ᠦᠢᠯᠡᠴᠢᠯᠡᠭᠡ ᠪᠠᠨ ᠬᠡᠷᠬᠢᠨ ᠨᠠᠷᠢᠯᠢᠭᠵᠢᠭᠤᠯᠣᠨ ᠪᠣᠳᠠᠳᠠᠵᠢᠭᠤᠯᠬᠤ ᠪᠤᠢ︖ ᠳ᠋ᠦᠩ ᠾᠧ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ︽ᠬᠠᠮ ᠠᠷᠭ᠎ᠠ ᠬᠡᠮᠵᠢᠶ᠎ᠡ︾ ᠶᠢ ᠬᠡᠷᠡᠭᠯᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ︵ᠰᠢᠨ᠎ᠡ ᠬᠠᠶ᠋ᠢᠭ︶ ᠢ ᠦᠳᠲᠡᠷ ᠲᠦᠷᠭᠡᠨ ᠪᠠᠷ | ᠡᠬᠢᠯᠡᠭᠦᠯᠵᠦ᠂ ᠣᠯᠠᠨ ᠲᠦᠮᠡᠨ ᠳᠤ ︽5+2︾ ᠤᠨ ᠪᠠᠶᠢᠩᠭᠤ ᠶᠢᠨ ᠦᠢᠯᠡᠴᠢᠯᠡᠭᠡ ᠶᠢ ᠬᠠᠩᠭᠠᠪᠠ᠃ | | ᠣᠯᠠᠨ ᠲᠦᠮᠡᠨ ᠳᠤ ᠦᠢᠯᠡᠴᠢᠯᠡᠵᠦ ᠪᠠᠶᠢᠭ᠎ᠠ ᠨᠢ | | ᠣᠯᠠᠨ ᠲᠦᠮᠡᠨ ᠳᠤ ᠦᠢᠯᠡᠴᠢᠯᠡᠵᠦ ᠪᠠᠶᠢᠭ᠎ᠠ ᠨᠢ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠥᠯᠥ ᠬᠥᠳᠡᠯᠬᠦ ᠠᠵᠤ ᠦᠢᠯᠡᠰ ᠤᠨ ᠦᠢᠯᠡᠴᠢᠯᠡᠬᠡᠨ ᠤ ᠴᠣᠩᠬᠤᠨ ᠳᠤ᠂ ᠠᠵᠢᠯᠲᠠᠨ ᠶᠠᠩ ᠪᠦᠦ | ᠶᠢᠨ ᠠᠴᠠ ᠨᠠᠷᠢᠨ ᠬᠢᠨᠠᠮᠠᠭᠠᠢ ᠪᠠᠷ ᠣᠯᠠᠨ ᠲᠦᠮᠡᠨ ᠳᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠡᠷᠡᠭᠰᠡᠬᠦ | ᠮᠠᠲ᠋ᠧᠷᠢᠶᠠᠯ ᠢ ᠲᠠᠶᠢᠯᠪᠤᠷᠢᠯᠠᠵᠤ ᠥᠭᠪᠡ᠃ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠴᠣᠩᠬᠤᠨ ᠳᠤ᠂ ᠠᠵᠢᠯᠲᠠᠨ ᠶᠢᠨ ᠢᠦᠶ | ᠰᠢᠶᠠᠩ ᠠᠵᠢᠯ ᠶᠠᠪᠤᠳᠠᠯ ᠬᠦᠢᠴᠡᠳᠭᠡᠬᠦ ᠠᠵᠤ ᠠᠬᠤᠶᠢᠯᠠᠯ ᠳᠤ ᠭᠠᠶᠢᠯᠢ ᠶᠢ ᠬᠥᠩᠭᠡᠯᠡᠵᠦ ᠰᠦᠢᠳᠭᠡᠯ ᠢ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠠᠶᠢᠯᠪᠦᠷᠢᠯᠠᠵᠦ ᠥᠭᠪᠡ᠃ | ᠲᠣᠭᠤᠷᠢᠭ ᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠡᠶ᠎ᠡ ᠪᠠᠨ ᠳᠠᠭᠠᠭᠠᠭᠰᠠᠨ | ᠦᠢᠯᠡᠴᠢᠯᠡᠬᠡᠨ ᠤ ᠴᠣᠩᠬᠤᠨ ᠳᠤ᠂ ᠠᠵᠢᠯᠲᠠᠨ ᠾᠧ ᠫᠸᠢ ᠷᠦᠩ ᠬᠠᠯᠠᠭᠤᠮᠰᠤᠭ ᠪᠠᠷ ᠣᠯᠠᠨ ᠲᠦᠮᠡᠨ ᠢ | ᠬᠠᠪᠰᠤᠷᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠣᠷᠣᠭᠤᠯᠬᠤ ᠪᠠ ᠬᠢᠨᠠᠨ ᠬᠠᠷᠭᠤᠭᠤᠯᠬᠤ ᠠᠵᠢᠯᠠᠯᠭ᠎ᠠ ᠶᠢ | ᠪᠡᠶᠡᠯᠡᠭᠦᠯᠪᠡ ᠃ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢᠶᠠᠷᠢ ᠲᠣᠪᠴᠢᠶ᠎ᠠ ᠶᠢᠨ ᠴᠣᠩᠬᠤᠨ ᠳᠤ᠂ ᠠᠵᠢᠯᠲᠠᠨ | ᠵᠠᠩ ᠱᠧᠩ ᠵᠢᠶᠧ ᠪᠡᠶ᠎ᠡ ᠶᠢᠨ ᠦᠨᠡᠮᠯᠡᠯ ᠠᠪᠬᠤ ᠪᠠᠷ ᠢᠷᠡᠭᠰᠡᠨ ᠣᠯᠠᠨ ᠲᠦᠮᠡᠨ ᠳᠤ ᠬᠦᠯᠢᠴᠡᠩᠭᠦᠶ ᠪᠠᠷ ᠰᠡᠭᠦᠳᠡᠷ | ᠲᠠᠲᠠᠵᠤ ᠥᠭᠪᠡ᠃ | ᠣᠲᠣ ᠪᠣᠯᠲᠠᠯ᠎ᠠ᠂ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ | ᠲᠢᠩᠬᠢᠮ ᠤᠨ ︽5 + 2︾ ᠤᠨ ᠠᠮᠠᠷᠠᠯᠲᠠ ᠶᠢᠨ ᠡᠳᠦᠷ ᠤᠨ ᠦᠢᠯᠡᠴᠢᠯᠡᠭᠡ ᠨᠢ ᠨᠡᠶᠢᠲᠡ 139 ᠭᠦᠮᠦᠨ ᠢ | ᠭᠥᠯᠢᠶᠡᠨ ᠠᠪᠴᠤ᠂ 201 ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ᠂ 201 ᠬᠤᠪᠢ ᠲᠤᠬᠠᠶᠢᠯᠠᠭᠰᠠᠨ | ᠠᠵᠢᠯ ᠪᠠᠨ ᠪᠦᠬᠦᠨ ᠢ ᠰᠢᠢᠳᠪᠦᠷᠢᠯᠡᠵᠦ ᠳᠠᠭᠤᠰᠬᠠᠪᠠ᠃ | | ᠡᠵᠡᠭᠨᠡᠯᠲᠡ ᠶᠢᠨ ᠦᠨᠡᠮᠯᠡᠯ ᠤᠨ ᠮᠠᠲ᠋ᠧᠷᠢᠶᠠᠯ ᠢ ᠬᠢᠨᠠᠨ ᠬᠠᠷᠠᠭᠤᠭᠤᠯᠵᠣ ᠪᠠᠶᠢᠭ᠎ᠠ ᠨᠢ | | ᠺᠣᠮᠫᠠᠨᠢ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠯᠢ ᠠᠪᠤᠭᠠᠶ | ᠶᠠᠷᠢᠭᠰᠠᠨ ᠨᠢ ︽ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠨᠡᠩ ᠲᠦᠷᠭᠡᠨ᠂ ᠨᠡᠩ | ᠳᠥᠭᠦᠮ ᠪᠣᠯᠵᠠᠢ᠃ ᠥᠩᠭᠡᠷᠡᠭᠰᠡᠨ ᠤ ᠬᠢ ᠲᠠᠢ ᠠᠳᠠᠯᠢᠳᠬᠠᠪᠠᠯ᠂ ᠡᠯ᠎ᠡ ᠰᠠᠯᠠᠭ᠎ᠠ ᠮᠥᠴᠢᠷ ᠤᠨ ᠦᠷ᠎ᠡ ᠪᠦᠲᠦᠮᠵᠢ | ᠶᠢᠨ ᠲᠠᠯ᠎ᠠ ᠪᠠᠷ ᠨᠡᠯᠢᠶᠡᠳ ᠳᠡᠭᠡᠭᠰᠢᠯᠡᠭᠰᠡᠨ ᠪᠥᠭᠡᠳ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠯᠳᠤᠨ | ᠬᠠᠮᠵᠢᠯᠴᠠᠬᠤ ᠨᠢ ᠴᠦ ᠨᠡᠩ ᠤᠷᠤᠭᠰᠢᠲᠠᠶ ᠪᠣᠯᠤᠭᠰᠠᠨ ᠰᠢᠭ᠋ ᠰᠠᠨᠠᠭᠳᠠᠵᠤ ᠪᠠᠶᠢᠨ᠎ᠠ︾ ᠭᠡᠪᠡ᠃ | ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠭᠦᠨᠵᠡᠭᠡᠶᠢᠷᠡᠨ ᠠᠬᠢᠬᠤ ᠶᠢ ᠳᠠᠭᠠᠯᠳᠤᠨ | ᠂ ᠳ᠋ᠦᠩ ᠾᠧ ᠲᠣᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠵᠠᠰᠠᠭ ᠤᠨ | ᠶᠠᠪᠤᠳᠠᠯ ᠤᠨᠦᠢᠯᠡᠴᠢᠯᠡᠭᠡᠨ ᠤ ᠵᠦᠢᠯᠡᠰ ᠤᠨ ᠬᠢᠨᠠᠨ ᠵᠥᠪᠰᠢᠶᠡᠷᠡᠬᠦ ᠮᠠᠲ᠋ᠧᠷᠢᠶᠠᠯ᠂ ᠬᠢᠨᠠᠨ ᠵᠥᠪᠰᠢᠶᠡᠷᠡᠬᠦ | ᠭᠤᠭᠴᠤᠭ᠎ᠠ ᠶᠢ ᠲᠣᠰ ᠲᠣᠰ 25%᠂ 49% ᠪᠠᠷ ᠴᠣᠮᠬᠠᠳᠬᠠᠵᠤ᠂ ᠭᠤᠶᠤᠴᠢᠯᠠᠭᠰᠠᠨ ᠵᠦᠢᠯᠡᠰ ᠤᠨ ᠶᠣᠰᠣᠭᠠᠷ | ᠴᠥᠮ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠬᠤ ᠶᠢ ᠪᠡᠶᠡᠯᠡᠭᠦᠯᠵᠦ᠂ ᠬᠦᠢᠴᠡᠳᠭᠡᠬᠦ ᠴᠠᠭ ᠤᠨ ᠬᠢᠵᠠᠭᠠᠷ ᠢ | 70% ᠪᠠᠷ ᠪᠠᠭᠠᠰᠬᠠᠪᠠ᠃ ︽ᠬᠠᠪᠰᠤᠷᠤᠨ ᠬᠦᠢᠴᠡᠳᠭᠡᠬᠦ ᠣᠷᠣᠯᠠᠨ ᠬᠦᠢᠴᠡᠳᠭᠡᠬᠦ︾ ︽ᠠᠮᠠᠯᠠᠯᠲᠠ ᠪᠠᠨ | ᠮᠡᠳᠡᠭᠳᠡᠬᠦ︾ ᠦᠢᠯᠡᠴᠢᠯᠡᠭᠡᠨ ᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠡᠭᠡᠭᠡᠨ ᠡᠷᠭᠢᠯᠡᠬᠦ ᠠᠵᠤ | ᠠᠬᠤᠶᠢᠯᠠᠯ ᠤᠨ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠳᠡᠩᠰᠡᠯᠡᠯᠲᠡ᠂ | ᠭᠠᠶᠢᠯᠢ ᠶᠢᠨ ᠶᠠᠪᠤᠳᠠᠯ ᠤᠨ ᠳᠡᠩᠰᠡᠯᠡᠯᠲᠡ᠂ ᠨᠡᠶᠢᠭᠡᠮ ᠤᠨ ᠳᠠᠭᠠᠳᠬᠠᠯ ᠤᠨ ᠭᠦᠢᠴᠡᠳᠭᠡᠯ᠂ ᠲᠠᠮᠠᠭ᠎ᠠ ᠰᠡᠶᠢᠯᠦᠨ | ᠦᠢᠯᠡᠳᠬᠦ ᠵᠡᠷᠭᠡ ᠠᠵᠢᠯᠠᠯᠭ᠎ᠠ ᠶᠢ ᠨᠢᠭᠡ ᠯᠡ ᠥᠷᠲᠡᠭᠡ ᠳᠤ ᠭᠦᠢᠴᠡᠳᠭᠡᠵᠦ ᠳᠠᠭᠤᠰᠬᠠᠬᠤ ᠶᠢ ᠪᠡᠶᠡᠯᠡᠭᠦᠯᠵᠦ᠂ | ᠰᠢᠨ᠎ᠡ ᠪᠠᠷ ᠨᠡᠭᠡᠭᠡᠨ ᠡᠷᠭᠢᠯᠡᠬᠦ ᠠᠵᠤ ᠠᠬᠤᠶᠢᠯᠠᠯ ᠬᠠᠭᠠᠰ ᠡᠳᠦᠷ ᠤᠨ ᠳᠣᠲᠣᠷ᠎ᠠ ᠡᠵᠡᠩᠨᠡᠯᠲᠡ ᠶᠢᠨ ᠦᠨᠡᠮᠯᠡᠯ ᠢᠶᠠᠨ | ᠠᠪᠴᠤ᠂ ᠪᠥᠬᠦ ᠵᠢᠯ ᠳᠤ ᠭᠤᠣᠯ ᠴᠣᠭᠴᠠ ᠶᠢᠨ ᠵᠠᠬ᠎ᠠ ᠳᠡᠯᠭᠡᠭᠦᠷ ᠳᠤ ᠰᠢᠨ᠎ᠡ ᠪᠠᠷ 5680 ᠡᠷᠦᠬᠡ ᠨᠡᠮᠡᠭᠳᠡᠭᠦᠯᠵᠦ | ᠂ 26.8% ᠪᠠᠷ ᠨᠡᠮᠡᠭᠳᠡᠪᠡ᠃ |