ᠨᠡᠶᠢᠭᠡᠮ ᠤᠨ ᠳᠠᠭᠠᠳᠬᠠᠯ ᠳᠤ 6 ᠶᠡᠭᠡ ᠬᠤᠪᠢᠷᠠᠯᠳᠠ ᠲᠠᠢ ᠪᠤᠯᠤᠨ᠎ᠠ
ᠨᠡᠶᠢᠲᠡᠯᠡᠭᠰᠡᠨ ᠴᠠᠭ᠄
2021/4/14
     ᠲᠦᠷᠦ ᠶᠢᠨ ᠶᠠᠪᠤᠳᠠᠯ ᠤᠨ ᠬᠤᠷᠢᠶ᠎ᠠ ᠤᠢᠢᠷ᠎ᠠ ᠳᠤ ︽︿ᠵᠠᠰᠠᠭ ᠤᠨ ᠤᠷᠳᠤᠨ ᠤ ᠠᠵᠢᠯ ᠤᠨ ᠢᠯᠡᠳᠭᠡᠯ﹀ ᠤᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠤᠬᠠᠢ ᠰᠠᠨᠠᠯ︾ ᠢ ᠳᠠᠷᠤᠮᠠᠯᠯᠠᠨ ᠳᠠᠷᠬᠠᠭᠠᠵᠦ᠂ 44 ᠵᠦᠢᠯ ᠤᠨ ᠭᠤᠤᠯᠳᠠᠯᠭ᠎ᠠ ᠲᠠᠢ ᠠᠵᠢᠯ ᠤᠨ ᠠᠵᠢᠯ ᠤᠨ ᠬᠤᠪᠢᠶᠠᠷᠢᠯᠠᠯ ᠬᠠᠷᠢᠭᠤᠴᠠᠯᠭ᠎ᠠ ᠵᠢᠴᠢ ᠪᠡᠶᠡᠯᠡᠬᠦᠯᠬᠦ ᠴᠠᠭ ᠤᠨ ᠬᠢᠵᠠᠭᠠᠷ ᠢ ᠳᠤᠳᠤᠷᠬᠠᠢᠢᠯᠠᠪᠠ᠃ ᠡᠬᠦᠨ ᠳᠤ ᠨᠡᠶᠢᠭᠡᠮ ᠤᠨ ᠳᠠᠭᠠᠳᠬᠠᠯ ᠤᠨ 6 ᠵᠦᠢᠯ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠴᠠᠭ ᠤᠨ ᠲᠤᠬᠢᠷᠠᠭᠤᠯᠤᠯᠳᠠ ᠶᠢ ᠳᠤᠳᠤᠷᠬᠠᠢᠢᠯᠠᠵᠠᠢ᠃      ᠡᠨᠡ ᠨᠢ ᠲᠠ ᠪᠢᠳᠠᠨ ᠤ ᠨᠡᠶᠢᠭᠡᠮ ᠤᠨ ᠳᠠᠭᠠᠳᠬᠠᠯ ᠳᠤ ᠤᠯᠠᠨ ᠵᠦᠢᠯ ᠤᠨ ᠰᠢᠨ᠎ᠠ ᠬᠤᠪᠢᠷᠠᠯᠳᠠ ᠲᠠᠢ ᠪᠤᠯᠵᠦ᠂ ᠨᠡᠩ ᠤᠯᠠᠨ ᠰᠢᠨ᠎ᠠ ᠠᠰᠠᠷᠠᠮᠵᠢ ᠬᠦᠷᠳᠡᠬᠦ ᠪᠤᠯᠤᠨ᠎ᠠ ᠭᠡᠳᠡᠭ ᠢ ᠬᠠᠷᠠᠭᠤᠯᠵᠦ ᠪᠤᠢ᠃      ᠠᠵᠢᠯ ᠠᠴᠠ ᠪᠠᠨ ᠠᠮᠠᠷᠠᠭᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠭᠡᠳᠦᠢ ᠦᠰᠬᠦ ᠪᠤᠢ︖ 4 ᠰᠠᠷ᠎ᠠ ᠶᠢᠨ ᠰᠡᠬᠦᠯᠴᠢ ᠪᠠᠷ ᠨᠡᠶᠢᠳᠡᠯᠡᠨ᠎ᠠ      2021 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ ᠠᠵᠢᠯ ᠠᠴᠠ ᠪᠠᠨ ᠠᠮᠠᠷᠠᠭᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠦᠰᠭᠡᠨ᠎ᠠ ᠭᠡᠵᠦ ᠳᠤᠷᠠᠳᠪᠠ᠃ ᠭᠡᠵᠢᠶ᠎ᠠ ᠦᠰᠭᠦ ᠪᠤᠢ︖ ᠭᠡᠳᠦᠢ ᠦᠰᠬᠦ ᠪᠤᠢ︖ ︽ᠰᠠᠨᠠᠯ︾ ᠳᠤ᠂ 4 ᠰᠠᠷ᠎ᠠ ᠶᠢᠨ ᠰᠡᠬᠦᠯᠴᠢ ᠠᠴᠠ ᠡᠮᠦᠨ᠎ᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠡᠶᠢᠳᠡᠯᠡᠨ᠎ᠠ ᠭᠡᠵᠦ ᠳᠤᠳᠤᠷᠬᠠᠢᠢᠯᠠᠪᠠ᠃      2020 ᠤᠨ ᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠲᠦᠪᠰᠢᠨ ᠢ ᠳᠡᠭᠡᠭᠰᠢᠯᠡᠬᠦᠯᠵᠦ᠂ 1.2 ᠳ᠋ᠦᠩᠰᠢᠭᠤᠷ ᠬᠦᠮᠦᠨ ᠳᠤ ᠪᠤᠳᠠᠳᠠᠢ ᠠᠰᠢᠬ ᠬᠦᠷᠳᠡᠭᠡᠪᠡ᠃ ᠡᠨᠡ ᠵᠢᠯ ᠠᠵᠢᠯ ᠠᠴᠠ ᠪᠠᠨ ᠠᠮᠠᠷᠠᠭᠰᠠᠨ ᠬᠦᠮᠦᠰ ᠤᠨ ᠤᠯᠭᠤᠮᠵᠢ ᠬᠦᠷᠳᠡᠭᠡᠮᠵᠢ ᠶᠢ ᠦᠷᠬᠦᠯᠵᠢᠯᠡᠨ ᠳᠡᠭᠡᠭᠰᠢᠯᠡᠬᠦᠯᠵᠦ᠂ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ 17 ᠵᠢᠯ ᠳᠠᠷᠠᠭᠠᠯᠠᠨ ᠦᠰᠬᠦ ᠶᠢ ᠪᠡᠶᠡᠯᠡᠬᠦᠯᠦᠨ᠎ᠠ᠃ ᠴᠤᠬᠤᠮ ᠭᠡᠳᠦᠢ ᠦᠰᠬᠦ ᠲᠤᠬᠠᠢ ᠤᠳᠠᠯ ᠦᠭᠡᠢ ᠬᠠᠷᠢᠭᠤᠯᠳᠠ ᠦᠭᠬᠦ ᠪᠤᠯᠤᠨ᠎ᠠ᠃      ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ ᠬᠠᠷᠢᠭᠤᠴᠠᠯᠭᠠᠳᠠᠨ᠂ ᠲᠦᠪ ᠤᠨ ᠡᠳ᠋ ᠤᠨ ᠵᠠᠰᠠᠭ ᠠᠴᠠ ᠨᠠᠰᠤᠵᠢᠯ ᠤᠨ ᠰᠠᠭᠤᠷᠢ ᠮᠦᠩᠬᠦ ᠶᠢ ᠨᠦᠬᠦᠪᠦᠷᠢᠯᠡᠬᠦ ᠡᠷᠴᠢᠮ ᠮᠦᠨ ᠬᠦ ᠨᠡᠮᠡᠭᠳᠡᠭᠰᠡᠭᠡᠷ ᠪᠤᠢ᠃ ᠨᠠᠰᠤᠵᠢᠯ ᠤᠨ ᠠᠰᠠᠷᠠᠮᠵᠢ ᠶᠢᠨ ᠮᠦᠩᠬᠦ ᠨᠡᠶᠢᠳᠡ 4.7 ᠲᠦᠮᠡᠨ ᠳ᠋ᠦᠩᠰᠢᠭᠤᠷ ᠲᠦᠬᠦᠷᠢᠭ ᠦᠯᠡᠳᠡᠪᠦᠷᠢ ᠲᠠᠢ ᠪᠤᠯᠵᠦ᠂ ᠵᠢᠱᠢᠯᠳᠠ ᠪᠠᠷ 2021 ᠤᠨ ᠳᠤ ᠨᠠᠰᠤᠵᠢᠯ ᠤᠨ ᠰᠠᠭᠤᠷᠢ ᠮᠦᠩᠬᠦᠨ ᠤ ᠤᠷᠤᠯᠭ᠎ᠠ ᠵᠠᠷᠤᠯᠭ᠎ᠠ ᠶᠢ ᠬᠠᠷᠢᠯᠴᠠᠨ ᠲᠤᠯᠭᠠᠭᠰᠠᠨ ᠤ ᠳᠠᠷᠠᠭ᠎ᠠ ᠴᠦᠮ ᠵᠢᠭᠠᠬᠠᠨ ᠦᠯᠡᠳᠡᠪᠦᠷᠢ ᠲᠠᠢ ᠪᠤᠯᠵᠠᠢ᠂ ᠢᠷᠡᠭᠡᠳᠦᠢ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠪᠠᠭᠤᠯᠭᠠᠬᠤ ᠨᠢ ᠪᠠᠳᠤᠯᠠᠭ᠎ᠠ ᠲᠠᠢ ᠪᠠᠶᠢᠨ᠎ᠠ ᠭᠡᠵᠦ ᠲᠠᠨᠢᠯᠴᠠᠭᠤᠯᠪᠠ᠃      ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠲᠦᠷᠢᠮ ᠨᠢ ᠶᠠᠮᠠᠷ ᠪᠠᠶᠢᠳᠠᠭ ᠪᠤᠢ︖ 9 ᠰᠠᠷ᠎ᠠ ᠶᠢᠨ ᠰᠡᠬᠦᠯᠴᠢ ᠠᠴᠠ ᠡᠮᠦᠨ᠎ᠠ ᠨᠡᠶᠢᠳᠡᠯᠡᠨ᠎ᠠ      ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ ᠭᠤᠷᠪᠠᠳᠤᠭᠠᠷ ᠲᠤᠯᠭᠠᠭᠤᠷᠢᠯᠠᠯ ᠪᠤᠯᠬᠤ ᠨᠠᠰᠤᠵᠢᠯ ᠤᠨ ᠳᠠᠭᠠᠳᠬᠠᠯ ᠢ ᠵᠢᠷᠤᠮᠵᠢᠭᠤᠯᠤᠨ ᠬᠦᠭᠵᠢᠬᠦᠯᠦᠨ᠎ᠠ ᠭᠡᠵᠦ ᠳᠤᠷᠠᠳᠪᠠ᠃ ᠡᠨᠡ ᠬᠦ ᠠᠵᠢᠯ ᠤᠨ ᠲᠤᠬᠠᠢ ︽ᠰᠠᠨᠠᠯ︾ ᠳᠤ ᠂ 9 ᠰᠠᠷ᠎ᠠ ᠶᠢᠨ ᠰᠡᠬᠦᠯᠴᠢ ᠠᠴᠠ ᠡᠮᠦᠨ᠎ᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠡᠶᠢᠳᠡᠯᠡᠬᠦ ᠭᠡᠷᠡᠭᠲᠡᠢ ᠭᠡᠵᠦ ᠱᠠᠭᠠᠷᠳᠠᠵᠠᠢ᠃      ᠭᠤᠷᠪᠠᠳᠤᠭᠠᠷ ᠲᠤᠯᠭᠠᠭᠤᠷᠢᠯᠠᠯ ᠪᠤᠯᠬᠤ ᠨᠠᠰᠤᠵᠢᠯ ᠤᠨ ᠳᠠᠭᠠᠳᠬᠠᠯ ᠳᠤ ᠤᠯᠤᠰ ᠤᠨ ᠭᠠᠶᠢᠯᠢ ᠳᠠᠳᠠᠪᠤᠷᠢ ᠶᠢᠨ ᠤᠷᠤᠯᠭ᠎ᠠ ᠵᠡᠷᠭᠡ ᠲᠦᠷᠦ ᠶᠢᠨ ᠪᠤᠳᠤᠯᠭ᠎ᠠ ᠶᠢᠨ ᠳᠡᠮᠵᠢᠯᠭᠡ ᠲᠠᠢ ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠮᠦᠩᠬᠦ ᠪᠠ ᠵᠠᠬ᠎ᠠ ᠳᠡᠯᠭᠡᠬᠦᠷᠴᠢᠯᠡᠭᠰᠡᠨ ᠬᠤᠪᠢ ᠬᠦᠮᠦᠨ ᠤ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠮᠦᠩᠬᠦᠨ ᠬᠦᠢᠯᠭᠡᠭᠡ ᠶᠢᠨ ᠠᠵᠢᠯ ᠲᠦᠷᠦᠯ ᠭᠡᠬᠦ ᠬᠤᠶᠠᠷ ᠭᠡᠰᠡᠭ ᠢ ᠪᠠᠭᠳᠠᠭᠠᠨ᠎ᠠ᠃ ᠡᠬᠦᠨ ᠳᠤ ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠲᠦᠷᠢᠮ ᠢ ᠨᠡᠶᠢᠳᠡᠯᠡᠭᠡᠳᠦᠢ ᠪᠠᠶᠢᠬᠰᠠᠭᠠᠷ᠃      ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠮᠦᠩᠬᠦᠨ ᠤ ᠲᠦᠷᠢᠮ ᠤᠨ ᠲᠤᠬᠠᠢ᠂ ᠬᠦᠮᠦᠨ ᠤ ᠬᠦᠴᠦᠨ ᠤ ᠡᠬᠢ ᠪᠡᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ᠂ ᠶᠡᠷᠦᠩᠭᠡᠢ ᠪᠤᠳᠤᠯᠬᠢᠯᠠᠯ ᠨᠢ ᠭᠡᠪᠡᠯ ᠲᠠᠩᠰᠠᠨ ᠡᠷᠦᠭᠡ ᠶᠢᠨ ᠲᠦᠷᠢᠮ ᠢᠶᠠᠷ ᠰᠠᠭᠤᠷᠢ ᠪᠤᠯᠭᠠᠵᠦ᠂ ᠬᠤᠪᠢ ᠬᠦᠮᠦᠨ ᠰᠠᠶᠢᠨ ᠳᠤᠷ᠎ᠠ ᠠᠴᠠ ᠪᠠᠨ ᠤᠷᠤᠯᠴᠠᠵᠦ᠂ ᠤᠯᠤᠰ ᠤᠨ ᠡᠳ᠋ ᠤᠨ ᠵᠠᠰᠠᠭ ᠠᠴᠠ ᠭᠠᠶᠢᠯᠢ ᠳᠠᠳᠠᠪᠤᠷᠢ ᠶᠢᠨ ᠲᠠᠯ᠎ᠠ ᠪᠠᠷ ᠳᠠᠮᠵᠢᠯᠭᠡ ᠦᠵᠡᠬᠦᠯᠦᠨ᠂ ᠪᠡᠯᠡ ᠮᠦᠩᠬᠦ ᠶᠢ ᠵᠠᠬ᠎ᠠ ᠳᠡᠯᠭᠡᠬᠦᠷᠴᠢᠯᠡᠨ ᠪᠡᠯᠡ ᠤᠷᠤᠭᠤᠯᠵᠦ ᠡᠵᠡᠩᠨᠡᠨ᠎ᠠ ᠭᠡᠵᠦ ᠢᠯᠡᠳᠭᠡᠪᠡ᠃      ᠠᠵᠢᠯ ᠲᠦᠷᠦᠯ ᠤᠨ ᠬᠦᠮᠦᠰ᠂ ᠡᠬᠦᠨ ᠤ ᠭᠤᠤᠯ ᠬᠠᠷᠠᠯᠳᠠ ᠨᠢ ᠤᠯᠠᠨ ᠲᠦᠮᠡᠨ ᠤ ᠬᠠᠳᠠᠭᠠᠯᠠᠮᠵᠢ ᠪᠠᠷ ᠨᠠᠰᠤᠵᠢᠯ ᠤᠨ ᠠᠰᠠᠷᠠᠮᠵᠢ ᠪᠤᠯᠭᠠᠬᠤ ᠶᠢ ᠪᠡᠯᠡ ᠤᠷᠤᠭᠤᠯᠤᠯᠳᠠ ᠪᠠᠷ ᠨᠠᠰᠤᠵᠢᠯ ᠤᠨ ᠠᠰᠠᠷᠠᠮᠵᠢ ᠪᠤᠯᠭᠠᠨ ᠬᠤᠪᠢᠷᠠᠭᠤᠯᠵᠦ᠂ ᠵᠠᠬ᠎ᠠ ᠳᠡᠯᠭᠡᠬᠦᠷ ᠤᠨ ᠤᠷᠳᠤ ᠬᠤᠭᠤᠴᠠᠭᠠᠨ ᠤ ᠪᠡᠯᠡ ᠤᠷᠤᠭᠤᠯᠤᠯᠳᠠ ᠡᠵᠡᠩᠨᠡᠯᠳᠠ ᠪᠠ ᠤᠷᠳᠤ ᠬᠤᠭᠤᠴᠠᠭ᠎ᠠ ᠪᠠᠷ ᠨᠠᠰᠤᠵᠢᠯ ᠤᠨ ᠠᠰᠠᠷᠠᠮᠵᠢ ᠶᠢᠨ ᠮᠦᠩᠬᠦ ᠠᠪᠬᠤ ᠲᠤᠬᠢᠷᠠᠭᠤᠯᠤᠯᠳᠠ ᠪᠠᠷ ᠳᠠᠮᠵᠢᠭᠤᠯᠤᠨ᠂ ᠬᠤᠪᠢ ᠬᠦᠮᠦᠨ ᠤ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠦᠷᠳᠡᠭ ᠢ ᠪᠠᠳᠤᠯᠠᠨ ᠨᠡᠮᠡᠭᠳᠡᠬᠦᠯᠬᠦ ᠶᠢᠨ ᠲᠦᠯᠦᠭᠡ ᠶᠤᠮ ᠭᠡᠵᠦ ᠢᠯᠡᠳᠭᠡᠪᠡ᠃      ᠰᠢᠨ᠎ᠠ ᠡᠵᠡᠩᠨᠡᠯᠳᠠ ᠶᠢᠨ ᠭᠡᠯᠪᠡᠷᠢ ᠳᠠᠬᠢ ᠠᠵᠢᠯ ᠮᠡᠷᠭᠡᠵᠢᠯ ᠤᠨ ᠭᠡᠮᠳᠦᠯ ᠢ ᠭᠡᠷᠬᠢᠨ ᠪᠠᠳᠤᠯᠠᠬᠤ ᠪᠤᠢ︖ 6 ᠰᠠᠷ᠎ᠠ ᠶᠢᠨ ᠰᠡᠬᠦᠯᠴᠢ ᠠᠴᠠ ᠡᠮᠦᠨ᠎ᠠ ᠳᠤᠳᠤᠷᠬᠠᠢ ᠪᠤᠯᠭᠠᠨ᠎ᠠ      ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠳᠤᠷᠠᠳᠤᠭᠰᠠᠨ ︽ᠰᠢᠨ᠎ᠠ ᠠᠵᠢᠯ ᠤᠯᠭᠤᠯᠳᠠ ᠶᠢᠨ ᠭᠡᠯᠪᠡᠷᠢ ᠶᠢ ᠳᠡᠮᠵᠢᠬᠦ ᠪᠠ ᠵᠢᠷᠤᠮᠵᠢᠭᠤᠯᠤᠨ ᠬᠦᠭᠵᠢᠬᠦᠯᠵᠦ᠂ ᠠᠵᠢᠯ ᠤᠨ ᠭᠡᠮᠳᠦᠯ ᠢ ᠪᠠᠳᠤᠯᠠᠬᠤ ᠲᠤᠷᠰᠢᠯᠳᠠ ᠶᠢᠨ ᠠᠵᠢᠯ ᠢ ᠲᠦᠷᠭᠡᠳᠭᠡᠨ ᠠᠬᠢᠭᠤᠯᠤᠨ᠎ᠠ︾ ᠶᠢᠨ ᠲᠤᠬᠠᠢ ︽ᠰᠠᠨᠠᠯ︾ ᠳᠤ᠂ 6 ᠰᠠᠷ᠎ᠠ ᠶᠢᠨ ᠰᠡᠬᠦᠯᠴᠢ ᠠᠴᠠ ᠡᠮᠦᠨ᠎ᠠ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠡᠶᠢᠳᠡᠯᠡᠬᠦ ᠭᠡᠷᠡᠭᠲᠡᠢ ᠭᠡᠵᠦ ᠱᠠᠭᠠᠷᠳᠠᠪᠠ᠃      ᠢᠨᠲᠧᠷ ᠰᠦᠯᠵᠢᠶᠡᠨ ᠤ ᠲᠠᠪᠴᠠᠩᠳᠦ ᠠᠵᠤ ᠠᠬᠤᠢ ᠨᠢ ᠶᠡᠭᠡ ᠭᠡᠮᠵᠢᠶᠡᠨ ᠤ ᠰᠢᠨ᠎ᠠ ᠭᠡᠯᠪᠡᠷᠢ ᠶᠢᠨ ᠠᠵᠢᠯ ᠤᠨ ᠪᠠᠶᠢᠷᠢ ᠬᠠᠩᠭᠠᠪᠠ᠂ ᠡᠬᠦᠨ ᠤ ᠵᠡᠷᠭᠡ ᠪᠠᠷ ᠬᠦᠯᠦᠰᠦᠯᠡᠭᠴᠢ ᠶᠢ ᠬᠠᠰᠤᠬᠤ᠂ ᠬᠦᠳᠡᠯᠮᠦᠷᠢᠯᠡᠬᠦ ᠬᠠᠷᠢᠴᠠᠭ᠎ᠠ ᠶᠢ ᠠᠮᠢᠳᠤᠯᠢᠬᠵᠢᠭᠤᠯᠬᠤ ᠵᠡᠷᠭᠡ ᠤᠨᠴᠠᠯᠢᠭ ᠨᠢ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠰᠢᠨ᠎ᠠ ᠡᠵᠡᠩᠨᠡᠯᠳᠠ ᠶᠢᠨ ᠭᠡᠯᠪᠡᠷᠢ ᠶᠢᠨ ᠠᠵᠢᠯᠳᠠᠳ ᠤᠨ ᠤᠳᠤᠬᠢ ᠭᠡᠷᠡᠭᠵᠢᠬᠦᠯᠵᠦ ᠪᠠᠶᠢᠭ᠎ᠠ ᠠᠵᠢᠯ ᠤᠨ ᠭᠡᠮᠳᠦᠯ ᠤᠨ ᠳᠠᠭᠠᠳᠬᠠᠯ ᠤᠨ ᠲᠦᠷᠢᠮ ᠤᠨ ᠪᠠᠳᠤᠯᠠᠭ᠎ᠠ ᠶᠢ ᠬᠦᠷᠳᠡᠵᠦ ᠴᠢᠳᠠᠬᠤ ᠦᠭᠡᠢ ᠪᠤᠯᠭᠠᠪᠠ᠃      ᠬᠦᠮᠦᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ ᠲᠦᠷᠦᠬᠦᠭᠡᠨ ᠰᠤᠷᠪᠤᠯᠵᠢᠯᠠᠭ᠎ᠠ ᠬᠦᠯᠢᠶᠠᠬᠦ ᠳᠡᠭᠡᠨ᠂ ᠤᠳᠤᠬᠠᠨ ᠳᠤ ᠨᠢᠭᠡᠨᠳᠠ ᠰᠢᠨ᠎ᠡ ᠠᠵᠢᠯ ᠤᠯᠭᠤᠯᠳᠠ ᠶᠢᠨ ᠬᠡᠯᠪᠡᠷᠢ ᠶᠢᠨ ᠬᠦᠮᠦᠰ ᠤᠨ ᠠᠵᠢᠯ ᠮᠡᠷᠭᠡᠵᠢᠯ ᠤᠨ ᠬᠡᠮᠳᠤᠯ ᠤᠨ ᠪᠠᠳᠤᠯᠠᠭ᠎ᠠ ᠶᠢᠨ ᠬᠡᠪ ᠵᠠᠬᠪᠤᠷ ᠤᠨ ᠰᠡᠳᠬᠢᠴᠠ ᠨᠢᠭᠡᠨᠳᠠ ᠠᠩᠬ᠎ᠠ ᠠᠯᠬᠤᠮ ᠪᠦᠷᠢᠯᠳᠦᠵᠠᠢ ᠭᠡᠵᠤ ᠢᠯᠡᠳᠭᠡᠪᠡ᠃      ᠬᠤᠯᠪᠤᠬᠳᠠᠯ ᠪᠦᠬᠦᠢ ᠲᠤᠰᠬᠠᠢ ᠮᠡᠷᠭᠡᠵᠢᠯᠳᠠᠨ ᠤ ᠲᠠᠨᠢᠯᠴᠠᠭᠤᠯᠭ᠎ᠠ ᠶᠢ ᠦᠨᠳᠤᠰᠤᠯᠡᠪᠡᠯ᠂ ᠲᠤᠷᠰᠢᠯᠳᠠ ᠶᠢᠨ ᠠᠵᠢᠯ ᠨᠢ ᠵᠠᠬᠢᠶᠠᠯᠠᠭ᠎ᠠ ᠶᠢᠨ ᠬᠤᠭᠤᠯᠠ᠂ ᠰᠦᠯᠵᠢᠶᠠᠨ ᠲᠡᠭᠡᠷ᠎ᠡ ᠲᠡᠷᠭᠡ ᠪᠤᠯᠵᠤᠬᠤ᠂ ᠪᠠᠷᠢᠨ ᠬᠦᠷᠭᠡᠬᠦ ᠲᠦᠷᠭᠡᠨ ᠬᠦᠷᠭᠡᠯᠳᠠ ᠭᠤᠷᠪᠡᠨ ᠲᠦᠷᠦᠯ ᠤᠨ ᠠᠵᠢᠯ ᠲᠦᠷᠦᠯ ᠠᠴᠠ ᠭᠠᠷᠳᠠᠬᠤ ᠪᠠᠷ ᠲᠦᠯᠦᠪᠯᠡᠵᠤ᠂ ᠵᠠᠯᠭᠠᠭᠠᠳ ᠲᠦᠷᠦ ᠶᠢᠨ ᠪᠤᠳᠤᠯᠭ᠎ᠠ ᠳᠤ ᠪᠤᠳᠠᠳᠠᠢ ᠪᠠᠯᠡ ᠴᠤᠬᠯᠠᠭᠤᠯᠬᠤ ᠠᠷᠭ᠎ᠠ ᠬᠡᠯᠪᠡᠷᠢ᠂ ᠪᠠᠳᠤᠯᠠᠭ᠎ᠠ ᠶᠢᠨ ᠪᠠᠶᠢᠳᠠᠯ᠂ ᠤᠯᠭᠤᠮᠵᠢ ᠬᠦᠷᠳᠡᠭᠡᠮᠵᠢ ᠶᠢᠨ ᠲᠦᠷᠦᠯ ᠵᠦᠢᠯ ᠵᠢᠴᠢ ᠬᠠᠷᠠᠭᠠᠯᠵᠠᠬᠰᠡᠨ ᠤᠯᠭᠤᠮᠵᠢ ᠬᠦᠷᠳᠡᠭᠡᠮᠵᠢ ᠶᠢᠨ ᠪᠠᠷᠢᠮᠵᠢᠶ᠎ᠡ ᠵᠡᠷᠭᠡ ᠶᠢ ᠲᠤᠳᠤᠷᠬᠠᠢᠢᠯᠠᠬᠤ ᠪᠤᠯᠤᠨ᠎ᠡ ᠭᠡᠵᠤ ᠲᠠᠨᠢᠯᠴᠠᠭᠤᠯᠪᠠ᠃      ᠠᠵᠢᠯ ᠤᠯᠤᠬᠰᠠᠨ ᠲᠤᠬᠠᠢ ᠶᠢᠨ ᠭᠠᠵᠠᠷ ᠤᠨ ᠲᠠᠭᠠᠳᠬᠠᠯ ᠳᠤ ᠤᠷᠤᠯᠴᠠᠬᠤ ᠡᠷᠦᠭᠡ ᠠᠮᠠ ᠶᠢᠨ ᠬᠢᠵᠠᠭᠠᠷᠯᠠᠯ ᠢ ᠴᠢᠯᠦᠭᠡᠳᠠᠢ ᠪᠤᠯᠭᠠᠨ᠎ᠠ᠂ 9 ᠰᠠᠷ᠎ᠡ ᠶᠢᠨ ᠰᠡᠬᠦᠯᠴᠢ ᠠᠴᠠ ᠡᠮᠤᠨ᠎ᠡ ᠲᠤᠬᠳᠠᠭᠠᠨ᠎ᠡ      ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠪᠠᠶᠢᠷᠢᠯᠠᠭᠤᠯᠤᠯᠳᠠ ᠶᠤᠰᠤᠭᠠᠷ᠂ ᠡᠨᠡ ᠵᠢᠯ ᠠᠵᠢᠯ ᠤᠯᠤᠬᠰᠠᠨ ᠲᠤᠬᠠᠢ ᠶᠢᠨ ᠭᠠᠵᠠᠷ ᠲᠤ ᠨᠡᠶᠢᠭᠡᠮ ᠤᠨ ᠲᠠᠭᠠᠳᠬᠠᠯ ᠳᠤ ᠤᠷᠤᠯᠴᠠᠬᠤ ᠡᠷᠦᠭᠡ ᠠᠮᠠ ᠶᠢᠨ ᠬᠢᠵᠠᠭᠠᠷᠯᠠᠯ ᠢ ᠴᠢᠯᠦᠭᠡᠳᠠᠢ ᠪᠤᠯᠭᠠᠬᠤ ᠶᠢ ᠠᠬᠢᠭᠤᠯᠤᠨ᠎ᠡ᠃ ︽ᠰᠠᠨᠠᠯ︾ ᠳᠤ᠂ 9 ᠰᠠᠷ᠎ᠡ ᠶᠢᠨ ᠰᠡᠬᠦᠯᠴᠢ ᠠᠴᠠ ᠡᠮᠤᠨ᠎ᠡ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠬᠳᠠᠭᠠᠨ᠎ᠠ ᠭᠡᠵᠦ ᠲᠤᠳᠤᠷᠬᠠᠢᠢᠯᠠᠵᠢ᠃      ᠡᠷᠭᠡ ᠰᠦᠷᠳᠤ ᠪᠦᠷᠢᠳᠭᠡᠯ ᠢ ᠦᠨᠳᠤᠰᠤᠯᠡᠪᠡᠯ᠂ ᠪᠦᠬᠦ ᠤᠯᠤᠰ ᠲᠤ ᠨᠢᠭᠡᠨᠳᠠ 2 ᠳ᠋ᠦᠡᠭᠰᠢᠭᠤᠷ ᠰᠢᠬᠠᠮ ᠠᠮᠢᠳᠤᠯᠢᠭ ᠢᠶᠠᠷ ᠠᠵᠢᠯ ᠤᠯᠤᠬᠰᠡᠨ ᠬᠦᠮᠦᠨ ᠪᠠᠶᠢᠨ᠎ᠡ᠃ ᠤᠳᠤᠬᠠᠨ ᠳᠤ ᠤᠯᠠᠩᠬᠢ ᠬᠤᠳᠠ ᠳᠤ ᠨᠢᠭᠡᠨᠳᠠ ᠠᠮᠢᠳᠤᠯᠢᠭ ᠢᠶᠠᠷ ᠠᠵᠢᠯ ᠤᠯᠤᠬᠰᠡᠨ ᠬᠦᠮᠦᠰ ᠤᠨ ᠲᠠᠭᠠᠳᠬᠠᠯ ᠳᠤ ᠤᠷᠤᠯᠴᠠᠬᠤ ᠡᠷᠦᠭᠡ ᠠᠮᠠ ᠶᠢᠨ ᠬᠢᠵᠠᠭᠠᠷᠯᠠᠯ ᠢ ᠴᠢᠯᠦᠭᠡᠳᠠᠢ ᠪᠤᠯᠭᠠᠵᠦ᠂ ᠢᠯᠠᠩᠭᠤᠶ᠎ᠡ ᠮᠤᠵᠢ ᠶᠢᠨ ᠲᠤᠳᠤᠭᠠᠳᠤ ᠶᠢᠨ ᠬᠤᠳᠠ ᠬᠦᠳᠡᠭᠡ ᠶᠢᠨ ᠡᠷᠤᠭᠡ ᠠᠮᠠ ᠶᠢᠨ ᠬᠢᠵᠠᠭᠠᠷᠯᠠᠯ ᠢ ᠨᠢᠭᠡᠨᠳᠠ ᠦᠨᠳᠤᠰᠤᠨ ᠳᠡᠭᠡᠨ ᠬᠦᠴᠦᠨ ᠦᠭᠡᠢ ᠪᠤᠯᠭᠠᠪᠠ᠃ ᠬᠡᠪᠡᠴᠤ᠂ ᠮᠦᠨ ᠬᠦ ᠭᠡᠰᠡᠭ ᠭᠡᠳᠤ ᠶᠡᠭᠡ ᠬᠤᠳᠠ ᠶᠢᠨ ᠬᠢᠨ ᠡᠷᠬᠡᠪᠰᠢ ᠲᠤᠬᠠᠢ ᠶᠢᠨ ᠭᠠᠵᠠᠷ ᠤᠨ ᠡᠷᠤᠭᠡ ᠠᠮᠠ ᠲᠠᠢ ᠪᠤᠯ ᠰᠠᠶᠢ ᠠᠵᠢᠯ ᠤᠯᠤᠬᠰᠠᠨ ᠭᠠᠵᠠᠷ ᠲᠠᠭᠠᠨ ᠲᠠᠭᠠᠳᠬᠠᠯ ᠳᠤ ᠤᠷᠤᠯᠴᠠᠵᠤ ᠪᠤᠯᠤᠨ᠎ᠡ ᠭᠡᠵᠤ ᠱᠠᠭᠠᠷᠳᠠᠵᠤ ᠪᠠᠶᠢᠨ᠎ᠡ᠃      ︽ᠭᠤᠤᠯᠳᠠᠭᠤ ᠭᠡᠰᠡᠭ ᠭᠡᠳᠤ ᠶᠡᠭᠡ ᠬᠤᠳᠠ ᠶᠢᠨ ᠨᠠᠰᠤᠵᠢᠯ᠂ ᠡᠮ ᠡᠮᠨᠡᠯᠭᠡ ᠵᠡᠷᠭᠡ ᠨᠡᠶᠢᠭᠡᠮ ᠤᠨ ᠪᠠᠳᠤᠯᠠᠭ᠎ᠠ ᠶᠢᠨ ᠲᠦᠪᠰᠢᠨ ᠨᠡᠯᠢᠶᠡᠳ ᠦᠨᠳᠤᠷ ᠪᠠᠶᠢᠵᠤ᠂ ᠬᠡᠷᠪᠡ ᠲᠠᠭᠠᠳᠬᠠᠯ ᠳᠤ ᠤᠷᠤᠯᠴᠠᠬᠤ ᠡᠷᠤᠭᠡ ᠠᠮᠠ ᠶᠢᠨ ᠬᠢᠵᠠᠭᠠᠷᠯᠠᠯ ᠢ ᠪᠦᠷᠢᠮᠤᠰᠤᠨ ᠴᠢᠯᠦᠭᠡᠳᠠᠢ ᠪᠤᠯᠭᠠᠪᠠᠯ ᠲᠤᠬᠠᠢ ᠶᠢᠨ ᠭᠠᠵᠠᠷ ᠲᠤ ᠨᠡᠯᠢᠶᠠᠳ ᠶᠡᠭᠡ ᠡᠳ᠋ ᠤᠨ ᠵᠠᠰᠠᠭ ᠤᠨ ᠵᠠᠷᠤᠯᠭ᠎ᠠ ᠶᠢᠨ ᠲᠠᠷᠤᠯᠳᠠ ᠲᠠᠢ ᠪᠤᠯᠭᠠᠬᠤ ᠪᠤᠯᠤᠨ᠎ᠡ᠃ ᠡᠨᠡ ᠵᠢᠯ ᠵᠠᠯᠭᠠᠭ᠎ᠠ ᠪᠠᠷ ᠠᠮᠢᠳᠤᠯᠢᠭ ᠢᠶᠠᠷ ᠠᠵᠢᠯ ᠤᠯᠤᠬᠰᠡᠨ ᠬᠦᠮᠤᠰ ᠲᠤ ᠨᠡᠶᠢᠭᠡᠮ ᠤᠨ ᠲᠠᠭᠠᠳᠬᠠᠯ ᠤᠨ ᠨᠦᠬᠦᠪᠤᠷᠢ ᠤᠯᠭᠤᠬᠤ ᠶᠢᠨ ᠵᠡᠷᠭᠡ ᠪᠠᠷ ᠲᠠᠭᠠᠳᠬᠠᠯ ᠳᠤ ᠤᠷᠤᠯᠴᠠᠬᠤ ᠡᠷᠤᠭᠡ ᠠᠮᠠ ᠶᠢᠨ ᠬᠢᠵᠠᠭᠠᠷᠯᠠᠯ ᠢ ᠴᠢᠯᠦᠭᠡᠳᠠᠢ ᠪᠤᠯᠭᠠᠬᠤ ᠶᠢ ᠠᠬᠢᠭᠤᠯᠬᠤ ᠨᠢ ᠠᠵᠢᠯ ᠤᠯᠭᠤᠯᠳᠠ ᠶᠢ ᠲᠤᠬᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ ᠴᠢᠬᠤᠯᠠ ᠠᠷᠭ᠎ᠠ ᠬᠡᠮᠵᠢᠶ᠎ᠡ ᠪᠤᠯᠤᠨ᠎ᠡ︾ ᠭᠡᠵᠤ ᠲᠤᠰᠬᠠᠢ ᠮᠡᠷᠭᠡᠵᠢᠯᠳᠠᠨ ᠬᠡᠯᠡᠪᠡ᠃      ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ ᠨᠦᠬᠦᠪᠤᠷᠢ ᠶᠢ 30 ᠲᠦᠬᠦᠷᠢᠭ ᠨᠡᠮᠡᠭᠳᠡᠬᠦᠯᠦᠨ᠎ᠠ᠂ 5 ᠰᠠᠷ᠎ᠡ ᠶᠢᠨ ᠰᠡᠬᠦᠯᠴᠢ ᠠᠴᠠ ᠡᠮᠤᠨ᠎ᠡ ᠲᠦᠷᠦ ᠶᠢᠨ ᠪᠤᠳᠤᠯᠭ᠎ᠠ ᠲᠤᠬᠳᠠᠭᠠᠨ᠎ᠡ      ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠢᠷᠠᠭᠤᠯᠤᠯᠳᠠ ᠶᠢ ᠦᠨᠳᠤᠰᠤᠯᠡᠪᠡᠯ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠪᠠ ᠦᠨᠳᠤᠰᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠡ ᠶᠢ ᠲᠤᠰ ᠲᠤᠰ ᠲᠠᠬᠢᠨ 30 ᠲᠦᠬᠦᠷᠢᠭ ᠪᠠ 5 ᠲᠦᠬᠦᠷᠢᠭ ᠨᠡᠮᠡᠭᠳᠡᠬᠦᠯᠤᠨ᠎ᠡ᠃ ︽ᠰᠠᠨᠠᠯ︾ ᠳᠤ᠂ ᠡᠨᠡ ᠬᠦ ᠠᠵᠢᠯ ᠢ 5 ᠰᠠᠷ᠎ᠡ ᠶᠢᠨ ᠰᠡᠬᠦᠯᠴᠢ ᠠᠴᠠ ᠡᠮᠤᠨ᠎ᠡ ᠬᠤᠯᠪᠤᠬᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠬᠳᠠᠭᠠᠬᠤ ᠭᠡᠷᠡᠭᠲᠡᠢ ᠭᠡᠵᠦ ᠱᠠᠭᠠᠷᠳᠠᠪᠠ᠃      ᠡᠬᠦᠨ ᠢᠶᠠᠷ ᠪᠤᠳᠤᠪᠡᠯ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠦᠭᠰᠨᠨ ᠤ ᠲᠠᠷᠠᠭ᠎ᠠ ᠬᠦᠮᠦᠨ ᠪᠦᠷᠢ ᠵᠢᠯ ᠪᠦᠷᠢ 580 ᠲᠦᠬᠦᠷᠢᠭ ᠲᠤ ᠬᠦᠷᠴᠤ᠂ ᠢᠵᠢᠯᠢ ᠠᠯᠬᠤᠮ ᠢᠶᠠᠷ ᠬᠤᠪᠢ ᠬᠦᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠡ ᠶᠢ 40 ᠲᠦᠬᠦᠷᠢᠭ ᠲᠡᠭᠡᠭᠰᠢᠯᠡᠬᠦᠯᠵᠤ᠂ ᠬᠦᠮᠦᠨ ᠪᠦᠷᠢ ᠵᠢᠯ ᠪᠦᠷᠢ 320 ᠲᠦᠬᠦᠷᠢᠭ ᠲᠤ ᠬᠦᠷᠤᠨ᠎ᠡ︔ ᠦᠨᠳᠤᠰᠤᠨ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠦᠭᠰᠡᠨ ᠤ ᠲᠠᠷᠠᠭ᠎ᠠ ᠬᠦᠮᠦᠨ ᠪᠦᠷᠢ ᠵᠢᠯ ᠪᠦᠷᠢ 79 ᠲᠦᠬᠦᠷᠢᠭ ᠲᠤ ᠬᠦᠷᠬᠦ ᠪᠤᠯᠤᠨ᠎ᠡ᠃      ᠡᠮ ᠡᠮᠨᠡᠯᠭᠡ ᠶᠢᠨ ᠵᠠᠷᠤᠳᠠᠯ ᠤᠨ ᠮᠤᠵᠢ ᠠᠯᠤᠰᠯᠠᠬᠰᠡᠨ ᠰᠢᠭᠤᠳ ᠳ᠋ᠦᠡᠭᠨᠡᠨ ᠪᠤᠳᠤᠬᠤ ᠶᠢ ᠪᠦᠬᠦᠨ ᠢ ᠪᠦᠷᠬᠦᠬᠦᠯᠦᠨ᠎ᠠ᠂ 2022 ᠤᠨ ᠤ ᠵᠢᠯ ᠤᠨ ᠰᠡᠬᠦᠯᠴᠢ ᠠᠴᠠ ᠡᠮᠤᠨ᠎ᠡ ᠪᠠᠶᠠᠯᠡᠬᠦᠯᠤᠨ᠎ᠡ      ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ᠂ ᠢᠷᠠᠬᠦ ᠵᠢᠯ ᠤᠨ ᠵᠢᠯ ᠤᠨ ᠰᠡᠬᠦᠯᠴᠢ ᠠᠴᠠ ᠡᠮᠤᠨ᠎ᠡ ᠰᠢᠶᠠᠨ ᠪᠦᠷᠢ ᠳᠤ ᠠᠳᠠᠭ ᠲᠠᠭᠠᠨ 1 ᠲᠤᠬᠳᠠᠬᠰᠡᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠲᠤᠬᠳᠠᠭᠠᠵᠤ᠂ ᠡᠬᠦᠳᠡᠠ ᠡᠮᠨᠡᠯᠭᠡ ᠶᠢᠨ ᠵᠠᠷᠤᠳᠠᠯ ᠢ ᠪᠠᠭᠳᠠᠭᠠᠬᠰᠡᠨ ᠡᠮ ᠡᠮᠨᠡᠯᠭᠡ ᠶᠢᠨ ᠵᠠᠷᠤᠳᠠᠯ ᠤᠨ ᠮᠤᠵᠢ ᠠᠯᠤᠰᠯᠠᠬᠰᠡᠨ ᠰᠢᠭᠤᠳ ᠳ᠋ᠦᠡᠭᠨᠡᠨ ᠪᠤᠳᠤᠬᠤ ᠦᠢᠯᠡᠴᠢᠯᠡᠭᠡ ᠬᠠᠨᠭ᠍ᠭᠠᠨ᠎ᠡ ᠭᠡᠵᠤ ᠲᠤᠷᠠᠳᠪᠠ᠃ ︽ᠰᠠᠨᠠᠯ︾ ᠳᠤ᠂ ᠡᠨᠡ ᠬᠦ ᠠᠵᠢᠯ ᠢ 2022 ᠤᠨ ᠤ 12 ᠰᠠᠷ᠎ᠡ ᠶᠢᠨ ᠰᠡᠬᠦᠯᠴᠢ ᠠᠴᠠ ᠡᠮᠤᠨ᠎ᠡ ᠪᠠᠶᠠᠯᠡᠬᠦᠯᠬᠦ ᠪᠠᠷ ᠲᠤᠬᠢᠷᠠᠭᠤᠯᠪᠠ᠃      ᠡᠨᠡ ᠵᠢᠯ ᠤᠨ 2 ᠰᠠᠷ᠎ᠡ ᠳᠤ᠂ ᠮᠠᠨ ᠤ ᠤᠯᠤᠰ 15 ᠮᠤᠵᠢ ᠦᠪᠡᠷᠳᠡᠭᠡᠨ ᠵᠠᠰᠠᠬᠤ ᠤᠷᠤᠨ ᠤ ᠡᠩ ᠤᠨ ᠡᠬᠦᠳᠠᠨ ᠡᠮᠨᠡᠯᠭᠡ ᠶᠢᠨ ᠵᠠᠷᠤᠳᠠᠯ ᠢ ︵ᠡᠬᠦᠳᠠᠨ ᠡᠮᠨᠡᠯᠭᠡ ᠶᠢᠨ ᠤᠳᠠᠭᠠᠨ ᠴᠢᠨᠠᠷᠳᠠᠢ ᠤᠨᠴᠠᠭᠠᠢ ᠴᠢᠨᠠᠷᠳᠠᠢ ᠡᠪᠡᠳᠴᠢᠨ ᠢ ᠪᠠᠭᠳᠠᠭᠠᠬᠤ ᠦᠭᠡᠢ︶ ᠮᠤᠵᠢ ᠠᠯᠤᠰᠯᠠᠨ ᠰᠢᠭᠤᠳ ᠳ᠋ᠦᠡᠭᠨᠡᠨ ᠪᠤᠳᠤᠬᠤ ᠲᠤᠷᠰᠢᠯᠳᠠ ᠶᠢᠨ ᠴᠡᠭ ᠢ ᠰᠢᠨ᠎ᠡ ᠪᠠᠷ ᠨᠡᠮᠡᠪᠠ᠃ ᠤᠳᠤᠬᠠᠨ ᠳᠤ ᠪᠦᠬᠦ ᠤᠯᠤᠰ ᠲᠤ ᠨᠢᠭᠡᠨᠳᠠ 27 ᠮᠤᠵᠢ ᠳᠤ ᠡᠬᠦᠳᠠᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠡᠭᠨᠡᠨ ᠪᠤᠳᠤᠬᠤ ᠲᠦᠷᠢᠮ ᠢ ᠲᠤᠷᠰᠢᠨ ᠭᠡᠷᠡᠭᠵᠢᠬᠦᠯᠪᠠ᠃    ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠡ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠳᠣᠮᠳᠠᠳᠣ ᠣᠯᠣᠰ ‍ᠣᠨ ᠮᠣᠩᠭᠣᠯ ᠬᠡᠯᠡᠨ ‍ᠣ ᠰᠣᠨᠢᠨ ᠮᠡᠳᠡᠭᠡ ᠶ᠋ᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1