ᠥᠪᠥᠷ ᠮᠣᠩᠭᠤᠯ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ ᠣᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠪᠣᠳᠠᠲᠠᠶ ᠪᠥᠭᠡᠳ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ | ᠪᠠᠬᠢᠵᠢᠭᠦᠯᠦᠨ᠎ᠠ᠃ | ᠭᠠᠴᠠᠭ᠎ᠠ ᠲᠣᠰᠬᠤᠨ ᠤ ᠲᠥᠯᠥᠪᠵᠢᠭᠦᠯᠭᠡ ᠪᠣᠯ ᠬᠠᠤᠯᠢ ᠪᠠᠷ ᠲᠣᠭᠲᠠᠭᠠᠭᠰᠠᠨ ᠲᠥᠯᠥᠪᠵᠢᠭᠦᠯᠭᠡ ᠮᠥᠨ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠳᠠᠬᠢ ᠬᠥᠳᠡᠭᠡ | ᠲᠣᠰᠬᠤᠨ ᠤ ᠭᠠᠵᠠᠷ ᠣᠷᠣᠨ ᠤ ᠨᠠᠷᠢᠨ ᠲᠥᠯᠥᠪᠵᠢᠭᠦᠯᠭᠡ ᠮᠥᠨ᠂ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠠᠵᠢᠯᠯᠠᠭ᠎ᠠ ᠥᠷᠨᠢᠭᠦᠯᠬᠦ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠡᠯ᠎ᠡ | ᠵᠦᠢᠯ ᠤᠨ ᠪᠥᠲᠥᠭᠡᠨ ᠪᠠᠶᠢᠭᠤᠯᠤᠯᠲᠠ ᠬᠢᠬᠦ ᠵᠡᠷᠭᠡ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠮᠥᠨ᠂ ᠨᠠᠩ | ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ | ᠭᠤᠤᠯᠳᠠᠯᠭ᠎ᠠ ᠲᠠᠢ ᠠᠵᠢᠯ ᠮᠥᠨ᠃ | ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠰᠠᠶᠢᠲᠤᠷ ᠠᠳᠬᠤᠪᠠ᠃ ᠤᠯᠠᠭᠠᠨᠬᠠᠳᠠ ᠬᠤᠲᠠ ᠶᠢᠨ | ᠬᠤᠩᠱᠠᠨ ᠲᠣᠭᠤᠷᠢᠭ ᠤᠨ ᠸᠧᠨ ᠵᠥᠩ ᠪᠠᠯᠭᠠᠰᠤᠨ ᠤ ᠨᠠᠨ ᠳ᠋ᠠ ᠶᠢᠩᠽᠢ ᠲᠣᠰᠬᠤᠨ ᠤ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠲᠣᠭᠤᠷᠢᠭ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠲᠤᠭᠤᠷᠢᠬᠤ | ᠪᠠᠯᠭᠠᠰᠤ ᠶᠢᠨ ᠴᠦᠨ ᠭᠤᠸᠠᠩ ᠲᠣᠰᠬᠤᠨ ᠤ ᠲᠠᠷᠢᠶᠠᠯᠠᠩ ᠤᠨ ᠲᠣᠭᠤᠷᠢᠭ᠂ ᠠᠯᠠᠱᠠᠨ ᠠᠶᠢᠮᠠᠭ ᠤᠨ ᠠᠯᠠᠱᠠ ᠵᠡᠭᠦᠨ | ᠬᠤᠰᠢᠭᠤᠨ ᠤ ᠪᠠᠶᠠᠨ ᠮᠦᠷᠡᠨ ᠰᠤᠮᠤ ᠶᠢᠨ ᠯᠢᠶᠠᠨ ᠾᠧ ᠭᠠᠴᠠᠭᠠᠨ ᠤ ᠮᠠᠯᠵᠢᠬᠤ ᠣᠷᠣᠨ ᠢ ᠲᠣᠰ ᠲᠣᠰ ᠰᠣᠩᠭᠤᠨ | ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠷᠰᠢᠯᠲᠠ ᠶᠢᠨ ᠴᠡᠭ ᠪᠣᠯᠭᠠᠵᠤ᠂ | ᠬᠠᠷᠠᠯᠲᠠ ᠶᠢᠨ ᠪᠠᠶᠢᠷᠢ ᠲᠣᠭᠲᠠᠭᠠᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ᠂ | ᠭᠠᠵᠠᠷ ᠰᠢᠷᠣᠶ ᠶᠢᠨ ᠬᠡᠷᠡᠭᠴᠡᠭᠡ ᠶᠢᠨ ᠬᠠᠮᠢᠶᠠᠷᠤᠯᠲᠠ᠂ ᠠᠵᠤ ᠦᠶ᠋ᠯᠡᠰ ᠤᠨ ᠬᠥᠭᠵᠢᠯᠲᠡ ᠶᠢ ᠬᠥᠲᠥᠯᠥᠨ | ᠵᠢᠯᠣᠭᠤᠳᠬᠤ ᠵᠡᠷᠭᠡ ᠠᠭᠤᠯᠭ᠎ᠠ ᠠᠴᠠ ᠬᠠᠶᠢᠨ ᠰᠦᠪᠡᠭᠴᠢᠯᠡᠵᠦ᠂ ᠨᠢᠭᠡ ᠪᠦᠯᠦᠭ ᠬᠡᠷᠡᠭᠯᠡᠵᠦ ᠲᠡᠶᠢᠯᠬᠦ᠂ ᠲᠤᠰᠠ | ᠪᠤᠯᠬᠤ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠭᠠᠴᠠᠭ᠎ᠠ ᠲᠣᠰᠬᠤᠨ ᠤ | ᠲᠥᠯᠥᠪᠵᠢᠭᠦᠯᠭᠡ ᠶᠢ ᠲᠦᠷᠦᠭᠦᠯᠡᠨ ᠪᠠᠶᠢᠭᠤᠯᠪᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠲᠣᠰᠬᠤᠨ ᠤ ᠬᠡᠪᠴᠢᠶᠡᠨ ᠳᠠᠬᠢ | ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ᠂ ᠭᠠᠵᠠᠷ ᠤᠨ ᠭᠠᠮᠰᠢᠭ᠂ ᠬᠥᠮᠦᠨ ᠠᠮᠠ ᠪᠣᠯᠤᠨ ᠨᠡᠶᠢᠭᠡᠮ ᠠᠵᠤ | ᠠᠬᠤᠶ ᠶᠢᠨ ᠬᠥᠭᠵᠢᠯᠲᠡ᠂ ᠡᠯ᠎ᠡ ᠲᠥᠷᠥᠯ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠰᠠᠭᠤᠷᠢ ᠮᠠᠲ᠋ᠧᠷᠢᠶᠠᠯ ᠢ ᠭᠦᠢᠴᠡᠳ ᠡᠵᠡᠮᠰᠢᠵᠦ᠂ ᠲᠣᠰᠬᠤᠨ ᠳᠤ ᠰᠠᠭᠤᠵᠤ ᠪᠠᠶᠢᠴᠠᠭᠠᠨ ᠰᠤᠳᠤᠯᠬᠤ ᠶᠢ ᠭᠦᠨᠵᠡᠭᠡᠶ | ᠥᠷᠨᠢᠭᠦᠯᠦᠨ᠂ ᠡᠷᠦᠬᠡ ᠳᠠᠷᠠᠭᠠᠯᠠᠨ ᠰᠤᠷᠪᠤᠯᠵᠢᠯᠠᠵᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ | ᠲᠠᠷᠬᠠᠭᠠᠨ᠂ ᠭᠠᠴᠠᠭ᠎ᠠ ᠲᠣᠰᠬᠤᠨ ᠤ ᠬᠥᠭᠵᠢᠯᠲᠡ ᠶᠢᠨ ᠰᠤᠷᠪᠤᠯᠵᠢ᠂ ᠰᠣᠶᠣᠯ ᠤᠨ ᠠᠬᠤᠶ ᠪᠠᠶᠢᠳᠠᠯ ᠪᠣᠯᠤᠨ ᠬᠥᠮᠦᠨ | ᠨᠡᠶᠢᠭᠡᠮ ᠤᠨ ᠵᠠᠩ ᠦᠢᠯᠡ ᠶᠢ ᠨᠠᠷᠢᠨ ᠣᠶᠢᠯᠠᠭᠠᠵᠤ᠂ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ | ᠪᠣᠯᠤᠨ ᠲᠣᠰᠬᠤᠨ ᠤ ᠠᠷᠠᠳ ᠤᠨ ᠬᠥᠭᠵᠢᠯᠲᠡ ᠶᠢᠨ ᠬᠦᠰᠡᠯ ᠰᠠᠨᠠᠭ᠎ᠠ ᠶᠢ ᠲᠣᠳᠣᠷᠬᠠᠶ ᠪᠤᠯᠭᠠᠵᠠᠢ᠃ ᠠᠵᠤ | ᠦᠢᠯᠡᠰ ᠤᠨ ᠬᠥᠭᠵᠢᠯᠲᠡ ᠬᠢᠭᠡᠳ ᠬᠡᠷᠡᠭᠯᠡᠬᠦ ᠭᠠᠵᠠᠷ ᠤᠨ ᠪᠠᠲᠤᠯᠠᠭ᠎ᠠ᠂ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠠᠭᠠᠯᠠᠯᠲᠠ ᠬᠢᠭᠡᠳ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠵᠥᠷᠢᠴᠡᠯ ᠢ | ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠪᠣᠳᠠᠲᠠᠶ ᠲᠠᠢ | ᠨᠡᠶᠢᠴᠡᠭᠦᠯᠬᠦ ᠶᠢᠨ ᠬᠠᠮᠲᠤ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠵᠠᠢ᠃ | |