ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠳᠡᠩᠰᠡᠯᠡᠨ ᠬᠠᠮᠢᠶᠠᠷᠬᠤ ᠲᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠪᠤᠶᠢᠵᠢᠭᠤᠯᠤᠨ ᠪᠤᠵᠠᠭᠠᠶᠢᠷᠠᠭᠤᠯᠬᠤ ᠪᠠ ᠭᠤᠤᠯᠴᠢ ᠥᠷᠢᠰᠦᠯᠳᠦᠭᠡᠨ ᠶᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ | ᠬᠠᠩᠭᠠᠪᠠ | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 14 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠡᠩᠰᠡᠯᠡᠨ ᠬᠠᠮᠢᠶᠠᠷᠬᠤ | ᠳᠦᠷᠢᠮ ︵ᠲᠥᠰᠦᠯ︶︾ ᠢ ᠪᠠᠲᠤᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠪᠠ ᠭᠤᠣᠯᠴᠢ ᠥᠷᠢᠰᠥᠯᠳᠦᠭᠡᠨ ᠢ ᠠᠬᠢᠭᠤᠯᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠪᠠ᠃ | ᠬᠤᠷᠠᠯ ᠠᠴᠠ ᠵᠢᠭᠠᠬᠤ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠳᠤ ᠲᠦᠢᠯ ᠤᠨ | ᠴᠢᠬᠤᠯᠠ ᠶᠤᠮ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠣᠶᠢᠷ᠎ᠠ ᠶᠢᠨ ᠵᠢᠯ ᠤᠳ ᠲᠤ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠵᠡᠷᠭᠡ ᠶᠢᠨ | ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠤᠭ᠎ᠠ ︽13 · 5 | ︾ ᠶᠢᠨ ᠬᠤᠭᠤᠴᠠᠭᠠᠨ ᠳᠤ 6000 ᠭᠠᠷᠤᠶ ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠠᠵᠤ ᠠᠬᠤᠶ ᠶᠢᠨ | ᠠᠮᠢᠵᠢᠷᠠᠯ ᠤᠨ ᠬᠦᠴᠦᠨ ᠪᠠ ᠤᠶᠠᠨ ᠬᠠᠳᠠᠨ ᠴᠢᠨᠠᠷ ᠢ ᠴᠢᠩᠭᠠᠷᠠᠭᠤᠯᠤᠨ᠂ ᠶᠡᠭᠡ ᠬᠡᠮᠵᠢᠶᠡᠨ ᠤ ᠠᠵᠢᠯ | ᠣᠯᠭᠤᠯᠲᠠ ᠶᠢ ᠠᠬᠢᠭᠤᠯᠤᠭᠰᠠᠨ ᠪᠠᠶᠢᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠲᠦᠮᠵᠢᠲᠡᠶ ᠠᠷᠭ᠎ᠠ ᠬᠢᠳᠡᠯ ᠢ ᠲᠦᠷᠢᠮ ᠤᠨ ᠵᠢᠷᠤᠮᠵᠢᠯ ᠪᠣᠯᠭᠠᠨ ᠳᠡᠭᠡᠭᠰᠢᠯᠡᠭᠦᠯᠵᠦ᠂ | ᠢᠯᠠᠩᠭᠤᠶ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠳᠡᠩᠰᠡᠯᠡᠨ ᠬᠠᠮᠢᠶᠠᠷᠬᠤ ᠡᠨᠡ ᠬᠦ ᠰᠠᠭᠤᠷᠢ ᠴᠢᠨᠠᠷᠲᠠᠶ | ᠲᠦᠷᠢᠮ ᠢ ᠪᠦᠷᠢᠨᠰᠢᠭᠦᠯᠬᠦ ᠬᠡᠷᠡᠭᠲᠡᠶ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠬᠠᠮᠢᠶᠠᠷᠬᠤ ᠲᠦᠷᠢᠮ ︵ᠲᠥᠰᠦᠯ︶︾ ᠢ | ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ | ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠳᠤ | ᠬᠠᠤᠯᠢᠵᠢᠯ ᠤᠨ ᠪᠠᠲᠤᠯᠠᠭ᠎ᠠ ᠬᠠᠩᠭᠠᠪᠠ᠃ ᠲᠥᠰᠦᠯ ᠳᠤ ᠨᠢᠭᠡᠨᠲᠡ ᠨᠡᠶᠢᠲᠡᠯᠡᠭᠰᠡᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ ᠳᠡᠩᠰᠡᠯᠡᠨ ᠬᠠᠮᠢᠶᠠᠷᠬᠤ ᠲᠤᠬᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠡᠮᠬᠢᠯᠡᠨ ᠨᠡᠶᠢᠯᠡᠭᠦᠯᠵᠦ᠂ | ᠮᠠᠨ ᠤ ᠤᠯᠤᠰ ᠤᠨ ᠬᠢᠯᠢ ᠳᠣᠲᠣᠷ᠎ᠠ ᠠᠰᠢᠭ ᠬᠤᠨᠵᠢᠪᠣᠷᠢ ᠤᠯᠬᠤ ᠵᠣᠷᠢᠯᠭ᠎ᠠ ᠪᠠᠷ ᠡᠵᠡᠩᠨᠡᠯᠲᠡ ᠶᠢᠨ ᠠᠵᠢᠯᠯᠠᠭ᠎ᠠ | ᠬᠢᠵᠦ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ | ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠵᠡᠷᠭᠡ ᠶᠢ ᠳᠡᠩᠰᠡᠯᠡᠨ ᠬᠠᠮᠢᠶᠠᠷᠬᠤ ᠲᠤᠬᠠᠶ ᠨᠢᠭᠡᠳᠦᠯᠲᠡᠶ ᠲᠣᠭᠲᠠᠭᠠᠯ | ᠭᠠᠷᠭᠠᠪᠠ᠃ ᠡᠭᠦᠨ ᠳᠤ ᠭᠤᠤᠯᠳᠠᠭᠤ᠄ ︵1︶ ᠳᠡᠩᠰᠡᠯᠡᠨ ᠲᠡᠮᠳᠡᠭᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠲᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠴᠠᠭ | ᠬᠢᠵᠠᠭᠠᠷᠯᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠨᠳᠣᠤ ᠭᠠᠵᠠᠷ ᠲᠤ ᠭᠦᠢᠴᠡᠳᠬᠡᠬᠦ ᠶᠢ | ᠬᠡᠷᠡᠭᠵᠢᠭᠦᠯᠦᠨ᠎ᠡ᠃ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠪᠠᠯ᠂ ᠳᠠᠩᠰᠠᠯᠠᠬᠤ ᠪᠠᠶᠢᠭᠤᠯᠭ᠎ᠠ ᠲᠤᠬᠠᠶ ᠶᠢᠨ ᠭᠠᠵᠠᠷ ᠲᠤ ᠨᠢ ᠳᠠᠩᠰᠠᠯᠠᠬᠤ ᠬᠡᠷᠡᠭᠲᠡᠶ︔ ᠲᠤᠬᠠᠶ ᠶᠢᠨ | ᠭᠠᠵᠠᠷ ᠲᠤ ᠨᠢ ᠳᠠᠩᠰᠠᠯᠠᠭᠤᠯᠵᠤ ᠳᠡᠶᠢᠯᠬᠦ ᠦᠭᠡᠢ ᠪᠣᠯ᠂ ᠡᠩ ᠤᠨ ᠪᠠᠶᠢᠳᠠᠯ ᠳᠤ 3 ᠠᠵᠢᠯᠯᠠᠬᠤ ᠡᠳᠦᠷ ᠤᠨ | ᠳᠣᠲᠣᠷ᠎ᠠ ᠳᠠᠩᠰᠠᠯᠠᠵᠤ ᠥᠭᠬᠦ ᠬᠡᠷᠡᠭᠲᠡᠶ᠃ ᠡᠯᠧᠺᠲᠷᠣᠨ ᠪᠣᠯᠤᠨ ᠴᠠᠭᠠᠰᠤᠨ ᠡᠵᠡᠩᠨᠡᠯᠲᠡ ᠶᠢᠨ ᠦᠨᠡᠮᠯᠡᠯ ᠨᠢ | ᠠᠳᠠᠯᠢᠬᠠᠨ ᠬᠠᠤᠯᠢ ᠶᠢᠨ ᠬᠦᠴᠦᠨ ᠲᠠᠢ᠃ ︵2︶ ᠭᠤᠶᠤᠴᠢᠯᠠᠬᠤ ᠮᠠᠲ᠋ᠧᠷᠢᠶᠠᠯ ᠪᠠ ᠳᠠᠩᠰᠠᠯᠠᠬᠤ ᠭᠤᠭᠴᠤᠭ᠎ᠠ ᠶᠢ | ᠴᠥᠭᠡᠳᠬᠡᠨ᠎ᠡ᠃ ᠳᠠᠩᠰᠠᠯᠠᠬᠤ ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ | ᠲᠠᠪᠴᠠᠩ ᠢᠶᠠᠷ ᠳᠡᠮᠵᠢᠨ ᠣᠯᠤᠭᠰᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠭᠤᠶᠤᠴᠢᠯᠠᠭᠴᠢ ᠪᠠᠷ ᠳᠠᠪᠬᠤᠷᠳᠠᠭᠤᠯᠤᠨ | ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ ᠭᠤᠶᠤᠴᠢᠯᠠᠬᠤ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ | ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠣᠯ᠂ ᠳᠠᠩᠰᠠᠯᠠᠬᠤ ᠪᠠᠶᠢᠭᠤᠯᠭ᠎ᠠ ᠨᠢ ᠨᠥᠬᠦᠪᠥᠷᠢᠯᠡᠨ ᠵᠠᠯᠠᠷᠠᠭᠤᠯᠬᠤ | ᠴᠢᠬᠤᠯᠠᠲᠠᠶ ᠮᠠᠲ᠋ᠧᠷᠢᠶᠠᠯ ᠢ ᠭᠤᠶᠤᠴᠢᠯᠠᠭᠴᠢ ᠳᠤ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ ︵3︶ ︽ | ᠬᠦᠴᠦᠨ ᠥᠬᠡᠶ ᠪᠣᠯᠭᠠᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ | ᠲᠥᠯᠥᠭᠡ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠠᠪᠴᠠᠭ᠎ᠠ ᠥᠭᠴᠡᠭᠡ᠂ ᠠᠵᠢᠯᠲᠠᠨ ᠠᠵᠢᠯᠴᠢᠨ ᠤ ᠴᠠᠯᠢᠩ᠂ | ᠨᠡᠶᠢᠭᠡᠮ ᠤᠨ ᠳᠠᠭᠠᠳᠬᠠᠯ ᠤᠨ ᠵᠠᠷᠤᠳᠠᠯ᠂ ᠲᠤᠰᠢᠶᠠᠬᠤ ᠶᠣᠰᠣᠲᠠᠶ ᠭᠠᠶᠢᠯᠢ ᠶᠢᠨ ᠮᠥᠩᠭᠦ ᠵᠡᠷᠭᠡ ᠥᠷᠢᠲᠦᠭᠰᠡᠨ | ᠶᠠᠪᠤᠳᠠᠯ ᠦᠭᠡᠢ ᠪᠤᠶᠤ ᠨᠢᠭᠡᠨᠲᠡ ᠳᠥᠯᠥᠵᠦ ᠳᠠᠭᠤᠰᠬᠠᠭᠠᠳ᠂ ᠬᠤᠯᠪᠣᠭᠳᠠᠯ ᠪᠥᠬᠦᠶ ᠬᠠᠤᠯᠢ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠪᠢᠴᠢᠭ ᠤᠨ ᠠᠮᠠᠯᠠᠯᠲᠠ ᠬᠢᠭᠰᠡᠨ ᠪᠠ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠭᠰᠡᠨ | ᠪᠣᠯ᠂ ᠬᠢᠯᠪᠠᠷᠴᠢᠯᠠᠭᠰᠠᠨ ᠳᠡᠰ ᠳᠠᠷᠠᠭᠠᠯᠠᠯ ᠢᠶᠠᠷ ᠬᠦᠴᠦᠨ ᠥᠬᠡᠶ ᠪᠣᠯᠭᠠᠵᠤ ᠪᠣᠯᠤᠨ᠎ᠠ᠂ ᠡᠭᠦᠨ ᠳᠤ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠠᠷᠯᠠᠨ ᠨᠡᠶᠢᠲᠡᠯᠡᠬᠦ ᠴᠢᠬᠤᠯᠠ ᠥᠬᠡᠶ ᠭᠡᠵᠦ ᠲᠣᠳᠣᠷᠬᠠᠢ ᠲᠣᠭᠲᠠᠭᠠᠵᠠᠢ᠃ | ︵4︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠡᠪ ᠢᠶᠠᠷ ᠪᠠᠶᠢᠯᠭᠠᠬᠤ ᠥᠪᠡᠷ ᠤᠨ ᠦᠷᠳᠡᠭ ᠢ | ᠪᠠᠭᠤᠷᠠᠭᠤᠯᠬᠤ ᠶᠢᠨ ᠲᠥᠯᠥᠭᠡ᠂ ᠠᠵᠢᠯ ᠵᠣᠭᠰᠣᠬᠤ ᠲᠦᠷᠢᠮ ᠢ ᠲᠣᠭᠲᠠᠭᠠᠨ᠎ᠠ᠃ ᠪᠠᠶᠢᠭᠠᠯᠢ ᠶᠢᠨ ᠭᠠᠮᠰᠢᠭ᠂ | ᠠᠳᠡᠯ ᠤᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠠᠴᠠ ᠪᠣᠯᠵᠣ ᠡᠵᠡᠩᠨᠡᠯᠲᠡ ᠨᠢ | ᠬᠦᠴᠢᠷᠳᠡᠯ ᠲᠠᠢ ᠪᠣᠯᠤᠭᠰᠠᠨ ᠪᠣᠯ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠥᠪᠡᠷ ᠢᠶᠠᠨ ᠡᠵᠡᠨ ᠮᠡᠳᠡᠵᠦ | ᠵᠣᠬᠢᠬᠤ ᠬᠤᠭᠤᠴᠠᠭᠠᠨ ᠤ ᠳᠣᠲᠣᠷ᠎ᠠ ᠠᠵᠢᠯ ᠢᠶᠠᠨ ᠵᠣᠭᠰᠣᠭᠠᠬᠤ ᠪᠠᠷ ᠲᠣᠭᠲᠠᠭᠠᠬᠤ ᠶᠢᠨ ᠬᠠᠮᠲᠤ ᠳᠠᠩᠰᠠᠯᠠᠬᠤ | ᠪᠠᠶᠢᠭᠤᠯᠭ᠎ᠠ ᠳᠤ ᠳᠠᠩᠰᠠᠯᠠᠭᠤᠯᠵᠤ ᠪᠣᠯᠤᠨ᠎ᠠ᠂ ᠠᠵᠢᠯ ᠵᠣᠭᠰᠣᠬᠤ ᠬᠠᠮᠤᠭ ᠤᠨ ᠣᠷᠳᠣ ᠬᠤᠭᠤᠴᠠᠭ᠎ᠠ ᠶᠢ 3 | ᠵᠢᠯ ᠠᠴᠠ ᠬᠡᠲᠦᠷᠡᠭᠦᠯᠵᠦ ᠪᠣᠯᠬᠤ ᠥᠬᠡᠶ᠃ ︵5︶ ᠦᠨᠡᠨᠴᠢ ᠢᠲᠡᠭᠡᠮᠵᠢᠲᠡᠶ ᠪᠠᠶᠢᠬᠤ ᠪᠠ ᠬᠢᠨᠠᠨ ᠬᠠᠮᠢᠶᠠᠷᠬᠤ | ᠱᠠᠭᠠᠷᠳᠠᠯᠭ᠎ᠠ ᠶᠢ ᠲᠣᠳᠣᠷᠬᠠᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠨ ᠨᠡᠷ᠎ᠡ ᠪᠠᠷ ᠢᠶᠠᠨ | ᠳᠠᠩᠰᠠᠯᠠᠭᠤᠯᠬᠤ ᠶᠢ ᠬᠡᠷᠡᠭᠵᠢᠭᠦᠯᠵᠦ᠂ ᠲᠤᠰᠢᠶᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ | ᠴᠢᠨᠠᠷ ᠪᠠ ᠪᠦᠳᠦᠮᠵᠢᠳᠤ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ ᠣᠨ ᠤ ᠮᠡᠳᠡᠭᠦᠯᠦᠯᠲᠡ | ᠪᠠ ᠳᠡᠩᠰᠡᠯᠡᠯᠲᠡ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ ᠳᠠᠩᠰᠠᠯᠠᠭᠤᠯᠬᠤ ᠳᠤ ᠪᠠᠨ ᠬᠤᠳᠠᠯ | ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠪᠤᠰᠤᠳ ᠮᠡᠬᠡᠯᠡᠬᠦ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢ ᠬᠦᠴᠦᠨ ᠥᠬᠡᠶ ᠪᠣᠯᠭᠠᠵᠤ᠂ ᠰᠢᠭᠤᠳ | ᠬᠠᠷᠢᠭᠤᠴᠠᠯᠭᠠᠲᠠᠨ ᠨᠢ 3 ᠵᠢᠯ ᠤᠨ ᠳᠣᠲᠣᠷ᠎ᠠ ᠳᠠᠭᠢᠵᠤ ᠳᠠᠩᠰᠠᠯᠠᠭᠤᠯᠬᠤ ᠪᠠᠷ ᠭᠤᠶᠤᠴᠢᠯᠠᠵᠤ ᠪᠣᠯᠬᠤ ᠥᠬᠡᠶ᠃ | ᠳᠠᠩᠰᠠᠯᠠᠬᠤ ᠪᠠᠶᠢᠭᠤᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ | ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ︽ᠬᠤᠶᠠᠷ ᠲᠠᠰᠢᠷᠠᠮ ᠢᠶᠠᠷ ᠬᠢᠬᠦ᠂ ᠨᠢᠭᠡ ᠶᠢ | ᠢᠯᠡ ᠪᠣᠯᠭᠠᠬᠤ︾ ᠠᠷᠭ᠎ᠠ ᠶᠢ ᠬᠡᠷᠡᠭᠯᠡᠨ ᠳᠠᠩᠰᠠᠯᠠᠬᠤ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ︵6︶ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠪᠠ ᠰᠢᠢᠳᠬᠡᠬᠦ ᠠᠷᠭ᠎ᠠ ᠬᠡᠮᠵᠢᠶ᠎ᠡ ᠶᠢ | ᠲᠣᠳᠣᠷᠬᠠᠶᠢᠯᠠᠨ᠎ᠠ᠃ ᠰᠢᠢᠳᠬᠡᠯ ᠤᠨ ᠬᠠᠨᠳᠤᠯᠭᠠᠲᠤ ᠴᠢᠨᠠᠷ ᠢ ᠴᠢᠩᠭᠠᠷᠠᠭᠤᠯᠵᠤ᠂ ᠦᠢᠯᠡ ᠪᠠᠶᠢᠳᠠᠯ ᠨᠢ ᠬᠦᠨᠳᠦ | ᠨᠣᠴᠢᠲᠠᠶ ᠪᠣᠯ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠦᠨᠡᠨᠴᠢ | ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |