ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︽ᠠᠷᠠᠯᠵᠢᠶ᠎ᠠ ᠬᠤᠳᠠᠯᠳᠤᠭᠠᠨ ᠤ  ᠭᠦᠢᠯᠭᠡᠭᠡᠨ ᠤ ᠬᠦᠷᠢᠶᠡᠨ ᠳᠠᠬᠢ ᠡᠨᠧᠷᠭᠢ ᠠᠷᠪᠢᠯᠠᠬᠤ ᠵᠠᠭᠪᠤᠷ︾ ᠢ ᠡᠬᠢᠯᠡᠭᠦᠯᠪᠡ
ᠨᠡᠶᠢᠲᠡᠯᠡᠭᠰᠡᠨ ᠴᠠᠭ᠄
2021/3/19
     ᠥᠨᠥᠳᠦᠷ ᠳ᠋ᠦᠩ ᠾᠧ ᠲᠣᠭᠤᠷᠢᠭ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠥᠬᠦ ᠲᠠᠯ᠎ᠠ ᠪᠠᠷ ᠴᠢᠩᠭᠠᠳᠬᠠᠬᠤ  ᠶᠢᠨ ᠲᠤᠰᠠᠳᠠ  ᠂ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ 22 ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ᠂ ᠪᠠᠭᠤᠳᠠᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ︽ᠳ᠋ᠦᠩ ᠾᠧ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠤᠯᠠᠷᠢᠯ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠤᠨ ᠡᠨᠧᠷᠭᠢ ᠶᠢᠨ ᠠᠷᠪᠢᠯᠠᠯᠲᠠ ᠶᠢ ᠪᠡᠶᠡᠯᠡᠭᠦᠯᠬᠦ ᠲᠤᠬᠠᠶ ᠲᠥᠰᠦᠯ︾ ᠢ ᠳᠣᠷᠣᠭᠰᠢ ᠪᠠᠭᠤᠯᠭᠠᠵᠣ᠂ ᠡᠯ᠎ᠡ ᠠᠵᠤ ᠠᠬᠤᠶᠢᠯᠠᠯ ᠢ ︽ᠠᠷᠪᠢᠯᠠᠬᠤ ᠶᠢ ᠲᠡᠷᠢᠭᠦᠨ ᠳᠤ ᠲᠠᠯᠪᠢᠵᠤ᠂ ᠬᠡᠲᠦ ᠬᠢᠵᠠᠭᠠᠷᠯᠠᠬᠤ︾ ᠡᠨᠧᠷᠭᠢ ᠬᠡᠷᠡᠭᠯᠡᠬᠦ ᠣᠨᠣᠯᠵᠢᠬᠤᠨ ᠢ ᠪᠠᠷᠢᠮᠲᠠᠯᠠᠨ᠂ ᠲᠣᠰ ᠲᠣᠰ ᠤᠨ ᠡᠨᠧᠷᠭᠢ ᠶᠢᠨ ᠠᠷᠪᠢᠯᠠᠯᠲᠠ ᠶᠢᠨ ᠲᠥᠰᠦᠯ ᠢᠶᠠᠨ  ᠳᠣᠭᠲᠠᠭᠠᠵᠣ᠂ ᠴᠠᠭ ᠬᠤᠭᠤᠴᠠᠭᠠᠨ ᠤ ᠵᠠᠩᠭᠢᠯᠠᠭ᠎ᠠ ᠴᠡᠭ ᠪᠠ ᠱᠠᠭᠠᠷᠳᠠᠯᠭ᠎ᠠ ᠶᠣᠰᠣᠭᠠᠷ ᠡᠨᠧᠷᠭᠢ ᠶᠢᠨ ᠬᠤᠷᠣᠭᠳᠠᠭᠤᠯᠤᠯ ᠤᠨ ︽ᠬᠤᠤᠰ ᠡᠵᠡᠮᠳᠡᠯ ᠤᠨ︾ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠨᠦᠳᠦᠷ ‍ᠣᠨ ᠳ᠋ᠦᠩ ᠾᠧ ᠲᠣᠭᠣᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1