4 ᠰᠠᠷ᠎ᠠ ᠶᠢᠨ 18 ᠤ ᠡᠳᠦᠷ ᠤᠨ 8᠄ 50 ᠳᠤ ᠱᠠᠨᠳᠦ᠋ᠩ ᠤᠨ ᠠᠭᠠᠷ ᠤᠨ ᠠᠶᠠᠯᠠᠯ ᠤᠨ ᠺᠣᠮᠫᠠᠨᠢ ᠶᠢᠨ | SC2356 ᠡᠭᠡᠯᠵᠢ ᠶᠢᠨ ᠨᠢᠰᠬᠡᠯ ᠠᠯᠭᠤᠷ ᠠᠭᠠᠵᠢᠮ ᠢᠶᠠᠷ ᠭᠠᠵᠠᠷᠳᠠᠪᠠ᠃ ᠡᠨᠡ ᠨᠢ ᠪᠤᠭᠤᠲᠤ = ᠵᠢᠨᠠᠨ ᠤ | ᠠᠭᠠᠷ ᠤᠨ ᠠᠶᠠᠯᠠᠯ ᠤᠨ ᠱᠤᠭᠤᠮ ᠵᠢᠩᠬᠢᠨᠢ ᠪᠠᠷ ᠨᠡᠪᠳᠡᠷᠡᠭᠰᠡᠨ ᠢ ᠬᠠᠷᠠᠭᠤᠯᠵᠣ ᠪᠠᠶᠢᠨ᠎ᠠ᠃᠂ ᠲᠣᠰ ᠠᠭᠠᠷ ᠤᠨ | ᠠᠶᠠᠯᠠᠯ ᠤᠨ ᠱᠤᠭᠤᠮ ᠨᠡᠪᠲᠡᠷᠡᠭᠰᠡᠨ ᠨᠢ ᠪᠤᠭᠤᠲᠤ ᠶᠢᠨ ᠨᠢᠰᠬᠡᠯ ᠤᠨ ᠪᠠᠭᠤᠳᠠᠯ ᠤᠨ ᠣᠷᠣᠨ ᠤ ᠭᠠᠳᠠᠨᠠᠬᠢ ᠠᠭᠠᠷ ᠤᠨ | ᠠᠶᠠᠯᠠᠯ ᠤᠨ ᠱᠤᠭᠤᠮ ᠤᠨ ᠲᠣᠤᠷ ᠰᠦᠯᠵᠢᠶ᠎ᠡ ᠶᠢᠨ ᠤᠯᠠᠮ ᠨᠢᠭᠡ ᠠᠯᠬᠤᠮ ᠲᠡᠭᠦᠯᠳᠡᠷᠵᠢᠭᠰᠡᠨ ᠢ ᠬᠠᠷᠠᠭᠤᠯᠪᠠ᠃ | ᠪᠤᠭᠤᠲᠤ = ᠵᠢᠨᠠᠨ ᠤ ᠠᠭᠠᠷ ᠤᠨ ᠠᠶᠠᠯᠠᠯ ᠤᠨ ᠱᠤᠭᠤᠮ ᠢ ᠱᠠᠨᠳᠦ᠋ᠩ ᠤᠨ ᠠᠭᠠᠷ ᠤᠨ ᠠᠶᠠᠯᠠᠯ ᠤᠨ ᠪᠥᠸᠧ | ᠶᠢᠨ 737-800 ᠬᠡᠯᠪᠡᠷᠢ ᠶᠢᠨ ᠨᠢᠰᠬᠡᠯ ᠢ ᠬᠡᠷᠡᠭᠵᠢᠭᠦᠯᠵᠦ᠂ ᠡᠭᠡᠯᠵᠢ ᠶᠢᠨ ᠨᠢᠰᠬᠡᠯ ᠤᠨ ᠨᠣᠮᠧᠷ ᠨᠢ | SC2355/6᠂ ᠡᠭᠡᠯᠵᠢ ᠶᠢᠨ ᠬᠤᠭᠤᠴᠠᠭ᠎ᠠ ᠨᠢ ᠡᠳᠦᠷ ᠪᠦᠷᠢ ᠨᠢᠭᠡ ᠡᠭᠡᠯᠵᠢ᠂ ᠪᠣᠳᠠᠲᠠᠶ ᠴᠠᠭ ᠨᠢ 7:05 ᠳᠤ | ᠵᠢᠨᠠᠨ ᠠᠴᠠ ᠨᠢᠰᠴᠦ᠂ 8:50 ᠳᠤ ᠪᠤᠭᠤᠲᠤ ᠳᠤ ᠬᠦᠷᠦᠨ᠎ᠡ︔ 9:35 ᠳᠤ ᠪᠤᠭᠤᠲᠤ ᠠᠴᠠ ᠨᠢᠰᠴᠦ᠂ 11: | 10 ᠳᠤ ᠵᠢᠨᠠᠨ ᠳᠤ ᠬᠦᠷᠦᠨ᠎ᠡ᠃ | ᠲᠣᠰ ᠠᠭᠠᠷ ᠤᠨ ᠠᠶᠠᠯᠠᠯ ᠤᠨ ᠱᠤᠭᠤᠮ ᠨᠡᠪᠲᠡᠷᠡᠭᠰᠡᠨ ᠨᠢ ᠪᠤᠭᠤᠲᠤ ᠶᠢᠨ ᠨᠢᠰᠬᠡᠯ ᠤᠨ ᠪᠠᠭᠤᠳᠠᠯ ᠤᠨ | ᠠᠭᠠᠷ ᠤᠨ ᠠᠶᠠᠯᠠᠯ ᠤᠨ ᠱᠤᠭᠤᠮ ᠤᠨ ᠰᠦᠯᠵᠢᠶᠡᠨ ᠤ ᠪᠠᠶᠢᠷᠢᠯᠠᠭᠤᠯᠤᠯᠲᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ | ᠥᠬᠡᠶ ᠪᠠᠰᠠ ᠥᠷᠭᠡᠨ ᠣᠯᠠᠨ ᠵᠤᠭᠠᠴᠠᠭᠰᠠᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠨᠩᠭᠠᠪᠠ᠃ ᠡᠨᠡ ᠨᠢ | ᠪᠤᠭᠤᠲᠤ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ︽ᠪᠥᠬᠦ ᠰᠦᠯᠵᠢᠶᠡᠨ ᠳᠤ ᠨᠡᠪᠲᠡᠷᠡᠬᠦ︾ | ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠶ | ᠬᠡᠷᠡᠭᠵᠢᠭᠦᠯᠦᠭᠰᠡᠨ ᠤ ᠦᠷ᠎ᠡ ᠪᠦᠲᠦᠭᠡᠯ ᠮᠥᠨ ᠃ | ᠲᠠᠷᠠᠭᠠᠴᠢ ᠪᠠᠷ᠂ ᠪᠤᠭᠤᠲᠤ ᠶᠢᠨ ᠨᠢᠰᠬᠡᠯ ᠤᠨ ᠪᠠᠭᠤᠳᠠᠯ ᠤᠨ ᠺᠣᠮᠫᠠᠨᠢ ᠶᠢᠨ ᠬᠢᠨ ᠪᠦᠯᠦᠭᠯᠡᠯ ᠺᠣᠮᠫᠠᠨᠢ ᠶᠢᠨ ︽ | ᠴᠠᠭ ᠮᠥᠴᠡ ᠶᠢ ᠲᠣᠬᠢᠷᠠᠭᠤᠯᠬᠤ᠂ ᠨᠢᠰᠬᠡᠯ ᠤᠨ ᠬᠡᠯᠪᠡᠷᠢ ᠶᠢ ᠲᠣᠬᠢᠷᠠᠭᠤᠯᠬᠤ᠂ ᠪᠦᠲᠦᠴᠡ ᠶᠢ ᠲᠣᠬᠢᠷᠠᠭᠤᠯᠬᠤ︾ | ᠶᠡᠷᠦᠩᠬᠡᠶ ᠰᠡᠳᠬᠢᠴᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠵᠢᠴᠢ ᠳᠣᠲᠣᠭᠠᠳᠤ | ᠭᠠᠳᠠᠭᠠᠳᠤ ᠣᠷᠴᠢᠨ ᠲᠣᠭᠤᠷᠢᠨ ᠤ ᠠᠰᠢᠭ ᠥᠬᠡᠶ ᠨᠥᠯᠥᠭᠡ ᠶᠢ ᠴᠢᠷᠮᠠᠶᠢᠨ ᠲᠡᠪᠴᠢᠵᠦ᠂ ᠠᠶᠠᠯᠠᠯ ᠤᠨ ᠱᠤᠭᠤᠮ ᠤᠨ | ᠪᠦᠲᠦᠴᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠵᠡᠩᠨᠡᠯᠲᠡ ᠶᠢᠨ ᠨᠢᠰᠬᠡᠯ ᠤᠨ ᠬᠡᠯᠪᠡᠷᠢ ᠶᠢ ᠲᠣᠬᠢᠷᠠᠭᠤᠯᠵᠤ | ᠂ ᠠᠶᠠᠯᠠᠯ ᠤᠨ ᠱᠤᠭᠤᠮ ᠤᠨ ᠴᠠᠭ ᠮᠥᠴᠡ ᠶᠢ ᠰᠢᠯᠢᠳᠡᠭᠵᠢᠭᠦᠯᠦᠨ᠂ ᠠᠶᠠᠨᠴᠢᠳ ᠤᠨ ᠥᠷᠥᠭᠡᠨ ᠤ ᠲᠠᠭᠠᠯᠠᠮᠵᠢᠲᠠᠶ | ᠴᠢᠨᠠᠷ ᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠠᠶᠠᠨᠴᠢᠳ ᠤᠨ ᠭᠠᠳᠠᠭᠰᠢ ᠭᠠᠷᠬᠤ ᠳᠤ ᠨᠠᠩ ᠣᠯᠠᠨ ᠰᠣᠩᠭᠤᠯᠲᠠ | ᠬᠠᠩᠭᠠᠬᠤ ᠪᠣᠯᠤᠨ᠎ᠠ᠃ |