᠢᠯᠳᠠ ᠶᠢᠨ ᠬᠤᠭᠤᠴᠠᠭ᠎ᠠ ᠶᠢ ᠲᠤᠭᠳᠠᠭᠠᠵᠤ᠂ ᠠᠬᠳᠠ ᠬᠦᠯᠦᠭ ᠲᠤᠨᠢ ᠮᠤᠷᠳᠠᠭᠤᠯᠵᠦ ᠠᠶᠠᠨ ᠵᠠᠮ ᠳᠤᠨᠢ ᠤᠷᠤᠭᠤᠯᠤᠨ᠎ᠠ᠃ ᠰᠢᠯᠵᠢᠯᠳᠠ ᠶᠢᠨ ᠬᠤᠭᠤᠴᠠᠭᠠᠨ ᠳᠤ ᠤᠳᠤ ᠶᠢᠨ ᠭᠤᠤᠯ ᠪᠤᠯᠬᠤ ᠬᠠᠪᠰᠤᠷᠤᠨ ᠲᠡᠳᠬᠦᠬᠦ ᠲᠦᠷᠤ ᠶᠢᠨ ᠪᠤᠳᠤᠯᠭ᠎ᠠ ᠶᠠᠷᠤᠩᠬᠡᠢ ᠳᠡᠭᠡᠨ ᠲᠤᠭᠳᠠᠭᠤᠨ ᠪᠠᠶᠢᠬᠤ ᠶᠢ ᠪᠠᠳᠤᠯᠠᠵᠤ᠂ ᠲᠦᠷᠤᠯ ᠵᠦᠢᠯ ᠪᠦᠷᠢ ᠶᠢ ᠲᠦᠷᠤᠯ ᠬᠤᠪᠢᠶᠠᠨ ᠲᠤᠬᠢᠷᠠᠭᠤᠯᠵᠦ᠂ ᠠᠶᠢᠵᠠᠮ᠂ ᠡᠷᠴᠢᠮ ᠪᠤᠯᠤᠨ ᠴᠠᠬ ᠬᠤᠭᠤᠴᠠᠭ᠎ᠠ ᠶᠢ ᠵᠤᠬᠢᠰᠳᠠᠢ ᠡᠵᠡᠮᠳᠡᠵᠤ᠂ ᠡᠬᠢ ᠪᠠᠶᠠᠯᠢᠬ ᠢ ᠲᠦᠪᠯᠡᠷᠡᠬᠦᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠡᠮᠵᠢᠵᠤ ᠪᠠᠶᠢᠬᠰᠠᠨ ᠠᠴᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠲᠤᠭᠳᠠᠭᠤᠨ ᠢᠶᠠᠷ ᠰᠢᠯᠵᠢᠬᠦᠯᠬᠦ ᠶᠢ ᠠᠯᠬᠤᠮ ᠠᠯᠬᠤᠮ ᠢᠶᠠᠷ ᠪᠡᠶᠡᠯᠡᠬᠦᠯᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾ ᠤ ᠠᠵᠢᠯ ᠤᠨ ᠭᠤᠤᠯᠳᠠᠯᠭ᠎ᠠ ᠶᠢᠨ ᠲᠡᠤᠬᠡᠳᠤ ᠴᠢᠨᠠᠷᠳᠠᠢ ᠰᠢᠯᠵᠢᠯᠳᠠ ᠶᠢ ᠠᠬᠢᠭᠤᠯᠤᠨ᠎ᠠ᠃ ᠡᠯ᠎ᠠ ᠵᠦᠢᠯ ᠤᠨ ᠲᠦᠷᠤ ᠶᠢᠨ ᠪᠤᠳᠤᠯᠭ᠎ᠠ ᠶᠢ ᠲᠡᠬᠦᠯᠳᠡᠷᠵᠢᠬᠦᠯᠤᠨ ᠰᠢᠯᠢᠳᠡᠭᠵᠢᠬᠦᠯᠬᠦ ᠪᠤᠳᠠᠳᠠᠢ ᠭᠡᠷᠡᠭᠵᠢᠬᠦᠯᠬᠦ ᠠᠷᠭ᠎ᠠ ᠬᠡᠮᠵᠢᠶ᠎ᠠ ᠶᠢ ᠱᠠᠯᠠᠪᠳᠠᠨ ᠲᠤᠭᠳᠠᠭᠠᠵᠤ᠂ ᠠᠵᠢᠯ ᠢᠶᠠᠨ ᠵᠤᠬᠰᠤᠭᠠᠬᠤ ᠦᠬᠡᠢ᠂ ᠲᠦᠷᠤ ᠶᠢᠨ ᠪᠤᠳᠤᠯᠭ᠎ᠠ ᠶᠢ ᠲᠠᠰᠤᠯᠳᠠᠭᠤᠯᠬᠤ ᠦᠬᠡᠢ ᠪᠠᠶᠢᠬᠤ ᠶᠢ ᠪᠠᠳᠤᠯᠠᠨ᠎ᠠ᠃      ︵ᠳᠦᠷᠪᠡ︶ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠠ ᠪᠦᠲᠦᠭᠡᠯ ᠢ ᠦᠷᠬᠦᠯᠵᠢᠯᠡᠨ ᠪᠠᠬᠢᠵᠢᠭᠦᠯᠵᠦ ᠦᠷᠭᠡᠳᠭᠡᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠭᠦᠬᠦ ᠲᠤᠬᠲᠠᠴᠠ ᠶᠢ ᠪᠦᠷᠢᠨᠰᠢᠭᠦᠯᠵᠦ᠂ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠬᠦᠮᠦᠨ ᠠᠮᠠ ᠶᠢ ᠴᠠᠭ ᠲᠤᠬᠠᠢ ᠳᠤᠨᠢ ᠢᠯᠡᠷᠡᠭᠦᠯᠤᠨ᠂ ᠴᠠᠭ ᠲᠤᠬᠠᠢ ᠳᠤᠨᠢ ᠬᠠᠪᠰᠤᠷᠤᠨ ᠲᠡᠳᠭᠦᠵᠦ᠂ ᠬᠡᠪᠴᠢᠶᠡᠵᠢᠯ ᠤᠨ ᠴᠢᠨᠠᠷᠳᠠᠢ ᠪᠠᠷ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠬᠢᠨ᠎ᠠ᠃ ᠲᠦᠪᠯᠡᠷᠡᠭᠦᠯᠤᠨ ᠲᠦᠪᠬᠢᠨᠡᠬᠦᠯᠬᠦ ᠶᠡᠭᠡ ᠳᠤᠮᠳᠠ ᠤᠷᠤᠨ ᠢᠶᠠᠷ ᠭᠤᠤᠯᠳᠠᠯᠭ᠎ᠠ ᠪᠤᠯᠭᠠᠵᠤ᠂ ᠤᠨᠳᠤᠤ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠭᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠤᠯᠭᠤᠯᠲᠠ ᠪᠤᠯᠤᠨ ᠠᠵᠤ ᠦᠢᠯᠡᠰ ᠢᠶᠠᠷ ᠬᠠᠪᠰᠤᠷᠤᠨ ᠲᠡᠳᠭᠦᠬᠦ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠲᠦᠪᠬᠢᠨᠡᠭᠦᠯᠬᠦ ᠤᠷᠤᠨ ᠤ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠢᠵᠢ ᠪᠦᠷᠢᠳᠦᠭᠦᠯᠬᠦ ᠲᠦᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠦᠷᠬᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠲᠤᠭᠤᠷᠢᠭ ᠤᠨ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠠ᠃ ᠶᠠᠳᠠᠭᠤ ᠶᠢ ᠲᠡᠳᠭᠦᠬᠦ ᠲᠦᠷᠦᠯ ᠵᠦᠢᠯ ᠤᠨ ᠡᠳ᠋ ᠬᠦᠷᠦᠩᠬᠡ ᠶᠢᠨ ᠬᠠᠮᠢᠶᠠᠷᠤᠯᠲᠠ ᠪᠤᠯᠤᠨ ᠬᠢᠨᠠᠯᠲᠠ ᠶᠢ ᠴᠢᠩᠭᠠᠳᠬᠠᠨ᠎ᠠ᠃      ︵ᠲᠠᠪᠤ︶ ᠶᠠᠳᠠᠭᠤ ᠠᠴᠠ ᠠᠩᠭᠢᠵᠢᠷᠠᠭᠰᠠᠨ ᠭᠠᠵᠠᠷ ᠤᠷᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠦᠷᠬᠦᠯᠵᠢᠯᠡᠨ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠤᠷᠤᠨ ᠤ ᠤᠨᠴᠠᠯᠢᠬᠲᠤ ᠲᠠᠷᠢᠵᠦ ᠲᠡᠵᠢᠭᠡᠬᠦ ᠦᠢᠯᠡᠰ ᠢ ᠲᠡᠰ ᠲᠡᠪᠰᠢᠬᠦᠯᠬᠦ ᠠᠵᠢᠯᠯᠠᠭ᠎ᠠ ᠶᠢ ᠦᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠤᠷᠤᠯᠠᠭᠤᠯᠤᠯᠲᠠ ᠶᠢ ᠵᠤᠯᠭᠠᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠦ ᠂ ᠬᠡᠷᠡᠭᠯᠡᠭᠡ ᠪᠠᠷ ᠬᠠᠪᠰᠤᠷᠤᠨ ᠲᠡᠳᠭᠦᠬᠦ ᠶᠢ ᠭᠦᠨᠵᠡᠭᠡᠶᠢᠷᠡᠭᠦᠯᠦᠨ ᠦᠷᠭᠡᠳᠭᠡᠨ᠎ᠠ᠃ ᠵᠤᠬᠢᠶᠠᠨ ᠪᠠᠶᠢᠭᠤᠯᠤᠯᠲᠠ ᠲᠠᠢ ᠪᠠᠷ ᠬᠦᠳᠡᠯᠮᠦᠷᠢ ᠬᠦᠴᠦ ᠶᠢ ᠭᠠᠳᠠᠬᠰᠢ ᠭᠠᠷᠭᠠᠬᠤ ᠠᠵᠢᠯ ᠢ ᠦᠷᠬᠦᠯᠵᠢᠯᠡᠨ ᠰᠠᠶᠢᠲᠤᠷ ᠬᠢᠨ᠎ᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠠᠰᠢᠬᠯᠠᠵᠤ᠂ ᠨᠦᠬᠦᠴᠡᠯ ᠳᠤ ᠨᠡᠶᠢᠴᠡᠭᠰᠡᠨ ᠠᠵᠢᠯ ᠤᠯᠬᠤ ᠳᠤ ᠬᠦᠴᠢᠷᠳᠡᠯᠲᠡᠢ ᠬᠦᠮᠦᠰ ᠲᠤ ᠠᠵᠢᠯ ᠤᠯᠭᠤᠯᠲᠠ ᠶᠢᠨ ᠲᠤᠰᠠᠯᠠᠮᠵᠢ ᠤᠯᠭᠤᠨ᠎ᠠ᠃ ᠬᠦᠳᠡᠭᠡ ᠠᠵᠤ ᠠᠬᠤᠢ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠠᠵᠢᠯ ᠤᠯᠭᠤᠬᠤ ᠪᠠᠷ ᠲᠡᠳᠭᠦᠮᠵᠢ ᠶᠢ ᠤᠷᠤᠯᠠᠭᠤᠯᠬᠤ ᠠᠷᠭ᠎ᠠ ᠬᠡᠯᠪᠡᠷᠢ ᠶᠢ ᠲᠦᠬᠡᠮᠡᠯᠵᠢᠭᠦᠯᠵᠦ᠂ ᠨᠡᠩ ᠤᠯᠠᠨ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠪᠤᠯᠤᠨ ᠤᠷᠤᠯᠭ᠎ᠠ ᠪᠠᠭᠠᠲᠠᠢ ᠬᠦᠮᠦᠰ ᠢ ᠰᠢᠩᠭᠡᠭᠡᠵᠦ ᠲᠤᠬᠠᠢ ᠶᠢᠨ ᠭᠠᠵᠠᠷ ᠲᠤᠨᠢ ᠪᠤᠶᠤ ᠤᠢᠢᠷ᠎ᠠ ᠬᠠᠪᠢ ᠳᠤᠨᠢ ᠠᠵᠢᠯ ᠤᠯᠭᠤᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠤᠷᠤᠨ ᠳᠤ ᠤᠷᠤᠨ ᠪᠦᠰᠡ ᠶᠢᠨ ᠴᠢᠨᠠᠷᠲᠠᠢ ᠪᠠ ᠤᠷᠤᠨ ᠪᠦᠰᠡ ᠠᠯᠤᠰᠯᠠᠬᠰᠠᠨ ᠨᠢᠭᠡ ᠪᠦᠯᠦᠭ ᠴᠢᠬᠤᠯᠠ ᠶᠡᠭᠡ ᠰᠠᠭᠤᠷᠢ ᠲᠦᠬᠦᠭᠡᠷᠦᠮᠵᠢ ᠶᠢᠨ ᠢᠨᠵᠧᠨᠧᠷᠢᠩ ᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠰᠠᠨ ᠰᠢᠶᠠᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠪᠠᠷᠠᠭᠤᠨ ᠤᠷᠤᠨ ᠤ ᠶᠠᠳᠠᠭᠤ ᠠᠴᠠ ᠠᠩᠭᠢᠵᠢᠷᠠᠭᠰᠠᠨ ᠰᠢᠶᠠᠨ ᠤ ᠲᠤᠳᠤᠷ᠎ᠠ ᠠᠴᠠ ᠤᠯᠤᠰ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠨᠢᠭᠡ ᠪᠦᠯᠦᠭ ᠭᠤᠤᠯᠳᠠᠯᠭ᠎ᠠ ᠲᠠᠢ ᠬᠠᠪᠰᠤᠷᠤᠨ ᠲᠡᠳᠭᠦᠬᠦ ᠰᠢᠶᠠᠨ ᠢ ᠲᠤᠬᠲᠠᠭᠠᠵᠤ ᠲᠦᠪᠯᠡᠷᠡᠭᠦᠯᠦᠨ ᠳᠡᠮᠵᠢᠨ᠎ᠠ᠃ ᠡᠯ᠎ᠠ ᠭᠠᠵᠠᠷ ᠤᠷᠤᠨ ᠤ ᠬᠡᠰᠡᠭ ᠶᠠᠳᠠᠭᠤ ᠠᠴᠠ ᠠᠩᠭᠢᠵᠢᠷᠠᠭᠰᠠᠨ ᠰᠢᠶᠠᠨ ᠢ ᠪᠡᠶ᠎ᠠ ᠪᠠᠨ ᠳᠠᠭᠠᠭᠠᠨ ᠰᠤᠩᠭᠤᠵᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠭᠦᠬᠦ ᠰᠢᠶᠠᠨ ᠪᠤᠯᠭᠠᠬᠤ ᠶᠢ ᠳᠡᠮᠵᠢᠨ᠎ᠠ᠃ ᠵᠡᠭᠦᠨ ᠪᠠᠷᠠᠭᠤᠨ ᠤᠷᠤᠨ ᠬᠠᠮᠵᠢᠯᠴᠠᠬᠤ ᠪᠠ ᠠᠵᠢᠯ ᠲᠦᠷᠦᠯ ᠢᠶᠠᠷ ᠲᠤᠰᠠᠯᠠᠬᠤ᠂ ᠨᠡᠶᠢᠭᠡᠮ ᠤᠨ ᠬᠦᠴᠦᠨ ᠬᠠᠪᠰᠤᠷᠤᠨ ᠲᠡᠳᠭᠦᠬᠦ ᠳᠤ ᠤᠷᠤᠯᠴᠠᠬᠤ ᠵᠡᠷᠭᠡ ᠲᠤᠬᠲᠠᠴᠠ ᠶᠢ ᠪᠠᠷᠢᠮᠲᠠᠯᠠᠨ ᠲᠡᠭᠦᠯᠳᠡᠷᠵᠢᠭᠦᠯᠦᠨ᠎ᠠ᠃      ︵ᠵᠢᠷᠭᠤᠭ᠎ᠠ︶ ᠬᠦᠳᠡᠭᠡ ᠲᠤᠰᠬᠤᠨ ᠤ ᠤᠷᠤᠯᠭ᠎ᠠ ᠪᠠᠭ᠎ᠠ ᠬᠦᠮᠦᠨ ᠠᠮᠠ ᠶᠢᠨ ᠪᠠᠶᠢᠡᠭᠭᠤᠵᠢᠬᠰᠠᠨ ᠬᠠᠪᠰᠤᠷᠤᠨ ᠳᠡᠳᠬᠦᠬᠦ ᠠᠵᠢᠯ ᠢ ᠴᠢᠩᠭᠠᠳᠬᠠᠨ᠎ᠠ᠃ ᠬᠦᠳᠡᠭᠡ ᠲᠤᠰᠬᠤᠨ ᠤ ᠪᠠᠭ᠎ᠠ ᠤᠷᠤᠯᠭ᠎ᠠ ᠲᠠᠢ ᠬᠦᠮᠦᠨ ᠠᠮᠠ ᠶᠢ ᠬᠦᠳᠡᠯᠦᠩᠭᠦᠢ ᠪᠠᠷ ᠬᠢᠨᠠᠨ ᠬᠡᠮᠵᠢᠬᠦ ᠠᠵᠢᠯ ᠢ ᠦᠷᠨᠢᠭᠦᠯᠵᠦ᠂ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠭᠦᠬᠦ ᠠᠵᠢᠯ ᠢ ᠬᠡᠷᠡᠭᠵᠢᠭᠦᠯᠦᠨ᠎ᠠ᠃ ᠬᠦᠳᠡᠯᠮᠦᠷᠢᠯᠡᠬᠦ ᠴᠢᠳᠠᠪᠤᠷᠢ ᠲᠠᠢ ᠬᠦᠳᠡᠭᠡ ᠲᠤᠰᠬᠤᠨ ᠤ ᠪᠠᠭ᠎ᠠ ᠤᠷᠤᠯᠭ᠎ᠠ ᠲᠠᠢ ᠬᠦᠮᠦᠨ ᠠᠮᠠ ᠶᠢ ᠨᠡᠭᠡᠭᠡᠨ ᠬᠦᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠭᠦᠬᠦ ᠶᠢ ᠪᠠᠷᠢᠮᠲᠠᠯᠠᠵᠤ᠂ ᠲᠡᠳᠡᠨ ᠢ ᠬᠠᠪᠰᠤᠷᠴᠦ ᠳᠤᠲᠤᠭᠠᠲᠤ ᠬᠦ᠋ᠭᠵᠢᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠤ ᠦᠢᠯᠡᠰ ᠢ ᠬᠦᠭᠵᠢᠭᠦᠯᠤᠨ᠂ ᠠᠵᠢᠯ ᠤᠯᠭᠤᠯᠳᠠ ᠳᠤ ᠤᠷᠤᠯᠴᠠᠵᠦ᠂ ᠠᠵᠢᠯᠴᠢ ᠬᠦᠳᠡᠯᠮᠤᠷᠢ ᠪᠠᠷ ᠨᠢ ᠴᠢᠨᠡᠭᠡᠯᠢᠭᠵᠢᠬᠦᠯᠤᠨ᠎ᠡ ᠃ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢᠨ ᠲᠤᠳᠤᠷᠠᠬᠢ ᠬᠦᠳᠡᠯᠮᠦᠷᠢᠯᠡᠬᠦ ᠴᠢᠳᠠᠪᠤᠷᠢ ᠪᠠᠨ ᠠᠯᠳᠠᠬᠰᠠᠨ ᠪᠦᠭᠡᠳ ᠠᠵᠤ ᠦᠢᠯᠡᠰ ᠠᠵᠢᠯ ᠤᠯᠭᠤᠯᠳᠠ ᠪᠠᠷ ᠳᠠᠮᠵᠢᠭᠤᠯᠤᠨ ᠲᠤᠬᠲᠠᠭᠤᠨ ᠤᠷᠤᠯᠭ᠎ᠠ ᠤᠯᠵᠤ ᠳᠡᠶᠢᠯᠬᠦ ᠦᠭᠡᠢ ᠬᠦᠮᠦᠨ ᠠᠮᠠ ᠶᠢ ᠤᠳᠤ ᠶᠢᠨ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠢᠰᠲᠧᠮ ᠢᠶᠠᠷ ᠰᠠᠭᠤᠷᠢ ᠪᠤᠯᠭᠠᠵᠤ᠂ ᠲᠤᠬᠲᠠᠭᠠᠯ ᠶᠤᠰᠤᠭᠠᠷ ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠤᠶᠤ ᠤᠨᠴᠠ ᠶᠠᠳᠠᠭᠤ ᠬᠦᠴᠢᠷᠳᠡᠯᠲᠡᠢ ᠬᠦᠮᠦᠰ ᠢ ᠬᠠᠪᠰᠤᠷᠤᠨ ᠲᠤᠰᠠᠯᠠᠵᠤ ᠠᠰᠠᠷᠠᠬᠤ ᠬᠡᠪᠴᠢᠶᠡᠨ ᠳᠤ ᠤᠷᠤᠭᠤᠯᠵᠤ᠂ ᠬᠦᠴᠢᠷᠳᠡᠯ ᠤᠨ ᠲᠦᠷᠦᠯ ᠬᠡᠯᠪᠡᠷᠢ ᠶᠢ ᠨᠢ ᠦᠨᠳᠦᠰᠦᠯᠡᠨ ᠴᠠᠭ ᠲᠤᠬᠠᠢ ᠳᠤᠨᠢ ᠲᠤᠰᠬᠠᠢ ᠲᠦᠷᠦᠯ ᠤᠨ ᠠᠪᠤᠷᠠᠨ ᠲᠤᠰᠠᠯᠠᠮᠵᠢ᠂ ᠲᠦᠷ ᠴᠠᠭ ᠤᠨ ᠠᠪᠤᠷᠠᠨ ᠲᠤᠰᠠᠯᠠᠮᠵᠢ ᠤᠯᠭᠤᠨ᠎ᠠ᠃      ᠭᠤᠷᠪᠠ᠂ ᠬᠦᠳᠡᠭᠡ ᠠᠵᠦ ᠠᠬᠤᠢ ᠶᠢᠨ ᠣᠳᠣᠬᠢᠴᠢᠯᠠᠯᠳᠠ ᠶᠢ ᠲᠦᠷᠭᠡᠳᠭᠡᠨ ᠠᠬᠢᠭᠤᠯᠣᠨ᠎ᠠ      ︵ᠳᠣᠯᠤᠭ᠎ᠠ︶ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠲᠠᠢ ᠪᠠᠶᠢᠬᠤ ᠶᠢ ᠬᠡᠷᠡᠭᠵᠢᠭᠦᠯᠬᠦ ᠬᠡᠷᠡᠭᠲᠡᠢ᠃ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠪᠠᠲᠤᠯᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠮᠤᠵᠢ ᠶᠢᠨ ᠳᠠᠷᠤᠭ᠎ᠠ ᠬᠠᠷᠢᠭᠤᠴᠠᠬᠤ ᠲᠦᠷᠢᠮ ᠪᠠ ︽ᠬᠤᠯᠢᠰᠢᠨ ᠢᠳᠡᠭᠡᠨ︾ ᠢ ᠬᠤᠳᠠ ᠶᠢᠨ ᠳᠠᠷᠤᠭ᠎ᠠ ᠬᠠᠷᠢᠭᠤᠴᠠᠬᠤ ᠲᠦᠷᠢᠮ ᠢ ᠲᠡᠭᠦᠯᠳᠡᠷᠵᠢᠭᠦᠯᠵᠦ᠂ ᠠᠮᠤ ᠪᠤᠳᠠᠭ᠎ᠠ᠂ ᠬᠥᠪᠥᠩ᠂ ᠲᠤᠰᠤ᠂ ᠰᠢᠬᠢᠷ᠂ ᠮᠢᠬ᠎ᠠ ᠵᠡᠷᠭᠡ ᠶᠢᠨ ᠬᠠᠩᠭᠠᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠮᠤ ᠪᠤᠳᠠᠭ᠎ᠠ ᠶᠢᠨ ᠲᠠᠷᠢᠮᠠᠯ ᠤᠨ ᠲᠠᠯᠠᠪᠠᠢ ᠶᠢ ᠲᠣᠭᠲᠠᠪᠤᠷᠢᠵᠢᠭᠤᠯᠵᠤ᠂ ᠮᠦ ᠨᠢᠭᠡᠴᠢ ᠶᠢᠨ ᠤᠨᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠪᠦᠲᠦᠭᠡᠨ ᠪᠠᠶᠢᠭᠤᠯᠤᠨ᠎ᠠ᠃ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠨᠥᠬᠦᠪᠥᠷᠢ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠳᠠᠷᠢᠬᠰᠠᠳ ᠢ ᠵᠦᠶ ᠵᠣᠬᠢᠰᠲᠠᠶ ᠠᠰᠢᠭ ᠣᠷᠣᠯᠭ᠎ᠠ ᠲᠠᠢ ᠪᠣᠯᠭᠠᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ ᠲᠦᠷᠦ ᠶᠢᠨ ᠪᠤᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢ ᠭᠦᠨᠵᠡᠭᠡᠶ ᠠᠬᠢᠭᠤᠯᠵᠤ᠂ ᠡᠭᠦᠯᠳᠡᠷ ᠣᠭᠰᠠᠭ᠎ᠠ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠤᠨ᠎ᠠ ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠵᠡᠷᠭᠡ ᠴᠢᠨᠠᠷ ᠰᠠᠶᠢᠲᠠᠶ ᠲᠡᠵᠢᠭᠡᠯ ᠪᠣᠷᠳᠤᠭ᠎ᠠ ᠶᠢ ᠬᠥᠭᠵᠢᠭᠦᠯᠬᠦ ᠶᠢ ᠵᠣᠷᠢᠭᠵᠢᠭᠤᠯᠵᠤ᠂ ᠰᠢᠷ᠎ᠠ ᠪᠤᠷᠴᠠᠭ ᠤᠨ ᠦᠶ᠋ᠯᠡᠳᠪᠦᠷᠢᠯᠡᠯ ᠢ ᠲᠣᠭᠲᠠᠪᠣᠷᠢᠵᠢᠭᠤᠯᠵᠣ᠂ ᠣᠯᠠᠨ ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠨ ᠰᠢᠯᠢᠮᠳᠡᠭ᠂ ᠯᠣᠬᠠᠱᠧᠩ ᠵᠡᠷᠭᠡ ᠲᠣᠰᠣᠯᠢᠭ ᠲᠠᠷᠢᠮᠠᠯ ᠢ ᠬᠥᠭᠵᠢᠭᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠳᠣᠮᠣ ᠰᠢᠶᠠᠨ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠲᠤᠲᠤᠷᠭ᠎ᠠ᠂ ᠪᠤᠭᠤᠳᠠᠶ᠂ ᠡᠷᠳᠡᠨᠢ ᠰᠢᠰᠢ ᠵᠡᠷᠭᠡ ᠭᠤᠷᠪᠠᠨ ᠳᠣᠮᠣ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠣᠯᠤᠨ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠲᠠᠢ ᠮᠤᠵᠢ ᠶᠢ ᠳᠡᠮᠵᠢᠵᠦ ᠪᠠᠶᠢᠭᠠᠳ ᠠᠮᠤ ᠪᠤᠳᠠᠭᠠᠨ ᠤ ᠦᠢᠯᠡᠳᠪᠦᠷᠢᠯᠡᠯ ᠤᠨ ᠳᠣᠮᠣ ᠰᠢᠶᠠᠨ ᠤ ᠭᠤᠷᠪᠠᠨ ᠳᠣᠮᠣ ᠠᠮᠤ ᠪᠤᠳᠠᠭᠠᠨ ᠤ ᠲᠠᠷᠢᠮᠠᠯ ᠤᠨ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠢ ᠰᠢᠶᠠᠨ ᠤ ᠱᠠᠲᠤᠨ ᠠᠴᠠ ᠨᠥᠬᠦᠪᠥᠷᠢᠯᠡᠬᠦ ᠬᠠᠷᠢᠴᠠᠯ ᠢ ᠪᠠᠭᠤᠷᠠᠭᠤᠯᠣᠨ᠎ᠠ᠃ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠠᠬᠢᠭᠤᠯᠤᠨ᠎ᠠ᠃ ᠣᠲᠣ ᠦᠶ᠎ᠡ ᠶᠢᠨ ᠲᠡᠵᠢᠭᠡᠪᠦᠷᠢ ᠶᠢᠨ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠬᠡᠵᠤ᠂ ᠠᠮᠢᠳᠣ ᠭᠠᠭ᠋ᠠᠶ ᠶᠢᠨ ᠰᠠᠭᠤᠷᠢ ᠦᠶ᠋ᠯᠡᠳᠪᠦᠷᠢᠯᠡᠯ ᠤᠨ ᠴᠢᠳᠠᠪᠤᠷᠢ ᠶᠢ ᠬᠠᠮᠠᠭᠠᠯᠠᠵᠣ᠂ ᠠᠮᠢᠳᠣ ᠭᠠᠭ᠋ᠠᠶ ᠶᠢᠨ ᠠᠵᠤ ᠦᠶ᠋ᠯᠡᠰ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠦᠬᠡᠷ ᠬᠤᠨᠢᠨ ᠤ ᠠᠵᠤ ᠦᠶ᠋ᠯᠡᠰ ᠢ ᠢᠳᠡᠪᠬᠢᠲᠡᠶ ᠬᠥᠭᠵᠢᠭᠦᠯᠦᠨ᠂ ᠰᠦ ᠰᠠᠭᠠᠯᠢ ᠶᠢᠨ ᠦᠶ᠋ᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠤᠰᠤᠨ ᠭᠠᠷᠤᠯᠲᠠ ᠶᠢ ᠪᠣᠬᠢᠷᠲᠤᠯ ᠥᠬᠡᠶ ᠡᠷᠡᠭᠦᠯ ᠢᠶᠠᠷ ᠲᠡᠵᠢᠭᠡᠨ ᠦᠷᠡᠵᠢᠭᠦᠯᠬᠦ ᠶᠢ ᠠᠬᠢᠭᠤᠯᠤᠨ᠎ᠠ᠃ ᠵᠢᠭᠠᠰᠤᠨ ᠭᠠᠷᠠᠮ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠮᠣᠳᠣᠯᠢᠭ ᠠᠮᠤ ᠲᠣᠰᠣ ᠪᠠ ᠣᠶ ᠳᠣᠳᠣᠷᠠᠬᠢ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠪᠠᠶᠢᠷᠢᠰᠢᠯ ᠢ ᠰᠢᠯᠢᠳᠡᠭᠵᠢᠭᠦᠯᠵᠦ᠂ ᠳᠠᠷᠢᠶᠠᠯᠠᠩ ᠤᠨ ᠪᠦᠳᠦᠭᠡᠭᠳᠡᠬᠦᠨ ᠢ ᠭᠠᠳᠠᠭᠠᠳᠣ ᠠᠴᠠ ᠣᠷᠣᠭᠤᠯᠬᠤ ᠣᠯᠠᠨ ᠡᠰᠢᠵᠢᠭᠰᠡᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠳ ᠤᠨ ᠪᠦᠬᠦ ᠪᠥᠮᠪᠥᠷᠴᠡᠭ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠳᠤ ᠠᠭᠤᠰᠬᠤ ᠶᠢ ᠳᠡᠮᠵᠢᠨ᠎ᠠ᠃ ᠭᠤᠤᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠎ᠠ᠃ ᠪᠣᠭᠤᠮᠲᠠ ᠳᠤ ᠬᠢᠵᠢᠭ ᠢ ᠪᠠᠶᠢᠴᠠᠭᠠᠬᠤ ᠪᠠ ᠭᠠᠳᠠᠨ᠎ᠠ ᠠᠴᠠ ᠣᠷᠣᠵᠤ ᠢᠷᠡᠭᠦ ᠪᠣᠳᠠᠰ ᠤᠨ ᠲᠦᠷᠦᠯ ᠤᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠥᠷᠨᠢᠭᠦᠯᠵᠦ᠂ ᠦᠢᠯᠡᠳᠪᠦᠷᠢᠯᠡᠬᠦ᠂ ᠭᠦᠢᠯᠭᠡᠭᠡᠬᠦ᠂ ᠪᠣᠯᠪᠠᠰᠤᠷᠠᠭᠤᠯᠬᠤ᠂ ᠬᠠᠳᠠᠭᠠᠯᠠᠬᠤ᠂ ᠬᠡᠷᠡᠭᠯᠡᠬᠦ ᠭᠤᠭᠴᠤᠭ᠎ᠠ ᠳᠠᠬᠢ ᠠᠮᠤ ᠪᠤᠳᠠᠭ᠎ᠠ ᠶᠢ ᠬᠤᠷᠣᠭᠳᠠᠭᠤᠯᠤᠨ ᠪᠦᠷᠢᠯᠭᠡᠨ ᠰᠦᠢᠳᠭᠡᠬᠦ ᠶᠢ ᠪᠠᠭᠠᠰᠬᠠᠨ᠎ᠠ᠃      ︵ᠨᠠᠶ᠋ᠮᠠ︶ ᠦᠷ᠎ᠡ ᠶᠢᠨ ᠦᠢᠯᠡᠰ ᠤᠨ ᠡᠷᠭᠢᠯᠲᠡ ᠭᠠᠷᠭᠠᠬᠤ ᠳᠠᠶᠢᠯᠠᠯᠳᠣᠭᠠᠨ ᠢ ᠰᠠᠶᠢᠳᠣᠷ ᠬᠢᠨ᠎ᠡ᠃ ᠬᠦᠳᠡᠭᠡ ᠠᠵᠦ ᠠᠬᠤᠢ ᠶᠢᠨ ᠣᠳᠣᠬᠢᠴᠢᠯᠠᠯᠳᠠ ᠳᠤ᠂ ᠦᠷ᠎ᠡ ᠰᠠᠭᠤᠷᠢ ᠪᠣᠯᠳᠠᠭ᠃ ᠳᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠣ ᠨᠡᠭᠡᠭᠡᠨ ᠬᠦᠭᠵᠢᠭᠦᠯᠵᠦ ᠠᠰᠢᠬᠯᠠᠬᠤ ᠶᠢ ᠴᠢᠩᠭᠠᠳᠬᠠᠵᠣ᠂ ᠭᠤᠷᠪᠠᠳᠤᠭᠠᠷ ᠤᠳᠠᠭᠠᠨ ᠤ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ᠂ ᠮᠠᠯ ᠵᠢᠭᠦᠷᠲᠡᠨ ᠤ ᠦᠷ᠎ᠡ ᠡᠳ᠋ ᠤᠨ ᠡᠬᠢ ᠪᠠᠶᠠᠯᠢᠭ ᠢ ᠪᠠᠶᠢᠴᠠᠭᠠᠨ ᠴᠤᠭᠯᠠᠭᠤᠯᠬᠤ ᠠᠵᠢᠯ ᠢ ᠲᠦᠷᠭᠡᠳᠬᠡᠵᠦ᠂ ᠤᠯᠤᠰ ᠤᠨ ᠲᠠᠷᠢᠮᠠᠯ᠂ ᠮᠠᠯ ᠵᠢᠭᠦᠷᠲᠡᠨ ᠪᠣᠯᠤᠨ ᠳᠠᠯᠠᠶ ᠲᠠᠩᠭᠢᠰ ᠤᠨ ᠵᠢᠭᠠᠰᠤᠨ ᠤ ᠦᠢᠯᠡᠰ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠪᠤᠶᠢᠵᠢᠭᠤᠯᠬᠤ ᠰᠠᠭᠤᠷᠢ ᠴᠢᠨᠠᠷᠲᠠᠶ ᠰᠤᠳᠤᠯᠭᠠᠨ ᠵᠢᠴᠢ ᠦᠷ᠎ᠡ ᠪᠤᠶᠢᠵᠢᠭᠤᠯᠬᠤ ᠭᠤᠤᠯᠳᠠᠯᠭ᠎ᠠ ᠲᠠᠢ ᠲᠥᠷᠥᠯ ᠵᠦᠶ᠋ᠯ ᠳᠤ ᠤᠷᠲᠤ ᠬᠤᠭᠤᠴᠠᠭ᠎ᠠ ᠪᠠᠷ ᠲᠣᠭᠲᠠᠭᠤᠨ ᠳᠡᠮᠵᠢᠯᠭᠡ ᠦᠵᠡᠭᠦᠯᠦᠨ᠎ᠡ᠃ ᠲᠠᠷᠢᠶᠠᠯᠠᠩ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ ᠲᠠᠷᠢᠮᠠᠯ ᠪᠠ ᠮᠠᠯ ᠵᠢᠭᠦᠷᠲᠡᠨ ᠤ ᠰᠠᠶᠢᠨ ᠡᠭᠦᠯᠳᠡᠷ ᠢ ᠬᠠᠮᠲᠤᠷᠠᠨ ᠪᠣᠭᠤᠮᠲᠠ ᠰᠢᠪᠲᠤᠯᠬᠤ ᠶᠢ ᠭᠦᠨᠵᠡᠭᠡᠶ ᠬᠡᠷᠡᠭᠵᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠮᠠᠯ ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠪᠠ ᠤᠳᠤ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠢ ᠬᠦᠨᠳᠦᠳᠬᠡᠵᠦ ᠂ ᠴᠢᠩᠭ᠎ᠠ ᠬᠢᠨᠠᠨ ᠬᠠᠮᠢᠶᠠᠷᠴᠤ᠂ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠶᠢ ᠠᠵᠤ ᠦᠢᠯᠡᠰᠵᠢᠭᠦᠯᠦᠨ ᠬᠡᠷᠡᠭᠯᠡᠬᠦ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠦᠷ᠎ᠡ ᠪᠤᠶᠢᠵᠢᠭᠤᠯᠬᠤ ᠬᠦᠷᠢᠶᠡᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠳᠡᠮᠵᠢᠵᠦ ᠪᠠᠶᠢᠭᠠᠳ ᠲᠠᠸᠠᠷᠴᠢᠯᠠᠭᠰᠠᠨ ᠦᠷ᠎ᠡ ᠪᠤᠶᠢᠵᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠮᠦᠨᠡᠲᠦ ᠣᠷᠣᠨ ᠳᠤ ᠦᠷᠡᠵᠢᠬᠦᠯᠬᠦ ᠴᠠᠬᠢᠭᠤᠷᠲᠤ ᠬᠥᠨᠳᠡᠶ ᠶᠢ ᠲᠦᠷᠭᠡᠳᠬᠡᠨ ᠪᠠᠶᠢᠭᠤᠯᠵᠤ᠂ ᠦᠷ᠎ᠡ ᠪᠤᠶᠢᠵᠢᠭᠤᠯᠬᠤ ᠰᠠᠭᠤᠷᠢᠨ ᠪᠣᠯᠤᠨ ᠰᠠᠶᠢᠨ ᠡᠭᠦᠯᠳᠡᠷ ᠢ ᠦᠷᠡᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠴᠢᠬᠤᠯᠠ ᠶᠡᠭᠡ ᠡᠭᠦᠯᠳᠡᠷ ᠣᠭᠰᠠᠭ᠎ᠠ ᠶᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠭᠰᠡᠨ ᠤ ᠳᠠᠷᠠᠭ᠎ᠠ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢ ᠰᠤᠳᠤᠯᠵᠤ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠠᠵᠢᠯ ᠤᠨ ᠨᠢᠭᠡ ᠴᠣᠭᠴᠠᠵᠢᠨ ᠬᠥᠭᠵᠢᠬᠦ ᠶᠢ ᠠᠬᠢᠭᠤᠯᠣᠨ᠎ᠠ᠃      ︵ᠶᠢᠰᠦ︶ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠰᠠᠬᠢᠨ᠎ᠠ᠃ ᠠᠮᠢ ᠠᠬᠤᠶ᠂ ᠲᠠᠷᠢᠶᠠᠯᠠᠩ᠂ ᠬᠤᠲᠠ ᠪᠠᠯᠭᠠᠰᠤ ᠵᠡᠷᠭᠡ ᠴᠢᠳᠠᠮᠵᠢ ᠶᠢᠨ ᠣᠷᠣᠨ ᠵᠠᠶ ᠶᠢ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠵᠤ᠂ ᠡᠯ᠎ᠡ ᠲᠥᠷᠥᠯ ᠤᠨ ᠣᠷᠣᠨ ᠵᠠᠶ ᠶᠢ ᠬᠠᠮᠢᠶᠠᠷᠤᠨ ᠡᠵᠡᠮᠳᠡᠬᠦ ᠵᠠᠭᠠᠭ ᠱᠣᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠠᠵᠠᠷ ᠰᠢᠷᠣᠶ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠦᠨ᠎ᠡ᠃ ︽ᠰᠢᠳᠦ ᠤᠷᠭᠤᠭᠤᠯᠬᠤ︾ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠ ᠪᠠᠶᠢᠭᠠᠯᠢ ᠶᠢᠨ ᠵᠢᠮ᠎ᠡ ᠶᠣᠰᠣ ᠠᠴᠠ ᠵᠥᠷᠢᠴᠡᠨ ᠣᠢᠢᠵᠢᠭᠤᠯᠣᠨ ᠨᠣᠭᠤᠭᠠᠷᠠᠭᠤᠯᠬᠤ᠂ ᠨᠠᠭᠤᠷ ᠴᠦᠬᠦᠷᠦᠮ ᠭᠠᠷᠭᠠᠨ ᠦᠵᠡᠮᠵᠢ ᠶᠢᠨ ᠣᠷᠣᠨ ᠪᠣᠯᠭᠠᠬᠤ ᠶᠢ ᠴᠢᠩᠭ᠎ᠠ ᠴᠠᠭᠠᠵᠠᠯᠠᠵᠤ᠂ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠵᠦᠢᠯ ᠳᠤ ᠬᠡᠷᠡᠭᠯᠡᠬᠦ︾ ᠶᠢ ᠡᠷᠡᠰ ᠬᠤᠷᠢᠬᠯᠠᠨ᠂ ︽ᠠᠮᠤ ᠪᠤᠳᠠᠭᠠᠨ ᠤ ᠪᠤᠰᠤ ᠵᠦᠢᠯ ᠳᠤ ᠬᠡᠷᠡᠭᠯᠡᠬᠦ︾ ᠶᠢ ᠰᠡᠷᠭᠡᠶᠢᠯᠡᠨ᠎ᠡ᠃ ᠲᠠᠷᠢᠶᠠᠨ ᠭᠠᠵᠠᠷ ᠢ ᠠᠰᠢᠬᠯᠠᠬᠤ ᠣᠷᠳ ᠢᠶᠠᠨ ᠪᠣᠳᠣᠯᠬᠢᠯᠠᠬᠤ ᠡᠮᠬᠢ ᠳᠠᠷᠠᠭᠠᠯᠠᠯ ᠢ ᠲᠣᠳᠣᠷᠬᠠᠶᠢᠯᠠᠵᠤ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠩ ᠤᠨ ᠲᠠᠷᠢᠶᠠᠨ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠬᠥᠪᠥᠩ᠂ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠳᠤ ᠬᠡᠷᠡᠭᠯᠡᠨ᠎ᠡ᠃ ᠲᠠᠷᠢᠶᠠᠨ ᠭᠠᠵᠠᠷ ᠪᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠠᠳᠠᠯᠢ ᠪᠤᠰᠤ ᠵᠠᠬᠢᠷᠤᠨ ᠬᠠᠮᠢᠶᠠᠷᠬᠤ ᠬᠠᠷᠠᠯᠲᠠ ᠪᠠ ᠵᠠᠬᠢᠷᠤᠨ ᠬᠠᠮᠢᠶᠠᠷᠬᠤ ᠡᠷᠴᠢᠮ ᠢ ᠲᠣᠳᠣᠷᠬᠠᠢᠢᠯᠠᠵᠣ᠂ ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭᠵᠢᠭᠦᠯᠦᠭᠰᠡᠨ ᠭᠠᠵᠠᠷ ᠵᠡᠷᠭᠡ ᠪᠤᠰᠤᠳ ᠲᠦᠷᠦᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢ ᠭᠦᠢᠯᠭᠡᠭᠡᠭᠰᠡᠨ ᠤ ᠳᠠᠷᠠᠭᠠᠬᠢ ᠬᠡᠷᠡᠭᠯᠡᠭᠡ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠡᠮᠵᠢᠶ᠎ᠡ ᠬᠠᠰᠤᠭᠳᠠᠬᠤ ᠦᠭᠡᠢ᠂ ᠶᠠᠰᠤ ᠴᠢᠨᠠᠷ ᠨᠢ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠰᠢᠨ᠎ᠡ ᠨᠢᠭᠡ ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠪᠥᠲᠥᠭᠡᠨ ᠪᠠᠶᠢᠭᠤᠯᠬᠤ ᠪᠠᠷᠢᠮᠵᠢᠶ᠎ᠠ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠬᠠᠮᠢᠶᠠᠷᠣᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠪᠥᠲᠥᠭᠡᠨ ᠪᠠᠶᠢᠭᠤᠯᠬᠤ ᠪᠠᠯᠠ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ᠂ ᠲᠥᠪ ᠪᠠ ᠣᠷᠣᠨ ᠨᠤᠲᠤᠭ ᠬᠠᠮᠲᠤ ᠪᠠᠷ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢ ᠨᠡᠮᠡᠭᠳᠡᠭᠦᠯᠵᠦ᠂ 2021 ᠣᠨ ᠳᠤ 1 ᠳ᠋ᠦᠩᠰᠢᠭᠤᠷ ᠮᠥ ᠭᠠᠩᠳᠠᠵᠤ ᠤᠰᠤᠲᠤᠪᠠᠴᠤ ᠬᠤᠷᠢᠶᠠᠯᠲᠠ ᠬᠠᠰᠣᠭᠳᠠᠬᠤ ᠦᠭᠡᠢ᠂ ᠤᠨᠠᠯᠲᠠ ᠨᠢ ᠦᠨᠳᠦᠷ ᠮᠦᠷᠳᠡᠭᠡᠨ ᠳᠣᠭᠳᠠᠭᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠨ ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠬᠤ ᠳᠤ ᠨᠥᠬᠦᠪᠥᠷᠢᠯᠡᠬᠦ ᠲᠠᠷᠢᠶᠠᠨ ᠭᠠᠵᠠᠷ ᠤᠨ ᠭᠦᠶ᠋ᠴᠡᠳᠬᠡᠬᠦ ᠲᠤᠭ᠎ᠠ ᠶᠢᠨ ᠬᠤᠪᠢ ᠪᠠᠷ ᠮᠤᠵᠢ ᠶᠢᠨ ᠬᠡᠪᠴᠢᠶᠡᠨ ᠳᠡᠭᠡᠨ ᠵᠣᠬᠢᠴᠠᠭᠤᠯᠣᠨ ᠳᠣᠭᠢᠷᠠᠭᠤᠯᠵᠤ᠂ ᠣᠯᠤᠭᠰᠠᠨ ᠠᠰᠢᠭ ᠣᠷᠣᠯᠭ᠎ᠠ ᠶᠢ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ ᠪᠥᠲᠥᠭᠡᠨ ᠪᠠᠶᠢᠭᠤᠯᠤᠯᠲᠠ ᠳᠤ ᠬᠡᠷᠡᠭᠯᠡᠭᠰᠡᠨ ᠲᠠᠷᠢᠶᠠᠨ ᠭᠠᠵᠠᠷ ᠤᠨ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠬᠠᠷᠭᠤᠭᠤᠯᠤᠨ ᠨᠣᠳᠠᠯᠠᠨ ᠲᠣᠭᠲᠠᠭᠠᠬᠤ ᠪᠠ ᠬᠢᠨᠠᠨ ᠬᠠᠮᠢᠶᠠᠷᠬᠤ ᠶᠢ ᠴᠢᠩᠳᠠᠯᠠᠨ᠎ᠠ᠃ ᠲᠠᠷᠢᠶᠠᠨ ᠭᠠᠵᠠᠷ ᠤᠨ ᠬᠡᠮᠵᠢᠶ᠎ᠡ ᠪᠠ ᠶᠠᠰᠤ ᠴᠢᠨᠠᠷ ᠢ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠱᠠᠯᠠᠪᠳᠠᠭᠤᠯᠣᠨ ᠪᠠᠶᠢᠴᠠᠭᠠᠯᠳᠠ ᠪᠠ ᠬᠠᠤᠯᠢ ᠬᠡᠷᠡᠭᠵᠢᠭᠦᠯᠬᠦ ᠬᠢᠨᠠᠯᠲᠠ ᠶᠢ ᠴᠢᠩᠭᠠᠳᠬᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠬᠢᠨᠠᠨ ᠰᠢᠯᠭᠠᠬᠤ ᠠᠵᠢᠯ ᠢ ᠥᠷᠨᠢᠭᠦᠯᠦᠨ᠎ᠡ᠃      ︵ᠠᠷᠪᠠ︶ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠪᠣᠯᠤᠨ ᠡᠳ᠋ ᠪᠣᠳᠠᠰ ᠮᠠᠰᠢᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠷᠠᠭᠤᠯᠣᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠦᠳᠦᠭᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠨ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠦᠨ᠎ᠡ᠃ 2025 ᠣᠨ ᠪᠣᠯᠬᠤ ᠳᠤ ᠣᠳᠣ ᠶᠢᠨ ᠪᠠᠢᠶ᠋ᠭ᠎ᠠ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠰᠠᠭᠤᠷᠢ ᠶᠢ ᠨᠢ ᠪᠠᠬᠢᠵᠢᠭᠦᠯᠬᠦ ᠠᠵᠢᠯ ᠢ ᠪᠦᠬᠦᠨ ᠢ ᠪᠡᠶᠡᠯᠡᠭᠦᠯᠦᠨ᠎ᠡ᠃ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠠᠷᠢᠮᠲᠠᠯᠠᠵᠤ᠂ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠬᠦᠷᠢᠶᠡᠨ ᠤ ᠰᠠᠭᠤᠷᠢ ᠰᠤᠳᠤᠯᠭᠠᠨ ᠢ ᠲᠣᠭᠲᠠᠭᠤᠨ ᠢᠶᠠᠷ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠲᠠᠪᠴᠠᠩ ᠢ ᠪᠠᠶᠢᠷᠢᠰᠢᠭᠤᠯᠤᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠬᠦ᠋ᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠶᠤᠨ ᠤ ᠦᠶ᠋ᠯᠡᠴᠢᠯᠡᠭᠡ ᠬᠠᠩᠭᠠᠬᠤ ᠶᠢ ᠳᠡᠮᠵᠢᠨ᠎ᠡ᠃ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ ᠢ ᠭᠦᠨᠵᠡᠭᠡᠶ ᠬᠡᠷᠡᠭᠵᠢᠭᠦᠯᠦᠨ᠎ᠡ᠃ ᠤᠯᠤᠰ ᠤᠨ ᠬᠠᠯᠠᠭᠤᠨ ᠪᠦᠰᠡᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠥᠪ ᠢ ᠴᠣᠭᠴᠠᠯᠠᠨ᠎ᠠ᠃ ᠲᠠᠷᠢᠶᠠᠯᠠᠩ ᠤᠨ ᠮᠠᠰᠢᠨ ᠮᠧᠬᠠᠨᠢᠭ ᠢ ᠪᠡᠶ᠎ᠡ ᠪᠠᠨ ᠳᠠᠭᠠᠭᠠᠵᠤ ᠰᠤᠳᠤᠯᠤᠨ ᠦᠶ᠋ᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠳᠡᠭᠡᠳᠦ ᠲᠠᠰ ᠤᠨ ᠣᠶᠤᠨᠴᠢᠯᠠᠭᠰᠠᠨ᠂ ᠳᠣᠪᠣᠷᠬᠠᠭ ᠠᠭᠤᠯᠠᠷᠬᠠᠭ ᠣᠷᠣᠨ ᠤ ᠬᠦᠳᠡᠭᠡ ᠠᠵᠦ ᠠᠬᠤᠢ ᠶᠢᠨ ᠮᠠᠰᠢᠨ ᠮᠧᠬᠠᠨᠢᠭ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠳᠡᠮᠵᠢᠵᠦ᠂ ᠬᠤᠳᠠᠯᠳᠤᠨ ᠠᠪᠬᠤ ᠳᠤ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠤᠨ᠂ ᠲᠠᠷᠢᠶᠠᠯᠠᠩ ᠤᠨ ᠮᠠᠰᠢᠨᠴᠢᠯᠠᠯᠳᠠ ᠶᠢᠨ ᠨᠥᠬᠦᠪᠥᠷᠢ ᠦᠭᠬᠦ ᠠᠵᠢᠯ ᠥᠷᠨᠢᠭᠦᠯᠦᠨ᠎ᠡ᠃ ᠠᠮᠢᠲᠠᠨ ᠤ ᠭᠡᠮ ᠬᠢᠵᠢᠭ ᠢ ᠰᠡᠷᠭᠡᠶᠢᠯᠡᠬᠦ ᠪᠠ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠷᠠᠭᠤᠯᠵᠣ᠂ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃      ︵ᠠᠷᠪᠠᠨ ᠨᠢᠭᠡ︶ ᠣᠳᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠴᠣᠭᠴᠠᠯᠠᠨ᠎ᠠ᠃ ᠬᠥᠳᠡᠭᠡ ᠲᠣᠰᠬᠤᠨ ᠤ ᠣᠨᠴᠠᠯᠢᠭᠲᠤ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠲᠠᠷᠢᠶᠠᠯᠠᠩ ᠤᠨ ᠪᠥᠬᠦ ᠠᠵᠤ ᠦᠶ᠋ᠯᠡᠰ ᠤᠨ ᠬᠡᠯᠬᠢᠶ᠎ᠡ ᠶᠢ ᠴᠣᠭᠴᠠᠯᠠᠵᠣ᠂ ᠠᠵᠤ ᠦᠶ᠋ᠯᠡᠰ ᠤᠨ ᠬᠡᠯᠬᠢᠶ᠎ᠡ ᠶᠢᠨ ᠭᠤᠤᠯ ᠴᠣᠭᠴᠠ ᠶᠢ ᠰᠢᠶᠠᠨ ᠳᠤ ᠦᠯᠡᠳᠡᠭᠡᠵᠦ᠂ ᠲᠠᠷᠢᠶᠠᠴᠢᠳ ᠲᠤ ᠠᠵᠤ ᠦᠶ᠋ᠯᠡᠰ ᠤᠨ ᠨᠡᠮᠡᠭᠳᠡᠯ ᠥᠷᠲᠡᠭ ᠤᠨ ᠠᠰᠢᠭ ᠣᠷᠣᠯᠭ᠎ᠠ ᠶᠢ ᠨᠠᠩ ᠣᠯᠠᠨ ᠡᠳ᠋ᠯᠡᠭᠦᠯᠦᠨ᠎ᠡ᠃ ᠣᠳᠣ ᠦᠶ᠎ᠡ ᠶᠢᠨ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠳᠬᠡᠨ ᠪᠦᠷᠢᠨᠰᠢᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠶᠢ ᠠᠬᠢᠭᠤᠯᠤᠨ᠂ ᠲᠠᠷᠢᠶᠠᠯᠠᠩ ᠤᠨ ᠳᠠᠭᠠᠭᠤᠯᠣᠭᠴᠢ ᠠᠵᠤ ᠠᠬᠤᠶᠢᠯᠠᠯ ᠤᠨ ᠪᠠᠷᠢᠮᠵᠢᠶᠠᠳᠣ ︽ᠳᠠᠭᠠᠭᠤᠯᠤᠭᠴᠢ︾ ᠶᠢ ᠪᠤᠶᠢᠵᠢᠭᠤᠯᠤᠨ᠎ᠠ᠃ ᠰᠢᠶᠠᠨ ᠤ ᠬᠡᠪᠴᠢᠶᠡᠨ ᠳᠤ ᠰᠠᠭᠤᠷᠢᠯᠠᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠭᠠᠷᠤᠯᠲᠠ ᠶᠢᠨ ᠣᠷᠣᠨ ᠳᠤᠨᠢ ᠠᠩᠬ᠎ᠠ ᠡᠳ᠋ᠰᠢᠭᠦᠯᠬᠦ ᠪᠠ ᠨᠠᠷᠢᠯᠢᠭ ᠡᠳ᠋ᠰᠢᠭᠦᠯᠬᠦ ᠶᠢ ᠪᠠᠶᠢᠷᠢᠰᠢᠭᠤᠯᠵᠤ᠂ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠪᠠ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠭᠤᠣᠯᠯᠠᠭᠴᠢ ᠲᠣᠣᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠳᠣᠨᠤᠭ ᠲᠦᠬᠦᠭᠡᠷᠦᠮᠵᠢ ᠶᠢ ᠨᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠪᠠ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠤᠨ ᠣᠳᠣᠬᠢᠴᠢᠯᠠᠯᠳᠠ ᠶᠢᠨ ᠵᠢᠱᠢᠶ᠎ᠡ ᠦᠵᠡᠭᠦᠯᠬᠦ ᠣᠷᠣᠨ ᠢ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠪᠠᠷᠢᠴᠠ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠤᠨ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠭᠦᠢᠴᠡᠳᠬᠡᠬᠦ ᠲᠤᠭ᠎ᠠ ᠶᠢᠨ ᠰᠢᠰᠲ᠋ᠧᠮ ᠪᠠᠶᠢᠭᠤᠯᠵᠤ᠂ ᠡᠬᠢ ᠪᠠᠶᠠᠯᠢᠭ ᠢ ᠨᠡᠶᠢᠳᠬᠡᠬᠦ᠂ ᠲᠦᠷᠦ ᠶᠢᠨ ᠪᠤᠳᠤᠯᠭ᠎ᠠ ᠶᠢ ᠲᠥᠪᠯᠡᠷᠡᠭᠦᠯᠬᠦ ᠶᠢ ᠴᠢᠩᠭᠠᠳᠬᠠᠵᠤ᠂ ᠰᠢᠶᠠᠨ ︵ᠬᠤᠳᠠ᠂ ᠲᠣᠭᠤᠷᠢᠭ︶ ᠢᠶᠠᠷ ᠨᠢᠭᠡᠴᠢ ᠪᠣᠯᠭᠠᠨ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠵᠦ᠂ 2025 ᠣᠨ ᠪᠣᠯᠬᠤ ᠳᠤ 500 ᠣᠷᠴᠢᠮ ᠵᠢᠱᠢᠶ᠎ᠡ ᠦᠵᠡᠭᠦᠯᠬᠦ ᠣᠷᠣᠨ ᠡᠭᠦᠳᠦᠨ ᠪᠠᠶᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠱᠠᠳᠤᠯᠢᠭ ᠬᠡᠯᠪᠡᠷᠢ ᠪᠠᠷ ᠠᠬᠢᠭᠤᠯᠬᠤ ᠪᠠᠶᠢᠷᠢᠰᠢᠯ ᠢ ᠪᠦᠷᠢᠯᠳᠦᠭᠦᠯᠦᠨ᠎ᠡ᠃ ᠣᠲᠣ ᠦᠶ᠎ᠡ ᠶᠢᠨ ᠣᠶ ᠰᠢᠭᠤᠶ ᠶᠢᠨ ᠠᠵᠤ ᠦᠶ᠋ᠯᠡᠰ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠢ ᠲᠤᠰᠬᠠᠬᠤ ᠲᠠᠷᠢᠶᠠᠯᠠᠩ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠬᠠᠷᠭᠤᠭᠤᠯᠣᠨ ᠪᠣᠳᠣᠯᠳᠠ ᠶᠢ ᠯᠠᠪᠳᠠᠭᠤᠨ ᠢᠶᠠᠷ ᠠᠬᠢᠭᠤᠯᠤᠨ᠎ᠠ᠃      ︵ᠠᠷᠪᠠᠨ ᠬᠤᠶᠠᠷ︶ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠬᠠᠷ᠎ᠠ ᠬᠥᠷᠥᠰᠥ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠵᠠᠭᠪᠤᠷ ᠢ ᠳᠡᠯᠭᠡᠷᠡᠭᠦᠯᠦᠨ᠎ᠡ᠃ ᠲᠠᠷᠢᠶᠠᠨ ᠭᠠᠵᠠᠷ ᠢ ᠥᠨᠵᠢᠭᠦᠯᠦᠨ ᠲᠠᠷᠢᠵᠣ ᠡᠭᠡᠯᠵᠢᠯᠡᠨ ᠲᠠᠷᠢᠬᠤ ᠲᠦᠷᠢᠮ ᠢ ᠲᠡᠭᠦᠯᠳᠡᠷᠵᠢᠭᠦᠯᠦᠨ᠎ᠡ᠃ ᠬᠢᠮᠢ ᠶᠢᠨ ᠪᠣᠷᠲᠣᠭᠤᠷ ᠲᠠᠷᠢᠶᠠᠨ ᠡᠮ ᠢ ᠬᠡᠷᠡᠭᠯᠡᠬᠦ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠪᠣᠬᠢᠷᠲᠤᠯ ᠥᠬᠡᠶ ᠦᠶ᠋ᠯᠡᠳᠬᠦᠨ ᠪᠠ ᠮᠡᠷᠭᠡᠵᠢᠯ ᠢ ᠳᠡᠯᠭᠡᠷᠡᠭᠦᠯᠦᠨ᠎ᠡ᠃ ᠮᠠᠯ ᠵᠢᠭᠦᠷᠲᠡᠨ ᠤ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠬᠯᠠᠬᠤ ᠶᠢ ᠴᠢᠩᠭᠠᠳᠬᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠪᠠ ᠲᠠᠷᠢᠶᠠᠯᠠᠩ ᠤᠨ ᠰᠦᠯᠢᠶᠣᠣ ᠪᠦᠷᠬᠦᠪᠴᠢ᠂ ᠲᠠᠷᠢᠶᠠᠯᠠᠩ ᠤᠨ ᠡᠮ ᠤᠨ ᠪᠠᠭᠯᠠᠭ᠎ᠠ ᠪᠣᠭᠤᠳᠠᠯ ᠤᠨ ᠡᠳ᠋ ᠢ ᠡᠭᠡᠭᠦᠯᠦᠨ ᠬᠤᠷᠢᠶᠠᠨ ᠠᠪᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠳᠠᠷᠠᠨ ᠰᠠᠷᠨᠢᠬᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠠᠵᠢᠯ ᠢ ᠴᠢᠩᠭᠠᠳᠬᠠᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠬᠠᠲᠤᠨ ᠭᠤᠣᠯ ᠤᠨ ᠰᠠᠪᠠ ᠭᠠᠵᠠᠷ ᠲᠤ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠨᠢᠭᠡ ᠪᠦᠯᠦᠭ ᠵᠢᠱᠢᠶ᠎ᠡ ᠦᠵᠡᠭᠦᠯᠬᠦ ᠰᠢᠶᠠᠨ ᠢ ᠪᠦᠲᠦᠭᠡᠨ ᠪᠠᠶᠢᠭᠤᠯᠤᠨ᠎ᠠ᠃ ᠤᠯᠤᠰ ᠤᠨ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠤᠷᠢᠳ ᠢᠶᠠᠷ ᠬᠡᠷᠡᠭᠵᠢᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠭᠠᠵᠠᠷ ᠵᠦᠢ ᠶᠢᠨ ᠢᠯᠡᠷᠬᠡᠶᠢᠯᠡᠯᠳᠦ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠲᠤᠷᠰᠢᠨ ᠬᠡᠷᠡᠭᠵᠢᠭᠦᠯᠵᠦ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠶᠢ ᠴᠢᠩᠭᠠᠳᠬᠠᠵᠤ᠂ ᠬᠥᠬᠡᠮᠥ᠋ᠷᠡᠨ ᠢᠶᠠᠷ ᠭᠤᠣᠯᠳᠠᠯᠭ᠎ᠠ ᠪᠣᠯᠭᠠᠭᠰᠠᠨ ᠵᠢᠭᠠᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠬᠤ ᠵᠠᠷᠯᠢᠭ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠵᠢᠭᠠᠰᠣ ᠠᠩᠨᠠᠬᠤ ᠪᠠᠨ ᠵᠣᠭᠰᠣᠭᠰᠠᠨ ᠵᠢᠭᠠᠰᠤᠴᠢᠳ ᠢ ᠲᠥᠪᠬᠢᠨᠡᠭᠦᠯᠦᠨ ᠪᠠᠲᠤᠯᠠᠬᠤ ᠠᠵᠢᠯ ᠢ ᠰᠠᠶᠢᠲᠤᠷ ᠬᠢᠨ᠎ᠡ᠃ ᠤᠰᠤ ᠠᠷᠪᠢᠯᠠᠬᠤ ᠲᠠᠷᠢᠶᠠᠯᠠᠩ ᠪᠠ ᠬᠠᠭᠤᠷᠠᠢ ᠲᠠᠷᠢᠶᠠᠯᠠᠩ ᠢ ᠬᠥᠭᠵᠢᠭᠦᠯᠦᠨ᠎ᠡ᠃ ᠴᠦᠯᠯᠡᠷᠬᠡᠭᠵᠢᠭᠰᠡᠨ᠂ ᠲᠠᠴᠢᠷᠰᠢᠭᠰᠠᠨ᠂ ᠨᠠᠯᠠᠤ ᠭᠠᠵᠠᠷ ᠤᠨ ᠤᠰᠤ ᠬᠦᠷᠦᠰᠦᠨ ᠤ ᠢᠳᠡᠭᠳᠡᠯ ᠢ ᠶᠡᠷᠦᠩᠬᠡᠶᠢᠯᠡᠨ ᠵᠠᠰᠠᠬᠤ ᠪᠠ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠡᠲᠦᠷᠡᠲᠡᠯ᠎ᠡ ᠮᠠᠯᠲᠠᠬᠤ ᠶᠢ ᠵᠠᠰᠠᠬᠤ ᠶᠢ ᠠᠬᠢᠭᠤᠯᠤᠨ᠎ᠠ᠃ ᠤᠰᠤᠨ ᠰᠢᠰᠲ᠋ᠧᠮ ᠢ ᠬᠤᠯᠪᠣᠯᠳᠣᠭᠤᠯᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠷᠠᠭᠤᠯᠣᠨ᠎ᠠ᠃ ᠲᠠᠷᠢᠶᠠᠯᠠᠬᠤ ᠶᠢ ᠵᠣᠭᠰᠣᠭᠠᠵᠤ ᠡᠪᠡᠰᠦ ᠮᠣᠳᠣ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠡᠮᠬᠢ ᠵᠢᠷᠤᠮ ᠲᠠᠢ ᠠᠬᠢᠭᠤᠯᠤᠨ᠎ᠠ᠃ ᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠤᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠶᠡᠭᠡ ᠬᠡᠪᠴᠢᠶᠡᠨ ᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠳᠤ ᠨᠦᠬᠦᠪᠦᠷᠢ ᠦᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠨᠤᠲᠤᠭ ᠪᠡᠯᠴᠢᠬᠡᠷ ᠲᠤ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠶᠢ ᠪᠥᠬᠦ ᠲᠠᠯ᠎ᠠ ᠪᠠᠷ ᠠᠬᠢᠭᠤᠯᠵᠤ᠂ ᠨᠤᠲᠤᠭ ᠪᠡᠯᠴᠢᠬᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠨᠤᠲᠤᠭ ᠪᠡᠯᠴᠢᠬᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠲᠣᠭᠲᠠᠭᠤᠨ ᠢᠶᠠᠷ ᠰᠡᠷᠭᠦᠭᠡᠨ᠎ᠡ᠃      ︵ᠠᠷᠪᠠᠨ ᠭᠤᠷᠪᠠ︶ ᠣᠳᠣ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠴᠢᠳ ᠤᠨ ᠬᠤᠷᠰᠢᠶ᠎ᠠ ᠭᠡᠰᠡᠨ ᠬᠤᠶᠠᠷ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠲᠣᠪᠤᠶᠢᠯᠭᠠᠨ ᠰᠠᠶᠢᠲᠤᠷ ᠠᠳᠬᠤᠵᠤ᠂ ᠣᠯᠠᠨ ᠵᠦᠶ᠋ᠯ ᠤᠨ ᠬᠡᠯᠪᠡᠷᠢ ᠪᠠᠷ ᠵᠣᠬᠢᠬᠤ ᠬᠡᠪᠴᠢᠶᠡᠵᠢᠳᠦ ᠡᠵᠡᠩᠨᠡᠯᠳᠡ ᠶᠢ ᠵᠣᠷᠢᠭᠵᠢᠭᠤᠯᠤᠨ ᠬᠥᠭᠵᠢᠭᠦᠯᠦᠨ᠎ᠡ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠬᠦᠭᠵᠢᠬᠦᠯᠬᠦ ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠯᠠᠩ ᠤᠨ ᠬᠡᠪᠴᠢᠶᠡᠵᠢᠭᠰᠡᠨ ᠡᠵᠡᠩᠨᠡᠯᠲᠡ ᠶᠢᠨ ᠡᠷᠦᠬᠡ ᠶᠢ ᠠᠮᠢᠵᠢᠷᠠᠯ ᠤᠨ ᠬᠦᠴᠦᠨ ᠲᠠᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠪᠣᠯᠭᠠᠨ ᠬᠦᠭᠵᠢᠬᠦᠯᠤᠨ᠎ᠠ᠃ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠡᠷᠭᠢᠯᠳᠡ ᠨᠢ ᠵᠢᠷᠤᠮᠵᠢᠭᠰᠠᠨ ᠲᠠᠷᠢᠶᠠᠴᠢᠳ ᠤᠨ ᠬᠤᠷᠰᠢᠶ᠎ᠠ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠤᠨ ᠲᠤᠰᠬᠠᠶᠢᠵᠢᠭᠰᠠᠨ ᠨᠡᠶᠢᠭᠡᠮᠴᠢᠯᠡᠭᠰᠡᠨ  ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠡᠷᠢᠭᠦᠨ ᠤ ᠬᠡᠷᠡᠭᠯᠡᠭᠡᠨ ᠤ ᠲᠦᠷᠦᠯ ᠵᠦᠢᠯ᠂ ᠣᠷᠣᠭᠤᠯᠤᠯᠲᠠ ᠶᠢᠨ  ᠵᠦᠢᠯ᠂ ᠮᠡᠷᠭᠡᠵᠢᠯ᠂ ᠲᠣᠨᠤᠭ ᠲᠥᠬᠦᠭᠡᠷᠦᠮᠵᠢ ᠶᠢ ᠵᠢᠵᠢᠭ ᠲᠠᠷᠢᠶᠠᠯᠠᠬᠤ ᠡᠷᠦᠬᠡ ᠳᠤ ᠣᠷᠣᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠤᠨ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠶᠡᠷᠦᠩᠬᠡᠶᠢᠯᠡᠭᠰᠡᠨ ᠦᠢᠯᠴᠢᠯᠡᠭᠡᠨ ᠤ ᠲᠥᠪ ᠪᠠᠶᠢᠭᠤᠯᠬᠤ ᠶᠢ ᠳᠡᠮᠵᠢᠨ᠎ᠡ᠃ ᠲᠠᠷᠢᠶᠠᠯᠠᠩ ᠤᠨ ᠠᠵᠤ ᠦᠢᠯᠡᠰᠵᠢᠯᠳᠡ ᠶᠢᠨ ᠳᠠᠭᠠᠭᠤᠯᠣᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠵᠦ ᠂ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ᠃ ᠬᠠᠩᠭᠠᠨ ᠪᠣᠷᠣᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠳᠪᠦᠷᠢᠯᠡᠯ᠂ ᠬᠠᠩᠭᠠᠯᠭ᠎ᠠ ᠪᠣᠷᠣᠯᠠᠭᠤᠯᠭ᠎ᠠ᠂ ᠢᠲᠡᠭᠡᠮᠵᠢ ᠶᠢ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠶᠡᠷᠦᠩᠬᠡᠶᠢᠯᠡᠭᠰᠡᠨ ᠬᠠᠮᠲᠤᠷᠠᠨ ᠠᠵᠢᠯᠯᠠᠬᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠢ ᠪᠦᠷᠢᠨᠰᠢᠭᠦᠯᠦᠨ᠎ᠡ᠃ ᠥᠨᠳᠥᠷ ᠬᠡᠪ ᠪᠣᠯᠪᠠᠰᠣᠷᠠᠯ ᠪᠦᠬᠦᠢ ᠲᠠᠷᠢᠶᠠᠴᠢᠳ ᠢ ᠬᠥᠮᠦᠵᠢᠭᠦᠯᠵᠦ᠂ ᠮᠡᠷᠭᠡᠵᠢᠯ ᠤᠨ ᠴᠢᠳᠠᠪᠤᠷᠢ ᠶᠢᠨ ᠦᠨᠡᠯᠡᠯᠲᠡ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠳᠤ ᠵᠣᠬᠢᠶᠠᠨ ᠪᠠᠶᠢᠭᠤᠯᠤᠨ ᠣᠷᠣᠯᠴᠠᠭᠤᠯᠵᠤ᠂ ᠲᠤᠰᠬᠠᠶᠢᠯᠠᠨ ᠲᠠᠷᠢᠶᠠᠴᠢᠳ ᠲᠤ ᠬᠠᠨᠳᠤᠭᠤᠯᠤᠭᠰᠠᠨ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠭᠠᠷᠭᠠᠨ᠎ᠠ᠃ ᠬᠤᠲᠠ ᠶᠢᠨ ᠡᠯ᠎ᠡ ᠲᠠᠯ᠎ᠠ ᠶᠢᠨ ᠴᠢᠳᠠᠪᠤᠷᠢᠲᠠᠨ ᠢ ᠳᠠᠳᠠᠨ ᠬᠥᠳᠡᠭᠡ ᠲᠣᠰᠬᠤᠨ ᠳᠤ ᠦᠶ᠋ᠯᠡᠰ ᠪᠤᠰᠬᠠᠭᠤᠯᠵᠦ ᠰᠢᠨ᠎ᠡ ᠶᠢ ᠡᠭᠦᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠣᠲᠣ ᠦᠶ᠎ᠡ ᠶᠢᠨ ᠬᠦᠳᠡᠭᠡ ᠠᠵᠦ ᠠᠬᠤᠢ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃      ᠳᠥᠷᠪᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠦᠨ᠎ᠡ      ︵ᠠᠷᠪᠠᠨ ᠳᠥᠷᠪᠡ︶ ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ ᠢ ᠲᠦᠷᠭᠡᠳᠬᠡᠨ ᠠᠬᠢᠭᠤᠯᠤᠨ᠎ᠠ᠃ 2021 ᠣᠨ ᠳᠤ ᠰᠢᠶᠠᠨ ᠤ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠠᠶᠢᠯ ᠲᠣᠰᠬᠤᠨ ᠤ ᠪᠠᠶᠢᠷᠢᠰᠢᠯ ᠤᠨ ᠲᠥᠷᠥᠯ ᠠᠩᠭᠢᠯᠠᠯ ᠢ ᠲᠣᠳᠣᠷᠬᠠᠶᠢᠯᠠᠨ᠎ᠠ᠃ ︽ᠤᠯᠠᠨ ᠲᠥᠯᠥᠪᠵᠢᠭᠦᠯᠭᠡ ᠶᠢ ᠨᠡᠶᠢᠳᠬᠡᠭᠰᠡᠨ︾ ᠪᠣᠳᠠᠲᠤ ᠬᠡᠷᠡᠭᠴᠡᠭᠡᠲᠦ ᠴᠢᠨᠠᠷᠲᠠᠢ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠨᠥᠬᠦᠴᠡᠯ ᠲᠠᠢ᠂ ᠬᠡᠷᠡᠭᠴᠡᠭᠡ ᠲᠠᠢ ᠠᠶᠢᠯ ᠲᠣᠰᠬᠤᠨ ᠳᠤ ᠠᠶᠢᠯ ᠲᠣᠰᠬᠤᠨ ᠤ ᠲᠥᠯᠥᠪᠵᠢᠭᠦᠯᠭᠡ ᠶᠢ ᠨᠡᠶᠢᠳᠡᠮ ᠬᠡᠷᠡᠭᠵᠢᠭᠦᠯᠬᠦ ᠶᠢ ᠲᠦᠷᠭᠡᠳᠬᠡᠨ ᠪᠡᠶᠡᠯᠡᠭᠦᠯᠦᠨ᠎ᠡ᠃ ᠲᠥᠯᠥᠪᠵᠢᠭᠦᠯᠭᠡ ᠪᠠᠨ ᠲᠦᠷ ᠨᠠᠶᠢᠷᠠᠭᠤᠯᠤᠨ ᠲᠣᠭᠲᠠᠭᠠᠭᠠᠳᠤᠶ ᠠᠶᠢᠯ ᠲᠣᠰᠬᠤᠨ ᠢ ᠰᠢᠶᠠᠨ ᠰᠢᠶᠠᠩ ᠬᠤᠶᠠᠷ ᠱᠠᠲᠤᠨ ᠤ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠬᠡᠷᠡᠭᠴᠡᠭᠡ ᠶᠢᠨ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠣᠳᠣᠬᠢ ᠪᠠᠶᠢᠳᠠᠯ ᠳᠠᠭᠠᠨ ᠰᠠᠭᠤᠷᠢᠯᠠᠨ᠂ ᠬᠥᠳᠡᠭᠡ ᠲᠣᠰᠬᠤᠨ ᠤ ᠣᠨᠴᠠᠯᠢᠭ ᠪᠦᠬᠦᠢ ᠳᠦᠷᠰᠦ ᠪᠠᠶᠢᠳᠠᠯ ᠢ ᠦᠯᠡᠳᠡᠭᠡᠵᠦ᠂ ᠶᠡᠭᠡ ᠪᠠᠷ ᠨᠤᠷᠠᠭᠠᠵᠤ ᠶᠡᠭᠡ ᠪᠠᠷ ᠪᠦᠳᠦᠬᠡᠨ ᠪᠠᠶᠢᠭᠤᠯᠤᠯᠳᠠ ᠬᠢᠬᠦ ᠦᠬᠡᠢ᠃ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠯᠥᠪᠵᠢᠭᠦᠯᠭᠡ ᠶᠣᠰᠣᠭᠠᠷ ᠡᠮᠬᠢ ᠵᠢᠷᠤᠮ ᠲᠠᠢ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠪᠦᠳᠦᠬᠡᠨ ᠪᠠᠶᠢᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠨ᠎ᠡ᠃ ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠢᠨᠠᠨ ᠬᠠᠮᠢᠶᠠᠷᠬᠤ ᠪᠠᠶᠢᠭᠤᠯᠤᠯ ᠢ ᠪᠦᠷᠢᠨᠰᠢᠬᠦᠯᠵᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ 3 ᠵᠢᠯ ᠤᠨ ᠳᠣᠲᠣᠷ᠎ᠠ ᠪᠡᠶᠡᠯᠡᠭᠦᠯᠦᠨ᠎ᠡ᠃ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠵᠢᠷᠤᠮᠵᠢᠯ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠢ ᠵᠢᠷᠤᠵᠤ ᠲᠥᠯᠥᠪᠯᠡᠬᠦ ᠲᠦᠪᠰᠢᠨ ᠪᠠ ᠪᠦᠲᠦᠭᠡᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠪᠠ ᠭᠠᠵᠠᠷ ᠬᠥᠳᠡᠯᠦᠯᠲᠡ ᠶᠡᠬᠡᠳᠡᠢ ᠰᠡᠷᠬᠡᠶᠢᠯᠡᠯᠳᠡ ᠶᠢᠨ ᠭᠠᠵᠠᠷ ᠣᠷᠣᠨ ᠳᠠᠬᠢ ᠲᠠᠷᠢᠶᠠᠴᠢᠳ ᠤᠨ ᠭᠡᠷ ᠪᠠᠶᠢᠰᠢᠩ ᠢ ᠭᠠᠵᠠᠷ ᠬᠥᠳᠡᠯᠦᠯᠲᠡ ᠶᠢ ᠲᠠᠭᠠᠭᠠᠵᠤ ᠲᠠᠶᠢᠯᠬᠦ ᠪᠤᠯᠭᠠᠨ ᠦᠬᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠠᠶᠢᠯ ᠲᠣᠰᠬᠤᠨ ᠤ ᠳᠦᠷᠰᠦ ᠪᠠᠶᠢᠳᠠᠯ ᠢ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠠᠷᠠᠳ ᠤᠨ ᠰᠠᠭᠤᠴᠠ ᠪᠤᠯᠤᠨ ᠲᠡᠤᠬᠡ ᠰᠣᠶᠣᠯ ᠤᠨ ᠨᠠᠷᠠᠲᠤ ᠲᠣᠰᠬᠤᠨ ᠨᠠᠷᠠᠲᠤ ᠪᠠᠯᠭᠠᠰᠤ ᠶᠢ ᠬᠠᠮᠠᠭᠠᠯᠠᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ ᠰᠣᠶᠣᠯ ᠤᠨ ᠥᠪ ᠦᠯᠡᠳᠡᠭᠳᠡᠯ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠪᠣᠯ ᠲᠠᠷᠢᠶᠠᠴᠢᠳ ᠤᠨ ᠲᠥᠯᠥᠭᠡ ᠬᠢᠭᠰᠡᠨ ᠶᠤᠮ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠯᠠᠪᠳᠠᠭᠤᠨ ᠪᠠᠲᠤᠲᠠᠢ ᠬᠢᠬᠦ ᠬᠡᠷᠡᠭᠲᠡᠢ᠂ ᠦᠢᠮᠡᠭᠡᠨ ᠳᠡᠭᠳᠡᠭᠡᠵᠦ ᠪᠣᠯᠬᠤ ᠦᠭᠡᠢ᠃ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠵᠤ᠂ ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠨ ᠲᠠᠷᠢᠶᠠᠴᠢᠳ ᠢ ᠠᠯᠪᠠᠳᠠᠵᠤ ᠪᠠᠶᠢᠭᠠᠳ ᠠᠰᠠᠷ ᠲᠤ ᠭᠠᠷᠭᠠᠵᠤ ᠪᠤᠯᠬᠤ ᠦᠭᠡᠢ᠂ ᠰᠠᠶᠢᠨ ᠶᠠᠪᠤᠳᠠᠯ ᠢ ᠰᠠᠶᠢᠲᠤᠷ ᠬᠢᠵᠦ ᠪᠣᠳᠠᠲᠤ ᠶᠠᠪᠤᠳᠠᠯ ᠢ ᠪᠣᠳᠠᠲᠠᠶ ᠬᠢᠨ᠎ᠡ᠃      ︵ᠠᠷᠪᠠᠨ ᠲᠠᠪᠤ︶ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠦᠷᠭᠦᠯᠵᠢᠯᠡᠨ ᠬᠥᠳᠡᠭᠡ ᠲᠣᠰᠬᠤᠨ ᠳᠤ ᠲᠠᠯᠪᠢᠵᠤ᠂ ᠲᠣᠰᠬᠤᠨ ᠢ ᠬᠠᠮᠤᠷᠬᠤ᠂ ᠡᠷᠦᠬᠡ ᠲᠡᠶᠢᠰᠢ ᠤᠷᠲᠤᠳᠬᠠᠬᠤ ᠶᠢ ᠬᠦᠴᠦᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠦᠮᠦᠨ ᠠᠮᠠ ᠤᠯᠠᠨ ᠲᠠᠢ ᠪᠠᠶᠢᠭᠠᠯᠢᠯᠢᠭ ᠲᠤᠰᠬᠤᠨ ︵ᠲᠤᠭᠤᠢᠢᠯᠠᠩ︶ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠶᠢ ᠡᠮᠬᠢ ᠵᠢᠷᠤᠮ ᠲᠠᠢ ᠶᠠᠪᠤᠭᠳᠠᠭᠤᠯᠤᠨ᠎ᠠ᠃ ᠬᠥᠳᠡᠭᠡ ᠲᠣᠰᠬᠤᠨ ᠤ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠪᠣᠯᠤᠨ ᠲᠣᠰᠬᠤᠨ ᠤ ᠳᠣᠲᠣᠷᠠᠬᠢ ᠭᠤᠣᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠰᠬᠤᠨ ᠪᠠ ᠡᠷᠦᠬᠡ ᠲᠡᠶᠢᠰᠢ ᠨᠡᠩ ᠢᠯᠡᠭᠦᠦ ᠬᠡᠯᠪᠠᠶᠢᠯᠭᠡᠬᠦ ᠶᠢ ᠠᠬᠢᠭᠤᠯᠤᠨ᠎ᠠ᠃ ᠲᠥᠪ ᠤᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠪᠠᠷ ᠲᠠᠮᠵᠢᠨ ᠣᠷᠣᠨ ᠨᠤᠲᠤᠭ ᠤᠨ ᠪᠡᠯᠡ ᠮᠥᠩᠭᠦ ᠶᠢ ᠨᠥᠬᠦᠪᠥᠷᠢᠯᠡᠬᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠳᠤ ᠮᠡᠳᠤ ᠶᠢᠨ ᠠᠷᠭ᠎ᠠ ᠵᠠᠮ ᠢᠶᠠᠷ ᠬᠥᠳᠡᠭᠡ ᠲᠣᠰᠬᠤᠨ ᠤ ᠵᠠᠮ ᠳᠤᠤᠷ ᠤᠨ ᠬᠥᠭᠵᠢᠯᠲᠡ ᠶᠢ ᠲᠣᠭᠲᠠᠭᠠᠯ ᠶᠣᠰᠣᠭᠠᠷ ᠳᠡᠮᠵᠢᠨ᠎ᠡ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾ ᠤᠨ ᠵᠢᠱᠢᠶ᠎ᠡ ᠦᠵᠡᠭᠦᠯᠵᠤ ᠡᠭᠦᠳᠦᠨ ᠪᠠᠶᠢᠭᠤᠯᠬᠤ ᠶᠢ ᠦᠷᠭᠦᠯᠵᠢᠯᠡᠨ ᠥᠷᠨᠢᠭᠦᠯᠦᠨ᠎ᠡ᠃ ᠵᠠᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠠ᠃ ᠬᠤᠲᠠ ᠬᠥᠳᠡᠭᠡ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠬᠦᠯᠵᠤ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠠ᠃ ᠬᠥᠳᠡᠭᠡ ᠲᠣᠰᠬᠤᠨ ᠤ ᠵᠠᠮ ᠬᠥᠭᠦᠷᠭᠡ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠠᠮᠢᠶᠠᠷᠴᠤ ᠠᠷᠠᠴᠢᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠳᠤᠮᠳᠠ ᠪᠠᠭ᠎ᠠ ᠬᠡᠯᠪᠡᠷᠢ ᠶᠢᠨ ᠤᠰᠤᠨ ᠴᠦᠬᠦᠷᠦᠮ ᠵᠡᠷᠭᠡ ᠤᠰᠤᠨ ᠤ ᠡᠬᠢ ᠰᠤᠷᠪᠤᠯᠵᠢ ᠶᠢ ᠳᠤᠭᠳᠠᠪᠤᠷᠢᠵᠢᠭᠤᠯᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠪᠤᠯᠤᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠬᠡᠪᠴᠢᠶᠡᠵᠢᠬᠦᠯᠦᠭᠰᠡᠨ ᠤᠰᠤ ᠬᠠᠨᠭ᠍ᠭᠠᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠪᠤᠯᠤᠨ ᠪᠠᠭ᠎ᠠ ᠬᠡᠯᠪᠡᠷᠢ ᠶᠢᠨ ᠢᠨᠵᠧᠨᠧᠷᠢᠩ ᠢ ᠪᠠᠷᠢᠮᠵᠢᠶᠠᠵᠢᠭᠤᠯᠤᠨ ᠦᠭᠡᠷᠡᠴᠢᠯᠡᠬᠦ ᠪᠠᠶᠢᠭᠤᠯᠤᠯᠳᠠ ᠶᠢ ᠬᠡᠷᠡᠭᠵᠢᠬᠦᠯᠵᠤ᠂ ᠨᠦᠬᠦᠴᠡᠯ ᠲᠠᠢ ᠭᠠᠵᠠᠷ ᠤᠷᠤᠨ ᠤ ᠬᠤᠳᠠ ᠬᠦᠳᠡᠭᠡ ᠶᠢᠨ ᠤᠰᠤᠨ ᠤ ᠬᠠᠨᠭ᠍ᠭᠠᠯᠭ᠎ᠠ ᠶᠢ ᠨᠢᠭᠡ ᠴᠤᠭᠴᠠᠵᠢᠭᠤᠯᠬᠤ ᠠᠵᠢᠯ ᠢ ᠠᠬᠢᠭᠤᠯᠵᠤ᠂ 2025 ᠤᠨ ᠪᠤᠯᠬᠤ ᠳᠤ ᠬᠦᠳᠡᠭᠡ ᠳᠤᠰᠬᠤᠨ ᠳᠠᠬᠢ ᠲᠦᠭᠡᠮᠡᠯ ᠤᠰᠤᠨ ᠤ ᠲᠦᠭᠡᠮᠡᠯᠵᠢᠯᠳᠡ ᠶᠢᠨ ᠨᠤᠷᠮ᠎ᠠ ᠶᠢ 88% ᠳᠤ ᠬᠦᠷᠭᠡᠨ᠎ᠡ᠃ ᠬᠦᠳᠡᠭᠡ ᠳᠤᠰᠬᠤᠨ ᠤ ᠤᠰᠤᠨ ᠤ ᠦᠨ᠎ᠡ ᠬᠠᠨᠭ᠍ᠰᠢ ᠤᠰᠤᠨ ᠤ ᠰᠦᠢᠳᠬᠡᠯ ᠤᠨ ᠪᠦᠷᠢᠯᠳᠤᠯ ᠤᠨ ᠳᠤᠭᠳᠠᠴᠠ ᠪᠤᠯᠤᠨ ᠪᠠᠷᠢᠯᠭ᠎ᠠ ᠶᠢᠨ ᠤᠷᠳᠤ ᠬᠤᠭᠤᠴᠠᠭᠠᠨ ᠤ ᠪᠦᠳᠦᠮᠵᠢᠳᠠᠢ ᠡᠷᠬᠢᠯᠳᠡ ᠡᠵᠡᠩᠨᠡᠯᠳᠡ ᠶᠢᠨ ᠳᠤᠭᠳᠠᠴᠠ ᠶᠢ ᠳᠡᠬᠦᠯᠳᠡᠷᠵᠢᠬᠦᠯᠦᠨ᠎ᠡ᠃ ᠬᠦᠳᠡᠭᠡ ᠳᠤᠰᠬᠤᠨ ᠤ ᠴᠡᠪᠡᠷ ᠡᠨᠧᠷᠬᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠤᠨ᠎ᠠ᠃ ᠬᠦᠳᠡᠭᠡ ᠳᠤᠰᠬᠤᠨ ᠤ ᠴᠠᠬᠢᠯᠭᠠᠨ ᠳᠤᠤᠷ ᠤᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ ᠴᠢᠩᠭᠠᠳᠬᠠᠵᠤ᠂ ᠬᠦᠳᠡᠭᠡ ᠳᠤᠰᠬᠤᠨ ᠤ ᠴᠠᠬᠢᠯᠭᠠᠨ ᠬᠦᠴᠦᠨ ᠤ ᠪᠠᠳᠤᠯᠠᠭ᠎ᠠ ᠶᠢᠨ ᠲᠦᠪᠰᠢᠨ ᠢ ᠪᠦᠬᠦ ᠳᠠᠯ᠎ᠠ ᠪᠠᠷ ᠪᠠᠬᠢᠵᠢᠬᠦᠯᠤᠨ ᠳᠡᠭᠡᠭᠰᠢᠯᠡᠬᠦᠯᠦᠨ᠎ᠠ᠃ ᠰᠢᠳᠠᠮᠠᠬᠠᠢ ᠬᠡᠢ ᠶᠢ ᠬᠦᠳᠡᠭᠡ ᠪᠠᠭᠤᠯᠭᠠᠬᠤ ᠶᠢ ᠠᠬᠢᠭᠤᠯᠵᠤ᠂ ᠠᠶᠤᠯᠬᠦᠢ ᠪᠦᠬᠡᠳ ᠨᠠᠶᠢᠳᠠᠪᠤᠷᠢᠳᠠᠢ ᠬᠦᠳᠡᠭᠡ ᠳᠤᠰᠬᠤᠨ ᠤ ᠰᠢᠳᠠᠮᠠᠬᠠᠢ ᠬᠡᠢ ᠨᠦᠭᠡᠴᠡᠯᠡᠵᠤ ᠰᠠᠪᠠᠯᠠᠬᠤ ᠦᠷᠳᠡᠭᠡ ᠪᠤᠯᠤᠨ ᠪᠢᠴᠢᠯ ᠬᠤᠭᠤᠯᠠᠢ ᠶᠢᠨ ᠳᠤᠤᠷ ᠢᠶᠠᠷ ᠬᠡᠢ ᠬᠠᠨᠭ᠍ᠭᠠᠬᠤ ᠰᠢᠰᠲᠧᠮ ᠢ ᠪᠠᠶᠢᠭᠤᠯᠬᠤ ᠶᠢ ᠳᠡᠮᠵᠢᠨ᠎ᠡ᠃ ᠬᠦᠳᠡᠭᠡ ᠳᠤᠰᠬᠤᠨ ᠤ ᠠᠮᠢᠳᠤ ᠪᠤᠳᠠᠰ ᠤᠨ ᠮᠠᠰ ᠤᠨ ᠡᠨᠧᠷᠬᠢ ᠶᠢᠨ ᠰᠤᠷᠪᠤᠯᠵᠢ ᠶᠢ ᠬᠦᠭᠵᠢᠬᠦᠯᠵᠤ᠂ ᠨᠡᠬᠦᠷᠡᠰᠤ ᠶᠢ ᠴᠡᠪᠡᠷᠰᠢᠬᠦᠯᠤᠨ ᠠᠰᠢᠬᠯᠠᠬᠤ ᠶᠢ ᠴᠢᠩᠭᠠᠳᠬᠠᠨ᠎ᠠ᠃ ᠳᠤᠭᠠᠴᠢᠯᠠᠭᠰᠠᠨ ᠬᠦᠳᠡᠭᠡ ᠳᠤᠰᠬᠤᠨ ᠢ ᠪᠦᠳᠦᠬᠡᠨ ᠪᠠᠶᠢᠭᠤᠯᠬᠤ ᠬᠦᠭᠵᠢᠬᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ ᠬᠦᠳᠡᠭᠡ ᠳᠤᠰᠬᠤᠨ ᠤ ᠮᠢᠩᠭᠠᠨ ᠮᠧᠭ᠎ᠠ ᠶᠢᠨ ᠬᠡᠷᠡᠯ ᠰᠦᠯᠵᠢᠶ᠎ᠡ᠂ ᠳᠠᠪᠤᠳᠤᠭᠠᠷ ᠦᠶ᠎ᠡ ᠶᠢᠨ ᠰᠢᠯᠵᠢᠭᠡ ᠴᠢᠮᠡᠭᠡ ᠬᠤᠯᠪᠤᠭ᠎ᠠ ︵5G︶᠂ ᠰᠢᠯᠵᠢᠭᠡ ᠡᠳ᠋ ᠪᠠᠷᠠᠭᠠᠨ ᠤ ᠮᠡᠳᠡᠭᠡ ᠵᠠᠩᠬᠢ ᠶᠢᠨ ᠰᠦᠯᠵᠢᠶ᠎ᠡ ᠶᠢ ᠬᠤᠳᠠ ᠯᠤᠭ᠎ᠠ ᠢᠵᠢᠯᠢ ᠠᠯᠬᠤᠮ ᠢᠶᠠᠷ ᠲᠦᠯᠦᠪᠵᠢᠬᠦᠯᠤᠨ ᠪᠠᠶᠢᠭᠤᠯᠬᠤ ᠶᠢ ᠠᠬᠢᠭᠤᠯᠤᠨ᠎ᠠ ᠃ ᠴᠠᠬᠢᠯᠭᠠᠨ ᠬᠤᠯᠪᠤᠭᠠᠨ ᠤ ᠲᠦᠭᠡᠮᠡᠯ ᠦᠢᠯᠡᠴᠢᠯᠡᠭᠡᠨ ᠤ ᠨᠦᠬᠦᠪᠦᠷᠢᠯᠡᠬᠦ ᠳᠤᠭᠳᠠᠴᠠ ᠶᠢ ᠳᠡᠬᠦᠯᠳᠡᠷᠵᠢᠬᠦᠯᠵᠤ᠂ ᠬᠦᠳᠡᠭᠡ ᠳᠤᠰᠬᠤᠨ ᠵᠢᠴᠢ ᠪᠤᠶᠢᠳᠠ ᠪᠦᠭᠯᠡᠬᠦᠦ ᠭᠠᠵᠠᠷ ᠤᠷᠤᠨ ᠤ ᠮᠡᠳᠡᠭᠡ ᠵᠠᠩᠬᠢ ᠶᠢᠨ ᠴᠢᠮᠡᠭᠡ ᠬᠤᠯᠪᠤᠭᠠᠨ ᠤ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠳᠡᠮᠵᠢᠨ᠎ᠡ᠃ ᠬᠦᠳᠡᠭᠡ ᠠᠵᠤ ᠠᠬᠤᠢ ᠬᠦᠳᠡᠭᠡ ᠳᠤᠰᠬᠤᠨ ᠤ ᠠᠯᠤᠰ ᠰᠡᠷᠡᠯ ᠤᠨ ᠳᠠᠭᠠᠭᠤᠯᠢ ᠤᠳᠤ ᠵᠡᠷᠭᠡ ᠤᠭᠳᠠᠷᠭᠤᠢ ᠶᠢᠨ ᠰᠠᠭᠤᠷᠢ ᠲᠦᠬᠦᠭᠡᠷᠤᠮᠵᠢ ᠶᠢ ᠲᠦᠷᠭᠡᠳᠬᠡᠨ ᠪᠠᠶᠢᠭᠤᠯᠤᠨ᠎ᠠ᠃ ᠤᠶᠤᠨᠴᠢ ᠬᠦᠳᠡᠭᠡ ᠠᠵᠤ ᠠᠬᠤᠢ ᠶᠢ ᠬᠦᠭᠵᠢᠬᠦᠯᠦᠨ᠂ ᠬᠦᠳᠡᠭᠡ ᠠᠵᠤ ᠠᠬᠤᠢ ᠬᠦᠳᠡᠭᠡ ᠳᠤᠰᠬᠤᠨ ᠤ ᠳᠤᠮᠤ ᠳ᠋ᠡᠶᠢᠲ᠋ᠠ ᠶᠢᠨ ᠰᠢᠰᠲ᠋ᠧᠮ ᠢ ᠪᠠᠶᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠬᠢ ᠶᠢᠨ ᠮᠠᠷᠭᠡᠵᠢᠯ ᠬᠢᠬᠡᠳ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠬᠦᠨᠴᠡ ᠠᠭᠤᠰᠤᠯᠴᠠᠯ ᠢ ᠠᠬᠢᠭᠤᠯᠤᠨ᠎ᠠ᠃ ᠬᠦᠳᠡᠭᠡ ᠠᠵᠤ ᠠᠬᠤᠢ ᠶᠢᠨ ᠴᠠᠭ ᠠᠭᠤᠷ ᠤᠨ ᠶᠡᠷᠦᠩᠬᠡᠶᠢᠯᠡᠭᠰᠡᠨ ᠬᠢᠨᠠᠨ ᠬᠡᠮᠵᠢᠯᠳᠡ ᠶᠢᠨ ᠳᠤᠤᠷ ᠰᠦᠯᠵᠢᠶ᠎ᠡ ᠶᠢ ᠳᠡᠬᠦᠯᠳᠡᠷᠵᠢᠬᠦᠯᠤᠨ᠂ ᠬᠦᠳᠡᠭᠡ ᠠᠵᠦ ᠠᠬᠤᠢ ᠶᠢᠨ ᠴᠠᠭ ᠠᠭᠤᠷ ᠤᠨ ᠭᠠᠢ ᠭᠠᠮᠰᠢᠭ ᠢ ᠰᠡᠷᠬᠡᠶᠢᠯᠡᠬᠦ ᠴᠢᠳᠠᠪᠤᠷᠢ ᠶᠢ ᠳᠡᠭᠡᠭᠰᠢᠯᠡᠬᠦᠯᠵᠤ᠂ ᠬᠦᠳᠡᠭᠡ ᠳᠤᠰᠬᠤᠨ ᠤ ᠤᠯᠠᠨ ᠨᠡᠶᠢᠳᠡ ᠶᠢᠨ ᠦᠢᠯᠡᠴᠢᠯᠡᠭᠡ᠂ ᠨᠡᠶᠢᠭᠡᠮ ᠤᠨ ᠵᠠᠰᠠᠯᠳᠠ ᠵᠡᠷᠭᠡ ᠳᠤᠭᠠᠴᠢᠯᠠᠭᠰᠠᠨ ᠤᠶᠤᠨᠴᠢᠯᠠᠭᠰᠠᠨ ᠪᠠᠶᠢᠭᠤᠯᠤᠯᠳᠠ ᠶᠢ ᠴᠢᠩᠭᠠᠳᠬᠠᠨ᠎ᠠ᠃ ᠳᠤᠰᠬᠤᠨ ᠤ ᠳᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠬᠦᠭᠡᠷᠤᠮᠵᠢ ᠶᠢᠨ ᠳᠡᠰ ᠴᠢᠨᠠᠷ ᠢ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠡ᠃ ᠳᠤᠰᠬᠤᠨ ᠤ ᠱᠠᠳᠤᠨ ᠤ ᠠᠶᠠᠨᠴᠢᠳ ᠤᠨ ᠵᠦᠬᠡᠬᠡᠪᠤᠷᠢ ᠶᠢᠨ ᠦᠷᠳᠡᠭᠡ ᠴᠡᠭ᠂ ᠰᠤᠶᠤᠯ ᠪᠡᠶ᠎ᠡ ᠶᠢᠨ ᠳᠠᠮᠢᠷ᠂ ᠤᠯᠠᠨ ᠨᠡᠶᠢᠳᠡ ᠶᠢᠨ ᠬᠡᠷᠡᠯᠳᠦᠬᠦᠯᠭᠡ ᠵᠡᠷᠭᠡ ᠦᠢᠯᠡᠴᠢᠯᠡᠭᠡᠨ ᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃      ︵ᠠᠷᠪᠠᠨ ᠵᠢᠷᠭᠤᠭ᠎ᠠ︶ ᠬᠦᠳᠡᠭᠡ ᠳᠤᠰᠬᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠵᠠᠰᠠᠵᠤ ᠰᠠᠶᠢᠵᠢᠷᠠᠭᠤᠯᠬᠤ ᠳᠠᠪᠤᠨ ᠵᠢᠯ ᠤᠨ ᠠᠵᠢᠯᠯᠠᠭ᠎ᠠ ᠶᠢ ᠬᠡᠷᠡᠭᠵᠢᠬᠦᠯᠦᠨ᠎ᠡ᠃ ᠬᠦᠳᠡᠭᠡ ᠳᠤᠰᠬᠤᠨ ᠤ ᠵᠤᠷᠯᠤᠩ ᠤᠨ ᠬᠤᠪᠢᠰᠬᠠᠯ ᠢ ᠲᠦᠷᠦᠯ ᠬᠤᠪᠢᠶᠠᠨ ᠡᠮᠬᠢ ᠵᠢᠷᠤᠮ ᠲᠠᠢ ᠠᠬᠢᠭᠤᠯᠵᠤ᠂ ᠭᠠᠨᠭ᠌ ᠬᠠᠭᠤᠷᠠᠢ᠂ ᠬᠠᠬᠢᠷ ᠬᠦᠢᠳᠡᠨ ᠭᠠᠵᠠᠷ ᠤᠷᠤᠨ ᠤ ᠠᠷᠢᠭᠤᠨ ᠴᠡᠪᠡᠷ ᠤᠨ ᠵᠤᠷᠯᠤᠩ ᠤᠨ ᠬᠡᠷᠡᠭᠯᠡᠭᠡᠨ ᠤ ᠮᠡᠷᠭᠡᠵᠢᠯ ᠪᠠ ᠦᠢᠯᠡᠳᠬᠦᠨ ᠢ ᠰᠤᠳᠤᠯᠤᠨ ᠡᠬᠦᠳᠬᠦ ᠶᠢ ᠲᠦᠷᠭᠡᠳᠬᠡᠵᠤ᠂ ᠳᠤᠮᠳᠠ ᠪᠠᠷᠠᠭᠤᠨ ᠬᠡᠰᠡᠭ ᠭᠠᠵᠠᠷ ᠤᠷᠤᠨ ᠤ ᠬᠦᠳᠡᠭᠡ ᠳᠤᠰᠬᠤᠨ ᠤ ᠠᠶᠢᠯ ᠡᠷᠦᠬᠡ ᠳᠤ ᠬᠡᠷᠡᠭᠯᠡᠬᠦ ᠵᠤᠷᠯᠤᠩ ᠢ ᠦᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ᠬᠦᠳᠡᠭᠡ ᠳᠤᠰᠬᠤᠨ ᠤ ᠵᠤᠷᠯᠤᠩ ᠢ ᠦᠭᠡᠷᠡᠴᠢᠯᠡᠨ ᠰᠠᠶᠢᠵᠢᠷᠠᠭᠤᠯᠬᠤ ᠪᠠ ᠪᠤᠬᠢᠷ ᠤᠰᠤ᠂ ᠪᠤᠬᠢᠷ ᠦᠮᠡᠬᠡᠢ ᠤᠰᠤᠨ ᠴᠤᠭᠴᠠ ᠶᠢ ᠵᠠᠰᠠᠬᠤ ᠶᠢ ᠨᠢᠭᠡᠳᠤᠯᠳᠠᠢ ᠲᠦᠯᠦᠪᠵᠢᠬᠦᠯᠵᠤ᠂ ᠭᠠᠵᠠᠷ ᠤᠷᠤᠨ ᠳᠤᠨᠢ ᠳᠤᠬᠢᠷᠠᠭᠤᠯᠤᠨ ᠪᠤᠬᠢᠷ ᠤᠰᠤ ᠰᠢᠢᠳᠪᠦᠷᠢᠯᠡᠬᠦ ᠲᠦᠬᠦᠭᠡᠷᠤᠮᠵᠢ ᠶᠢ ᠪᠦᠳᠦᠭᠡᠨ ᠪᠠᠶᠢᠭᠤᠯᠤᠨ᠎ᠠ᠃ ᠬᠦᠳᠡᠭᠡ ᠳᠤᠰᠬᠤᠨ ᠤ ᠠᠮᠢᠳᠤᠷᠠᠯ ᠤᠨ ᠬᠤᠭ ᠨᠤᠪᠰᠢ ᠶᠢ ᠬᠤᠷᠢᠶᠠᠵᠤ ᠳᠡᠭᠡᠭᠡᠪᠦᠷᠢᠯᠡᠵᠤ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠤ᠂ ᠡᠬᠢ ᠰᠤᠷᠪᠤᠯᠵᠢ ᠠᠴᠠ ᠨᠢ ᠲᠦᠷᠦᠯ ᠬᠤᠪᠢᠶᠠᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠰᠢᠢᠳᠪᠦᠷᠢᠯᠡᠨ ᠠᠰᠢᠬᠯᠠᠬᠤ ᠶᠢ ᠠᠬᠢᠭᠤᠯᠵᠤ᠂ ᠨᠢᠭᠡ ᠪᠦᠯᠦᠭ ᠤᠷᠭᠠᠨᠢᠭ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠰᠢᠢᠳᠪᠦᠷᠢᠯᠡᠵᠤ ᠠᠰᠢᠬᠯᠠᠬᠤ ᠲᠦᠬᠦᠭᠡᠷᠤᠮᠵᠢ ᠶᠢ ᠪᠦᠳᠦᠭᠡᠨ ᠪᠠᠶᠢᠭᠤᠯᠵᠤ᠂ ᠬᠦᠳᠡᠭᠡ ᠳᠤᠰᠬᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠤᠨ ᠲᠦᠬᠦᠭᠡᠷᠤᠮᠵᠢ ᠶᠢ ᠬᠠᠮᠢᠶᠠᠷᠴᠤ ᠬᠠᠮᠠᠭᠠᠯᠠᠬᠤ ᠳᠤᠭᠳᠠᠴᠠ ᠶᠢ ᠪᠦᠷᠢᠨᠰᠢᠬᠦᠯᠦᠨ᠎ᠡ᠃ ᠨᠦᠬᠦᠴᠡᠯ ᠲᠠᠢ ᠭᠠᠵᠠᠷ ᠤᠷᠤᠨ ᠳᠤ ᠬᠤᠳᠠ ᠬᠦᠳᠡᠭᠡ ᠶᠢᠨ ᠤᠷᠴᠢᠨ ᠳᠤᠭᠤᠷᠢᠨ ᠤ ᠠᠷᠢᠭᠤᠨ ᠴᠡᠪᠡᠷ ᠢ ᠨᠢᠭᠡ ᠴᠤᠭᠴᠠᠵᠢᠭᠤᠯᠤᠨ ᠭᠤᠷᠪᠠᠳᠠᠬᠢ ᠡᠳᠡᠭᠡᠳ ᠠᠴᠠ ᠵᠠᠰᠠᠯᠳᠠ ᠬᠢᠯᠬᠡᠬᠦ ᠶᠢ ᠳᠡᠯᠭᠡᠷᠡᠬᠦᠯᠤᠨ ᠬᠡᠷᠡᠭᠵᠢᠬᠦᠯᠦᠨ᠎ᠡ᠃ ᠠᠶᠢᠯ ᠳᠤᠰᠬᠤᠨ ᠢ ᠠᠷᠢᠭᠤᠨ ᠴᠡᠪᠡᠷ ᠪᠠᠶᠢᠯᠭᠠᠬᠤ ᠪᠠ ᠨᠤᠭᠤᠭᠠᠷᠠᠭᠤᠯᠬᠤ ᠠᠵᠢᠯᠯᠠᠭ᠎ᠠ ᠶᠢ ᠬᠦᠨᠵᠡᠬᠡᠢ ᠠᠬᠢᠭᠤᠯᠤᠨ᠎ᠠ᠃ ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ ᠦᠵᠡᠰᠬᠦᠯᠡᠩᠳᠤ ᠰᠠᠶᠢᠬᠠᠨ ᠠᠶᠢᠯ ᠳᠤᠰᠬᠤᠨ ᠪᠠ ᠦᠵᠡᠰᠬᠦᠯᠡᠩᠳᠤ ᠰᠠᠶᠢᠬᠠᠨ ᠬᠦᠷᠢᠶ᠎ᠡ ᠬᠠᠰᠢᠶ᠎ᠡ ᠶᠢᠨ ᠵᠢᠱᠢᠶ᠎ᠡ ᠦᠵᠡᠬᠦᠯᠵᠤ ᠡᠬᠦᠳᠤᠨ ᠪᠠᠶᠢᠭᠤᠯᠬᠤ ᠠᠵᠢᠯᠯᠠᠭ᠎ᠠ ᠦᠷᠨᠢᠬᠦᠯᠤᠨ᠎ᠠ᠃      ︵ᠠᠷᠪᠠᠨ ᠳᠣᠯᠤᠭ᠎ᠠ︶ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠦᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠡᠬᠢ ᠪᠠᠶᠠᠯᠢᠭ ᠢ ᠲᠡᠩᠴᠡᠭᠦᠷᠢᠲᠡᠢ ᠲᠤᠬᠢᠷᠠᠭᠤᠯᠬᠤ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠰᠢᠶᠠᠨ ᠰᠢᠶᠠᠩ ᠲᠣᠰᠬᠤᠨ ᠳᠤ ᠬᠠᠩᠭᠠᠬᠤ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠨ᠂ ᠪᠠᠷᠢᠮᠵᠢᠶ᠎ᠠ ᠶᠢᠨ ᠨᠢᠭᠡᠳᠤᠯ᠂ ᠲᠦᠷᠢᠮ ᠤᠨ ᠨᠢᠭᠡᠳᠤᠯ ᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠳᠤ ᠦᠯᠡᠳᠡᠬᠡᠬᠦ ᠴᠢᠬᠤᠯᠠ ᠲᠠᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠵᠦ᠂ ᠰᠢᠶᠠᠨ ᠤ ᠬᠤᠲᠠ ᠪᠠ ᠲᠥᠪ ᠪᠠᠯᠭᠠᠰᠤᠨ ᠳᠤ ᠨᠢᠭᠡ ᠪᠦᠯᠦᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠤᠯᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠭᠠᠢ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠶᠠᠨ ᠤ ᠬᠡᠪᠴᠢᠶᠡᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠰᠣᠯᠢᠯᠴᠠᠭᠤᠯᠤᠨ ᠠᠵᠢᠯ ᠤᠨ ᠪᠠᠶᠢᠷᠢ ᠡᠭᠡᠯᠵᠢᠯᠡᠭᠦᠯᠬᠦ ᠶᠢ ᠠᠬᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠠᠮᠲᠤ ᠴᠣᠭᠴᠠ ᠶᠢ ᠪᠠᠶᠢᠭᠤᠯᠬᠤ ᠶᠢ ᠳᠡᠮᠵᠢᠨ᠎ᠡ᠃ ᠲᠠᠷᠢᠶᠠᠴᠢᠳ ᠤᠨ ᠠᠵᠢᠯ ᠣᠯᠵᠤ ᠦᠶ᠋ᠯᠡᠰ ᠪᠤᠰᠬᠠᠬᠤ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠤᠯᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠬᠥᠭᠵᠢᠭᠦᠯᠵᠦ᠂ ᠨᠢᠭᠡ ᠪᠦᠯᠦᠭ ᠠᠵᠤ ᠦᠢᠯᠡᠰ ᠬᠢᠭᠡᠳ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠠᠭᠤᠷᠢᠨ ᠢ ᠪᠥᠲᠥᠭᠡᠨ ᠪᠠᠶᠢᠭᠤᠯᠤᠨ᠎ᠠ᠃ ᠲᠠᠷᠢᠶᠠᠯᠠᠬᠤ ᠶᠢᠨ ᠲᠠᠭᠠᠤ ᠰᠤᠷᠤᠯᠴᠠᠬᠤ ᠰᠤᠷᠭᠠᠨ ᠬᠥᠮᠦᠵᠢᠯ ᠢ ᠦᠷᠨᠢᠬᠦᠯᠦᠨ᠎ᠠ᠃ ᠬᠥᠳᠡᠭᠡ ᠲᠣᠰᠬᠤᠨ ᠳᠤ ᠬᠠᠨᠳᠤᠭᠤᠯᠤᠭᠰᠠᠨ ᠰᠦᠯᠵᠢᠶᠡᠨ ᠤ ᠰᠤᠷᠭᠠᠨ ᠬᠥᠮᠦᠵᠢᠯ ᠢ ᠲᠦᠷᠭᠡᠳᠭᠡᠨ ᠬᠥᠭᠵᠢᠭᠦᠯᠦᠨ᠎ᠡ᠃ ᠬᠦᠳᠡᠭᠡ ᠠᠵᠤ ᠠᠬᠤᠢ ᠳᠤ ᠬᠤᠯᠪᠣᠭᠳᠠᠬᠰᠠᠨ ᠳᠡᠭᠡᠳᠦ ᠰᠤᠷᠭᠠᠭᠤᠯᠢ ᠂ ᠬᠦᠳᠡᠭᠡ ᠠᠵᠤ ᠠᠬᠤᠢ ᠳᠤ ᠬᠤᠯᠪᠣᠭᠳᠠᠬᠰᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠦᠳᠡᠭᠡ ᠠᠵᠤ ᠠᠬᠤᠢ ᠳᠤ ᠬᠤᠯᠪᠣᠭᠳᠠᠬᠰᠠᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠷᠡᠭᠦᠯ ᠡᠩᠬᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠠᠷᠢᠮᠵᠢᠶᠠᠵᠢᠭᠤᠯᠬᠤ ᠪᠠᠶᠢᠭᠤᠯᠤᠯᠲᠠ ᠪᠤᠯᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠡᠮᠴᠢ ᠶᠢ ᠠᠵᠢᠯ ᠡᠷᠭᠢᠯᠡᠭᠴᠢ ︵ᠲᠤᠰᠠᠯᠠᠭᠴᠢ︶ ᠡᠮᠴᠢ ᠪᠤᠯᠭᠠᠨ ᠬᠤᠪᠢᠷᠠᠭᠤᠯᠬᠤ ᠶᠢ ᠠᠬᠢᠭᠤᠯᠵᠤ᠂ ᠲᠣᠮᠢᠯᠠᠨ ᠰᠠᠭᠤᠯᠭᠠᠬᠤ᠂ ᠲᠣᠭᠤᠷᠢᠨ ᠡᠮᠴᠢᠯᠡᠬᠦ ᠵᠡᠷᠭᠡ ᠠᠷᠭ᠎ᠠ ᠬᠡᠯᠪᠡᠷᠢ ᠶᠢ ᠠᠪᠴᠤ ᠪᠠᠶᠢᠭᠠᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢᠯᠡᠬᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠣᠩᠭᠤᠨ ᠪᠠᠶᠢᠭᠤᠯᠤᠨ᠎ᠠ᠃ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠬᠦᠨᠳᠦ ᠶᠡᠭᠡ ᠬᠢᠵᠢᠭ ᠤᠨ ᠪᠠᠶᠢᠳᠠᠯ ᠵᠢᠴᠢ ᠭᠡᠨᠡᠳᠲᠡ ᠡᠬᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠬᠡᠨ ᠤ ᠳᠠᠭᠠᠳᠬᠠᠯ ᠤᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠬᠡ ᠨᠢᠯᠬᠠᠰ ᠤᠨ ᠦᠢᠯᠡᠴᠢᠯᠡᠭᠡ᠂ ᠨᠠᠰᠤᠲᠠᠶᠢᠴᠤᠳ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠪᠣᠯᠤᠨ ᠦᠶ᠋ᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠠᠵᠢᠯ ᠣᠯᠭᠤᠬᠤ ᠦᠶ᠋ᠯᠡᠴᠢᠯᠡᠭᠡᠨ ᠤ ᠪᠠᠶᠢᠭᠤᠯᠤᠮᠵᠢ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠰᠢᠨ᠎ᠡ ᠨᠢᠭᠡ ᠦᠶ᠎ᠡ ᠶᠢᠨ ᠬᠥᠯᠥᠰᠥᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠡᠮᠴᠢᠯᠡᠬᠡᠨ ᠤ ᠳᠠᠭᠠᠳᠬᠠᠯ ᠤᠨ ᠨᠢᠭᠡᠳᠦᠯᠲᠡᠢ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠨᠥᠬᠦᠪᠥᠷᠢ ᠶᠢᠨ ᠪᠠᠷᠢᠮᠵᠢᠶ᠎ᠠ ᠪᠠ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠬᠦᠨᠳᠦ ᠶᠡᠭᠡ ᠡᠪᠡᠳᠴᠢᠨ ᠡᠮᠭᠡᠭ ᠤᠨ ᠡᠮᠴᠢᠯᠡᠬᠡᠨ ᠤ ᠳᠠᠭᠠᠳᠬᠠᠯ ᠪᠤᠯᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠲᠣᠭᠲᠠᠭᠠᠬᠤ ᠪᠠ ᠬᠡᠪ ᠤᠨ ᠲᠣᠬᠢᠷᠠᠭᠤᠯᠤᠯᠲᠠ ᠬᠢᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠦᠷᠢᠮ ᠢ ᠨᠢᠭᠡᠳᠦᠯᠲᠡᠢ ᠲᠥᠯᠥᠪᠯᠡᠨ ᠬᠦᠭᠵᠢᠬᠦᠯᠬᠦ ᠶᠢ ᠠᠬᠢᠭᠤᠯᠵᠤ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ ᠡᠮᠡᠭᠲᠡᠶᠢᠴᠦᠳ᠂ ᠨᠠᠰᠤᠲᠠᠶᠢᠴᠤᠳ ᠵᠢᠴᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠨ᠎ᠠ᠃ ᠰᠢᠶᠠᠨ ᠰᠢᠶᠠᠩ ᠲᠣᠰᠬᠤᠨ ᠢ ᠵᠣᠯᠭᠠᠯᠴᠠᠭᠤᠯᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠲᠡᠬᠦᠯᠳᠡᠷᠵᠢᠬᠦᠯᠵᠤ᠂ ᠲᠣᠰᠬᠤᠨ ᠤ ᠱᠠᠲᠤᠨ ᠤ ᠵᠣᠯ ᠵᠢᠷᠭᠠᠯ ᠤᠨ ᠬᠦᠷᠢᠶᠡᠯᠡᠩ᠂ ᠡᠳᠦᠷ ᠤᠨ ᠠᠰᠠᠷᠠᠨ ᠬᠠᠷᠠᠭᠠᠯᠵᠠᠬᠤ ᠲᠥᠪ ᠵᠡᠷᠭᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠲᠠᠯ᠎ᠠ ᠪᠠᠷ ᠰᠢᠨ᠎ᠡ ᠶᠢ ᠡᠭᠦᠳᠦᠨ ᠬᠡᠷᠡᠭᠵᠢᠭᠦᠯᠦᠨ᠎ᠡ᠃      ︵ᠠᠷᠪᠠᠨ ᠨᠠᠢᠮᠠ︶ ᠬᠥᠳᠡᠭᠡ ᠲᠣᠰᠬᠤᠨ ᠤ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠰᠢᠶᠠᠨ ᠰᠢᠶᠠᠩ ᠳᠤᠰᠬᠤᠨ ᠭᠤᠷᠪᠠᠨ ᠱᠠᠲᠤᠨ ᠤ ᠬᠥᠳᠡᠭᠡ ᠲᠣᠰᠬᠤᠨ ᠤ ᠡᠳ᠋ ᠪᠠᠷᠠᠭ᠎ᠠ ᠶᠢᠨ ᠭᠦᠢᠯᠭᠡᠭᠡ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠢᠯᠡᠭᠡᠵᠦ ᠭᠤᠪᠢᠭᠤᠯᠬᠤ ᠡᠳ᠋ ᠪᠠᠷᠠᠭ᠎ᠠ ᠶᠢᠨ ᠭᠦᠢᠯᠭᠡᠭᠡ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠵᠦ᠂  ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠪᠠ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠳᠠ ᠳᠤ ᠣᠷᠣᠭᠤᠯᠬᠤ ᠶᠢ ᠭᠦᠨᠵᠡᠭᠡᠶ ᠠᠬᠢᠭᠤᠯᠵᠤ᠂ ᠬᠤᠳᠠ ᠬᠥᠳᠡᠭᠡ ᠶᠢᠨ ᠦᠢᠯᠡᠳᠪᠦᠷᠢᠯᠡᠯ ᠬᠢᠬᠡᠳ ᠬᠡᠷᠡᠭᠯᠡᠭᠡ ᠶᠢ ᠪᠦᠲᠦᠮᠵᠢᠲᠡᠶ ᠵᠤᠯᠭᠠᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠪᠠᠬᠢᠯᠢᠭ᠌ ᠬᠡᠷᠡᠭᠯᠡᠭᠡᠨ ᠤ ᠪᠣᠳᠠᠰ ᠤᠨ ᠰᠢᠨᠡᠳᠦᠨ ᠰᠣᠯᠢᠭᠳᠠᠬᠤ ᠶᠢ ᠠᠬᠢᠭᠤᠯᠤᠨ᠎ᠠ᠃ ᠬᠦᠳᠡᠭᠡ ᠠᠵᠦ ᠠᠬᠤᠢ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠦ ᠰᠢᠨ᠎ᠡ ᠰᠣᠷᠭᠤᠭ ᠪᠠᠶᠢᠯᠭᠠᠬᠤ ᠬᠦᠢᠳᠡᠨ ᠬᠡᠯᠬᠢᠶᠡᠲᠦ ᠡᠳ᠋ ᠪᠠᠷᠠᠭ᠎ᠠ ᠶᠢᠨ ᠭᠦᠢᠯᠭᠡᠭᠡᠨ ᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠦᠳᠡᠭᠡ ᠠᠵᠦ ᠠᠬᠤᠢ ᠶᠢᠨ ᠪᠠᠭ᠎ᠠ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠦᠢᠳᠡᠨ ᠬᠡᠯᠬᠢᠶᠡᠲᠦ ᠲᠥᠬᠦᠭᠡᠷᠦᠮᠵᠢ᠂ ᠭᠠᠷᠤᠯᠲᠠ ᠶᠢᠨ ᠣᠷᠣᠨ ᠤ ᠳᠣᠣᠷ᠎ᠠ ᠳᠤᠯᠠᠭᠠᠨ ᠳᠤ ᠰᠢᠭᠤᠳ ᠪᠣᠷᠣᠯᠠᠭᠤᠯᠵᠤ ᠲᠣᠬᠢᠷᠠᠭᠤᠯᠤᠨ ᠬᠦᠷᠭᠡᠬᠦ ᠲᠥᠪ᠂ ᠤᠯᠤᠰ ᠤᠨ ᠭᠤᠣᠯᠯᠠᠬᠤ ᠬᠦᠢᠳᠡᠨ ᠬᠡᠯᠬᠢᠶᠡᠲᠦ ᠡᠳ᠋ ᠪᠠᠷᠠᠭ᠎ᠠ ᠶᠢᠨ ᠭᠦᠢᠯᠭᠡᠭᠡ ᠶᠢᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠳᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠰᠦᠯᠵᠢᠶ᠎ᠡ ᠪᠠ ᠪᠤᠳᠠᠳᠤ ᠴᠤᠭᠴᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠲᠣᠣᠷ ᠴᠡᠭ ᠢ ᠬᠥᠭᠵᠢᠭᠦᠯᠵᠦ᠂ ᠳᠥᠭᠦᠮᠴᠢᠯᠡᠭᠰᠡᠨ᠂ ᠨᠠᠷᠢᠯᠢᠬᠵᠢᠭᠤᠯᠤᠭᠰᠠᠨ᠂ ᠴᠢᠨᠠᠷᠵᠢᠭᠤᠯᠤᠬᠰᠠᠨ ᠬᠦᠭᠵᠢᠯᠳᠡ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠲᠡᠰ ᠳᠡᠪᠰᠢᠬᠦ ᠬᠡᠷᠡᠭᠴᠡᠭᠡ ᠶᠢ ᠬᠠᠩᠭᠠᠨ᠂ ᠬᠤᠳᠠ ᠶᠢᠨ ᠰᠠᠭᠤᠭᠠᠯᠢ ᠠᠷᠠᠳ ᠤᠨ ᠬᠦᠳᠡᠭᠡ ᠳᠤ ᠬᠦᠷᠴᠤ ᠬᠡᠷᠡᠭᠯᠡᠭᠡ ᠬᠢᠬᠦ ᠶᠢ ᠤᠷᠮᠠᠰᠢᠭᠤᠯᠤᠨ ᠲᠠᠳᠠᠨ᠎ᠠ᠃      ︵ᠠᠷᠪᠠ ᠶᠢᠰᠦ︶ ᠰᠢᠶᠠᠨ ᠤ ᠬᠡᠪᠴᠢᠶᠡᠨ ᠳᠠᠬᠢ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ ᠬᠥᠮᠦᠨ ᠢᠶᠠᠷ ᠭᠤᠤᠯ ᠪᠤᠯᠭᠠᠬᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ ᠂ ᠲᠣᠮᠣ ᠳᠤᠮᠳᠠ ᠪᠠᠭ᠎ᠠ ᠬᠤᠲᠠ ᠪᠤᠯᠤᠨ ᠪᠠᠭ᠎ᠠ ᠬᠤᠲᠠ ᠪᠠᠯᠭᠠᠰᠤ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ ᠃ ᠰᠢᠶᠠᠨ ᠤ ᠬᠡᠪᠴᠢᠶ᠎ᠡ ᠶᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠰᠢᠪᠳᠤᠯᠤᠯᠳᠠ ᠶᠢᠨ ᠴᠡᠭ ᠪᠣᠯᠭᠠᠵᠤ᠂ ᠨᠢᠭᠡᠳᠦᠯᠲᠡᠶ ᠲᠦᠯᠦᠪᠵᠢᠭᠦᠯᠬᠦ ᠪᠠ ᠦᠵᠦ ᠲᠥᠯᠥᠪᠯᠡᠭᠡ ᠶᠢ ᠴᠢᠩᠭᠠᠳᠬᠠᠨ᠂ ᠬᠤᠲᠠ ᠬᠥᠳᠡᠭᠡ ᠰᠠᠯᠤᠩᠬᠢᠷᠠᠭᠰᠠᠨ ᠪᠠᠶᠢᠭᠤᠯᠤᠯ ᠤᠨ ᠬᠡᠮ ᠰᠣᠭᠤᠭ ᠢ ᠠᠷᠢᠯᠭᠠᠵᠤ᠂ ᠬᠤᠲᠠ ᠬᠥᠳᠡᠭᠡ ᠶᠢᠨ ᠬᠦᠴᠦᠨ ᠵᠦᠶ᠋ᠯ ᠤᠨ ᠡᠷᠬᠡ ᠲᠡᠭᠰᠢ ᠪᠠᠷ ᠰᠣᠯᠢᠯᠴᠠᠬᠤ᠂ ᠬᠤᠤᠰ ᠴᠢᠭᠯᠡᠯ ᠢᠶᠠᠷ ᠰᠢᠯᠵᠢᠬᠦ ᠲᠦᠷᠢᠮ ᠤᠨ ᠴᠢᠨᠠᠷᠲᠠᠶ ᠵᠠᠮ ᠱᠤᠭᠤᠮ ᠢ ᠲᠦᠷᠭᠡᠨ ᠨᠡᠪᠲᠡᠷᠡᠭᠦᠯᠦᠨ᠎ᠡ᠃ ᠰᠢᠶᠠᠨ ᠤ ᠬᠡᠪᠴᠢᠶᠡᠨ ᠤ ᠠᠵᠤ ᠦᠢᠯᠡᠰ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ᠂ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ᠂ ᠠᠶᠢᠯ ᠲᠣᠰᠬᠤᠨ ᠤ ᠲᠠᠷᠬᠠᠯᠲᠠ ᠵᠡᠷᠭᠡ ᠣᠷᠣᠨ ᠵᠠᠶ ᠶᠢᠨ ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠯᠡᠵᠤ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠰᠢᠶᠠᠩ ᠪᠠᠯᠭᠠᠰᠤ ᠶᠢ ᠲᠠᠷᠢᠶᠠᠴᠢᠳ ᠲᠤ ᠦᠢᠯᠡᠴᠢᠯᠡᠬᠦ ᠣᠷᠣᠨ ᠪᠦᠰᠡ ᠶᠢᠨ ᠲᠥᠪ ᠪᠣᠯᠭᠠᠨ ᠪᠦᠲᠦᠭᠡᠨ ᠪᠠᠶᠢᠭᠤᠯᠵᠤ᠂ ᠰᠢᠶᠠᠨ ᠰᠢᠶᠠᠩ ᠳᠤᠰᠬᠤᠨ ᠤ ᠴᠢᠳᠠᠮᠵᠢ ᠶᠢ ᠬᠠᠷᠢᠯᠴᠠᠨ ᠵᠤᠯᠭᠠᠭᠤᠯᠵᠤ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃ ᠰᠢᠶᠠᠨ ᠤ ᠠᠵᠤ ᠠᠬᠤᠶ ᠶᠢ ᠪᠤᠵᠠᠭᠠᠶᠢᠷᠠᠭᠤᠯᠤᠨ᠂ ᠲᠣᠬᠢᠷᠠᠮᠵᠢᠲᠠᠶ ᠠᠵᠤ ᠦᠶ᠋ᠯᠡᠰ ᠤᠨ ᠰᠢᠯᠵᠢᠯᠲᠡ ᠶᠢ ᠵᠠᠯᠭᠠᠨ ᠠᠪᠴᠤ᠂ ᠲᠤᠯᠭᠠᠭᠤᠷᠢ ᠠᠵᠤ ᠦᠶ᠋ᠯᠡᠰ ᠢ ᠪᠤᠶᠢᠵᠢᠭᠤᠯᠤᠨ᠎ᠠ᠃ ᠵᠢᠵᠢᠭ ᠬᠤᠲᠠ ᠪᠠᠯᠭᠠᠰᠤ ᠶᠢᠨ ᠬᠥᠭᠵᠢᠯᠲᠡ ᠶᠢ ᠲᠦᠷᠭᠡᠳᠬᠡᠨ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠪᠠᠭ᠎ᠠ ᠬᠤᠲᠠ ᠪᠠᠯᠭᠠᠰᠤ ᠶᠢᠨ ᠬᠤᠳᠠ ᠲᠠᠢ ᠬᠤᠯᠪᠤᠬᠤ᠂ ᠬᠦᠳᠡᠭᠡ ᠳᠤᠰᠬᠤᠨ ᠳᠤ ᠦᠢᠯᠡᠴᠢᠯᠡᠬᠦ ᠦᠢᠯᠡᠳᠦᠯ ᠢ ᠪᠠᠳᠠᠷᠠᠭᠤᠯᠤᠨ᠎ᠠ᠃ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠳᠠ ᠪᠠᠯᠭᠠᠰᠤᠵᠢᠯᠳᠠ ᠶᠢᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠪᠠᠭ᠎ᠠ ᠬᠤᠳᠠ ᠶᠢᠨ ᠪᠠᠷᠢᠮᠵᠢᠶ᠎ᠠ ᠶᠣᠰᠣᠭᠠᠷ ᠰᠢᠶᠠᠨ ᠤ ᠬᠤᠳᠠ ᠶᠢ ᠪᠥᠳᠥᠭᠡᠨ ᠪᠠᠶᠢᠭᠤᠯᠤᠨ᠎ᠠ᠃ ᠡᠷᠬᠡ ᠶᠢ ᠥᠷᠭᠡᠳᠬᠡᠨ ᠪᠠᠯᠭᠠᠰᠤ ᠶᠢ ᠬᠦᠴᠦᠷᠬᠡᠭᠵᠢᠭᠦᠯᠬᠦ ᠶᠢ ᠢᠳᠡᠪᠬᠢᠲᠡᠶ ᠠᠬᠢᠭᠤᠯᠵᠤ᠂ ᠨᠢᠭᠡ ᠪᠦᠯᠦᠭ ᠭᠤᠣᠯᠳᠠᠯᠭ᠎ᠠ ᠲᠠᠢ ᠪᠠᠯᠭᠠᠰᠤ ᠶᠢ ᠲᠥᠯᠥᠪᠵᠢᠭᠦᠯᠦᠨ ᠪᠦᠳᠦᠭᠡᠨ ᠪᠠᠶᠢᠭᠤᠯᠤᠨ᠎ᠠ᠃ ᠬᠦᠳᠡᠭᠡ ᠳᠤᠰᠬᠤᠨ ᠤ ᠪᠥᠬᠦ ᠣᠷᠣᠨ ᠪᠦ᠋ᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠥᠷᠨᠢᠭᠦᠯᠦᠨ᠎ᠡ᠃ ᠰᠢᠶᠠᠨ ᠤ ᠬᠡᠪᠴᠢᠶᠡᠨ ᠳᠤ ᠠᠵᠢᠯ ᠤᠯᠤᠭᠰᠠᠨ ᠬᠥᠯᠥᠰᠥᠨ ᠠᠵᠢᠯᠴᠢᠳ ᠤᠨ ᠲᠤᠬᠠᠶ ᠶᠢᠨ ᠭᠠᠵᠠᠷ ᠲᠠᠭᠠᠨ ᠬᠤᠳᠠ ᠶᠢᠨ ᠠᠷᠠᠳ ᠪᠤᠯᠬᠤ ᠶᠢ ᠠᠬᠢᠭᠤᠯᠵᠤ᠂ ᠬᠤᠳᠠ ᠤᠷᠤᠭᠰᠠᠨ ᠲᠠᠷᠢᠶᠠᠴᠢᠳ ᠤᠨ ᠬᠠᠳᠠᠭᠤ ᠬᠡᠷᠡᠭᠴᠡᠭᠡ ᠳᠤ ᠵᠣᠬᠢᠴᠠᠭᠰᠠᠨ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠣᠷᠣᠨ ᠨᠤᠲᠤᠭ ᠤᠨ ᠬᠢᠨ ᠤ ᠨᠤᠲᠤᠭ ᠲᠠᠭᠠᠨ ᠪᠤᠴᠠᠭᠰᠠᠳ ᠤᠨ ᠦᠶ᠋ᠯᠡᠰ ᠪᠤᠰᠬᠠᠬᠤ ᠬᠦᠷᠢᠶᠡᠯᠡᠩ ᠪᠠ ᠨᠡᠪᠴᠢᠭᠦᠯᠬᠦ ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠᠶᠢᠭᠤᠯᠬᠤ ᠶᠢ ᠵᠣᠷᠢᠭᠵᠢᠭᠤᠯᠤᠨ᠎ᠠ᠃      ︵ᠬᠤᠷᠢ︶ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠦᠷᠭᠦᠯᠵᠢᠯᠡᠨ ᠡᠩ ᠤᠨ ᠣᠯᠠᠨ ᠨᠡᠶᠢᠲᠡ ᠶᠢᠨ ᠲᠥᠰᠦᠪ ᠤᠨ ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠣᠯᠭᠠᠨ᠎ᠠ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠦᠳᠡᠭᠡ ᠠᠵᠤ ᠠᠬᠤᠢ ᠬᠥᠳᠡᠭᠡ ᠲᠣᠰᠬᠤᠨ ᠲᠡᠶᠢᠰᠢ ᠤᠯᠠᠮ ᠨᠢᠭᠡ ᠠᠯᠬᠤᠮ ᠬᠡᠯᠪᠠᠶᠢᠯᠭᠡᠨ᠎ᠡ᠃ ᠭᠠᠵᠠᠷ ᠰᠢᠷᠣᠶ ᠬᠤᠳᠠᠯᠳᠤᠭᠰᠠᠨ ᠠᠰᠢᠭ ᠣᠷᠣᠯᠭ᠎ᠠ ᠶᠢ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠬᠦ ᠲᠤᠬᠠᠢ ᠬᠢᠨᠠᠨ ᠰᠢᠯᠭᠠᠬᠤ ᠠᠷᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠲᠣᠭᠲᠠᠭᠠᠯ ᠶᠣᠰᠣᠭᠠᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠳᠡᠭᠡ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠳᠤ ᠪᠤᠯᠤᠨ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠳᠤ ᠶᠢ ᠤᠳᠤ ᠥᠶ᠎ᠠ ᠶᠢᠨ ᠬᠥᠳᠡᠭᠡ ᠠᠵᠤ ᠠᠬᠤᠢ ᠶᠢᠨ ᠲᠥᠬᠦᠬᠡᠷᠥᠮᠵᠢ ᠶᠢᠨ ᠪᠥᠳᠥᠭᠡᠨ ᠪᠠᠶᠢᠭᠤᠯᠤᠯᠳᠠ ᠪᠠ ᠬᠥᠳᠡᠭᠡ ᠲᠤᠰᠬᠤᠨ ᠤ ᠪᠥᠳᠥᠭᠡᠨ ᠪᠠᠶᠢᠭᠤᠯᠤᠯᠳᠠ ᠳᠤ ᠭᠡᠷᠡᠭᠯᠡᠬᠦ ᠶᠢ ᠲᠡᠮᠵᠢᠵᠥ᠂ ᠭᠡᠷᠡᠭᠵᠢᠬᠦᠯᠬᠦ ᠵᠢᠯᠥᠭᠤᠳᠤᠮᠵᠢ ᠲᠤᠬᠳᠠᠭᠠᠨ᠂ ᠴᠢᠨᠠᠷ ᠰᠠᠶᠢᠲᠠᠶ ᠲᠥᠷᠥᠯ ᠵᠦᠶ᠋ᠯ ᠢ ᠨᠥᠭᠡᠴᠡᠯᠡᠬᠦ ᠠᠵᠢᠯ ᠢ ᠰᠠᠶᠢᠲᠤᠷ ᠬᠢᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠵᠢᠭᠰᠡᠨ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠬᠤ ᠶᠢ ᠳᠡᠮᠵᠢᠵᠦ᠂ ᠮᠥᠩᠭᠦᠨ ᠭᠦᠶ᠋ᠯᠭᠡᠭᠡᠨ ᠤ ᠬᠥᠷᠥᠩᠭᠡ᠂ ᠨᠡᠶᠢᠭᠡᠮ ᠤᠨ ᠬᠦᠴᠦᠨ ᠤ ᠣᠷᠣᠯᠴᠠᠬᠤ ᠶᠢ ᠳᠠᠶᠢᠴᠢᠯᠠᠨ᠂ ᠬᠥᠳᠡᠭᠡ ᠲᠣᠰᠬᠤᠨ ᠤ ᠠᠵᠤ ᠦᠶ᠋ᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠳᠡᠮᠵᠢᠨ᠎ᠡ᠃ ᠬᠥᠳᠡᠭᠡ ᠠᠵᠤ ᠠᠬᠤᠢ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠦᠳᠡᠭᠡ ᠠᠵᠤ ᠠᠬᠤᠢ ᠶᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ᠂ ᠳᠠᠬᠢᠨ ᠪᠡᠯᠡᠨ ᠵᠣᠭᠤᠰ ᠰᠣᠯᠢᠬᠤ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠬᠠᠮᠤᠭ ᠤᠨ ᠬᠠᠷᠠᠭᠠᠯᠵᠠᠯ ᠲᠠᠢ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠶᠢ ᠬᠡᠷᠡᠭᠵᠢᠭᠦᠯᠵᠦ᠂ ᠪᠠᠶᠢᠭᠤᠯᠤᠮᠵᠢ ᠬᠠᠤᠯᠢ ᠶᠢᠨ ᠡᠷᠬᠡᠲᠡᠨ ᠤ ᠰᠢᠶᠠᠨ ᠤ ᠬᠡᠪᠴᠢᠶ᠎ᠡ ᠂ ᠲᠤᠬᠠᠶᠢᠯᠠᠭᠰᠠᠨ ᠠᠵᠢᠯ ᠨᠢ ᠰᠢᠶᠠᠨ ᠤ ᠬᠡᠪᠴᠢᠶᠡᠨ ᠳᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠭ ᠳᠤᠰᠤᠯᠳᠠ ᠳᠠᠭᠠᠨ ᠪᠤᠴᠠᠬᠤ ᠶᠢ ᠠᠬᠢᠭᠤᠯᠤᠨ᠎ᠠ᠃ ᠪᠠᠩᠬᠢ ᠶᠢᠨ ᠦᠶ᠋ᠯᠡᠰ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠴᠢᠯᠡᠬᠦ ᠳᠣᠲᠣᠭᠠᠳᠤ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠪᠠ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠠᠷᠢᠶᠠᠴᠢᠳ ᠤᠨ ᠬᠤᠷᠰᠢᠶᠠᠨ ᠤ ᠳᠣᠲᠣᠭᠠᠳᠤ ᠶᠢᠨ ᠢᠲᠡᠭᠡᠮᠵᠢ ᠶᠢᠨ ᠬᠠᠮᠲᠤᠷᠠᠯᠴᠠᠭᠠᠨ ᠤ ᠲᠤᠷᠰᠢᠯᠲᠠ ᠶᠢ ᠯᠠᠪᠳᠠᠭᠤᠨ ᠪᠠᠳᠤᠳᠠᠢ ᠡᠮᠬᠢ ᠵᠢᠷᠤᠮ ᠲᠠᠢ ᠥᠷᠨᠢᠭᠦᠯᠦᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠪᠣᠯᠤᠨ ᠲᠤᠭ᠎ᠠ ᠬᠡᠮᠵᠢᠶ᠎ᠡ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠬᠢᠨᠠᠯᠲᠠ ᠬᠠᠮᠢᠶᠠᠷᠤᠯᠲᠠ᠂ ᠠᠶᠤᠯ ᠲᠦᠭᠰᠢᠭᠦᠷᠢ ᠶᠢ ᠠᠷᠢᠯᠭᠠᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠨ᠎ᠡ᠃ ᠬᠥᠳᠡᠭᠡ ᠠᠵᠤ ᠠᠬᠤᠢ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠰᠠᠯᠳᠠ ᠶᠢᠨ ᠪᠦᠲᠦᠴᠡ ᠪᠣᠯᠤᠨ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠬᠤᠲᠠ ᠰᠢᠶᠠᠨ ᠤ ᠣᠷᠣᠨ ᠪᠦᠰᠡ ᠶᠢᠨ ᠳᠣᠲᠣᠷ᠎ᠠ ᠬᠥᠳᠡᠭᠡ ᠠᠵᠤ ᠠᠬᠤᠢ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳ᠋ᠠᠶᠢᠲ᠋ᠠ ᠬᠥᠮᠥᠷᠭᠡ ᠪᠠᠶᠢᠭᠤᠯᠬᠤ ᠶᠢ ᠳᠡᠮᠵᠢᠵᠦ᠂ 3 ᠵᠢᠯ ᠤᠨ ᠬᠤᠭᠤᠴᠠᠭᠠᠨ ᠳᠤ ᠨᠡᠯᠢᠶᠡᠳ ᠲᠡᠭᠦᠯᠳᠡᠷᠵᠢᠭᠰᠡᠨ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠢᠲᠡᠭᠡᠮᠵᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠲᠣᠭᠠᠴᠢᠯᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠬᠥᠭᠵᠢᠭᠦᠯᠦᠨ᠎ᠡ᠃ ᠲᠠᠷᠢᠶᠠᠯᠠᠬᠤ ᠡᠷᠦᠬᠡ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠪᠠᠲᠤᠯᠠᠭ᠎ᠠ ᠶᠢᠨ ᠬᠠᠭᠤᠳᠠᠰᠤ ᠪᠠᠷ ᠲᠡᠨᠵᠢᠯᠡᠭᠰᠡᠨ ᠵᠢᠭᠡᠯᠡᠯᠭᠡ᠂ ᠲᠠᠷᠢᠶᠠᠯᠠᠩ ᠤᠨ ᠮᠠᠰᠢᠨ ᠲᠦᠬᠦᠬᠡᠷᠦᠮᠵᠢ ᠪᠣᠯᠤᠨ ᠲᠣᠮᠣ ᠬᠦᠯᠡᠮᠵᠢ ᠶᠢᠨ ᠲᠦᠬᠦᠬᠡᠷᠦᠮᠵᠢ ᠪᠠᠷ ᠲᠠᠨᠵᠢᠯᠡᠭᠰᠡᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠶᠡᠭᠡ ᠪᠠᠷ ᠥᠷᠨᠢᠭᠦᠯᠦᠨ᠎ᠡ᠃ ᠲᠤᠰᠬᠠᠶ ᠬᠠᠷᠢᠶᠠᠯᠠᠭᠳᠠᠬᠤ ᠮᠥᠩᠭᠦᠨ ᠭᠦᠶ᠋ᠯᠭᠡᠭᠡᠨ ᠤ  ᠦᠢᠯᠡᠳᠬᠦᠨ ᠢ ᠨᠡᠭᠡᠭᠡᠨ ᠬᠥᠭᠵᠢᠭᠦᠯᠵᠦ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠪᠠ ᠬᠥᠳᠡᠭᠡ ᠲᠣᠰᠬᠤᠨ ᠤ ᠰᠢᠨ᠎ᠡ ᠠᠵᠤ ᠦᠶ᠋ᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠳᠡᠮᠵᠢᠵᠦ᠂ ᠠᠩᠬᠠᠨ ᠤ ᠵᠢᠭᠡᠯᠡᠯᠭᠡ᠂ ᠢᠲᠡᠭᠡᠮᠵᠢᠲᠦ ᠵᠢᠭᠡᠯᠡᠯᠭᠡ ᠶᠢ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠲᠤᠮᠳᠠᠬᠢ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠬᠥᠳᠡᠭᠡ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠪᠠᠳᠤᠯᠠᠨ ᠳᠠᠭᠠᠭᠠᠯᠲᠠ ᠶᠢᠨ ᠲᠣᠮᠣᠷᠠᠭᠤᠯᠬᠤ ᠳᠠᠬᠢᠨ ᠲᠤᠭ᠎ᠠ ᠶᠢ ᠬᠡᠮᠵᠢᠶᠡᠵᠢᠭᠦᠯᠦᠨ ᠬᠢᠨᠠᠨ ᠰᠢᠯᠭᠠᠬᠤ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠪᠠᠳᠤᠯᠠᠨ ᠳᠠᠭᠠᠭᠠᠯᠲᠠ ᠶᠢᠨ ᠬᠡᠪᠴᠢᠶ᠎ᠡ ᠶᠢ ᠦᠷᠬᠡᠳᠬᠡᠨ᠎ᠠ᠃ ᠣᠷᠣᠨ ᠨᠤᠲᠤᠭ ᠤᠨ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠭᠠᠳᠬᠠᠯ ᠤᠨ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠠᠷᠭ᠎ᠠ ᠬᠢᠳᠡᠯ ᠢ ᠠᠯᠬᠤᠮ ᠠᠯᠬᠤᠮ ᠢᠶᠠᠷ ᠪᠦᠬᠦ ᠤᠯᠤᠰ ᠲᠤ ᠬᠦᠷᠲᠡᠯ᠎ᠡ ᠥᠷᠭᠡᠳᠬᠡᠨ᠎ᠡ᠃ ᠬᠥᠳᠡᠭᠡ ᠠᠵᠤ ᠠᠬᠤᠢ ᠶᠢᠨ ᠲᠠᠬᠢᠨ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠦᠨ᠎ᠡ᠃ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠦᠢᠯᠴᠢᠯᠡᠬᠦ ᠳᠤᠮᠳᠠᠬᠢ ᠦᠢᠯᠡᠳᠦᠯ ᠢ ᠪᠠᠳᠠᠷᠠᠭᠤᠯᠤᠨ᠎ᠠ᠃      ︵ᠬᠤᠷᠢᠨ ᠨᠢᠭᠡ︶ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠲᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠲᠦᠷᠢᠮ ᠢ ᠭᠤᠶᠢᠪᠢᠰᠢ ᠥᠬᠡᠶ ᠪᠠᠷᠢᠮᠲᠠᠯᠠᠵᠤ᠂ ᠡᠷᠦᠬᠡ ᠳᠤ ᠳᠠᠭᠠᠭᠠᠴᠢᠯᠠᠭᠤᠯᠤᠨ ᠡᠵᠡᠩᠨᠡᠭᠦᠯᠬᠦ ᠰᠠᠭᠤᠷᠢᠯᠠᠬᠤ ᠴᠢᠨᠠᠷᠲᠠᠶ ᠪᠠᠶᠢᠷᠢ ᠰᠠᠭᠤᠷᠢ ᠶᠢ ᠭᠤᠶᠢᠪᠢᠰᠢ ᠥᠬᠡᠶ ᠪᠠᠷᠢᠮᠲᠠᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠲᠤᠷᠰᠢᠯᠲᠠ ᠶᠢ ᠡᠮᠬᠢ ᠴᠡᠭᠴᠡᠳᠡᠢ ᠥᠷᠨᠢᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠪᠦ᠋ᠬᠡᠳ ᠣᠷᠳᠣ ᠬᠤᠭᠤᠴᠠᠭ᠎ᠠ ᠪᠠᠷ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠦᠢᠯᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠦᠷᠢᠮ ᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠦᠯᠡᠳᠡᠵᠦ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭ ᠪᠣᠯᠭᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ᠃ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠵᠡᠷᠭᠡ ᠠᠵᠤ ᠦᠢᠯᠡᠰ ᠤᠨ ᠲᠠᠷᠠᠬᠠᠶ ᠪᠤᠲᠠᠷᠬᠠᠶ ᠪᠠᠶᠢᠷᠢᠰᠢᠯ ᠤᠨ ᠪᠣᠳᠠᠲᠤ ᠬᠡᠷᠡᠭᠴᠡᠭᠡ ᠶᠢ ᠦᠨᠳᠦᠰᠦᠯᠡᠨ᠂ ᠠᠮᠢᠳᠤᠯᠢᠭ ᠪᠥᠭᠡᠳ ᠣᠯᠠᠨ ᠶᠠᠩᠵᠤ ᠶᠢᠨ ᠭᠠᠵᠠᠷ ᠬᠠᠩᠭᠠᠬᠤ ᠰᠢᠨ᠎ᠡ ᠠᠷᠭ᠎ᠠ ᠬᠡᠯᠪᠡᠷᠢ ᠶᠢ ᠰᠦᠪᠡᠭᠴᠢᠯᠡᠨ᠎ᠡ᠃ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠣᠷᠣᠨ ᠰᠠᠭᠤᠴᠠ ᠶᠢᠨ ᠭᠠᠵᠠᠷ ᠤᠨ ᠥᠮᠴᠢᠯᠡᠯ ᠤᠨ ᠡᠷᠬᠡ᠂ ᠬᠢᠷᠢ ᠬᠡᠮ ᠤᠨ ᠡᠷᠬᠡ᠂ ᠬᠡᠷᠡᠭᠯᠡᠬᠦ ᠡᠷᠬᠡ ᠶᠢ ᠰᠠᠯᠭᠠᠬᠤ ᠶᠢ ᠪᠦᠲᠦᠮᠵᠢᠲᠡᠢ ᠪᠡᠶᠡᠯᠡᠭᠦᠯᠬᠦ ᠬᠡᠯᠪᠡᠷᠢ ᠶᠢ ᠬᠠᠶᠢᠨ ᠰᠦᠪᠡᠭᠴᠢᠯᠡᠨ᠎ᠡ ᠃ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠶᠢᠨ ᠭᠠᠵᠠᠷ ᠤᠨ ᠡᠳᠦᠷ ᠲᠤᠲᠤᠮ ᠤᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠠᠵᠢᠯ ᠢ ᠵᠢᠷᠤᠮᠵᠢᠭᠤᠯᠤᠨ ᠥᠷᠨᠢᠭᠦᠯᠵᠦ ᠬᠢᠨᠠᠨ ᠵᠥᠪᠰᠢᠶᠡᠷᠡᠬᠦ ᠶᠢ ᠬᠡᠷᠡᠭᠵᠢᠭᠦᠯᠬᠦ ᠲᠡᠰ ᠲᠠᠷᠠᠭᠠᠯᠠᠯ᠂ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢ ᠲᠤᠬᠢᠷᠠᠭᠤᠯᠬᠤ ᠵᠢᠴᠢ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ 2021 ᠣᠨ ᠳᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠱᠠᠲᠤᠴᠢ ᠴᠢᠨᠠᠷᠲᠠᠶ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠬᠤᠲᠠ ᠳᠤ ᠡᠷᠦᠬᠡ ᠠᠮᠠ ᠤᠷᠤᠭᠰᠠᠨ ᠲᠠᠷᠢᠶᠠᠴᠢᠳ ᠤᠨ ᠭᠠᠵᠠᠷ ᠰᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ ᠶᠢᠨ ᠭᠠᠵᠠᠷ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠬᠤᠪᠢᠶᠠᠷᠢᠯᠠᠬᠤ ᠡᠷᠬᠡ ᠶᠢ ᠪᠠᠲᠤᠯᠠᠵᠤ᠂ ᠬᠠᠤᠯᠢ ᠶᠣᠰᠣᠭᠠᠷ ᠲᠤᠷᠠᠰᠢᠯ ᠠᠴᠠ ᠪᠠᠨ ᠦᠨ᠎ᠠ ᠲᠥᠯᠥᠪᠦᠷᠢ ᠲᠠᠢ ᠪᠠᠷ ᠰᠢᠯᠵᠢᠭᠦᠯᠦᠨ ᠥᠭᠬᠦ ᠪᠣᠳᠠᠲᠠᠶ ᠠᠷᠭ᠎ᠠ ᠶᠢ ᠰᠤᠳᠤᠯᠤᠨ ᠲᠣᠭᠲᠠᠭᠠᠨ᠎ᠠ᠃ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢ ᠰᠢᠯᠵᠢᠭᠦᠯᠦᠨ ᠠᠷᠠᠯᠵᠢᠶᠠᠯᠠᠬᠤ ᠪᠠ ᠬᠠᠮᠢᠶᠠᠷᠤᠯᠳᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠴᠢᠨᠠᠷᠲᠠᠢ ᠠᠷᠠᠯᠵᠢᠶᠠᠨ ᠤ ᠦᠢᠯᠡᠴᠢᠯᠡᠭᠡ ᠬᠠᠩᠭᠠᠨ᠎ᠠ᠃ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠬᠦᠳᠡᠭᠡ ᠠᠵᠤ ᠠᠬᠤᠢ ᠶᠢᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃    ᠲᠠᠪᠤ᠂ ︽ᠬᠦᠳᠡᠭᠡ ᠠᠵᠤ ᠠᠬᠤᠢ ᠬᠦᠳᠡᠭᠡ ᠳᠤᠰᠬᠤᠨ ᠳᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ      ︵ᠬᠤᠷᠢᠨ ᠬᠤᠶᠠᠷ︶ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠠᠵᠢᠯ ᠤᠨ ᠲᠣᠭᠲᠠᠴᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ ᠪᠠ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠠᠴᠠ ᠲᠤᠤᠷᠠᠳᠠᠬᠤ ᠦᠭᠡᠢ ᠶᠤᠮ᠂ ᠡᠷᠬᠡᠪᠰᠢ ᠨᠡᠩ ᠬᠦᠴᠦᠲᠡᠢ ᠠᠷᠭ᠎ᠠ  ᠬᠡᠮᠵᠢᠶ᠎ᠡ ᠠᠪᠴᠤ᠂ ᠨᠡᠩ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠳᠠᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠲᠦᠷᠢᠮ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠠᠴᠠ ᠨᠢᠭᠡᠳᠦᠯᠲᠡᠶ ᠲᠥᠯᠥᠪᠵᠢᠭᠦᠯᠬᠦ᠂ ᠮᠤᠵᠢ ᠠᠴᠠ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠰᠢᠶᠠᠩ ᠤᠨ ᠬᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠦᠷᠢᠨᠰᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ ᠪᠦᠷᠢᠯᠳᠦᠭᠰᠡᠨ ᠵᠣᠬᠢᠶᠠᠨ ᠪᠠᠶᠢᠭᠤᠯᠤᠯᠲᠠ ᠪᠠᠷ ᠠᠬᠢᠭᠤᠯᠬᠤ᠂ ᠴᠢᠬᠤᠯᠠ ᠡᠯᠧᠮᠧᠨ᠋ᠲ ᠢ ᠪᠠᠲᠤᠯᠠᠬᠤ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠬᠠᠮᠵᠢᠯᠴᠠᠨ ᠬᠠᠪᠰᠤᠷᠤᠨ ᠲᠡᠳᠬᠦᠬᠦ᠂ ᠬᠢᠨᠠᠨ ᠰᠢᠯᠭᠠᠵᠤ ᠱᠠᠯᠠᠪᠳᠠᠭᠤᠯᠤᠨ ᠵᠢᠯᠣᠭᠤᠳᠬᠤ ᠵᠡᠷᠭᠡ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠡᠷᠡᠭᠯᠡᠵᠦ ᠂ ᠳᠡᠭᠡᠳᠦ ᠳᠣᠤᠷᠠᠳᠤ ᠱᠠᠲᠤ ᠪᠠᠷ ᠢᠶᠠᠨ ᠨᠡᠪᠲᠡᠷᠡᠯᠴᠡᠭᠰᠡᠨ᠂ ᠤᠨᠤᠴᠠᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠭᠰᠡᠨ᠂ ᠡᠴᠦᠰ ᠲᠤᠨᠢ ᠲᠤᠯᠲᠠᠯ᠎ᠠ ᠠᠳᠬᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠥᠨ᠎ᠠ᠃ ᠮᠤᠵᠢ᠂ ᠬᠤᠲᠠ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠱᠦᠵᠢ ᠭᠤᠣᠯ ᠤᠶᠤᠨ ᠴᠢᠳᠠᠯ ᠢᠶᠠᠨ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠳᠡᠭᠡᠷ᠎ᠡ ᠲᠠᠯᠪᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠯᠴᠠᠬᠤ ᠴᠡᠭ ᠤᠨ ᠳᠦᠷᠢᠮ ᠢ ᠪᠠᠶᠢᠭᠤᠯᠬᠤ ᠳᠤ ᠮᠤᠵᠢ᠂ ᠬᠤᠲᠠ᠂ ᠰᠢᠶᠠᠨ ᠤ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠲᠤ ᠪᠦᠷ ᠬᠠᠷᠢᠯᠴᠠᠬᠤ ᠴᠡᠭ ᠲᠤᠭᠳᠠᠭᠠᠵᠤ ᠦᠭᠬᠦᠨ᠎ᠠ ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠡᠯᠵᠢᠯᠡᠨ ᠪᠣᠯᠪᠠᠰᠤᠷᠠᠯ ᠥᠷᠨᠢᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠦᠭᠵᠢᠬᠦᠯᠤᠨ ᠮᠠᠨᠳᠤᠭᠤᠯᠬᠤ ᠶᠢ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠵᠤ᠂ ᠬᠥᠳᠡᠭᠡ ᠲᠣᠰᠬᠤᠨ ᠤ ᠣᠨᠴᠠᠯᠢᠭ ᠲᠤ ᠲᠤᠬᠢᠷᠠᠬᠰᠠᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠤᠨ᠂ ᠴᠢᠳᠠᠪᠤᠷᠢᠲᠠᠨ ᠤ ᠬᠥᠳᠡᠭᠡ ᠲᠣᠰᠬᠤᠨ ᠳᠤ ᠦᠢᠯᠡᠴᠢᠯᠡᠬᠦ ᠶᠢ ᠤᠷᠮᠠᠰᠢᠭᠤᠯᠤᠨ᠎ᠠ᠃ ᠤᠯᠤᠰ ᠲᠥᠷᠥ ᠶᠢᠨ ᠲᠠᠯ᠎ᠠ ᠪᠠᠷ ᠭᠠᠷᠮᠠᠭᠠᠢ᠂ ᠡᠷᠳᠡᠮ ᠴᠢᠳᠠᠪᠤᠷᠢ ᠲᠠᠢ᠂ ᠣᠪᠣᠷ ᠰᠤᠷᠲᠠᠯ ᠤᠨ ᠲᠠᠯ᠎ᠠ ᠪᠠᠷ ᠪᠠᠲᠤ ᠴᠢᠩᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠩᠨᠡᠭᠡ ᠶᠢ ᠲᠦᠷᠭᠡᠳᠬᠡᠨ ᠪᠠᠶᠢᠭᠤᠯᠵᠤ᠂ ᠰᠢᠯᠢᠳᠡᠭ ᠺᠠᠳ᠋ᠷ ᠢ ᠰᠣᠩᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠤᠨ ᠠᠵᠢᠯ ᠤᠨ ᠪᠠᠶᠢᠷᠢᠨ ᠳᠤ ᠲᠣᠮᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠥᠷᠭᠡᠨ ᠠᠭᠤᠳᠠᠮ ᠲᠠᠪᠴᠠᠩ ᠪᠣᠯᠭᠠᠨ᠂ ᠪᠡᠷᠬᠡ ᠬᠠᠲᠠᠭᠤᠵᠢᠯᠲᠠᠶ ᠭᠠᠵᠠᠷ ᠣᠷᠣᠨ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠪᠤᠳᠠᠳᠤ ᠠᠮᠵᠢᠯᠳᠠ ᠪᠠᠷ ᠲᠣᠪᠤᠶᠢᠮ᠎ᠠ ᠺᠠᠳ᠋ᠷ ᠢ ᠤᠷᠢᠳ ᠢᠶᠠᠷ ᠴᠢᠬᠤᠯᠠᠴᠢᠯᠠᠨ ᠬᠡᠷᠡᠭᠯᠡᠨ᠎ᠡ᠃      ︵ᠬᠤᠷᠢᠨ ᠭᠤᠷᠪᠠ︶ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠷᠢᠯᠳᠦᠬᠦᠨ ᠨᠢᠭᠡᠴᠢ ᠨᠦᠭᠦᠳ ᠬᠦᠳᠡᠭᠡ ᠠᠵᠤ ᠠᠬᠤᠢ ᠳᠤ ᠬᠤᠯᠪᠣᠭᠳᠠᠬᠤ ᠴᠢᠬᠤᠯᠠ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠳᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠠᠨᠠᠯ ᠢ ᠬᠤᠷᠢᠶᠠᠬᠤ ᠶᠢᠨ ᠬᠠᠮᠲᠤ ᠳᠠᠩᠰᠠᠯᠠᠭᠤᠯᠤᠨ᠎ᠠ᠃ ᠡᠯ᠎ᠡ ᠭᠠᠵᠠᠷ ᠤᠨ ᠬᠢᠨ ︽ᠲᠠᠪᠤᠨ ᠶᠡᠭᠡ ᠬᠥᠭᠵᠢᠭᠦᠯᠦᠨ ᠮᠠᠨᠳᠤᠭᠤᠯᠬᠤ︾ ᠬᠠᠷᠠᠯᠲᠠ ᠡᠭᠦᠷᠭᠡ ᠶᠢᠨ ᠲᠣᠭᠤᠷᠢᠨ ᠳᠤ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠤᠨ ᠤᠳᠤᠷᠢᠳᠤᠭᠰᠠᠨ ᠲᠤᠰᠬᠠᠶ ᠳᠤᠭᠤᠶᠢᠯᠠᠩ ᠪᠤᠶᠤ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢᠨ ᠡᠬᠡ ᠲᠠᠩᠰᠠ ᠪᠠᠶᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠰᠢᠢᠳᠪᠦᠷᠢᠲᠦ ᠪᠣᠳᠣᠯᠭ᠎ᠠ ᠶᠢᠨ ᠵᠥᠪᠯᠡᠯᠬᠡ ᠬᠠᠩᠭᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥ ᠶᠢᠨ ᠪᠣᠳᠣᠯᠭ᠎ᠠ ᠪᠠᠷ ᠵᠢᠯᠣᠭᠤᠳᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠱᠠᠯᠠᠪᠳᠠᠭᠤᠯᠤᠨ ᠪᠠᠶᠢᠴᠠᠭᠠᠬᠤ ᠵᠡᠷᠭᠡ ᠡᠭᠦᠷᠭᠡ ᠴᠢᠳᠠᠪᠬᠢ ᠶᠢ ᠴᠢᠩᠭᠠᠷᠠᠭᠤᠯᠤᠨ᠂ ᠵᠢᠯ ᠪᠦᠷᠢ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠵᠠᠳᠠᠯᠵᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠲᠤ ᠬᠦᠷᠲᠡᠯ᠎ᠡ ᠨᠠᠶᠢᠳᠠᠪᠤᠷᠢᠵᠢᠭᠤᠯᠤᠨ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠎ᠠ᠃ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠣᠯᠤᠨ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠨ᠎ᠠ᠃      ︵ᠬᠤᠷᠢᠨ ᠳᠥᠷᠪᠡ︶ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠬᠦᠳᠡᠭᠡ ᠲᠤᠰᠬᠤᠨ ᠤ ᠵᠠᠰᠠᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠰᠢᠶᠠᠩ ᠪᠠᠯᠭᠠᠰᠤ᠂ ᠲᠣᠰᠬᠤᠨ ᠤ ᠲᠥᠪᠯᠡᠷᠡᠭᠦᠯᠦᠨ ᠬᠤᠭᠤᠴᠠᠭ᠎ᠠ ᠰᠣᠯᠢᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠰᠢᠯᠢᠳᠡᠭ ᠬᠦᠮᠦᠰ ᠢ ᠰᠤᠩᠭᠤᠵᠤ ᠪᠠᠶᠢᠭᠠᠳ ᠰᠢᠶᠠᠩ ᠪᠠᠯᠭᠠᠰᠤᠨ ᠤ ᠤᠳᠤᠷᠢᠳᠬᠤ ᠪᠠᠭ᠂ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠢᠯᠠᠩᠭᠤᠶ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠦᠴᠦᠷᠬᠡᠭᠵᠢᠬᠦᠯᠦᠨ ᠲᠣᠬᠢᠷᠠᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠳᠤ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠠᠤᠯᠢ ᠳᠤ ᠲᠣᠭᠲᠠᠭᠠᠭᠰᠠᠨ ᠲᠡᠰ ᠲᠠᠷᠠᠭᠠᠯᠠᠯ ᠢᠶᠠᠷ ᠲᠤᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠪᠣᠯᠭᠠᠬᠤ ᠶᠢ ᠢᠳᠡᠪᠬᠢᠲᠡᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ᠃ ᠬᠤᠭᠤᠴᠠᠭ᠎ᠠ ᠰᠣᠯᠢᠬᠤ ᠲᠠᠢ ᠵᠡᠷᠭᠡ ᠪᠠᠷ ᠰᠢᠯᠢᠳᠡᠭ ᠬᠦᠮᠦᠰ ᠢ ᠰᠤᠩᠭᠤᠵᠤ ᠪᠠᠶᠢᠭᠠᠤᠨ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠷᠢᠯᠳᠦᠬᠦᠨ ᠢ ᠬᠦᠴᠦᠷᠬᠡᠭᠵᠢᠬᠦᠯᠤᠨ ᠲᠤᠬᠢᠷᠠᠭᠤᠯᠵᠤ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠶᠢᠨ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠯᠦᠭᠡ ᠶᠢᠨ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠨ ᠪᠦᠲᠦᠮᠵᠢᠲᠡᠢ ᠵᠣᠯᠭᠠᠭᠤᠯᠤᠨ᠎ᠠ᠃ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠢᠯᠵᠠᠷᠠᠯ ᠤᠨ ᠠᠵᠢᠯᠯᠠᠭ᠎ᠠ ᠶᠢ ᠡᠷᠡᠰ ᠵᠠᠯᠬᠠᠭᠠᠨ ᠰᠢᠢᠳᠬᠡᠨ᠎ᠡ᠃ ᠭᠤᠣᠯᠳᠠᠯᠭ᠎ᠠ ᠲᠠᠢ ᠬᠥᠳᠡᠭᠡ ᠲᠣᠰᠬᠤᠨ ᠳᠤ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠬᠢ ᠶᠢ ᠰᠣᠩᠭᠤᠨ ᠲᠣᠮᠢᠯᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠰᠢᠯᠢᠳᠡᠭ ᠵᠠᠯᠠᠭᠤᠴᠤᠳ ᠤᠨ ᠳᠤᠮᠳᠠ ᠠᠴᠠ ᠨᠠᠮ ᠤᠨ ᠭᠡᠰᠢᠭᠦᠨ ᠡᠯᠰᠡᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠢ ᠤᠷᠮᠠᠰᠢᠭᠤᠯᠤᠨ ᠬᠠᠯᠠᠮᠵᠢᠯᠠᠬᠤ ᠪᠠᠨ ᠴᠢᠩᠭᠠᠳᠬᠠᠨ᠂ ᠴᠠᠯᠢᠩ ᠨᠥᠬᠦᠪᠥᠷᠢ ᠶᠢᠨ ᠬᠠᠷᠠᠭᠠᠯᠵᠠᠯ ᠢ ᠳᠡᠭᠡᠭᠰᠢᠯᠡᠭᠦᠯᠵᠦ᠂ ᠠᠵᠢᠯ ᠠᠮᠢᠳᠤᠷᠠᠯ ᠤᠨ ᠨᠥᠬᠦᠴᠡᠯ ᠢ ᠨᠢ ᠰᠠᠶᠢᠵᠢᠷᠠᠭᠤᠯᠤᠨ᠂ ᠪᠣᠳᠠᠲᠠᠢ ᠬᠦᠴᠢᠷᠳᠡᠯ ᠢ ᠨᠢ ᠦᠨᠡᠨ ᠬᠦ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠭᠠᠴᠠᠭᠠᠨ ᠤ ᠠᠷᠠᠳ ᠤᠨ ᠵᠥᠪᠯᠡᠯ ᠢ ᠵᠢᠷᠤᠮᠵᠢᠭᠤᠯᠬᠤ ᠪᠠᠶᠢᠭᠤᠯᠤᠯᠲᠠ ᠪᠠ ᠭᠠᠴᠠᠭᠠᠨ ᠤ ᠶᠠᠪᠤᠳᠠᠯ ᠢ ᠢᠯᠡ ᠪᠣᠯᠭᠠᠬᠤ ︽ᠢᠯᠡ ᠲᠣᠳᠣ ᠢᠨᠵᠧᠨᠧᠷᠢᠩ︾ ᠢ ᠠᠬᠢᠭᠤᠯᠤᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠵᠤ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ ᠃ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠵᠤ᠂ ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠬᠦ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠡᠷᠦᠬᠡ ᠶᠢ ᠪᠤᠢ ᠪᠤᠯᠭᠠᠨ᠎ᠠ᠃ ᠬᠥᠳᠡᠭᠡ ᠲᠣᠰᠬᠤᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠠᠬᠢᠭᠤᠯᠤᠨ᠎ᠠ᠃ ᠠᠮᠤᠭᠤᠯᠠᠩᠳᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠶᠠᠨ ᠰᠢᠶᠠᠩ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠠᠶᠢᠭᠠᠯᠢ ᠶᠢᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠭᠡᠮ ᠰᠤᠭᠤᠬ ᠵᠡᠷᠭᠡ ᠬᠦᠨᠳᠦ ᠶᠡᠭᠡ ᠬᠡᠷᠡᠭ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ  ᠰᠢᠢᠳᠪᠦᠷᠢᠯᠡᠬᠦ ᠶᠢ ᠰᠠᠶᠢᠲᠤᠷ ᠬᠢᠨ᠎ᠡ᠃      ︵ᠬᠤᠷᠢᠨ ᠲᠠᠪᠤ︶ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠲᠠᠷᠢᠶᠠᠴᠢᠨ ᠤᠯᠠᠨ ᠲᠦᠮᠡᠨ ᠤ ᠲᠤᠷ᠎ᠠ ᠪᠠᠭ᠋ᠠᠨ ᠳᠤ ᠨᠡᠶᠢᠴᠡᠭᠰᠡᠨ ᠬᠡᠯᠪᠡᠷᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠥᠷᠭᠡᠳᠬᠡᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠨ ᠬᠦᠴᠦᠷᠬᠡᠭᠵᠢᠭᠦᠯᠵᠦ ᠰᠠᠶᠢᠲᠤᠷ ᠬᠡᠷᠡᠭᠯᠡᠨ᠎ᠡ᠃ ᠬᠥᠳᠡᠭᠡ ᠲᠣᠰᠬᠤᠨ ᠳᠤ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠨᠤᠲᠤᠭ ᠤᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠤᠨ ᠵᠠᠯᠭᠠᠮᠵᠢᠯᠠᠵᠤ ᠰᠢᠨ᠎ᠡ ᠶᠢ ᠡᠭᠦᠳᠴᠦ᠂ ᠬᠠᠮᠠᠭᠠᠯᠠᠨ ᠤᠯᠠᠮᠵᠢᠯᠠᠬᠤ ᠪᠠ ᠨᠡᠭᠡᠭᠡᠨ ᠠᠰᠢᠬᠯᠠᠬᠤ ᠶᠢ ᠤᠶᠠᠯᠳᠤᠭᠤᠯᠤᠨ ᠳᠤᠮᠳᠠᠳᠤ ᠶᠢᠨ ᠲᠠᠷᠢᠶᠠᠯᠠᠩ ᠤᠨ ᠪᠣᠯᠪᠠᠰᠤᠨ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠢ ᠣᠯᠭᠤᠨ᠎ᠠ᠃ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠬᠤᠪᠢ ᠬᠤᠷᠠᠮᠳᠤᠭᠤᠯᠬᠤ ᠲᠦᠷᠢᠮ᠂ ᠶᠣᠰᠣ ᠰᠤᠷᠲᠠᠬᠤᠨ ᠤ ᠦᠨᠡᠯᠡᠨ ᠶᠠᠷᠢᠯᠴᠠᠬᠤ ᠬᠤᠷᠠᠯ᠂ ᠪᠠᠶᠠᠷ ᠪᠡᠯᠪᠡᠰᠦᠷᠡᠯ ᠤᠨ ᠬᠡᠷᠡᠭ ᠡᠷᠬᠢᠯᠡᠭᠴᠢᠳ ᠤᠨ ᠬᠤᠷᠠᠯ ᠵᠡᠷᠭᠡ ᠠᠷᠭ᠎ᠠ ᠬᠢᠳᠡᠯ ᠢ ᠳᠡᠯᠭᠡᠷᠡᠭᠦᠯᠦᠨ᠂ ᠦᠨ᠎ᠠ ᠪᠡᠨ᠎ᠡ ᠲᠠᠢ ᠪᠣᠭᠲᠣᠯᠠᠬᠤ ᠪᠡᠯᠡᠭ ᠬᠦᠷᠬᠡᠬᠦ᠂ ᠨᠠᠶᠢᠷ ᠲᠠᠯ᠎ᠠ ᠶᠢᠨ ᠠᠳᠠᠯᠢᠳᠬᠠᠯ ᠬᠢᠬᠦ᠂ ᠬᠦᠨᠳᠦ ᠣᠷᠣᠰᠢᠭᠤᠯᠭ᠎ᠠ ᠶᠢ ᠴᠢᠬᠤᠯᠠᠴᠢᠯᠠᠵᠤ ᠬᠦᠨᠳᠦᠳᠬᠡᠨ ᠠᠰᠠᠷᠠᠬᠤ ᠶᠢ ᠬᠥᠩᠭᠡᠪᠴᠢᠯᠡᠬᠦ᠂ ᠪᠦᠷᠢᠯᠭᠡᠨ ᠰᠦᠢᠳᠬᠡᠬᠦ᠂ ᠹᠸᠤᠳᠠᠯ ᠤᠨ ᠮᠤᠬᠤᠷ ᠪᠢᠰᠢᠷᠡᠯ ᠵᠡᠷᠭᠡ ᠮᠠᠭᠤ ᠬᠡᠪ ᠰᠤᠷᠲᠠᠯ ᠢ ᠬᠠᠯᠠᠨ ᠵᠠᠰᠠᠬᠤ ᠶᠢ ᠴᠢᠩᠭᠠᠳᠬᠠᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠪᠠ ᠬᠢᠯᠢ ᠶᠢᠨ ᠭᠠᠳᠠᠨᠠᠬᠢ ᠨᠡᠪᠴᠢᠯᠲᠡ ᠶᠢᠨ ᠴᠢᠨᠠᠷᠲᠠᠢ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠱᠠᠰᠢᠨ ᠰᠤᠷᠲᠠᠬᠤᠨ ᠢ ᠠᠰᠢᠬᠯᠠᠨ ᠬᠥᠳᠡᠭᠡ ᠲᠣᠰᠬᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠳᠤ ᠭᠠᠷ ᠲᠦᠷᠦᠭᠦ ᠶᠢ ᠬᠠᠤᠯᠢ ᠶᠣᠰᠣᠭᠠᠷ ᠬᠤᠷᠢᠬᠯᠠᠨ ᠵᠣᠭᠰᠣᠭᠠᠨ᠎ᠠ᠃ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠬᠢᠯᠡᠨ᠎ᠡ᠃      ︵ᠬᠤᠷᠢᠨ ᠵᠢᠷᠭᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠪᠠᠶᠢᠴᠠᠭᠠᠵᠤ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠦᠨ᠎ᠠ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠨᠠᠮ ᠤᠨ  ᠬᠤᠷᠢᠶ᠎ᠠ ᠪᠣᠯᠤᠨ ᠵᠠᠰᠠᠭ ᠤᠨ ᠣᠷᠳᠣᠨ ᠵᠢᠯ ᠪᠦᠷᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠢᠶᠠᠨ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠤᠨ᠎ᠠ᠃ ᠬᠤᠲᠠ ᠰᠢᠶᠠᠨ ᠤ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠣᠳᠠᠲᠤ ᠠᠮᠵᠢᠯᠲᠠ ᠶᠢᠨ ᠬᠢᠨᠠᠨ ᠰᠢᠯᠭᠠᠯᠳᠠ ᠶᠢ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠠᠭᠤᠯᠭ᠎ᠠ ᠳᠤ ᠣᠷᠣᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠠᠮᠵᠢᠯᠲᠠ ᠪᠠᠷ ᠲᠤᠪᠤᠶᠢᠮ᠎ᠠ ᠬᠤᠲᠠ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠢ ᠳᠡᠪᠰᠢᠭᠦᠯᠦᠨ ᠬᠡᠷᠡᠭᠯᠡᠬᠦ ᠶᠢ ᠴᠢᠬᠤᠯᠠᠴᠢᠯᠠᠨ᠎ᠠ᠃ ᠬᠢᠨᠠᠨ ᠰᠢᠯᠭᠠᠬᠤ ᠨᠡᠷᠡᠰ ᠤᠨ ᠵᠢᠭᠰᠠᠭᠠᠯᠲᠠ ᠳᠤ ᠬᠤᠶᠢᠭᠤᠷ ᠤᠷᠤᠭᠰᠠᠨ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠬᠤᠲᠠ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠲᠠᠢ ᠪᠣᠯᠵᠣᠨ ᠶᠠᠷᠢᠯᠴᠠᠵᠤ᠂ ᠪᠠᠶᠢᠩᠭᠤᠵᠢᠬᠰᠠᠨ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠨᠠᠨ ᠰᠢᠯᠭᠠᠯᠲᠠ ᠳᠤ ᠣᠷᠣᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠱᠠᠯᠠᠪᠳᠠᠭᠤᠯᠤᠨ ᠪᠠᠶᠢᠴᠠᠭᠠᠬᠤ ᠠᠷᠭ᠎ᠠ ᠬᠡᠯᠪᠡᠷᠢ ᠶᠢ ᠰᠢᠨᠡᠴᠢᠯᠡᠨ ᠲᠡᠭᠦᠯᠳᠡᠷᠵᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠠᠷᠭ᠎ᠠ  ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠡᠯᠪᠡᠷᠢᠴᠢ ᠦᠵᠡᠯ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠤᠬᠢᠰ ᠦᠭᠡᠢ ᠳᠠᠷᠤᠭᠠᠰᠤ ᠶᠢ ᠬᠥᠩᠭᠡᠷᠡᠭᠦᠯᠬᠦ ᠶᠢ ᠲᠥᠪ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠯᠠᠪᠳᠠᠭᠤᠯᠤᠨ ᠪᠠᠶᠢᠴᠠᠭᠠᠬᠤ ᠭᠤᠣᠯᠳᠠᠯᠭᠠᠳᠤ ᠠᠭᠤᠯᠭ᠎ᠠ ᠳᠤ ᠣᠷᠣᠭᠤᠯᠤᠨ᠎ᠠ᠃ ᠦᠨᠡᠨ ᠠᠴᠠ ᠵᠥᠪ ᠢ ᠡᠷᠢᠬᠦ᠂ ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠡᠯ᠎ᠡ ᠵᠦᠢᠯ ᠤᠨ ᠠᠵᠢᠯ ᠤᠨ ᠴᠠᠭ ᠬᠡᠮᠵᠢᠶ᠎ᠡ ᠦᠷ᠎ᠡ ᠪᠦᠲᠦᠮᠵᠢ ᠶᠢ ᠰᠠᠶᠢᠲᠤᠷ ᠡᠵᠡᠮᠳᠡᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠨᠡᠶᠢᠭᠡᠮ ᠳᠠᠶᠠᠭᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠲᠤ ᠪᠠᠷ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃      ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠵᠠᠮ ᠨᠡᠭᠡᠭᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ︕    ︵ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 21 ᠤ ᠴᠠᠬᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ‍ᠣᠨ ᠮᠣᠩᠭᠣᠯ ᠬᠡᠯᠡᠨ ‍ᠣ ᠰᠤᠨᠢᠨ ᠮᠡᠳᠡᠭᠡ ᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1