ᠪᠤᠭᠤᠳᠤ ᠵᠠᠰᠠᠭ ᠠᠯᠪᠠᠨ ᠭᠡᠷ ᠲᠠᠷᠬᠠᠭᠠᠭᠰᠠᠨ ︹2020︺78 ᠳ᠋ᠤᠭᠠᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ | ᠮᠥᠴᠢᠷ᠂ ᠪᠠᠶᠢᠭᠤᠯᠭ᠎ᠠ᠂ ᠲᠥᠪ ᠤᠨ ᠰᠢᠭᠤᠳ ᠬᠠᠷᠢᠶ᠎ᠠ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ | ᠠᠵᠢᠯ ᠦᠢᠯᠡᠰ ᠤᠨ ᠨᠢᠭᠡᠴᠢ᠄ | ︽ᠪᠤᠭᠤᠳᠤ ᠬᠤᠳᠠ ᠶᠢᠨ ᠠᠵᠤ ᠠᠬᠤᠢᠢᠯᠠᠯ ᠨᠡᠭᠡᠭᠡᠨ ᠡᠷᠬᠢᠯᠡᠬᠦ ᠶᠢ ᠲᠠᠩᠰᠠᠯᠠᠬᠤ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠵᠤ ᠨᠠᠷᠢᠨ | ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | 2020 ᠣᠨ ᠤ 12 ᠰᠠᠷ᠎ᠠ ᠶᠢᠨ 3 ᠤ ᠡᠳᠦᠷ | ︵ᠡᠨᠡ ᠮᠠᠲ᠋ᠧᠷᠢᠶᠠᠯ ᠢ ᠢᠯᠡ ᠪᠠᠷ ᠨᠡᠶᠢᠳᠡᠯᠡᠨ᠎ᠡ︶ | | ᠪᠤᠭᠤᠳᠤ ᠬᠤᠳᠠ ᠶᠢᠨ ᠠᠵᠤ ᠠᠬᠤᠢᠢᠯᠠᠯ ᠨᠡᠭᠡᠭᠡᠨ ᠡᠷᠬᠢᠯᠡᠬᠦ ᠶᠢ ᠲᠠᠩᠰᠠᠯᠠᠬᠤ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ | | | ᠠᠵᠤ ᠠᠬᠤᠢᠢᠯᠠᠯ ᠨᠡᠭᠡᠭᠡᠨ ᠡᠷᠬᠢᠯᠡᠬᠦ ᠶᠢ ᠲᠠᠩᠰᠠᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠲᠡᠭᠡᠭᠰᠢᠯᠡᠭᠦᠯᠵᠦ᠂ ᠠᠵᠤ ᠠᠬᠤᠶᠢᠯᠠᠯ ᠨᠡᠭᠡᠭᠡᠨ ᠡᠷᠬᠢᠯᠡᠬᠦ ᠶᠢ ᠲᠠᠩᠰᠠᠯᠠᠬᠤ ᠴᠠᠭ ᠬᠤᠭᠤᠴᠠᠭ᠎ᠠ ᠶᠢ ᠪᠤᠭᠤᠨᠢᠰᠬᠠᠵᠤ᠂ | ᠬᠤᠳᠠᠯᠳᠤᠭ᠎ᠠ ᠡᠵᠡᠩᠨᠡᠬᠦ ᠲᠡᠷᠢᠭᠦᠨ ᠤ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ᠂ ︽ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠪᠠ ︽ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠦᠭᠰᠡᠨ ᠥᠭᠡᠷᠡᠴᠢᠯᠡᠯᠲᠡ ᠶᠢᠨ ᠠᠷᠭ᠎ᠠ ᠪᠠᠷᠢᠯ ᠢ ᠬᠠᠭᠤᠯᠪᠤᠷᠢᠯᠠᠬᠤ ᠲᠡᠯᠭᠡᠷᠡᠬᠦᠯᠬᠦ ᠲᠤᠯᠢ | ᠪᠤᠯᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠪᠢᠴᠢᠭ ︹2019︺89︺ 89 ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠲᠤᠰ ᠲᠦᠰᠦᠯ ᠢ ᠤᠨᠴᠠᠭᠠᠶᠢᠯᠠᠨ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ︽ᠠᠭᠤᠯᠵᠠᠬᠤ ᠦᠭᠡᠢ᠂ ᠰᠦᠯᠵᠢᠶᠡᠨ ᠳᠡᠭᠡᠷ᠎ᠡ ᠭᠦᠢᠴᠡᠳᠬᠡᠬᠦ︔ ᠭᠡᠷᠡᠴᠢᠯᠡᠯᠳᠡ ᠠᠪᠬᠤ ᠦᠭᠡᠢ᠂ | ᠮᠠᠲ᠋ᠧᠷᠢᠶᠠᠯ ᠢ ᠬᠠᠰᠤᠬᠤ︔ ᠥᠷᠲᠡᠭ ᠭᠠᠷᠭᠠᠯᠭᠠᠬᠤ ᠥᠬᠡᠢ᠂ ᠲᠠᠷᠤᠭᠠᠰᠤ ᠦᠭᠡᠢ︔ ᠬᠦᠯᠢᠶᠡᠬᠦ ᠴᠢᠬᠤᠯᠠ ᠦᠭᠡᠢ᠂ | ᠲᠤᠤᠷ᠎ᠠ ᠨᠢ ᠭᠦᠢᠴᠡᠳᠭᠡᠬᠦ︔ ᠨᠠᠰᠢ ᠴᠠᠰᠢ ᠭᠦᠶᠦᠯᠭᠡᠬᠦ ᠦᠭᠡᠢ᠂᠂ ᠡᠭᠦᠳᠡᠨ ᠳᠤ ᠨᠢ ᠬᠦᠷᠭᠡᠬᠦ︾ ᠵᠡᠷᠭᠡ ︽ᠲᠠᠪᠤᠨ | ᠦᠭᠡᠢ︾ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠠᠪᠴᠤ ᠪᠠᠶᠢᠭᠠᠳ᠂ ᠠᠵᠤ ᠠᠬᠤᠶᠢᠯᠠᠯ ᠤᠨ | ᠳᠠᠩᠰᠠᠯᠠᠭᠤᠯᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠤ᠂ ᠬᠠᠮᠤᠭ ᠤᠨ ᠤᠷᠲᠤ | ᠬᠤᠭᠤᠴᠠᠭ᠎ᠠ ᠶᠢ 0.5 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠪᠤᠭᠤᠳᠤ ᠬᠤᠳᠠ ᠳᠤ ᠠᠩᠬ᠎ᠠ ᠲᠠᠩᠰᠠᠯᠠᠭᠤᠯᠤᠬᠰᠠᠨ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ᠂ | ᠪᠣᠳᠠᠲᠠᠢ ᠬᠦᠷᠢᠶ᠎ᠡ ᠴᠠᠷᠠᠭ᠎ᠠ᠄ | ︵ᠨᠢᠭᠡ︶ ᠲᠤᠰ ᠬᠤᠲᠠ ᠳᠤ ᠬᠤᠪᠢᠴᠠᠭ᠎ᠠ ᠡᠵᠡᠮᠰᠢᠭᠴᠢ ︵ᠪᠡᠯᠡ ᠣᠷᠣᠭᠤᠯᠤᠭᠴᠢ᠂ ᠬᠤᠷᠰᠢᠭᠴᠢ ᠪᠤᠯᠬᠤ︶ | ᠶᠢᠨ ᠬᠤᠪᠢ ᠪᠠᠷ ᠠᠵᠤ ᠠᠬᠤᠶᠢᠯᠠᠯ ᠡᠷᠬᠢᠯᠡᠭᠰᠡᠨ ᠦᠭᠡᠢ ᠮᠥᠷᠲᠡᠭᠡᠨ ᠬᠤᠪᠢᠴᠠᠭ᠎ᠠ ᠡᠵᠡᠮᠰᠢᠭᠴᠢ ︵ᠪᠡᠯᠡ | ᠣᠷᠣᠭᠤᠯᠤᠭᠴᠢ᠂ ᠬᠤᠷᠰᠢᠭᠴᠢ ᠪᠤᠯᠬᠤ︶ ᠨᠢ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠪᠠᠶᠢᠬᠤ ᠦᠭᠡᠢ︔ | ︵ᠬᠤᠶᠠᠷ︶ ᠠᠵᠤ ᠠᠬᠤᠶᠢᠯᠠᠯ ᠤᠨ ᠬᠠᠤᠯᠢ ᠶᠢᠨ ᠲᠥᠯᠥᠭᠡᠯᠡᠭᠴᠢ ︵ᠬᠡᠷᠡᠭ ᠶᠠᠪᠤᠳᠠᠯ ᠢ ᠭᠦᠢᠴᠡᠳᠬᠡᠬᠦ | ᠬᠤᠷᠰᠢᠭᠴᠢ︶ ᠪᠣᠯᠵᠤ ᠥᠩᠭᠡᠷᠡᠭᠰᠡᠨ ᠥᠬᠡᠢ︔ | ︵ᠭᠤᠷᠪᠠ︶ ᠰᠢᠨ᠎ᠡ ᠪᠠᠷ ᠡᠷᠬᠢᠯᠡᠭᠰᠡᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ︵ᠰᠠᠯᠪᠤᠷᠢ | ᠪᠠᠶᠢᠭᠤᠯᠤᠮᠵᠢ ᠶᠢ ᠪᠠᠭᠲᠠᠭᠠᠬᠤ ᠦᠭᠡᠢ︶᠃ | | ᠭᠤᠷᠪᠠ᠂ ᠭᠤᠣᠯ ᠡᠭᠦᠷᠭᠡ | ︵ᠨᠢᠭᠡ︶ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ | ᠨᠡᠷ᠎ᠡ ᠶᠢ ᠤᠷᠢᠳᠠᠪᠡᠷ ᠬᠢᠨᠠᠨ ᠬᠠᠷᠭᠤᠭᠤᠯᠤᠨ ᠵᠦᠪᠰᠢᠶᠡᠷᠡᠬᠦ ᠬᠢᠭᠡᠳ ᠠᠵᠤ ᠠᠬᠤᠶᠢᠯᠠᠯ ᠪᠠᠶᠢᠭᠤᠯᠬᠤ ᠶᠢ | ᠲᠠᠩᠰᠠᠯᠠᠬᠤ ᠶᠢ ᠨᠡᠶᠢᠯᠡᠭᠦᠯᠦᠨ ᠨᠢᠭᠡᠯᠡ ᠭᠤᠬᠴᠤᠭ᠎ᠠ ᠪᠤᠯᠭᠠᠨ᠎ᠠ ︵ᠤᠷᠢᠳᠴᠢᠯᠠᠨ ᠬᠢᠨᠠᠨ ᠵᠥᠪᠰᠢᠶᠡᠷᠡᠭᠦᠯᠬᠦ ᠳᠤ | ᠬᠤᠯᠪᠣᠭᠳᠠᠬᠤ ᠠᠵᠤ ᠠᠬᠤᠶᠢᠯᠠᠯ ᠠᠴᠠ ᠭᠠᠳᠠᠨ᠎ᠠ︶᠂ ᠡᠷᠡᠭᠦᠯ ᠪᠤᠰᠤ ᠢᠲᠡᠭᠡᠮᠵᠢ ᠶᠢᠨ ᠲᠡᠮᠳᠡᠭᠯᠡᠯ ᠥᠬᠡᠢ ᠠᠵᠤ | ᠠᠬᠤᠶᠢᠯᠠᠯ ᠡᠷᠬᠢᠯᠡᠬᠦ ᠬᠦᠮᠦᠰ ᠠᠴᠠ ᠠᠵᠤ ᠠᠬᠤᠶᠢᠯᠠᠯ ᠤᠨ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠠᠢ︶ ᠤᠨ | ᠮᠡᠳᠡᠭᠡ ᠵᠠᠩᠭᠢ ᠵᠢᠴᠢ ᠬᠤᠪᠢᠴᠠᠭ᠎ᠠ ᠡᠵᠡᠮᠰᠢᠭᠴᠢ᠂ ᠬᠠᠤᠯᠢ ᠶᠢᠨ ᠲᠥᠯᠥᠭᠡᠯᠡᠭᠴᠢ᠂ ᠭᠦᠢᠴᠡᠳᠬᠡᠬᠦ ᠬᠡᠷᠡᠭ ᠮᠡᠳᠡᠭᠴᠢ᠂ | ᠵᠢᠩᠯᠢ᠂ ᠬᠡᠷᠡᠭ ᠶᠠᠪᠤᠳᠠᠯ ᠢ ᠬᠢᠨᠠᠬᠴᠢ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ᠂ ᠬᠤᠯᠪᠤᠭ᠎ᠠ ᠠᠪᠤᠬᠴᠢ ᠵᠡᠷᠭᠡ | ᠬᠦᠮᠦᠰ ᠤᠨ ᠪᠡᠶ᠎ᠡ ᠶᠢᠨ ᠭᠠᠷᠤᠯ ᠤᠨ ᠲᠤᠬᠠᠢ ᠮᠡᠳᠡᠭᠡ ᠵᠠᠩᠬᠢ ᠵᠡᠷᠭᠡ ᠴᠢᠬᠤᠯᠠ ᠪᠦᠬᠦᠢ ᠮᠠᠲ᠋ᠧᠷᠢᠶᠠᠯ ᠢ ᠲᠤᠰᠢᠶᠠᠵᠤ᠂ | ᠦᠨᠡᠨ ᠨᠡᠷ᠎ᠡ ᠪᠠᠷ ᠢᠶᠠᠨ ᠪᠠᠳᠤᠯᠠᠭᠤᠯᠤᠬᠰᠠᠨ ᠤ ᠲᠠᠷᠠᠭ᠎ᠠ ᠬᠢᠨᠠᠨ ᠵᠦᠪᠰᠢᠶᠡᠷᠡᠭᠦᠯᠦᠨ᠎ᠡ᠂ ᠬᠢᠨᠠᠨ ᠵᠥᠪᠰᠢᠶᠡᠷᠡᠬᠦ ᠠᠵᠢᠯ | 2 ᠴᠠᠭ ᠢ ᠬᠡᠳᠦᠷᠴᠤ ᠪᠤᠯᠬᠤ ᠦᠭᠡᠢ᠃ ᠬᠢᠨᠠᠨ ᠵᠦᠪᠰᠢᠶᠡᠷᠡᠵᠦ ᠳᠠᠭᠤᠰᠤᠭᠰᠠᠨ ᠤ ᠳᠠᠷᠠᠭ᠎ᠠ ᠠᠵᠤ ᠠᠬᠤᠶᠢᠯᠠᠯ ᠢ | ᠲᠠᠩᠰᠠᠯᠠᠬᠤ ︽ᠮᠧᠩ ᠴᠠᠩ ᠺᠠᠢ︾ ᠲᠠᠪᠴᠠᠩ ᠳᠤ ᠴᠠᠭ ᠲᠤᠬᠠᠢ ᠳᠤᠨᠢ ᠮᠡᠳᠡᠭᠡ ᠵᠠᠩᠭᠢ ᠶᠢ ᠬᠦᠷᠭᠡᠬᠦ ᠬᠡᠷᠡᠭᠳᠡᠢ᠃ | ︵ᠬᠤᠶᠠᠷ︶ ᠲᠠᠮᠠᠭ᠎ᠠ ᠰᠡᠶᠢᠯᠦᠨ ᠦᠢᠯᠡᠳᠬᠦ ᠨᠢᠭᠡᠴᠢ ᠠᠵᠤ ᠠᠬᠤᠢᠢᠯᠠᠯ ᠤᠨ ︽ᠮᠧᠩ ᠴᠠᠩ ᠺᠠᠢ︾ | ᠲᠠᠪᠴᠠᠩ ᠳᠤ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ᠠᠵᠤ ᠠᠬᠤᠢᠢᠯᠠᠯ ᠤᠨ | ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠤᠰᠬᠠᠢ ᠲᠠᠮᠠᠭ᠎ᠠ᠂ ᠠᠵᠤ ᠠᠬᠤᠢᠢᠯᠠᠯ ᠤᠨ ᠬᠠᠤᠯᠢ ᠶᠢᠨ ᠡᠷᠬᠡᠲᠡᠨ ᠤ | ᠲᠠᠮᠠᠭ᠎ᠠ᠂ ᠪᠠᠷᠢᠮᠲᠠ ᠶᠢᠨ ᠲᠤᠰᠬᠠᠢ ᠲᠠᠮᠠᠭ᠎ᠠ᠂ ᠭᠡᠷ᠎ᠡ ᠶᠢᠨ ᠲᠤᠰᠬᠠᠢ ᠲᠠᠮᠠᠭ᠎ᠠ ᠵᠡᠷᠭᠡ 5 ᠲᠠᠮᠠᠭ᠎ᠠ ᠶᠢ ᠰᠡᠶᠢᠯᠵᠦ ᠦᠭᠬᠦ | ᠮᠥᠷᠲᠡᠭᠡᠨ ᠴᠠᠭ ᠲᠤᠬᠠᠢ ᠳᠤᠨᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ︵ᠬᠤᠳᠠ ᠶᠢᠨ | ᠠᠷᠠᠳ ᠤᠨ ᠲᠢᠩᠬᠢᠮ︶ ᠤᠨ ᠲᠤᠬᠳᠠᠬᠰᠠᠨ ᠴᠤᠩᠬᠤᠪᠴᠢ ᠳᠤ ᠬᠦᠷᠭᠡᠬᠦ ᠶᠢᠨ ᠬᠠᠮᠳᠤ ᠠᠳᠠᠯᠢ ᠠᠯᠬᠤᠮ ᠢᠶᠠᠷ | ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠲᠠᠮᠠᠭ᠎ᠠ ᠶᠢᠨ ᠮᠡᠳᠡᠭᠡ ᠵᠠᠩᠬᠢ ᠶᠢ ᠲᠠᠩᠰᠠᠯᠠᠭᠤᠯᠬᠤ ᠶᠢ | ᠭᠦᠢᠴᠡᠳᠭᠡᠵᠤ᠂ ᠬᠦᠢᠴᠡᠳᠭᠡᠬᠦ ᠴᠠᠭ ᠬᠤᠭᠤᠴᠠᠭ᠎ᠠ ᠶᠢ 2 ᠴᠠᠭ ᠤᠨ ᠲᠤᠳᠤᠷ᠎ᠠ ᠬᠢᠵᠠᠭᠠᠷᠯᠠᠨ᠎ᠠ᠂ ᠲᠠᠮᠠᠭ᠎ᠠ ᠰᠡᠶᠢᠯᠬᠦ | ᠵᠠᠷᠤᠳᠠᠯ ᠢ ᠵᠠᠰᠠᠭ ᠤᠨ ᠤᠷᠳᠤᠨ ᠠᠴᠠ ᠭᠠᠷᠭᠠᠨ᠎ᠠ᠃ | ︵ᠭᠤᠷᠪᠠ︶ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠠᠵᠤ ᠠᠬᠤᠢᠢᠯᠠᠯ ᠤᠨ ︽ᠮᠧᠩ ᠴᠠᠩ ᠺᠠᠢ︾ | ᠲᠠᠪᠴᠠᠩ ᠳᠤ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ᠠᠵᠤ ᠠᠬᠤᠢᠢᠯᠠᠯ ᠳᠤ | ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠥᠬᠦᠪᠥᠷᠢᠯᠡᠨ ᠪᠢᠴᠢᠬᠦ ᠲᠤᠬᠠᠢᠢᠯᠠᠭᠰᠠᠨ ᠠᠵᠢᠯ ᠢ | ᠳᠠᠷᠦ᠋ᠢᠬᠠᠨ ᠭᠦᠢᠴᠡᠳᠬᠡᠬᠦ ᠬᠡᠷᠡᠭᠲᠡᠢ ᠮᠥᠷᠲᠡᠭᠡᠨ ᠲᠠᠬᠢᠨ ᠮᠠᠲ᠋ᠧᠷᠢᠶᠠᠯ ᠲᠤᠰᠢᠶᠠᠯᠭᠠᠬᠤ ᠴᠢᠬᠤᠯᠠ ᠦᠭᠡᠢ ᠪᠠᠶᠢᠯᠭᠠᠬᠤ | ᠬᠡᠷᠡᠭᠳᠡᠢ᠃ ᠠᠵᠤ ᠠᠬᠤᠢᠢᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠳᠠᠯᠳᠤᠨ ᠠᠪᠬᠤ ᠭᠠᠶᠢᠯᠢ ᠶᠢ | ᠬᠢᠵᠠᠭᠠᠷᠯᠠᠬᠤ ᠲᠠᠪᠠᠭ ᠵᠡᠷᠭᠡ ᠲᠤᠬᠠᠢᠢᠯᠠᠭᠰᠠᠨ ᠠᠵᠢᠯ ᠢ ᠵᠡᠷᠭᠡ ᠪᠠᠷ ᠭᠦᠢᠴᠡᠳᠬᠡᠵᠦ ᠪᠣᠯᠤᠨ᠎ᠠ᠃ ᠬᠥᠳᠡᠯᠮᠦᠷᠢ | ᠬᠦᠴᠦᠨ ᠬᠡᠷᠡᠭᠯᠡᠬᠦ ᠶᠢ ᠳᠠᠩᠰᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠳᠠᠭᠠᠳᠬᠠᠯ ᠳᠤ ᠣᠷᠣᠯᠴᠠᠬᠤ ᠶᠢ | ᠳᠠᠩᠰᠠᠯᠠᠬᠤ᠂ ᠨᠡᠶᠢᠭᠡᠮ ᠤᠨ ᠳᠠᠭᠠᠳᠬᠠᠯ ᠤᠨ ᠦᠨᠳᠦᠰᠦᠨ ᠬᠠᠳᠠᠭᠠᠯᠠᠮᠵᠢ ᠶᠢᠨ ᠳᠠᠩᠰᠨ ᠡᠷᠦᠬᠡ ᠶᠢᠨ ᠮᠡᠳᠡᠭᠡ ᠵᠠᠩᠭᠢ | ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ ᠬᠠᠳᠠᠭᠠᠯᠠᠬᠤ ᠨᠢᠭᠡᠴᠢ ᠶᠢᠨ | ᠳᠠᠩᠰᠠ ᠡᠷᠦᠬᠡ ᠶᠢ ᠪᠠᠶᠢᠭᠤᠯᠬᠤ ︵ᠠᠵᠤ ᠠᠬᠤᠢᠢᠯᠠᠯ︶ ᠵᠡᠷᠭᠡ ᠲᠤᠬᠠᠢᠢᠯᠠᠭᠰᠠᠨ ᠠᠵᠢᠯ ᠢ ᠬᠠᠮᠲᠤ ᠳᠤᠨᠢ | ᠭᠦᠢᠴᠡᠳᠬᠡᠵᠦ ᠦᠭᠬᠦ ᠬᠡᠷᠡᠭᠳᠡᠢ᠂ ᠭᠦᠢᠴᠡᠳᠭᠡᠵᠤ ᠥᠭᠬᠦ ᠴᠠᠭ ᠬᠤᠭᠤᠴᠠᠭ᠎ᠠ ᠶᠢ 2 ᠴᠠᠭ ᠠᠴᠠ ᠬᠡᠲᠦᠷᠡᠭᠦᠯᠵᠦ | ᠪᠣᠯᠬᠤ ᠥᠬᠡᠢ᠃ ᠬᠤᠳᠠᠯᠳᠤᠨ ᠠᠪᠬᠤ ᠬᠢᠵᠠᠭᠠᠷᠯᠠᠬᠤ ᠭᠠᠶᠢᠯᠢ ᠶᠢᠨ ᠲᠠᠪᠠᠭ ᠤᠨ ᠵᠠᠷᠤᠳᠠᠯ ᠢ ᠵᠠᠰᠠᠭ ᠤᠨ | ᠣᠷᠳᠣᠨ ᠠᠴᠠ ᠭᠠᠷᠭᠠᠨ᠎ᠠ᠃ | ︵ᠲᠦᠷᠪᠡ︶ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠵᠤ ᠠᠬᠤᠢᠢᠯᠠᠯ ᠤᠨ ︽ᠮᠧᠩ ᠴᠠᠩ ᠺᠠᠢ︾ ᠲᠠᠪᠴᠠᠩ ᠳᠤ ᠳᠠᠩᠰᠠᠯᠠᠭᠤᠯᠤᠭᠰᠠᠨ ᠮᠡᠳᠡᠭᠡ ᠵᠠᠩᠭᠢ ᠶᠢ | ᠬᠦᠯᠢᠶᠡᠨ ᠠᠪᠤᠭᠰᠠᠨ ᠤ ᠳᠠᠷᠠᠭ᠎ᠠ᠂ ᠠᠵᠤ ᠠᠬᠤᠢᠢᠯᠠᠯ ᠳᠤ ᠨᠡᠶᠢᠭᠡᠮ ᠤᠨ ᠲᠠᠭᠠᠳᠬᠠᠯ ᠳᠤ ᠤᠷᠤᠬᠰᠠᠨ ᠠᠵᠤ | ᠠᠬᠤᠢᠢᠯᠠᠯ ᠤᠨ ᠰᠢᠨ᠎ᠡ ᠪᠠᠷ ᠳᠠᠭᠠᠳᠬᠠᠯ ᠳᠤ ᠣᠷᠣᠭᠰᠠᠨ ᠳᠡᠩᠰᠡᠯᠡᠯᠲᠡ ᠵᠢᠴᠢ ᠬᠥᠳᠡᠯᠮᠦᠷᠢ ᠬᠦᠴᠦᠨ ᠬᠡᠷᠡᠭᠯᠡᠬᠦ | ᠲᠠᠩᠰᠠᠯᠠᠯᠳᠠ ᠶᠢ ᠴᠠᠭ ᠲᠤᠬᠠᠢ ᠳᠤᠨᠢ ᠭᠦᠢᠴᠡᠳᠭᠡᠵᠤ ᠦᠭᠬᠦ ᠬᠡᠷᠡᠭᠳᠡᠢ ᠪᠥᠭᠡᠳ ᠮᠠᠲ᠋ᠧᠷᠢᠶᠠᠯ ᠬᠠᠩᠭᠠᠯᠭᠠᠬᠤ ᠴᠢᠬᠤᠯᠠ | ᠥᠬᠡᠢ᠃ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠥᠬᠦᠵᠦ ᠤᠷᠤᠭᠤᠯᠬᠤ᠂ ᠪᠠᠩᠬᠢ ᠶᠢᠨ | ᠦᠨᠳᠦᠰᠦᠨ ᠳᠠᠩᠰᠨ ᠡᠷᠦᠬᠡ ᠨᠡᠭᠡᠭᠡᠬᠦ᠂ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠳᠠᠭᠠᠳᠬᠠᠯ ᠳᠤ | ᠣᠷᠣᠬᠤ ᠶᠢ ᠳᠠᠩᠰᠠᠯᠠᠬᠤ᠂ ᠨᠡᠶᠢᠭᠡᠮ ᠤᠨ ᠳᠠᠭᠠᠳᠬᠠᠯ ᠤᠨ ᠦᠨᠳᠦᠰᠦᠨ ᠬᠠᠳᠠᠭᠠᠯᠠᠮᠵᠢ ᠶᠢᠨ ᠳᠠᠩᠰᠨ ᠡᠷᠦᠬᠡ ᠶᠢᠨ | ᠮᠡᠳᠡᠭᠡ ᠵᠠᠩᠭᠢ ᠶᠢ ᠲᠠᠩᠰᠠᠯᠠᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠲᠤᠰᠢᠶᠠᠵᠤ ᠬᠠᠳᠠᠭᠠᠯᠠᠭᠰᠠᠨ ᠨᠢᠭᠡᠴᠡ ᠶᠢᠨ ᠳᠠᠩᠰᠨ ᠡᠷᠦᠬᠡ ᠪᠠᠶᠢᠭᠤᠯᠬᠤ ︵ᠠᠵᠤ ᠠᠬᠤᠢᠢᠯᠠᠯ︶ ᠵᠡᠷᠭᠡ | ᠲᠤᠬᠠᠢᠢᠯᠠᠭᠰᠠᠨ ᠠᠵᠢᠯ ᠢ ᠵᠡᠷᠭᠡ ᠳᠤᠨᠢ ᠭᠦᠢᠴᠡᠳᠬᠡᠵᠦ᠂ ᠭᠦᠢᠴᠡᠳᠭᠡᠬᠦ ᠴᠠᠭ ᠬᠤᠭᠤᠴᠠᠭ᠎ᠠ ᠶᠢ 2 ᠴᠠᠭ ᠠᠴᠠ | ᠬᠡᠲᠦᠷᠡᠭᠦᠯᠵᠦ ᠪᠣᠯᠬᠤ ᠥᠬᠡᠢ᠃ | ︵ᠲᠠᠪᠤ︶ ᠡᠮ ᠡᠮᠨᠡᠯᠭᠡ ᠶᠢᠨ ᠰᠠᠯᠠᠭ᠎ᠠ ᠮᠦᠴᠢᠷ ᠠᠵᠤ ᠠᠬᠤᠶᠢᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ | ᠠᠵᠤ ᠠᠬᠤᠶᠢᠯᠠᠯ ᠤᠨ ︽ᠮᠧᠩ ᠴᠠᠩ ᠺᠠᠢ︾ ᠲᠠᠪᠴᠠᠩ ᠳᠤ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠦᠯᠢᠶᠡᠨ | ᠠᠪᠤᠭᠰᠠᠨ ᠤ ᠳᠠᠷᠠᠭ᠎ᠠ᠂ ᠠᠵᠤ ᠠᠬᠤᠶᠢᠯᠠᠯ ᠳᠤ ᠡᠮ ᠡᠮᠨᠡᠯᠭᠡ ᠶᠢᠨ ᠳᠠᠭᠠᠳᠬᠠᠯ ᠳᠤ ᠣᠷᠣᠬᠤ ᠨᠢᠭᠡᠴᠢ ᠶᠢᠨ | ᠲᠠᠭᠠᠳᠬᠠᠯ ᠳᠤ ᠤᠷᠤᠬᠰᠠᠨ ᠲᠠᠩᠰᠠᠯᠠᠯᠳᠠ ᠶᠢ ᠭᠦᠢᠴᠡᠳᠭᠡᠵᠤ ᠦᠭᠬᠦ ᠬᠡᠷᠡᠭᠳᠡᠢ᠂ ᠲᠠᠬᠢᠵᠤ ᠮᠠᠲ᠋ᠧᠷᠢᠶᠠᠯ ᠬᠠᠩᠭᠠᠯᠭᠠᠬᠤ | ᠴᠢᠬᠤᠯᠠ ᠥᠬᠡᠢ᠃ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠥᠬᠦᠵᠦ ᠤᠷᠤᠭᠤᠯᠬᠤ᠂ | ᠪᠠᠩᠬᠢ ᠶᠢᠨ ᠦᠨᠳᠦᠰᠦᠨ ᠳᠠᠩᠰᠨ ᠡᠷᠦᠬᠡ ᠨᠡᠭᠡᠭᠡᠬᠦ᠂ ᠬᠦᠳᠡᠯᠮᠤᠷᠢ ᠬᠦᠴᠦ ᠬᠡᠷᠡᠭᠯᠡᠬᠦ ᠶᠢ ᠲᠠᠩᠰᠠᠯᠠᠬᠤ᠂ ᠡᠮ | ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠳᠠᠭᠠᠳᠬᠠᠯ ᠳᠤ ᠣᠷᠣᠬᠤ ᠶᠢ ᠳᠠᠩᠰᠠᠯᠠᠬᠤ᠂ ᠨᠡᠶᠢᠭᠡᠮ ᠤᠨ | ᠳᠠᠭᠠᠳᠬᠠᠯ ᠤᠨ ᠦᠨᠳᠦᠰᠦᠨ ᠬᠠᠳᠠᠭᠠᠯᠠᠮᠵᠢ ᠶᠢᠨ ᠳᠠᠩᠰᠨ ᠡᠷᠦᠬᠡ ᠶᠢᠨ ᠮᠡᠳᠡᠭᠡ ᠵᠠᠩᠭᠢ ᠶᠢ ᠲᠠᠩᠰᠠᠯᠠᠬᠤ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ ᠬᠠᠳᠠᠭᠠᠯᠠᠭᠰᠠᠨ ᠨᠢᠭᠡᠴᠡ ᠶᠢᠨ ᠳᠠᠩᠰᠨ | ᠡᠷᠦᠬᠡ ᠪᠠᠶᠢᠭᠤᠯᠬᠤ ︵ᠠᠵᠤ ᠠᠬᠤᠢᠢᠯᠠᠯ︶ ᠵᠡᠷᠭᠡ ᠲᠤᠬᠠᠢᠢᠯᠠᠭᠰᠠᠨ ᠠᠵᠢᠯ ᠢ ᠵᠡᠷᠭᠡ ᠳᠤᠨᠢ ᠭᠦᠢᠴᠡᠳᠬᠡᠵᠦ᠂ | ᠭᠦᠢᠴᠡᠳᠭᠡᠬᠦ ᠴᠠᠭ ᠬᠤᠭᠤᠴᠠᠭ᠎ᠠ ᠶᠢ 2 ᠴᠠᠭ ᠠᠴᠠ ᠬᠡᠲᠦᠷᠡᠭᠦᠯᠵᠦ ᠪᠣᠯᠬᠤ ᠥᠬᠡᠢ᠃ | ︵ᠵᠢᠷᠭᠤᠭ᠎ᠠ︶ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠥᠪ ᠨᠢ ᠠᠵᠤ | ᠠᠬᠤᠶᠢᠯᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ︽ᠮᠧᠩ ᠴᠠᠩ ᠺᠠᠢ︾ ᠲᠠᠪᠴᠠᠩ ᠳᠤ | ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ᠠᠵᠤ ᠠᠬᠤᠶᠢᠯᠠᠯ ᠳᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ ᠬᠠᠳᠠᠭᠠᠯᠠᠭᠰᠠᠨ ᠨᠢᠭᠡᠴᠢ ᠶᠢᠨ ᠳᠠᠩᠰᠨ | ᠡᠷᠦᠬᠡ ᠪᠠᠶᠢᠭᠤᠯᠬᠤ ︵ᠠᠵᠤ ᠠᠬᠤᠢᠢᠯᠠᠯ︶ ᠲᠤᠬᠠᠢᠢᠯᠠᠭᠰᠠᠨ ᠠᠵᠢᠯ ᠢ ᠭᠦᠢᠴᠡᠳᠭᠡᠵᠤ ᠦᠭᠬᠦ ᠬᠡᠷᠡᠭᠳᠡᠢ᠃ | ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠥᠬᠦᠵᠦ ᠤᠷᠤᠭᠤᠯᠬᠤ᠂ ᠪᠠᠩᠬᠢ ᠶᠢᠨ | ᠦᠨᠳᠦᠰᠦᠨ ᠳᠠᠩᠰᠨ ᠡᠷᠦᠬᠡ ᠨᠡᠭᠡᠭᠡᠬᠦ᠂ ᠬᠦᠳᠡᠯᠮᠤᠷᠢ ᠬᠦᠴᠦ ᠬᠡᠷᠡᠭᠯᠡᠬᠦ ᠶᠢ ᠲᠠᠩᠰᠠᠯᠠᠬᠤ᠂ ᠡᠮ ᠡᠮᠨᠡᠯᠭᠡ ᠶᠢᠨ | ᠳᠠᠭᠠᠳᠬᠠᠯ ᠤᠨ ᠨᠢᠭᠡᠴᠢ ᠶᠢᠨ ᠳᠠᠭᠠᠳᠬᠠᠯ ᠳᠤ ᠣᠷᠣᠬᠤ ᠶᠢ ᠳᠠᠩᠰᠠᠯᠠᠬᠤ᠂ ᠨᠡᠶᠢᠭᠡᠮ ᠤᠨ ᠳᠠᠭᠠᠳᠬᠠᠯ ᠤᠨ | ᠦᠨᠳᠦᠰᠦᠨ ᠬᠠᠳᠠᠭᠠᠯᠠᠮᠵᠢ ᠶᠢᠨ ᠳᠠᠩᠰᠨ ᠡᠷᠦᠬᠡ ᠶᠢᠨ ᠮᠡᠳᠡᠭᠡ ᠵᠠᠩᠭᠢ ᠶᠢ ᠲᠠᠩᠰᠠᠯᠠᠬᠤ ᠵᠡᠷᠭᠡ ᠲᠤᠬᠠᠢᠢᠯᠠᠭᠰᠠᠨ | ᠠᠵᠢᠯ ᠢ ᠵᠡᠷᠭᠡ ᠳᠤᠨᠢ ᠭᠦᠢᠴᠡᠳᠬᠡᠵᠦ᠂ ᠭᠦᠢᠴᠡᠳᠭᠡᠬᠦ ᠴᠠᠭ ᠬᠤᠭᠤᠴᠠᠭ᠎ᠠ ᠶᠢ 2 ᠴᠠᠭ ᠠᠴᠠ ᠬᠡᠲᠦᠷᠡᠭᠦᠯᠵᠦ ᠪᠣᠯᠬᠤ | ᠥᠬᠡᠢ᠃ | ︵ᠲᠤᠯᠤᠭ᠎ᠠ︶ ᠠᠵᠤ ᠠᠬᠤᠶᠢᠯᠠᠯ ᠤᠨ ᠲᠣᠭᠲᠠᠭᠰᠠᠨ ᠬᠤᠳᠠᠯᠳᠤᠭᠠᠨ ᠤ ᠪᠠᠩᠬᠢ ᠨᠢ ᠠᠵᠤ ᠠᠬᠤᠶᠢᠯᠠᠯ ᠤᠨ ︽ | ᠮᠧᠩ ᠴᠠᠩ ᠺᠠᠢ︾ ᠲᠠᠪᠴᠠᠩ ᠳᠤ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ︽ | ᠠᠵᠤ ᠠᠬᠤᠶᠢᠯᠠᠯ ᠬᠢᠭᠡᠳ ᠪᠠᠩᠬᠢ ᠲᠤᠭᠠᠴᠠᠭ᠎ᠠ ᠬᠢᠬᠦ ᠲᠠᠩᠰᠠ ᠡᠷᠦᠬᠡ ᠶᠢᠨ ᠬᠠᠮᠢᠶᠠᠷᠤᠯᠳᠠ ᠶᠢᠨ ᠠᠷᠭ᠎ᠠ︾ ᠶᠢᠨ | ᠱᠠᠭᠠᠷᠳᠠᠯᠭ᠎ᠠ ᠶᠤᠰᠤᠭᠠᠷ᠂ ᠠᠵᠤ ᠠᠬᠤᠶᠢᠯᠠᠯ ᠳᠤ ᠪᠠᠩᠬᠢ ᠶᠢᠨ ᠦᠨᠳᠦᠰᠦᠨ ᠲᠠᠩᠰᠠ ᠡᠷᠦᠭᠡ ᠨᠡᠭᠡᠭᠡᠵᠤ ᠦᠭᠬᠦ ᠶᠢᠨ | ᠬᠠᠮᠳᠤ ᠠᠷᠠᠳ ᠤᠨ ᠪᠠᠩᠬᠢ ᠳᠤ ᠲᠠᠩᠰᠠᠯᠠᠭᠤᠯᠬᠤ ᠶᠢ ᠵᠡᠷᠭᠡ ᠳᠤ ᠨᠢ ᠭᠦᠢᠴᠡᠳᠭᠡᠵᠤ ᠦᠭᠬᠦ ᠬᠡᠷᠡᠭᠳᠡᠢ᠃ ᠬᠦᠳᠡᠯᠮᠤᠷᠢ | ᠬᠦᠴᠦ ᠬᠡᠷᠡᠭᠯᠡᠬᠦ ᠶᠢ ᠲᠠᠩᠰᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠳᠠᠭᠠᠳᠬᠠᠯ ᠳᠤ ᠣᠷᠣᠬᠤ ᠶᠢ | ᠳᠠᠩᠰᠠᠯᠠᠬᠤ᠂ ᠨᠡᠶᠢᠭᠡᠮ ᠤᠨ ᠳᠠᠭᠠᠳᠬᠠᠯ ᠤᠨ ᠦᠨᠳᠦᠰᠦᠨ ᠬᠠᠳᠠᠭᠠᠯᠠᠮᠵᠢ ᠶᠢᠨ ᠳᠠᠩᠰᠨ ᠡᠷᠦᠬᠡ ᠶᠢᠨ ᠮᠡᠳᠡᠭᠡ | ᠵᠠᠩᠭᠢ ᠶᠢ ᠲᠠᠩᠰᠠᠯᠠᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ | ᠬᠠᠳᠠᠭᠠᠯᠠᠭᠰᠠᠨ ᠨᠢᠭᠡᠴᠢ ᠶᠢᠨ ᠳᠠᠩᠰᠨ ᠡᠷᠦᠬᠡ ᠪᠠᠶᠢᠭᠤᠯᠬᠤ ︵ᠠᠵᠤ ᠠᠬᠤᠢᠢᠯᠠᠯ︶ ᠵᠡᠷᠭᠡ ᠲᠤᠬᠠᠢᠢᠯᠠᠭᠰᠠᠨ ᠠᠵᠢᠯ ᠢ | ᠠᠳᠠᠯᠢ ᠠᠯᠬᠤᠮ ᠢᠶᠠᠷ ᠬᠤᠯᠪᠤᠭᠠᠯᠠᠨ ᠭᠦᠢᠴᠡᠳᠭᠡᠵᠤ ᠦᠭᠬᠦ ᠬᠡᠷᠡᠭᠳᠡᠢ᠂ ᠭᠦᠢᠴᠡᠳᠭᠡᠬᠦ ᠴᠠᠭ ᠬᠤᠭᠤᠴᠠᠭ᠎ᠠ ᠶᠢ 2 | ᠴᠠᠭ ᠠᠴᠠ ᠬᠡᠲᠦᠷᠡᠭᠦᠯᠵᠦ ᠪᠣᠯᠬᠤ ᠥᠬᠡᠢ᠃ | ︵ᠨᠠᠢᠮᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠢᠨ ᠠᠵᠤ ᠠᠬᠤᠢᠢᠯᠠᠯ ᠤᠨ | ᠳᠠᠩᠰᠠᠯᠠᠯᠲᠠ ᠳᠤ ᠬᠤᠯᠪᠣᠭᠳᠠᠭᠰᠠᠨ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠤ | ᠠᠬᠤᠢᠢᠯᠠᠯ ᠤᠨ ᠲᠠᠩᠰᠠᠯᠠᠯᠳᠠ ᠶᠢᠨ ︽ᠮᠧᠩ ᠴᠠᠩ ᠺᠠᠢ︾ ᠲᠠᠪᠴᠠᠩ ᠳᠤ ᠬᠢ ᠮᠡᠳᠡᠭᠡ ᠵᠠᠩᠭᠢ ᠶᠢ ᠴᠠᠭ | ᠲᠤᠬᠠᠢ ᠳᠤᠨᠢ ᠬᠦᠯᠢᠶᠡᠨ ᠠᠪᠴᠤ᠂ ᠠᠵᠤ ᠠᠬᠤᠢᠢᠯᠠᠯ ᠢ ᠳᠠᠩᠰᠠᠯᠠᠬᠤ ᠪᠦᠬᠦ ᠶᠠᠪᠤᠴᠠ ᠳᠤ ︽ᠨᠢᠭᠡ ᠤᠳᠠᠭ᠎ᠠ ᠴᠤ | ᠨᠡᠰᠢ ᠴᠠᠰᠢ ᠭᠦᠶᠦᠯᠭᠡᠬᠦ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠳᠡᠢ︔ ︽ᠠᠵᠤ ᠠᠬᠤᠶᠢᠯᠠᠯ ᠢ ᠲᠠᠩᠰᠠᠯᠠᠬᠤ | ᠦᠢᠯᠡᠴᠢᠯᠡᠭᠡᠨ ᠤ ᠲᠤᠰᠬᠠᠢ ᠲᠣᠭᠤᠷᠢᠭ︾ ᠲᠤᠬᠢᠷᠠᠭᠤᠯᠵᠤ᠂ ᠠᠵᠤ ᠠᠬᠤᠶᠢᠯᠠᠯ ᠤᠨ ᠲᠠᠩᠰᠠᠯᠠᠬᠤ ᠳᠤ ᠲᠤᠰᠬᠠᠢ | ᠬᠡᠷᠡᠭᠯᠡᠬᠦ ︽ᠪᠡᠯᠡᠭ ᠤᠨ ᠪᠠᠭᠯᠠᠭ᠎ᠠ︾ ᠬᠠᠩᠭᠠᠵᠤ᠂ ᠵᠠᠰᠠᠭ ᠤᠨ ᠣᠷᠳᠣᠨ ᠠᠴᠠ ︽ᠵᠠᠷᠤᠳᠠᠯ ᠢ ᠬᠤᠳᠠᠯᠳᠤᠨ ᠠᠪᠬᠤ︾ | ᠪᠣᠯᠭᠠᠨ᠎ᠠ᠃ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠨ ᠲᠣᠭᠲᠠᠭᠠᠭᠰᠠᠨ | ᠲᠦᠷᠭᠡᠨ ᠲᠠᠮᠵᠢᠭᠤᠯᠭ᠎ᠠ ᠶᠢᠨ ᠠᠵᠤ ᠠᠬᠤᠶᠢᠯᠠ ᠨᠢ ᠠᠩᠬ᠎ᠠ ᠤᠳᠠᠭ᠎ᠠ ᠳᠠᠩᠰᠠᠯᠠᠭᠤᠯᠤᠭᠰᠠᠨ ᠬᠤᠪᠢ ᠶᠢᠨ | ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠭᠠᠶᠢᠯᠢ ᠲᠠᠩᠰᠠᠯᠠᠭᠤᠯᠤᠬᠰᠠᠨ ᠦᠨᠡᠮᠯᠡᠯ᠂ | ᠪᠠᠩᠬᠢ ᠶᠢᠨ ᠳᠠᠩᠰᠠ ᠡᠷᠦᠬᠡ᠂ ᠬᠦᠳᠡᠯᠮᠤᠷᠢ ᠬᠦᠴᠦ ᠬᠡᠷᠡᠭᠯᠡᠬᠦ ᠶᠢ ᠲᠠᠩᠰᠠᠯᠠᠬᠰᠠᠨ ᠦᠨᠡᠮᠯᠡᠯ᠂ ᠨᠡᠶᠢᠭᠡᠮ ᠤᠨ | ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠵᠡᠷᠭᠡ ᠭᠡᠷᠡᠴᠢ ᠪᠢᠴᠢᠭ ᠮᠠᠲ᠋ᠧᠷᠢᠶᠠᠯ ᠵᠢᠴᠢ ᠬᠤᠳᠠᠯᠳᠤᠨ | ᠠᠪᠬᠤ ᠶᠢ ᠬᠢᠵᠠᠭᠠᠷᠯᠠᠬᠤ ᠭᠠᠶᠢᠯᠢ ᠶᠢᠨ ᠲᠠᠪᠠᠭ ᠵᠡᠷᠭᠡ ᠶᠢ ᠴᠠᠭ ᠲᠤᠬᠠᠢ ᠳᠤ ᠨᠢ ᠲᠠᠩᠰᠠᠯᠠᠬᠰᠠᠨ ᠠᠵᠤ | ᠠᠬᠤᠶᠢᠯᠠᠯ ᠳᠤ ᠬᠦᠷᠭᠡᠵᠤ᠂ ᠬᠦᠷᠭᠡᠬᠦ ᠴᠠᠭ ᠬᠤᠭᠤᠴᠠᠭ᠎ᠠ ᠶᠢ 1 ᠴᠠᠭ ᠠᠴᠠ ᠬᠡᠲᠦᠷᠡᠭᠦᠯᠵᠦ ᠪᠣᠯᠬᠤ ᠦᠭᠡᠢ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠠᠭᠤᠯᠵᠠᠬᠤ ᠦᠭᠡᠢ ᠂ ᠰᠦᠯᠵᠢᠶᠡᠨ ᠲᠡᠭᠡᠷ᠎ᠡ ᠭᠦᠢᠴᠡᠳᠭᠡᠨ᠎ᠡ᠃ ᠠᠵᠤ ᠠᠬᠤᠢᠢᠯᠠᠯ ᠤᠨ | ᠲᠠᠩᠰᠠᠯᠠᠯᠳᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠵᠥᠪᠰᠢᠶᠡᠷᠡᠨ ᠣᠷᠣᠭᠤᠯᠬᠤ ᠠᠵᠤ ᠠᠬᠤᠶᠢᠯᠠᠯ ᠤᠨ ᠲᠠᠩᠰᠠᠯᠠᠯᠳᠠ ᠶᠢᠨ ︽ᠮᠧᠩ ᠴᠠᠩ ᠺᠠᠢ︾ ᠰᠢᠰᠲ᠋ᠧᠮ ᠳᠤ | ᠲᠦᠰᠢᠭᠯᠡᠵᠦ᠂ ᠠᠵᠤ ᠠᠬᠤᠶᠢᠯᠠᠯ ᠨᠢ ︽ᠪᠦᠬᠦ ᠶᠠᠪᠤᠴᠠ ᠶᠢ ᠡᠯᠧᠺᠳ᠋ᠷᠣᠠᠴᠢᠯᠠᠬᠤ︾᠂ ︽5 + 2︾᠂ ︽ᠰᠦᠨᠢ | ᠡᠳᠦᠷ ᠭᠡᠰᠡᠨ ᠦᠭᠡᠢ︾᠂ ︽24 ᠴᠠᠭ ᠲᠤ ᠡᠭᠦᠳᠡ ᠪᠠᠨ ᠬᠠᠭᠠᠬᠤ ᠦᠭᠡᠢ︾ ᠬᠡᠯᠪᠡᠷᠢ ᠪᠠᠷ ᠳᠠᠮᠵᠢᠭᠤᠯᠤᠨ | ᠪᠦᠬᠦᠯᠢ ᠡᠳᠦᠷ ᠢᠶᠠᠷ ᠪᠡᠶ᠎ᠡ ᠪᠠᠨ ᠳᠠᠭᠠᠭᠠᠵᠤ ᠲᠠᠩᠰᠠᠯᠠᠭᠤᠯᠵᠤ ᠪᠤᠯᠤᠨ᠎ᠠ᠂ ᠪᠠᠰᠠ ᠵᠠᠰᠠᠭ ᠪᠠᠩᠬᠢ ᠶᠢᠨ | ᠬᠠᠮᠲᠤᠷᠠᠯᠴᠠᠭ᠎ᠠ ᠬᠢᠭᠰᠡᠨ ᠪᠠᠩᠬᠢ ᠶᠢᠨ ᠰᠦᠯᠵᠢᠶᠡᠨ ᠤ ᠴᠡᠭ ᠲᠤ ᠵᠠᠷᠤᠳᠠᠯ ᠬᠤᠷᠢᠶᠠᠬᠤ ᠦᠭᠡᠢ ᠪᠠᠷ ᠭᠤᠶᠤᠴᠢᠯᠠᠨ | ᠮᠡᠳᠡᠭᠦᠯᠬᠦ ᠦᠢᠯᠡᠴᠢᠯᠡᠭᠡ ᠦᠷᠨᠢᠭᠦᠯᠵᠤ ᠪᠤᠯᠤᠨ᠎ᠠ᠂ ᠠᠵᠤ ᠠᠬᠤᠢᠢᠯᠠᠯ ᠤᠨ ᠲᠠᠩᠰᠠᠯᠠᠯᠳᠠ ᠶᠢᠨ ᠪᠦᠬᠦ ᠶᠠᠪᠤᠴᠠ ᠳᠤ | ᠬᠢᠨᠠᠨ ᠵᠦᠪᠰᠢᠶᠡᠷᠡᠬᠦ ᠰᠠᠯᠠᠭ᠎ᠠ ᠮᠦᠴᠢᠷ᠂ ᠬᠢᠨᠠᠨ ᠵᠦᠪᠰᠢᠶᠡᠷᠡᠬᠦ ᠠᠵᠢᠯᠳᠠᠨ ᠲᠠᠢ ᠠᠭᠤᠯᠵᠠᠬᠤ ᠦᠭᠡᠢ᠃ | ︵ᠬᠤᠶᠠᠷ︶ ᠬᠡᠷᠡᠴᠢᠯᠡᠯᠳᠡ ᠠᠪᠬᠤ ᠦᠭᠡᠢ᠂ ᠮᠠᠲ᠋ᠧᠷᠢᠶᠠᠯ ᠢ ᠬᠠᠰᠤᠨ᠎ᠠ᠃ ᠴᠢᠬᠤᠯᠠ ᠪᠦᠬᠦᠢ ᠮᠠᠲ᠋ᠧᠷᠢᠶᠠᠯ ᠢ | ᠭᠠᠷᠭᠠᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠨᠡᠭᠡᠭᠡᠨ ᠡᠷᠬᠢᠯᠡᠬᠦ ᠪᠠᠷ ᠪᠠᠶᠢᠭ᠎ᠠ ᠠᠵᠤ ᠠᠬᠤᠶᠢᠯᠠᠯ ᠠᠴᠠ | ᠬᠢᠨᠠᠨ ᠵᠥᠪᠰᠢᠶᠡᠷᠡᠬᠦ ᠶᠠᠪᠤᠴᠠ ᠳᠤ ᠪᠣᠢ ᠪᠣᠯᠤᠭᠰᠠᠨ ᠪᠤᠰᠤᠳ ᠮᠠᠲ᠋ᠧᠷᠢᠶᠠᠯ ᠢ ᠬᠠᠩᠭᠠᠯᠭᠠᠬᠤ ᠪᠠᠷ ᠱᠠᠭᠠᠷᠳᠠᠵᠤ ᠪᠣᠯᠬᠤ | ᠥᠬᠡᠢ᠃ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ᠂ ᠰᠢᠰᠲ᠋ᠧᠮ ᠢᠶᠠᠷ | ᠰᠢᠯᠵᠢᠭᠦᠯᠦᠨ ᠠᠪᠬᠤ᠂ ᠰᠠᠯᠠᠭ᠎ᠠ ᠮᠥᠴᠢᠷ ᠤᠳ ᠬᠠᠮᠵᠢᠯᠴᠠᠬᠤ ᠵᠡᠷᠭᠡ ᠠᠷᠭ᠎ᠠ ᠮᠠᠶᠢᠭ ᠢᠶᠠᠷ ᠳᠠᠮᠵᠢᠭᠤᠯᠤᠨ ᠪᠤᠰᠤᠳ | ᠮᠠᠲ᠋ᠧᠷᠢᠶᠠᠯ ᠢ ᠣᠯᠵᠤ ᠪᠣᠯᠤᠨ᠎ᠠ᠃ ᠠᠵᠤ ᠠᠬᠤᠶᠢᠯᠠᠯ ᠢ ᠳᠠᠩᠰᠠᠯᠠᠬᠤ ᠳᠤ ᠬᠡᠷᠡᠭᠰᠡᠬᠦ ᠭᠡᠷᠡᠴᠢᠯᠡᠯᠳᠡ ᠶᠢᠨ ᠮᠠᠲ᠋ᠧᠷᠢᠶᠠᠯ ᠢ | ᠭᠤᠶᠤᠴᠢᠯᠠᠨ ᠮᠡᠳᠡᠭᠦᠯᠬᠦ ᠠᠮᠠᠯᠠᠯᠲᠠ᠂ ᠰᠠᠯᠠᠭ᠎ᠠ ᠮᠥᠴᠢᠷ ᠤᠨ ᠬᠢᠨᠠᠨ ᠰᠢᠯᠭᠠᠬᠤ᠂ ᠲᠤᠭ᠎ᠠ ᠪᠠᠷᠢᠮᠲᠠ ᠶᠢ ᠪᠠᠶᠢᠴᠠᠭᠠᠨ | ᠯᠠᠪᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠤᠯᠬᠤ ᠬᠡᠷᠡᠭᠲᠡᠢ᠂ ᠠᠵᠤ ᠠᠬᠤᠶᠢᠯᠠᠯ ᠢᠶᠠᠷ ᠬᠠᠩᠭᠠᠯᠭᠠᠬᠤ ᠶᠢ | ᠱᠠᠭᠠᠷᠳᠠᠵᠤ ᠪᠤᠯᠬᠤ ᠦᠭᠡᠢ᠃ | ︵ᠭᠤᠷᠪᠠ︶ ᠥᠪᠡᠷ ᠤᠨ ᠥᠷᠲᠡᠭ ᠦᠭᠡᠢ᠂ ᠲᠠᠷᠤᠭᠠᠰᠤ ᠦᠭᠡᠢ᠃ ᠠᠵᠤ ᠠᠬᠤᠶᠢᠯᠠᠯ ᠢ ᠲᠠᠩᠰᠠᠯᠠᠭᠤᠯᠬᠤ | ᠪᠦᠬᠦ ᠶᠠᠪᠤᠴᠠ ᠳᠤ ᠶᠠᠮᠠᠷ ᠴᠦ ᠵᠠᠷᠤᠳᠠᠯ ᠬᠤᠷᠢᠶᠠᠬᠤ ᠦᠭᠡᠢ᠂ ᠥᠪᠡᠷ ᠤᠨ ᠥᠷᠲᠡᠭ ᠦᠭᠡᠢ ᠪᠠᠷ ᠠᠵᠤ ᠠᠬᠤᠶᠢᠯᠠᠯ | ᠡᠷᠬᠢᠯᠡᠬᠦ ᠶᠢ ᠪᠡᠶᠡᠯᠡᠭᠦᠯᠦᠨ᠎ᠡ᠃ ᠤᠤᠯ ᠤᠨ ᠳᠠᠩᠰᠠᠯᠠᠭᠰᠠᠨ ᠠᠵᠤ ᠠᠬᠤᠶᠢᠯᠠᠯ ᠠᠴᠠ ᠪᠡᠯᠡ ᠮᠥᠩᠭᠦ ᠭᠠᠷᠭᠠᠵᠤ | ᠲᠠᠮᠠᠭ᠎ᠠ ᠰᠡᠶᠢᠯᠬᠦ ᠵᠠᠷᠤᠳᠠᠯ ᠢ ᠵᠠᠰᠠᠭ ᠤᠨ ᠣᠷᠳᠣᠨ ᠠᠴᠠ ᠡᠭᠦᠷᠭᠡᠯᠡᠨ᠎ᠡ᠃ ᠬᠡᠷᠡᠭᠰᠡᠬᠦ ᠴᠢᠬᠤᠯᠠ ᠲᠠᠢ ᠮᠠᠲ᠋ᠧᠷᠢᠶᠠᠯ ᠳᠤ | ︽ᠬᠤᠶᠠᠷ ᠳᠠᠰᠢ ᠢᠯᠡᠭᠡᠬᠦ︾ ᠠᠷᠭ᠎ᠠ ᠮᠠᠶ᠋ᠢᠭ ᠢ ᠠᠪᠴᠤ᠂ ᠡᠯ᠎ᠡ ᠲᠥᠷᠥᠯ ᠤᠨ ᠭᠡᠷᠡᠴᠢ ᠦᠨᠡᠮᠯᠡᠯ᠂ ᠵᠥᠪᠰᠢᠶᠡᠷᠡᠭᠰᠡᠨ | ᠪᠢᠴᠢᠭ ᠮᠠᠲ᠋ᠧᠷᠢᠶᠠᠯ ᠵᠢᠴᠢ ᠬᠤᠳᠠᠯᠳᠤᠨ ᠠᠪᠬᠤ ᠶᠢ ᠬᠢᠵᠠᠭᠠᠷᠯᠠᠬᠤ ᠭᠠᠶᠢᠯᠢ ᠶᠢᠨ ᠲᠠᠪᠠᠭ ᠵᠡᠷᠭᠡ ᠲᠥᠬᠦᠭᠡᠷᠦᠮᠵᠢ ᠶᠢ | ᠲᠦᠷᠭᠡᠨ ᠲᠠᠮᠵᠢᠭᠤᠯᠭ᠎ᠠ ᠪᠠᠷ ᠬᠦᠷᠭᠡᠵᠤ᠂ ᠢᠯᠡᠬᠡᠨ ᠬᠦᠷᠭᠡᠬᠦ ᠵᠠᠷᠤᠳᠠᠯ ᠢ ᠵᠠᠰᠠᠭ ᠤᠨ ᠣᠷᠳᠣᠨ ᠠᠴᠠ ᠬᠠᠷᠢᠭᠤᠴᠠᠨ᠎ᠠ᠃ | | ︵ᠲᠦᠷᠪᠡ︶ ᠬᠦᠯᠢᠶᠡᠬᠦ ᠦᠭᠡᠢ᠂ ᠲᠤᠤᠷ᠎ᠠ ᠨᠢ ᠭᠦᠢᠴᠡᠳᠭᠡᠨ᠎ᠡ᠃ ᠠᠵᠤ ᠠᠬᠤᠢᠢᠯᠠᠯ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠥᠪᠰᠢᠶᠡᠷᠡᠨ | ᠣᠷᠣᠭᠤᠯᠬᠤ ᠠᠵᠤ ᠠᠬᠤᠶᠢᠯᠠᠯ ᠤᠨ ᠲᠠᠩᠰᠠᠯᠠᠯᠳᠠ ᠶᠢᠨ ︽ᠮᠧᠩ ᠴᠠᠩ ᠺᠠᠢ︾ ᠰᠢᠰᠲ᠋ᠧᠮ ᠢᠶᠠᠷ ᠳᠠᠮᠵᠢᠨ | ᠭᠤᠶᠤᠴᠢᠯᠠᠯ ᠳᠡᠪᠰᠢᠭᠦᠯᠦᠭᠰᠡᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠳᠣᠣᠷ᠎ᠠ ᠪᠠᠨ ᠬᠢᠨᠠᠨ ᠵᠥᠪᠰᠢᠶᠡᠷᠡᠬᠦ ᠶᠢ ᠭᠦᠢᠴᠡᠳᠭᠡᠵᠤ᠂ ᠴᠠᠭ ᠤᠨ ᠬᠢᠵᠠᠭᠠᠷ ᠢ ᠬᠠᠮᠤᠭ ᠤᠷᠲᠤ ᠳᠠᠭᠠᠨ 2 | ᠴᠠᠭ ᠠᠴᠠ ᠬᠡᠲᠦᠷᠡᠭᠦᠯᠵᠦ ᠪᠣᠯᠬᠤ ᠦᠭᠡᠢ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠤᠯᠪᠤᠭᠠᠯᠠᠨ ᠭᠠᠶᠢᠯᠢ ᠶᠢᠨ | ᠶᠠᠪᠤᠳᠠᠯ ᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠥᠬᠦᠵᠦ ᠤᠷᠤᠭᠤᠯᠬᠤ᠂ ᠬᠦᠳᠡᠯᠮᠦᠷᠢ ᠬᠦᠴᠦ ᠬᠡᠷᠡᠭᠯᠡᠬᠦ ᠶᠢ | ᠲᠠᠩᠰᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠳᠠᠭᠠᠳᠬᠠᠯ ᠳᠤ ᠣᠷᠣᠬᠤ ᠶᠢ ᠳᠠᠩᠰᠠᠯᠠᠬᠤ᠂ | ᠨᠡᠶᠢᠭᠡᠮ ᠤᠨ ᠳᠠᠭᠠᠳᠬᠠᠯ ᠤᠨ ᠦᠨᠳᠦᠰᠦᠨ ᠬᠠᠳᠠᠭᠠᠯᠠᠮᠵᠢ ᠶᠢᠨ ᠳᠠᠩᠰᠨ ᠡᠷᠦᠬᠡ ᠶᠢᠨ ᠮᠡᠳᠡᠭᠡ ᠵᠠᠩᠭᠢ ᠶᠢ | ᠲᠠᠩᠰᠠᠯᠠᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠵᠤ ᠬᠠᠳᠠᠭᠠᠯᠠᠭᠰᠠᠨ | ᠨᠢᠭᠡᠴᠡ ᠶᠢᠨ ᠳᠠᠩᠰᠨ ᠡᠷᠦᠬᠡ ᠪᠠᠶᠢᠭᠤᠯᠬᠤ ︵ᠠᠵᠤ ᠠᠬᠤᠢᠢᠯᠠᠯ︶ ᠵᠡᠷᠭᠡ ᠲᠤᠬᠠᠢᠢᠯᠠᠭᠰᠠᠨ ᠠᠵᠢᠯ ᠢ ᠵᠡᠷᠭᠡ ᠳᠤᠨᠢ | ᠭᠦᠢᠴᠡᠳᠬᠡᠵᠦ᠂ ᠭᠦᠢᠴᠡᠳᠭᠡᠬᠦ ᠴᠠᠭ ᠬᠤᠭᠤᠴᠠᠭ᠎ᠠ ᠶᠢ 2 ᠴᠠᠭ ᠠᠴᠠ ᠬᠡᠲᠦᠷᠡᠭᠦᠯᠵᠦ ᠪᠣᠯᠬᠤ ᠥᠬᠡᠢ᠃ | ︵ᠲᠠᠪᠤ︶ ᠨᠠᠰᠢ ᠴᠠᠰᠢ ᠭᠦᠶᠦᠬᠦ ᠦᠭᠡᠢ᠂ ᠡᠭᠦᠳᠡᠨ ᠳᠤ ᠨᠢ ᠬᠦᠷᠭᠡᠨ᠎ᠡ᠃ ᠠᠵᠤ ᠠᠬᠤᠶᠢᠯᠠᠯ ᠤᠨ | ᠲᠠᠩᠰᠠᠯᠠᠯᠳᠠ ᠶᠢᠨ ᠪᠦᠬᠦ ᠶᠠᠪᠤᠴᠠ ᠳᠤ ︽ᠨᠢᠭᠡ ᠤᠳᠠᠭ᠎ᠠ ᠴᠦ ᠨᠡᠰᠢ ᠴᠠᠰᠢ ᠭᠦᠶᠦᠬᠦ ᠦᠭᠡᠢ︾ ᠪᠠᠶᠢᠬᠤ ᠶᠢ | ᠪᠡᠶᠡᠯᠡᠭᠦᠯᠵᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠡᠯ᠎ᠡ ᠬᠤᠲᠠ ᠶᠢᠨ | ᠠᠷᠠᠳ ᠤᠨ ᠶᠡᠭᠡ ᠲᠢᠩᠬᠢᠮ ᠠᠴᠠ ᠲᠣᠭᠲᠠᠭᠠᠭᠰᠠᠨ ᠲᠦᠷᠭᠡᠨ ᠳᠠᠮᠵᠢᠭᠤᠯᠭ᠎ᠠ ᠶᠢᠨ ᠠᠵᠤ ᠠᠬᠤᠶᠢᠯᠠᠯ ᠨᠢ ᠠᠩᠬ᠎ᠠ | ᠤᠳᠠᠭ᠎ᠠ ᠳᠠᠩᠰᠠᠯᠠᠭᠤᠯᠤᠭᠰᠠᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ | ᠠᠵᠤ ᠠᠬᠤᠶᠢᠯᠠᠯ ᠤᠨ ᠠᠯᠪᠠᠨ ᠲᠠᠮᠠᠭ᠎ᠠ ᠵᠡᠷᠭᠡ 5 ᠲᠠᠮᠠᠭ᠎ᠠ᠂ ᠭᠠᠶᠢᠯᠢ ᠲᠠᠩᠰᠠᠯᠠᠭᠤᠯᠤᠬᠰᠠᠨ ᠦᠨᠡᠮᠯᠡᠯ᠂ ᠪᠠᠩᠬᠢ ᠶᠢᠨ | ᠳᠠᠩᠰᠠ ᠡᠷᠦᠬᠡ᠂ ᠬᠦᠳᠡᠯᠮᠤᠷᠢ ᠬᠦᠴᠦ ᠬᠡᠷᠡᠭᠯᠡᠬᠦ ᠶᠢ ᠲᠠᠩᠰᠠᠯᠠᠬᠰᠠᠨ ᠦᠨᠡᠮᠯᠡᠯ᠂ ᠨᠡᠶᠢᠭᠡᠮ ᠤᠨ ᠪᠠᠲᠤᠯᠠᠭ᠎ᠠ᠂ ᠡᠮ | ᠡᠮᠨᠡᠯᠭᠡ ᠶᠢᠨ ᠳᠠᠭᠠᠳᠬᠠᠯ ᠤᠨ ᠳᠠᠩᠰᠠ ᠪᠢᠴᠢᠭ ᠮᠠᠲ᠋ᠧᠷᠢᠶᠠᠯ ᠵᠢᠴᠢ ᠬᠤᠳᠠᠯᠳᠤᠨ ᠠᠪᠬᠤ ᠶᠢ ᠬᠢᠵᠠᠭᠠᠷᠯᠠᠬᠤ | ᠭᠠᠶᠢᠯᠢ ᠶᠢᠨ ᠲᠠᠪᠠᠭ ᠵᠡᠷᠭᠡ ᠵᠢᠴᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠬᠤᠯᠪᠣᠭᠳᠠᠬᠤ | ᠮᠡᠳᠡᠭᠳᠡᠯ ᠤᠨ ᠪᠢᠴᠢᠭ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠶᠢ ᠵᠠᠷᠤᠳᠠᠯ ᠬᠤᠷᠢᠶᠠᠬᠤ ᠦᠭᠡᠢ | ᠡᠭᠦᠳᠡᠨ ᠳᠤ ᠬᠦᠷᠭᠡᠵᠤ᠂ ︽ᠨᠠᠰᠢ ᠴᠠᠰᠢ ᠬᠦᠶᠦᠯᠭᠡᠬᠦ ᠦᠭᠡᠢ︾ ᠶᠢ ᠦᠨᠡᠨᠬᠦ ᠨᠠᠶᠢᠳᠠᠪᠤᠷᠢᠵᠢᠭᠤᠯᠤᠨ᠎ᠠ᠃ | ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠲᠤᠰ ᠬᠡᠷᠡᠭᠵᠢᠭᠦᠯᠬᠦ ᠲᠥᠰᠦᠯ ᠢ ᠨᠡᠶᠢᠳᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | |