ᠬᠥᠬᠡᠬᠤᠲᠠ ᠪᠤᠭᠤᠲᠤ ᠢᠷᠭᠠᠶ ᠲᠠᠮᠡᠬᠡᠲᠤ 66 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠠᠷᠢᠯᠴᠠᠨ ᠭᠦᠢᠴᠡᠳᠭᠡᠵᠦ ᠪᠣᠯᠬᠤ ᠪᠣᠯᠪᠠ
ᠨᠡᠶᠢᠲᠡᠯᠡᠭᠰᠡᠨ ᠴᠠᠭ᠄
2021/4/14
     ᠣᠶᠢᠷ᠎ᠠ ᠳᠤ᠂ ᠪᠤᠭᠤᠲᠤ ᠬᠤᠲᠠ ᠬᠢᠭᠡᠳ ᠬᠥᠬᠡᠬᠤᠲᠠ᠂ ᠢᠷᠭᠠᠶ ᠬᠤᠲᠠ᠂ ᠲᠠᠮᠠᠬᠡᠲᠤ ᠬᠤᠲᠠ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠷᠪᠡᠨ ᠬᠤᠲᠠ ᠳᠤ ᠬᠠᠷᠢᠯᠴᠠᠨ ᠭᠦᠢᠴᠡᠳᠭᠡᠬᠦ ᠶᠢ ᠢᠳᠡᠪᠬᠢᠲᠡᠶ ᠠᠬᠢᠭᠤᠯᠪᠠ᠃      ᠵᠥᠪᠯᠡᠯᠴᠡᠭᠡᠷ ᠢ ᠦᠨᠳᠦᠰᠦᠯᠡᠪᠡᠯ᠂ ︽ᠬᠥᠬᠡᠬᠤᠲᠠ ᠪᠤᠭᠤᠲᠤ ᠢᠷᠭᠠᠶ ᠲᠡᠮᠡᠭᠡᠲᠦ︾ ᠳᠥᠷᠪᠡᠨ ᠬᠤᠲᠠ ᠪᠥᠬᠦ ᠤᠯᠤᠰ᠂ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ︶ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠵᠦ᠂ ᠬᠢᠨᠠᠨ ᠵᠥᠪᠰᠢᠶᠡᠷᠡᠬᠦ ᠡᠷᠬᠡ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠭᠰᠠᠨ ᠤᠷᠢᠲᠠᠯ ᠳᠤᠤᠷ᠎ᠠ᠂ ᠳᠥᠷᠪᠡᠨ ᠬᠤᠲᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠭᠠᠷᠭᠠᠵᠤ᠂ ᠤᠨᠳᠤᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠥᠷᠨᠢᠭᠦᠯᠬᠦ ᠪᠣᠯᠤᠨ᠎ᠠ᠃ ᠪᠥᠬᠦ ᠶᠠᠪᠤᠴᠠ ᠶᠢ ᠡᠯᠧᠺᠳ᠋ᠷᠣᠨᠵᠢᠭᠦᠯᠬᠦ ᠶᠢ ᠨᠢᠭᠡᠨᠲᠡ ᠪᠡᠶᠡᠯᠡᠭᠦᠯᠦᠭᠰᠡᠨ ᠵᠦᠢᠯᠡᠰ ᠲᠤ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ ᠶᠢ ᠥᠷᠨᠢᠭᠦᠯᠦᠨ᠎ᠡ︔ ᠪᠥᠬᠦ ᠶᠠᠪᠤᠴᠠ ᠶᠢ ᠡᠯᠧᠺᠳ᠋ᠷᠣᠨᠵᠢᠭᠦᠯᠬᠦ ᠶᠢ ᠪᠡᠶᠡᠯᠡᠭᠦᠯᠦᠭᠡᠳᠦᠶ ᠪᠠᠶᠢᠪᠠᠯ᠂ ᠤᠨᠳᠤᠤ ᠭᠠᠵᠠᠷ ᠠᠴᠠ ᠸᠢᠳᠢᠣ᠋ ᠪᠠᠷ ᠵᠥᠪᠳᠡᠯᠴᠡᠬᠦ᠂ ᠰᠦᠯᠵᠢᠶᠡᠨ ᠭᠠᠳᠠᠨ᠎ᠠ ᠣᠷᠣᠯᠠᠨ ᠬᠤᠷᠢᠶᠠᠬᠤ᠂ ᠮᠠᠲ᠋ᠧᠷᠢᠶᠠᠯ ᠪᠠ ᠦᠷ᠎ᠡ ᠳ᠋ᠦᠩ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠦᠢᠴᠡᠳᠭᠡᠭᠦ ᠪᠣᠯᠣᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1